ᠭᠤᠷᠪᠠᠨ ᠮᠤᠵᠢ ᠤᠷᠤᠨ ᠤ ᠬᠤᠪᠴᠠᠰᠤ ᠵᠠᠰᠠᠯ ᠤᠨ ᠰᠤᠶᠤᠯ ᠤᠨ ᠨᠠᠶᠢᠷ ᠠᠮᠵᠢᠯᠳᠠ ᠲᠠᠢ  ᠳᠡᠬᠦᠰᠪᠠ
ᠨᠡᠶᠢᠲᠡᠯᠡᠭᠰᠡᠨ ᠴᠠᠭ᠄
2018-06-06
   5 ᠰᠠᠷ᠎ᠠ ᠶᠢᠨ 19 ᠤ ᠡᠳᠤᠷ᠂ ᠠᠩᠬᠠᠳᠠᠭᠴᠢ ᠬᠤᠭᠤᠴᠠᠭᠠᠨ ᠤ ᠦᠪᠦᠷ ᠮᠤᠩᠭᠤᠯ᠂ ᠱᠠᠨᠰᠢ᠂ ᠨᠢᠩᠰᠢᠶᠠ ᠭᠤᠷᠪᠠᠨ ᠤᠷᠤᠨ ᠤ ︽ᠪᠠᠭ᠋ᠠᠷᠬᠠᠯ ᠢ ᠳᠠᠳᠠᠭᠰᠠᠨ ᠡᠮᠡᠭᠳᠡᠢ᠂ ᠮᠠᠨᠵᠤ ᠲᠡᠷᠯᠢᠭ ᠤᠨ ᠭᠠᠶᠢᠬᠠᠮᠰᠢᠭ︾ ᠬᠤᠪᠴᠠᠰᠤ ᠵᠠᠰᠠᠯ ᠤᠨ ᠰᠤᠶᠤᠯ ᠤᠨ ᠨᠠᠶᠢᠷ ᠮᠠᠨ ᠤ ᠬᠤᠰᠢᠭᠤᠨ ᠳᠤ ᠠᠮᠵᠢᠯᠳᠠ ᠲᠠᠢ ᠶᠠᠪᠤᠭᠳᠠᠪᠠ᠃ᠡᠨᠡ ᠤᠳᠠᠭᠠᠨ ᠤ ᠨᠠᠶᠢᠷ ᠲᠤ ᠭᠤᠷᠪᠠᠨ ᠮᠤᠵᠢ ᠤᠷᠤᠨ ᠤ 11 ᠪᠦᠯᠬᠦᠮ ᠨᠡᠶᠢᠳᠡ ᠤᠷᠤᠯᠴᠠᠵᠤ᠂ ᠪᠦᠯᠬᠦᠮ ᠨᠡᠶᠢᠳᠡ  ᠶᠢᠨ ᠤᠷᠤᠯᠳᠤᠭᠠᠨ ᠪᠤᠯᠤᠨ ᠬᠤᠪᠢ ᠬᠦᠮᠦᠨ ᠤ ᠤᠷᠤᠯᠳᠤᠭᠠᠨ ᠬᠤᠶᠠᠷ ᠲᠤᠭᠤᠶᠢᠯᠠᠩ ᠬᠤᠪᠢᠶᠠᠨ ᠶᠠᠪᠤᠭᠳᠠᠭᠤᠯᠪᠠ᠃    ᠮᠠᠨᠵᠤ ᠳᠡᠷᠯᠢᠭ ᠪᠤᠯ ᠳᠤᠮᠳᠠᠳᠤ ᠤᠯᠤᠰ ᠪᠠ ᠳᠤᠮᠳᠠᠳᠤ ᠶᠢᠨ ᠬᠠᠷᠢᠶᠠᠳᠤ ᠡᠮᠡᠭᠳᠡᠶᠢᠴᠤᠤᠨ ᠤᠨ ᠤᠯᠠᠮᠵᠢᠯᠠᠯᠳᠤ ᠬᠤᠪᠴᠠᠰᠤ ᠵᠠᠰᠠᠯ ᠪᠤᠯᠤᠨ᠎ᠠ︔ ᠳᠤᠮᠳᠠᠳᠤ ᠤᠯᠤᠰ ᠤᠨ ᠰᠤᠶᠤᠯ ᠤᠨ ᠤᠬᠢ᠂ ᠤᠯᠤᠰ ᠤᠨ ᠬᠤᠪᠴᠠᠰᠤ ᠬᠡᠬᠦ ᠢᠷᠠᠭᠤ ᠠᠯᠳᠠᠷ ᠲᠠᠢ︔ ᠤᠷᠤᠯᠳᠤᠭᠠᠨ ᠳᠤ ᠤᠷᠤᠯᠴᠠᠭᠰᠠᠤᠨ ᠦᠪᠡᠷ ᠦᠪᠡᠷ ᠤᠨ ᠢᠶᠠᠨ ᠦᠪᠡᠷᠮᠢᠴᠡ ᠤᠨᠴᠠᠯᠢᠭᠳᠤ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ᠲᠦᠪᠯᠡᠬᠦᠨ ᠶᠡᠬᠡᠮᠰᠦᠭ᠂ ᠴᠡᠪᠡᠷ ᠴᠡᠮᠴᠡᠭᠡᠷ ᠦᠪᠡᠷᠮᠢᠴᠡ ᠤᠨᠴᠠᠯᠢᠭ ᠢ ᠬᠦᠢᠴᠡᠳ ᠲᠤᠪᠤᠶᠢᠯᠭᠠᠨ᠂ ᠭᠠᠷ ᠲᠠᠭᠠᠨ ᠰᠡᠪᠢᠬᠦᠷ ᠪᠤᠶᠤ ᠰᠢᠬᠦᠷ ᠠᠤᠨᠬᠤᠨ᠂ ᠠᠶᠢᠵᠠᠮ ᠴᠤᠬᠢᠯᠭ᠎ᠠ ᠲᠠᠢ ᠠᠯᠬᠤᠭ᠎ᠠ ᠤᠷᠮ᠎ᠠ ᠳᠡᠮᠳᠡᠢ ᠬᠦᠳᠡᠯᠦᠯ ᠪᠠᠷᠢᠯ ᠢᠶᠠᠷ ᠢᠶᠠᠨ ᠦᠵᠡᠭᠴᠢᠳ ᠤᠨ ᠲᠠᠭᠠᠰᠢᠶᠠᠯ ᠢ ᠤᠯᠵᠤ᠂ ᠦᠨᠳᠦᠰᠦᠳᠡᠨ ᠤ ᠭᠤᠸ᠎ᠠ ᠰᠠᠶᠢᠬᠠᠨ ᠤ ᠬᠦᠷᠳᠡᠭᠡᠯ ᠢ ᠤᠯᠠᠨ ᠲᠦᠮᠡᠨ ᠳᠤ  ᠬᠦᠷᠬᠡᠪᠡ᠃      ᠦᠤᠰᠢᠨ ᠬᠤᠰᠢᠭᠤᠨ ᠤ ᠮᠠᠨᠳᠤᠴᠡᠴᠡᠭ᠄ ᠪᠢ ᠦᠤᠰᠢᠨ ᠬᠤᠰᠢᠭᠤᠨ ᠠᠴᠠ ᠢᠷᠡᠭᠰᠡᠨ᠂ ᠡᠨᠡ ᠤᠳᠠᠭ᠎ᠠ ᠴᠤᠬᠤᠮ ᠰᠠᠶᠢᠬᠠᠨ ᠪᠤᠯᠤᠯ᠎ᠠ᠂ ᠪᠢ ᠤᠷᠤᠯᠴᠠᠭᠰᠠᠨ ᠳᠤ ᠪᠠᠨ ᠮᠠᠰᠢ ᠶᠡᠭᠡ ᠪᠠᠶᠠᠷᠯᠠᠵᠤ ᠪᠠᠶᠢᠨ᠎ᠠ᠃ᠤᠳᠤᠭ ᠤᠨ ᠡᠮᠦᠨᠡᠳᠤ ᠬᠤᠰᠢᠭᠤᠨ ᠤ ᠶᠠᠩ ᠤᠷᠢᠬᠠᠨ᠄ ᠡᠨᠡ ᠤᠳᠠᠭᠠᠨ ᠤ ᠤᠷᠤᠯᠳᠤᠭᠠᠨ ᠳᠤ ᠪᠢ ᠨᠠᠶᠢᠵᠠ ᠨᠠᠷ  ᠢᠶᠠᠨ ᠵᠤᠬᠢᠶᠠᠨ ᠪᠠᠶᠢᠭᠤᠯᠤᠨ ᠤᠷᠤᠯᠴᠠᠭᠤᠯᠤᠭᠰᠠᠨ᠂ ᠵᠤᠷᠢᠯᠭ᠎ᠠ ᠨᠢ ᠦᠨᠳᠤᠰᠤᠳᠠᠨ ᠤ ᠬᠤᠪᠴᠠᠰᠤ ᠵᠠᠰᠠᠯ ᠢᠶᠠᠨ ᠨᠠᠩ ᠤᠯᠠᠨ ᠬᠦᠮᠦᠰ ᠲᠤ ᠮᠡᠳᠡᠬᠦᠯᠵᠤ᠂ ᠮᠠᠨ ᠤ ᠰᠤᠶᠤᠯ ᠤᠨ ᠭᠤᠶᠤ ᠰᠠᠶᠢᠬᠠᠨ ᠢ ᠭᠠᠶᠢᠬᠠᠭᠤᠯᠤᠨ  ᠬᠦᠮᠦᠰ ᠲᠤ ᠦᠵᠠᠬᠦᠯᠬᠦ ᠰᠠᠨᠠᠭᠠᠳᠡᠢ᠃    ᠤᠷᠤᠯᠳᠤᠭᠠᠨ ᠨᠢ ᠳᠤᠮᠳᠠᠳᠤ ᠤᠯᠤᠰ ᠤᠨ ᠰᠤᠶᠤᠯ ᠤᠨ ᠤᠬᠢ᠂ ᠤᠯᠤᠰ ᠤᠨ ᠬᠤᠪᠴᠠᠰᠤ ᠬᠡᠬᠦ ᠠᠯᠳᠠᠷ ᠲᠠᠢ ᠮᠠᠨᠵᠤ ᠳᠡᠷᠯᠢᠭ ᠢᠶᠠᠨ ᠨᠡᠶᠢᠭᠡᠮ ᠨᠡᠶᠢᠳᠡ ᠳᠤ ᠤᠯᠠᠮ ᠲᠠᠨᠢᠭᠤᠯᠵᠦ᠂ ᠤᠷᠠᠯᠠᠨ ᠲᠦᠰᠦᠪᠯᠡᠵᠦ ᠪᠠᠶᠢᠭ᠎ᠠ ᠤᠷᠠᠴᠤᠳ  ᠠᠴᠠ ᠠᠪᠢᠶᠠᠰ ᠴᠢᠳᠠᠪᠤᠷᠢ ᠪᠠᠨ ᠦᠵᠡᠬᠦᠯᠵᠦ᠂ ᠤᠷ᠎ᠠ ᠮᠡᠷᠭᠡᠵᠢᠯ ᠢᠶᠠᠨ ᠰᠤᠯᠢᠯᠴᠠᠨ ᠬᠠᠷᠢᠯᠴᠠᠨ ᠰᠤᠷᠤᠯᠴᠠᠬᠤ ᠲᠠᠪᠴᠠᠩ ᠢ ᠬᠠᠨᠭ᠍ᠭᠠᠨ ᠦᠭᠴᠦ᠂ ᠦᠪᠦᠷ ᠮᠤᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠤᠷᠤᠨ ᠤ ᠨᠦᠬᠦᠷᠰᠡᠭ ᠬᠠᠷᠢᠴᠠᠭ᠎ᠠ ᠶᠢ ᠤᠯᠠᠮ ᠪᠠᠳᠤᠤᠨᠬᠠᠵᠤ᠂ ᠬᠠᠮᠳᠤ ᠪᠠᠷ ᠢᠶᠠᠨ ᠡᠶ᠎ᠡ ᠵᠤᠬᠢᠴᠠᠯᠳᠤ ᠨᠡᠶᠢᠬᠡᠮ ᠢ ᠪᠦᠲᠦᠬᠡᠨ ᠪᠠᠶᠢᠭᠤᠯᠬᠤ  ᠳᠤ  ᠤᠶᠢᠯᠡᠴᠢᠯᠡᠪᠡ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号