ᠣᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ︽ᠭᠤᠷᠪᠠᠨ ᠨᠢᠭᠡ︾ ᠶᠢ ᠰᠠᠶᠢᠲᠤᠷ ᠪᠡᠶᠡᠯᠡᠬᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭᠠᠨ ᠤ ᠭᠠᠵᠠᠷ ᠢ ᠪᠠᠶᠢᠭᠤᠯᠪᠠ
ᠨᠡᠶᠢᠲᠡᠯᠡᠭᠰᠡᠨ ᠴᠠᠭ᠄
2020/10/15
    ᠭᠤᠷᠪᠠᠨ ᠱᠠᠲᠤᠨ ᠤ ᠵᠤᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ ᠨᠠᠩᠰᠣ ᠪᠠᠯᠭᠠᠰᠤ ︽ᠲᠡᠯᠡᠪᠤᠷ᠂ ᠳᠦᠷᠢᠮ᠂ ᠲᠦᠯᠦᠪᠵᠢᠭᠦᠯᠭᠡ᠂ ᠡᠩᠨᠡᠭᠡ᠂ ᠲᠡᠮᠲᠡᠭᠯᠡᠯ᠂ ᠦᠷ᠎ᠡ ᠪᠦᠲᠦᠮᠵᠢ᠂ ᠰᠢᠯᠭᠠᠨ ᠲᠤᠭᠲᠠᠭᠠᠯᠲᠠ︾ ᠶᠢᠨ      ︽ᠳᠤᠯᠤᠭ᠎ᠠ ᠶᠢ ᠪᠦᠷᠢᠯᠳᠦᠬᠦᠯᠬᠦ︾ ᠪᠠᠷᠢᠮᠵᠢᠶ᠎ᠠ ᠶᠤᠰᠤᠭᠠᠷ᠂ 1 ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠡᠭᠡ ᠶᠢᠨ ᠭᠠᠵᠠᠷ᠂ 3 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ᠂ 1 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠵᠢᠱᠢᠶ᠎ᠡ ᠦᠵᠡᠬᠦᠯᠬᠦ ᠴᠡᠭ᠂ 3 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠵᠢᠱᠢᠶ᠎ᠡ ᠦᠵᠡᠬᠦᠯᠬᠦ ᠡᠷᠦᠬᠡ ᠶᠢ ᠴᠤᠭᠴᠠᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠢ ᠪᠠᠶᠢᠭᠤᠯᠤᠭᠰᠠᠨ ᠤ ᠬᠠᠮᠲᠤ ᠬᠠᠷᠢᠭᠤᠴᠠᠯᠭᠠᠲᠠᠨ ᠪᠠ ᠪᠦᠷᠢᠯᠳᠦᠬᠦᠨ ᠬᠡᠰᠢᠭᠦᠳ ᠢ ᠲᠤᠲᠤᠷᠬᠠᠶᠢᠯᠠᠨ᠂ ᠲᠤᠰᠬᠠᠢ ᠬᠦᠮᠦᠨ ᠲᠤᠬᠢᠷᠠᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠬᠠᠷᠢᠭᠤᠴᠠᠭᠤᠯᠵᠤ᠂ ᠪᠣᠯᠪᠠᠰᠤᠨ ᠤ ᠦᠢᠯᠡᠳᠦᠯᠬᠡ ᠶᠢᠨ ᠤᠬᠠᠭᠤᠯᠭ᠎ᠠ ᠶᠢᠨ ᠠᠭᠤᠯᠭ᠎ᠠ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠦᠪᠡᠭᠴᠢᠯᠡᠯᠲᠡ᠂ ᠤᠬᠠᠭᠤᠯᠭ᠎ᠠ ᠶᠢᠨ ᠲᠤᠷᠰᠢᠯᠭ᠎ᠠ ᠶᠢᠨ ᠳ᠋ᠦᠩᠨᠡᠯᠲᠡ ᠵᠡᠷᠭᠡ ᠠᠵᠢᠯ ᠢ ᠲᠤᠭᠲᠠᠮᠠᠯ ᠬᠤᠭᠤᠴᠠᠭ᠎ᠠ ᠲᠠᠢ ᠪᠠᠷ ᠰᠤᠳᠤᠯᠪᠠ᠃     ᠦᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃ ᠳᠠᠭᠠᠭᠠᠴᠢᠯᠠᠬᠤ ᠣᠳᠣᠷᠢᠳᠣᠯᠭ᠎ᠠ᠂ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠨᠤᠲᠤᠭ ᠤᠨ ᠲᠤᠮᠤᠭᠠᠲᠠᠨ᠂ ᠠᠬᠠᠮᠠᠳ ᠨᠠᠮ ᠤᠨ ᠭᠡᠰᠢᠭᠦᠨ ᠪᠠ ᠺᠠᠳ᠋ᠷ᠂ ᠲᠡᠷᠢᠭᠦᠨ ᠤ ᠵᠢᠱᠢᠶᠡᠴᠢ ᠵᠡᠷᠭᠡ ᠪᠠᠷ ᠪᠦᠷᠢᠯᠳᠦᠭᠰᠡᠨ ︽ᠲᠠᠯ᠎ᠠ ᠨᠤᠲᠤᠭ ᠤᠨ ᠭᠠᠪᠰᠢᠭᠠᠢ ᠴᠡᠷᠢᠭ︾ ᠰᠣᠶᠣᠯ ᠤᠷᠠᠯᠢᠭ ᠤᠨ ᠤᠬᠠᠭᠤᠯᠭ᠎ᠠ ᠶᠢᠨ ᠡᠩᠨᠡᠭᠡ ᠶᠢ ᠪᠠᠶᠢᠭᠤᠯᠤᠨ᠂ ︽ᠰᠣᠶᠣᠯ ᠢᠶᠠᠷ ᠠᠷᠠᠳ ᠢ ᠬᠠᠷᠠᠭᠠᠯᠵᠠᠬᠤ᠂ ᠰᠣᠶᠣᠯ ᠢᠶᠠᠷ ᠠᠷᠠᠳ ᠲᠤ ᠦᠢᠯᠡᠴᠢᠯᠡᠬᠦ᠂ ᠰᠤᠶᠤᠯ ᠢᠶᠠᠷ ᠠᠷᠠᠳ ᠢ ᠪᠠᠶᠠᠰᠬᠠᠬᠤ︾ ᠵᠤᠷᠢᠯᠲᠠ ᠳᠤ ᠰᠠᠭᠤᠷᠢᠯᠠᠵᠤ᠂ ᠶᠠᠳᠠᠭᠤ ᠬᠦᠴᠢᠷᠳᠡᠯᠲᠡᠢ ᠡᠷᠦᠬᠡ᠂ ᠨᠠᠮ ᠤᠨ ᠭᠡᠰᠢᠬᠦᠨ ᠭᠤᠤᠯᠯᠠᠭᠴᠢ ᠡᠷᠦᠬᠡ᠂ ᠮᠠᠯᠴᠢᠨ ᠠᠶᠢᠯ ᠤᠨ ᠪᠠᠶᠠᠰᠣᠯ ᠪᠠ ᠭᠠᠴᠠᠭ᠎ᠠ ᠲᠤᠰᠬᠤᠨ ᠨᠡᠶᠢᠬᠡᠮ ᠲᠤᠭᠤᠷᠢᠭ ᠢᠶᠠᠷ ᠦᠢᠯᠡᠴᠢᠯᠡᠬᠦ ᠡᠲᠡᠭᠡᠳ ᠢᠶᠠᠨ ᠪᠣᠯᠭᠠᠨ᠂ ᠣᠯᠠᠨ ᠲᠦᠮᠡᠨ ᠤ ᠬᠡᠷᠡᠭᠴᠡᠭᠡ ᠪᠠ ᠠᠵᠢᠯᠯᠠᠭᠠᠨ ᠤ ᠠᠭᠤᠯᠭ᠎ᠠ ᠶᠢ ᠤᠶᠠᠯᠳᠣᠭᠤᠯᠵᠣ᠂ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠬᠤ᠂ ᠰᠤᠶᠤᠯ ᠢ ᠬᠦᠳᠡᠭᠡ ᠪᠠᠭᠤᠯᠭᠠᠬᠤ ᠪᠠᠷ ᠭᠤᠤᠯ ᠪᠤᠯᠭᠠᠭᠰᠠᠨ ᠦᠨᠳᠦᠰᠦᠲᠡᠨ ᠤ ᠳᠠᠭᠤᠤ ᠪᠦᠵᠢᠭ᠂ ᠦᠨᠳᠦᠰᠦᠲᠡᠨ  ᠤ ᠬᠦᠭᠵᠢᠮ᠂ ᠢᠷᠠᠭᠤ ᠨᠠᠶᠢᠷᠠᠭ᠂ ᠬᠤᠯᠪᠤᠭ᠎ᠠ᠂ ᠵᠦᠴᠦᠭᠡ ᠵᠡᠷᠭᠡ ᠤᠷᠠᠯᠢᠭ ᠤᠨ ᠲᠤᠭᠯᠠᠯᠲᠠ ᠪᠤᠯᠤᠨ ᠭᠡᠷᠡᠯ ᠵᠢᠷᠤᠭ  ᠤᠨ ᠦᠵᠡᠭᠦᠯᠭᠡ᠂ ᠰᠤᠶᠤᠯ ᠤᠷᠠᠯᠢᠭ ᠤᠨ ᠪᠤᠯᠪᠠᠰᠤᠷᠠᠯ᠂ ᠤᠷᠠᠨ ᠪᠢᠴᠢᠯᠭᠡ ᠤᠷᠠᠨ ᠵᠢᠷᠤᠭ ᠤᠨ ᠵᠢᠯᠤᠭᠤᠳᠤᠯᠭ᠎ᠠ ᠰᠤᠯᠢᠯᠴᠠᠭ᠎ᠠ ᠵᠡᠷᠭᠡ ᠣᠯᠠᠨ ᠶᠠᠩᠵᠤᠲᠤ ᠰᠣᠶᠣᠯ ᠤᠨ ᠠᠵᠢᠯᠯᠠᠭ᠎ᠠ ᠶᠢ ᠪᠠᠭᠲᠠᠭᠠᠭᠰᠠᠨ ᠬᠢᠯᠪᠠᠷ ᠤᠶᠢᠯᠭᠠᠮᠵᠢᠲᠡᠢ᠂ ᠣᠨᠴᠠᠯᠢᠭ ᠢᠶᠠᠷ ᠲᠤᠲᠤᠷᠠᠭᠤᠨ ᠠᠷᠠᠳ ᠢ ᠬᠠᠷᠠᠭᠠᠯᠵᠠᠬᠤ ᠠᠵᠢᠯᠯᠠᠭ᠎ᠠ ᠦᠷᠨᠢᠭᠦᠯᠪᠡ᠃     ᠰᠠᠶᠢᠨ ᠳᠣᠷᠠᠴᠤᠳ ᠤᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠪᠠᠶᠢᠭᠤᠯᠪᠠ᠃ ᠰᠠᠶᠢᠨ ᠳᠣᠷᠠᠴᠤᠳ  ᠤᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠳᠠᠩᠰᠠᠯᠠᠨ ᠪᠠᠶᠢᠭᠤᠯᠵᠤ᠂ ᠰᠠᠶᠢᠨ ᠳᠣᠷᠠᠴᠤᠳ ᠤᠨ ᠦᠢᠯᠡᠴᠢᠯᠡᠭᠡᠨ ᠤ ᠲᠦᠷᠦᠯ ᠵᠦᠢᠯ ᠢ ᠦᠷᠲᠡᠭ ᠤᠨ ᠦᠵᠡᠯᠲᠡ ᠶᠢᠨ ᠵᠢᠯᠤᠭᠤᠳᠤᠯᠭ᠎ᠠ᠂ ᠨᠠᠶᠢᠲᠠ ᠶᠢᠨ ᠠᠰᠠᠷᠠᠮᠵᠢ  ᠶᠢᠨ ᠦᠢᠯᠡᠳᠦᠯᠭᠡ᠂ ᠰᠣᠶᠣᠯ ᠤᠨ ᠴᠤᠭᠴᠠᠯᠠᠯᠲᠠ ᠶᠢᠨ ᠭᠤᠷᠪᠠᠨ ᠴᠢᠳᠠᠮᠵᠢ ᠶᠢᠨ ᠣᠷᠭᠠᠨᠢᠭ ᠨᠢᠭᠡᠳᠦᠮᠡᠯ ᠴᠤᠭᠴᠠ  ᠪᠠᠷ  ᠲᠦᠯᠦᠪᠵᠢᠬᠦᠯᠪᠡ᠃ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠬᠤᠶᠠᠷ ᠲᠦᠷᠦᠯ ᠤᠨ ᠰᠠᠶᠢᠨ ᠳᠣᠷᠠᠴᠤᠳ  ᠤᠨ ᠦᠢᠯᠡᠴᠢᠯᠡᠭᠡᠨ ᠤ ᠲᠦᠷᠦᠯ ᠵᠦᠢᠯ ᠢ ᠲᠦᠯᠦᠪᠵᠢᠬᠦᠯᠵᠦ᠂ ᠨᠢᠭᠡ ᠲᠦᠷᠦᠯ ᠨᠢ ᠨᠠᠶᠢᠲᠠ ᠶᠢᠨ ᠠᠰᠠᠭᠤᠳᠠᠯ ᠢ ᠰᠢᠢᠳᠪᠦᠷᠢᠯᠡᠨ᠎ᠡ᠂ ᠳᠠᠷᠤᠢ᠂ ᠣᠷᠴᠢᠨ ᠲᠤᠭᠤᠷᠢᠨ ᠤ ᠵᠠᠰᠠᠯᠲᠠ ᠪᠠ ᠰᠣᠶᠣᠯ ᠵᠠᠩ ᠦᠢᠯᠡ ᠤᠨ ᠤᠯᠠᠮᠵᠢᠯᠠᠯ ᠪᠤᠯᠤᠨ᠎ᠠ︔ ᠨᠢᠭᠡ ᠲᠦᠷᠦᠯ ᠨᠢ ᠬᠤᠪᠢ ᠬᠦᠮᠦᠨ ᠳᠤ ᠳᠡᠮᠵᠢᠯᠭᠡ ᠦᠵᠡᠬᠦᠯᠦᠨ᠎ᠡ ᠳᠠᠷᠤᠢ᠂ ᠭᠡᠷ ᠲᠤ ᠪᠠᠨ ᠦᠯᠡᠳᠡᠭᠰᠡᠨ ᠬᠡᠤᠬᠡᠳ᠂ ᠡᠮᠡᠭᠳᠡᠶᠢᠴᠤᠳ᠂ ᠵᠡᠮᠳᠡᠭᠴᠤᠳ᠂ ᠨᠠᠰᠤᠲᠠᠶᠢᠴᠤᠳ᠂ ᠨᠤᠲᠤᠭ ᠲᠤ ᠪᠠᠨ ᠪᠣᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠶᠢ ᠬᠠᠪᠰᠣᠷᠤᠨ᠎ᠠ᠃     ᠨᠢᠬᠡ ᠬᠤᠪᠢ ︽ᠵᠠᠬᠢᠶᠠᠯᠠᠭ᠎ᠠ ᠶᠢᠨ ᠬᠠᠭᠤᠳᠠᠰᠤ︾ ᠭᠠᠷᠭᠠᠪᠠ᠃ ᠣᠯᠠᠨ ᠲᠦᠮᠡᠨ ᠳᠤ ᠨᠡᠩ ᠰᠠᠶᠢᠨ  ᠦᠢᠯᠡᠴᠢᠯᠡᠭᠡ ᠬᠠᠩᠭᠠᠬᠤ ᠶᠢᠨ ᠲᠤᠰᠠᠳᠠ ᠨᠠᠩᠰᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠠᠴᠠ ᠰᠠᠶᠢᠨ ᠳᠣᠷᠠᠴᠤᠳ ᠤᠨ ᠦᠢᠯᠡᠴᠢᠯᠡᠭᠡᠨ ᠤ ︽ᠵᠠᠬᠢᠶᠠᠯᠠᠭ᠎ᠠ ᠶᠢᠨ ᠬᠠᠭᠤᠳᠠᠰᠤ︾ ᠭᠠᠷᠭᠠᠵᠤ᠂ ᠣᠯᠠᠨ ᠲᠦᠮᠡᠨ ᠪᠣᠲᠠᠲᠤ ᠬᠡᠷᠡᠭᠴᠡᠭᠡ ᠪᠠᠨ ᠦᠨᠳᠦᠰᠦᠯᠡᠨ ᠦᠢᠯᠡᠴᠢᠯᠡᠭᠡ ᠵᠠᠬᠢᠶᠠᠯᠠᠪᠠ᠃ ᠣᠯᠠᠨ ᠲᠦᠮᠡᠨ  ᠤ ᠰᠠᠨᠠᠭᠤᠯᠭ᠎ᠠ ᠶᠢ ᠴᠤᠭᠯᠠᠭᠤᠯᠤᠨ᠂ ᠪᠧᠯᠲ ᠦᠭᠬᠦ ᠠᠷᠭ᠎ᠠ ᠪᠠᠷ ᠰᠤᠩᠭᠤᠨ ᠰᠢᠯᠢᠵᠦ ᠵᠠᠬᠢᠶᠠᠯᠠᠭ᠎ᠠ ᠳᠤ ᠣᠷᠣᠭᠤᠯᠣᠨ ᠨᠠᠶᠢᠲᠠᠪᠤᠷᠢᠵᠢᠭᠤᠯᠵᠤ᠂ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠪᠡ︔ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠲᠠᠢ ᠪᠡᠷᠬᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠭᠡ ᠮᠡᠷᠭᠡᠵᠢᠯ ᠤᠨ ᠰᠠᠶᠢᠨ ᠳᠣᠷᠠᠴᠤᠳ ᠤᠨ ᠦᠢᠯᠡᠴᠢᠯᠡᠭᠡᠨ ᠤ ᠠᠩᠬᠢ ᠶᠢ ᠳᠠᠶᠢᠴᠢᠯᠠᠵᠤ᠂ ᠲᠠᠷᠢᠶᠠᠨ ᠭᠠᠵᠠᠷ ᠵᠡᠷᠭᠡ ᠠᠬᠤᠢ ᠲᠠᠯᠠᠪᠤᠷ ᠲᠤ ᠬᠢᠯᠪᠡᠷ ᠤᠶᠢᠯᠭᠠᠮᠵᠢᠲᠠᠢ ᠠᠷᠭ᠎ᠠ ᠪᠠᠷ ᠮᠠᠯᠴᠢᠨ ᠲᠠᠷᠢᠶᠠᠴᠢᠨ ᠳᠤ ᠲᠠᠷᠢᠵᠦ ᠲᠡᠵᠢᠭᠡᠬᠦ ᠮᠡᠷᠭᠡᠵᠢᠯ ᠤᠯᠠᠮᠵᠢᠯᠠᠨ ᠵᠢᠯᠤᠭᠤᠳᠤᠯᠭ᠎ᠠ ᠬᠢᠵᠦ᠂ ᠦᠷᠭᠡᠨ ᠣᠯᠠᠨ ᠮᠠᠯᠴᠢᠨ ᠲᠠᠷᠢᠶᠠᠴᠢᠨ ᠳᠤ ᠰᠢᠨᠵᠢᠯᠡᠭᠡ ᠮᠡᠷᠭᠡᠵᠢᠯ ᠤᠨ ᠠᠰᠢᠭ ᠲᠤᠰᠠ ᠶᠢ ᠦᠨᠡᠨ ᠬᠦ ᠬᠦᠷᠲᠡᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号