ᠮᠣᠩᠭᠤᠯ ᠤᠯᠤᠰ ᠤᠨ ᠪᠠᠭᠠᠨᠠᠭᠤᠷ ᠰᠤᠶᠤᠯ ᠤᠷᠠᠯᠢᠭ ᠤᠨ ᠲᠤᠭᠯᠠᠯᠲᠠ ᠠᠵᠢᠯ ᠮᠠᠷᠭᠡᠵᠢᠯ ᠤᠨ ᠲᠤᠮᠳᠠᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2018-06-06
    5 ᠰᠠᠷ᠎ᠠ ᠶᠢᠨ 21 ᠤ ᠡᠳᠦᠷ᠂ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠮᠣᠩᠭᠤᠯ ᠤᠯᠤᠰ ᠤᠨ ᠪᠠᠭᠠᠨᠠᠭᠤᠷ ᠰᠤᠶᠤᠯ ᠤᠷᠠᠯᠢᠭ ᠤᠨ ᠲᠤᠭᠯᠠᠯᠲᠠ ᠭᠤᠶᠢᠳᠠ ᠰᠠᠶᠢᠬᠠᠨ ᠶᠠᠪᠤᠭᠳᠠᠪᠠ᠃     ᠬᠤᠰᠢᠭᠤ ᠦᠨᠳᠦᠰᠦᠲᠡᠨ ᠤ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠷᠢᠯᠭ᠎ᠠ ᠪᠠᠷ ᠢᠷᠡᠭᠰᠡᠨ ᠮᠣᠩᠭᠤᠯ ᠤᠯᠤᠰ ᠤᠨ ᠪᠠᠭᠠᠨᠠᠭᠤᠷ ᠬᠤᠲᠠ ᠶᠢᠨ ᠪᠠᠭᠠᠨᠠᠭᠤᠷ ᠰᠤᠶᠤᠯ ᠤᠨ ᠴᠢᠭᠤᠯᠭᠠᠨ ᠤ ᠤᠷᠠᠯᠢᠭᠴᠢᠳ᠂ ᠰᠤᠶᠤᠯ ᠤᠷᠠᠯᠢᠭ ᠤᠨ ᠴᠢᠭᠯᠡᠯ ᠢᠶᠠᠷ ᠰᠤᠷᠤᠯᠴᠠᠵᠤ ᠪᠠᠶᠢᠭ᠎ᠠ ᠳᠡᠭᠡᠲᠦ ᠤᠨ ᠤ ᠰᠤᠷᠤᠭᠴᠢᠳ ᠢᠶᠠᠷ ᠪᠦᠷᠢᠯᠳᠦᠭᠰᠡᠨ ᠠᠷᠪᠠᠨ ᠨᠠᠢᠮᠠᠨ ᠳᠤᠭᠯᠠᠭᠴᠢ《 ᠡᠾᠦ᠋ᠩᠨᠤᠴᠤᠤᠨ ᠤᠨ ᠳᠤᠮᠤᠭ》ᠭᠡᠬᠦ ᠪᠦᠵᠢᠭ ᠢᠶᠠᠷ ᠲᠤᠭᠯᠠᠯᠳᠠ  ᠶᠢᠨ ᠭᠦᠰᠢᠭᠡ ᠪᠠᠨ ᠢᠷᠠᠪᠠ᠃    ᠮᠣᠩᠭᠤᠯ ᠤᠯᠤᠰ ᠤᠨ ᠰᠤᠶᠤᠯ ᠤᠨ ᠲᠡᠷᠢᠭᠦᠨ ᠤ ᠠᠵᠢᠯᠲᠠᠨ ᠮᠦᠩᠭᠡᠪᠠᠶᠠᠷ᠂ ᠭᠠᠩᠳᠤᠯᠭᠠᠷ᠂ ᠪᠠᠲᠤᠭᠡᠷᠡᠯ ᠨᠠᠷ  ᠤᠨ《ᠰᠡᠷ ᠰᠡᠷ ᠰᠠᠯᠬᠢ》᠂《 ᠮᠣᠩᠭᠤᠯ ᠤᠨ ᠲᠠᠯ᠎ᠠ ᠨᠤᠲᠤᠭ 》ᠵᠡᠷᠭᠡ ᠮᠣᠩᠭᠤᠯ ᠠᠷᠠᠳ ᠤᠨ ᠤᠷᠲᠤ ᠶᠢᠨ ᠳᠠᠭᠤᠤ᠂ ᠬᠦᠩᠭᠢᠨᠡᠮ᠎ᠡ ᠬᠤᠭᠤᠯᠠᠶᠢᠲᠤ ᠭᠤᠴᠤᠯᠠᠯ ᠳᠠᠭᠤᠴᠢᠨ ᠮᠦᠩᠬᠡᠨ᠋ᠤᠴᠠᠷᠠᠯᠲᠤ ᠶᠢᠨ《 ᠡᠵᠡᠨᠲᠤ ᠭᠦᠷᠦᠨ》᠂《 ᠴᠢᠩᠭᠢᠰ ᠤᠨ ᠮᠤᠩᠭᠤᠯ》 ᠭᠡᠬᠦ ᠳᠠᠭᠤᠤ᠂ ᠭᠠᠪᠢᠶᠠᠲᠤ ᠵᠦᠴᠦᠭᠡᠴᠢᠨ ᠪᠤᠯᠤᠷᠮ᠎ᠠ᠂ ᠬᠤᠯᠠᠨ ᠨᠠᠷ ᠤᠨ ᠲᠤᠭᠯᠠᠭᠰᠠᠨ ᠪᠡᠶᠡᠯᠡᠭᠡ᠂ ᠴᠡᠴᠡᠷᠭᠡᠨ᠎ᠡ ᠵᠡᠷᠭᠡ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠦᠵᠢᠭ ᠤᠳ ᠦᠵᠡᠭᠴᠢᠳ ᠤᠨ ᠰᠤᠨᠢᠷᠬᠠᠯ ᠢ ᠶᠡᠭᠡ ᠪᠠᠷ ᠲᠠᠲᠠᠵᠤ᠂ ᠠᠯᠠᠭ᠎ᠠ ᠳᠠᠰᠢᠯᠲᠠ ᠶᠢᠨ ᠳᠠᠭᠤᠨ ᠪᠠ ᠤᠤᠬᠠᠶᠢᠯᠠᠯ ᠤᠨ ᠳᠠᠭᠤᠨ ᠲᠢᠩᠬᠢᠮ ᠲᠦᠬᠦᠷᠬᠡᠪᠡ᠃    ᠲᠤᠭᠯᠠᠯᠲᠠ ᠬᠤᠶᠠᠷ ᠴᠠᠭ ᠬᠢᠷᠢᠲᠡᠢ ᠶᠠᠪᠤᠭᠳᠠᠵᠤ᠂ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ  ᠶᠢᠨ ᠪᠦᠬᠦ ᠪᠠᠭᠰᠢ ᠰᠤᠷᠤᠭᠴᠢᠳ᠂ ᠭᠡᠷ ᠤᠨ ᠠᠬᠠᠮᠠᠳ ᠪᠠ ᠨᠡᠶᠢᠬᠡᠮ ᠤᠨ ᠡᠯ᠎ᠡ ᠡᠲᠡᠭᠡᠳ ᠤᠨ ᠬᠦᠮᠦᠰ ᠲᠤᠭᠯᠠᠯᠲᠠ ᠰᠤᠨᠢᠷᠬᠠᠪᠠ᠃    ᠰᠤᠷᠤᠭᠴᠢ ᠳᠦᠪᠰᠢᠨ᠄ ᠮᠣᠩᠭᠤᠯ ᠤᠯᠤᠰ ᠤᠨ ᠠᠬ᠎ᠠ ᠡᠭᠡᠴᠢ ᠨᠡᠷ ᠤᠨ ᠲᠤᠭᠯᠠᠯᠲᠠ ᠮᠠᠰᠢ ᠭᠤᠶᠤ ᠪᠠᠶᠢᠨ᠎ᠠ᠃ ᠪᠢ ᠮᠠᠰᠢ ᠪᠠᠭ᠋ᠠᠷᠬᠠᠯ᠎ᠠ︕    ᠰᠤᠷᠤᠭᠴᠢ ᠤᠶᠠᠩᠭ᠎ᠠ᠄ ᠪᠢ ᠦᠪᠡᠷ ᠢᠶᠠᠨ ᠪᠤᠯ ᠨᠠᠪᠲᠠᠷᠠᠭᠦᠯᠦᠭᠴᠢ ᠬᠦᠲᠦᠯᠦᠭᠴᠢ ᠶᠢᠨ ᠮᠡᠷᠭᠡᠵᠢᠯ ᠢᠶᠠᠷ ᠰᠤᠷᠤᠯᠴᠠᠵᠤ ᠪᠠᠶᠢᠭ᠎ᠠ᠂ ᠲᠡᠲᠡᠨ ᠤ ᠲᠤᠭᠯᠠᠯᠲᠠ ᠠᠴᠠ ᠮᠠᠰᠢ ᠠᠷᠪᠢᠨ ᠶᠠᠭᠤᠮ᠎ᠠ ᠶᠢ ᠮᠡᠳᠡᠵᠦ ᠰᠤᠷᠴᠤ ᠠᠪᠤᠪᠠ᠂ ᠮᠠᠰᠢ ᠭᠤᠶᠤ ᠪᠤᠯᠤᠯ᠎ᠠ᠃    ᠮᠣᠩᠭᠤᠯ ᠤᠯᠤᠰ ᠤᠨ ᠪᠠᠭᠠᠨᠠᠭᠤᠷ ᠰᠤᠶᠤᠯ ᠤᠷᠠᠯᠢᠭ ᠤᠨ ᠲᠤᠭᠯᠠᠯᠲᠠ ᠮᠣᠩᠭᠤᠯ ᠦᠨᠳᠦᠰᠦᠲᠡᠨ ᠤ ᠤᠬᠢ ᠰᠢᠯᠢᠳᠡᠭ ᠤᠷᠠᠯᠢᠭ ᠤᠨ ᠰᠢᠮ᠎ᠡ ᠶᠢ ᠦᠪᠦᠷ ᠮᠣᠩᠭᠤᠯ ᠤᠷᠤᠨ ᠤ ᠦᠷᠭᠡᠨ ᠤᠯᠠᠨ ᠦᠵᠡᠭᠴᠢᠳ ᠲᠤ ᠬᠦᠷᠲᠡᠭᠡᠭᠰᠡᠨ ᠪᠦᠭᠡᠳ ᠳᠤᠮᠳᠠᠳᠤ ᠮᠣᠩᠭᠤᠯ ᠬᠤᠶᠠᠷ ᠤᠯᠤᠰ ᠤᠨ ᠰᠤᠶᠤᠯ ᠤᠨ ᠰᠤᠯᠢᠯᠴᠠᠭ᠎ᠠ ᠶᠢ ᠠᠬᠢᠭᠤᠯᠵᠤ᠂ ᠨᠦᠬᠦᠷᠰᠡᠭ  ᠬᠠᠮᠳᠤᠷᠠᠯᠴᠠᠭ᠎ᠠ ᠪᠠᠨ ᠴᠢᠨᠠᠭᠰᠢᠲᠠ ᠴᠢᠩᠭᠠᠳᠬᠠᠬᠤ ᠳᠤ ᠳᠦᠯᠬᠢᠴᠡ ᠬᠦᠴᠦᠨ ᠪᠤᠯᠪᠠ᠃    ᠮᠣᠩᠭᠤᠯ ᠤᠯᠤᠰ ᠤᠨ ᠪᠠᠭᠠᠨᠠᠭᠤᠷ ᠬᠤᠲᠠ ᠶᠢᠨ ᠰᠤᠶᠤᠯ ᠤᠨ ᠤᠷᠳᠤᠨ ᠤ ᠳᠠᠷᠤᠭ᠎ᠠ ᠭᠠᠩᠴᠡᠴᠡᠭ᠄ ᠪᠢᠳᠡᠨ ᠤ ᠲᠤᠭᠯᠠᠯᠠᠲᠠ ᠤᠲᠤᠭ ᠤᠨ ᠡᠮᠦᠨᠡᠲᠦ ᠬᠤᠰᠢᠭᠤᠨ ᠳᠤ ᠮᠠᠰᠢ ᠠᠮᠵᠢᠯᠲᠠᠲᠠᠢ ᠶᠠᠪᠤᠭᠳᠠᠯ᠎ᠠ᠂ ᠬᠤᠶᠢᠰᠢᠲᠠ ᠮᠥᠨ ᠦᠷᠭᠦᠯᠵᠢ ᠶᠢᠨ ᠴᠢᠨᠡᠷᠲᠠᠢ ᠪᠠᠷ ᠰᠤᠶᠤᠯ ᠤᠨ ᠰᠤᠯᠢᠯᠴᠠᠭ᠎ᠠ ᠬᠢᠵᠦ᠂ ᠬᠠᠷᠢᠯᠴᠠᠨ ᠰᠤᠷᠤᠯᠴᠠᠨ ᠬᠠᠮᠲᠤᠷᠠᠨ ᠠᠵᠢᠯᠯᠠᠬᠤ ᠲᠠᠯ᠎ᠠ ᠪᠠᠷ ᠬᠢ ᠠᠵᠢᠯ ᠢᠶᠠᠨ ᠪᠠᠶᠢᠩᠭᠤ ᠦᠷᠨᠢᠭᠦᠯᠬᠦ ᠪᠠᠷ ᠪᠡᠯᠡᠳᠬᠡᠵᠦ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号