ᠨᠠᠩᠰᠤ ᠪᠠᠯᠭᠠᠰᠤ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠪᠠᠷ ᠮᠠᠯᠴᠢᠨ ᠲᠠᠷᠢᠶᠠᠴᠢᠨ ᠳᠤ ᠠᠰᠢᠭ ᠬᠦᠷᠳᠡᠬᠡᠪᠡ
ᠨᠡᠶᠢᠲᠡᠯᠡᠭᠰᠡᠨ ᠴᠠᠭ᠄
2018-06-06
   ᠡᠨᠡ ᠵᠢᠯ ᠠᠴᠠ ᠨᠠᠩᠰᠤ ᠪᠠᠯᠭᠠᠰᠤ᠂ ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠠᠵᠤ ᠦᠢᠯᠡᠰ ᠤᠨ ᠪᠦᠳᠤᠴᠡ ᠶᠢᠨ ᠲᠤᠬᠢᠷᠠᠭᠤᠯᠤᠯᠳᠠ ᠶᠢ ᠡᠷᠴᠢᠮᠵᠢᠬᠦᠯᠦᠨ ᠬᠦᠭᠵᠢᠬᠦᠯᠬᠦ ᠪᠠᠷ ᠠᠵᠢᠯ ᠤᠨ ᠭᠤᠤᠯᠳᠠᠭ᠎ᠠ ᠪᠤᠯᠭᠠᠨ ᠠᠳᠬᠤᠵᠤ᠂ ᠡᠨᠡ ᠵᠢᠯ ᠤᠨ 4 ᠰᠠᠷ᠎ᠠ ᠶᠢᠨ ᠰᠡᠬᠦᠯᠴᠢ ᠠᠴᠠ ᠡᠬᠢᠯᠡᠨ ᠬᠡᠰᠡᠭ ᠮᠠᠯᠴᠢᠨ ᠲᠠᠷᠢᠶᠠᠴᠢᠨ ᠡᠷᠤᠬᠡ ᠳᠤ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠶᠢ ᠲᠦᠭᠡᠮᠡᠯᠵᠢᠬᠦᠯᠵᠤ᠂ ᠮᠠᠯᠴᠢᠨ ᠲᠠᠷᠢᠶᠠᠴᠢᠨ ᠳᠤ ᠦᠨᠡᠨ ᠬᠦ ᠠᠰᠢᠭ  ᠬᠦᠷᠳᠡᠬᠡᠪᠡ᠃    ᠵᠠᠩ ᠵᠢᠶᠠᠨ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠮᠠᠨ ᠤ ᠡᠨᠡ ᠲᠠᠷᠢᠭᠰᠠᠨ ᠯᠠᠵᠤᠤ ᠶᠢ ᠡᠪᠡᠷᠯᠢᠭ ᠯᠠᠵᠤᠤ ︵牛椒︶ ᠬᠡᠳᠡᠭ᠂ ᠡᠪᠡᠷᠯᠢᠭ ᠯᠠᠵᠤᠤ ᠢᠳᠡᠬᠦ ᠳᠤ ᠠᠮᠲᠠᠲᠠᠢ᠂ ᠭᠤᠱᠤᠭᠤᠨ ᠨᠢ ᠪᠠᠭ᠎ᠠ᠂ ᠦᠨ᠎ᠡ ᠬᠠᠩᠰᠢ ᠨᠢ ᠵᠠᠬ᠎ᠠ ᠲᠡᠯᠬᠡᠬᠦᠷ ᠤᠨ ᠦᠨ᠎ᠡ ᠬᠠᠩᠰᠢ ᠳᠤ ᠲᠤᠬᠢᠷᠠᠭᠰᠠᠨ ᠪᠤᠯᠬᠤᠷ᠂ ᠦᠷᠬᠡᠨ ᠤᠯᠠᠨ ᠬᠡᠷᠡᠭᠯᠡᠭᠴᠢᠳ  ᠤᠨ ᠲᠠᠭᠠᠰᠢᠶᠠᠯ ᠢ ᠤᠯᠳᠠᠭ᠃ ᠡᠶᠢᠮᠦ ᠠᠴᠠ ᠪᠢᠳᠠ ᠡᠪᠡᠷᠯᠢᠭ ᠯᠠᠵᠤᠤ ᠲᠠᠷᠢᠵᠤ᠂ ᠪᠤᠰᠤᠳ ᠮᠠᠯᠴᠢᠨ ᠲᠠᠷᠢᠶᠠᠴᠢᠨ  ᠳᠠᠭᠠᠨ ᠡᠨᠡ ᠬᠦ ᠮᠡᠷᠬᠡᠵᠢᠯ ᠢᠶᠠᠨ ᠲᠦᠬᠡᠮᠡᠯᠵᠢᠬᠦᠯᠦᠨ ᠲᠡᠯᠬᠡᠷᠡᠬᠦᠯᠬᠦ ᠶᠢᠨ ᠲᠦᠯᠦᠬᠡ ᠶᠤᠮ ᠬᠡᠪᠡ᠃ᠨᠠᠩᠰᠤ ᠪᠠᠯᠭᠠᠰᠤ ᠶᠢᠨ ᠮᠠᠯᠠᠳ ᠭᠠᠴᠠᠭᠠᠨ ᠳᠤ ︽ᠲᠠᠷᠢᠶᠠᠯᠠᠩ ᠤᠨ ᠲᠠᠯᠠᠪᠠᠢ ᠬᠤᠷᠰᠢᠶᠠᠵᠢᠯ︾ ᠲᠠᠢ ᠪᠠᠶᠢᠳᠠᠭ᠃ ᠠᠳᠠᠬᠢ ᠡᠷᠤᠭᠡ ᠶᠢᠨ ᠤᠯᠠᠩᠬᠢ ᠨᠢ ᠨᠤᠳᠤᠭ ᠪᠡᠯᠴᠢᠬᠡᠷ ᠪᠠᠭ᠎ᠠ᠂ ᠠᠵᠤ ᠠᠬᠤᠢ ᠶᠢᠨ ᠰᠠᠭᠤᠷᠢ ᠨᠢᠮᠭᠡᠨ ᠪᠤᠯᠬᠤᠷ ᠲᠤᠰ ᠲᠤᠰᠬᠤᠨ ᠤ ᠪᠤᠳᠠᠳᠤ ᠪᠠᠶᠢᠳᠠᠯ ᠳᠤ ᠴᠢᠭᠯᠡᠬᠦᠯᠦᠨ ᠵᠢᠷᠭᠤᠭᠠᠨ ᠲᠦᠪᠯᠡᠷᠡᠨ ᠰᠠᠭᠤᠷᠢᠰᠢᠭᠰᠠᠨ ᠡᠷᠦᠬᠡ ᠳᠤ ᠡᠷᠤᠭᠡ ᠪᠦᠷᠢ ᠬᠤᠶᠠᠷ ᠠᠴᠠ ᠭᠤᠷᠪᠠᠨ ᠢᠳᠡᠰᠢᠨ ᠨᠤᠭᠤᠭᠠᠨ ᠤ ᠲᠤᠯᠠᠭᠠᠨ ᠬᠦᠯᠡᠮᠵᠢ  ᠤᠭᠰᠠᠷᠠᠨ ᠦᠭᠴᠤ᠂ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠬᠢᠵᠤ᠂ ᠨᠢᠬᠡᠳᠤᠯᠲᠡᠢ ᠪᠠᠷ ᠯᠠᠵᠤᠤ ᠶᠢᠨ ᠴᠢᠬᠢ ᠲᠠᠷᠢᠵᠤ ᠦᠭᠪᠠ᠃    ᠨᠠᠩᠰᠤ ᠪᠠᠯᠭᠠᠰᠤᠨ ᠤ ᠲᠠᠳ᠋ ᠲᠠᠷᠤᠭ᠎ᠠ ᠮᠦᠩᠬᠡᠪᠢᠯᠢᠭ᠄ ᠡᠨᠡ ᠵᠢᠯ ᠠᠴᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠶᠢᠨ ᠲᠦᠯᠦᠬᠡ᠂ ᠤᠨᠴᠠᠯᠢᠭᠳᠤ ᠲᠠᠷᠢᠶᠠᠯᠠᠩ ᠢ ᠵᠤᠬᠢᠬᠤ ᠬᠡᠮᠵᠢᠶ᠎ᠡ ᠪᠠᠷ ᠬᠢᠵᠤ ᠡᠬᠢᠯᠡᠬᠦᠯᠦᠭᠰᠡᠨ ᠪᠠᠶᠢᠨ᠎ᠠ ᠃ ᠠᠶᠢᠯ ᠪᠤᠯᠭᠠᠨ ᠳᠤ ᠬᠤᠰᠢᠭᠤᠨ ᠤ ᠲᠦᠷᠦ ᠶᠢᠨ ᠪᠤᠳᠤᠯᠭ᠎ᠠ ᠠᠴᠠ ᠭᠠᠳᠠᠨ᠎ᠠ᠂ ᠬᠤᠶᠠᠷ ᠮᠢᠩᠭᠠᠨ ᠲᠦᠬᠦᠷᠢᠭ ᠢᠶᠠᠷ ᠲᠡᠮᠵᠢᠵᠤ᠂ ᠲᠠᠷᠢᠶᠠᠯᠠᠩ ᠠᠵᠤ ᠠᠬᠤᠢ ᠶᠢ ᠶᠡᠬᠡᠳᠬᠡᠬᠦ ᠪᠠᠷ ᠴᠢᠷᠮᠠᠶᠢᠭᠰᠠᠨ ᠪᠠᠶᠢᠨ᠎ᠠ᠃ᠨᠠᠩᠰᠤ ᠪᠠᠯᠭᠠᠰᠤ ᠪᠤᠯ ᠮᠠᠯᠵᠢᠬᠤ ᠪᠠᠷ ᠭᠤᠤᠯ ᠪᠤᠯᠭᠠᠵᠤ ᠮᠠᠯᠵᠢᠬᠤ ᠲᠠᠷᠢᠶᠠᠯᠠᠬᠤ ᠶᠢ ᠤᠶᠠᠯᠳᠤᠭᠤᠯᠤᠭᠰᠠᠨ ᠪᠠᠯᠭᠠᠰᠤ ᠪᠤᠯᠬᠤ ᠶᠤᠮ᠃ ᠡᠨᠡ ᠵᠢᠯ ᠠᠴᠠ ᠠᠩᠬ᠎ᠠ ᠤᠳᠠᠭ᠎ᠠ ᠲᠦᠪᠯᠠᠷᠠᠨ ᠰᠠᠭᠤᠷᠢᠰᠢᠭᠰᠠᠨ ᠲᠠᠷᠢᠶᠠᠯᠠᠩ ᠤᠨ ᠭᠤᠤᠯᠯᠠᠬᠤ ᠡᠷᠤᠭᠡ ᠤᠳ ᠲᠤ ᠲᠤᠯᠠᠭᠠᠨ ᠬᠦᠯᠡᠮᠵᠢ ᠤᠭᠰᠠᠷᠠᠵᠤ ᠤᠨᠴᠠᠯᠢᠭᠳᠤ ᠲᠠᠷᠢᠮᠠᠯ ᠢ ᠬᠦᠭᠵᠢᠬᠦᠯᠦᠭᠰᠡᠨ ᠶᠠᠪᠤᠳᠠᠯ ᠨᠢ ᠮᠠᠯᠴᠢᠳ ᠤᠨ ᠮᠠᠯᠵᠢᠬᠤ ᠦᠢᠯᠡᠳᠪᠤᠷᠢᠯᠠᠯ ᠳᠤ ᠲᠦᠰᠢᠭᠯᠡᠨ ᠤᠷᠤᠯᠭ᠎ᠠ ᠤᠯᠵᠤ ᠪᠠᠶᠢᠭᠰᠠᠨ ᠳᠠᠩ ᠴᠤᠯᠭᠤᠢ ᠦᠢᠯᠡᠳᠪᠤᠷᠢᠯᠠᠯ ᠤᠨ ᠠᠷᠭ᠎ᠠ ᠶᠢ ᠬᠤᠪᠢᠷᠠᠭᠤᠯᠵᠤ᠂ ᠮᠠᠯ ᠲᠠᠷᠢᠶᠠᠯᠠᠩ ᠢ ᠵᠠᠷᠭᠡ ᠳᠤ ᠬᠦᠭᠵᠢᠬᠦᠯᠦᠨ ᠤᠷᠤᠯᠭ᠎ᠠ ᠪᠠᠨ ᠨᠠᠮᠡᠭᠳᠡᠬᠦᠯᠵᠤ ᠴᠢᠳᠠᠬᠤ ᠪᠤᠯᠪᠠ᠃    ᠨᠠᠩᠰᠤ ᠪᠠᠯᠭᠠᠰᠤᠨ ᠤ ᠲᠠᠳ᠋ ᠲᠠᠷᠤᠭ᠎ᠠ ᠮᠦᠩᠬᠡᠪᠢᠯᠢᠭ᠄ ᠤᠨᠴᠠᠯᠢᠭᠳᠤ ᠲᠠᠷᠢᠶᠠᠯᠠᠩ ᠬᠢᠳᠡᠭ ᠤᠨ ᠰᠢᠯᠳᠠᠭᠠᠨ ᠪᠤᠯ ᠮᠠᠨ ᠤ ᠨᠤᠳᠤᠭ ᠤᠨ ᠭᠠᠵᠠᠷ ᠰᠢᠷᠤᠢ ᠴᠢᠨᠠᠷᠵᠢᠯ ᠢᠶᠠᠷ ᠰᠠᠶᠢᠨ᠂ ᠪᠤᠵᠠᠷᠳᠤᠯ ᠦᠬᠡᠢ᠂ ᠮᠦᠨ ᠴᠦ ᠮᠠᠯ ᠤᠨ ᠪᠤᠷᠳᠤᠭᠤᠷ ᠤᠨᠴᠠᠯᠢᠭᠳᠤ ᠲᠠᠷᠢᠶᠠᠯᠠᠩ ᠲᠡᠬᠡᠷ᠎ᠡ ᠬᠠᠮᠤᠭ ᠤᠨ ᠰᠠᠶᠢᠨ ᠪᠤᠷᠳᠤᠭᠤᠷ ᠪᠤᠯᠤᠭᠰᠠᠨ ᠲᠤᠯᠠ ᠲᠠᠷᠢᠬᠤ ᠬᠦᠮᠦᠰ ᠤᠨ ᠬᠦᠷᠢᠶᠡᠯᠡᠯ ᠢ ᠤᠯᠪᠠ᠃    ᠤᠶᠢᠯᠠᠭᠠᠭᠰᠠᠨ ᠢᠶᠠᠷ᠂ ᠡᠶᠢᠮᠦᠷᠬᠦ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠠᠴᠠ ᠨᠢᠬᠡ ᠵᠢᠯ ᠳᠤ ᠬᠤᠶᠠᠷ ᠤᠳᠠᠭ᠎ᠠ ᠬᠤᠷᠢᠶᠠᠯᠳᠠ ᠤᠯᠵᠤ᠂ ᠨᠢᠬᠡ ᠲᠤᠯᠠᠭᠠᠨ ᠬᠦᠯᠡᠮᠵᠢ ᠠᠴᠠ ᠲᠦᠮᠡ ᠭᠠᠷᠤᠢ ᠲᠦᠬᠦᠷᠢᠭ ᠤᠨ ᠤᠷᠤᠯᠭ᠎ᠠ ᠤᠯᠬᠤ ᠪᠤᠯᠤᠨ᠎ᠠ᠃ ᠲᠤᠰ ᠭᠠᠴᠠᠭᠠᠨ ᠤ ᠴᠧᠨ ᠫᠢᠩ ᠤᠨ ᠬᠢ ᠯᠠᠵᠤᠤ ᠪᠠᠨ ᠡᠷᠳᠡ ᠲᠠᠷᠢᠭᠰᠠᠨ ᠪᠤᠯᠬᠤᠷ ᠡᠳᠦᠬᠡ ᠤᠷᠭᠤᠴᠠ ᠬᠠᠩᠭᠠᠯᠳᠡᠳᠡᠢ ᠪᠠᠶᠢᠵᠤ᠂ ᠵᠢᠷᠭᠤᠳᠤᠭᠠᠷ ᠰᠠᠷ᠎ᠠ ᠶᠢᠨ ᠡᠬᠢ ᠪᠠᠷ ᠵᠠᠬ᠎ᠠ ᠲᠡᠯᠬᠡᠬᠦᠷ ᠲᠤ ᠪᠤᠷᠤᠯᠠᠭᠤᠯᠬᠤ ᠪᠠᠷ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号