ᠮᠠᠩᠬᠠᠨ ᠤᠷᠤᠢ ᠲᠡᠭᠡᠷᠡᠬᠢ ᠨᠠᠮ ᠤᠨ ᠬᠢᠴᠢᠶᠡᠯᠯᠡᠭᠡ
ᠨᠡᠶᠢᠲᠡᠯᠡᠭᠰᠡᠨ ᠴᠠᠭ᠄
2018-06-06
   ᠤᠯᠵᠠᠴᠢ ᠪᠠᠯᠭᠠᠰᠤ ᠮᠠᠯᠴᠢᠳ ᠤᠨ ᠦᠢᠯᠡᠳᠪᠤᠷᠢᠯᠠᠯ ᠠᠮᠢᠳᠤᠷᠠᠯ ᠳᠤ ᠦᠢᠷᠠᠳᠤᠭᠰᠠᠨ ᠦᠪᠠᠷᠮᠢᠴᠡ ᠭᠡᠯᠪᠡᠷᠢ ᠪᠠᠷ ᠨᠠᠮ ᠤᠨ ᠬᠢᠴᠢᠶᠡᠯᠯᠡᠭᠡ ᠬᠢᠵᠤ᠂ ᠰᠢᠨ᠎ᠠ ᠴᠠᠭ ᠦᠶ᠎ᠠ ᠶᠢᠨ ᠰᠢ ᠶᠢᠨ ᠫᠢᠩ ᠤᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠭᠡᠮ ᠵᠢᠷᠤᠮ ᠤᠨ ᠦᠵᠠᠯ ᠰᠠᠨᠠᠭ᠎ᠠ ᠶᠢ ᠲᠤᠤᠱᠳᠡᠢ ᠤᠬᠠᠭᠤᠯᠤᠨ ᠶᠠᠷᠢᠪᠠ᠃    ᠤᠶᠢᠷ᠎ᠠ ᠳᠤ᠂ ᠤᠯᠵᠠᠴᠢ ᠪᠠᠯᠭᠠᠰᠤᠨ ᠤ ᠴᠠᠭᠠᠨᠪᠠᠯᠭᠠᠰᠤ ᠭᠠᠴᠠᠭᠠᠨ ᠤ ᠭᠡᠰᠡᠭ ᠮᠠᠯᠴᠢᠳ ᠮᠠᠩᠬᠠᠨ ᠤᠷᠤᠢ ᠲᠡᠭᠡᠷ᠎ᠠ ᠳᠤᠭᠤᠶᠢᠯᠠᠨ ᠰᠠᠭᠤᠵᠠᠭᠠᠵᠤ ︽ᠤᠬᠠᠭᠤᠯᠤᠨ ᠶᠠᠷᠢᠬᠤ ᠪᠦᠯᠭᠦᠮ︾ ᠤᠨ ᠲᠤᠰᠬᠠᠢ ᠭᠢᠴᠢᠶᠡᠯ ᠢ ᠰᠤᠨᠤᠰᠴᠤ᠂ ᠰᠢ ᠶᠢᠨ ᠫᠢᠡᠭ ᠤᠨ ᠦᠪᠤᠷ ᠮᠤᠩᠭᠤᠯ ᠳᠤ ᠪᠠᠶᠢᠴᠠᠭᠠᠨ ᠰᠤᠳᠤᠯᠤᠯᠳᠠ ᠭᠢᠭᠦ ᠦᠶ᠎ᠠ ᠳᠤ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠪᠠᠶᠢᠪᠠ᠃ ᠨᠠᠷᠢᠨ ᠤᠶᠢᠯᠠᠭᠠᠬᠤ ᠳᠤ ᠡᠨᠡ ᠨᠢ ᠲᠤᠰ ᠭᠠᠴᠠᠭᠠᠨ ᠤ ᠮᠠᠯᠴᠢᠨ ᠭᠡᠰᠢᠭᠵᠢᠷᠭᠠᠯ ᠤᠨ ᠳᠤ ᠪᠠᠶᠢᠵᠤ᠂ ᠨᠠᠮ ᠤᠨ ᠭᠡᠰᠢᠬᠦᠳ ᠬᠦᠳᠠᠯᠮᠤᠷᠢ ᠶᠢᠨ ᠵᠠᠪᠰᠠᠷ ᠲᠤ ᠪᠠᠨ ᠨᠠᠮ ᠤᠨ ᠬᠢᠴᠢᠶᠠᠯ ᠰᠤᠨᠤᠰᠴᠦ ᠪᠠᠶᠢᠭ᠎ᠠ ᠨᠢ ᠡᠨᠡ ᠪᠠᠶᠢᠪᠠ᠃ ᠭᠡᠰᠢᠭᠵᠢᠷᠭᠠᠯ ᠤᠳᠠᠭᠠᠨ ᠵᠢᠯ ᠢᠶᠠᠷ ᠭᠠᠳᠠᠭᠰᠢ ᠭᠠᠷᠴᠤ ᠬᠦᠴᠦ ᠶᠠᠪᠤᠭᠰᠠᠨ ᠵᠡᠷᠭᠡ ᠤᠯᠠᠨ ᠰᠢᠯᠳᠠᠭᠠᠨ ᠠᠴᠠ ᠪᠡᠯᠴᠢᠭᠡᠷ ᠢᠶᠠᠨ ᠬᠠᠮᠢᠶᠠᠷᠴᠤ ᠠᠷᠠᠴᠢᠯᠠᠭᠰᠠᠨ ᠦᠭᠡᠢ ᠠᠴᠠ ᠪᠤᠯᠤᠭᠠᠳ 3000 ᠭᠠᠷᠤᠢ ᠮᠤ᠋ ᠪᠡᠯᠴᠢᠭᠡᠷ ᠤᠨ 2000 ᠭᠠᠷᠤᠢ ᠮᠤ᠋ ᠨᠢ ᠭᠦᠨᠳᠤ ᠨᠤᠴᠢᠳᠡᠢ ᠡᠯᠡᠰᠦᠵᠢᠭᠰᠡᠨ ᠪᠤᠯᠬᠤᠷ ᠭᠠᠴᠠᠭᠠᠨ ᠤ ᠨᠡᠮ ᠤᠨ ᠡᠭᠦᠷ ᠡᠨᠡ ᠬᠦ ᠪᠠᠶᠢᠳᠠᠯ ᠳᠤ ᠴᠢᠭᠯᠡᠭᠦᠯᠦᠨ ᠨᠠᠮ ᠤᠨ ᠬᠡᠰᠢᠬᠦᠤᠨ ᠶᠡᠭᠡ ᠬᠤᠷᠠᠯ ᠢᠶᠠᠷ ᠵᠦᠪᠳᠡᠯᠴᠡᠭᠡᠳ᠂ ᠲᠠᠪᠤᠳᠤᠭᠠᠷ ᠰᠠᠷ᠎ᠠ ᠶᠢᠨ ᠨᠠᠮ ᠤᠨ ᠰᠤᠷᠤᠯᠴᠠᠯᠭ᠎ᠠ ᠪᠠᠨ ᠡᠳᠡᠨᠡᠶᠢᠬᠢᠨ ᠳᠤ ᠲᠤᠬᠢᠷᠠᠭᠤᠯᠵᠤ᠂ ᠬᠤᠷᠢᠨ ᠭᠡᠳᠤᠨ ᠨᠠᠮ ᠤᠨ ᠭᠡᠰᠢᠭᠦᠨ ᠪᠤᠯᠤᠨ ᠭᠡᠰᠢᠭᠦᠳ ᠤᠨ ᠲᠦᠯᠦᠭᠡᠯᠡᠭᠴᠢ ᠭᠡᠰᠢᠭᠵᠢᠷᠭᠠᠯ ᠤᠨ 200 ᠭᠠᠷᠤᠢ ᠮᠤ᠋ ᠡᠯᠡᠰᠤᠨ ᠳᠤ ᠳᠤᠷᠯᠤᠭ ᠤᠨ ᠰᠤᠶᠤᠭ᠎ᠠ ᠳᠠᠷᠢᠪᠠ᠃    ᠴᠠᠭᠠᠨᠪᠠᠯᠭᠠᠰᠤ ᠭᠠᠴᠠᠭ᠎ᠠ ᠶᠢᠨ ᠨᠠᠮ ᠤᠨ ᠡᠭᠦᠷ ᠤᠨ ᠱᠦᠵᠢ ᠰᠠᠶᠢᠬᠤᠢᠯᠵᠡᠢ᠄  ᠡᠨᠡ ᠠᠶᠢᠯ ᠮᠠᠯ ᠠᠵᠤ ᠠᠬᠤᠢ  ᠪᠠᠷ ᠠᠵᠤ ᠠᠮᠢᠳᠤᠷᠠᠯ ᠢᠶᠠᠨ ᠬᠢᠬᠦ ᠤᠴᠢᠷ ᠠᠴᠠ ᠪᠡᠯᠴᠢᠬᠡᠷ ᠤᠨ ᠪᠦᠷᠬᠦᠪᠴᠢ ᠶᠢ ᠰᠠᠶᠢᠵᠢᠷᠠᠭᠤᠯᠬᠤ ᠦᠬᠡᠢ ᠪᠤᠯ ᠮᠠᠯ  ᠤᠨ ᠳᠤᠭ᠎ᠠ ᠳᠤᠯᠤᠭᠠᠢ ᠶᠢ ᠨᠡᠮᠡᠭᠳᠡᠬᠦᠯᠵᠤ ᠳᠡᠶᠢᠯᠬᠦ ᠦᠬᠡᠢ᠂ ᠮᠠᠨ ᠤ ᠨᠠᠮ ᠤᠨ ᠬᠡᠰᠢᠬᠦᠳ ᠬᠠᠪᠤᠷ ᠵᠤᠨ ᠤ ᠬᠤᠭᠤᠴᠠᠭᠠᠨ ᠳᠤ ᠪᠠᠨ ᠪᠠᠰᠠ ᠶᠠᠭᠠᠷᠠᠤ ᠪᠤᠯᠬᠤᠷ ᠮᠤᠳᠤ ᠳᠠᠷᠢᠬᠤ ᠶᠢᠨ ᠵᠠᠪᠰᠠᠷ ᠲᠤ   ᠪᠠᠨ ᠬᠢᠴᠢᠶᠡᠯ ᠰᠤᠨᠤᠰᠴᠤ ᠠᠮᠵᠢᠯᠳᠠ ᠲᠠᠢ ᠰᠤᠷᠭᠠᠯ ᠬᠦᠷᠳᠡᠭᠰᠡᠨ᠃    ᠴᠠᠭᠠᠨᠪᠠᠯᠭᠠᠰᠤ ᠭᠠᠴᠠᠭᠠᠨ ᠳᠤ ᠲᠦᠷ ᠲᠤᠮᠢᠯᠠᠭᠳᠠᠭᠰᠠᠨ ᠺᠠᠳ᠋ᠷ ᠴᠤᠭᠳᠤ᠄ ᠪᠢ ᠨᠠᠮ ᠤᠨ ᠬᠡᠰᠢᠬᠦᠨ ᠤ ᠬᠤᠪᠢ  ᠪᠠᠷ ᠡᠨᠡ ᠤᠳᠠᠭᠠᠨ ᠤ ᠠᠵᠢᠯ ᠳᠤ ᠤᠷᠤᠭᠰᠠᠨ ᠳᠤ ᠶᠡᠭᠡ ᠬᠠᠨᠤᠮᠵᠢᠳᠠᠢ ᠪᠠᠶᠢᠨ᠎ᠠ᠃ ᠠᠵᠢᠯ ᠬᠦᠳᠡᠯᠮᠤᠷᠢ ᠬᠢᠴᠢᠶᠡᠯ ᠰᠤᠷᠤᠯᠭ᠎ᠠ ᠶᠢ ᠬᠠᠮᠳᠤ ᠪᠠᠷ ᠬᠢᠵᠤ᠂ ᠨᠠᠮ ᠤᠨ ᠬᠡᠰᠢᠬᠦᠳ ᠪᠤᠯᠤᠨ ᠮᠠᠯᠴᠢᠳ ᠲᠠᠢ ᠪᠠᠨ ᠮᠠᠩᠬᠠᠨ ᠤᠷᠤᠢ ᠳᠡᠬᠡᠷ᠎ᠡ ᠵᠤᠭᠤᠭᠳᠠᠭᠰᠠᠨ᠂ ᠪᠢᠳᠠ ᠨᠢᠬᠡ ᠨᠢ ᠬᠦᠴᠢᠷ ᠪᠡᠷᠬᠡᠰᠢᠶᠡᠯ ᠳᠤ ᠳᠤᠯᠭᠠᠷᠠᠬᠤ ᠦᠶ᠎ᠡ ᠳᠤ ᠪᠦᠬᠦᠳᠡᠬᠡᠷ ᠢᠶᠠᠨ ᠬᠠᠪᠰᠤᠷᠤᠨ ᠳᠡᠮᠵᠢᠯᠴᠠᠵᠤ ᠶᠠᠪᠤᠭᠰᠡᠨ᠃    ᠭᠢᠴᠢᠶᠡᠯ ᠤᠨ ᠲᠠᠷᠠᠭ᠎ᠠ᠂ ᠨᠠᠮ ᠤᠨ ᠭᠡᠰᠢᠭᠦᠳ ᠦᠷᠭᠦᠯᠵᠢᠯᠡᠨ ᠭᠦᠳᠡᠯᠮᠤᠷᠢᠯᠡᠵᠤ᠂ ᠨᠡᠷᠡ ᠲᠦᠬᠡᠨᠡᠳᠡᠯ᠎ᠡ ᠰᠢᠷᠠᠵᠤ ᠪᠠᠶᠢᠭᠰᠠᠨ ᠴᠤ ᠶᠠᠳᠠᠭᠤ ᠭᠦᠴᠢᠷᠳᠡᠯᠳᠡᠢ ᠡᠷᠤᠭᠡ ᠶᠢ ᠲᠡᠳᠭᠦᠵᠤ ᠡᠷᠳᠡ ᠨᠢᠭᠡᠨ ᠡᠳᠤᠷ ᠶᠠᠳᠠᠭᠤ ᠠᠴᠠ ᠠᠩᠭᠢᠵᠢᠷᠠᠭᠤᠯᠬᠤ ᠵᠤᠷᠢᠯᠳᠠ ᠨᠢ ᠶᠡᠷᠤᠩᠭᠡᠢ ᠱᠦᠵᠢ ᠶᠢᠨ ᠤᠷᠢᠶᠠᠯᠭ᠎ᠠ ᠲᠤᠤᠷ᠎ᠠ ᠨᠠᠩ ᠴᠤ ᠢᠳᠡᠭᠡᠯ ᠲᠦᠭᠦᠷᠡᠩ ᠪᠤᠯᠤᠭᠰᠠᠨ ᠪᠠᠶᠢᠪᠠ᠃    ᠴᠠᠭᠠᠨᠪᠠᠯᠭᠠᠰᠤ ᠭᠠᠴᠠᠭ᠎ᠠ ᠶᠢᠨ ᠨᠠᠮ ᠤᠨ ᠡᠭᠦᠷ ᠤᠨ ᠱᠦᠵᠢ ᠰᠠᠶᠢᠬᠤᠢᠯᠵᠡᠢ᠄  ᠵᠡᠬᠦᠨ ᠳᠠᠯ᠎ᠠ   ᠶᠢᠨ ᠪᠦᠷᠬᠦᠪᠴᠢ ᠴᠦ ᠪᠠᠷᠤᠭᠳᠠᠢ᠂ ᠡᠨᠡ ᠬᠡᠰᠡᠭ ᠨᠢ ᠨᠤᠭᠤᠭᠠᠵᠢᠭᠠᠳ ᠪᠤᠰᠴᠢᠬᠠᠪᠠᠯ᠂ ᠳᠠᠷᠠᠭ᠎ᠠ ᠵᠢᠯ ᠠᠴᠠ ᠪᠤᠰᠤᠤᠨ ᠢ  ᠨᠢ ᠨᠠᠮ ᠤᠨ ᠬᠡᠰᠢᠬᠦᠳ ᠲᠦᠯᠦᠬᠡᠯᠡᠭᠴᠢ ᠪᠠᠨ ᠵᠤᠬᠢᠶᠠᠨ ᠪᠠᠶᠢᠭᠤᠯᠤᠭᠠᠳ ᠳᠠᠷᠢᠵᠤ ᠦᠭᠬᠦ ᠵᠤᠷᠢᠯᠳᠠ ᠲᠠᠢ ᠪᠠᠶᠢᠬᠤ ᠶᠤᠮ᠃    ᠭᠡᠰᠢᠭᠵᠢᠷᠭᠠᠯ ᠤᠨ ᠭᠡᠷᠭᠡᠢ ᠤᠳᠤᠩᠭᠤᠸ᠎ᠠ᠄ ᠮᠤᠳᠤ ᠳᠠᠷᠢᠵᠤ ᠦᠭᠬᠦᠭᠰᠡᠨ ᠳᠡᠬᠡᠷ᠎ᠠ ᠠᠴᠠ ᠪᠤᠷᠤᠭᠠᠨ ᠤᠰᠤ ᠤᠷᠤᠭᠰᠠᠨ ᠪᠤᠯᠬᠤᠷ ᠨᠡᠩ ᠰᠠᠶᠢᠬᠠᠨ ᠤᠷᠭᠤᠯᠳᠠ ᠲᠠᠢ ᠪᠤᠯᠪᠠ᠃ ᠳᠠᠶᠠᠭᠠᠷ ᠢᠶᠠᠨ ᠬᠠᠮᠵᠢᠵᠤ ᠮᠠᠨ ᠤ ᠳᠤ ᠮᠤᠳᠤ ᠳᠠᠷᠢᠵᠤ ᠦᠭᠬᠦᠭᠰᠡᠨ ᠨᠢ ᠠᠮᠠᠷ ᠦᠬᠡᠢ᠂ ᠴᠤᠬᠤᠮ ᠰᠠᠶᠢᠬᠠᠨ ᠪᠠᠶᠢᠨ᠎ᠠ᠃ ᠠᠮᠢᠳᠤᠷᠠᠯ ᠤᠤᠯ ᠳᠤ ᠪᠠᠨ ᠶᠠᠭ ᠬᠦᠴᠢᠷᠳᠡᠵᠤ ᠪᠠᠶᠢᠭᠰᠠᠨ᠂ ᠤᠳᠤ ᠭᠠᠶᠢᠭᠤᠢ ᠪᠤᠯᠪᠠ᠂ ᠬᠤᠵᠢᠮ ᠨᠡᠩ ᠢᠯᠡᠬᠦᠦ ᠴᠢᠷᠮᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号