ᠮᠠᠨ ᠤ ᠬᠤᠰᠢᠭᠤ ︽ᠠᠨᠠᠷ ᠪᠤᠯᠪᠠᠰᠤᠷᠠᠯ᠎ᠠ︾ ᠭᠡᠬᠦ ᠳᠠᠭᠤᠯᠠᠯᠳᠤ ᠵᠦᠴᠦᠬᠡ ᠪᠠᠨ ᠤᠷᠳᠤᠰ ᠬᠤᠳᠠ ᠶᠢᠨ ᠶᠡᠭᠡ ᠲᠢᠶᠠᠲᠷ ᠲᠤ ᠲᠤᠭᠯᠠᠨ ᠦᠵᠡᠬᠦᠯᠪᠡ
ᠨᠡᠶᠢᠲᠡᠯᠡᠭᠰᠡᠨ ᠴᠠᠭ᠄
2018-06-06
   5 ᠰᠠᠷ᠎ᠠ ᠶᠢᠨ 18 ᠤ ᠡᠳᠦᠷ᠂ ᠮᠠᠨ ᠤ ᠬᠤᠰᠢᠭᠤᠨ ᠤ ᠤᠯᠠᠭᠠᠡᠮᠦ᠋ᠴᠢᠷ ︽ᠠᠨᠠᠷ ᠪᠤᠯᠪᠠᠰᠤᠷᠠᠯ᠎ᠠ︾ ᠭᠡᠬᠦ ᠬᠤᠪᠢᠰᠬᠠᠯᠳᠤ ᠳᠠᠭᠤᠯᠠᠯᠳᠤ ᠵᠦᠴᠦᠬᠡ ᠪᠠᠨ ᠤᠷᠳᠤᠰ ᠶᠡᠭᠡ ᠲᠢᠶᠠᠲᠷ ᠲᠤ ᠠᠮᠵᠢᠯᠳᠠ ᠲᠠᠢ ᠲᠤᠭᠯᠠᠵᠤ᠂ ᠭᠠᠨᠵᠤᠭ᠎ᠠ ᠲᠦᠬᠦᠷᠡᠩ ᠪᠤᠴᠠᠵᠤ  ᠢᠷᠠᠪᠠ᠃    ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠳᠡᠳ᠋ ᠳᠠᠷᠤᠭ᠎ᠠ ᠴᠧᠨ ᠰᠢ᠂ ᠬᠤᠳᠠ ᠶᠢᠨ ᠰᠤᠶᠤᠯ ᠰᠤᠨᠢᠨ ᠮᠡᠳᠡᠭᠡ ᠭᠡᠪᠯᠡᠯ ᠷᠠᠳᠢᠤ᠋ ᠲᠧᠯᠸᠢᠰ ᠲᠤᠪᠴᠢᠶᠠᠨ ᠤ ᠬᠠᠷᠢᠭᠤᠴᠠᠯᠭᠠᠳᠠᠨ᠂ ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠬᠠᠮᠢᠶ᠎ᠠ ᠪᠦᠬᠦᠢ ᠭᠡᠰᠡᠭ ᠳᠤᠰᠬᠠᠢ ᠮᠡᠷᠭᠡᠵᠢᠯᠳᠡᠨ ᠨᠠᠷ ᠤᠷᠢᠯᠭ᠎ᠠ ᠪᠠᠷ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠪᠦᠷᠢᠯᠳᠦᠬᠦᠨ ᠵᠠᠩ ᠮᠢᠩ᠂ ᠬᠤᠰᠢᠭᠤ ᠳᠡᠳ᠋ ᠳᠠᠷᠤᠭ᠎ᠠ ᠪᠠᠢ ᠲᠦᠡᠭ᠂ ᠯᠢᠦᠢ ᠶᠤᠤ ᠹᠸᠡᠭ ᠨᠠᠷ ᠠᠬᠤᠢ ᠲᠠᠯᠠᠪᠡᠢ ᠳᠤ ᠰᠤᠨᠢᠷᠬᠠᠨ ᠦᠵᠠᠪᠡ᠃    ᠡᠨᠡ ᠬᠦ ᠵᠦᠴᠦᠬᠡ ᠳᠤ ᠭᠤᠤᠯᠳᠠᠭᠤ ᠶᠠᠫᠥᠨ ᠢ ᠡᠰᠡᠷᠬᠦᠴᠡᠬᠦ ᠳᠠᠶᠢᠨ ᠤ ᠰᠡᠬᠦᠯᠴᠢ ᠶᠢᠨ ᠦᠶ᠎ᠡ ᠳᠤ ᠪᠤᠯᠤᠭᠰᠠᠨ ᠶᠠᠨ ᠠᠨ ᠤ ᠦᠨᠳᠦᠰᠦᠳᠡᠨ ᠤ ᠳᠡᠭᠡᠳᠤ ᠰᠤᠷᠭᠠᠭᠤᠯᠢ ᠤᠳᠤ ᠶᠢᠨ ᠪᠤᠷᠤᠪᠠᠯᠭᠠᠰᠤ ᠪᠠᠯᠭᠠᠰᠤᠨ ᠳᠤ ᠨᠡᠬᠦᠨ ᠢᠷᠡᠵᠤ᠂ ᠡᠯ᠎ᠡ ᠦᠨᠳᠦᠰᠦᠳᠡᠨ ᠤ ᠰᠤᠷᠤᠭᠴᠢᠤᠨ ᠪᠤᠯᠤᠨ ᠠᠮᠧᠷᠢᠺᠠ ᠶᠢᠨ ᠲᠤᠰᠬᠠᠢ ᠮᠡᠷᠭᠡᠵᠢᠯᠳᠡᠨ ᠡᠷᠸᠢᠨ ᠡᠸ᠋ᠨ᠋ᠰᠲ ᠪᠠ ᠵᠤᠨ ᠡᠾᠢᠨᠲ᠋ᠦ᠋ᠨ ᠤ ᠪᠤᠷᠤᠪᠠᠯᠭᠠᠰᠤᠨ ᠳᠤ ᠬᠠᠷᠢᠯᠴᠠᠨ ᠰᠤᠷᠤᠯᠴᠠᠨ᠂ ᠬᠠᠷᠢᠯᠴᠠᠨ ᠰᠤᠶᠤᠯ ᠢᠶᠠᠨ ᠰᠤᠯᠢᠯᠴᠠᠵᠤ᠂ ᠬᠠᠮᠳᠤᠪᠡᠷ ᠬᠦᠳᠡᠯᠮᠦᠷᠢᠯᠡᠨ᠂ ᠬᠠᠮᠳᠤᠪᠡᠷ ᠳᠠᠪᠰᠢᠭᠰᠡᠨ ᠦᠯᠢᠬᠡᠷ ᠳᠡᠤᠬᠡ ᠶᠢ ᠠᠮᠢᠳᠤᠯᠢᠭ ᠲᠦᠷᠰᠦᠯᠢᠭ ᠢᠯᠡᠤᠨᠬᠡᠵᠤ ᠴᠢᠳᠠᠭᠰᠠᠨ ᠪᠠᠶᠢᠨ᠎ᠠ᠃ ᠡᠬᠦᠨ ᠤ ᠳᠠᠭᠠᠤ ᠪᠠᠰᠠ ᠰᠤᠷᠤᠭᠴᠢᠤᠨ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ ᠤᠷᠳᠤᠨ ᠢ ᠪᠡᠯᠡᠤᠨᠬᠡᠨ ᠪᠠᠶᠢᠭᠤᠯᠵᠤ ᠬᠤᠪᠢᠰᠬᠠᠯ ᠬᠢᠭᠰᠡᠨ ᠡᠯ᠎ᠡ ᠭᠤᠭᠴᠤᠭ᠎ᠠ  ᠳᠠᠬᠢ ᠪᠤᠶᠢᠵᠢᠯᠳᠡ ᠶᠢᠨ ᠶᠠᠪᠤᠴᠠ ᠶᠢ ᠳᠠᠶᠢᠯᠪᠤᠷᠢᠯᠠᠨ ᠢᠯᠡᠤᠨᠬᠡᠭᠰᠡᠨ ᠪᠠᠶᠢᠳᠠᠭ᠃    ᠵᠦᠴᠦᠬᠡ ᠨᠢ ᠤᠯᠠᠨ ᠲᠦᠷᠦᠯ ᠤᠨ ᠤᠷᠠᠯᠢᠭ ᠤᠨ ᠬᠡᠯᠪᠡᠷᠢ ᠪᠠᠷ ︽ᠠᠨᠠᠷ ᠵᠢᠮᠢᠰ ᠪᠤᠯᠪᠠᠰᠤᠷᠠᠬᠤ ᠳᠤ ᠪᠠᠨ ᠨᠢᠳᠤᠷᠭ᠎ᠠ ᠮᠡᠳᠤ ᠪᠠᠶᠢᠵᠤ᠂ ᠦᠨᠳᠦᠰᠦᠳᠡᠨ ᠤ ᠪᠦᠯᠬᠦᠮᠳᠡᠯ ᠨᠢ ᠴᠤ ᠠᠨᠠᠷ ᠵᠢᠮᠢᠰ ᠮᠡᠳᠤ︾ ᠪᠠᠶᠢᠬᠤ ᠦᠨᠳᠦᠰᠦᠳᠡᠨ  ᠤ ᠪᠦᠯᠬᠦᠮᠳᠡᠯ ᠤᠨ ᠵᠤᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠶᠠᠨ ᠠᠨ ᠤ ᠦᠨᠳᠦᠰᠦᠳᠡᠨ ᠤ ᠳᠡᠭᠡᠳᠤ ᠰᠤᠷᠭᠠᠭᠤᠯᠢ ᠶᠢᠨ ᠦᠨᠳᠦᠰᠦᠳᠡᠨ ᠤ ᠬᠤᠪᠢᠰᠬᠠᠯ ᠤᠨ ᠠᠮᠵᠢᠯᠳᠡ ᠪᠦᠲᠦᠬᠡᠯ ᠳᠤ ᠯᠤᠳᠤ ᠶᠡᠭᠡ ᠬᠤᠪᠢ ᠨᠡᠮᠡᠷᠢ ᠦᠵᠡᠬᠦᠯᠦᠭᠰᠡᠨ ᠠᠬᠤᠢ ᠪᠠᠶᠢᠳᠠᠯ ᠢ ᠠᠮᠢᠳᠤᠯᠢᠭᠵᠢᠭᠤᠯᠵᠤ ᠴᠢᠳᠠᠭᠰᠠᠨ ᠪᠠᠶᠢᠨ᠎ᠠ᠃    ᠦᠵᠡᠭᠴᠢᠳ ᠵᠦᠴᠦᠬᠡ ᠳᠠᠬᠢ ᠳᠡᠤᠬᠡ ᠶᠢᠨ ᠤᠷᠴᠢᠨ ᠠᠬᠤᠢ ᠶᠢᠨ ᠳᠤᠮᠳᠠ ᠢᠯᠡᠷᠡᠵᠤ ᠪᠦᠬᠦᠢ ᠦᠵᠡᠮᠵᠢ ᠪᠠᠶᠢᠳᠠᠯ ᠵᠢᠴᠢ ᠳᠠᠶᠢᠰᠠᠨ ᠤ ᠭᠡᠷᠡᠯᠳᠦᠬᠦᠯᠬᠡ᠂ ᠳᠠᠭᠤᠯᠠᠬᠤᠢ  ᠤᠷᠠᠯᠢᠭ᠂ ᠲᠠᠭᠤᠤ ᠪᠦᠵᠢᠭ ᠤᠨ ᠠᠭᠤᠰᠤᠯᠴᠠᠯ ᠪᠦᠬᠦᠨ ᠠᠴᠠ ᠬᠤᠪᠢᠰᠬᠠᠯᠳᠤ ᠴᠠᠭ ᠦᠶ᠎ᠡ ᠶᠢᠨ ᠡᠯ᠎ᠡ ᠦᠨᠳᠦᠰᠦᠳᠡᠨ ᠨᠦᠭᠦᠳ ᠤᠨ ᠠᠷᠠᠤᠨ ᠲᠦᠮᠡᠨ ᠤ ᠡᠶ᠎ᠡ ᠨᠠᠶᠢᠷᠰᠠᠭ ᠠᠬᠤᠢ ᠪᠠᠶᠢᠳᠠᠯ ᠢ ᠪᠠᠭ᠋ᠠᠳᠤᠨ ᠰᠤᠨᠢᠷᠬᠠᠭᠰᠠᠨ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号