ᠠᠳᠤᠭᠤᠨ ᠤ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠤᠰᠠᠳᠬᠠᠬᠤ | ᠶᠢᠨ ᠲᠥᠯᠥᠭᠡ ︽ᠠᠳᠤᠭᠤᠨ ᠤ ᠬᠠᠯᠳᠠᠪᠤᠷᠢᠳᠤ ᠴᠢᠰᠤ ᠲᠤᠳᠠᠬᠤ ᠡᠪᠡᠳᠴᠢᠨ ᠤ ᠰᠡᠷᠭᠡᠶᠢᠯᠡᠯᠳᠡ ᠳᠤ ᠬᠡᠷᠡᠭᠵᠢᠭᠦᠯᠬᠦ | ᠠᠷᠭ᠎ᠠ︾ ᠶᠢ ᠡᠷᠬᠡᠪᠰᠢ ᠡᠷᠡᠰ ᠲᠤᠤᠱᠯᠠᠭᠤᠯᠬᠤ ᠬᠡᠷᠡᠭᠳᠡᠢ᠂ ᠴᠢᠬᠤᠯᠠ ᠠᠭᠤᠯᠭ᠎ᠠ ᠨᠢ ᠲᠤᠤᠷᠠᠬᠢ ᠮᠡᠳᠤ᠄ | ⒈ ᠤᠷᠢᠳᠴᠢᠯᠠᠨ ᠰᠡᠷᠭᠡᠶᠢᠯᠡᠬᠦ ᠠᠷᠭ᠎ᠠ ᠮᠠᠶ᠋ᠢᠭ ᠠᠷᠠᠴᠢᠯᠠᠯᠳᠠ ᠬᠠᠮᠢᠶᠠᠷᠤᠯᠳᠠ ᠪᠠᠨ ᠴᠢᠩᠭᠠᠳᠬᠠᠨ᠂ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠢ ᠰᠠᠶᠢᠳᠤᠷ ᠬᠢᠵᠤ ᠪᠠᠳᠠᠭᠠᠨ᠎ᠠ᠂ ᠭᠡᠳᠡᠭᠡᠨ᠎ᠡ ᠶᠢ ᠤᠰᠠᠳᠬᠠᠨ᠎ᠠ᠃ ᠭᠠᠳᠠᠨ᠎ᠠ ᠠᠴᠠ | ᠤᠷᠤᠭᠤᠯᠵᠤ ᠢᠷᠡᠬᠦ ᠠᠳᠤᠭᠤᠨ ᠳᠤ ᠬᠢᠵᠢᠭ ᠤᠨ ᠪᠠᠶᠢᠴᠠᠭᠠᠯᠳᠠ ᠬᠢᠨ᠎ᠡ᠃ | ⒉ ᠰᠡᠷᠭᠡᠶᠢᠯᠡᠨ ᠵᠠᠰᠠᠬᠤ ᠠᠷᠭ᠎ᠠ ᠮᠠᠶ᠋ᠢᠭ ⑴ ᠪᠢᠳᠡᠭᠦᠮᠵᠢᠯᠡᠬᠦ᠄ ᠠᠳᠤᠭᠤᠨ ᠤ ᠴᠢᠰᠤ ᠲᠤᠳᠠᠬᠤ ᠬᠠᠯᠳᠠᠪᠤᠷᠢᠳᠤ | ᠡᠪᠡᠳᠴᠢᠨ ᠳᠡᠯᠭᠡᠷᠡᠪᠡᠯ ᠬᠢᠵᠢᠭᠳᠦ ᠤᠷᠤᠨ ᠪᠠ ᠬᠢᠵᠢᠭ ᠤᠨ ᠴᠢᠭ ᠢ ᠵᠢᠷᠤᠨ ᠲᠤᠭᠳᠠᠭᠠᠵᠤ ᠪᠢᠳᠡᠭᠦᠮᠵᠢᠯᠡᠬᠦ ᠬᠡᠷᠡᠭᠳᠡᠢ᠃ | ⑵ ᠬᠢᠵᠢᠭ ᠪᠠᠶᠢᠴᠠᠭᠠᠬᠤ᠄ ᠠᠳᠤᠭᠤᠨ ᠤ ᠪᠡᠶ᠎ᠡ ᠶᠢᠨ ᠬᠠᠯᠠᠭᠤᠨ ᠢ ᠨᠢ ᠬᠡᠮᠵᠢᠬᠦ᠂ ᠡᠮᠴᠢᠯᠡᠪᠦᠷᠢ ᠶᠢᠨ ᠪᠠ ᠴᠢᠰᠤᠨ ᠤ | ᠪᠠᠶᠢᠴᠠᠭᠠᠯᠳᠠ ᠬᠢᠬᠦ ᠠᠴᠠ ᠭᠠᠳᠠᠨ᠎ᠠ ᠨᠢᠭᠡ ᠰᠠᠷ᠎ᠠ ᠠᠯᠤᠰᠯᠠᠭᠤᠯᠵᠤ᠂ ᠭᠤᠷᠪᠠ ᠤᠳᠠᠭ᠎ᠠ ᠶᠢᠨ ᠨᠥᠬᠦᠪᠥᠷᠢ ᠴᠤᠭᠴᠠ | ᠤᠶᠠᠯᠳᠤᠬᠤ ᠤᠷᠪᠠᠯ ᠪᠠ ᠠᠭᠠᠷᠳᠤ ᠴᠠᠷᠴᠠᠮᠠᠯ ᠳᠤ ᠳᠠᠷᠬᠠᠬᠤ ᠤᠷᠪᠠᠯ ᠤᠨ ᠲᠤᠷᠰᠢᠯᠳᠠ ᠬᠢᠵᠤ ᠪᠠᠶᠢᠴᠠᠭᠠᠬᠤ | ᠬᠡᠷᠡᠭᠳᠡᠢ᠃ ⑶ ᠲᠤᠰᠠᠭᠠᠷᠯᠠᠬᠤ᠄ ᠰᠢᠯᠭᠠᠨ ᠲᠤᠳᠤᠯᠠᠭᠰᠠᠨ ᠴᠢᠰᠤ ᠲᠤᠳᠠᠬᠤ ᠬᠠᠯᠳᠠᠪᠤᠷᠢᠳᠤ ᠡᠪᠡᠳᠴᠢᠨ ᠲᠠᠢ | ᠠᠳᠤᠭᠤ ᠪᠠ ᠰᠡᠵᠢᠭᠳᠡᠢ ᠠᠳᠤᠭᠤ ᠶᠢ ᠡᠷᠡᠭᠦᠯ ᠠᠳᠤᠭᠤᠨ ᠤ ᠬᠤᠷᠤᠭ᠎ᠠ ᠰᠠᠷᠠᠪᠴᠢ ᠠᠴᠠ ᠬᠤᠯᠠ ᠭᠠᠵᠠᠷ | ᠲᠤᠰᠠᠭᠠᠷᠯᠠᠵᠤ᠂ ᠬᠠᠯᠳᠠᠪᠤᠷᠢᠯᠠᠯ ᠤᠨ ᠥᠷᠭᠡᠵᠢᠬᠦ ᠶᠢ ᠰᠡᠷᠭᠡᠶᠢᠯᠡᠬᠦ ᠬᠡᠷᠡᠭᠳᠡᠢ᠃ ⑷ ᠠᠷᠢᠭᠤᠳᠬᠠᠬᠤ᠄ ᠬᠠᠯᠳᠠᠪᠤᠷᠢᠳᠤ | ᠴᠢᠰᠤ ᠲᠤᠳᠠᠬᠤ ᠡᠪᠡᠳᠴᠢᠨ ᠤ ᠡᠪᠡᠳᠴᠢᠨ ᠲᠠᠢ ᠠᠳᠤᠭᠤ ᠪᠠ ᠰᠡᠵᠢᠭᠳᠦ ᠠᠳᠤᠭᠤᠨ ᠤ ᠪᠤᠬᠢᠷᠳᠤᠭᠤᠯᠤᠭᠰᠠᠨ | ᠬᠤᠷᠤᠭ᠎ᠠ᠂ ᠤᠶᠠᠭᠠᠨ ᠤ ᠭᠠᠵᠠᠷ᠂ ᠡᠮᠨᠡᠨ ᠵᠠᠰᠠᠭᠰᠠᠨ ᠲᠠᠯᠠᠪᠠᠢ ᠵᠡᠷᠭᠡ ᠶᠢ ᠪᠥᠷ ᠲᠦᠢᠯᠪᠤᠷᠢᠳᠠᠢ ᠠᠷᠢᠭᠤᠳᠬᠠᠬᠤ | ᠬᠡᠷᠡᠭᠳᠡᠢ᠃ ᠪᠠᠭᠠᠰᠤ ᠢᠯᠭᠠᠳᠠᠰᠤ ᠶᠢ ᠨᠢ ᠤᠪᠤᠭᠠᠯᠠᠨ ᠢᠰᠬᠡᠵᠤ ᠠᠷᠢᠭᠤᠳᠬᠠᠬᠤ ᠬᠡᠷᠡᠭᠳᠡᠢ᠃ ᠴᠢᠰᠤ ᠰᠤᠷᠤᠭᠴᠢ | ᠬᠤᠷᠤᠬᠠᠢ ᠰᠢᠪᠡᠵᠢ ᠶᠢ ᠰᠡᠷᠭᠡᠶᠢᠯᠡᠬᠦ ᠶᠢᠨ ᠲᠥᠯᠥᠭᠡ 0.5% ᠶᠢᠨ ᠬᠤᠶᠠᠷᠴᠢ ᠹᠷᠤᠮ ᠤᠨ ᠹᠤᠰᠹᠤᠷ ᠪᠤᠶᠤ 0.1% | ᠳ᠋ᠢ ᠳ᠋ᠢ ᠸᠧᠢ ᠶᠢᠨ ᠰᠢᠩᠭᠡᠨ ᠢ ᠰᠥᠷᠴᠢᠵᠤ ᠪᠤᠯᠤᠨ᠎ᠠ᠃ ⑸ ᠰᠢᠢᠳᠪᠤᠷᠢᠯᠡᠬᠦ᠄ ᠡᠪᠡᠳᠴᠢᠨ ᠲᠠᠢ ᠠᠳᠤᠭᠤ ᠶᠢ | ᠲᠥᠪᠯᠡᠷᠡᠭᠦᠯᠥᠨ ᠠᠯᠠᠵᠤ ᠰᠢᠢᠳᠪᠥᠷᠢᠯᠡᠬᠦ ᠬᠡᠷᠡᠭᠳᠡᠢ᠃ ᠠᠯᠠᠭᠰᠠᠨ ᠪᠤᠶᠤ ᠬᠡᠮᠨᠡᠵᠤ ᠥᠬᠦᠭᠰᠡᠨ ᠠᠳᠤᠭᠤᠨ ᠥᠬᠦᠳᠡᠯ ᠢ | ᠰᠢᠳᠠᠭᠠᠬᠤ ᠪᠤᠶᠤ ᠭᠥᠨ ᠪᠤᠯᠠᠬᠤ ᠡᠰᠡᠬᠦᠯ᠎ᠡ ᠬᠢᠮᠢ ᠶᠢᠨ ᠦᠢᠯᠡᠳᠭᠦᠨ ᠤ ᠦᠢᠯᠡᠳᠪᠥᠷᠢ ᠳᠤ ᠬᠤᠤᠷ ᠢ ᠠᠷᠢᠯᠭᠠᠨ | ᠰᠢᠢᠳᠪᠥᠷᠢᠯᠡᠵᠦ ᠪᠤᠷᠳᠤᠭ᠎ᠠ ᠪᠤᠯᠭᠠᠨ ᠪᠤᠯᠪᠠᠰᠤᠷᠠᠭᠤᠯᠬᠤ ᠬᠡᠷᠡᠭᠳᠡᠢ᠃ ⑹ ᠡᠭᠡᠭᠡᠯᠯᠡᠪᠥᠷᠢ ᠬᠢᠬᠦ᠄ ᠬᠢᠵᠢᠭᠳᠦ ᠤᠷᠤᠨ ᠤ | ᠪᠤᠬᠢᠷᠳᠤᠯ ᠬᠥᠨᠳᠤ᠂ ᠪᠤᠬᠢᠷᠳᠤᠯ ᠤᠨ ᠬᠡᠪᠴᠢᠶ᠎ᠡ ᠨᠢ ᠶᠡᠭᠡ ᠪᠠᠶᠢᠪᠠᠯ᠂ ᠤᠷᠢᠳ ᠢᠶᠠᠷ ᠬᠢᠵᠢᠭ ᠪᠠᠶᠢᠴᠠᠭᠠᠵᠤ | ᠡᠪᠡᠳᠴᠢᠨ ᠲᠠᠢ ᠠᠳᠤᠭᠤ ᠪᠠ ᠡᠷᠡᠭᠦᠯ ᠠᠳᠤᠭᠤᠨ ᠰᠥᠷᠥᠭ ᠢ ᠰᠠᠯᠭᠠᠬᠤ ᠬᠡᠷᠡᠭᠳᠡᠢ᠃ ᠳᠠᠷᠠᠭ᠎ᠠ ᠨᠢ ᠡᠷᠡᠭᠦᠯ | ᠠᠳᠤᠭᠤᠨ ᠳᠤ ᠠᠳᠤᠭᠤᠨ ᠤ ᠬᠠᠯᠳᠠᠪᠤᠷᠢᠳᠤ ᠴᠢᠰᠤ ᠲᠤᠳᠠᠬᠤ ᠡᠪᠡᠳᠴᠢᠨ ᠤ ᠡᠯᠵᠢᠭᠡᠨ ᠴᠠᠭᠠᠨ ᠡᠰ ᠤᠨ ᠪᠠᠭᠤᠷᠠᠢ | ᠬᠤᠤᠷᠳᠤ ᠸᠠᠺᠽᠢᠨ ᠲᠠᠷᠢᠨ᠎ᠠ᠃ ᠲᠠᠷᠢᠯᠭ᠎ᠠ ᠶᠢᠨ ᠳᠠᠷᠠᠭ᠎ᠠ ᠶᠡᠷᠤ ᠳᠡᠭᠡᠨ ᠲᠤᠭᠳᠠᠭᠰᠠᠨ ᠴᠠᠭ ᠲᠠᠢ ᠬᠢᠵᠢᠭ ᠤᠨ | ᠪᠠᠶᠢᠴᠠᠭᠠᠯᠳᠠ ᠬᠢᠬᠦ ᠴᠢᠬᠤᠯᠠ ᠦᠭᠡᠢ ᠪᠠᠶᠢᠳᠠᠭ᠃ ᠡᠪᠡᠳᠴᠢᠨ ᠤ ᠰᠢᠨᠵᠢ ᠲᠡᠮᠳᠡᠭ ᠪᠦᠬᠦᠢ ᠡᠪᠡᠳᠴᠢᠨ ᠲᠠᠢ | ᠠᠳᠤᠭᠤ ᠶᠢ ᠰᠢᠯᠭᠠᠨ ᠭᠠᠷᠭᠠᠪᠠᠯ ᠮᠥᠨ ᠲᠤᠭᠳᠠᠭᠠᠯ ᠶᠤᠰᠤᠭᠠᠷ ᠠᠯᠠᠵᠤ ᠰᠢᠢᠳᠪᠥᠷᠢᠯᠡᠬᠦ ᠬᠡᠷᠡᠭᠳᠡᠢ᠃ | ᠡᠮᠴᠢᠯᠡᠪᠥᠷᠢ ᠶᠢᠨ ᠶᠡᠷᠥᠩᠬᠡᠶᠢᠯᠡᠭᠰᠡᠨ ᠤᠨᠤᠰᠢᠯᠠᠯᠳᠠ ᠬᠢᠭᠡᠳ ᠬᠢᠵᠢᠭᠳᠦ ᠤᠷᠤᠨ ᠳᠤ ᠲᠠᠷᠢᠯᠭ᠎ᠠ ᠶᠢᠨ ᠳᠠᠷᠠᠭᠠᠬᠢ 6 | ᠰᠠᠷ᠎ᠠ ᠳᠤ ᠡᠪᠡᠳᠴᠢᠨ ᠲᠠᠢ ᠠᠳᠤᠭᠤ ᠭᠠᠷᠤᠭᠰᠠᠨ ᠦᠭᠡᠢ ᠪᠠᠶᠢᠪᠠᠯ ᠳᠠᠷᠦ᠋ᠢᠬᠠᠨ ᠪᠢᠳᠡᠭᠦᠮᠵᠢᠯᠡᠬᠦ ᠪᠠᠨ ᠵᠤᠭᠰᠤᠨ᠎ᠠ᠃ | | |