ᠰᠢᠨ ᠰᠢᠶᠣᠣ ᠷᠦᠢ ᠭᠡᠰᠡᠭ ᠵᠢᠭᠤᠯᠴᠢᠯᠡᠯ ᠤᠨ ᠦᠵᠡᠮᠵᠢ ᠶᠢᠨ ᠤᠷᠤᠨ ᠢᠶᠠᠷ ᠪᠠᠶᠢᠴᠠᠭᠠᠨ ᠰᠤᠳᠤᠯᠤᠯᠳᠠ ᠬᠢᠭᠦ  ᠳᠤ ᠪᠠᠨ  ᠬᠤᠪᠢᠰᠬᠠᠯᠳᠤ ᠬᠦᠮᠦᠵᠢᠯ  ᠪᠤᠯᠪᠠᠰᠤᠷᠠᠯ ᠤᠨ ᠰᠠᠭᠤᠷᠢᠨ ᠭᠠᠵᠠᠷ ᠲᠤ ᠲᠦᠰᠢᠭᠯᠡᠨ᠂ ᠪᠦᠬᠦ ᠴᠠᠷᠠᠭᠠᠨ ᠤ ᠵᠢᠭᠤᠯᠴᠢᠯᠡᠯ ᠤᠨ ᠠᠭᠢᠴᠠ ᠶᠢ ᠲᠦᠷᠬᠡᠳᠬᠡᠬᠦ ᠬᠡᠷᠡᠭᠳᠡᠢ ᠬᠡᠵᠦ ᠱᠠᠭᠠᠷᠳᠠᠪᠠ
ᠨᠡᠶᠢᠲᠡᠯᠡᠭᠰᠡᠨ ᠴᠠᠭ᠄
2018-06-08
      5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠢᠨ ᠰᠢᠶᠣᠣ ᠷᠦᠢ ᠬᠡᠰᠡᠭ ᠵᠢᠭᠤᠯᠴᠢᠯᠠᠯ ᠤᠨ ᠤᠷᠤᠨ ᠢᠶᠠᠷ ᠪᠠᠶᠢᠴᠠᠭᠠᠨ ᠰᠤᠳᠤᠯᠤᠯᠳᠠ ᠬᠢᠬᠦ ᠳᠤ ᠪᠠᠨ᠂  ᠬᠤᠪᠢᠰᠬᠠᠯᠳᠤ ᠬᠦᠮᠦᠵᠢᠯ  ᠪᠤᠯᠪᠠᠰᠤᠷᠠᠯ ᠤᠨ ᠰᠠᠭᠤᠷᠢᠨ ᠭᠠᠵᠠᠷ ᠤᠨ ᠡᠬᠢ  ᠰᠣᠷᠪᠣᠯᠵᠢ ᠳᠤ ᠲᠦᠰᠢᠭᠯᠡᠨ᠂ ᠬᠤᠰᠢᠭᠤᠨ ᠤ   ᠪᠠᠨ ᠵᠢᠭᠤᠯᠴᠢᠯᠠᠯ  ᠤᠨ ᠦᠵᠠᠮᠵᠢ ᠶᠢᠨ ᠤᠷᠤᠨ ᠤ ᠤᠨᠴᠠᠯᠢᠭ ᠢ ᠬᠦᠨᠵᠡᠬᠡᠢ ᠰᠤᠳᠤᠯᠵᠤ᠂ ᠪᠦᠬᠦ  ᠴᠠᠷᠠᠭᠠᠨ ᠤ ᠵᠢᠭᠤᠯᠴᠢᠯᠡᠯ ᠤᠨ ᠠᠭᠢᠴᠠ ᠶᠢ ᠲᠦᠷᠬᠡᠳᠬᠡᠬᠦ ᠬᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠰᠢᠨ ᠰᠢᠶᠣᠣ ᠷᠦᠢ ᠤᠷᠢᠳ ᠬᠤᠵᠢᠳ ᠪᠤᠷᠤᠪᠠᠯᠭᠠᠰᠤ ᠪᠠᠯᠭᠠᠰᠤᠨ ᠤ ᠶᠡᠭᠡ ᠲᠤᠬᠤᠢ᠂ ᠰᠤᠪᠠᠭ ᠤᠨ ᠵᠠᠳᠠᠭᠠᠢ  ᠶᠢᠨ ᠠᠷᠪᠠᠨ ᠭᠠᠵᠠᠷ ᠤᠨ ᠨᠣᠭᠤᠭᠠᠨ ᠭᠤᠳᠤᠮ᠂ ᠪᠠᠶᠠᠨᠰᠢᠪᠡᠷ ᠤᠨ ᠲᠠᠯ᠎ᠠ ᠨᠤᠳᠤᠭ᠂ ᠤᠯᠵᠠᠴᠢ ᠶᠢᠨ ᠶᠡᠭᠡ ᠲᠤᠯᠤᠨ  ᠤ  ᠠᠮᠢ ᠠᠬᠤᠢ  ᠰᠤᠶᠤᠯ ᠵᠢᠭᠤᠯᠴᠢᠯᠠᠯ ᠤᠨ ᠤᠷᠤᠨ ᠵᠡᠷᠭᠡ ᠦᠵᠡᠮᠵᠢ ᠶᠢᠨ ᠤᠷᠤᠨ ᠢᠶᠠᠷ ᠬᠦᠨᠵᠡᠬᠡᠶᠢᠷᠡᠨ᠂ ᠪᠦᠬᠦ ᠬᠤᠰᠢᠭᠤᠨ ᠤ ᠵᠢᠭᠤᠯᠴᠢᠯᠠᠯ ᠤᠨ ᠡᠬᠢ ᠰᠤᠷᠪᠤᠯᠵᠢ ᠶᠢ  ᠨᠡᠶᠢᠳᠭᠡᠨ ᠬᠤᠪᠢᠰᠬᠠᠯᠳᠤ ᠬᠦᠮᠦᠵᠢᠯ  ᠪᠣᠯᠪᠠᠰᠣᠷᠡᠯ ᠲᠠᠢ ᠠᠭᠤᠰᠣᠯᠴᠠᠭᠤᠯᠬᠤ᠂ ᠵᠢᠭᠤᠯᠴᠢᠯᠠᠯ ᠤᠨ ᠱᠤᠭᠤᠮ ᠢ ᠰᠢᠯᠢᠳᠡᠭᠵᠢᠬᠦᠯᠦᠨ  ᠵᠢᠭᠤᠯᠴᠢᠯᠠᠯ ᠤᠨ ᠪᠦᠳᠦᠬᠡᠭᠳᠡᠬᠦᠨ ᠢ ᠪᠠᠶᠠᠯᠢᠭᠵᠢᠭᠤᠯᠬᠤ ᠵᠡᠷᠭᠡ ᠠᠭᠤᠯᠭ᠎ᠠ   ᠪᠠᠷ  ᠲᠤᠬᠠᠢ ᠶᠢᠨ  ᠲᠠᠯᠠᠪᠤᠷ ᠤᠨ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃  ᠰᠢᠨ ᠰᠢᠶᠣᠣ ᠷᠦᠢ᠂ ᠮᠠᠨ   ᠤ  ᠬᠤᠰᠢᠭᠤᠨ ᠤ ᠲᠠᠯ᠎ᠠ ᠨᠤᠳᠤᠭ᠂  ᠨᠣᠭᠤ ᠴᠠᠶᠢᠳᠠᠮ᠂  ᠡᠯᠡᠰᠦ ᠮᠠᠩᠬ᠎ᠠ᠂  ᠴᠦᠩᠭᠦᠯ ᠭᠤᠤ ᠬᠢᠬᠡᠳ ᠬᠠᠭᠤᠴᠢᠨ ᠪᠠᠭᠤᠷᠢ ᠵᠡᠷᠭᠡ ᠡᠯᠪᠡᠭ ᠪᠠᠶᠠᠯᠢᠭ ᠵᠢᠭᠤᠯᠴᠢᠯᠠᠯ ᠤᠨ ᠡᠬᠢ ᠰᠤᠷᠪᠤᠯᠵᠢ ᠨᠢ ᠡᠳᠡᠭᠡᠳ ᠤᠨᠴᠠᠯᠢᠭ ᠲᠠᠢ ᠪᠠᠶᠢᠵᠤ  ᠂ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠵᠢᠭᠤᠯᠴᠢᠯᠠᠯ ᠤᠨ  ᠳᠦᠯᠦᠪ ᠲᠦᠷᠭᠦ ᠶᠢ ᠪᠦᠷᠢᠳᠤᠭᠦᠯᠦᠭᠰᠡᠨ ᠪᠡᠶᠢᠨ᠎ᠡ᠂ ᠬᠤᠪᠢᠰᠬᠠᠯᠳᠤ ᠬᠦᠮᠦᠵᠢᠯ ᠪᠤᠯᠪᠠᠰᠤᠷᠠᠯ ᠤᠨ ᠰᠠᠭᠤᠷᠢᠨ ᠭᠠᠵᠠᠷ  ᠤᠨ ᠬᠦᠨ ᠵᠤᠵᠠᠭᠠᠨ ᠡᠬᠢ ᠰᠤᠷᠪᠤᠯᠵᠢ ᠨᠢ ᠮᠠᠨ ᠤ  ᠬᠤᠰᠢᠭᠤᠨ ᠤ ︽ᠬᠤᠪᠢᠰᠬᠠᠯ ᠤᠨ ᠳᠡᠣᠭᠡ︾   ᠪᠠᠷ ᠭᠤᠤᠯ  ᠪᠤᠯᠭᠠᠭᠰᠠᠨ ᠪᠦᠬᠦ  ᠴᠠᠷᠠᠭᠠᠨ ᠤ ᠵᠢᠭᠤᠯᠴᠢᠯᠡᠯ ᠤᠨ ᠰᠢᠰᠲ᠋ᠧᠮ ᠤᠨ ᠪᠠᠶᠢᠭᠤᠯᠤᠯᠳᠠ ᠳᠤ ᠰᠢᠯᠢᠳᠡᠭ ᠰᠠᠶᠢᠨ ᠬᠦᠭᠵᠢᠯᠳᠡ ᠶᠢᠨ ᠠᠵᠠ ᠲᠤᠬᠢᠶᠠᠯ ᠠᠪᠴᠢᠷᠠᠭᠰᠠᠨ ᠪᠠᠶᠢᠨ᠎ᠠ᠃ ᠡᠯ᠎ᠡ ᠪᠠᠶᠢᠭᠤᠯᠭ᠎ᠠ ᠨᠢᠬᠡᠴᠡ  ᠪᠦᠬᠦ  ᠴᠠᠷᠠᠭᠠᠨ ᠤ ᠵᠢᠭᠤᠯᠴᠢᠯᠡᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠭᠦᠯᠭᠦ ᠴᠢᠬᠤᠯᠠ ᠨᠦᠯᠦᠬᠡᠯᠡᠯ ᠢ ᠬᠦᠨᠵᠡᠬᠡᠢ  ᠲᠠᠨᠢᠵᠤ᠂ ᠨᠢᠬᠡᠳᠦᠯᠳᠡᠢ ᠲᠦᠰᠦᠪᠯᠡᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂  ᠲᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠤᠪᠤᠷ ᠢᠶᠠᠷ ᠮᠠᠨ ᠤ ᠬᠤᠰᠢᠭᠤᠨ ᠤ ᠪᠦᠬᠦ  ᠴᠠᠷᠠᠭᠠᠨ ᠤ ᠵᠢᠭᠤᠯᠴᠢᠯᠠᠯ ᠤᠨ ᠬᠦᠭᠵᠢᠯᠳᠡ ᠶᠢᠨ ᠠᠬᠢᠴᠠ ᠶᠢ ᠪᠦᠬᠦ ᠬᠦᠴᠦᠨ ᠢᠶᠠᠷ  ᠲᠦᠷᠬᠡᠳᠬᠡᠭᠦ ᠬᠡᠷᠡᠭᠳᠡᠢ  ᠬᠡᠵᠤ  ᠴᠢᠬᠤᠯᠠᠴᠢᠯᠠᠪᠠ᠃  ᠰᠢᠨ ᠰᠢᠶᠣᠣ ᠷᠦᠢ᠂ ᠪᠦᠬᠦ  ᠴᠠᠷᠠᠭᠠᠨ ᠤ ᠵᠢᠭᠤᠯᠴᠢᠯᠡᠯ ᠤᠨ ᠠᠬᠢᠴᠠ ᠶᠢ ᠠᠳᠬᠤᠵᠤ᠂  ᠬᠤᠪᠢᠰᠬᠠᠯᠳᠣ ᠭᠦᠮᠦᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠡᠬᠢ  ᠰᠣᠷᠪᠣᠯᠵᠢ ᠳᠤ  ᠳᠦᠰᠢᠭᠯᠡᠵᠣ᠂ ᠡᠬᠢ ᠪᠠᠶᠠᠯᠢᠭ ᠢ ᠨᠡᠶᠢᠳᠭᠡᠭᠦ ᠶᠢ ᠲᠦᠷᠬᠡᠳᠭᠡᠨ᠂  ᠬᠠᠮᠳᠤ ᠳᠤ ᠨᠢ ᠲᠦᠰᠦᠪᠯᠡᠵᠦ᠂ ᠰᠢᠨᠵᠢᠯᠡᠬᠦ  ᠤᠬᠠᠭᠠᠠᠴᠢ ᠪᠠᠷ ᠪᠠᠶᠢᠷᠢᠯᠠᠭᠤᠯᠵᠤ᠂ ᠵᠢᠭᠤᠯᠴᠢᠯᠠᠯ ᠤᠨ ᠬᠦᠴᠦᠷᠭᠡᠭ ᠬᠤᠰᠢᠭᠤ ᠶᠢ  ᠪᠠᠶᠢᠭᠤᠯᠬᠤ ᠬᠡᠷᠡᠭᠳᠡᠢ᠂  ᠬᠤᠪᠢᠰᠬᠠᠯᠳᠣ ᠵᠢᠭᠤᠯᠴᠢᠯᠠᠯ ᠤᠨ ᠱᠤᠭᠤᠮ  ᠤᠨ ᠪᠠᠶᠢᠭᠤᠯᠤᠯᠳᠠ ᠳᠤ ᠲᠦᠰᠢᠭᠯᠡᠨ᠂  ᠵᠢᠭᠤᠯᠴᠢᠯᠠᠯ ᠪᠠ  ᠬᠤᠪᠢᠰᠬᠠᠯᠳᠣ  ᠬᠦᠮᠦᠵᠢᠯ ᠪᠣᠯᠪᠠᠰᠣᠷᠡᠯ ᠢ ᠤᠶᠠᠯᠳᠤᠭᠤᠯᠭᠰᠠᠨ ᠪᠠᠶᠠᠳᠡᠨ ᠦᠢᠯᠠᠭᠠᠬᠤ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠤᠨ᠂ ᠵᠢᠭᠤᠯᠴᠢᠯᠠᠯ  ᠤᠨ ᠦᠵᠠᠮᠵᠢ ᠶᠢ ᠬᠤᠪᠢᠰᠬᠠᠯᠳᠣ  ᠬᠦᠮᠦᠵᠢᠯ ᠲᠠᠢ ᠭᠦᠡᠵᠡᠬᠡᠢ  ᠠᠭᠤᠰᠤᠯᠴᠠᠭᠤᠯᠵᠤ᠂ ᠬᠤᠪᠢᠰᠬᠠᠯᠳᠣ ᠬᠦᠮᠦᠵᠢᠯ  ᠤᠨ ᠡᠯᠧᠮᠧᠨ᠋ᠲ ᠢ ᠦᠨᠳᠦᠰᠦᠳᠡᠨ ᠤ ᠡᠯᠧᠮᠧᠨ᠋ᠲ ᠲᠠᠢ ᠬᠦᠨᠵᠡᠬᠡᠢ ᠠᠭᠤᠰᠤᠯᠴᠠᠭᠤᠯᠬᠤ ᠬᠡᠷᠡᠭᠳᠡᠢ᠃ ᠵᠢᠭᠤᠯᠴᠢᠯᠠᠭᠰᠠᠳ  ᠢᠶᠠᠷ ᠲᠦᠪ ᠪᠤᠯᠭᠠᠬᠤ  ᠦᠵᠡᠯᠳᠡ ᠶᠢ ᠪᠤᠢ ᠪᠤᠯᠭᠠᠵᠤ᠂ ᠵᠢᠭᠤᠯᠴᠢᠯᠠᠯ ᠤᠨ ᠵᠠᠮ ᠱᠤᠭᠤᠮ᠂ ᠦᠵᠡᠮᠵᠢ ᠶᠢᠨ ᠤᠷᠤᠨ᠂  ᠵᠢᠭᠤᠯᠴᠢᠯᠠᠯ ᠤᠨ ᠪᠦᠳᠦᠬᠡᠭᠳᠡᠬᠦᠨ ᠳᠡᠭᠡᠨ ᠲᠦᠰᠢᠭᠯᠡᠵᠤ᠂ ᠲᠠᠲᠠᠬᠤ ᠬᠦᠴᠦᠨ᠂ ᠦᠷᠢᠰᠭᠦ ᠬᠦᠴᠦᠨ᠂ ᠨᠦᠯᠦᠬᠡᠯᠡᠬᠦ ᠬᠦᠴᠦᠨ ᠢᠶᠠᠨ  ᠲᠡᠭᠡᠭᠰᠢᠯᠡᠭᠦᠯᠭᠦ ᠬᠡᠷᠡᠭᠳᠡᠢ ᠭᠡᠵᠣ ᠱᠠᠭᠠᠷᠳᠠᠪᠠ  ᠃  ᠬᠤᠰᠢᠭᠤ ᠤᠯᠤᠰ ᠲᠦᠷᠦ ᠶᠢᠨ ᠵᠦᠪᠯᠡᠯᠬᠡᠨ ᠤ  ᠰᠢᠶᠡᠨ ᠤ ᠳᠡᠰ ᠤᠨ ᠤᠳᠤᠷᠢᠳᠤᠯᠭ᠎ᠠ᠂ ᠰᠤᠶᠤᠯ ᠵᠢᠭᠤᠯᠴᠢᠯᠠᠯ ᠤᠨ ᠪᠦᠯᠦᠭᠯᠡᠯ ᠤᠨ ᠬᠡᠷᠡᠭ  ᠮᠡᠳᠡᠭᠴᠢᠳ ᠤᠨ ᠲᠠᠷᠤᠭ᠎ᠠ ᠹᠧᠩ ᠵᠠᠨ ᠫᠢᠩ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠠᠢ ᠲᠦᠩ ᠪᠣᠯᠣᠨ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ ᠶᠢᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃                                              2018 ᠣᠨ ᠤ 5 ᠰᠠᠷ᠎ᠠ ᠶᠢᠨ30 ᠤ ᠡᠳᠣᠷ                                      
 
ᠢᠷᠡᠯᠲᠡ᠄ ᠣᠳᠤᠭ ᠤᠨ ᠡᠮᠣᠨᠡᠳᠣ ᠬᠤᠰᠢᠭᠤᠨ ᠤ ᠭᠡᠭᠡᠪᠴᠢ ᠰᠦᠯᠵᠢᠶ᠎ᠠ ᠠᠴᠠ ᠮᠣᠩᠭᠤᠯᠴᠢᠯᠠᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号