ᠬᠥᠮᠥᠨ ᠮᠠᠯ ᠳᠤ ᠬᠠᠮᠳᠤ ᠪᠠᠷ ᠬᠠᠯᠳᠠᠪᠤᠷᠢᠯᠠᠬᠤ ᠡᠪᠡᠳᠴᠢᠨ ᠭᠡᠳᠡᠭ ᠨᠢ ᠰᠡᠭᠡᠷᠳᠡᠨ ᠪᠠ ᠬᠥᠮᠥᠨ | ᠲᠥᠷᠥᠯᠬᠢᠳᠡᠨ ᠤ ᠬᠤᠭᠤᠷᠤᠨᠳᠤ ᠠᠶᠠᠨᠳᠠᠭᠠᠨ ᠳᠠᠮᠵᠢᠨ ᠳᠡᠯᠭᠡᠷᠡᠳᠡᠭ ᠡᠪᠡᠳᠴᠢᠨ ᠬᠢᠵᠢᠭ ᠤᠨ ᠬᠠᠯᠳᠠᠪᠤᠷᠢᠯᠠᠯ ᠢ | ᠬᠡᠯᠡᠵᠤ ᠪᠠᠶᠢᠨ᠎ᠠ᠃ ᠤᠳᠤᠬᠠᠨ ᠳᠤ ᠮᠡᠳᠡᠵᠤ ᠪᠠᠶᠢᠭ᠎ᠠ 200 ᠭᠠᠷᠤᠢ ᠵᠦᠢᠯ ᠤᠨ ᠠᠮᠢᠳᠠᠨ ᠤ ᠬᠠᠯᠳᠠᠪᠤᠷᠢᠳᠤ | ᠡᠪᠡᠳᠴᠢᠨ ᠪᠠ 100 ᠭᠠᠷᠤᠢ ᠵᠦᠢᠯ ᠤᠨ ᠮᠥᠯᠵᠢᠭᠦᠷ ᠬᠤᠷᠤᠬᠠᠢ ᠶᠢᠨ ᠡᠪᠡᠳᠴᠢᠨ ᠠᠴᠠ ᠪᠠᠭ᠎ᠠ ᠳᠠᠭᠠᠨ 190 | ᠭᠠᠷᠤᠢ ᠵᠦᠢᠯ ᠨᠢ ᠬᠥᠮᠥᠨ ᠳᠤ ᠬᠠᠯᠳᠠᠪᠤᠷᠢᠯᠠᠵᠤ ᠪᠠᠶᠢᠳᠠᠭ᠃ | ︵ᠨᠢᠭᠡ︶ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠤ ᠲᠥᠷᠥᠯ ᠬᠡᠯᠪᠡᠷᠢ ᠡᠪᠡᠳᠴᠢᠨ ᠤ ᠳᠡᠯᠭᠡᠷᠡᠬᠦ | ᠵᠦᠢ ᠶᠢᠨ ᠥᠵᠡᠯᠳᠡ ᠶᠢ ᠥᠨᠳᠥᠰᠥᠯᠡᠪᠡᠯ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠢ | ᠡᠪᠡᠳᠴᠢᠯᠡᠭᠦᠯᠥᠭᠴᠢ ᠶᠢᠨ ᠠᠮᠢᠳᠤᠷᠠᠯ ᠤᠨ ᠲᠡᠤᠬᠡ ᠶᠢᠨ ᠲᠥᠷᠥᠯ ᠬᠡᠯᠪᠡᠷᠢ ᠪᠠᠷ ᠨᠢ ᠲᠤᠤᠷᠠᠬᠢ ᠮᠡᠳᠤ ᠬᠤᠪᠢᠶᠠᠨ᠎ᠠ᠃ | ⒈ ᠰᠢᠭᠤᠳ ᠬᠠᠯᠳᠠᠪᠤᠷᠢᠯᠠᠬᠤ ᠴᠢᠨᠠᠷ ᠲᠠᠢ ᠬᠠᠯᠳᠠᠪᠤᠷᠢᠳᠤ ᠡᠪᠡᠳᠴᠢᠨ ᠰᠢᠭᠤᠳ ᠬᠠᠯᠳᠠᠪᠤᠷᠢᠯᠠᠬᠤ ᠴᠢᠨᠠᠷ | ᠪᠦᠬᠦᠢ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠡᠪᠡᠳᠴᠢᠯᠡᠭᠦᠯᠥᠭᠴᠢ ᠨᠢ ᠰᠡᠭᠡᠷᠳᠡᠨ ᠪᠠ ᠬᠥᠮᠥᠨ | ᠲᠥᠷᠥᠯᠬᠢᠳᠡᠨ ᠤ ᠬᠤᠭᠤᠷᠤᠨᠳᠤ ᠰᠢᠭᠤᠳ ᠬᠥᠷᠥᠯᠴᠡᠬᠦ ᠪᠤᠶᠤ ᠵᠠᠭᠤᠴᠢ ᠠᠮᠢᠳᠠᠨ᠂ ᠪᠤᠬᠢᠷᠳᠤᠭᠰᠠᠨ ᠪᠤᠳᠠᠰ ᠢᠶᠠᠷ | ᠳᠠᠮᠵᠢᠨ ᠳᠡᠯᠭᠡᠷᠡᠬᠦ ᠡᠪᠡᠳᠴᠢᠨ ᠢ ᠬᠡᠯᠡᠵᠤ ᠪᠠᠶᠢᠨ᠎ᠠ᠃ ᠵᠢᠱᠢᠶᠡᠯᠡᠪᠡᠯ ᠭᠠᠯᠵᠠᠭᠤ ᠡᠪᠡᠳᠴᠢᠨ᠂ ᠱᠥᠯᠭᠦᠭᠡ᠂ ᠪᠷᠦ᠋ᠽᠧᠯ | ᠡᠪᠡᠳᠴᠢᠨ᠂ ᠰᠥᠷᠢᠶ᠎ᠡ ᠡᠪᠡᠳᠴᠢᠨ᠂ ᠪᠤᠭᠤᠮ᠎ᠠ᠂ ᠶᠠᠮᠠ ᠵᠡᠷᠭᠡ ᠪᠠᠶᠢᠳᠠᠭ᠃ | ⒉ ᠡᠭᠡᠯᠵᠢᠯᠡᠨ ᠳᠡᠯᠭᠡᠷᠡᠬᠦ ᠬᠠᠯᠳᠠᠪᠤᠷᠢᠳᠤ ᠡᠪᠡᠳᠴᠢᠨ ᠬᠠᠮᠳᠤ ᠬᠠᠯᠳᠠᠪᠤᠷᠢᠯᠠᠬᠤ ᠡᠷᠭᠢᠯᠳᠡ ᠲᠠᠢ ᠳᠡᠯᠭᠡᠷᠡᠬᠦ | ᠡᠪᠡᠳᠴᠢᠨ ᠪᠤᠯ ᠡᠪᠡᠳᠴᠢᠯᠡᠭᠦᠯᠥᠭᠴᠢ ᠨᠢ ᠠᠮᠢᠳᠤᠷᠠᠯ ᠤᠨ ᠲᠡᠤᠬᠡ ᠪᠠᠨ ᠪᠡᠶᠡᠯᠡᠭᠦᠯᠬᠦ ᠶᠢᠨ ᠲᠥᠯᠥᠭᠡ ᠨᠢᠭᠡ | ᠵᠦᠢᠯ ᠠᠴᠠ ᠳᠡᠭᠡᠭᠰᠢᠬᠢ ᠰᠡᠭᠡᠷᠳᠡᠨ ᠤᠷᠤᠰᠢᠭᠴᠢ ᠠᠮᠢᠳᠠᠨ ᠢ ᠬᠡᠷᠡᠭᠰᠡᠨ᠎ᠡ᠃ ᠭᠡᠪᠡᠴᠤ ᠰᠡᠭᠡᠷ ᠦᠭᠡᠶᠢᠳᠡᠨ | ᠤᠷᠤᠰᠢᠭᠴᠢ ᠶᠢᠨ ᠤᠷᠤᠯᠴᠠᠯᠭ᠎ᠠ ᠶᠢ ᠬᠡᠷᠡᠭᠰᠡᠬᠦ ᠦᠭᠡᠢ᠃ ᠵᠢᠱᠢᠶᠡᠯᠡᠪᠡᠯ᠄ ᠮᠥᠯᠵᠢᠭᠦᠷ ᠬᠤᠷᠤᠬᠠᠢ ᠶᠢᠨ | ᠡᠪᠡᠳᠴᠢᠨ ᠨᠢ ᠡᠶᠢᠮᠤ ᠪᠠᠶᠢᠳᠠᠭ᠃ | ⒊ ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷᠲᠠᠢ ᠬᠠᠯᠳᠠᠪᠤᠷᠢᠳᠤ ᠡᠪᠡᠳᠴᠢᠨ ᠵᠠᠭᠤᠴᠢ ᠪᠠᠷ ᠳᠠᠮᠵᠢᠨ ᠳᠡᠯᠭᠡᠷᠡᠬᠦ | ᠴᠢᠨᠠᠷ ᠲᠠᠢ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠡᠪᠡᠳᠴᠢᠯᠡᠭᠦᠯᠥᠭᠴᠢ ᠶᠢᠨ ᠬᠢᠨᠢ ᠠᠮᠢᠳᠤᠷᠠᠯ ᠤᠨ ᠲᠡᠤᠬᠡ ᠨᠢ | ᠰᠡᠭᠡᠷ ᠦᠭᠡᠶᠢᠳᠡᠨ ᠪᠠ ᠰᠡᠭᠡᠷᠳᠡᠨ ᠤ ᠤᠷᠤᠯᠴᠠᠬᠤ ᠶᠢ ᠬᠡᠷᠡᠭᠰᠡᠨ᠎ᠡ᠃ ᠰᠡᠭᠡᠷ ᠦᠭᠡᠶᠢᠳᠡᠨ ᠤ ᠪᠡᠶ᠎ᠡ ᠳᠤ ᠥᠷᠡᠵᠢᠭᠡᠳ | ᠵᠤᠬᠢᠬᠤ ᠪᠤᠶᠢᠵᠢᠯᠳᠠ ᠪᠠᠨ ᠪᠡᠶᠡᠯᠡᠭᠦᠯᠵᠤ ᠨᠢᠭᠡ ᠬᠤᠭᠤᠴᠠᠭᠠᠨ ᠤ ᠳᠠᠯᠳᠠ ᠱᠠᠳᠤ ᠦᠶ᠎ᠡ ᠶᠢ ᠥᠩᠭᠡᠷᠡᠭᠦᠯᠥᠭᠡᠳ ᠰᠠᠶ᠋ᠢ | ᠥᠭᠡᠷ᠎ᠡ ᠨᠢᠭᠡ ᠰᠡᠭᠡᠷᠳᠡᠨ ᠤ ᠤᠷᠤᠰᠢᠭᠴᠢ ᠪᠡᠶ᠎ᠡ ᠳᠤ ᠳᠠᠮᠵᠢᠨ ᠤᠷᠤᠨ᠎ᠠ᠃ ᠡᠭᠦᠨ ᠳᠤ ᠤᠯᠠᠩᠬᠢ ᠬᠤᠷᠤᠬᠠᠢ | ᠵᠠᠭᠤᠴᠢᠳᠤ ᠸᠢᠷᠥ᠋ᠰ ᠤᠨ ᠬᠠᠯᠳᠠᠪᠤᠷᠢᠯᠠᠯ ᠪᠠᠭᠳᠠᠨ᠎ᠠ᠃ ᠵᠢᠱᠢᠶᠡᠯᠡᠪᠡᠯ᠄ ᠶᠠᠫᠤᠨ ᠤ ᠬᠥᠬᠡᠭᠴᠢᠨ ᠬᠡᠯᠪᠡᠷᠢ ᠶᠢᠨ ᠲᠠᠷᠢᠬᠢᠨ | ᠥᠷᠪᠢᠰᠥᠯ᠂ ᠬᠠᠯᠳᠠᠪᠤᠷᠢᠳᠤ ᠴᠢᠨᠠᠷ ᠲᠠᠢ ᠠᠳᠤᠭᠤᠨ ᠤ ᠲᠠᠷᠢᠬᠢ ᠨᠤᠭᠤᠰᠤᠨ ᠤ ᠥᠷᠪᠢᠰᠥᠯ ᠵᠡᠷᠭᠡ ᠪᠤᠢ᠃ | ⒋ ᠢᠯᠵᠡᠷᠡᠮᠡᠯ ᠪᠤᠳᠡᠰ ᠢᠶᠠᠷ ᠳᠠᠮᠵᠢᠨ ᠳᠡᠯᠭᠡᠷᠡᠬᠦ ᠬᠠᠯᠳᠠᠪᠦᠷᠢᠳᠤ ᠡᠪᠡᠳᠴᠢᠨ ᠡᠪᠡᠳᠴᠢᠯᠡᠭᠦᠯᠥᠭᠴᠢ ᠶᠢᠨ ᠬᠢᠨᠢ | ᠠᠮᠢᠳᠤᠷᠠᠯ ᠤᠨ ᠲᠡᠤᠬᠡ ᠨᠢ ᠨᠢᠭᠡ ᠵᠦᠢᠯ ᠤᠨ ᠰᠡᠭᠡᠷᠳᠡᠨ ᠤᠷᠤᠰᠢᠭᠴᠢ ᠪᠠ ᠨᠢᠭᠡ ᠵᠦᠢᠯ ᠤᠨ ᠠᠮᠢᠳᠤ ᠪᠤᠳᠠᠰ ᠤᠨ | ᠪᠤᠰᠤ ᠥᠰᠴᠤ ᠥᠷᠡᠵᠢᠬᠦ ᠭᠠᠵᠠᠷ ᠪᠤᠶᠤ ᠬᠠᠳᠠᠭᠠᠯᠠᠭᠳᠠᠬᠤ ᠭᠠᠵᠠᠷ ᠬᠡᠷᠡᠭᠰᠡᠨ᠎ᠡ᠃ ᠵᠢᠱᠢᠶᠡᠯᠡᠪᠡᠯ᠂ ᠬᠥᠷᠥᠰᠥ | ᠰᠢᠷᠤᠢ᠂ ᠪᠤᠵᠠᠷ ᠤᠰᠤ᠂ ᠪᠤᠷᠳᠤᠭ᠎ᠠ᠂ ᠢᠳᠡᠭᠡᠨ᠂ ᠤᠷᠭᠤᠮᠠᠯ ᠵᠡᠷᠭᠡ ᠪᠠᠶᠢᠳᠠᠭ᠃ ᠡᠪᠡᠳᠴᠢᠨ ᠤ ᠵᠢᠱᠢᠶ᠎ᠡ ᠨᠢ ᠭᠡᠪᠡᠯ | ᠮᠢᠬᠠᠨ ᠬᠤᠤᠷᠳᠠᠯᠭ᠎ᠠ ᠶᠢᠨ ᠤᠷᠬᠢᠨᠴᠠᠷ ᠪᠠᠺᠲ᠋ᠧᠷᠢ ᠳᠤ ᠬᠤᠤᠷᠳᠠᠭᠳᠠᠬᠤ ᠵᠡᠷᠭᠡ ᠪᠤᠯᠤᠨ᠎ᠠ᠃ | ︵ᠬᠤᠶᠠᠷ︶ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠤ ᠤᠨᠴᠠᠯᠢᠭ | ⒈ ᠬᠥᠮᠥᠨ ᠮᠠᠯ ᠳᠤ ᠬᠠᠮᠳᠤ ᠬᠠᠯᠳᠠᠪᠤᠷᠢᠯᠠᠬᠤ ᠮᠠᠰᠢ ᠤᠯᠠᠨ ᠡᠪᠡᠳᠴᠢᠨ ᠨᠢ ᠮᠠᠯ ᠰᠥᠷᠥᠭ ᠢ ᠬᠥᠨᠳᠥ | ᠨᠤᠴᠢᠳᠠᠢ ᠬᠤᠬᠢᠷᠠᠭᠤᠯᠬᠤ ᠡᠪᠡᠳᠴᠢᠨ ᠬᠢᠵᠢᠭ ᠮᠥᠷᠳᠡᠭᠡᠨ ᠬᠥᠮᠥᠨ ᠲᠥᠷᠥᠯᠬᠢᠳᠡᠨ ᠤ ᠲᠤᠭᠰᠢᠨ ᠴᠢᠨᠠᠷᠳᠠᠢ | ᠬᠠᠯᠳᠠᠪᠤᠷᠢᠳᠤ ᠡᠪᠡᠳᠴᠢᠨ ᠪᠤᠯᠬᠤ ᠶᠤᠮ᠃ ᠲᠡᠷᠡ ᠨᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠳᠤ ᠬᠥᠨᠳᠤ | ᠰᠥᠷᠡᠬᠡᠢ ᠰᠥᠷᠳᠡᠭᠦᠯᠥᠯ ᠪᠤᠯᠳᠠᠭ᠃ ᠵᠢᠱᠢᠶᠡᠯᠡᠪᠡᠯ᠂ ᠪᠤᠭᠤᠮ᠎ᠠ᠂ ᠭᠠᠯᠵᠠᠭᠤ᠂ ᠰᠥᠷᠢᠶ᠎ᠡ ᠵᠡᠷᠭᠡ᠃ | ⒉ ᠳᠡᠳᠡᠭᠡᠷ ᠤᠨ ᠡᠪᠡᠳᠴᠢᠯᠡᠭᠦᠯᠥᠭᠴᠢ ᠶᠢᠨ ᠤᠷᠤᠰᠢᠭᠴᠢ ᠶᠢᠨ ᠳᠠᠷᠬᠠᠴᠠ ᠨᠢ ᠮᠠᠰᠢ ᠥᠷᠭᠡᠨ ᠪᠠᠶᠢᠳᠠᠭ᠃ | ᠳᠤᠷᠰᠢᠯᠳᠠ ᠶᠢᠨ ᠨᠥᠬᠦᠴᠡᠯ ᠲᠤᠤᠷ᠎ᠠ ᠲᠥᠷᠥᠯ ᠬᠤᠪᠢᠶᠠᠷᠢᠯᠠᠯᠳᠠ ᠶᠢᠨ ᠰᠢᠰᠲ᠋ᠧᠮ ᠤᠨ ᠳᠠᠯ᠎ᠠ ᠪᠠᠷ ᠪᠥᠷ ᠮᠠᠰᠢ ᠤᠯᠠᠨ | ᠵᠦᠢᠯ ᠤᠨ ᠬᠠᠯᠳᠠᠪᠤᠷᠢᠳᠤ ᠡᠪᠡᠳᠴᠢᠨ ᠬᠠᠯᠳᠠᠪᠤᠷᠢᠯᠠᠭᠤᠯᠤᠨ᠎ᠠ᠃ | ⒊ ᠮᠠᠰᠢ ᠤᠯᠠᠨ ᠬᠥᠮᠥᠨ ᠮᠠᠯ ᠳᠤ ᠬᠠᠮᠳᠤ ᠬᠠᠯᠳᠠᠪᠤᠷᠢᠯᠠᠬᠤ ᠡᠪᠡᠳᠴᠢᠨ ᠨᠢ ᠪᠥᠷ ᠠᠵᠢᠯ ᠲᠥᠷᠥᠯ ᠤᠨ | ᠡᠪᠡᠳᠴᠢᠨ ᠪᠤᠯᠤᠨ᠎ᠠ᠃ ᠵᠢᠱᠢᠶᠡᠯᠡᠪᠡᠯ ᠪᠤᠭᠤᠮ᠎ᠠ ᠨᠢ ᠨᠡᠬᠡᠮᠡᠯ ᠤᠨ ᠠᠵᠢᠯᠴᠢᠨ ᠳᠤ ᠤᠯᠠᠨ ᠬᠠᠯᠳᠠᠪᠤᠷᠢᠯᠠᠨ᠎ᠠ᠃ | ⒋ ᠮᠠᠰᠢ ᠤᠯᠠᠨ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠨᠢ ᠪᠥᠷ ᠢᠳᠡᠭᠡᠨ ᠠᠴᠠ ᠡᠭᠦᠰᠥᠯ | ᠲᠠᠢ ᠡᠪᠡᠳᠴᠢᠨ ᠪᠤᠯᠤᠨ᠎ᠠ᠃ ᠵᠢᠱᠢᠶᠡᠯᠡᠪᠡᠯ ᠭᠠᠭ᠋ᠠᠢ ᠶᠢᠨ ᠮᠢᠬᠠᠨ ᠤ ᠤᠳᠤ ᠵᠡᠷᠭᠡ ᠪᠤᠯᠤᠨ᠎ᠠ᠃ | ⒌ ᠬᠥᠮᠥᠨ ᠮᠠᠯ ᠬᠠᠮᠳᠤ ᠬᠠᠯᠳᠠᠪᠤᠷᠢᠯᠠᠬᠤ ᠡᠪᠡᠳᠴᠢᠨ ᠪᠤᠯ ᠬᠥᠮᠥᠨ ᠲᠥᠷᠥᠯᠬᠢᠳᠡᠨ ᠤ ᠬᠠᠯᠳᠠᠪᠤᠷᠢᠳᠤ | ᠡᠪᠡᠳᠴᠢᠨ ᠤ ᠰᠤᠳᠤᠯᠤᠯᠳᠠ ᠳᠤ ᠮᠠᠰᠢ ᠰᠠᠶᠢᠨ ᠠᠮᠢᠳᠤ ᠪᠤᠳᠠᠰ ᠤᠨ ᠮᠤᠳᠧᠯ ᠪᠤᠯᠵᠤ ᠪᠠᠶᠢᠨ᠎ᠠ᠃ | | |