ᠭᠠᠭ᠋ᠠᠢ ᠶᠢᠨ ᠭᠠᠯ ᠬᠠᠪᠤᠳᠠᠷ ᠢ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2018-06-08
 ⒈ ᠡᠩ ᠤᠨ ᠦᠶ᠎ᠡ ᠶᠢᠨ ᠰᠡᠷᠭᠡᠶᠢᠯᠡᠯᠳᠡ ᠶᠢᠨ ᠠᠷᠭ᠎ᠠ ᠮᠠᠶ᠋ᠢᠭ    ⑴ ᠠᠷᠠᠴᠢᠯᠠᠯᠳᠠ ᠬᠠᠮᠢᠶᠠᠷᠤᠯᠳᠠ ᠶᠢ ᠨᠢ ᠴᠢᠩᠭᠠᠳᠬᠠᠵᠤ ᠪᠤᠳᠠᠭᠠᠯᠢ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠯ ᠢ ᠨᠢ ᠳᠡᠭᠡᠭᠰᠢᠯᠡᠭᠦᠯᠥᠨ᠎ᠡ᠃    ⑵ ᠲᠤᠭᠳᠠᠭᠰᠠ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠪᠠᠭᠠᠵᠢ ᠬᠡᠷᠡᠭᠰᠡᠯ ᠤᠨ ᠠᠷᠢᠭᠤᠨ ᠴᠡᠪᠡᠷ  ᠤᠨ ᠠᠵᠢᠯ ᠢ ᠰᠠᠶᠢᠳᠤᠷ ᠬᠢᠨ᠎ᠡ᠃    ⑶ ᠭᠠᠳᠠᠨ᠎ᠠ ᠠᠴᠠ ᠬᠤᠳᠠᠯᠳᠤᠨ ᠠᠪᠴᠢᠷᠠᠭᠰᠠᠨ ᠭᠠᠭ᠋ᠠᠢ ᠶᠢ ᠨᠢᠭᠡ ᠬᠤᠭᠤᠴᠠᠭ᠎ᠠ ᠲᠤᠰᠠᠭᠠᠷᠯᠠᠵᠤ ᠪᠠᠶᠢᠴᠠᠭᠠᠭᠠᠳ ᠰᠠᠶ᠋ᠢ ᠰᠥᠷᠥᠭ ᠲᠤ ᠨᠡᠶᠢᠯᠡᠭᠦᠯᠥᠨ᠎ᠡ᠃    ⑷ ᠢᠯᠠᠭ᠎ᠠ᠂ ᠪᠠᠳᠠᠭᠠᠨ᠎ᠠ᠂ ᠬᠤᠯᠤᠭᠠᠨ᠎ᠠ ᠶᠢᠨ ᠲᠥᠷᠥᠯ ᠢ ᠤᠰᠠᠳᠬᠠᠬᠤ ᠠᠵᠢᠯ ᠢ ᠰᠠᠶᠢᠳᠤᠷ ᠬᠢᠵᠤ᠂ ᠡᠪᠡᠳᠴᠢᠨ ᠲᠠᠷᠬᠠᠭᠠᠬᠤ ᠶᠢ ᠰᠡᠷᠭᠡᠶᠢᠯᠡᠨ᠎ᠡ᠃    ⑸ ᠵᠠᠬ᠎ᠠ ᠳᠡᠯᠭᠡᠭᠦᠷ᠂ ᠵᠠᠮ ᠨᠡᠪᠳᠡᠷᠡᠯᠭᠡ᠂ ᠤᠷᠤᠨ ᠰᠠᠭᠤᠴᠠ ᠶᠢᠨ ᠬᠢᠵᠢᠭ ᠪᠠᠶᠢᠴᠠᠭᠠᠯᠳᠠ ᠶᠢ ᠴᠢᠩᠭᠠᠳᠬᠠᠵᠤ ᠡᠪᠡᠳᠴᠢᠨ ᠬᠢᠵᠢᠭ ᠤᠨ ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠨ᠎ᠡ᠃    ⑹ ᠰᠡᠷᠭᠡᠶᠢᠯᠡᠯᠳᠡ ᠶᠢᠨ ᠲᠠᠷᠢᠯᠭ᠎ᠠ ᠬᠢᠨ᠎ᠡ᠃ ᠥᠷᠭᠦᠯᠵᠢ ᠡᠪᠡᠳᠴᠢᠨ ᠳᠡᠯᠭᠡᠷᠡᠳᠡᠭ ᠤᠷᠤᠨ ᠳᠤ ᠵᠢᠯ ᠤᠨ ᠬᠤᠶᠠᠷ ᠤᠳᠠᠭ᠎ᠠ ᠰᠡᠷᠭᠡᠶᠢᠯᠡᠯᠳᠡ ᠶᠢᠨ ᠲᠠᠷᠢᠯᠭ᠎ᠠ ᠬᠢᠵᠤ᠂ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠨ᠎ᠡ᠃  ⒉ ᠡᠪᠡᠳᠴᠢᠨ ᠡᠭᠦᠰᠥᠭᠰᠡᠨ ᠥᠶ᠎ᠡ ᠳᠤ    ⑴ ᠬᠡᠮᠨᠡᠭᠰᠡᠨ ᠭᠠᠭ᠋ᠠᠢ ᠶᠢ ᠲᠤᠰᠠᠭᠠᠷᠯᠠᠨ ᠵᠠᠰᠠᠬᠤ ᠬᠡᠷᠡᠭᠳᠡᠢ᠃    ⑵ ᠪᠤᠬᠢᠷᠳᠤᠭᠰᠠᠨ ᠤᠷᠴᠢᠨ ᠲᠤᠭᠤᠷᠢᠨ ᠢ ᠨᠢ ᠠᠷᠢᠭᠤᠳᠬᠠᠬᠤ ᠬᠡᠷᠡᠭᠳᠡᠢ᠃    ⑶ ᠥᠬᠦᠳᠡᠯ ᠢ ᠨᠢ ᠭᠥᠨ ᠪᠤᠯᠠᠵᠤ ᠰᠢᠢᠳᠪᠥᠷᠢᠯᠡᠨ᠎ᠡ᠃    ⑷ ᠡᠷᠡᠭᠦᠯ ᠭᠠᠭ᠋ᠠᠢ ᠳᠤᠨᠢ ᠪᠠᠴᠢᠮ ᠸᠠᠺᠽᠢᠨ ᠲᠠᠷᠢᠵᠤ ᠬᠠᠯᠳᠠᠪᠤᠷᠢᠯᠠᠬᠤ ᠶᠢ ᠰᠡᠷᠭᠡᠶᠢᠯᠡᠨ᠎ᠡ᠃  ⒊ ᠡᠮᠨᠡᠨ ᠵᠠᠰᠠᠬᠤ ᠲᠤᠰ ᠡᠪᠡᠳᠴᠢᠨ ᠢ ᠵᠠᠰᠠᠬᠤ ᠳᠤ ᠴᠢᠩ ᠮᠸᠢ ᠰᠤ᠋ ᠬᠠᠮᠤᠭ ᠲᠤᠬᠢᠷᠠᠮᠵᠢᠳᠠᠢ᠂ ᠲᠤ ᠮᠸᠢ    ᠰᠤ᠋᠂ ᠬᠤᠩ ᠮᠸᠢ ᠰᠤ᠋ ᠪᠠᠰᠠ ᠨᠡᠯᠢᠶᠡᠳ ᠲᠤᠬᠢᠷᠠᠮᠵᠢᠳᠠᠢ ᠪᠠᠶᠢᠳᠠᠭ᠃ ᠲᠤᠰ ᠡᠪᠡᠳᠴᠢᠨ ᠨᠢ ᠬᠥᠮᠥᠨ ᠳᠤ ᠬᠠᠯᠳᠠᠪᠤᠷᠢᠯᠠᠨ᠎ᠠ᠂ ᠡᠭᠦᠨ ᠢ ᠭᠠᠯ ᠬᠠᠪᠤᠳᠠᠷᠯᠢᠭ ᠭᠡᠨ᠎ᠡ᠃ ᠬᠥᠮᠥᠨ ᠳᠤ ᠬᠠᠯᠳᠠᠪᠤᠷᠢᠯᠠᠬᠤ ᠨᠢ ᠤᠯᠠᠩᠬᠢ ᠳᠠᠭᠠᠨ ᠠᠵᠢᠯ ᠲᠥᠷᠥᠯ ᠤᠨ ᠡᠪᠡᠳᠴᠢᠨ ᠪᠠᠶᠢᠳᠠᠭ᠃ ᠡᠶᠢᠮᠤ ᠠᠴᠠ ᠮᠠᠯ ᠤᠨ ᠡᠮᠴᠢ ᠪᠠ ᠡᠪᠡᠳᠴᠢᠨ ᠲᠠᠢ ᠭᠠᠭ᠋ᠠᠢ ᠲᠠᠢ ᠤᠶᠢᠷᠠᠳᠤᠭᠰᠠᠳ ᠡᠷᠡᠭᠦᠯ ᠬᠠᠮᠠᠭᠠᠯᠠᠯ ᠤᠨ ᠠᠵᠢᠯ ᠢ ᠰᠠᠶᠢᠳᠤᠷ ᠬᠢᠬᠦ ᠬᠡᠷᠡᠭᠳᠡᠢ᠃
 
ᠢᠷᠡᠯᠲᠡ᠄ ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠤᠮ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号