ᠭᠤᠤᠯᠳᠠᠯᠭᠠᠳᠤ ᠲᠦᠷᠦᠯ ᠵᠤᠶᠢᠯ ᠮᠤᠵᠢ ᠶᠢ ᠬᠤᠯᠪᠤᠭᠰᠠᠨ 26 ᠱᠤᠭᠤᠮ ᠤᠨ ᠤᠯᠵᠠᠴᠢ ᠠᠴᠠ ᠳ᠋ᠦᠡᠭ ᠳ᠋ᠤᠤ ᠯᠢᠶᠠᠩ ᠭᠦᠷᠭᠦ ᠲᠦᠷᠬᠡᠨ ᠵᠠᠮ ᠤᠨ ᠪᠠᠷᠢᠯᠭ᠎ᠠ ᠰᠢᠪᠳᠤᠷᠭᠠᠨ ᠳᠤ ᠪᠠᠨ ᠤᠷᠤᠪᠠ
ᠨᠡᠶᠢᠲᠡᠯᠡᠭᠰᠡᠨ ᠴᠠᠭ᠄
2018-06-06
   ᠤᠶᠢᠷ᠎ᠠ ᠳᠤ᠂ ᠮᠤᠵᠢ ᠶᠢ ᠬᠤᠯᠪᠤᠭᠰᠠᠨ 26 ᠱᠤᠭᠤᠮ ᠤᠨ ᠤᠯᠵᠠᠴᠢ ᠠᠴᠠ ᠳ᠋ᠦᠡᠭ ᠳ᠋ᠤᠤ ᠯᠢᠶᠠᠩ ᠭᠦᠷᠭᠦ ᠲᠦᠷᠬᠡᠨ ᠵᠠᠮ ᠤᠨ ᠪᠠᠷᠢᠯᠭ᠎ᠠ ᠰᠢᠪᠳᠤᠷᠭᠠᠨ ᠳᠤ ᠪᠠᠨ ᠤᠷᠤᠪᠠ᠃    ᠪᠠᠷᠢᠯᠭ᠎ᠠ ᠶᠢᠨ ᠠᠬᠤᠢ ᠲᠠᠯᠠᠪᠡᠢ ᠳᠤ᠂ ᠡᠯ᠎ᠠ ᠪᠠᠷᠢᠯᠭ᠎ᠠ ᠶᠢᠨ ᠲᠤᠭᠤᠶᠢᠯᠠᠩ ᠪᠠᠴᠢᠮ ᠶᠠᠭᠠᠷᠠᠯᠳᠡᠢ ᠪᠠᠷ ᠪᠠᠷᠢᠯᠭ᠎ᠠ ᠠᠭᠢᠭᠤᠯᠵᠤ ᠪᠠᠶᠢᠪᠠ᠃ ᠡᠨᠡᠭᠦ ᠲᠦᠷᠦᠯ ᠵᠤᠶᠢᠯ ᠤᠨ ᠭᠤᠤᠯ ᠴᠤᠭᠴᠠ ᠶᠢᠨ ᠢᠨᠵᠧᠨᠧᠷᠢᠩ ᠨᠢᠳᠤᠨᠤᠨ ᠤ ᠠᠷᠪᠠᠳᠤᠭᠠᠷ ᠰᠠᠷ᠎ᠠ ᠳᠤ ᠪᠠᠷᠢᠯᠭ᠎ᠠ ᠲᠠᠭᠤᠰᠴᠤ᠂ ᠲᠠᠭᠠᠯᠳᠠ ᠢᠨᠵᠧᠨᠧᠷᠢᠩ ᠤᠨ ᠤᠷᠤᠨ ᠰᠠᠭᠤᠴᠠ ᠶᠢᠨ ᠪᠠᠷᠢᠯᠭ᠎ᠠ ᠪᠠ ᠵᠠᠮ ᠤᠨ ᠲᠡᠮᠳᠡᠭ ᠢᠯᠡᠷᠭᠡᠶᠢᠯᠡᠯ ᠤᠨ ᠢᠨᠵᠧᠨᠧᠷᠢᠩ ᠴᠦᠮ ᠪᠠᠷᠢᠯᠭ᠎ᠠ ᠲᠠᠭᠤᠰᠴᠤ᠂ ᠬᠠᠮᠠᠭᠠᠯᠠᠬᠤ ᠭᠡᠷᠡᠰᠭᠡ ᠶᠢᠨ ᠭᠤᠤᠯ ᠴᠤᠭᠴᠠ ᠶᠢᠨ ᠪᠠᠷᠢᠯᠭ᠎ᠠ ᠶᠢᠨ 70% ᠶᠢ ᠪᠠᠶᠠᠯᠡᠭᠦᠯᠦᠭᠡᠳ ᠦᠯᠡᠳᠡᠭᠰᠡᠨ ᠭᠡᠰᠡᠭ ᠢ ᠲᠠᠪᠤᠳᠤᠭᠠᠷ ᠰᠠᠷ᠎ᠠ ᠶᠢᠨ ᠰᠡᠭᠦᠯᠴᠢ ᠵᠢᠷᠭᠤᠳᠤᠭᠠᠷ ᠰᠠᠷ᠎ᠠ ᠶᠢᠨ ᠡᠭᠢ ᠪᠠᠷ ᠳᠠᠭᠤᠰᠬᠠᠬᠤ ᠪᠠᠷ ᠲᠦᠯᠦᠪᠯᠡᠵᠤ᠂ ᠮᠠᠰᠢᠨ ᠴᠠᠭᠢᠯᠭᠠᠨ ᠤ ᠤᠭᠰᠠᠷᠠᠯᠳᠠ ᠶᠢᠨ ᠠᠵᠢᠯ ᠴᠤ ᠪᠦᠭᠦ ᠲᠠᠯ᠎ᠠ ᠪᠠᠷ ᠲᠠᠭᠤᠰᠤᠭᠠᠳ᠂ ᠪᠦᠭᠦᠶᠢᠯᠡ ᠢᠨᠵᠧᠨᠧᠷᠢᠩ ᠰᠢᠪᠳᠤᠷᠭᠠᠨ ᠳᠤ ᠪᠠᠨ ᠤᠷᠤᠪᠠ᠃᠂    ᠤᠶᠢᠯᠠᠭᠠᠭᠰᠠᠨ ᠢᠶᠠᠷ᠂  ᠮᠤᠵᠢ ᠶᠢ ᠬᠤᠯᠪᠤᠭᠰᠠᠨ 26 ᠱᠤᠭᠤᠮ ᠤᠨ ᠤᠯᠵᠠᠴᠢ ᠠᠴᠠ ᠳ᠋ᠦᠡᠭ ᠳ᠋ᠤᠤ ᠯᠢᠶᠠᠩ ᠭᠦᠷᠭᠦ ᠲᠦᠷᠬᠡᠨ ᠵᠠᠮ ᠤᠨ ᠪᠦᠭᠦ ᠤᠷᠳᠤ 87 ᠺᠢᠯᠤᠮᠧᠲᠷ  ᠂ ᠶᠡᠷᠤᠩᠭᠡᠢ ᠪᠡᠯᠡ ᠤᠷᠤᠭᠤᠯᠤᠯᠳᠠ 31.2 ᠳ᠋ᠦᠡᠭᠰᠢᠭᠤᠷ ᠲᠦᠭᠦᠷᠢᠭ ᠲᠤ ᠭᠦᠷᠪᠡ᠃ ᠡᠨᠡ ᠬᠦ ᠵᠠᠮ ᠢ ᠬᠤᠤᠰ ᠴᠢᠭᠯᠡᠯ ᠤᠨ ᠲᠦᠷᠪᠡᠨ ᠴᠤᠪᠤᠭ᠎ᠠ ᠵᠠᠮ ᠤᠨ ᠪᠠᠷᠢᠮᠵᠢᠶ᠎ᠠ ᠪᠠᠷ ᠵᠠᠰᠠᠵᠤ᠂  ᠬᠤᠷᠳᠤᠴᠠ ᠶᠢ ᠴᠠᠭ ᠪᠦᠷᠢ ᠳᠤ 100 ᠺᠢᠯᠤᠮᠧᠲᠷ ᠢᠶᠠᠷ ᠲᠦᠯᠦᠪᠯᠡᠪᠡ᠃    ᠤᠯᠵᠠᠴᠢ ᠠᠴᠠ ᠳ᠋ᠦᠡᠭ ᠳ᠋ᠤᠤ ᠯᠢᠶᠠᠩ ᠭᠦᠷᠭᠦ ᠲᠦᠷᠬᠡᠨ ᠵᠠᠮ ᠲᠡᠷᠭᠡ ᠨᠡᠪᠳᠡᠷᠡᠭᠰᠡᠨ ᠤ ᠲᠠᠷᠠᠭ᠎ᠠ᠂ ᠤᠷᠤᠨ ᠨᠤᠳᠤᠭ ᠤᠨ ᠵᠠᠮ ᠬᠠᠷᠢᠯᠴᠠᠭᠠᠨ ᠤ ᠲᠤᠤᠷᠵᠢᠯ ᠤᠨ ᠪᠦᠳᠦᠴᠡ ᠶᠢ ᠰᠢᠯᠢᠳᠡᠭᠵᠢᠭᠦᠯᠦᠨ᠂ ᠨᠢᠩᠰᠢᠶᠠ ᠶᠢᠨ ᠨᠢᠩ ᠳ᠋ᠦᠩ ᠠᠵᠤ ᠤᠶᠢᠯᠡᠳᠪᠤᠷᠢ ᠶᠢᠨ ᠭᠦᠷᠢᠶᠠᠯᠠᠩ ᠲᠤᠭᠤᠷᠢᠭ ᠪᠤᠯᠤᠨ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠡᠨᠧᠷᠭᠢ ᠭᠢᠮᠢ ᠶᠢᠨ ᠠᠵᠤ ᠤᠶᠢᠯᠡᠳᠪᠤᠷᠢ ᠶᠢᠨ ᠰᠠᠭᠤᠷᠢᠨ ᠭᠠᠵᠠᠷ ᠤᠨ ᠨᠡᠭᠦᠷᠡᠰᠤᠨ ᠤ ᠡᠭᠢ ᠰᠤᠷᠪᠤᠯᠵᠢ ᠶᠢ ᠭᠠᠳᠠᠭᠰᠢ ᠲᠡᠭᠡᠭᠡᠪᠤᠷᠢᠯᠡᠭᠦ ᠳᠤ ᠮᠠᠰᠢ ᠲᠦᠭᠦᠮ ᠦᠵᠡᠭᠦᠯᠵᠤ᠂ ᠭᠠᠵᠠᠷ ᠤᠷᠤᠨ ᠤ ᠡᠭᠢ ᠪᠠᠶᠠᠯᠢᠭ ᠤᠨ ᠲᠠᠪᠠᠭᠤᠯᠢᠭ ᠢ ᠠᠵᠤ ᠠᠬᠤᠢ ᠶᠢᠨ ᠲᠠᠪᠠᠭᠤᠯᠢᠭ ᠪᠤᠯᠭᠠᠨ ᠬᠤᠪᠢᠷᠠᠭᠤᠯᠵᠤ᠂ ᠭᠠᠵᠠᠷ ᠤᠷᠤᠨ ᠤ ᠠᠵᠤ ᠠᠬᠤᠢ ᠶᠢᠨ ᠭᠦᠭᠵᠢᠯᠳᠠ ᠶᠢ ᠲᠦᠷᠭᠡᠳᠭᠡᠭᠦ ᠳᠤ ᠠᠯᠤᠰ ᠭᠡᠳᠤ ᠶᠢᠨ ᠠᠴᠢ ᠬᠤᠯᠪᠤᠭᠳᠠᠯ ᠦᠵᠡᠭᠦᠯᠭᠦ ᠪᠤᠯᠤᠨ᠎ᠠ᠃  
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号