ᠪᠢᠳᠡ ᠪᠡᠭᠡᠵᠢᠩ ᠳᠤ ᠤᠴᠢᠵᠤ ᠲᠤᠭᠯᠠᠯᠳᠠ  ᠭᠠᠷᠭᠠᠪᠠ
ᠨᠡᠶᠢᠲᠡᠯᠡᠭᠰᠡᠨ ᠴᠠᠭ᠄
2018-06-06
   ︿︿ᠵᠢᠯ ᠤᠨ ᠠᠵᠢᠯ ᠬᠠᠪᠤᠷ ᠲᠠᠭᠠᠨ﹀﹀ ᠬᠡᠳᠡᠭ ᠢᠶᠠᠷ᠂ ᠮᠠᠯᠴᠢᠨ ᠲᠠᠷᠢᠶᠠᠴᠢᠳ ᠮᠠᠨᠢ ᠲᠠᠷᠢᠶ᠎ᠠ ᠲᠠᠷᠢᠵᠤ᠂ ᠲᠦᠯ ᠲᠤᠰᠤᠨ᠂ ᠢᠮᠠᠭ᠎ᠠ ᠪᠠᠨ ᠰᠠᠮᠨᠠᠵᠤ ᠲᠤᠩ ᠶᠠᠭᠠᠷᠠᠤ ᠪᠠᠶᠢᠭᠰᠠᠨ ᠴᠦ ᠨᠠᠩᠰᠤ ᠪᠠᠯᠭᠠᠰᠤᠨ ᠤ ᠪᠠᠶ᠋ᠬᠤᠰᠤ ᠭᠠᠴᠠᠭᠠᠨ ᠤ ᠭᠡᠰᠡᠭ ᠮᠠᠯᠴᠢᠳ ᠬᠠᠷᠢᠨ ᠶᠠᠭᠠᠷᠠᠤ ᠴᠠᠭ ᠢᠶᠠᠨ ᠵᠠᠶᠢᠴᠢᠯᠠᠨ ᠪᠡᠭᠡᠵᠢᠩ ᠤᠷᠤᠵᠤ ᠲᠤᠭᠯᠠᠯᠳᠠ ᠭᠠᠷᠭᠠᠨ᠎ᠠ ᠭᠡᠳ ᠶᠠᠭᠠᠷᠠᠯᠳᠤᠪᠠ᠃    ᠰᠤᠷᠪᠤᠯᠵᠢᠯᠠᠭᠴᠢ ᠨᠠᠩᠰᠦ ᠪᠠᠯᠭᠠᠰᠤᠨ ᠤ ᠪᠠᠶ᠋ᠬᠠᠤᠰᠤ ᠭᠠᠴᠠᠭᠠᠨ ᠳᠤ ᠭᠦᠷᠭᠦ ᠳᠤ᠂ ᠨᠤᠮᠢᠡᠳᠠᠷᠢ ᠨᠠᠰᠤᠳᠠᠨ ᠤ  ᠬᠢᠨ ᠭᠤᠷᠪᠠᠭᠤᠯᠠ ᠪᠠᠨ ᠭᠠᠴᠠᠭᠠᠨ ᠤ ᠪᠤᠯᠪᠠᠰᠤᠷᠠᠯ ᠤᠨ ᠬᠡᠷ ᠲᠤ ᠠᠷᠠᠳ ᠤᠨ ᠨᠠᠶᠢᠷᠠᠯ ᠭᠦᠭᠵᠢᠮ ᠪᠤᠯᠪᠠᠰᠤᠷᠠᠭᠠᠳ ᠶᠠᠭᠠᠷᠠᠵᠤ ᠪᠠᠶᠢᠪᠠ᠃ ᠲᠠᠳᠡᠨᠡᠶᠢᠬᠢᠨ ᠬᠡᠷ ᠢᠶᠠᠷ ᠢᠶᠠᠨ ᠲᠤᠰ ᠭᠠᠴᠠᠭᠠᠨ ᠤ ᠪᠠᠨ ︽ᠪᠠᠶᠠᠰᠤᠯᠳᠤ ᠮᠠᠯᠴᠢᠨ ᠢᠵᠠᠭᠤᠷ ᠰᠤᠶᠤᠯ ᠤᠨ ᠠᠷᠠᠳ ᠤᠨ ᠤᠷᠠᠯᠢᠭ ᠤᠨ ᠨᠡᠶᠢᠬᠡᠮᠯᠢᠭ︾ ᠤᠨ ᠬᠡᠰᠢᠭᠦᠨ ᠪᠦᠬᠡᠳ ᠬᠤᠶᠠᠷ ᠨᠠᠰᠤᠳᠠᠨ ᠲᠤᠰ ᠨᠡᠶᠢᠬᠡᠮᠯᠢᠭ ᠤᠨ ᠬᠠᠮᠤᠭ ᠤᠨ ᠠᠬᠠᠮᠠᠳ ᠲᠤᠭᠯᠠᠭᠴᠢ ᠨᠢ ᠪᠠᠶᠢᠪᠠ᠃ 5 ᠰᠠᠷ᠎ᠠ ᠶᠢᠨ 20 ᠤ ᠡᠳᠦᠷ 2018 ᠤᠨ  ᠤ ᠤᠯᠠᠨ ᠤᠯᠤᠰ ᠤᠨ ᠦᠡᠳᠦᠰᠦᠳᠡᠨ ᠤ ᠰᠤᠶᠤᠯ ᠤᠷᠠᠯᠢᠭ ᠤᠨ ︿︿ᠨᠢᠬᠡ ᠪᠦᠰᠡ ᠨᠢᠬᠡ ᠵᠠᠮ﹀﹀ ᠤᠨ ᠦᠵᠡᠭᠦᠯᠦᠯᠭᠡ ᠶᠢᠨ ᠲᠤᠭᠯᠠᠯᠳᠠ ᠳᠤ ᠤᠷᠢᠭᠳᠠᠨ ᠤᠷᠤᠯᠴᠠᠬᠤ ᠪᠤᠯᠤᠭᠰᠠᠨ ᠳᠠᠭᠠᠨ ᠳᠡᠳᠡ ᠲᠤᠶᠢᠯ ᠢᠶᠠᠷ ᠪᠠᠶᠠᠷᠯᠠᠵᠤ ᠪᠠᠶᠢᠯ᠎ᠠ᠃    ᠨᠠᠩᠰᠦ ᠪᠠᠯᠭᠠᠰᠤᠨ ᠤ ᠪᠠᠶ᠋ᠬᠠᠤᠰᠤ ᠭᠠᠴᠠᠭᠠᠨ ᠤ ᠮᠠᠯᠴᠢᠨ ᠨᠤᠮᠢᠡᠳᠠᠷᠢ᠄ ᠪᠡᠭᠡᠵᠢᠩ ᠳᠤ ᠭᠦᠷᠴᠦ ᠲᠤᠭᠯᠠᠯᠳᠠ ᠭᠠᠷᠭᠠᠬᠤ ᠪᠤᠯᠤᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠂ ᠬᠡᠷ ᠤᠨ ᠠᠵᠢᠯ ᠬᠢᠳᠡᠯ ᠠᠷᠪᠢᠨ ᠶᠠᠭᠠᠷᠠᠤ ᠪᠤᠯᠪᠠᠴᠤ᠂ ᠴᠠᠭ ᠴᠢᠯᠦᠬᠡ ᠪᠠᠨ ᠦᠵᠡᠵᠦ ᠪᠠᠶᠢᠭᠠᠳ ᠠᠳᠡ ᠢᠷᠡᠵᠤ ᠪᠤᠯᠪᠠᠰᠤᠷᠠᠳᠠᠭ᠃    ᠨᠠᠩᠰᠦ ᠪᠠᠯᠭᠠᠰᠤᠨ ᠤ ᠪᠠᠶ᠋ᠬᠠᠤᠰᠤ ᠭᠠᠴᠠᠭᠠᠨ ᠤ ᠪᠠᠶᠠᠰᠤᠯᠳᠤ ᠮᠠᠯᠴᠢᠨ ᠢᠵᠠᠭᠤᠷ ᠰᠤᠶᠤᠯ ᠤᠨ ᠠᠷᠠᠳ ᠤᠨ ᠤᠷᠠᠯᠢᠭ ᠤᠨ ᠨᠡᠶᠢᠬᠡᠮᠯᠢᠭ 2017 ᠤᠨ ᠤ 9 ᠰᠠᠷ᠎ᠠ ᠳᠤ ᠪᠠᠶᠢᠭᠤᠯᠤᠭᠳᠠᠵᠤ᠂ ᠤᠳᠤᠬᠠᠨ ᠳᠤ 50 ᠭᠠᠷᠤᠢ ᠬᠡᠰᠢᠭᠦᠨ ᠲᠠᠢ᠂ ᠮᠠᠯᠴᠢᠳ ᠦᠪᠡᠷᠰᠡᠳ ᠢᠶᠠᠨ ᠰᠠᠨᠠᠭᠠᠴᠢᠯᠠᠵᠤ ᠪᠠᠶᠢᠭᠤᠯᠤᠭᠰᠠᠨ ᠢᠵᠠᠭᠤᠷ ᠤᠷᠠᠯᠢᠭ ᠤᠨ ᠨᠡᠶᠢᠬᠡᠮᠯᠢᠭ ᠪᠤᠯᠬᠤ ᠶᠤᠮ᠃ ᠡᠨᠡ ᠤᠳᠠᠭ᠎ᠠ ᠲᠠᠳᠡ ᠪᠡᠬᠡᠵᠢᠩ ᠳᠤ ᠭᠦᠷᠴᠦ᠂ ᠠᠷᠠᠳ ᠤᠨ ᠲᠠᠭᠤᠤ᠂ ᠰᠠᠪᠬᠠᠨ ᠪᠦᠵᠢᠭ᠂ ᠦᠡᠳᠦᠰᠦᠳᠡᠨ ᠤ ᠨᠠᠶᠢᠷᠠᠯ ᠭᠦᠭᠵᠢᠮ ᠵᠡᠷᠬᠡ 12 ᠲᠤᠭᠯᠠᠯᠳᠠ ᠪᠠᠨ ᠲᠤᠭᠯᠠᠬᠤ ᠪᠤᠯᠤᠨ᠎ᠠ᠃    ᠪᠠᠶᠠᠰᠤᠯᠳᠤ ᠮᠠᠯᠴᠢᠨ ᠢᠵᠠᠭᠤᠷ ᠰᠤᠶᠤᠯ ᠤᠨ ᠠᠷᠠᠳ ᠤᠨ ᠤᠷᠠᠯᠢᠭ ᠤᠨ ᠨᠡᠶᠢᠬᠡᠮᠯᠢᠭ ᠤᠨ ᠲᠠᠷᠤᠭ᠎ᠠ ᠨᠠᠷᠠᠩᠭᠤᠸ᠎ᠠ᠄ ᠪᠢᠳᠠ ᠡᠨᠡ ᠵᠠᠪᠰᠢᠶᠠᠨ ᠢ ᠲᠤᠩ ᠨᠠᠡᠳᠢᠩᠨᠠᠵᠤ ᠪᠠᠶᠢᠨ᠎ᠠ᠂ ᠪᠢᠳᠠ ᠪᠦᠭᠦᠳᠡᠭᠡᠷ ᠮᠠᠰᠢ ᠰᠠᠶᠢᠨ ᠴᠢᠷᠮᠠᠶᠢᠨ ᠪᠤᠯᠪᠠᠰᠤᠷᠠᠭᠰᠠᠨ᠂ ᠨᠡᠩ ᠤᠯᠠᠨ ᠭᠦᠮᠦᠰ ᠮᠠᠨ ᠤ ᠢᠵᠠᠭᠤᠷ ᠰᠤᠶᠤᠯ ᠢ ᠤᠶᠢᠯᠠᠭᠠᠵᠤ ᠮᠡᠳᠡᠷᠡᠵᠤ ᠭᠦᠯᠢᠶᠡᠨ ᠠᠪᠬᠤ  ᠶᠢ ᠭᠦᠰᠡᠵᠤ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号