1. ᠤᠢ ᠶᠢᠨ ᠭᠠᠵᠠᠷ ᠢᠶᠠᠷ ᠲᠤᠭᠳᠠᠭᠠᠳᠠᠭ ᠤᠨ ᠥᠨᠳᠥᠰᠥᠯᠡᠯ ᠨᠢ ᠶᠠᠭᠤ ᠪᠤᠢ︖ | ᠬᠠᠷᠢᠭᠤᠯᠳᠠ᠄ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠤᠢ ᠰᠢᠭᠤᠢ ᠶᠢᠨ | ᠬᠠᠤᠯᠢ ᠶᠢ ᠥᠨᠳᠥᠰᠥᠯᠡᠨ ᠬᠠᠮᠢᠶ᠎ᠠ ᠪᠥᠭᠦᠢ ᠲᠥᠷᠢᠮ ᠲᠤᠭᠳᠠᠭᠠᠯ ᠶᠤᠰᠤᠭᠠᠷ ︽ᠤᠢ ᠶᠢᠨ ᠭᠠᠵᠠᠷ ᠤᠨ ᠬᠠᠮᠠᠭᠠᠯᠠᠯᠳᠠ | ᠠᠰᠢᠭᠯᠠᠯᠳᠠ ᠶᠢᠨ ᠲᠦᠯᠤᠪᠵᠢᠬᠦᠯᠬᠡ︾ ᠲᠤᠭᠳᠠᠭᠠᠵᠤ᠂ ᠤᠢ ᠬᠠᠮᠠᠭᠠᠯᠠᠬᠤ ᠲᠦᠯᠤᠪᠵᠢᠬᠦᠯᠬᠡ ᠳᠤ ᠪᠠᠭᠳᠠᠭᠠᠭᠰᠠᠨ | ᠰᠡᠶᠢᠷᠡᠭ ᠤᠶᠢᠳᠤ ᠭᠠᠵᠠᠷ᠂ ᠤᠶᠢᠳᠤ ᠭᠠᠵᠠᠷ᠂ ᠪᠤᠳᠠᠯᠢᠭ ᠮᠤᠳᠤᠨ ᠤᠶᠢᠳᠤ ᠭᠠᠵᠠᠷ᠂ ᠤᠷᠭᠤᠵᠤ ᠭᠥᠢᠴᠡᠭᠡᠳᠥᠢ | ᠮᠤᠳᠤ ᠲᠠᠢ ᠤᠶᠢᠵᠢᠭᠤᠯᠤᠯᠳᠠ ᠶᠢᠨ ᠭᠠᠵᠠᠷ᠂ ᠮᠤᠳᠤᠨ ᠰᠤᠶᠤᠭ᠎ᠠ ᠪᠤᠶᠢᠵᠢᠭᠤᠯᠬᠤ ᠭᠠᠵᠠᠷ᠂ ᠤᠷᠭᠤᠭ᠎ᠠ ᠮᠤᠳᠤ | ᠥᠭᠡᠢ ᠤᠶᠢᠳᠤ ᠭᠠᠵᠠᠷ᠂ ᠤᠶᠢᠵᠢᠭᠤᠯᠵᠤ ᠪᠤᠯᠬᠤ ᠭᠠᠵᠠᠷ ᠪᠤᠯᠤᠨ ᠤᠢ ᠰᠢᠭᠤᠢ ᠶᠢᠨ ᠠᠵᠤ ᠥᠢᠯᠡᠰ ᠲᠤ | ᠬᠠᠪᠰᠤᠷᠤᠮᠵᠢ ᠪᠤᠯᠭᠠᠵᠤ ᠭᠡᠷᠡᠭᠯᠡᠭᠦ ᠪᠤᠰᠤᠤᠨ ᠭᠠᠵᠠᠷ ᠢ ᠨᠡᠶᠢᠳᠡ ᠳᠤ ᠨᠢ ᠴᠥᠮ ᠤᠢ ᠶᠢᠨ ᠠᠵᠤ ᠠᠬᠤᠢ ᠳᠤ | ᠬᠡᠷᠡᠭᠯᠡᠭᠦ ᠭᠠᠵᠠᠷ ᠢᠶᠠᠷ ᠲᠤᠭᠠᠴᠠᠳᠠᠭ᠃ ᠲᠤᠰ ᠲᠦᠯᠤᠪᠵᠢᠬᠦᠯᠬᠡ ᠶᠢ ᠪᠤᠯ ᠬᠤᠰᠢᠭᠤ ᠰᠢᠶᠠᠨ ᠤ ᠱᠠᠳᠤᠨ ᠤ ᠠᠷᠠᠳ | ᠤᠨ ᠵᠠᠰᠠᠭ ᠤᠨ ᠤᠷᠳᠤᠨ ᠠᠴᠠ ᠲᠤᠭᠳᠠᠭᠠᠵᠤ ᠭᠡᠷᠡᠭᠵᠢᠭᠦᠯᠭᠦ ᠪᠥᠭᠡᠳ ᠤᠯᠤᠰ ᠠᠴᠠ ᠲᠤᠰ ᠲᠦᠯᠤᠪᠵᠢᠬᠦᠯᠬᠡ | ᠶᠤᠰᠤᠭᠠᠷ ᠤᠢ ᠰᠢᠭᠤᠢ ᠶᠢᠨ ᠡᠬᠢ ᠰᠤᠷᠪᠤᠯᠵᠢ ᠳᠤ ᠬᠠᠮᠢᠶᠠᠷᠤᠯᠳᠠ ᠬᠢᠭᠦ ᠪᠠ ᠪᠠᠶᠢᠴᠠᠭᠠᠯᠳᠠ ᠬᠢᠭᠦ ᠶᠤᠰᠤᠳᠠᠢ ᠭᠡᠵᠤ | ᠬᠠᠤᠯᠢ ᠴᠠᠭᠠᠵᠠ ᠳᠤ ᠲᠤᠭᠳᠠᠭᠠᠭᠰᠠᠨ ᠪᠠᠶᠢᠨ᠎ᠠ᠃ | 2. ᠮᠠᠨ ᠤ ᠬᠤᠰᠢᠭᠤᠨ ᠤ ᠤᠳᠤ ᠬᠡᠷᠡᠭᠵᠢᠭᠦᠯᠵᠤ ᠪᠠᠶᠢᠭ᠎ᠠ ᠤᠢ ᠶᠢᠨ ᠭᠠᠵᠠᠷ ᠤᠨ ᠬᠠᠮᠠᠭᠠᠯᠠᠯᠳᠠ | ᠠᠰᠢᠭᠯᠠᠯᠳᠠ ᠶᠢᠨ ᠲᠦᠯᠤᠪᠵᠢᠬᠦᠯᠬᠡ ᠶᠢ ᠶᠠᠭᠠᠬᠢᠵᠤ ᠲᠤᠭᠳᠠᠭᠠᠭᠰᠠᠨ ᠪᠤᠢ︖ | ᠬᠠᠷᠢᠭᠤᠯᠳᠠ᠄ ᠮᠠᠨ ᠤ ᠬᠤᠰᠢᠭᠤᠨ ᠤ ᠤᠢ ᠶᠢᠨ ᠭᠠᠵᠠᠷ ᠤᠨ ᠬᠠᠮᠠᠭᠠᠯᠠᠯᠳᠠ ᠠᠰᠢᠭᠯᠠᠯᠳᠠ ᠶᠢᠨ | ᠲᠦᠯᠤᠪᠵᠢᠬᠦᠯᠬᠡ ᠶᠢ ᠪᠤᠯ 2009 ᠤᠨ ᠤ ᠤᠢ ᠰᠢᠭᠤᠢ ᠶᠢᠨ ᠡᠬᠢ ᠰᠤᠷᠪᠤᠯᠵᠢ ᠶᠢᠨ ᠥᠷᠭᠦᠯᠵᠢᠯᠡᠭᠰᠡᠨ | ᠨᠢᠭᠳᠠᠯᠠᠨ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠰᠠᠭᠤᠷᠢᠨ ᠲᠡᠭᠡᠷ᠎ᠡ ᠬᠤᠰᠢᠭᠤ ᠠᠷᠠᠳ ᠤᠨ ᠵᠠᠰᠠᠭ ᠤᠨ | ᠤᠷᠳᠤᠨ ᠥᠪᠥᠷ ᠮᠤᠩᠭᠤᠯ ᠤᠨ ᠤᠢ ᠰᠢᠭᠤᠢ ᠶᠢᠨ ᠡᠬᠢ ᠰᠤᠷᠪᠤᠯᠵᠢ ᠶᠢᠨ ᠬᠠᠶᠢᠨ ᠪᠠᠶᠢᠴᠠᠭᠠᠯᠳᠠ ᠵᠢᠷᠤᠭ | ᠲᠥᠯᠥᠪᠯᠡᠭᠡᠨ ᠤ ᠭᠥᠷᠢᠶᠡᠯᠡᠩ ᠢ ᠤᠷᠢᠵᠤ ᠪᠠᠶᠢᠴᠠᠭᠠᠯᠭᠠᠵᠤ ᠲᠥᠯᠥᠪᠯᠡᠭᠡᠳ ᠨᠠᠶᠢᠷᠠᠭᠤᠯᠵᠤ ᠲᠤᠭᠳᠠᠭᠠᠭᠰᠠᠨ ᠶᠤᠮ᠃ | ᠨᠠᠶᠢᠷᠠᠭᠤᠯᠵᠤ ᠲᠤᠭᠳᠠᠭᠠᠭᠰᠠᠨ ᠤ ᠰᠡᠭᠦᠯᠡᠷ ᠤᠯᠤᠰ ᠤᠨ ᠤᠢ ᠰᠢᠭᠤᠢ ᠶᠢᠨ ᠲᠤᠪᠴᠢᠶ᠎ᠠ ᠳᠤ ᠮᠡᠳᠡᠭᠦᠯᠥᠨ ᠬᠢᠨᠠᠨ | ᠪᠠᠳᠤᠯᠠᠭᠤᠯᠤᠭᠠᠳ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠪᠢᠴᠢᠭ ᠢᠶᠠᠷ ᠲᠠᠷᠬᠠᠭᠠᠵᠤ | ᠵᠥᠪᠰᠢᠶᠡᠷᠡᠨ ᠭᠡᠷᠡᠭᠵᠢᠭᠦᠯᠥᠭᠰᠡᠨ ᠪᠠᠶᠢᠨ᠎ᠠ᠃ ᠲᠤᠰ ᠲᠦᠯᠤᠪᠵᠢᠬᠦᠯᠬᠡ ᠶᠢᠨ ᠬᠡᠷᠡᠭᠵᠢᠬᠦᠯᠬᠦ ᠬᠤᠭᠤᠴᠠᠭ᠎ᠠ ᠨᠢ | 2010 ᠤᠨ ᠠᠴᠠ 2020 ᠤᠨ ᠪᠤᠯᠳᠠᠯ᠎ᠠ ᠶᠠᠪᠤᠭᠳᠠᠨ᠎ᠠ᠃ | 3. ᠮᠠᠨ ᠤ ᠬᠤᠰᠢᠭᠤᠨ ᠤ ᠤᠳᠤ ᠬᠡᠷᠡᠭᠵᠢᠭᠦᠯᠵᠤ ᠪᠠᠶᠢᠭ᠎ᠠ ᠤᠢ ᠶᠢᠨ ᠭᠠᠵᠠᠷ ᠤᠨ ᠬᠠᠮᠠᠭᠠᠯᠠᠯᠳᠠ | ᠠᠰᠢᠭᠯᠠᠯᠳᠠ ᠶᠢᠨ ᠲᠦᠯᠤᠪᠵᠢᠬᠦᠯᠬᠡ ᠳᠤ ᠠᠯᠢ ᠲᠦᠷᠤᠯ ᠤᠨ ᠭᠠᠵᠠᠷ ᠪᠤᠯᠤᠨ ᠶᠠᠮᠠᠷ ᠮᠤᠳᠤᠨ ᠤ ᠲᠥᠷᠥᠯ | ᠪᠠᠭᠳᠠᠭᠳᠠᠬᠤ ᠪᠤᠢ︖ | ᠬᠠᠷᠢᠭᠤᠯᠳᠠ᠄ ᠤᠶᠢᠳᠤ ᠭᠠᠵᠠᠷ᠂ ᠰᠡᠶᠢᠷᠡᠭ ᠤᠶᠢᠳᠤ ᠭᠠᠵᠠᠷ᠂ ᠪᠤᠳᠠᠯᠢᠭ ᠮᠤᠳᠤᠨ ᠤᠶᠢᠳᠤ ᠭᠠᠵᠠᠷ᠂ | ᠤᠷᠭᠤᠵᠤ ᠭᠥᠢᠴᠡᠭᠡᠳᠥᠢ ᠮᠤᠳᠤ ᠲᠠᠢ ᠤᠶᠢᠵᠢᠭᠤᠯᠤᠯᠳᠠ ᠶᠢᠨ ᠭᠠᠵᠠᠷ᠂ ᠮᠤᠳᠤᠨ ᠰᠤᠶᠤᠭ᠎ᠠ ᠪᠤᠶᠢᠵᠢᠭᠤᠯᠬᠤ ᠭᠠᠵᠠᠷ᠂ | ᠤᠷᠭᠤᠭ᠎ᠠ ᠮᠤᠳᠤ ᠥᠭᠡᠢ ᠤᠶᠢᠳᠤ ᠭᠠᠵᠠᠷ᠂ ᠤᠶᠢᠵᠢᠭᠤᠯᠵᠤ ᠪᠤᠯᠬᠤ ᠭᠠᠵᠠᠷ ᠪᠤᠯᠤᠨ ᠤᠢ ᠰᠢᠭᠤᠢ ᠶᠢᠨ ᠠᠵᠤ | ᠥᠢᠯᠡᠰ ᠲᠤ ᠬᠠᠪᠰᠤᠷᠤᠮᠵᠢ ᠪᠤᠯᠭᠠᠵᠤ ᠭᠡᠷᠡᠭᠯᠡᠭᠦ ᠪᠤᠰᠤᠤᠨ ᠭᠠᠵᠠᠷ ᠪᠠᠭᠳᠠᠭᠳᠠᠨ᠎ᠠ᠃ | ᠮᠤᠳᠤᠨ ᠤ ᠲᠥᠷᠥᠯ ᠳᠤ᠄ ᠲᠤᠷᠤᠭ ᠮᠤᠳᠤᠨ ᠠᠴᠠ ᠤᠯᠢᠶᠠᠰᠤ᠂ ᠤᠳᠠ᠂ ᠬᠠᠶᠢᠯᠠᠰᠤ᠂ ᠨᠠᠷᠠᠰᠤ᠂ | ᠬᠤᠩᠭᠤᠷᠴᠠᠭᠳᠤ ᠮᠤᠳᠤ᠂ ᠵᠢᠮᠢᠰ ᠤᠨ ᠲᠥᠷᠥᠯ ᠤᠨ ᠲᠤᠷᠤᠭ ᠮᠤᠳᠤ ᠵᠡᠷᠭᠡ ᠪᠤᠢ︔ ᠪᠤᠳᠠᠯᠢᠭ ᠮᠤᠳᠤᠨ ᠠᠴᠠ | ᠬᠠᠷᠭᠠᠨ᠎ᠠ᠂ ᠲᠤᠷᠯᠤᠭ᠂ ᠤᠯᠠᠭᠠᠨ ᠲᠤᠷᠯᠤᠭ᠂ ᠪᠤᠷᠭᠠᠰᠤ᠂ ᠰᠤᠬᠠᠢ᠂ ᠵᠢᠭᠳᠡ ᠵᠡᠷᠭᠡ ᠪᠠ ᠪᠠᠶᠢᠭᠠᠯᠢ ᠶᠢᠨ ᠮᠥᠩᠭᠡ | ᠬᠠᠷᠭᠠᠨ᠎ᠠ᠂ ᠲᠤᠪᠤᠩ᠂ ᠪᠠᠳᠠᠷᠭᠠᠨᠠ᠂ ᠤᠯᠠᠭᠠᠨ ᠪᠤᠳᠤᠷᠭᠠᠨ᠎ᠠ᠂ ᠶᠠᠰᠢᠯ᠂ ᠢᠮᠠᠭᠠᠨ ᠡᠪᠡᠷ ᠵᠡᠷᠭᠡ ᠤᠨᠴᠠ | ᠲᠤᠭᠳᠠᠭᠠᠭᠰᠠᠨ ᠮᠤᠳᠤᠳ ᠢ ᠪᠥᠷ ᠪᠤᠳᠠᠯᠢᠭ ᠮᠤᠳᠤᠨ ᠤᠢ ᠳᠤ ᠪᠠᠭᠳᠠᠭᠠᠨ᠎ᠠ᠃ | 4. ᠤᠶᠢᠵᠢᠭᠤᠯᠵᠤ ᠪᠤᠯᠬᠤ ᠭᠠᠵᠠᠷ ᠭᠡᠳᠡᠭ ᠨᠢ ᠶᠠᠭᠤ ᠪᠤᠢ︖ | ᠬᠠᠷᠢᠭᠤᠯᠳᠠ᠄ ᠲᠠᠷᠤᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢᠯᠠᠯ ᠢᠶᠠᠷ ᠤᠢ ᠶᠢᠨ | ᠭᠠᠵᠠᠷ ᠤᠨ ᠬᠠᠮᠠᠭᠠᠯᠠᠯᠳᠠ ᠠᠰᠢᠭᠯᠠᠯᠳᠠ ᠶᠢᠨ ᠲᠦᠯᠤᠪᠵᠢᠬᠦᠯᠬᠡ ᠳᠤ ᠤᠷᠤᠭᠤᠯᠤᠭᠰᠠᠨ ᠤᠶᠢᠵᠢᠭᠤᠯᠤᠯᠳᠠ ᠬᠢᠭᠦ ᠳᠤ | ᠲᠤᠬᠢᠷᠠᠮᠵᠢᠳᠠᠢ ᠭᠠᠵᠠᠷ ᠢ ᠵᠢᠭᠠᠵᠤ ᠪᠤᠢ᠃ | 5. ᠮᠠᠨ ᠤ ᠬᠤᠰᠢᠭᠤᠨ ᠤ ᠨᠤᠳᠤᠭ ᠪᠡᠯᠴᠢᠭᠡᠷ ᠮᠠᠭᠠᠳᠯᠠᠨ ᠲᠤᠭᠳᠠᠭᠠᠬᠤ ᠪᠠᠷᠢᠮᠵᠢᠶ᠎ᠠ ᠨᠢ ᠶᠠᠭᠤ ᠪᠤᠢ︖ | ᠬᠠᠷᠢᠭᠤᠯᠳᠠ᠄ ᠲᠥᠭᠦᠮ ᠢᠶᠠᠷ ᠬᠡᠯᠡᠪᠡᠯ᠂ ᠲᠠᠷᠤᠢ ᠨᠤᠳᠤᠭ ᠪᠡᠯᠴᠢᠭᠡᠷ ᠤᠨ ᠥᠨᠡᠮᠯᠡᠯ ᠢᠶᠠᠷ ᠥᠨᠳᠥᠰᠥᠯᠡᠯ | ᠪᠤᠯᠭᠠᠨ᠎ᠠ᠃ | 6. ᠮᠠᠨ ᠤ ᠤᠯᠤᠰ ᠶᠠᠮᠠᠷ ᠠᠷᠭ᠎ᠠ ᠠᠪᠴᠠᠯ ᠢᠶᠠᠷ ᠤᠢ ᠰᠢᠭᠤᠢ ᠪᠤᠯᠤᠨ ᠨᠤᠳᠤᠭ ᠪᠡᠯᠴᠢᠭᠡᠷ ᠤᠨ ᠬᠢᠨᠠᠨ | ᠭᠡᠮᠵᠢᠯᠳᠡ ᠬᠢᠳᠡᠭ ᠪᠤᠢ︖ | ᠬᠠᠷᠢᠭᠤᠯᠳᠠ᠄ ᠭᠤᠤᠯᠳᠠᠭᠤ ᠲᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠭᠡᠮᠵᠢᠯᠳᠡ ᠶᠢᠨ ᠮᠡᠷᠭᠡᠵᠢᠯ ᠢ | ᠬᠡᠷᠡᠭᠯᠡᠵᠤ ᠪᠤᠢ᠃ ᠲᠠᠭᠠᠭᠤᠯᠢ ᠤᠳᠤ ᠪᠠᠷ ᠭᠠᠵᠠᠷ ᠤᠨ ᠭᠠᠳᠠᠷᠭᠤ ᠲᠡᠭᠡᠷ᠎ᠡ 2.5 ᠮᠧᠲᠷ ᠤᠨ ᠨᠠᠷᠢᠪᠴᠢ ᠶᠢᠨ | ᠭᠡᠮᠵᠢᠶ᠎ᠡ ᠲᠠᠢ ᠪᠠᠷ ᠰᠡᠬᠦᠳᠡᠷᠯᠡᠭᠰᠡᠨ ᠭᠡᠷᠡᠯ ᠵᠢᠷᠤᠭ ᠢ ᠭᠠᠷᠭᠠᠵᠤ ᠠᠪᠤᠭᠠᠳ ᠺᠤᠮᠫᠢᠥ᠋ᠲ᠋ᠧᠷ ᠢᠶᠠᠷ ᠵᠠᠳᠠᠯᠤᠯᠳᠠ | ᠮᠠᠭᠠᠳᠯᠠᠯᠳᠠ ᠬᠢᠳᠡᠭ ᠪᠥᠭᠡᠳ ᠵᠢᠯ ᠪᠤᠯᠭᠠᠨ ᠪᠤᠶᠤ ᠰᠠᠷ᠎ᠠ ᠪᠥᠷᠢ ᠶᠢᠨ ᠬᠡᠷᠡᠯ ᠵᠢᠷᠤᠭ ᠤᠳ ᠢ ᠬᠠᠷᠢᠴᠠᠭᠤᠯᠤᠨ | ᠨᠠᠷᠢᠪᠴᠢᠯᠠᠵᠤ᠂ ᠬᠤᠪᠢᠷᠠᠯᠳᠠ ᠭᠠᠷᠤᠭᠰᠠᠨ ᠬᠡᠷᠡᠯ ᠵᠢᠷᠤᠭ ᠤᠨ ᠲᠤᠯᠪᠤᠳᠤ ᠭᠡᠰᠡᠭ ᠤᠨ ᠪᠠᠶᠢᠳᠠᠯ ᠢ ᠡᠯ᠎ᠡ ᠭᠠᠵᠠᠷ | ᠤᠷᠤᠨ ᠳᠤ ᠨᠢ ᠪᠠᠭᠤᠯᠭᠠᠵᠤ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠥᠷᠢᠯᠡᠭᠦᠯᠳᠡᠭ᠃ | 7. ᠡᠪᠳᠡᠯᠭᠡ ᠳᠤ ᠤᠴᠠᠷᠠᠭᠰᠠᠨ ᠤᠢ ᠰᠢᠭᠤᠢ ᠨᠤᠳᠤᠭ ᠪᠡᠯᠴᠢᠭᠡᠷ ᠤᠨ ᠡᠬᠢ ᠰᠤᠷᠪᠤᠯᠵᠢ ᠶᠢ ᠴᠡᠭᠴᠡᠯᠡᠵᠤ | ᠰᠠᠶᠢᠵᠢᠷᠠᠭᠤᠯᠬᠤ ᠶᠠᠪᠤᠴᠠ ᠳᠤ ᠤᠷᠭᠤᠮᠠᠯ ᠤᠨ ᠬᠤᠴᠢᠯᠭ᠎ᠠ ᠶᠢ ᠬᠢᠷᠢ ᠵᠡᠷᠭᠡ ᠰᠡᠷᠭᠦᠭᠡᠭᠦ ᠶᠢᠨ ᠪᠠᠷᠢᠮᠵᠢᠶ᠎ᠠ ᠨᠢ ᠶᠠᠭᠤ | ᠪᠤᠢ︖ | ᠬᠠᠷᠢᠭᠤᠯᠳᠠ᠄ ︽ᠪᠥᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ | ᠪᠤᠯᠤᠨ ︽ᠤᠶᠢᠵᠢᠭᠤᠯᠬᠤ ᠮᠡᠷᠭᠡᠵᠢᠯ ᠤᠨ ᠲᠥᠷᠢᠮ ᠲᠤᠭᠳᠠᠭᠠᠯ︾ ︵ᠤᠯᠤᠰ ᠤᠨ ᠪᠠᠷᠢᠮᠵᠢᠶ᠎ᠠ︶ ᠢ ᠥᠨᠳᠥᠰᠥᠯᠡᠨ᠂ | ᠤᠢ ᠰᠢᠭᠤᠢ ᠶᠢᠨ ᠠᠵᠤ ᠠᠬᠤᠢ ᠶᠢᠨ ᠭᠤᠤᠯᠳᠠᠯᠭᠠᠳᠤ ᠢᠨᠵᠧᠨᠧᠷᠢᠩ ᠤᠨ ᠲᠥᠷᠥᠯ ᠵᠥᠢᠯ ᠤᠨ ᠬᠠᠮᠢᠶ᠎ᠠ ᠪᠥᠭᠦᠢ | ᠲᠤᠭᠳᠠᠭᠠᠯ ᠳᠤ ᠨᠡᠶᠢᠴᠡᠭᠦᠯᠵᠤ᠂ ᠮᠠᠨ ᠤ ᠬᠤᠰᠢᠭᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠲᠠᠷᠢᠯᠭ᠎ᠠ ᠶᠢᠨ | ᠪᠠᠷᠢᠮᠵᠢᠶ᠎ᠠ ᠶᠢ ᠲᠤᠭᠳᠠᠭᠠᠭᠰᠠᠨ ᠪᠠᠶᠢᠨ᠎ᠠ᠃ ᠲᠤᠷᠤᠭ ᠮᠤᠳᠤᠨ ᠤᠢ ᠪᠤᠯ ᠮᠤ᠋ ᠪᠥᠷᠢ ᠳᠤ ᠠᠳᠠᠭ ᠲᠤ ᠪᠠᠨ 56 | ᠰᠠᠭᠤᠷᠢ᠂ ᠪᠤᠳᠠᠯᠢᠭ ᠮᠤᠳᠤᠨ ᠤᠢ ᠪᠤᠯ ᠮᠤ᠋ ᠪᠥᠷᠢ ᠳᠤ ᠠᠳᠠᠭ ᠲᠤ ᠪᠠᠨ110 ᠲᠠᠪᠠᠭ ᠪᠠᠶᠢᠬᠤ ᠶᠤᠰᠤᠳᠠᠢ᠃ | 8. ᠬᠠᠤᠯᠢ ᠴᠠᠭᠠᠵᠠ ᠶᠢᠨ ᠰᠢᠤᠨᠬᠡᠯ ᠤᠯᠤᠭᠰᠠᠨ ᠤ ᠲᠠᠷᠠᠭ᠎ᠠ ᠪᠠᠰᠠ ᠤᠷᠭᠤᠮᠠᠯ ᠤᠨ ᠬᠤᠴᠢᠯᠭ᠎ᠠ ᠶᠢ | ᠰᠡᠷᠭᠦᠭᠡᠨ᠎ᠡ ᠤᠤ︖ | ᠬᠠᠷᠢᠭᠤᠯᠳᠠ᠄ ᠤᠷᠭᠤᠮᠠᠯ ᠤᠨ ᠬᠤᠴᠢᠯᠭ᠎ᠠ ᠶᠢ ᠡᠷᠭᠡᠪᠰᠢ ᠰᠡᠷᠭᠦᠭᠡᠭᠦ ᠬᠡᠷᠡᠭᠳᠡᠢ᠃ | 9. ᠲᠠᠷᠢᠵᠤ ᠵᠠᠶᠢᠯᠠᠭᠠᠳ ᠥᠩᠭᠡᠷᠡᠪᠡᠯ ᠴᠡᠭᠴᠡᠯᠡᠵᠤ ᠰᠠᠶᠢᠵᠢᠷᠠᠭᠤᠯᠤᠭᠰᠠᠨ ᠳᠤ ᠲᠤᠭᠠᠴᠠᠭᠳᠠᠨ᠎ᠠ ᠤᠤ︖ | ᠬᠠᠷᠢᠭᠤᠯᠳᠠ᠄ ᠡᠩ ᠲᠡᠷᠢᠭᠦᠨ ᠳᠤ ᠬᠠᠤᠯᠢ ᠶᠤᠰᠤᠭᠠᠷ ᠭᠥᠢᠴᠡᠳ ᠪᠠᠶᠢᠴᠠᠭᠠᠨ ᠰᠢᠢᠳᠪᠥᠷᠢᠯᠡᠨ᠎ᠡ᠃ ᠲᠠᠷᠠᠭ᠎ᠠ | ᠨᠢ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠲᠠᠷᠢᠵᠤ ᠵᠠᠶᠢᠯᠠᠬᠤ ᠠᠵᠢᠯ ᠪᠠᠷᠠᠭᠰᠠᠨ ᠴᠤ ᠤᠷᠭᠤᠮᠠᠯ ᠤᠨ | ᠬᠤᠴᠢᠯᠭ᠎ᠠ ᠶᠢ ᠪᠥᠷᠢᠨ ᠰᠡᠷᠭᠦᠭᠡᠵᠤ ᠪᠠᠷᠠᠭᠰᠠᠨ ᠳᠤ ᠲᠤᠭᠠᠴᠠᠬᠤ ᠥᠭᠡᠢ᠃ ᠤᠶᠢᠵᠢᠭᠤᠯᠬᠤ ᠮᠡᠷᠬᠡᠵᠢᠯ ᠤᠨ ᠲᠥᠷᠢᠮ | ᠲᠤᠭᠳᠠᠭᠠᠯ ᠢᠶᠠᠷ ᠪᠤᠯ ᠲᠠᠷᠢᠭᠰᠠᠨ ᠤ ᠲᠠᠷᠠᠭᠠᠬᠢ ᠭᠤᠷᠪᠠᠳᠤᠭᠠᠷ ᠵᠢᠯ ᠳᠤ ᠨᠢ ᠰᠠᠶ᠋ᠢ ᠪᠠᠳᠤᠯᠠᠨ ᠲᠤᠭᠳᠠᠭᠠᠳᠠᠭ | ᠪᠠᠶᠢᠨ᠎ᠠ᠃ ᠲᠠᠷᠤᠢ ᠲᠠᠷᠢᠵᠤ ᠵᠠᠶᠢᠯᠠᠭᠰᠠᠨ ᠮᠤᠳᠤ ᠨᠢ ᠭᠤᠷᠪᠠᠨ ᠵᠢᠯ ᠤᠨ ᠬᠤᠶᠢᠨ᠎ᠠ ᠪᠠᠰᠠ 65% ᠠᠴᠠ | ᠲᠡᠭᠡᠭᠰᠢᠬᠢ ᠡᠳᠡᠭᠡᠷᠡᠯᠳᠡ ᠶᠢᠨ ᠨᠤᠷᠮ᠎ᠠ ᠪᠠᠨ ᠬᠠᠳᠠᠭᠠᠯᠠᠵᠤ ᠪᠠᠶᠢᠪᠠᠯ ᠰᠡᠶ᠋ᠢ ᠬᠢᠷᠢ ᠲᠡᠩᠴᠡᠭᠰᠡᠨ ᠢᠶᠠᠷ ᠲᠤᠭᠠᠴᠠᠳᠠᠭ | ᠪᠠᠶᠢᠨ᠎ᠠ᠃ | 10. ᠤᠶᠢᠵᠢᠭᠤᠯᠵᠤ ᠪᠤᠯᠬᠤ ᠭᠠᠵᠠᠷ ᠢ ᠬᠡᠷᠬᠢᠨ ᠰᠡᠷᠭᠦᠭᠡᠭᠦ ᠪᠤᠢ︖ | ᠬᠠᠷᠢᠭᠤᠯᠳᠠ᠄ ᠲᠠᠷᠢᠶ᠎ᠠ ᠲᠠᠷᠢᠬᠤ ᠶᠢ ᠵᠤᠭᠰᠤᠭᠠᠵᠤ ᠬᠠᠭᠤᠴᠢᠨ ᠪᠠᠶᠢᠳᠠᠯ ᠢ ᠨᠢ ᠰᠡᠷᠭᠦᠭᠡᠭᠦ ᠪᠤᠶᠤ | ᠠᠳᠠᠷᠰᠢᠭᠤᠯᠤᠨ ᠤᠷᠬᠢᠵᠤ ᠤᠭ ᠤᠨ ᠶᠤᠰᠤᠭᠠᠷ ᠪᠤᠯᠭᠠᠭᠠᠳ᠂ ᠤᠶᠢᠵᠢᠭᠤᠯᠬᠤ ᠪᠠ ᠠᠵᠤ ᠠᠬᠤᠢ ᠶᠢᠨ ᠤᠢ | ᠪᠤᠯᠭᠠᠵᠤ ᠭᠥᠭᠵᠢᠭᠦᠯᠭᠦ ᠶᠢ ᠵᠤᠷᠢᠭᠵᠢᠭᠤᠯᠤᠨ᠎ᠠ᠃ ᠬᠡᠷᠪᠡ ᠰᠡᠷᠬᠦᠬᠡᠬᠡᠤᠨ ᠤᠢ ᠶᠢᠨ ᠠᠵᠤ ᠠᠬᠤᠢ ᠶᠢᠨ | ᠥᠢᠯᠡᠳᠪᠥᠷᠢᠯᠡᠯ ᠤᠨ ᠨᠥᠭᠦᠴᠡᠯ ᠳᠤ ᠭᠥᠷᠥᠭᠰᠡᠨ ᠪᠤᠯ ᠠᠵᠤ ᠠᠬᠤᠢ ᠶᠢᠨ ᠤᠢ ᠶᠢᠨ ᠲᠥᠷᠥ ᠶᠢᠨ ᠪᠤᠳᠤᠯᠭ᠎ᠠ ᠶᠢᠨ | ᠨᠥᠭᠦᠪᠥᠷᠢ ᠶᠢ ᠭᠥᠷᠳᠡᠵᠤ ᠪᠤᠯᠳᠠᠭ᠃ | 11. ᠬᠡᠷᠡᠯ ᠵᠢᠷᠤᠭ ᠤᠨ ᠲᠤᠯᠪᠤᠳᠤ ᠭᠡᠰᠡᠭ ᠢᠶᠠᠷ ᠢᠯᠡᠷᠡᠭᠰᠡᠨ ᠵᠠᠷᠢᠮ ᠨᠢ ᠥᠨᠡᠨᠳᠡᠭᠡᠨ ᠮᠠᠯᠴᠢᠨ ᠲᠠᠷᠢᠶᠠᠴᠢᠳ | ᠤᠨ ᠬᠡᠷ ᠪᠠᠶᠢᠰᠢᠩ ᠪᠤᠶᠤ ᠬᠤᠳᠠ ᠬᠤᠷᠤᠭ᠎ᠠ ᠪᠠᠶᠢᠪᠠᠯ ᠶᠠᠭᠠᠬᠢᠬᠤ ᠪᠤᠢ︖ | ᠬᠠᠷᠢᠭᠤᠯᠳᠠ᠄ ᠤᠷᠤᠨ ᠰᠠᠭᠤᠴᠠ ᠪᠤᠯ ᠤᠷᠤᠨ ᠰᠠᠭᠤᠴᠠ ᠶᠢᠨ ᠰᠠᠭᠤᠷᠢ ᠭᠠᠵᠠᠷ ᠤᠨ ᠭᠥᠢᠴᠡᠳᠭᠡᠯ ᠢᠶᠠᠨ | ᠨᠥᠭᠦᠨ ᠠᠪᠴᠤ᠂ ᠬᠤᠳᠠ ᠬᠤᠷᠤᠭ᠎ᠠ ᠪᠤᠯ ᠮᠠᠯ ᠲᠠᠷᠢᠶᠠᠯᠠᠩ ᠤᠨ ᠲᠥᠭᠦᠭᠡᠷᠤᠮᠵᠢ ᠶᠢᠨ ᠬᠡᠷᠡᠭᠯᠡᠭᠡᠨ ᠤ ᠭᠠᠵᠠᠷ ᠢᠶᠠᠷ | ᠭᠥᠢᠴᠡᠳᠭᠡᠯ ᠢᠶᠠᠨ ᠨᠥᠭᠦᠵᠤ ᠠᠪᠤᠪᠠᠯ ᠲᠤᠰ ᠬᠡᠷᠡᠭ ᠤᠨ ᠳ᠋ᠤᠭᠠᠷ ᠢ ᠲᠠᠩᠰᠠᠨ ᠠᠴᠠ ᠬᠠᠰᠤᠨ᠎ᠠ᠃ ᠬᠡᠷᠪᠡ | ᠭᠥᠢᠴᠡᠳᠭᠡᠯ ᠢᠶᠠᠨ ᠨᠥᠭᠦᠵᠤ ᠬᠢᠵᠤ ᠲᠡᠶᠢᠯᠭᠦ ᠥᠭᠡᠢ ᠪᠤᠯ ᠬᠠᠤᠯᠢ ᠶᠤᠰᠤᠭᠠᠷ ᠰᠢᠢᠳᠪᠥᠷᠢᠯᠡᠨ᠎ᠡ᠃ | 12. ᠲᠤᠰ ᠤᠳᠠᠭᠠᠨ ᠤ ᠬᠡᠷᠡᠯ ᠵᠢᠷᠤᠭ ᠤᠨ ᠲᠤᠯᠪᠤᠳᠤ ᠭᠡᠰᠡᠭ ᠢᠶᠠᠷ ᠢᠯᠡᠷᠡᠭᠰᠡᠨ ᠭᠠᠵᠠᠷ ᠨᠢ ᠤᠶᠢᠳᠤ | ᠭᠠᠵᠠᠷ ᠪᠤᠶᠤ ᠪᠤᠳᠠᠯᠢᠭ ᠮᠤᠳᠤᠨ ᠤᠶᠢᠳᠤ ᠭᠠᠵᠠᠷ ᠪᠠᠶᠢᠪᠠᠯ ᠠᠵᠤ ᠠᠬᠤᠢ ᠶᠢᠨ ᠤᠢ ᠪᠤᠯᠭᠠᠨ ᠲᠠᠷᠢᠵᠤ ᠪᠤᠯᠤᠨ᠎ᠠ ᠤᠤ︖ | | ᠬᠠᠷᠢᠭᠤᠯᠳᠠ᠄ ᠠᠵᠤ ᠠᠬᠤᠢ ᠶᠢᠨ ᠤᠢ ᠪᠤᠯᠭᠠᠨ ᠲᠠᠷᠢᠵᠤ ᠪᠤᠯᠤᠨ᠎ᠠ᠃ | 13.ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠳᠤ ᠦᠬᠡᠷ᠎ᠡ ᠭᠠᠵᠠᠷ ᠢ ᠰᠣᠩᠭᠤᠨ ᠰᠡᠷᠬᠦᠬᠡᠨ ᠲᠠᠷᠢᠵᠣ | ᠪᠣᠯᠣᠨ᠎ᠠ ᠤᠤ︖ | ᠬᠠᠷᠢᠭᠤᠯᠳᠠ᠄ ᠪᠣᠯᠬᠤ ᠦᠬᠡᠢ᠃ ᠡᠷᠭᠡᠪᠰᠢ ᠬᠡᠷᠡᠯ ᠵᠢᠷᠤᠭ ᠤᠨ ᠲᠤᠯᠪᠤᠳᠤ ᠭᠡᠰᠡᠭ ᠢᠶᠠᠷ ᠢᠯᠡᠷᠡᠭᠰᠡᠨ ᠣᠣᠯ | ᠭᠠᠵᠠᠷ ᠢ ᠨᠢ ᠰᠡᠷᠭᠦᠭᠡᠭᠦ ᠬᠡᠷᠡᠭᠳᠡᠢ᠃ | 14. ᠬᠡᠷᠡᠯ ᠵᠢᠷᠤᠭ ᠤᠨ ᠲᠤᠯᠪᠤᠳᠤ ᠭᠡᠰᠡᠭ ᠢᠶᠠᠷ ᠢᠯᠡᠷᠡᠭᠰᠡᠨ ᠵᠠᠷᠢᠮ ᠭᠠᠵᠠᠷ ᠨᠢ ᠨᠢᠬᠡᠨᠲᠡ ᠲᠠᠷᠢᠶᠠᠨ ᠭᠠᠵᠠᠷ᠂ | ᠦᠨᠳᠣᠰᠣᠨ ᠲᠠᠷᠢᠶᠠᠨ ᠭᠠᠵᠠᠷ ᠢᠶᠠᠷ ᠲᠣᠭᠲᠠᠭᠠᠭᠳᠠᠭᠰᠠᠨ ᠪᠣᠶᠣ ᠲᠡᠵᠢᠬᠡᠯ ᠪᠣᠷᠳᠣᠭᠠᠨ ᠭᠠᠵᠠᠷ ᠢᠶᠠᠷ ᠵᠦᠪᠰᠢᠶᠡᠷᠡᠨ | ᠴᠣᠬᠤᠯᠠᠪᠣᠷᠢᠯᠠᠭᠳᠠᠭᠰᠠᠨ᠂ ᠡᠰᠡᠬᠦᠯ᠎ᠡ ᠵᠠᠰᠠᠭ ᠤᠨ ᠣᠷᠳᠣᠨ ᠤ ᠪᠣᠰᠣᠳ ᠰᠠᠯᠠᠭ᠎ᠠ ᠮᠦᠴᠢᠷ ᠤᠨ ᠵᠦᠪᠰᠢᠶᠡᠷᠡᠯ | ᠴᠣᠬᠤᠯᠠᠪᠣᠷᠢᠯᠠᠯ ᠤᠨ ᠭᠠᠷᠳᠠᠮ ᠲᠠᠢ ᠪᠠᠶᠢᠪᠠᠯ ᠭᠡᠷᠬᠢᠨ ᠰᠢᠢᠳᠪᠣᠷᠢᠯᠡᠬᠦ ᠪᠣᠢ︖ | ᠬᠠᠷᠢᠭᠤᠯᠲᠠ᠄ ᠬᠠᠮᠢᠶ᠎ᠠ ᠪᠦᠬᠦᠢ ᠭᠠᠷᠳᠠᠮ ᠢᠶᠠᠨ ᠠᠪᠴᠣ ᠬᠡᠷᠡᠯ ᠵᠢᠷᠤᠭ ᠤᠨ ᠲᠤᠯᠪᠤᠳᠤ ᠭᠡᠰᠡᠭ ᠢᠶᠠᠨ ᠬᠠᠰᠣᠨ | ᠰᠢᠢᠳᠪᠣᠷᠢᠯᠡᠬᠦᠯᠣᠨᠡ᠃ ᠭᠡᠪᠡᠴᠣ ᠡᠷᠬᠡᠪᠰᠢ ᠵᠦᠪᠰᠢᠶᠡᠷᠡᠨ ᠴᠣᠬᠤᠯᠠᠪᠣᠷᠢᠯᠠᠬᠤ ᠡᠷᠬᠡ ᠲᠠᠢ ᠪᠠᠶᠢᠭᠤᠯᠭ᠎ᠠ ᠶᠢᠨ | ᠵᠦᠪᠰᠢᠶᠡᠷᠡᠯ ᠴᠣᠬᠤᠯᠠᠪᠣᠷᠢᠯᠠᠯ ᠤᠨ ᠭᠠᠷᠳᠠᠮ ᠪᠠᠶᠢᠬᠤ ᠬᠡᠷᠡᠭᠳᠡᠢ᠃ ᠡᠬᠦᠨ ᠠᠴᠠ ᠭᠠᠳᠠᠨ᠎ᠠ᠂ ᠬᠤᠳᠳᠤᠭ ᠮᠠᠯᠲᠠᠬᠤ᠂ | ᠴᠠᠬᠢᠯᠭᠠᠨ ᠲᠠᠲᠠᠬᠤ ᠭᠠᠷᠳᠠᠮ ᠢᠶᠠᠷ ᠠᠲᠠᠷ ᠬᠠᠭᠠᠯᠪᠣᠷᠢᠯᠠᠬᠤ ᠵᠦᠪᠰᠢᠶᠡᠷᠡᠯ ᠴᠣᠬᠤᠯᠠᠪᠣᠷᠢᠯᠠᠯ ᠤᠨ ᠭᠠᠷᠳᠠᠮ ᠢ | ᠣᠷᠣᠯᠠᠭᠤᠯᠵᠣ ᠪᠣᠯᠬᠤ ᠦᠬᠡᠢ᠃ | 15. ᠬᠡᠷᠡᠯ ᠵᠢᠷᠤᠭ ᠤᠨ ᠲᠤᠯᠪᠤᠳᠤ ᠭᠡᠰᠡᠭ ᠢᠶᠠᠷ ᠢᠯᠡᠷᠡᠭᠰᠡᠨ ᠵᠠᠷᠢᠮ ᠭᠠᠵᠠᠷ ᠨᠢ 2009 ᠣᠨ ᠠᠴᠠ | ᠡᠮᠣᠨᠡᠬᠢ ᠤᠰᠤᠯᠠᠯᠳᠠ ᠶᠢᠨ ᠲᠠᠷᠢᠶᠠᠨ ᠭᠠᠵᠠᠷ ᠪᠣᠯᠣᠨ᠎ᠠ᠂ ᠡᠬᠦᠨ ᠢ ᠭᠡᠷᠬᠢᠨ ᠰᠢᠢᠳᠪᠣᠷᠢᠯᠡᠬᠦ ᠪᠣᠢ︖ | ᠬᠠᠷᠢᠭᠤᠯᠲᠠ᠄ 2009 ᠣᠨ ᠤ ᠲᠠᠭᠠᠭᠤᠯᠢ ᠤᠳᠤᠨ ᠤ ᠵᠢᠷᠤᠭ ᠲᠦᠷᠰᠣ ᠲᠠᠢ ᠬᠠᠷᠢᠴᠠᠭᠤᠯᠵᠣ ᠦᠵᠡᠨ᠎ᠡ᠃ | ᠬᠠᠷᠢᠴᠠᠭᠤᠯᠣᠭᠠᠳ ᠬᠤᠪᠢᠷᠠᠯᠲᠠ ᠭᠠᠷᠣᠭᠰᠠᠨ ᠦᠬᠡᠢ ᠮᠦᠷᠲᠡᠬᠡᠨ ᠲᠣᠬᠠᠢ ᠶᠢᠨ ᠭᠠᠵᠠᠷ ᠤᠨ ᠪᠠᠶᠢᠴᠠᠭᠠᠯᠲᠠ ᠪᠠᠷ | ᠲᠣᠳᠣᠯᠠᠭᠳᠠᠪᠠᠯ᠂ ᠪᠣᠷᠣᠭᠤ ᠵᠢᠷᠣᠭᠳᠠᠭᠰᠠᠨ ᠢᠶᠠᠷ ᠮᠠᠭᠠᠤᠨᠯᠠᠨ ᠲᠣᠭᠲᠠᠭᠠᠵᠣ ᠬᠠᠰᠣᠨ ᠰᠢᠢᠳᠪᠣᠷᠢᠯᠡᠨ᠎ᠡ᠃ | 16. ᠡᠵᠡᠩᠨᠡᠵᠤ ᠪᠤᠢ ᠨᠤᠳᠤᠭ ᠪᠡᠯᠴᠢᠭᠡᠷ ᠢ ᠨᠢ ᠤᠢ ᠶᠢᠨ ᠭᠠᠵᠠᠷ ᠤᠨ ᠬᠠᠮᠠᠭᠠᠯᠠᠯᠳᠠ ᠶᠢᠨ ᠬᠡᠪᠴᠢᠶᠡᠨ ᠳᠤ | ᠤᠷᠤᠭᠤᠯᠤᠭᠰᠠᠨ ᠢ ᠵᠠᠷᠢᠮ ᠮᠠᠯᠴᠢᠨ ᠲᠠᠷᠢᠶᠠᠴᠢᠳ ᠬᠠᠷᠢᠨ ᠮᠡᠳᠡᠭᠰᠡᠨ ᠴᠤ ᠥᠭᠡᠢ ᠭᠡᠵᠤ ᠪᠠᠶᠢᠬᠤ ᠪᠥᠭᠡᠳ ᠤᠢ | ᠶᠢᠨ ᠭᠠᠵᠠᠷ ᠲᠤ ᠡᠪᠳᠡᠯᠭᠡ ᠬᠢᠭᠰᠡᠨ ᠢᠶᠠᠨ ᠭᠥᠯᠢᠶᠡᠨ ᠵᠥᠪᠰᠢᠶᠡᠷᠡᠭᠦ ᠥᠭᠡᠢ ᠪᠠᠶᠢᠪᠠᠯ ᠶᠠᠭᠠᠬᠢᠬᠤ ᠪᠤᠢ︖ | ᠬᠠᠷᠢᠭᠤᠯᠳᠠ᠄ ᠡᠪᠳᠡᠯᠭᠡ ᠳᠤ ᠤᠴᠠᠷᠠᠭᠰᠠᠨ ᠭᠠᠵᠠᠷ ᠢ ᠨᠤᠳᠤᠭ ᠪᠡᠯᠴᠢᠭᠡᠷ ᠢᠶᠠᠷ ᠲᠤᠭᠠᠴᠠᠵᠤ ᠪᠠᠶᠢᠴᠠᠭᠠᠨ | ᠰᠢᠢᠳᠪᠥᠷᠢᠯᠡᠭᠦ ᠶᠢᠨ ᠬᠠᠮᠳᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠯᠭᠡᠨ᠎ᠡ᠃ | 17. ᠵᠠᠷᠢᠮ ᠮᠠᠯᠴᠢᠨ ᠳᠠᠷᠢᠶᠠᠴᠢᠤᠨ ᠲᠠᠷᠢᠶ᠎ᠠ ᠲᠠᠷᠢᠵᠤ ᠪᠤᠢ ᠭᠠᠵᠠᠷ ᠲᠤ ᠪᠠᠨ ᠤᠳᠠᠭᠠᠨ ᠵᠢᠯ ᠲᠠᠷᠢᠯᠭ᠎ᠠ | ᠬᠢᠭᠰᠡᠨ ᠠᠴᠠ ᠨᠡᠭᠡᠮᠵᠢᠯᠡᠨ ᠵᠠᠭᠠᠯᠳᠤᠬᠤ ᠬᠤᠭᠤᠴᠠᠭᠠᠨ ᠠᠴᠠ ᠨᠢᠭᠡᠨᠳᠡ ᠥᠩᠭᠡᠷᠡᠭᠰᠡᠨ ᠭᠡᠵᠤ ᠥᠵᠡᠵᠤ ᠪᠠᠶᠢᠪᠠᠯ | ᠶᠠᠭᠠᠬᠢᠬᠤ ᠪᠤᠢ︖ | ᠬᠠᠷᠢᠭᠤᠯᠳᠠ᠄ ᠬᠠᠤᠯᠢ ᠪᠤᠰᠤ ᠪᠠᠷ ᠠᠳᠠᠷ ᠬᠠᠭᠠᠯᠪᠤᠷᠢᠯᠠᠭᠰᠠᠨ ᠢᠶᠠᠷ ᠥᠵᠠᠵᠤ ᠪᠠᠶᠢᠴᠠᠭᠠᠨ ᠰᠢᠢᠳᠪᠥᠷᠢᠯᠡᠨ᠎ᠡ᠃ | ᠨᠠᠭᠡᠮᠵᠢᠯᠡᠨ ᠵᠠᠭᠠᠯᠳᠤᠬᠤ ᠬᠤᠭᠤᠴᠠᠭ᠎ᠠ ᠶᠢ ᠲᠠᠷᠢᠶ᠎ᠠ ᠲᠠᠷᠢᠬᠤ ᠪᠠᠨ ᠪᠤᠯᠢᠭᠰᠠᠨ ᠴᠠᠭ ᠠᠴᠠ ᠡᠬᠢᠯᠡᠵᠤ ᠲᠤᠭᠠᠴᠠᠳᠠᠭ | ᠪᠤᠯᠬᠤᠷ ᠠᠳᠡ ᠲᠠᠷᠢᠶ᠎ᠠ ᠲᠠᠷᠢᠵᠤ ᠯᠠ ᠪᠠᠶᠢᠪᠠᠯ ᠲᠠᠷᠤᠢ ᠬᠠᠤᠯᠢ ᠪᠤᠰᠤ ᠪᠠᠷ ᠡᠵᠡᠯᠡᠭᠦ ᠪᠠ ᠡᠪᠳᠡᠯᠭᠡ ᠬᠢᠵᠤ ᠪᠠᠶᠢᠬᠤ | ᠠᠵᠢᠯᠯᠠᠭ᠎ᠠ ᠥᠷᠭᠦᠯᠵᠢᠯᠡᠵᠤ ᠪᠤᠢ ᠭᠡᠵᠤ ᠥᠵᠡᠨ᠎ᠡ᠃ | 18. ᠳᠤᠰ ᠤᠳᠠᠭᠠᠨ ᠤ ᠬᠡᠷᠡᠯ ᠵᠢᠷᠤᠭ ᠤᠨ ᠳᠤᠯᠪᠤᠳᠤ ᠬᠡᠰᠡᠭ ᠨᠢ ᠴᠦᠮ ᠤᠢ ᠰᠢᠭᠤᠢ ᠲᠠᠢ | ᠬᠤᠯᠪᠤᠭᠳᠠᠭᠰᠡᠨ ᠳᠠᠭᠠᠭᠤᠯᠢ ᠤᠳᠤᠨ ᠵᠢᠷᠤᠭ ᠤᠨ ᠢᠯᠡᠤᠨᠬᠡᠯ ᠪᠤᠯᠤᠨ᠎ᠠ᠂ ᠳᠡᠬᠡᠪᠡᠯ ᠪᠤᠰᠤᠤᠨ ᠨᠤᠳᠤᠭ ᠪᠡᠯᠴᠢᠬᠡᠷ ᠢ | ᠬᠠᠭᠠᠯᠪᠤᠷᠢᠯᠠᠭᠰᠡᠨ ᠢ ᠬᠡᠷᠬᠢᠬᠦ ᠪᠤᠢ︖ ᠠᠷᠠᠤᠨ ᠲᠦᠮᠡᠨ ᠡᠬᠦᠨ ᠳᠤ ᠰᠡᠵᠢᠭᠯᠡᠯ ᠲᠠᠢ᠂ ᠭᠤᠤᠯᠴᠢ ᠪᠤᠰᠤ ᠬᠡᠵᠤ | ᠦᠵᠡᠵᠤ ᠪᠤᠢ᠃ | ᠬᠠᠷᠢᠭᠤᠯᠳᠠ᠄ ᠤᠯᠤᠰ ᠤᠨ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠨᠢᠬᠡᠨᠳᠠ ︽2019 ᠤᠨ ᠤ | ᠨᠤᠭᠤᠭᠠᠵᠢᠭᠤᠯᠤᠯᠳᠠ ᠬᠠᠮᠠᠭᠠᠯᠠᠯᠳᠠ ᠶᠢᠨ ᠳᠤᠰᠬᠠᠢ ᠠᠵᠢᠯᠯᠠᠭ᠎ᠠ︾ ᠶᠢ ᠡᠬᠢᠯᠡᠨ ᠬᠡᠷᠡᠭᠵᠢᠬᠦᠯᠪᠡ᠂ 2019 ᠤᠨ | ᠠᠴᠠ ᠤᠢ ᠰᠢᠭᠤᠢ ᠨᠤᠳᠤᠭ ᠪᠡᠯᠴᠢᠬᠡᠷ ᠢ ᠡᠪᠳᠡᠭᠰᠡᠨ ᠠᠵᠢᠯᠯᠠᠭ᠎ᠠ ᠳᠤ ᠴᠦᠮ ᠴᠤᠬᠢᠯᠳᠠ ᠦᠭᠬᠦᠨ᠎ᠠ᠃ | 19. ᠦᠩᠬᠡᠷᠡᠭᠰᠡᠨ ᠳᠤ ᠡᠷᠡᠬᠦᠤ ᠶᠢᠨ ᠬᠠᠤᠯᠢ ᠪᠠᠷ ᠰᠢᠤᠨᠬᠡᠭᠳᠡᠭᠰᠡᠨ ᠬᠦᠮᠤᠨ ᠭᠠᠵᠠᠷ ᠢᠶᠠᠨ ᠮᠦᠨ ᠳᠠᠷᠢᠵᠤ | ᠪᠠᠶᠢᠨ᠎ᠠ᠂ ᠡᠬᠦᠨ ᠢ ᠶᠠᠭᠠᠬᠢᠬᠤ ᠪᠤᠢ︖ | ᠬᠠᠷᠢᠭᠤᠯᠳᠠ᠄ ᠴᠢᠩᠭ᠎ᠠ ᠪᠠᠷ ᠪᠠᠶᠢᠴᠠᠭᠠᠨ ᠰᠢᠢᠤᠨᠪᠤᠷᠢᠯᠡᠨ᠎ᠡ᠃ ᠡᠷᠡᠬᠦᠤ ᠶᠢᠨ ᠰᠢᠤᠨᠬᠡᠯ ᠢ | ᠬᠤᠶᠢᠰᠢᠯᠠᠭᠤᠯᠤᠭᠰᠡᠨ ᠬᠤᠭᠤᠴᠠᠭᠠᠨ ᠳᠤ ᠰᠡᠷᠬᠦᠬᠡᠬᠦ ᠶᠢ ᠳᠡᠪᠴᠢᠪᠡᠯ ᠬᠤᠶᠢᠰᠢᠯᠠᠭᠤᠯᠬᠤ ᠶᠢ ᠦᠬᠡᠶᠢᠰᠬᠡᠵᠤ ᠬᠢᠨᠳᠠᠨ | ᠳᠤ ᠬᠤᠷᠢᠨ ᠬᠡᠷᠡᠭᠵᠢᠬᠦᠯᠤᠨ᠎ᠠ︔ ᠡᠷᠡᠬᠦᠤ ᠶᠢᠨ ᠰᠢᠤᠨᠬᠡᠯ ᠤᠨ ᠬᠤᠭᠤᠴᠠᠭ᠎ᠠ ᠬᠦᠷᠤᠬᠡᠤᠨ ᠮᠦᠨ ᠰᠡᠷᠬᠦᠬᠡᠬᠦ ᠦᠬᠡᠢ | ᠪᠤᠯ ᠢᠷᠬᠡᠨ ᠤ ᠨᠠᠶᠢᠳᠠ ᠶᠢᠨ ᠠᠰᠠᠷᠠᠮᠵᠢ ᠶᠢᠨ ᠵᠠᠷᠭᠤ ᠶᠢ ᠬᠡᠷᠡᠭᠵᠢᠬᠦᠯᠵᠤ᠂ ᠠᠯᠪᠠᠳᠠᠯᠭ᠎ᠠ ᠪᠠᠷ ᠶᠠᠪᠤᠭᠳᠠᠭᠤᠯᠤᠨ᠎ᠠ᠃ | 20. ᠬᠠᠭᠠᠯᠪᠤᠷᠢᠯᠠᠭᠰᠡᠨ ᠤᠢ ᠶᠢᠨ ᠭᠠᠵᠠᠷ 5 ᠮᠤ᠋ ᠬᠦᠷᠬᠦ ᠦᠬᠡᠢ᠂ ᠬᠠᠭᠠᠯᠪᠤᠷᠢᠯᠠᠭᠰᠡᠨ ᠨᠤᠳᠤᠭ ᠪᠡᠯᠴᠢᠬᠡᠷ | 20 ᠮᠤ᠋ ᠬᠦᠷᠬᠦ ᠦᠬᠡᠢ ᠪᠤᠯ ᠶᠠᠭᠠᠬᠢᠬᠤ ᠪᠤᠢ︖ | ᠬᠠᠷᠢᠭᠤᠯᠳᠠ᠄ ᠵᠠᠰᠠᠭ ᠵᠠᠬᠢᠷᠭᠠᠨ ᠤ ᠰᠢᠤᠨᠬᠡᠯ ᠢ ᠬᠡᠷᠡᠭᠵᠢᠬᠦᠯᠤᠨ᠎ᠠ᠃ ᠬᠠᠮᠤᠭ ᠦᠨᠳᠤᠷ ᠪᠠᠷᠢᠮᠵᠢᠶ᠎ᠠ ᠪᠠᠷ | ᠵᠤᠭᠤᠰ ᠳᠤᠷᠭᠠᠬᠤ ᠶᠢᠨ ᠬᠠᠮᠳᠤ ᠤᠷᠭᠤᠮᠠᠯ ᠤᠨ ᠬᠤᠴᠢᠯᠭ᠎ᠠ ᠶᠢ ᠰᠡᠷᠬᠦᠬᠡᠯᠬᠡᠬᠦ ᠪᠠᠷ ᠵᠠᠷᠯᠢᠭᠳᠠᠨ᠎ᠠ᠃ | 21. ᠬᠤᠰᠢᠭᠤ ᠠᠷᠠᠤᠨ ᠤᠨ ᠵᠠᠰᠠᠭ ᠤᠨ ᠤᠷᠳᠤᠨ ᠠᠴᠠ ᠬᠤᠳᠠ ᠬᠦᠳᠡᠭᠡ ᠶᠢ ᠨᠢᠬᠡᠳᠤᠯᠳᠠᠢ | ᠲᠦᠯᠤᠪᠵᠢᠬᠦᠯᠬᠦ ᠳᠤᠷᠰᠢᠯᠳᠠ ᠶᠢᠨ ᠠᠵᠢᠯ ᠢ ᠬᠡᠷᠡᠭᠵᠢᠬᠦᠯᠵᠤ ᠪᠠᠶᠢᠬᠤ ᠬᠤᠭᠤᠴᠠᠭᠠᠨ ᠳᠤ ︽ᠳᠠᠪᠤᠨ ᠨᠢᠬᠡ︾ | ᠲᠦᠷᠤ ᠶᠢᠨ ᠪᠤᠳᠤᠯᠭ᠎ᠠ ᠶᠢ ᠬᠡᠷᠡᠭᠵᠢᠬᠦᠯᠤᠨ ᠠᠳᠠᠷ ᠬᠠᠭᠠᠯᠪᠤᠷᠢᠯᠠᠬᠤ ᠶᠢ ᠵᠤᠷᠢᠭᠵᠢᠭᠤᠯᠵᠤ ᠦᠩᠬᠡᠷᠡᠪᠡ᠂ ᠤᠳᠤ | ᠡᠬᠦᠨ ᠢ ᠶᠠᠭᠠᠬᠢᠬᠤ ᠪᠤᠢ︖ | ᠬᠠᠷᠢᠭᠤᠯᠳᠠ᠄ ᠮᠠᠨ ᠤ ᠬᠤᠰᠢᠭᠤᠨ ᠤ ᠬᠤᠳᠠ ᠬᠦᠳᠡᠭᠡ ᠶᠢ ᠨᠢᠬᠡᠳᠤᠯᠳᠠᠢ ᠲᠦᠯᠤᠪᠵᠢᠬᠦᠯᠬᠦ ︽ᠳᠠᠪᠤᠨ ᠨᠢᠬᠡ︾ | ᠲᠦᠷᠤ ᠶᠢᠨ ᠪᠤᠳᠤᠯᠭ᠎ᠠ ᠨᠢ ᠭᠠᠵᠠᠷ ᠰᠢᠷᠤᠢ ᠶᠢ ᠨᠢᠬᠡᠤᠨᠬᠡᠨ ᠴᠡᠭᠴᠡᠵᠢᠬᠦᠯᠬᠦ ᠶᠢ ᠵᠤᠷᠢᠭᠵᠢᠭᠤᠯᠵᠤ ᠪᠠᠶᠢᠭᠰᠡᠨ ᠠᠴᠠ | ᠪᠢᠰᠢ ᠤᠢ ᠶᠢᠨ ᠭᠠᠵᠠᠷ᠂ ᠨᠤᠳᠤᠭ ᠪᠡᠯᠴᠢᠬᠡᠷ ᠢ ᠬᠠᠭᠠᠯᠪᠤᠷᠢᠯᠠᠬᠤ ᠶᠢ ᠵᠤᠷᠢᠭᠵᠢᠭᠤᠯᠤᠭᠰᠡᠨ ᠦᠬᠡᠢ᠃ ᠳᠠᠬᠢᠪᠠᠯ᠂ | ᠵᠠᠰᠠᠭ ᠤᠨ ᠤᠷᠳᠤᠨ ᠤ ᠶᠠᠮᠠᠷᠪᠠ ᠲᠦᠰᠤᠯ᠂ ᠲᠦᠷᠤ ᠶᠢᠨ ᠪᠤᠳᠤᠯᠭ᠎ᠠ ᠶᠢ ᠬᠡᠷᠡᠭᠵᠢᠬᠦᠯᠬᠦ ᠳᠤ ᠴᠦᠮ ᠬᠠᠤᠯᠢ | ᠶᠤᠰᠤᠭᠠᠷ ᠭᠠᠵᠠᠷ ᠬᠡᠷᠡᠭᠯᠡᠬᠦ ᠬᠢᠨᠠᠨ ᠴᠤᠬᠤᠯᠠᠪᠤᠷᠢᠯᠠᠯ ᠤᠨ ᠭᠠᠷ ᠬᠦᠢᠴᠡᠤᠨᠬᠡᠯ ᠢ ᠬᠦᠢᠴᠡᠤᠨᠬᠡᠬᠦ ᠴᠢᠬᠤᠯᠠᠳᠠᠢ᠂ ᠬᠠᠷᠢᠨ | ᠪᠢᠴᠢᠭ ᠮᠠᠲ᠋ᠧᠷᠢᠶᠠᠯ ᠲᠠᠢ ᠪᠠᠶᠢᠪᠠᠯ ᠳᠤᠷ᠎ᠠ ᠪᠠᠷ ᠢᠶᠠᠨ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠵᠤ ᠪᠤᠯᠳᠠᠭ ᠪᠢᠰᠢ | ᠶᠤᠮ᠃ | 22. ᠳᠤᠷ᠎ᠠ ᠪᠠᠷ ᠢᠶᠠᠨ ᠭᠠᠵᠠᠷ ᠬᠠᠭᠠᠯᠪᠤᠷᠢᠯᠠᠪᠠᠯ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠬᠡᠯᠡᠨ᠎ᠡ ᠤᠤ︖ | | ᠬᠠᠷᠢᠭᠤᠯᠳᠠ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠡᠷᠡᠬᠦᠤ ᠶᠢᠨ ᠬᠠᠤᠯᠢ︾ ᠶᠢᠨ | ᠭᠤᠷᠪᠠᠨ ᠵᠠᠭᠤ ᠲᠦᠴᠢᠨ ᠬᠤᠶᠠᠳᠤᠭᠠᠷ ᠵᠦᠢᠯ ᠤᠨ ᠳᠤᠭᠳᠠᠭᠠᠯ ᠢ ᠦᠨᠳᠤᠰᠤᠯᠡᠪᠡᠯ᠂ ᠭᠠᠵᠠᠷ ᠰᠢᠷᠤᠢ ᠶᠢᠨ | ᠬᠠᠮᠢᠶᠠᠷᠤᠯᠳᠠ ᠶᠢᠨ ᠬᠠᠤᠯᠢ ᠳᠤᠭᠳᠠᠭᠠᠯ ᠢ ᠵᠦᠷᠢᠴᠡᠵᠤ᠂ ᠳᠠᠷᠢᠶᠠᠨ ᠭᠠᠵᠠᠷ᠂ ᠤᠢ ᠶᠢᠨ ᠭᠠᠵᠠᠷ ᠵᠡᠷᠬᠡ ᠳᠠᠷᠢᠶᠠᠯᠠᠩ | ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠵᠤ᠂ ᠡᠵᠡᠯᠡᠭᠰᠡᠨ ᠭᠠᠵᠠᠷ ᠰᠢᠷᠤᠢ ᠶᠢᠨ ᠬᠡᠷᠡᠭᠴᠡᠭᠡ ᠶᠢ | ᠦᠬᠡᠷᠡᠴᠢᠯᠡᠭᠰᠡᠨ ᠳᠤᠭ᠎ᠠ ᠬᠡᠮᠵᠢᠶ᠎ᠡ ᠨᠢ ᠨᠡᠯᠢᠶᠡᠤᠨ ᠶᠡᠭᠡ ᠪᠠᠶᠢᠵᠤ᠂ ᠳᠠᠷᠢᠶᠠᠨ ᠭᠠᠵᠠᠷ᠂ ᠤᠢ ᠶᠢᠨ ᠭᠠᠵᠠᠷ ᠵᠡᠷᠬᠡ | ᠳᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ ᠪᠤᠯ ᠳᠠᠪᠤᠨ ᠵᠢᠯ ᠠᠴᠠ ᠳᠤᠷᠤᠭᠰᠢ | ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠤᠷᠢᠯᠡᠬᠦᠯᠬᠦ ᠶᠢᠨ ᠬᠠᠮᠳᠤ ᠳᠤᠷᠭᠠᠬᠤ ᠪᠤᠶᠤ ᠳ᠋ᠠᠩ ᠪᠠᠷ ᠵᠤᠭᠤᠰ | ᠮᠦᠩᠬᠦ ᠳᠤᠷᠭᠠᠨ᠎ᠠ᠃ | 23. ᠤᠢ ᠶᠢᠨ ᠭᠠᠵᠠᠷ ᠤᠨ ᠡᠬᠢ ᠪᠠᠶᠠᠯᠢᠭ ᠢ ᠡᠪᠳᠡᠪᠡᠯ ᠶᠠᠮᠠᠷ ᠦᠷ᠎ᠠ ᠳ᠋ᠦᠩ ᠲᠠᠢ ᠪᠤᠢ︖ | ᠬᠠᠷᠢᠭᠤᠯᠳᠠ᠄ ᠤᠢ ᠶᠢᠨ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠬᠦᠤ ᠶᠢᠨ ᠬᠡᠷᠡᠭ ᠢ ᠰᠢᠬᠦᠬᠦ ᠳᠤ | ᠪᠤᠳᠠᠳᠠᠢ ᠬᠡᠷᠡᠭᠯᠡᠬᠦ ᠬᠠᠤᠯᠢ ᠴᠠᠭᠠᠵᠠ ᠶᠢᠨ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠠᠷᠠᠤᠨ ᠤᠨ ᠳᠡᠬᠡᠳᠤ ᠰᠢᠬᠦᠬᠦ | ᠬᠤᠷᠢᠶᠠᠨ ᠤ ᠳᠠᠶᠢᠯᠪᠤᠷᠢ ︵2005 ᠤᠨ ᠤ 12 ᠰᠠᠷ᠎ᠠ ᠶᠢᠨ 19 ᠤ ᠡᠳᠤᠷ ᠠᠷᠠᠤᠨ ᠤᠨ ᠳᠡᠬᠡᠳᠤ ᠰᠢᠬᠦᠬᠦ | ᠬᠤᠷᠢᠶᠠᠨ ᠤ ᠰᠢᠬᠦᠨ ᠳᠠᠰᠤᠯᠬᠤ ᠺᠤᠮᠢᠰ ᠤᠨ 1374 ᠳ᠋ᠤᠬᠡᠷ ᠤᠳᠠᠭᠠᠨ ᠤ ᠬᠤᠷᠠᠯᠳᠤᠭᠠᠨ ᠢᠶᠠᠷ ᠪᠠᠳᠤᠯᠠᠪᠠ︶ | ᠨᠢᠬᠡᠳᠤᠬᠡᠷ ᠵᠦᠢᠯ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠳᠤᠭᠳᠠᠭᠠᠯ ᠢ ᠵᠦᠷᠢᠴᠡᠵᠤ᠂ ᠤᠢ | ᠶᠢᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠴᠡᠭᠡ ᠶᠢ ᠨᠢ ᠦᠬᠡᠷᠡᠴᠢᠯᠡᠵᠤ᠂ ᠬᠠᠤᠯᠢ ᠪᠤᠰᠤ ᠪᠠᠷ ᠡᠵᠡᠯᠡᠭᠰᠡᠨ | ᠤᠢ ᠶᠢᠨ ᠭᠠᠵᠠᠷ ᠳᠡᠬᠡᠷ᠎ᠡ ᠵᠤᠭᠤᠷᠢ ᠪᠠᠶᠢᠭᠤᠯᠬᠤ᠂ ᠪᠤᠯᠠᠰᠢ ᠭᠠᠷᠭᠠᠬᠤ᠂ ᠬᠡᠷ ᠪᠠᠷᠢᠬᠤ᠂ ᠡᠯᠡᠰᠤ ᠮᠠᠯᠳᠠᠬᠤ᠂ ᠬᠠᠳᠠ | ᠭᠠᠷᠭᠠᠬᠤ᠂ ᠠᠭᠤᠷᠬᠠᠢ ᠨᠡᠬᠡᠬᠡᠬᠦ᠂ ᠰᠢᠷᠤᠢ ᠠᠪᠬᠤ᠂ ᠳᠠᠷᠢᠮᠠᠯ ᠳᠠᠷᠢᠬᠤ᠂ ᠬᠠᠶᠠᠭᠳᠠᠮᠠᠯ ᠪᠤᠳᠠᠰ ᠤᠪᠤᠭᠠᠯᠠᠬᠤ ᠪᠤᠶᠤ | ᠭᠠᠳᠠᠭᠰᠢᠯᠠᠭᠤᠯᠬᠤ ᠵᠡᠷᠬᠡ ᠠᠵᠢᠯᠯᠠᠭ᠎ᠠ ᠶᠠᠪᠤᠭᠳᠠᠭᠤᠯᠬᠤ ᠪᠤᠶᠤ ᠪᠤᠰᠤᠤᠨ ᠤᠢ ᠶᠢᠨ ᠪᠤᠰᠤ ᠤᠶᠢᠯᠡᠤᠨᠪᠤᠷᠢᠯᠡᠯ᠂ | ᠪᠠᠶᠢᠭᠤᠯᠤᠯᠳᠠ ᠡᠷᠬᠢᠯᠡᠵᠤ᠂ ᠤᠢ ᠶᠢᠨ ᠭᠠᠵᠠᠷ ᠤᠨ ᠤᠤᠯ ᠤᠨ ᠤᠷᠭᠤᠮᠠᠯ ᠤᠨ ᠬᠤᠴᠢᠯᠭ᠎ᠠ ᠪᠤᠶᠤ ᠤᠢ ᠶᠢᠨ | ᠳᠠᠷᠢᠵᠤ ᠤᠶᠢᠵᠢᠭᠤᠯᠬᠤ ᠨᠦᠬᠦᠴᠡᠯ ᠢ ᠬᠦᠨᠳᠤ ᠨᠤᠴᠢᠳᠠᠢ ᠡᠪᠳᠡᠭᠰᠡᠨ ᠪᠤᠶᠤ ᠪᠤᠬᠢᠷᠳᠤᠭᠤᠯᠤᠭᠰᠡᠨ ᠳᠤᠤᠷᠠᠬᠢ | ᠪᠠᠶᠢᠳᠠᠯ ᠠᠴᠠ ᠨᠢᠬᠡ ᠨᠢ ᠪᠠᠶᠢᠪᠠᠯ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠡᠷᠡᠬᠦᠤ ᠶᠢᠨ ᠬᠠᠤᠯᠢ | ᠶᠢᠨ ᠵᠠᠰᠠᠪᠤᠷᠢ ᠲᠦᠰᠤᠪ ︵ᠬᠤᠶᠠᠷ︶︾ ᠤᠨ ᠳᠤᠭᠳᠠᠭᠠᠯ ᠳᠤᠳᠤᠷᠠᠬᠢ ︽ᠳᠤᠭ᠎ᠠ ᠬᠡᠮᠵᠢᠶ᠎ᠡ ᠨᠡᠯᠢᠶᠡᠤᠨ ᠶᠡᠭᠡ᠂ ᠤᠢ | ᠶᠢᠨ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ︾ ᠳᠤ ᠳᠤᠭᠠᠴᠠᠭᠳᠠᠵᠤ᠂ ᠳᠠᠷᠢᠶᠠᠯᠠᠩ ᠤᠨ ᠭᠠᠵᠠᠷ ᠢ ᠬᠠᠤᠯᠢ ᠪᠤᠰᠤ | ᠪᠠᠷ ᠡᠵᠡᠯᠡᠭᠰᠡᠨ ᠶᠠᠯ᠎ᠠ ᠪᠠᠷ ᠳᠠᠪᠤᠨ ᠵᠢᠯ ᠠᠴᠠ ᠳᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ | ᠬᠦᠳᠡᠯᠮᠤᠷᠢᠯᠡᠬᠦᠯᠬᠦ ᠶᠢᠨ ᠬᠠᠮᠳᠤ ᠳᠤᠷᠭᠠᠬᠤ ᠪᠤᠶᠤ ᠳ᠋ᠠᠩ ᠢᠶᠠᠷ ᠵᠤᠭᠤᠰ ᠮᠦᠩᠬᠦ ᠳᠤᠷᠭᠠᠨ᠎ᠠ᠄ | ︵ᠨᠢᠬᠡ︶ ᠬᠠᠯᠬᠠᠪᠴᠢ ᠤᠢ᠂ ᠤᠨᠴᠠᠭᠠᠢ ᠬᠡᠷᠡᠭᠴᠡᠳᠤ ᠤᠢ ᠶᠢᠨ ᠭᠠᠵᠠᠷ ᠢ ᠬᠠᠤᠯᠢ ᠪᠤᠰᠤ ᠪᠠᠷ ᠡᠵᠡᠯᠡᠭᠰᠡᠨ | ᠮᠦᠷᠳᠡᠬᠡᠨ ᠡᠪᠳᠡᠭᠰᠡᠨ ᠬᠡᠮᠵᠢᠶ᠎ᠡᠨᠢ ᠳᠤᠰ ᠪᠦᠷᠢ ᠪᠤᠶᠤ ᠨᠠᠶᠢᠯᠡᠬᠡᠤᠨ ᠳᠠᠪᠤᠨ ᠮᠤ᠋ ᠠᠴᠠ ᠳᠡᠬᠡᠭᠰᠢ ᠬᠦᠷᠦᠭᠰᠡᠨ︔ | ︵ᠬᠤᠶᠠᠷ︶ ᠪᠤᠰᠤᠤᠨ ᠤᠢ ᠶᠢᠨ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠮᠦᠷᠳᠡᠬᠡᠨ ᠡᠪᠳᠡᠭᠰᠡᠨ ᠬᠡᠮᠵᠢᠶ᠎ᠡ | ᠨᠢ ᠠᠷᠪᠠᠨ ᠮᠤ᠋ ᠠᠴᠠ ᠳᠡᠬᠡᠭᠰᠢ ᠬᠦᠷᠦᠭᠰᠡᠨ︔ | ︵ᠭᠤᠷᠪᠠ︶ ᠳᠤᠰ ᠵᠦᠢᠯ ᠤᠨ ︵ᠨᠢᠬᠡ︶᠂ ︵ᠬᠤᠶᠠᠷ︶ ᠳ᠋ᠤᠭᠠᠷ ᠵᠤᠷᠪᠤᠰ ᠲᠤ ᠳᠤᠭᠳᠠᠭᠠᠭᠰᠡᠨ ᠤᠢ ᠶᠢᠨ | ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠮᠦᠷᠳᠡᠬᠡᠨ ᠡᠪᠳᠡᠭᠰᠡᠨ ᠬᠡᠮᠵᠢᠶ᠎ᠡ ᠨᠢ ᠳᠤᠰᠪᠤᠷᠢ ᠬᠠᠷᠠᠭᠠᠯᠵᠠᠭᠰᠡᠨ | ᠳᠤᠭᠳᠠᠭᠠᠯ ᠤᠨ ᠳᠤᠭ᠎ᠠ ᠬᠡᠮᠵᠢᠶᠡᠨ ᠤ ᠪᠡᠷᠢᠮᠵᠢᠶ᠎ᠠ ᠶᠢᠨ ᠵᠠᠭᠤᠨ ᠤ ᠳᠠᠪᠢ ᠠᠴᠠ ᠳᠡᠬᠡᠭᠰᠢ ᠪᠤᠯᠤᠭᠰᠡᠨ︔ | ︵ᠲᠦᠷᠪᠡ︶ ᠳᠤᠰ ᠵᠦᠢᠯ ᠤᠨ ︵ᠨᠢᠬᠡ︶᠂ ︵ᠬᠤᠶᠠᠷ︶ ᠳ᠋ᠤᠭᠠᠷ ᠵᠤᠷᠪᠤᠰ ᠲᠤ ᠳᠤᠭᠳᠠᠭᠠᠭᠰᠡᠨ ᠤᠢ ᠶᠢᠨ | ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠮᠦᠷᠳᠡᠬᠡᠨ ᠡᠪᠳᠡᠵᠤ᠂ ᠡᠬᠦᠨ ᠳᠤ ᠨᠢᠬᠡ ᠲᠦᠷᠤᠯ ᠤᠨ ᠳᠤᠭ᠎ᠠ ᠬᠡᠮᠵᠢᠶ᠎ᠡ | ᠨᠢ ᠬᠠᠷᠠᠭᠠᠯᠵᠠᠭᠰᠡᠨ ᠳᠤᠭᠳᠠᠭᠠᠯ ᠤᠨ ᠳᠤᠭ᠎ᠠ ᠬᠡᠮᠵᠢᠶᠡᠨ ᠤ ᠪᠡᠷᠢᠮᠵᠢᠶ᠎ᠠ ᠶᠢᠨ ᠵᠠᠭᠤᠨ ᠤ ᠳᠠᠪᠢ ᠠᠴᠠ ᠳᠡᠬᠡᠭᠰᠢ | ᠪᠤᠯᠤᠭᠰᠡᠨ ᠮᠦᠷᠳᠡᠬᠡᠨ ᠬᠤᠶᠠᠷ ᠲᠦᠷᠤᠯ ᠤᠨ ᠳᠤᠭ᠎ᠠ ᠬᠡᠮᠵᠢᠶ᠎ᠡ ᠨᠢ ᠨᠠᠶᠢᠯᠡᠬᠡᠤᠨ ᠳᠤᠰ ᠵᠤᠷᠪᠤᠰ ᠤᠨ ᠳᠤᠭᠳᠠᠭᠠᠯ | ᠤᠨ ᠳᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ᠃ | ᠳᠤᠯᠤᠳᠤᠭᠠᠷ ᠵᠦᠢᠯ ᠳᠤᠰ ᠳᠠᠶᠢᠯᠪᠤᠷᠢ ᠳᠤ ᠳᠤᠭᠳᠠᠭᠠᠭᠰᠡᠨ ᠠᠵᠢᠯᠯᠠᠭ᠎ᠠ ᠶᠢ ᠤᠯᠠᠨ ᠤᠳᠠᠭ᠎ᠠ | ᠶᠠᠪᠤᠭᠳᠠᠭᠤᠯᠤᠭᠰᠡᠨ ᠪᠠᠶᠢᠪᠠᠯ ᠬᠠᠤᠯᠢ ᠶᠤᠰᠤᠭᠠᠷ ᠨᠡᠬᠡᠮᠵᠢᠯᠡᠨ ᠵᠠᠭᠠᠯᠳᠤᠬᠤ ᠮᠦᠷᠳᠡᠬᠡᠨ ᠰᠢᠢᠤᠨᠪᠤᠷᠢᠯᠡᠵᠤ | ᠦᠩᠬᠡᠷᠡᠭᠰᠡᠨ ᠦᠬᠡᠢ ᠪᠤᠯ ᠶᠡᠷᠤᠩᠬᠡᠢ ᠳᠤᠭ᠎ᠠ ᠬᠡᠮᠵᠢᠶ᠎ᠡ ᠪᠠᠷ ᠨᠢ ᠰᠢᠤᠨᠬᠡᠨᠡ᠃ | 24. ᠨᠤᠳᠤᠭ ᠪᠡᠯᠴᠢᠬᠡᠷ ᠤᠨ ᠡᠬᠢ ᠰᠤᠷᠪᠤᠯᠵᠢ ᠶᠢ ᠡᠪᠳᠡᠪᠡᠯ ᠶᠠᠮᠠᠷ ᠦᠷ᠎ᠠ ᠳ᠋ᠦᠩ ᠲᠠᠢ ᠪᠤᠢ︖ | ᠬᠠᠷᠢᠭᠤᠯᠳᠠ᠄ ᠨᠤᠳᠤᠭ ᠪᠡᠯᠴᠢᠬᠡᠷ ᠤᠨ ᠡᠬᠢ ᠰᠤᠷᠪᠤᠯᠵᠢ ᠶᠢ ᠡᠪᠳᠡᠭᠰᠡᠨ ᠡᠷᠡᠬᠦᠤ ᠶᠢᠨ ᠬᠡᠷᠡᠭ ᠢ ᠰᠢᠬᠦᠬᠦ ᠳᠤ | ᠪᠤᠳᠠᠳᠠᠢ ᠬᠡᠷᠡᠭᠯᠡᠬᠦ ᠬᠠᠤᠯᠢ ᠴᠠᠭᠠᠵᠠ ᠶᠢᠨ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠠᠷᠠᠤᠨ ᠤᠨ ᠳᠡᠬᠡᠳᠤ ᠰᠢᠬᠦᠬᠦ | ᠬᠤᠷᠢᠶᠠᠨ ᠤ ᠳᠠᠶᠢᠯᠪᠤᠷᠢ ︵2012 ᠤᠨ ᠤ 10 ᠰᠠᠷ᠎ᠠ ᠶᠢᠨ 22 ᠤᠨ ᠡᠳᠤᠷ ᠠᠷᠠᠤᠨ ᠤᠨ ᠳᠡᠬᠡᠳᠤ ᠰᠢᠬᠦᠬᠦ | ᠬᠤᠷᠢᠶᠠᠨ ᠤ ᠰᠢᠬᠦᠨ ᠳᠠᠰᠤᠯᠬᠤ ᠺᠤᠮᠢᠰ ᠤᠨ 1558 ᠳ᠋ᠤᠭᠠᠷ ᠤᠳᠠᠭᠠᠨ ᠤ ᠬᠤᠷᠠᠯᠳᠤᠭᠠᠨ ᠢᠶᠠᠷ ᠪᠠᠳᠤᠯᠠᠪᠠ︶ | ᠨᠢᠬᠡᠳᠤᠬᠡᠷ ᠵᠦᠢᠯ ᠨᠤᠳᠤᠭ ᠪᠡᠯᠴᠢᠬᠡᠷ ᠤᠨ ᠬᠠᠤᠯᠢ ᠵᠡᠷᠬᠡ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ | ᠲᠦᠷᠢᠮ ᠢ ᠵᠦᠷᠢᠴᠡᠵᠤ᠂ ᠨᠤᠳᠤᠭ ᠪᠡᠯᠴᠢᠬᠡᠷ ᠢ ᠬᠠᠤᠯᠢ ᠪᠤᠰᠤ ᠪᠠᠷ ᠡᠵᠡᠯᠡᠨ ᠬᠡᠷᠡᠭᠴᠡᠭᠡ ᠶᠢ ᠨᠢ ᠦᠬᠡᠷᠡᠴᠢᠯᠡᠭᠰᠡᠨ | ᠳᠤᠭ᠎ᠠ ᠬᠡᠮᠵᠢᠶ᠎ᠡ ᠨᠢ ᠨᠡᠯᠢᠶᠡᠤᠨ ᠶᠡᠭᠡ ᠪᠠᠶᠢᠵᠤ᠂ ᠨᠤᠳᠤᠭ ᠪᠡᠯᠴᠢᠬᠡᠷ ᠢ ᠶᠡᠭᠡ ᠬᠡᠮᠵᠢᠶ᠎ᠡ ᠪᠠᠷ ᠡᠪᠳᠡᠭᠰᠡᠨ ᠪᠤᠯ ᠡᠷᠡᠬᠦᠤ | ᠶᠢᠨ ᠬᠠᠤᠯᠢ ᠶᠢᠨ ᠭᠤᠷᠪᠠᠨ ᠵᠠᠭᠤ ᠲᠦᠴᠢᠨ ᠬᠤᠶᠠᠳᠤᠭᠠᠷ ᠵᠦᠢᠯ ᠤᠨ ᠳᠤᠭᠳᠠᠭᠠᠯ ᠶᠤᠰᠤᠭᠠᠷ ᠳᠠᠷᠢᠶᠠᠯᠠᠩ ᠤᠨ | ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠶᠠᠯ᠎ᠠ ᠪᠠᠷ ᠶᠠᠯ᠎ᠠ ᠳᠤᠭᠳᠠᠭᠠᠨ ᠰᠢᠢᠤᠨᠪᠤᠷᠢᠯᠡᠨ᠎ᠡ᠃ | ᠬᠤᠶᠠᠳᠤᠭᠠᠷ ᠵᠦᠢᠯ ᠨᠤᠳᠤᠭ ᠪᠡᠯᠴᠢᠬᠡᠷ ᠢ ᠬᠠᠤᠯᠢ ᠪᠤᠰᠤ ᠪᠠᠷ ᠡᠵᠡᠯᠡᠨ ᠬᠡᠷᠡᠭᠴᠡᠭᠡ ᠶᠢ ᠨᠢ ᠦᠬᠡᠷᠡᠴᠢᠯᠡᠵᠤ᠂ | ᠳᠤᠭ᠎ᠠ ᠬᠡᠮᠵᠢᠶ᠎ᠡ ᠨᠢ ᠬᠤᠷᠢᠨ ᠮᠤ᠋ ᠠᠴᠠ ᠳᠡᠬᠡᠭᠰᠢ ᠪᠤᠯᠤᠭᠰᠡᠨ ᠪᠤᠶᠤ ᠤᠤᠯ ᠳᠤ ᠪᠠᠨ ᠨᠤᠳᠤᠭ ᠪᠡᠯᠴᠢᠬᠡᠷ ᠢ ᠬᠠᠤᠯᠢ | ᠪᠤᠰᠤ ᠪᠠᠷ ᠡᠵᠡᠯᠡᠵᠤ ᠵᠠᠰᠠᠭ ᠵᠠᠬᠢᠷᠭᠠᠨ ᠤ ᠰᠢᠤᠨᠬᠡᠯ ᠤᠯᠤᠭᠰᠡᠨ ᠪᠠᠶᠢᠳᠠᠯ ᠳᠤ ᠭᠤᠷᠪᠠᠨ ᠵᠢᠯ ᠤᠨ ᠳᠤᠳᠤᠷ᠎ᠠ ᠪᠠᠰᠠ | ᠬᠠᠤᠯᠢ ᠪᠤᠰᠤ ᠪᠠᠷ ᠨᠤᠳᠤᠭ ᠪᠡᠯᠴᠢᠬᠡᠷ ᠢ ᠡᠵᠡᠯᠡᠵᠤ ᠬᠡᠷᠡᠭᠴᠡᠭᠡ ᠶᠢ ᠨᠢ ᠦᠬᠡᠷᠡᠴᠢᠯᠡᠨ᠂ ᠠᠷᠪᠠᠨ ᠮᠤ᠋ ᠠᠴᠠ ᠳᠡᠬᠡᠭᠰᠢ | ᠪᠤᠯᠤᠭᠰᠡᠨ ᠪᠤᠯ ᠡᠷᠡᠬᠦᠤ ᠶᠢᠨ ᠬᠠᠤᠯᠢ ᠶᠢᠨ ᠭᠤᠷᠪᠠᠨ ᠵᠠᠭᠤ ᠲᠦᠴᠢᠨ ᠬᠤᠶᠠᠳᠤᠭᠠᠷ ᠵᠦᠢᠯ ᠳᠤ ᠳᠤᠭᠳᠠᠭᠠᠭᠰᠡᠨ | ︽ᠳᠤᠭ᠎ᠠ ᠬᠡᠮᠵᠢᠶ᠎ᠡ ᠨᠢ ᠨᠡᠯᠢᠶᠡᠤᠨ ᠶᠡᠭᠡ︾ ᠳᠤ ᠳᠤᠭᠠᠴᠠᠭᠳᠠᠨ᠎ᠠ᠃ | ᠨᠤᠳᠤᠭ ᠪᠡᠯᠴᠢᠬᠡᠷ ᠢ ᠬᠠᠤᠯᠢ ᠪᠤᠰᠤ ᠪᠠᠷ ᠡᠵᠡᠯᠡᠵᠤ ᠬᠡᠷᠡᠭᠴᠡᠭᠡ ᠶᠢ ᠨᠢ ᠦᠬᠡᠷᠡᠴᠢᠯᠡᠭᠰᠡᠨ ᠳᠤᠭ᠎ᠠ ᠬᠡᠮᠵᠢᠶ᠎ᠡ ᠨᠢ | ᠨᠡᠯᠢᠶᠡᠤᠨ ᠶᠡᠭᠡ ᠮᠦᠷᠳᠡᠬᠡᠨ ᠳᠤᠤᠷᠠᠬᠢ ᠪᠠᠶᠢᠳᠠᠯ ᠠᠴᠠ ᠨᠢᠬᠡ ᠨᠢ ᠪᠠᠶᠢᠪᠠᠯ᠂ ᠡᠷᠡᠬᠦᠤ ᠶᠢᠨ ᠬᠠᠤᠯᠢ ᠶᠢᠨ ᠭᠤᠷᠪᠠᠨ | ᠵᠠᠭᠤ ᠲᠦᠴᠢᠨ ᠬᠤᠶᠠᠳᠤᠭᠠᠷ ᠵᠦᠢᠯ ᠳᠤ ᠳᠤᠭᠳᠠᠭᠠᠭᠰᠡᠨ ︽ᠳᠠᠷᠢᠶᠠᠨ ᠭᠠᠵᠠᠷ᠂ ᠤᠢ ᠶᠢᠨ ᠭᠠᠵᠠᠷ ᠵᠡᠷᠬᠡ | ᠳᠠᠷᠢᠶᠠᠯᠠᠩ ᠤᠨ ᠬᠡᠷᠡᠭᠯᠡᠬᠡᠨ ᠤ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ︾ ᠳᠤ ᠳᠤᠭᠠᠴᠠᠨ᠎ᠠ᠄ | ︵ᠨᠢᠬᠡ︶ ᠨᠤᠳᠤᠭ ᠪᠡᠯᠴᠢᠬᠡᠷ ᠢ ᠬᠠᠭᠠᠯᠪᠤᠷᠢᠯᠠᠵᠤ ᠠᠮᠤ ᠪᠤᠳᠠᠭᠠᠨ ᠤ ᠳᠠᠷᠢᠮᠠᠯ᠂ ᠠᠵᠤ ᠠᠬᠤᠢ ᠶᠢᠨ ᠳᠠᠷᠢᠮᠠᠯ᠂ | ᠤᠢ ᠮᠤᠳᠤ ᠳᠠᠷᠢᠭᠰᠡᠨ︔ | ︵ᠬᠤᠶᠠᠷ︶ ᠨᠤᠳᠤᠭ ᠪᠡᠯᠴᠢᠬᠡᠷ ᠳᠡᠬᠡᠷ᠎ᠡ ᠵᠤᠭᠤᠷᠢ ᠪᠠᠶᠢᠭᠤᠯᠬᠤ᠂ ᠬᠡᠷ ᠪᠠᠷᠢᠬᠤ᠂ ᠵᠠᠮ ᠵᠠᠰᠠᠬᠤ᠂ ᠬᠠᠶᠢᠷ | ᠮᠠᠯᠳᠠᠬᠤ᠂ ᠬᠠᠳᠠ ᠭᠠᠷᠭᠠᠬᠤ᠂ ᠠᠭᠤᠷᠬᠠᠢ ᠨᠡᠬᠡᠬᠡᠬᠦ᠂ ᠰᠢᠷᠤᠢ ᠠᠪᠬᠤ᠂ ᠬᠦᠷᠤᠰᠤ ᠤᠷᠭᠤᠮᠠᠯ ᠢ ᠡᠪᠳᠡᠬᠦ ᠵᠡᠷᠬᠡ︔ | ︵ᠭᠤᠷᠪᠠ︶ ᠨᠤᠳᠤᠭ ᠪᠡᠯᠴᠢᠬᠡᠷ ᠳᠡᠬᠡᠷ᠎ᠡ ᠬᠠᠶᠠᠭᠳᠠᠮᠠᠯ ᠪᠤᠳᠠᠰ ᠤᠪᠤᠭᠠᠯᠠᠬᠤ ᠪᠤᠶᠤ ᠭᠠᠳᠠᠭᠰᠢᠯᠠᠭᠤᠯᠵᠤ᠂ | ᠨᠤᠳᠤᠭ ᠪᠡᠯᠴᠢᠬᠡᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠬᠦᠨᠳᠤ ᠨᠤᠴᠢᠳᠠᠢ ᠬᠤᠬᠢᠷᠠᠭᠤᠯᠤᠭᠰᠡᠨ ᠪᠤᠶᠤ | ᠪᠤᠬᠢᠷᠳᠤᠭᠤᠯᠤᠭᠰᠡᠨ︔ | ︵ᠲᠦᠷᠪᠡ︶ ᠨᠤᠳᠤᠭ ᠪᠡᠯᠴᠢᠬᠡᠷ ᠤᠨ ᠬᠠᠮᠠᠭᠠᠯᠠᠯᠳᠠ᠂ ᠪᠠᠶᠢᠭᠤᠯᠤᠯᠳᠠ᠂ ᠠᠰᠢᠭᠯᠠᠯᠳᠠ ᠶᠢᠨ | ᠲᠦᠯᠤᠪᠵᠢᠬᠦᠯᠬᠡ ᠶᠢ ᠵᠦᠷᠢᠴᠡᠵᠤ ᠡᠪᠡᠰᠣ ᠪᠠ ᠳᠡᠵᠢᠬᠡᠯ ᠪᠤᠷᠳᠤᠭ᠎ᠠ ᠳᠠᠷᠢᠵᠤ᠂ ᠨᠤᠳᠤᠭ ᠪᠡᠯᠴᠢᠬᠡᠷ ᠤᠨ | ᠡᠯᠡᠰᠤᠵᠢᠯᠳᠠ ᠪᠤᠶᠤ ᠬᠦᠷᠤᠰᠤ ᠰᠢᠷᠤᠢ ᠶᠢᠨ ᠬᠦᠨᠳᠤ ᠨᠤᠴᠢᠳᠠᠢ ᠢᠳᠡᠭᠳᠡᠯ ᠢ ᠪᠤᠢ ᠪᠤᠯᠭᠠᠬᠤ︔ | ︵ᠳᠠᠪᠤ︶ ᠨᠤᠳᠤᠭ ᠪᠡᠯᠴᠢᠬᠡᠷ ᠢ ᠬᠦᠨᠳᠤ ᠨᠤᠴᠢᠳᠠᠢ ᠪᠠᠷ ᠡᠪᠳᠡᠭᠰᠡᠨ ᠪᠤᠰᠤᠤᠨ ᠪᠠᠶᠢᠳᠠᠯ᠃ | ᠲᠦᠷᠪᠡᠳᠤᠬᠡᠷ ᠵᠦᠢᠯ ᠬᠦᠴᠤᠷᠬᠡᠭᠯᠡᠯ᠂ ᠰᠦᠷᠳᠡᠬᠦᠯᠤᠯ ᠤᠨ ᠠᠷᠭ᠎ᠠ ᠪᠠᠷ ᠨᠤᠳᠤᠭ ᠪᠡᠯᠴᠢᠬᠡᠷ ᠲᠤ ᠬᠢᠨᠠᠯᠳᠠ | ᠳᠠᠯᠪᠢᠨ ᠪᠠᠶᠢᠴᠠᠭᠠᠯᠳᠠ ᠬᠢᠳᠡᠭ ᠬᠦᠮᠤᠰ ᠤᠨ ᠬᠠᠤᠯᠢ ᠶᠤᠰᠤᠭᠠᠷ ᠳᠤᠰᠢᠶᠠᠯ ᠢᠶᠠᠨ ᠬᠦᠢᠴᠡᠤᠨᠬᠡᠬᠦ ᠶᠢ ᠬᠠᠷᠰᠢᠯᠠᠭᠠᠤᠨ | ᠶᠠᠯ᠎ᠠ ᠪᠦᠷᠢᠯᠳᠦᠭᠰᠡᠨ ᠪᠤᠯ ᠡᠷᠡᠬᠦᠤ ᠶᠢᠨ ᠬᠠᠤᠯᠢ ᠶᠢᠨ ᠬᠤᠶᠠᠷ ᠵᠠᠭᠤ ᠳᠠᠯᠠᠨ ᠳᠤᠯᠤᠳᠤᠭᠠᠷ ᠵᠦᠢᠯ ᠤᠨ ᠳᠤᠭᠳᠠᠭᠠᠯ | ᠶᠤᠰᠤᠭᠠᠷ᠂ ᠠᠯᠪᠠᠨ ᠠᠵᠢᠯ ᠢ ᠬᠠᠷᠰᠢᠯᠠᠭᠰᠡᠨ ᠶᠠᠯ᠎ᠠ ᠪᠠᠷ ᠡᠷᠡᠬᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠠᠤᠨ ᠤᠯᠠᠨ ᠢ ᠦᠳᠤᠬᠡᠨ ᠨᠤᠳᠤᠭ ᠪᠡᠯᠴᠢᠬᠡᠷ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠦᠷᠢᠮ ᠢ ᠬᠡᠷᠡᠭᠵᠢᠬᠦᠯᠬᠦ ᠶᠢ ᠬᠦᠴᠤᠷᠬᠡᠭᠯᠡᠯ ᠢᠶᠠᠷ ᠡᠰᠡᠷᠬᠦᠴᠡᠵᠤ ᠶᠠᠯᠠᠳᠤ ᠠᠵᠢᠯᠯᠠᠭ᠎ᠠ ᠪᠦᠷᠢᠯᠳᠦᠭᠰᠡᠨ ᠪᠤᠯ ᠡᠷᠡᠬᠦᠤ | ᠶᠢᠨ ᠬᠠᠤᠯᠢ ᠶᠢᠨ ᠬᠤᠶᠠᠷ ᠵᠠᠭᠤ ᠳᠠᠯᠠᠨ ᠨᠠᠢᠮᠠᠳᠤᠭᠠᠷ ᠵᠦᠢᠯ ᠤᠨ ᠳᠤᠭᠳᠠᠭᠠᠯ ᠶᠤᠰᠤᠭᠠᠷ᠂ ᠬᠠᠤᠯᠢ ᠴᠠᠭᠠᠵᠠ ᠶᠢ | ᠬᠡᠷᠡᠭᠵᠢᠬᠦᠯᠬᠦ ᠶᠢ ᠬᠦᠴᠤᠷᠬᠡᠭᠯᠡᠯ ᠢᠶᠠᠷ ᠡᠰᠡᠷᠬᠦᠴᠡᠬᠦ ᠶᠢ ᠦᠳᠦᠬᠡᠭᠰᠡᠨ ᠶᠠᠯ᠎ᠠ ᠪᠠᠷ ᠡᠷᠡᠬᠦᠤ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠭᠤᠳᠤᠭᠠᠷ ᠵᠦᠢᠯ ᠨᠤᠳᠤᠭ ᠪᠠᠯᠴᠢᠬᠡᠷ ᠤᠨ ᠡᠬᠢ ᠰᠤᠷᠪᠤᠯᠵᠢ ᠶᠢ ᠬᠠᠤᠯᠢ ᠪᠤᠰᠤ ᠪᠠᠷ ᠤᠯᠠᠨ ᠤᠳᠠᠭ᠎ᠠ | ᠡᠪᠳᠡᠭᠰᠡᠨ ᠶᠠᠯᠠᠳᠤ ᠠᠵᠢᠯᠯᠠᠭ᠎ᠠ ᠶᠢ ᠰᠢᠢᠤᠨᠪᠤᠷᠢᠯᠡᠭᠰᠡᠨ ᠦᠬᠡᠢ ᠪᠤᠯ ᠬᠠᠤᠯᠢ ᠶᠤᠰᠤᠭᠠᠷ ᠡᠷᠡᠬᠦᠤ ᠶᠢᠨ ᠬᠠᠷᠢᠭᠤᠴᠠᠯᠭ᠎ᠠ | ᠨᠡᠬᠡᠮᠵᠢᠯᠡᠵᠤ᠂ ᠪᠦᠬᠦ ᠳᠤᠭ᠎ᠠ ᠬᠡᠮᠵᠢᠶ᠎ᠡ ᠢ ᠦᠨᠳᠤᠰᠤᠯᠡᠨ ᠶᠠᠯ᠎ᠠ ᠳᠤᠭᠳᠠᠭᠠᠨ ᠰᠢᠢᠤᠨᠪᠤᠷᠢᠯᠡᠨ᠎ᠡ᠃ | ᠳᠤᠯᠤᠳᠤᠭᠠᠷ ᠵᠦᠢᠯ ᠳᠤᠰ ᠳᠠᠶᠢᠯᠪᠤᠷᠢ ᠳᠤ ᠬᠢ ︽ᠨᠤᠳᠤᠭ ᠪᠡᠯᠴᠢᠬᠡᠷ︾ ᠬᠡᠳᠡᠭ ᠨᠢ ᠪᠠᠶᠢᠭᠠᠯᠢᠭ ᠨᠤᠳᠤᠭ | ᠪᠠᠯᠴᠢᠬᠡᠷ ᠪᠠ ᠳᠠᠷᠢᠮᠠᠯ ᠪᠡᠯᠴᠢᠬᠡᠷ ᠢ ᠵᠢᠭᠠᠨ᠎ᠠ᠂ ᠪᠠᠶᠢᠭᠠᠯᠢᠭ ᠨᠤᠳᠤᠭ ᠪᠡᠯᠴᠢᠬᠡᠷ ᠨᠢ ᠡᠪᠡᠰᠤᠳᠤ ᠳᠠᠯ᠎ᠠ᠂ ᠡᠪᠡᠰᠤᠳᠤ | ᠠᠭᠤᠯᠠ ᠪᠠ ᠡᠪᠡᠰᠤᠳᠤ ᠬᠦᠳᠤᠯ ᠢ ᠪᠠᠭᠳᠠᠭᠠᠨ᠎ᠠ᠂ ᠳᠠᠷᠢᠮᠠᠯ ᠪᠠᠯᠴᠢᠬᠡᠷ ᠨᠢ ᠰᠠᠶᠢᠵᠢᠷᠠᠭᠤᠯᠤᠭᠰᠡᠨ ᠡᠪᠡᠰᠤᠳᠤ ᠭᠠᠵᠠᠷ | ᠪᠠ ᠳᠠᠷᠢᠶᠠᠯᠠᠬᠤ ᠶᠢ ᠵᠤᠭᠰᠤᠭᠠᠵᠤ ᠡᠪᠡᠰᠤ ᠳᠠᠷᠢᠭᠰᠡᠨ ᠭᠠᠵᠠᠷ ᠢ ᠪᠠᠭᠳᠠᠭᠠᠨ᠎ᠠ᠂ ᠬᠤᠳᠠ ᠪᠠᠯᠭᠠᠰᠤᠨ ᠤ ᠡᠪᠡᠰᠤᠳᠤ | ᠭᠠᠵᠠᠷ ᠢ ᠪᠠᠭᠳᠠᠭᠠᠬᠤ ᠦᠬᠡᠢ᠃ | 25. ᠤᠢ ᠰᠢᠭᠤᠢ ᠨᠤᠳᠤᠭ ᠪᠠᠯᠴᠢᠬᠡᠷ ᠤᠨ ᠡᠬᠢ ᠰᠤᠷᠪᠤᠯᠵᠢ ᠶᠢ ᠡᠪᠳᠡᠭᠰᠡᠨ ᠬᠡᠷᠡᠭ ᠤᠨ ᠵᠢᠱᠢᠶ᠎ᠠ ᠪᠠᠶᠢᠨ᠎ᠠ ᠤᠤ︖ | | ᠬᠠᠷᠢᠭᠤᠯᠳᠠ᠄ ︽ᠳᠤᠮᠳᠠᠳᠤ ᠤᠯᠤᠰ ᠤᠨ ᠳᠠᠰᠤᠯᠤᠨ ᠳᠤᠭᠳᠠᠭᠠᠭᠰᠡᠨ ᠠᠯᠪᠠᠨ ᠪᠢᠴᠢᠭ ᠤᠨ ᠰᠦᠯᠵᠢᠶ᠎ᠡ︾ | ᠪᠠ ︽ᠠᠷᠠᠤᠨ ᠤᠨ ᠪᠠᠶᠢᠴᠠᠭᠠᠬᠤ ᠬᠤᠷᠢᠶ᠎ᠠ ᠶᠢᠨ ᠬᠡᠷᠡᠭ ᠤᠨ ᠰᠤᠷᠠᠭ ᠵᠠᠩᠬᠢ ᠶᠢ ᠢᠯᠡᠰᠢᠬᠦᠯᠬᠦ ᠰᠦᠯᠵᠢᠶ᠎ᠡ︾ ᠠᠴᠠ | ᠬᠠᠮᠢᠶ᠎ᠠ ᠪᠦᠬᠦᠢ ᠬᠡᠷᠡᠭ ᠤᠨ ᠵᠢᠱᠢᠶ᠎ᠠ ᠶᠢᠨ ᠨᠠᠷᠢᠨ ᠪᠠᠶᠢᠳᠠᠯ ᠢ ᠯᠠᠪᠯᠠᠭᠠᠷᠠᠢ᠃ | ᠬᠤᠯᠪᠤᠭᠠᠰᠤ᠄ ᠳᠤᠮᠳᠠᠳᠤ ᠤᠯᠤᠰ ᠤᠨ ᠳᠠᠰᠤᠯᠤᠨ ᠳᠤᠭᠳᠠᠭᠠᠭᠰᠡᠨ ᠠᠯᠪᠠᠨ ᠪᠢᠴᠢᠭ ᠤᠨ ᠰᠦᠯᠵᠢᠶ᠎ᠡ | http://wenshu.court.gov.cn/Index | ᠠᠷᠠᠤᠨ ᠤᠨ ᠪᠠᠶᠢᠴᠠᠭᠠᠬᠤ ᠬᠤᠷᠢᠶ᠎ᠠ ᠶᠢᠨ ᠬᠡᠷᠡᠭ ᠤᠨ ᠰᠤᠷᠠᠭ ᠵᠠᠩᠬᠢ ᠶᠢ ᠢᠯᠡᠰᠢᠬᠦᠯᠬᠦ ᠰᠦᠯᠵᠢᠶ᠎ᠡ | http://www.ajxxgk.jcy.gov.cn |