ᠮᠠᠨ ᠤ ᠬᠤᠰᠢᠭᠤᠨ ᠤ ᠡᠾᠸᠡᠭ ᠹᠸᠡᠭ ᠺᠤᠮᠫᠠᠨᠢ ᠶᠢᠨ ᠮᠠᠰᠢᠨ ᠵᠠᠰᠠᠪᠤᠷᠢ ᠶᠢᠨᠠᠩᠭᠢ ᠤᠷᠤᠨ ᠤ ︽ᠠᠵᠢᠯᠴᠢᠨ ᠤ ᠬᠤᠰᠢᠭᠤᠴᠢ ᠠᠩᠭᠢ︾ ᠪᠠᠷ ᠦᠨᠡᠯᠡᠭ᠊
ᠨᠡᠶᠢᠲᠡᠯᠡᠭᠰᠡᠨ ᠴᠠᠭ᠄
2018-06-06
   ᠤᠷᠴᠢᠮᠬᠠᠨ ᠮᠠᠨ ᠤ ᠬᠤᠰᠢᠭᠤᠨ ᠤ ᠡᠾᠸᠡᠭ ᠹᠸᠡᠭ ᠺᠤᠮᠫᠠᠨᠢ ᠶᠢᠨ ᠮᠠᠰᠢᠨ ᠵᠠᠰᠠᠪᠤᠷᠢ ᠶᠢᠨ ᠠᠩᠭᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠠᠵᠢᠯᠴᠢᠨ ᠤ ᠬᠤᠰᠢᠭᠤᠴᠢ ᠠᠩᠭᠢ︾ ᠭᠡᠰᠡᠨ ᠢᠷᠠᠭᠤ ᠠᠯᠳᠠᠷ  ᠢ ᠬᠦᠷᠳᠠᠵᠤ᠂ ᠠᠵᠢᠯ ᠲᠤᠮᠳᠠ ᠪᠠᠨ ᠰᠢᠨ᠎ᠠ ᠶᠢ ᠡᠭᠦᠳᠴᠤ᠂ ᠦᠪᠡᠷ ᠤᠨ ᠭᠦᠴᠦᠨ ᠴᠢᠳᠠᠯ ᠢᠶᠠᠷ ᠢᠶᠠᠨ ᠠᠶᠤᠯᠭᠦᠢ ᠤᠶᠢᠯᠡᠳᠪᠤᠷᠢᠯᠠᠯ ᠢ ᠪᠠᠳᠤᠯᠠᠭᠠᠳ ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠨᠡᠮᠡᠭᠳᠡᠯ ᠢᠶᠠᠨ ᠠᠬᠢᠭᠤᠯᠪᠠ᠃    ᠬᠤᠰᠢᠭᠤᠨ ᠤ ᠡᠾᠸᠡᠭ ᠹᠸᠡᠭ ᠤᠰᠤ ᠠᠷᠪᠢᠯᠠᠬᠤ ᠢᠨᠵᠧᠨᠧᠷᠢᠩ ᠤᠨ ᠮᠡᠷᠭᠡᠵᠢᠯ ᠤᠨ ᠭᠢᠵᠠᠭᠠᠷᠳᠤ ᠺᠤᠮᠫᠠᠨᠢ ᠪᠤᠯ ᠲᠤᠰᠤᠯᠠᠭᠤᠯᠤᠨ ᠤᠰᠤᠯᠠᠬᠤ ᠲᠦᠭᠦᠭᠡᠷᠦᠮᠵᠢ᠂ ᠰᠦᠷᠴᠢᠨ ᠤᠰᠤᠯᠠᠬᠤ ᠲᠦᠭᠦᠭᠡᠷᠦᠮᠵᠢ ᠪᠠ ᠤᠰᠤ ᠠᠷᠪᠢᠯᠠᠬᠤ ᠲᠦᠷᠦᠯ ᠵᠤᠶᠢᠯ ᠤᠨ ᠲᠤᠨᠤᠭ ᠲᠦᠭᠦᠭᠡᠷᠦᠮᠵᠢ ᠤᠶᠢᠯᠡᠳᠪᠤᠷᠢᠯᠡᠳᠡᠭ ᠠᠵᠤ ᠠᠬᠤᠶᠢᠯᠠᠯ ᠪᠤᠯᠤᠨ᠎ᠠ᠃ ᠰᠤᠷᠪᠤᠯᠵᠢᠯᠠᠭᠴᠢ ᠠᠵᠤ ᠠᠬᠤᠶᠢᠯᠠᠯ ᠤᠨ PVC ᠬᠤᠭᠤᠯᠠᠢ ᠤᠶᠢᠯᠡᠳᠪᠤᠷᠢᠯᠡᠭᠦ ᠲᠠᠰᠤᠭ ᠲᠤ ᠭᠦᠷᠭᠦ ᠳᠤ᠂ ᠮᠠᠰᠢᠨ ᠵᠠᠰᠠᠪᠤᠷᠢ ᠶᠢᠨ ᠠᠩᠭᠢ ᠶᠠᠭ ᠰᠠᠶᠢᠬᠠᠨ ᠮᠠᠰᠢᠨ ᠲᠦᠭᠦᠭᠡᠷᠦᠮᠵᠢ ᠪᠠᠨ ᠠᠷᠠᠴᠢᠯᠠᠵᠤ ᠬᠠᠮᠠᠭᠠᠯᠠᠵᠤ ᠪᠠᠶᠢᠪᠠ᠃ ᠡᠳᠡᠭᠡᠷ ᠮᠠᠰᠢᠨ ᠲᠦᠭᠦᠭᠡᠷᠦᠮᠵᠢ ᠶᠢ ᠴᠦᠮ ᠲᠤᠰ ᠮᠠᠰᠢᠨ ᠰᠠᠯᠪᠢᠨ ᠵᠠᠰᠠᠬᠤ ᠠᠩᠭᠢ ᠶᠢᠨ ᠬᠢᠨ ᠤᠶᠢᠯᠡᠳᠪᠤᠷᠢᠯᠠᠯ ᠤᠨ ᠪᠤᠳᠠᠳᠤ ᠪᠠᠶᠢᠳᠠᠯ ᠢᠶᠠᠨ ᠦᠨᠳᠦᠰᠦᠯᠡᠵᠤ ᠦᠭᠡᠷᠡᠴᠢᠯᠡᠨ ᠵᠠᠰᠠᠭᠰᠠᠨ ᠶᠤᠮ᠃ ᠡᠨᠡᠭᠦ ᠮᠠᠰᠢᠨ ᠢᠶᠠᠷ ᠤᠶᠢᠯᠡᠳᠪᠤᠷᠢᠯᠡᠭᠰᠡᠨ ᠤᠰᠤᠯᠠᠯᠳᠠ ᠶᠢᠨ ᠬᠤᠭᠤᠯᠠᠢ ᠶᠢᠨ ᠶᠠᠰᠤ ᠴᠢᠨᠠᠷ ᠨᠢ ᠤᠯᠤᠰ ᠤᠨ ᠪᠠᠷᠢᠮᠵᠢᠶ᠎ᠠ ᠳᠤ ᠨᠠᠶᠢᠴᠡᠵᠤ᠂ ᠪᠦᠳᠦᠭᠡᠭᠳᠡᠭᠦᠨ ᠤ ᠭᠢᠷᠢ ᠲᠡᠩᠴᠡᠭᠰᠡᠨ ᠨᠤᠷᠮ᠎ᠠ ᠵᠠᠭᠤᠨ ᠤ ᠵᠠᠭᠤ ᠳᠤ ᠭᠦᠷᠦᠭᠰᠡᠨ ᠠᠴᠠ ᠤᠳᠤᠬᠠᠨ ᠪᠤᠯᠳᠠᠯ᠎ᠠ ᠲᠤᠰ ᠺᠤᠮᠫᠠᠨᠢ ᠶᠢᠨ ᠵᠠᠭᠢᠶᠠᠯᠠᠭ᠎ᠠ ᠬᠤᠶᠠᠷ ᠮᠢᠩᠭ᠎ᠠ ᠭᠠᠷᠤᠢ ᠲᠦᠮᠡᠨ ᠲᠦᠭᠦᠷᠢᠭ ᠲᠤ ᠭᠦᠷᠴᠤ ᠤᠶᠢᠯᠡᠳᠪᠤᠷᠢᠯᠠᠯ ᠤᠨ ᠹᠷᠤᠨᠲ ᠲᠠᠬᠢ ᠭᠠᠪᠰᠢᠭᠠᠶᠢᠯᠠᠭᠴᠢ ᠪᠤᠯᠤᠭᠰᠠᠨ ᠪᠠᠶᠢᠨ᠎ᠠ᠃ ᠡᠨᠡ ᠬᠦ ᠮᠠᠰᠢᠨ ᠵᠠᠰᠠᠪᠤᠷᠢ ᠶᠢᠨ ᠠᠩᠭᠢ ᠶᠢᠨ ᠵᠢᠷᠭᠤᠭᠠᠨ ᠠᠵᠢᠯᠴᠢᠨ ᠲᠤᠰ ᠺᠤᠮᠫᠠᠨᠢ ᠶᠢᠨ ᠤᠰᠤ᠂ ᠢᠯᠴᠢ᠂ ᠴᠠᠭᠢᠯᠭᠠᠨ ᠬᠠᠨᠭ᠍ᠭᠠᠬᠤ ᠪᠦᠭᠦᠶᠢᠯᠡ ᠲᠦᠭᠦᠭᠡᠷᠦᠮᠵᠢ ᠪᠤᠯᠤᠨ ᠤᠶᠢᠯᠡᠳᠪᠤᠷᠢᠯᠠᠯ  ᠤᠨ ᠮᠠᠰᠢᠨ ᠲᠤᠨᠤᠭ ᠢ ᠰᠠᠯᠪᠢᠨ ᠵᠠᠰᠠᠬᠤ ᠪᠠ ᠬᠠᠮᠠᠭᠠᠯᠠᠬᠤ ᠠᠵᠢᠯ ᠢ ᠲᠠᠭᠠᠭᠠᠵᠤ᠂ ᠰᠤᠯᠠ ᠰᠠᠯᠡᠭᠦᠦ ᠴᠠᠭ ᠢᠶᠠᠷ ᠢᠶᠠᠨ ᠮᠡᠷᠭᠡᠵᠢᠯ ᠢᠶᠠᠨ ᠰᠢᠨᠡᠴᠢᠯᠡᠭᠦ ᠪᠠ ᠬᠠᠭᠤᠴᠢᠨ ᠬᠠᠶᠠᠭᠳᠠᠮᠠᠯ ᠪᠤᠳᠠᠰ ᠢ ᠭᠡᠷᠬᠢᠨ ᠲᠠᠭᠢᠨ ᠠᠰᠢᠭᠯᠠᠬᠤ ᠲᠤᠬᠠᠢ ᠰᠤᠳᠤᠯᠳᠠᠭ ᠪᠠᠶᠢᠨ᠎ᠠ᠃    ᠮᠠᠰᠢᠨ ᠵᠠᠰᠠᠪᠤᠷᠢ ᠶᠢᠨ ᠠᠵᠢᠯ ᠨᠠᠷᠢᠨ ᠲᠦᠪᠡᠭ ᠲᠠᠢ ᠪᠠᠶᠢᠳᠠᠭ ᠴᠤ ᠠᠵᠤ ᠠᠬᠤᠶᠢᠯᠠᠯ ᠤᠨ ᠤᠶᠢᠯᠡᠳᠪᠤᠷᠢᠯᠠᠯ ᠭᠦᠭᠵᠢᠯᠳᠠ ᠶᠢᠨ ᠲᠤᠳᠠᠭᠳᠠᠵᠤ ᠪᠤᠯᠤᠰᠢ ᠦᠭᠡᠢ ᠪᠠᠳᠤᠯᠠᠭ᠎ᠠ ᠮᠦᠨ᠃ ᠮᠠᠨ ᠤ ᠬᠤᠰᠢᠭᠤᠨ ᠤ ᠡᠾᠸᠡᠭ ᠹᠸᠡᠭ ᠺᠤᠮᠫᠠᠨᠢ ᠶᠢᠨ ᠮᠠᠰᠢᠨ ᠵᠠᠰᠠᠪᠤᠷᠢ ᠶᠢᠨ ᠠᠩᠭᠢ ᠮᠠᠷᠭᠡᠵᠢᠯ ᠤᠨ ᠰᠢᠨᠠᠴᠢᠯᠠᠯᠳᠠ᠂ ᠦᠢᠯᠡᠴᠢᠯᠠᠭᠡᠨ ᠤ ᠪᠠᠳᠤᠯᠠᠭ᠎ᠠ ᠪᠠᠷ  ᠢᠶᠠᠨ ᠤᠷᠤᠨ ᠤ ᠲᠡᠰ ᠤᠨ ︽ᠠᠵᠢᠯᠴᠢᠨ ᠤ ᠬᠤᠰᠢᠭᠤᠴᠢ ᠠᠩᠭᠢ︾ ᠪᠠᠷ ᠦᠨᠡᠯᠡᠭᠳᠡᠭᠰᠡᠨ ᠶᠠᠪᠤᠳᠠᠯ ᠨᠢ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠠ ᠳᠤ ᠲᠠᠶᠢᠴᠢᠯᠠᠬᠤ ᠦᠢᠯᠠᠳᠤᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号