︽ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠣᠷᠴᠢᠨ ᠠᠬᠤᠢ ᠶᠢᠨ ᠴᠢᠨᠠᠷ ᠤᠨ | ᠪᠠᠶᠢᠴᠠᠭᠠᠯᠳᠠ ᠶᠢᠨ ᠲᠣᠭᠳᠠᠯᠴᠠᠭ᠎ᠠ ᠶᠢ ᠪᠠᠶᠢᠭᠤᠯᠬᠤ ᠲᠦᠰᠦᠯ ︾ ᠢ ᠲᠠᠷᠣᠮᠠᠯᠯᠠᠨ ᠲᠠᠷᠬᠠᠭᠠᠬᠤ ᠲᠣᠬᠠᠢ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ | ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | ︽ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠣᠷᠴᠢᠨ ᠠᠬᠤᠢ ᠶᠢᠨ ᠴᠢᠨᠠᠷ ᠤᠨ | ᠪᠠᠶᠢᠴᠠᠭᠠᠯᠳᠠ ᠶᠢᠨ ᠲᠣᠭᠳᠠᠯᠴᠠᠭ᠎ᠠ ᠶᠢ ᠪᠠᠶᠢᠭᠤᠯᠬᠤ ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠳᠠᠢ | ᠪᠠᠶᠢᠳᠠᠯ ᠲᠠᠢ ᠣᠶᠠᠯᠳᠣᠭᠤᠯᠣᠨ᠂ ᠨᠠᠷᠢᠨ ᠬᠢᠨᠠᠮᠠᠭᠠᠢ ᠲᠤᠤᠱᠠᠯᠠᠭᠤᠯᠤᠨ ᠬᠡᠷᠡᠭᠵᠢᠭᠦᠯᠳᠤᠭᠡᠢ᠃ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 7 ᠰᠠᠷ᠎ᠠ ᠶᠢᠨ 17 ᠤ ᠡᠳᠦᠷ | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠣᠷᠴᠢᠨ | ᠠᠬᠤᠢ ᠶᠢᠨ ᠴᠢᠨᠠᠷ ᠤᠨ ᠪᠠᠶᠢᠴᠠᠭᠠᠯᠳᠠ ᠶᠢᠨ ᠲᠣᠭᠳᠠᠯᠴᠠᠭ᠎ᠠ ᠶᠢ ᠪᠠᠶᠢᠭᠤᠯᠬᠤ ᠲᠦᠰᠦᠯ | | | ︽ᠪᠦᠬᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠣᠷᠴᠢᠨ ᠠᠬᠤᠢ ᠶᠢᠨ ᠬᠠᠮᠠᠭᠠᠯᠠᠯᠳᠠ ᠶᠢᠨ | ᠬᠠᠣᠯᠢ︾᠂ ︽ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠠᠬᠢᠭᠤᠯᠬᠤ ᠲᠣᠬᠠᠢ ᠲᠣᠮᠳᠠᠳᠦ ᠣᠯᠣᠰ ᠤᠨ | ᠡᠪ ᠬᠠᠮᠳᠦ ᠨᠠᠮ ᠤᠨ ᠲᠦᠪ ᠬᠤᠷᠢᠶ᠎ᠠ ᠣᠯᠣᠰ ᠤᠨ ᠶᠠᠪᠣᠳᠠᠯ ᠤᠨ ᠬᠤᠷᠢᠶᠠᠨ ᠤ ᠰᠠᠨᠠᠯ︾ ᠵᠢᠴᠢ ︽ᠣᠷᠳᠣᠰ | ᠬᠤᠳᠠ ᠶᠢᠨ ᠣᠯᠣᠰ ᠤᠨ ᠠᠮᠢ ᠠᠬᠤᠢ ᠶᠢᠨ ᠪᠣᠯᠪᠠᠰᠣᠨ ᠤ ᠲᠠᠭᠤᠷᠢᠶᠠᠯ ᠪᠠᠶᠢᠭᠤᠯᠣᠯᠳᠠ ᠶᠢ ᠬᠡᠷᠡᠭᠵᠢᠭᠦᠯᠬᠦ ᠲᠦᠰᠦᠯ︾ | ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ | ᠣᠷᠣᠨ ᠤ ᠠᠭᠠᠷ᠂ ᠣᠰᠣ᠂ ᠬᠦᠷᠦᠰᠦ ᠰᠢᠷᠣᠢ ᠵᠡᠷᠭᠡ ᠣᠷᠴᠢᠨ ᠠᠬᠤᠢ ᠶᠢᠨ ᠴᠢᠨᠠᠷ ᠤᠨ ᠪᠠᠶᠢᠴᠠᠭᠠᠯᠳᠠ ᠶᠢᠨ ᠠᠵᠢᠯ | ᠢ ᠣᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠣᠰᠠᠳᠠ᠂ ᠣᠷᠴᠢᠨ ᠲᠣᠭᠤᠷᠢᠨ ᠤ ᠶᠠᠰᠦ ᠴᠢᠨᠠᠷ ᠢ ᠪᠠᠶᠢᠴᠠᠭᠠᠨ | ᠰᠢᠯᠭᠠᠬᠤ ᠲᠣᠭᠳᠠᠯᠴᠠᠭ᠎ᠠ ᠶᠢ ᠪᠠᠶᠢᠭᠤᠯᠣᠨ ᠲᠡᠭᠦᠯᠳᠡᠷᠵᠢᠭᠦᠯᠵᠣ᠂ ᠵᠠᠰᠠᠭ ᠤᠨ ᠣᠷᠳᠣᠨ ᠣᠳᠣᠷᠢᠳᠬᠤ᠂ ᠰᠠᠯᠠᠭ᠎ᠠ | ᠮᠦᠴᠢᠷ ᠬᠠᠮᠵᠢᠯᠴᠠᠬᠤ᠂ ᠨᠡᠶᠢᠭᠡᠮ ᠣᠷᠣᠯᠴᠠᠬᠤ᠂ ᠣᠯᠠᠨ ᠲᠦᠮᠡᠨ ᠬᠢᠨᠠᠯᠳᠠ ᠲᠠᠯᠪᠢᠬᠤ ᠠᠮᠢ ᠠᠬᠤᠢ ᠶᠢᠨ | ᠪᠠᠶᠢᠴᠠᠭᠠᠯᠳᠠ ᠶᠢᠨ ᠰᠢᠨ᠎ᠡ ᠪᠠᠶᠢᠷᠢᠰᠢᠯᠠᠯ ᠢ ᠪᠦᠷᠢᠯᠳᠦᠭᠦᠯᠵᠣ᠂ ᠣᠨᠴᠠᠭᠠᠶᠢᠯᠠᠨ ᠲᠣᠰ ᠪᠠᠶᠢᠯᠭᠤᠯᠬᠤ ᠲᠦᠰᠦᠯ ᠢ | ᠲᠣᠭᠳᠠᠭᠠᠪᠠ᠃ | ᠨᠢᠭᠡ᠂ ᠠᠵᠢᠯ ᠬᠠᠷᠠᠯᠳᠠ ᠡᠭᠦᠷᠭᠡ | ︵ᠨᠢᠭᠡ︶ ᠠᠭᠠᠷ ᠤᠨ ᠣᠷᠴᠢᠨ ᠤ ᠴᠢᠨᠠᠷ | 1. ᠲᠣᠬᠢᠷᠠᠭᠤᠯᠣᠨ ᠪᠠᠶᠢᠷᠢᠯᠠᠭᠤᠯᠬᠤ ᠵᠢᠴᠢ ᠦᠨᠳᠦᠰᠦᠯᠡᠯ | ︵1︶ ᠣᠷᠴᠢᠨ ᠠᠬᠤᠢ ᠠᠭᠠᠷ ᠤᠨ ᠴᠢᠨᠠᠷ ᠤᠨ ᠪᠠᠶᠢᠴᠠᠭᠠᠯᠳᠠ ᠶᠢᠨ ᠴᠡᠭ ᠤᠨ ᠪᠠᠶᠢᠷᠢᠯᠠᠭᠤᠯᠬᠤ ᠮᠡᠷᠭᠡᠵᠢᠯ | ᠤᠨ ᠲᠦᠷᠢᠮᠵᠢᠯ HJ664-2013᠃ | ︵2︶ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠪᠦᠬᠦ ᠲᠠᠯ᠎ᠠ ᠶᠢᠨ | ᠲᠦᠯᠦᠪᠵᠢᠭᠦᠯᠭᠡ ᠶᠢᠨ ᠣᠷᠴᠢᠨ ᠬᠠᠮᠠᠭᠠᠯᠠᠯᠳᠠ ᠶᠢᠨ ᠦᠨᠡᠯᠡᠯᠳᠡ ᠵᠢᠴᠢ ᠬᠢᠨᠠᠨ ᠪᠠᠶᠢᠴᠠᠭᠠᠭᠰᠠᠨ ᠰᠠᠨᠠᠯ᠃ | ︵3︶ ᠣᠷᠴᠢᠨ ᠠᠬᠤᠢ ᠶᠢᠨ ᠨᠦᠯᠦᠭᠡᠯᠡᠯ ᠢ ᠦᠨᠡᠯᠡᠬᠦ ᠮᠡᠷᠭᠡᠵᠢᠯ ᠤᠨ ᠵᠢᠯᠣᠭᠤᠳᠬᠤ ᠲᠦᠷᠢᠮ - ᠠᠭᠠᠷ ᠤᠨ | ᠣᠷᠴᠢᠨ ᠠᠬᠤᠢ HJ2.2-2018᠃ | 2. ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠠᠵᠣ ᠠᠬᠤᠶᠢᠯᠠᠯ ᠤᠨ ᠠᠭᠠᠷ ᠤᠨ | ᠪᠣᠬᠢᠷᠳᠣᠯ ᠤᠨ ᠡᠬᠢ ᠶᠢᠨ ᠲᠠᠷᠬᠠᠯᠳᠠ ᠵᠢᠴᠢ ᠠᠭᠠᠷ ᠤᠨ ᠰᠡᠷᠭᠡᠭ ᠤᠨ ᠲᠠᠷᠬᠠᠯᠳᠠ ᠶᠢᠨ ᠪᠠᠶᠢᠳᠠᠯ ᠢ ᠦᠨᠳᠦᠰᠦᠯᠡᠨ᠂ | ᠠᠭᠠᠷ ᠤᠨ ᠠᠶᠠᠨᠳᠠᠭᠠᠨ ᠤ ᠪᠠᠶᠢᠴᠠᠭᠠᠨ ᠰᠢᠯᠭᠠᠬᠤ ᠲᠣᠣᠷᠵᠢᠯ ᠢ ᠪᠠᠶᠢᠭᠤᠯᠣᠨ ᠲᠡᠭᠦᠯᠳᠡᠷᠵᠢᠭᠦᠯᠵᠣ᠂ ᠠᠵᠣ | ᠠᠬᠤᠶᠢᠯᠠᠯ ᠤᠨ ᠣᠶᠢᠯᠠᠳᠪᠦᠷᠢᠯᠡᠯ ᠤᠨ ᠪᠠᠶᠢᠳᠠᠯ ᠣᠷᠴᠢᠨ ᠲᠣᠭᠤᠷᠢᠨ ᠳᠤ ᠦᠵᠡᠭᠦᠯᠬᠦ ᠨᠦᠯᠦᠭᠡᠯᠡᠯ ᠢ ᠬᠢᠨᠡᠨ | ᠡᠵᠡᠮᠰᠢᠨ᠎ᠡ᠃ ᠪᠧᠨ᠋ᠽᠧᠨ ᠪᠣᠯᠣᠨ | ︵ᠨᠢᠭᠡ︶ ᠨᠢᠭᠡᠳᠦᠭᠡᠷ ᠪᠠᠶᠢᠴᠠᠭᠠᠯᠳᠠ ᠶᠢᠨ ᠴᠡᠭ ᠢ ᠱᠠᠩᠬᠠᠢ ᠶᠢᠨ ᠰᠦᠮ᠎ᠡ ᠪᠠᠯᠭᠠᠰᠣᠨ ᠳᠤ ᠪᠠᠶᠢᠷᠠᠯᠠᠭᠤᠯᠵᠣ | ︵ᠱᠠᠩᠬᠠᠢ ᠶᠢᠨ ᠰᠦᠮ᠎ᠡ ᠠᠵᠣ ᠠᠬᠤᠢ ᠨᠡᠭᠡᠭᠡᠯᠳᠡ ᠣᠷᠣᠨ ᠤ ᠨᠢᠭᠡᠳᠦᠭᠡᠷ ᠲᠣᠭᠤᠷᠢᠭ ᠤᠨ ᠭᠤᠷᠪᠠᠳᠣᠭᠠᠷ | ᠬᠦᠷᠢᠶᠡᠯᠡᠩ ᠤᠨ ᠲᠦᠪ ᠳᠤ ᠪᠠᠶᠢᠷᠠᠭᠤᠯᠣᠨᠡ︶᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠦᠳᠡᠭᠡ ᠲᠣᠰᠬᠤᠨ ᠢ | ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢ ᠭᠦᠨᠵᠡᠭᠡᠢ ᠲᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ | ᠲᠣᠷᠠᠳᠣᠭᠰᠠᠨ ︽ᠠᠭᠤᠯᠠ ᠣᠰᠣ ᠣᠢ ᠲᠠᠷᠢᠶ᠎ᠠ ᠨᠠᠭᠤᠷ ᠡᠪᠡᠰᠦ ᠪᠣᠯ ᠴᠦᠮ ᠬᠠᠮᠳᠦ ᠶᠢᠨ ᠠᠮᠢ ᠨᠠᠰᠣᠨ ᠤ | ᠴᠣᠭᠴᠨ ᠪᠣᠯᠣᠨ᠎ᠠ︾ ᠬᠡᠬᠦ ᠣᠶᠢᠯᠠᠭᠠᠭᠳᠠᠬᠤᠨ ᠢ ᠬᠢᠨᠠᠮᠠᠭᠠᠢ ᠨᠠᠶᠢᠳᠠᠪᠦᠷᠢᠵᠢᠭᠤᠯᠵᠣ᠂ ︽ᠨᠣᠳᠤᠭ ᠪᠡᠯᠴᠢᠭᠡᠷ ᠤᠨ | ᠬᠠᠣᠯᠢ︾ ︽ᠣᠢ ᠰᠢᠭᠤᠢ ᠶᠢᠨ ᠬᠠᠣᠯᠢ︾ ᠵᠡᠷᠭᠡ ᠬᠤᠯᠪᠣᠭᠳᠠᠯ ᠪᠦᠬᠦᠢ ᠬᠠᠣᠯᠢ ᠲᠦᠷᠢᠮ ᠢ ᠦᠨᠳᠦᠰᠦᠯᠡᠨ᠂ | ᠬᠠᠣᠯᠢ ᠪᠣᠰᠣ ᠪᠠᠷ ᠣᠢ ᠶᠢᠨ ᠭᠠᠵᠠᠷ᠂ ᠮᠠᠯ ᠤᠨ ᠪᠡᠯᠴᠢᠭᠡᠷ ᠲᠤ ᠠᠳᠠᠷ ᠬᠠᠭᠠᠯᠪᠦᠷᠢᠯᠠᠬᠤ ᠶᠢ ᠴᠠᠭᠠᠵᠠᠯᠠᠬᠤ ᠬᠢᠨᠠᠯᠳᠠ | ᠬᠠᠮᠢᠶᠠᠷᠣᠯᠳᠠ ᠶᠢᠨ ᠬᠦᠴᠦᠨ ᠢ ᠦᠨᠡᠨ ᠬᠦ ᠴᠢᠩᠭᠠᠳᠬᠠᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ | ᠠᠬᠢᠭᠤᠯᠣᠨ᠎ᠠ᠃ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠣᠶᠠᠯᠳᠣᠭᠤᠯᠣᠨ᠂ ᠲᠣᠰ ᠲᠦᠰᠦᠯ ᠢ | ᠲᠣᠭᠳᠠᠭᠠᠪᠠ᠃ | ᠨᠢᠭᠡ᠂ ᠬᠠᠣᠯᠢ ᠪᠣᠰᠣ ᠪᠠᠷ ᠣᠢ ᠶᠢᠨ ᠭᠠᠵᠠᠷ᠂ ᠮᠠᠯ ᠤᠨ ᠪᠡᠯᠴᠢᠭᠡᠷ ᠲᠤ ᠠᠳᠠᠷ ᠬᠠᠭᠠᠯᠪᠦᠷᠢᠯᠠᠬᠤ ᠶᠢ | ᠴᠠᠭᠠᠵᠠᠯᠠᠬᠤ ᠶᠢᠨ ᠴᠢᠬᠤᠯᠠ ᠴᠢᠨᠠᠷ ᠪᠠ ᠪᠠᠴᠢᠮ ᠴᠢᠨᠠᠷ | ᠣᠢ ᠶᠢᠨ ᠭᠠᠵᠠᠷ᠂ ᠨᠣᠳᠤᠭ ᠪᠡᠯᠴᠢᠭᠡᠷ ᠪᠣᠯ ᠮᠠᠨ ᠤ ᠣᠯᠣᠰ ᠤᠨ ᠲᠠᠯᠠᠪᠠᠢ ᠪᠠᠷ ᠬᠠᠮᠤᠭ ᠶᠡᠭᠡ ᠠᠮᠢ ᠠᠬᠤᠢ | ᠶᠢᠨ ᠬᠠᠯᠬᠠᠪᠴᠢ ᠪᠣᠯᠣᠨ᠎ᠠ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠭᠤᠣᠯ ᠭᠠᠵᠠᠷ᠂ ᠪᠠᠰᠠ ᠴᠣ᠋ | ᠮᠠᠯᠴᠢᠨ ᠲᠠᠷᠢᠶᠠᠴᠢᠨ ᠤ ᠣᠷᠣᠰᠢᠨ ᠲᠣᠭᠳᠠᠨᠢᠯ ᠤᠨ ᠦᠨᠳᠦᠰᠦᠨ ᠣᠶᠢᠯᠠᠳᠪᠦᠷᠢᠯᠠᠯ ᠤᠨ ᠮᠠᠲ᠋ᠧᠷᠢᠶᠠᠯ ᠪᠠᠶᠢᠵᠣ᠂ | ᠠᠵᠣ ᠠᠬᠤᠢ ᠶᠢᠨ ᠨᠡᠶᠢᠭᠡᠮ ᠤᠨ ᠬᠦᠭᠵᠢᠯᠳᠡ ᠪᠠ ᠠᠮᠢ ᠠᠬᠤᠢ ᠣᠷᠴᠢᠨ ᠲᠣᠭᠤᠷᠢᠨ ᠤ ᠪᠠᠶᠢᠭᠤᠯᠣᠯᠳᠠ ᠶᠢᠨ | ᠲᠣᠮᠳᠠᠬᠢ ᠣᠷᠣᠯᠠᠭᠤᠯᠬᠤ ᠪᠣᠯᠣᠰᠢ ᠦᠭᠡᠢ ᠴᠢᠬᠤᠯᠠ ᠪᠠᠶᠢᠷᠠᠰᠢᠯ ᠪᠠ ᠣᠶᠢᠯᠠᠳᠣᠯ ᠪᠣᠯᠣᠨ᠎ᠠ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠳᠤ ︽ᠠᠮᠢ ᠠᠬᠤᠢ ᠶᠢᠨ ᠪᠣᠯᠪᠠᠰᠣᠨ ᠤ ᠲᠣᠭᠳᠠᠴᠠ ᠶᠢᠨ ᠦᠭᠡᠷᠡᠴᠢᠯᠡᠯᠳᠡ ᠶᠢ | ᠴᠢᠩᠭᠠᠳᠬᠠᠬᠤ᠂ ᠦᠵᠡᠰᠭᠦᠯᠡᠩᠳᠦ ᠰᠠᠶᠢᠬᠠᠨ ᠲᠣᠮᠳᠠᠳᠦ ᠣᠯᠣᠰ ᠢ ᠪᠠᠶᠢᠭᠤᠯᠬᠤ︾ ᠬᠠᠷᠠᠯᠳᠠ᠂ ᠡᠭᠦᠷᠭᠡ᠂ ᠠᠷᠭ᠎ᠠ | ᠶᠢ ᠲᠣᠷᠠᠳᠴᠦ᠂ ᠶᠡᠷᠦᠩᠬᠡᠢ ᠱᠦᠵᠢ ᠰᠢ ᠶᠢᠨ ᠫᠢᠩ ᠤᠨ ᠲᠣᠷᠠᠳᠣᠭᠰᠠᠨ ᠭᠤᠣᠯᠯᠠᠭᠴᠢ ᠨᠠᠮ ᠲᠦᠪ ᠤᠨ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠵᠣᠷᠢᠭ ᠰᠠᠨᠠᠭ᠎ᠠ ᠪᠠ ᠰᠢᠢᠳᠪᠦᠷᠢ ᠶᠢ ᠣᠯᠠᠮ ᠢᠯᠡ ᠮᠡᠳᠡᠭᠳᠡᠪᠡ᠃ | ᠬᠦᠳᠡᠭᠡ ᠲᠣᠰᠬᠤᠨ ᠢ ᠬᠦᠭᠵᠢᠭᠦᠯᠭᠦ ᠪᠠᠶᠢᠯᠳᠣᠬᠤ ᠪᠣᠳᠣᠯᠭ᠎ᠠ ᠳᠤ ︽ᠬᠦᠳᠡᠭᠡ ᠲᠣᠰᠬᠤᠨ ᠤ ᠪᠣᠬᠢᠷᠳᠣᠯ ᠦᠭᠡᠢ | ᠬᠦᠭᠵᠢᠯᠳᠡ ᠶᠢ ᠠᠬᠢᠭᠤᠯᠬᠤ᠂ ᠬᠦᠮᠦᠨ ᠪᠠ ᠪᠠᠶᠢᠭᠠᠯᠢ ᠶᠢᠨ ᠡᠶ᠎ᠡ ᠵᠣᠬᠢᠴᠠᠯᠳᠦ ᠬᠠᠮᠳᠦ ᠶᠢᠨ ᠬᠦᠭᠵᠢᠯᠳᠡ ᠶᠢᠨ | ᠰᠢᠨ᠎ᠡ ᠪᠠᠶᠢᠷᠢᠭᠤᠯᠣᠯ ᠢ ᠪᠦᠷᠢᠯᠳᠦᠭᠦᠯᠬᠦ︾ ᠶᠢ ᠲᠣᠷᠠᠳᠴᠦ᠂ ᠣᠬᠢ ᠰᠠᠶᠢᠨ ᠠᠮᠢ ᠠᠬᠤᠢ ᠣᠷᠴᠢᠨ ᠪᠣᠯ ᠬᠦᠳᠡᠭᠡ | ᠲᠣᠰᠬᠤᠨ ᠤ ᠬᠠᠮᠤᠭ ᠶᠡᠭᠡ ᠲᠠᠪᠠᠭᠤᠯᠢᠭ ᠪᠠ ᠡᠷᠬᠢᠮ ᠦᠪ ᠶᠣᠮ᠂ ᠡᠷᠬᠡᠪᠰᠢ ᠪᠠᠶᠢᠭᠠᠯᠢ ᠶᠢ ᠬᠦᠨᠳᠦᠳᠬᠡᠨ᠂ | ᠪᠠᠶᠢᠭᠠᠯᠢ ᠲᠠᠢ ᠨᠡᠶᠢᠴᠡᠵᠣ᠂ ᠪᠠᠶᠢᠭᠠᠯᠢ ᠶᠢ ᠬᠠᠮᠠᠭᠠᠯᠠᠵᠣ᠂ ᠲᠣᠷ᠎ᠠ ᠪᠠᠷ ᠬᠠᠭᠠᠯᠪᠦᠷᠢᠯᠠᠬᠤ,᠂ ᠲᠣᠷ᠎ᠠ ᠪᠠᠷ ᠮᠠᠯᠵᠢᠬᠤ᠂ | ᠲᠣᠷ᠎ᠠ ᠪᠠᠷ ᠮᠠᠯᠳᠠᠬᠤ ᠶᠢ ᠵᠠᠰᠠᠬᠤ ᠬᠦᠴᠦᠨ ᠢᠶᠠᠨ ᠴᠢᠩᠭᠠᠳᠬᠠᠨ᠎ᠠ᠃ ᠲᠠᠷᠢᠶᠠᠯᠠᠩ ᠤᠨ ᠶᠠᠮᠣᠨ ᠤ 2018 ᠣᠨ ᠤ | ᠮᠠᠯ ᠠᠵᠣ ᠠᠬᠤᠢ ᠶᠢᠨ ᠠᠵᠢᠯ ᠤᠨ ᠭᠤᠣᠯᠳᠠᠭᠤ ᠳᠤ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠬᠦ ᠪᠠᠶᠢᠴᠠᠭᠠᠯᠳᠠ | ᠶᠢᠨ ︽ᠢᠷᠡᠳᠦ ᠰᠡᠯᠡᠮ᠎ᠡ ᠶᠢᠨ ᠠᠵᠢᠯᠯᠠᠭᠠᠨ︾ ᠦᠷᠨᠢᠭᠦᠯᠵᠣ᠂ ᠴᠢᠬᠤᠯᠠ ᠬᠡᠷᠡᠭ ᠢ ᠲᠣᠰᠭᠠᠷ ᠪᠠᠶᠢᠴᠠᠭᠠᠬᠤ ᠪᠠ | ᠪᠣᠯᠵᠣᠭᠠᠳᠦ ᠬᠡᠯᠡᠯᠴᠡᠭᠡ ᠶᠢᠨ ᠲᠣᠭᠳᠠᠯᠴᠠᠭ᠎ᠠ ᠶᠢ ᠪᠠᠶᠢᠭᠤᠯᠣᠨ᠂ ᠨᠣᠳᠤᠭ ᠪᠡᠯᠴᠢᠭᠡᠷ ᠡᠬᠢ ᠪᠠᠶᠠᠯᠢᠭ ᠢ ᠡᠪᠳᠡᠭᠰᠡᠨ | ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃ ᠣᠳᠤᠭ ᠤᠨ ᠡᠮᠦᠨᠡᠳᠦ ᠬᠤᠰᠢᠭᠤᠨ ᠤ | ᠠᠷᠪᠠᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠬᠤᠰᠢᠭᠤ ᠨᠠᠮ ᠤᠨ | ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠳᠦᠭᠠᠷ ᠣᠳᠠᠭᠠᠨ ᠤ ᠪᠦᠭᠦᠳᠡ ᠬᠤᠷᠠᠯᠳᠣᠭᠠᠨ ᠵᠢᠴᠢ ᠬᠤᠰᠢᠭᠤᠨ | ᠤ ᠠᠵᠣ ᠠᠬᠤᠢ ᠶᠢᠨ ᠠᠵᠢᠯ ᠤᠨ ᠬᠤᠷᠠᠯ ᠳᠤ ᠬᠠᠣᠯᠢ ᠪᠣᠰᠣ ᠪᠠᠷ ᠠᠳᠠᠷ ᠬᠠᠭᠠᠯᠪᠦᠷᠢᠯᠠᠨ ᠦᠷᠭᠡᠳᠬᠡᠬᠦ᠂ | ᠣᠰᠣᠯᠠᠯᠳᠠ ᠶᠢᠨ ᠭᠠᠵᠠᠷ ᠰᠢᠨ᠎ᠡ ᠨᠡᠭᠡᠭᠡᠭᠦ ᠶᠢ ᠡᠷᠡᠰ ᠴᠠᠭᠠᠵᠠᠯᠠᠬᠤ ᠶᠢ ᠲᠣᠷᠠᠳᠴᠦ᠂ ᠣᠢ ᠮᠣᠳᠦ ᠨᠣᠳᠤᠭ ᠪᠡᠯᠴᠢᠭᠡᠷ | ᠢ ᠡᠪᠳᠡᠬᠦ ᠵᠡᠷᠭᠡ ᠬᠠᠣᠯᠢ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠴᠦ᠂ ᠮᠠᠯ ᠲᠠᠷᠢᠶᠠᠯᠠᠩ ᠣᠰᠣᠨ | ᠤ ᠶᠠᠪᠣᠳᠠᠯ ᠤᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠪᠠ ᠣᠯᠠᠨ ᠰᠠᠯᠠᠭ᠎ᠠ ᠮᠦᠴᠢᠷ ᠲᠠᠢ ᠬᠤᠯᠪᠣᠭᠠᠯᠠᠨ ᠬᠠᠣᠯᠢ | ᠭᠡᠷᠡᠭᠵᠢᠭᠦᠯᠦᠯᠳᠡ ᠶᠢ ᠴᠢᠩᠭᠠᠳᠬᠠᠨ᠂ ᠬᠠᠣᠯᠢ ᠬᠡᠷᠡᠭᠵᠢᠭᠦᠯᠦᠯᠳᠡ ᠶᠢᠨ ᠬᠦᠴᠦᠨ ᠬᠠᠮᠳᠣᠳᠬᠠᠯ ᠢ ᠪᠦᠷᠢᠯᠳᠦᠭᠦᠯᠵᠣ᠂ | ᠠᠮᠢ ᠠᠬᠤᠢ ᠣᠷᠴᠢᠨ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠦᠬᠦ ᠬᠤᠰᠢᠭᠤᠨ ᠤ ᠶᠡᠷᠦᠩᠬᠡᠢ ᠵᠠᠰᠠᠭ ᠵᠠᠬᠢᠷᠭᠠᠨ | ᠤ ᠬᠠᠣᠯᠢ ᠬᠡᠷᠡᠭᠵᠢᠭᠦᠯᠬᠦ ᠦᠭᠡᠷᠡᠴᠢᠯᠡᠯᠳᠡ ᠶᠢᠨ ᠲᠣᠬᠢᠷᠠᠭᠤᠯᠣᠯᠳᠠ ᠶᠢᠨ ᠬᠤᠷᠠᠯ ᠲᠡᠭᠡᠷ᠎ᠡ ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠦᠭᠡᠷᠡᠴᠢᠯᠡᠯᠳᠡ ᠶᠢᠨ ᠠᠵᠢᠯ ᠲᠣᠮᠳᠠ ᠣᠷᠣᠰᠢᠵᠣ ᠪᠠᠶᠢᠭ᠎ᠠ ᠠᠰᠠᠭᠤᠳᠠᠯ | ᠳᠤ ᠴᠢᠭᠯᠡᠭᠦᠯᠦᠨ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠡᠯ᠎ᠡ ᠪᠠᠯᠭᠠᠰᠦ᠂ ᠬᠠᠮᠢᠶ᠎ᠠ ᠪᠦᠬᠦᠢ ᠰᠠᠯᠠᠭ᠎ᠠ ᠮᠦᠴᠢᠷ | ᠣᠯᠣᠰ ᠲᠦᠷᠦ᠂ ᠪᠠᠶᠢᠷᠢᠰᠢᠯ᠂ ᠬᠠᠷᠢᠭᠤᠴᠠᠬᠤ ᠶᠢᠨ ᠡᠭᠦᠳᠡᠨ ᠠᠴᠠ ᠱᠠᠭᠠᠷᠳᠠᠵᠣ᠂ ᠣᠬᠠᠮᠰᠠᠷ ᠠᠴᠠ ᠪᠠᠨ | ᠬᠠᠷᠢᠭᠤᠴᠠᠨ᠂ ᠢᠳᠡᠪᠬᠢᠳᠡᠢ ᠣᠷᠣᠯᠴᠠᠵᠣ᠂ ᠬᠠᠣᠯᠢ ᠪᠣᠰᠣ ᠠᠵᠢᠯᠯᠠᠭ᠎ᠠ ᠳᠤ ᠴᠣᠬᠢᠯᠳᠠ ᠦᠭᠭᠦ ᠲᠠᠷᠣᠩᠭᠤᠶᠢᠯᠠᠯ ᠤᠨ | ᠪᠠᠶᠢᠳᠠᠯ ᠢ ᠪᠠᠷᠢᠮᠳᠠᠯᠠᠵᠣ᠂ ᠦᠭᠡᠷᠡᠴᠢᠯᠡᠯᠳᠡ ᠶᠢᠨ ᠣᠷᠣᠭᠰᠢᠳᠠᠢ ᠠᠬᠢᠯᠳᠠ ᠶᠢ ᠪᠠᠳᠣᠯᠠᠨ᠂ ᠠᠵᠢᠯ ᠢᠶᠠᠨ ᠲᠣᠭᠳᠠᠭᠤᠨ | ᠢᠶᠠᠷ ᠠᠬᠢᠭᠤᠯᠣᠨ᠎ᠠ᠃ | ᠣᠶᠢᠷ᠎ᠠ ᠶᠢᠨ ᠵᠢᠯ ᠳᠤ᠂ ᠨᠣᠳᠤᠭ ᠲᠤ ᠪᠠᠨ ᠪᠣᠴᠠᠭᠰᠠᠨ ᠮᠠᠯᠴᠢᠨ ᠲᠠᠷᠢᠶᠠᠴᠢᠨ ᠣᠯᠠᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠦᠨ᠎ᠡ ᠦᠰᠦᠭᠰᠡᠨ ᠵᠡᠷᠭᠡ ᠣᠯᠠᠨ ᠲᠠᠯ᠎ᠠ ᠨᠦᠯᠦᠭᠡᠯᠡᠯ ᠠᠴᠠ᠂ ᠮᠠᠨ ᠤ ᠬᠤᠰᠢᠭᠤᠨ ᠤ ᠠᠳᠠᠯᠢ | ᠪᠣᠰᠣ ᠭᠠᠵᠠᠷ ᠣᠷᠣᠨ ᠳᠤ ᠬᠠᠣᠯᠢ ᠪᠣᠰᠣ ᠪᠠᠷ ᠨᠣᠳᠤᠭ ᠪᠡᠯᠴᠢᠭᠡᠷ ᠣᠢ ᠶᠢᠨ ᠭᠠᠵᠠᠷ ᠬᠠᠭᠠᠯᠪᠦᠷᠢᠯᠠᠭᠰᠠᠨ ᠬᠡᠷᠡᠭ | ᠣᠯᠠᠨ ᠡᠭᠦᠰᠴᠦ᠂ ᠬᠤᠷᠢᠭᠯᠠᠵᠣ ᠲᠡᠶᠢᠯᠬᠦ ᠦᠭᠡᠢ᠂ ᠨᠣᠳᠤᠭ ᠪᠡᠯᠴᠢᠭᠡᠷ ᠣᠢ ᠶᠢᠨ ᠭᠠᠵᠠᠷ ᠤᠨ ᠠᠮᠢ ᠠᠬᠤᠢ | ᠣᠷᠴᠢᠨ ᠢ ᠬᠦᠨᠳᠦ ᠶᠡᠭᠡ ᠡᠪᠳᠡᠭᠳᠡᠯ ᠳᠤ ᠣᠴᠠᠷᠠᠭᠤᠯᠪᠠ᠃ ᠣᠨᠴᠠᠭᠠᠶᠢᠯᠠᠨ ᠨᠠᠮᠣᠷ ᠤᠨ ᠬᠤᠷᠢᠶᠠᠯᠳᠠ ᠶᠢᠨ ᠲᠠᠷᠠᠭ᠎ᠠ᠂ | ᠬᠠᠪᠣᠷ ᠤᠨ ᠣᠯᠠᠷᠢᠯ ᠤᠨ ᠲᠠᠷᠢᠶ᠎ᠠ ᠠᠴᠠ ᠡᠮᠦᠨ᠎ᠡ ᠬᠤᠭᠤᠴᠠᠭ᠎ᠠ ᠪᠣᠯ ᠪᠦᠬᠦ ᠬᠤᠰᠢᠭᠤᠨ ᠤ ᠬᠠᠣᠯᠢ ᠪᠣᠰᠣ ᠪᠠᠷ | ᠨᠣᠳᠤᠭ ᠪᠡᠯᠴᠢᠭᠡᠷ ᠣᠢ ᠶᠢᠨ ᠭᠠᠵᠠᠷ ᠬᠠᠭᠠᠯᠪᠦᠷᠢᠯᠠᠳᠠᠭ ᠴᠠᠭ ᠪᠣᠯᠣᠨ᠎ᠠ᠃ ᠪᠣᠳᠠᠳᠠᠢ ᠰᠣᠳᠣᠯᠣᠯᠳᠠ᠂ ᠬᠠᠣᠯᠢ | ᠬᠡᠷᠡᠭᠵᠢᠭᠦᠯᠦᠯᠳᠡ ᠶᠢᠨ ᠪᠠᠶᠢᠳᠠᠯ ᠠᠴᠠ ᠦᠵᠡᠪᠡᠯ᠂ ᠡᠯ᠎ᠡ ᠪᠠᠯᠭᠠᠰᠦ ᠪᠣᠯᠣᠨ ᠵᠠᠰᠭ ᠵᠠᠬᠢᠷᠭᠠᠨ ᠤ ᠰᠠᠯᠠᠭ᠎ᠠ ᠮᠦᠴᠢᠷ | ᠤᠨ ᠬᠠᠮᠢᠶᠠᠷᠣᠯᠳᠠ ᠴᠢᠩᠭ᠎ᠠ ᠪᠣᠰᠣ᠂ ᠬᠠᠣᠯᠢ ᠬᠡᠷᠡᠭᠵᠢᠭᠦᠯᠦᠯᠳᠡ ᠪᠠ ᠰᠢᠳᠬᠡᠨ ᠲᠣᠷᠭᠠᠭᠤᠯᠢ ᠶᠢᠨ ᠬᠦᠴᠦᠨ | ᠬᠦᠷᠦᠯᠴᠡᠬᠦ ᠦᠭᠡᠢ᠂ ᠰᠡᠷᠡᠮᠵᠢᠯᠡᠭᠦᠯᠬᠦ ᠰᠣᠷᠭᠠᠨ ᠬᠦᠮᠦᠵᠢᠯ ᠤᠨ ᠬᠦᠴᠦᠨ ᠪᠠᠭᠤᠷᠢ᠂ ᠰᠠᠯᠠᠭ᠎ᠠ ᠮᠦᠴᠢᠷ ᠤᠨ | ᠬᠤᠭᠤᠷᠣᠨᠳᠣᠬᠢ ᠬᠠᠮᠳᠣᠷᠠᠯᠴᠠᠭ᠎ᠠ ᠲᠣᠳᠠᠮᠠᠭ᠂ ᠪᠠᠯᠭᠠᠰᠦ ᠪᠣᠯᠣᠨ ᠰᠠᠯᠠᠭ᠎ᠠ ᠮᠦᠴᠢᠷ ᠤᠨ ᠨᠣᠳᠤᠭ ᠪᠡᠯᠴᠢᠭᠡᠷ | ᠬᠠᠮᠠᠭᠠᠯᠠᠬᠤ ᠶᠢᠨ ᠴᠢᠬᠤᠯᠠ ᠴᠢᠨᠠᠷ ᠪᠠ ᠨᠣᠳᠤᠭ ᠪᠡᠯᠴᠢᠭᠡᠷ ᠤᠨ ᠡᠪᠳᠡᠭᠳᠡᠯ ᠤᠨ ᠬᠦᠨᠳᠦ ᠨᠣᠴᠢᠳᠦ ᠴᠢᠨᠠᠷ ᠤᠨ | ᠣᠬᠠᠮᠰᠠᠷ ᠲᠣᠳᠠᠮᠠᠭ ᠵᠡᠷᠭᠡ ᠪᠣᠯᠵᠠᠢ᠃ ᠡᠳᠡᠭᠡᠷ ᠠᠰᠠᠭᠤᠳᠠᠯ ᠢ ᠲᠠᠷᠣᠢ ᠲᠦᠷᠭᠡᠨ ᠰᠢᠢᠳᠪᠦᠷᠢᠯᠡᠬᠦ ᠪᠣᠯ ᠨᠣᠳᠤᠭ | ᠪᠡᠯᠴᠢᠭᠡᠷ ᠠᠮᠢ ᠠᠬᠤᠢ ᠶᠢᠨ ᠲᠠᠴᠢᠷᠳᠠᠯ ᠣᠯᠠᠮ ᠶᠡᠬᠡᠰᠴᠦ᠂ ᠨᠣᠳᠤᠭ ᠪᠡᠯᠴᠢᠭᠡᠷ ᠠᠮᠢ ᠠᠬᠤᠢ ᠶᠢᠨ ᠶᠡᠷᠦᠩᠬᠡᠶᠢᠯᠡᠭᠰᠡᠨ | ᠵᠠᠰᠠᠯᠠᠳᠠ ᠶᠢᠨ ᠠᠬᠢᠴᠠ ᠳᠤ ᠨᠦᠯᠦᠭᠡ ᠦᠵᠡᠭᠦᠯᠬᠦ ᠨᠢ ᠵᠠᠶᠢᠯᠠᠰᠢ ᠦᠭᠡᠢ ᠮᠦᠷᠳᠡᠭᠡᠨ ᠮᠠᠨ ᠤ ᠬᠤᠰᠢᠭᠤᠨ ᠤ ᠠᠵᠣ | ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠣᠮ ᠰᠠᠶᠢᠨ᠂ ᠬᠡᠪ | ᠰᠣᠷᠳᠠᠯ ᠲᠦᠪ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠴᠣᠭᠴᠠᠯᠠᠬᠤ ᠬᠠᠷᠠᠯᠳᠠ ᠶᠢ ᠪᠡᠶᠡᠯᠡᠭᠦᠯᠬᠦ ᠶᠢ | ᠰᠢᠭᠤᠳ ᠨᠦᠯᠦᠭᠡᠯᠡᠨ᠎ᠡ᠃ | ᠮᠠᠨ ᠤ ᠬᠤᠰᠢᠭᠤ ᠪᠣᠯ ᠲᠣᠮᠳᠠ ᠰᠡᠷᠢᠭᠦᠨ ᠪᠦᠰᠡ ᠶᠢᠨ ᠬᠠᠯᠠᠭᠤᠨ ᠴᠢᠨᠠᠷᠳᠦ ᠵᠠᠷᠠᠮᠳᠤᠭ ᠭᠠᠩ ᠬᠠᠭᠤᠷᠢ ᠪᠣᠶᠣ | ᠭᠠᠩ ᠬᠠᠭᠤᠷᠢ ᠡᠬᠡ ᠭᠠᠵᠠᠷ ᠤᠨ ᠴᠢᠨᠠᠷᠳᠠᠢ ᠠᠭᠤᠷ ᠠᠮᠢᠰᠬᠤᠯ ᠳᠤ ᠪᠠᠭᠳᠠᠳᠠᠭ ᠪᠣᠯᠬᠤᠷ᠂ ᠠᠮᠢ ᠠᠬᠤᠢ ᠣᠷᠴᠢᠨ | ᠬᠠᠷᠢᠴᠠᠩᠭᠤᠢ ᠪᠠᠷ ᠬᠡᠪᠡᠷᠡᠭ᠂ ᠡᠪᠳᠡᠭᠳᠡᠪᠡᠯ ᠰᠡᠷᠭᠦᠭᠡᠭᠦ ᠳᠤ ᠬᠦᠴᠢᠷ᠃ ᠡᠯ᠎ᠡ ᠪᠠᠯᠭᠠᠰᠦ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠶᠡᠭᠡ ᠲᠠᠯ᠎ᠠ ᠶᠢᠨ ᠪᠠᠶᠢᠷᠢᠰᠢᠯ᠂ ᠣᠯᠣᠰ ᠲᠦᠷᠦ ᠶᠢᠨ ᠲᠠᠯ᠎ᠠ ᠠᠴᠠ ᠠᠮᠢ ᠠᠬᠤᠢ ᠶᠢ ᠬᠠᠮᠠᠭᠠᠯᠠᠬᠤ | ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠷᠢᠭ᠎ᠠ ᠱᠣᠭᠤᠮ ᠤᠨ ᠣᠬᠠᠮᠰᠠᠷ ᠪᠠᠷᠢᠮᠳᠠᠯᠠᠨ᠂ ᠣᠢ ᠶᠢᠨ | ᠭᠠᠵᠠᠷ ᠨᠣᠳᠤᠭ ᠪᠡᠯᠴᠢᠭᠡᠷ ᠢ ᠬᠠᠮᠠᠭᠠᠯᠠᠬᠤ ᠶᠢᠨ ᠠᠮᠢ ᠠᠬᠤᠢ ᠶᠢᠨ ᠠᠮᠣᠷ ᠲᠦᠪᠰᠢᠨ ᠢ ᠬᠠᠮᠠᠭᠠᠯᠠᠬᠤ ᠪᠠ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢ ᠪᠡᠶᠡᠯᠡᠭᠦᠯᠬᠦ ᠶᠢᠨ ᠴᠢᠬᠤᠯᠠ ᠴᠢᠨᠠᠷ ᠤᠨ ᠣᠬᠠᠮᠰᠠᠷ ᠢ ᠣᠯᠠᠮ | ᠲᠡᠭᠡᠭᠰᠢᠯᠡᠭᠦᠯᠵᠣ᠂ ᠣᠳᠦ ᠶᠢᠨ ᠠᠮᠢ ᠠᠬᠤᠢ ᠣᠷᠴᠢᠨ ᠤ ᠲᠠᠴᠢᠷᠳᠠᠯ ᠬᠦᠨᠳᠦ ᠨᠣᠴᠢᠳᠦ ᠪᠠᠶᠢᠳᠠᠯ ᠤᠨ ᠣᠬᠠᠮᠰᠠᠷ ᠢ | ᠨᠡᠮᠡᠭᠳᠡᠭᠦᠯᠦᠨ᠎ᠡ᠃ ᠬᠠᠮᠤᠭ ᠴᠢᠩᠭ᠎ᠠ ᠠᠷᠭ᠎ᠠ ᠪᠠᠷ ᠠᠪᠴᠦ᠂ ᠣᠢ ᠶᠢᠨ ᠭᠠᠵᠠᠷ ᠠᠮᠢ ᠠᠬᠤᠢ ᠣᠷᠴᠢᠨ ᠤ ᠡᠪᠳᠡᠭᠳᠡᠯ | ᠢᠶᠠᠷ ᠣᠬᠤᠷᠬᠠᠨ ᠬᠤᠭᠤᠴᠠᠭᠠᠨ ᠤ ᠠᠵᠣ ᠠᠬᠤᠢ ᠶᠢᠨ ᠨᠡᠮᠡᠭᠳᠡᠯ ᠰᠣᠯᠢᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠣᠢ ᠶᠢᠨ ᠭᠠᠵᠠᠷ ᠨᠣᠳᠤᠭ ᠪᠡᠯᠴᠢᠭᠡᠷ ᠠᠮᠢ ᠠᠬᠤᠢ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠨ᠂ ᠣᠶᠢᠷ᠎ᠠ ᠶᠢᠨ | ᠵᠢᠯ ᠮᠠᠨ ᠤ ᠬᠤᠰᠢᠭᠤᠨ ᠤ ᠠᠮᠢ ᠠᠬᠤᠢ ᠰᠠᠶᠢᠵᠢᠷᠠᠭᠰᠠᠨ ᠪᠠᠶᠢᠳᠠᠯ ᠠᠴᠠ ᠰᠣᠯᠠᠷᠠᠭᠤᠯᠵᠣ ᠪᠣᠯᠬᠤ ᠦᠭᠡᠢ᠂ ᠣᠢ ᠶᠢᠨ | ᠭᠠᠵᠠᠷ ᠨᠣᠳᠤᠭ ᠪᠡᠯᠴᠢᠭᠡᠷ ᠲᠤ ᠬᠠᠣᠯᠢ ᠪᠣᠰᠣ ᠪᠠᠷ ᠠᠳᠠᠷ ᠬᠠᠭᠠᠯᠪᠦᠷᠢᠯᠠᠬᠤ ᠶᠢ ᠡᠷᠡᠰ ᠵᠣᠭᠰᠣᠭᠠᠵᠣ᠂ ᠣᠢ ᠶᠢᠨ | ᠭᠠᠵᠠᠷ ᠨᠣᠳᠤᠭ ᠪᠡᠯᠴᠢᠭᠡᠷ ᠤᠨ ᠦᠷᠭᠦᠯᠵᠢᠬᠦᠶᠢᠴᠡ ᠠᠰᠢᠭᠯᠠᠯᠳᠠ ᠶᠢ ᠠᠮᠢ ᠠᠬᠤᠢ ᠶᠢᠨ ᠰᠡᠷᠭᠦᠭᠡᠯᠳᠡ᠂ | ᠣᠶᠢᠯᠠᠳᠪᠦᠷᠢᠯᠠᠯ ᠤᠨ ᠬᠦᠭᠵᠢᠯᠳᠡ᠂ ᠠᠮᠢᠳᠣᠷᠠᠯ ᠤᠨ ᠰᠠᠶᠢᠵᠢᠷᠠᠯᠳᠠ ᠤᠨ ᠵᠠᠮ ᠱᠣᠭᠤᠮ ᠪᠣᠯᠭᠠᠵᠣ ᠪᠣᠯᠬᠤ ᠦᠭᠡᠢ᠂ | ᠬᠦᠳᠡᠭᠡ ᠲᠣᠰᠬᠤᠨ ᠢ ᠭᠤᠶᠣ ᠲᠣᠬᠢᠯᠢᠭ ᠪᠣᠯᠭᠠᠨ᠎ᠠ᠃ | ᠬᠤᠶᠠᠷ᠂ ᠬᠠᠷᠢᠭᠤᠴᠠᠯᠭ᠎ᠠ ᠶᠢᠨ ᠬᠤᠪᠢᠶᠠᠷᠢ | ᠡᠯ᠎ᠡ ᠬᠠᠷᠢᠭᠤᠴᠠᠬᠤ ᠪᠠᠶᠢᠭᠤᠯᠭ᠎ᠠ ᠲᠣᠰᠢᠶᠠᠯ ᠬᠠᠷᠢᠭᠤᠴᠠᠯᠭ᠎ᠠ ᠶᠢᠨ ᠬᠤᠪᠢᠶᠠᠷᠢ ᠶᠣᠰᠣᠭᠠᠷ᠂ ᠬᠠᠮᠳᠦ ᠪᠠᠷ | ᠬᠠᠭᠠᠯᠪᠦᠷᠢᠯᠠᠬᠤ ᠶᠢ ᠴᠠᠭᠠᠵᠠᠯᠠᠬᠤ ᠡᠯ᠎ᠡ ᠲᠦᠷᠦᠯ ᠤᠨ ᠠᠵᠢᠯ ᠢ ᠠᠬᠢᠭᠤᠯᠵᠣ᠂ ᠪᠣᠳᠠᠳᠠᠢ ᠲᠣᠰᠢᠶᠠᠯ ᠬᠠᠷᠢᠭᠤᠴᠠᠯᠭ᠎ᠠ | ᠲᠣᠣᠷᠠᠬᠢ ᠮᠡᠳᠦ᠃ | ︵ᠨᠢᠭᠡ︶ ᠭᠤᠣᠯ ᠬᠠᠷᠢᠭᠤᠴᠠᠯᠭ᠎ᠠ᠃ ᠡᠯ᠎ᠡ ᠪᠠᠯᠭᠠᠰᠦᠨ ᠤ ᠭᠤᠣᠯ ᠣᠳᠣᠷᠢᠳᠣᠯᠭ᠎ᠠ ᠪᠣᠯ ᠬᠠᠣᠯᠢ ᠪᠣᠰᠣ ᠪᠠᠷ | ᠭᠠᠵᠠᠷ ᠬᠠᠭᠠᠯᠪᠦᠷᠢᠯᠠᠬᠤ ᠶᠢ ᠴᠠᠭᠠᠵᠠᠯᠠᠬᠤ ᠨᠢᠭᠡᠳᠦᠭᠡᠷ ᠬᠠᠷᠢᠭᠤᠴᠠᠯᠭᠠᠳᠠᠨ᠂ ᠬᠠᠣᠯᠢ ᠪᠣᠰᠣ ᠪᠠᠷ ᠠᠳᠠᠷ | ᠬᠠᠭᠠᠯᠪᠦᠷᠢᠯᠠᠭᠰᠠᠨ ᠠᠵᠢᠯᠯᠠᠭ᠎ᠠ ᠶᠢ ᠲᠣᠷ᠎ᠠ ᠪᠠᠷ ᠲᠠᠯᠪᠢᠵᠣ ᠪᠣᠯᠬᠤ ᠦᠭᠡᠢ᠂ ᠬᠠᠯᠣᠢ ᠬᠡᠷᠡᠭᠵᠢᠭᠦᠯᠬᠦ ᠲᠣᠭᠳᠠᠴᠠ ᠶᠢᠨ | ᠦᠭᠡᠷᠡᠴᠢᠯᠡᠯᠳᠡ ᠶᠢᠨ ᠰᠢᠯᠵᠢᠯᠳᠡ ᠬᠤᠭᠤᠴᠠᠭᠠᠨ ᠳᠤ ᠡᠭᠦᠰᠦᠭᠰᠡᠨ ᠬᠤᠭᠤᠰᠣᠨ ᠬᠢᠨᠠᠨ ᠬᠠᠮᠢᠶᠠᠷᠣᠯᠳᠠ ᠶᠢ ᠰᠠᠶᠢᠳᠦᠷ | ᠰᠢᠢᠳᠪᠦᠷᠢᠯᠠᠨ᠂ ᠲᠣᠭᠤᠷᠢᠨ ᠪᠠᠶᠢᠴᠠᠭᠠᠬᠤ ᠬᠦᠴᠦᠨ ᠢᠶᠠᠨ ᠴᠢᠩᠭᠠᠳᠬᠠᠵᠣ᠂ ᠬᠠᠮᠳᠦ ᠪᠠᠷ ᠰᠡᠷᠡᠨ᠂ ᠬᠠᠮᠳᠦ ᠪᠠᠷ | ᠰᠢᠢᠳᠪᠦᠷᠢᠯᠡᠨ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠬᠤ ᠠᠵᠢᠯᠯᠠᠭ᠎ᠠ ᠶᠢ ᠴᠠᠭᠠᠵᠠᠯᠠᠨ᠎ᠠ᠃ ᠭᠠᠴᠠᠭ᠎ᠠ ᠲᠣᠰᠬᠤᠨ | ᠤ ︽ᠡᠭᠦᠷ ᠵᠦᠪᠯᠡᠯ︾ ᠪᠣᠯ ᠬᠠᠷᠢᠶᠠᠳᠦ ᠣᠷᠣᠨ ᠤ ᠨᠢᠭᠡᠳᠦᠭᠡᠷ ᠬᠠᠮᠢᠶᠠᠷᠣᠭᠴᠢ᠂ ᠣᠷᠣᠯᠴᠠᠬᠤ ᠦᠭᠡᠢ ᠪᠠᠶᠢᠵᠣ | ᠪᠣᠯᠬᠤ ᠦᠭᠡᠢ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠭᠰᠠᠨ ᠠᠵᠢᠯᠯᠠᠭ᠎ᠠ ᠶᠢ ᠬᠠᠮᠢᠶᠠᠷᠬᠤ ᠦᠭᠡᠢ ᠪᠠᠶᠢᠵᠣ ᠪᠣᠯᠬᠤ | ᠦᠭᠡᠢ᠂ ᠠᠮᠢ ᠠᠬᠤᠢ ᠶᠢᠨ ᠬᠠᠮᠠᠭᠠᠯᠠᠯᠳᠠ ᠪᠣᠯᠣᠨ ᠲᠠᠶᠢᠴᠢᠯᠠᠬᠤ ᠣᠬᠠᠮᠰᠠᠷ ᠢ ᠲᠡᠭᠡᠭᠰᠢᠯᠡᠭᠦᠯᠦᠨ᠂ ᠣᠢ ᠮᠣᠳᠦ | ᠨᠣᠳᠤᠭ ᠪᠡᠯᠴᠢᠭᠡᠷ ᠤᠨ ᠡᠪᠳᠡᠭᠳᠡᠯ ᠤᠨ ᠰᠢᠳᠬᠡᠯ ᠤᠨ ᠣᠬᠠᠭᠤᠯᠭ᠎ᠠ ᠶᠢ ᠴᠢᠩᠭᠠᠳᠬᠠᠵᠣ᠂ ᠮᠠᠯᠴᠢᠨ ᠲᠠᠷᠢᠶᠠᠴᠢᠨ ᠤ | ᠬᠠᠣᠯᠢ ᠰᠠᠬᠢᠬᠤ ᠦᠪᠡᠷ ᠤᠨ ᠣᠬᠠᠮᠰᠠᠷ ᠢ ᠵᠢᠯᠣᠭᠤᠳᠣᠨ᠎ᠠ᠃ ᠬᠠᠮᠢᠶᠠᠷᠣᠯᠳᠠ ᠶᠢᠨ ᠲᠣᠰᠢᠶᠠᠯ ᠬᠠᠷᠢᠭᠤᠴᠠᠯᠭ᠎ᠠ ᠶᠢ | ᠴᠢᠩᠭᠠᠳᠬᠠᠨ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠬᠤ ᠠᠵᠢᠯᠯᠠᠭ᠎ᠠ ᠶᠢ ᠴᠠᠭ ᠲᠣᠬᠠᠢ ᠳᠤ ᠨᠢ ᠬᠤᠷᠢᠭᠯᠠᠵᠣ᠂ | ᠲᠠᠷᠣᠢ ᠲᠦᠷᠭᠡᠨ ᠪᠠᠯᠭᠠᠰᠦ᠂ ᠬᠤᠰᠢᠭᠤ ᠬᠤᠶᠠᠷ ᠱᠠᠳᠣ ᠵᠢᠴᠢ ᠨᠣᠳᠤᠭ ᠪᠡᠯᠴᠢᠭᠡᠷ᠂ ᠣᠢ ᠰᠢᠭᠤᠢ ᠶᠢᠨ | ᠬᠠᠮᠢᠶᠠᠷᠣᠯᠳᠠ ᠶᠢᠨ ᠰᠠᠯᠠᠭ᠎ᠠ ᠮᠦᠴᠢᠷ ᠳᠤ ᠮᠡᠳᠡᠭᠦᠯᠦᠨ᠎ᠡ᠃ | ︵ᠬᠤᠶᠠᠷ︶ ᠰᠠᠯᠠᠭ᠎ᠠ ᠮᠦᠴᠢᠷ ᠤᠨ ᠲᠣᠰᠶᠠᠯ ᠬᠠᠷᠢᠭᠤᠴᠠᠯᠭ᠎ᠠ᠃ ᠬᠤᠰᠢᠭᠤᠨ ᠤ ᠮᠠᠯ ᠠᠵᠣ ᠠᠬᠤᠢ ︵ᠮᠠᠯ | ᠲᠠᠷᠢᠶᠠᠯᠠᠩ ᠪᠠ ᠣᠰᠣᠨ ᠤ ᠶᠠᠪᠣᠳᠠᠯ ᠤᠨ ᠬᠠᠣᠯᠢ ᠬᠡᠷᠡᠭᠵᠢᠭᠦᠯᠦᠯᠳᠡ ᠶᠢᠨ ᠲᠣᠪᠴᠢᠶ᠎ᠠ︶᠂ ᠣᠢ ᠰᠢᠭᠤᠢ ︵ᠣᠢ | ᠰᠢᠭᠤᠢ ᠲᠣᠳᠣᠭᠠᠳᠦ ᠶᠢ ᠬᠠᠮᠠᠭᠠᠯᠠᠬᠤ ᠲᠣᠪᠴᠢᠶ᠎ᠠ︶᠂ ᠣᠰᠣᠨ ᠤ ᠶᠠᠪᠣᠳᠠᠯ᠂ ᠣᠯᠣᠰ ᠤᠨ ᠭᠠᠵᠠᠷ ᠰᠢᠷᠣᠢ ᠡᠬᠢ | ᠪᠠᠶᠠᠯᠢᠭ᠂ ᠲᠣᠳᠣᠭᠠᠳᠦ ᠶᠢ ᠬᠠᠮᠠᠭᠠᠯᠠᠬᠤ᠂ ᠬᠠᠣᠯᠢ ᠴᠠᠭᠠᠵᠠ᠂ ᠪᠠᠶᠢᠴᠠᠭᠠᠬᠤ᠂ ᠰᠢᠬᠦᠬᠦ ᠵᠡᠷᠭᠡ ᠬᠠᠮᠢᠶ᠎ᠠ ᠪᠦᠬᠦᠢ | ᠰᠠᠯᠠᠭ᠎ᠠ ᠮᠦᠴᠢᠷ ᠲᠣᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠣ᠂ ᠬᠠᠣᠯᠢ ᠶᠢ ᠵᠢᠷᠦᠮᠯᠠᠨ᠂ ᠴᠢᠩᠭ᠎ᠠ | ᠬᠡᠷᠭᠵᠢᠭᠦᠯᠵᠣ᠂ ᠬᠠᠣᠯᠢ ᠵᠦᠷᠢᠴᠡᠪᠡᠯ ᠨᠡᠬᠡᠮᠵᠢᠯᠡᠵᠣ᠂ ᠪᠠᠶᠢᠴᠠᠭᠠᠨ ᠴᠣᠬᠢᠯᠳᠠ ᠦᠭᠬᠦ ᠬᠦᠴᠦᠨ ᠢᠶᠠᠨ ᠴᠢᠩᠭᠠᠳᠬᠠᠨ᠂ | ᠬᠠᠣᠯᠢ ᠪᠣᠰᠣ ᠪᠠᠷ ᠣᠢ ᠶᠢᠨ ᠭᠠᠵᠠᠷ ᠨᠣᠳᠤᠭ ᠪᠡᠯᠴᠢᠭᠡᠷ ᠲᠤ ᠠᠳᠠᠷ ᠬᠠᠭᠠᠯᠪᠦᠷᠢᠯᠠᠬᠤ᠂ ᠲᠣᠷ᠎ᠠ ᠪᠠᠷ ᠣᠢ ᠮᠣᠳᠣ | ᠣᠭᠳᠣᠯᠬᠤ ᠵᠡᠷᠭᠡ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠬᠡᠨ᠎ᠡ᠃ | ᠬᠤᠰᠢᠭᠤᠨ ᠤ ᠮᠠᠯ ᠠᠵᠣ ᠠᠬᠤᠢ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠮᠠᠯ ᠠᠵᠣ | ᠠᠬᠤᠢ ᠪᠠ ᠣᠰᠣᠨ ᠤ ᠶᠠᠪᠣᠳᠠᠯ ᠤᠨ ᠬᠠᠣᠯᠢ ᠬᠡᠷᠡᠭᠵᠢᠭᠦᠯᠭᠦ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠢ | ᠰᠢᠭᠤᠢ ᠶᠢᠨ ᠲᠣᠳᠣᠭᠠᠳᠦ ᠶᠢ ᠬᠠᠮᠠᠭᠠᠯᠠᠬᠤ ᠲᠣᠪᠴᠢᠶ᠎ᠠ ᠪᠣᠯᠣᠨ ᠡᠯ᠎ᠡ ᠪᠠᠯᠭᠠᠰᠣᠨ ᠤ ᠶᠡᠷᠦᠩᠬᠡᠶᠢᠯᠡᠭᠰᠡᠨ | ᠬᠡᠷᠡᠭᠵᠢᠭᠦᠯᠬᠦ ᠲᠣᠪᠴᠢᠶ᠎ᠠ ᠬᠤᠯᠪᠣᠭᠳᠠᠯ ᠪᠦᠭᠦᠢ ᠬᠠᠣᠯᠢ ᠲᠦᠷᠢᠮ ᠢ ᠦᠨᠳᠦᠰᠦᠯᠡᠨ᠂ ᠬᠠᠳᠠᠭᠤ ᠴᠢᠩᠭ᠎ᠠ ᠪᠠᠷ ᠬᠠᠣᠯᠢ | ᠬᠡᠷᠡᠭᠵᠢᠭᠦᠯᠬᠦ ᠶᠢ ᠪᠠᠷᠢᠮᠳᠠᠯᠠᠵᠣ᠂ ᠬᠦᠩᠭᠡᠨ ᠢᠶᠠᠷ ᠦᠩᠭᠡᠷᠡᠭᠦᠯᠵᠣ ᠪᠣᠯᠬᠤ ᠦᠭᠡᠢ᠂ ᠬᠠᠣᠯᠢ ᠶᠣᠰᠣᠭᠠᠷ ᠬᠦᠴᠦᠨ | ᠪᠦᠬᠦᠢ ᠪᠣᠯᠵᠣᠭᠠᠳᠦ ᠲᠣᠭᠳᠠᠯᠴᠠᠭ᠎ᠠ ᠶᠢ ᠪᠠᠶᠢᠭᠤᠯᠣᠨ᠎ᠠ᠃ ᠲᠣᠭᠤᠷᠢᠨ ᠪᠠᠶᠢᠴᠠᠭᠠᠬᠤ ᠬᠦᠴᠦᠨ ᠢᠶᠠᠨ ᠣᠯᠠᠮ | ᠴᠢᠩᠭᠠᠳᠬᠠᠨ᠂ ᠬᠤᠯᠪᠣᠭᠠᠯᠠᠨ ᠪᠠᠶᠢᠴᠠᠭᠠᠬᠤ᠂ ᠪᠠᠶᠢᠩᠭᠤ ᠰᠠᠭᠤᠵᠣ ᠪᠠᠶᠢᠴᠠᠭᠠᠬᠤ᠂ ᠲᠣᠭᠳᠠᠮᠠᠯ ᠪᠣᠰᠣ ᠬᠤᠭᠤᠴᠠᠭ᠎ᠠ | ᠪᠠᠷ ᠪᠠᠶᠢᠴᠠᠭᠠᠬᠤ᠂ ᠰᠦᠨᠢ ᠪᠠᠶᠢᠴᠠᠭᠠᠬᠤ ᠵᠡᠷᠭᠡ ᠣᠯᠠᠨ ᠠᠷᠭ᠎ᠠ ᠬᠡᠮᠵᠢᠶ᠎ᠡ ᠠᠪᠴᠦ᠂ ᠬᠠᠣᠯᠢ ᠪᠣᠰᠣ ᠪᠠᠷ ᠠᠳᠠᠷ | ᠬᠠᠭᠠᠯᠪᠦᠷᠢᠯᠠᠭᠰᠠᠨ ᠠᠵᠢᠯᠯᠠᠭᠠᠨ ᠳᠤ ᠬᠠᠣᠯᠢ ᠶᠣᠰᠣᠭᠠᠷ ᠴᠢᠩᠭ᠎ᠠ ᠴᠣᠬᠢᠯᠳᠠ ᠦᠭᠴᠦ᠂ ᠬᠠᠣᠯᠢ ᠪᠣᠰᠣ ᠪᠠᠷ | ᠬᠠᠭᠠᠯᠪᠦᠷᠢᠯᠠᠭᠰᠠᠨ ᠭᠠᠵᠠᠷ ᠢ ᠲᠣᠭᠳᠠᠭᠰᠠᠨ ᠬᠤᠭᠤᠴᠠᠭᠠᠨ ᠳᠤ ᠰᠡᠷᠭᠦᠭᠡᠵᠣ᠂ ᠵᠣᠬᠢᠶᠠᠨ ᠪᠠᠶᠢᠭᠤᠯᠣᠨ ᠬᠤᠷᠢᠶᠠᠨ | ᠰᠢᠯᠭᠠᠵᠣ᠂ ᠶᠡᠯ᠎ᠡ ᠪᠦᠷᠢᠯᠳᠦᠭᠰᠡᠨ ᠪᠣᠯ ᠬᠠᠣᠯᠢ ᠴᠠᠭᠠᠵᠠ ᠶᠢᠨ ᠪᠠᠶᠢᠭᠤᠯᠭ᠎ᠠ ᠳᠤ ᠲᠣᠰᠢᠶᠠᠨ᠎ᠠ᠃ ᠬᠠᠣᠯᠢ ᠴᠠᠭᠠᠵᠠ | ᠶᠢᠨ ᠪᠠᠶᠢᠭᠤᠯᠭ᠎ᠠ ᠲᠠᠢ ᠠᠵᠢᠯ ᠤᠨ ᠬᠡᠯᠬᠢᠶᠡᠵᠢᠯ ᠢᠶᠠᠨ ᠴᠢᠩᠭᠠᠳᠬᠠᠨ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ | ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠲᠠᠢ ᠮᠡᠳᠡᠭᠡ ᠵᠡᠩᠬᠢ ᠪᠠᠨ ᠬᠠᠮᠳᠦ ᠪᠠᠷ ᠠᠰᠢᠭᠯᠠᠵᠣ᠂ ᠬᠡᠷᠡᠭ ᠤᠨ | ᠮᠡᠳᠡᠭᠡᠯᠡᠯ᠂ ᠬᠡᠷᠡᠭ ᠢ ᠰᠢᠯᠵᠢᠭᠦᠯᠬᠦ ᠲᠦᠷᠢᠮ ᠪᠠᠶᠢᠭᠤᠯᠣᠨ᠎ᠠ᠃ ᠣᠰᠣᠨ ᠤ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠬᠦ ᠶᠢᠨ ᠪᠠᠶᠢᠴᠠᠭᠠᠬᠤ ᠬᠦᠴᠦᠨ ᠢᠶᠠᠨ ᠴᠢᠩᠭᠠᠳᠬᠠᠨ᠂ ᠲᠣᠷ᠎ᠠ ᠪᠠᠷ ᠬᠤᠳᠳᠤᠭ ᠮᠠᠯᠳᠠᠪᠠᠯ᠂ ᠬᠤᠯᠪᠣᠭᠳᠠᠯ | ᠪᠦᠬᠦᠢ ᠬᠠᠣᠯᠢ ᠲᠦᠷᠢᠮ ᠲᠣᠭᠳᠠᠭᠠᠯ ᠢ ᠦᠨᠳᠦᠰᠦᠯᠡᠨ ᠴᠢᠩᠭ᠎ᠠ ᠰᠢᠳᠬᠡᠯ ᠦᠭᠭᠦᠨ᠎ᠡ᠃ | ᠣᠰᠣᠨ ᠤ ᠶᠠᠪᠣᠳᠠᠯ ᠤᠨ ᠲᠣᠪᠴᠢᠶ᠎ᠠ ᠭᠠᠵᠠᠷ ᠲᠣᠣᠷᠠᠬᠢ ᠣᠰᠣ ᠭᠠᠷᠭᠠᠬᠤ ᠬᠠᠷᠢᠭᠤᠴᠠᠯᠭ᠎ᠠ ᠶᠢᠨ ᠲᠦᠷᠢᠮ ᠢ | ᠲᠣᠭᠳᠠᠭᠠᠨ᠂ ︽ᠬᠤᠳᠳᠤᠭ ᠢ ᠪᠢᠳᠡᠭᠦᠮᠵᠢᠯᠡᠨ ᠲᠠᠷᠢᠶᠠᠨ ᠭᠠᠵᠠᠷ ᠢ ᠪᠠᠭᠠᠰᠬᠠᠬᠤ︾ ᠶᠢ ᠴᠢᠩᠭ᠎ᠠ ᠬᠡᠷᠡᠭᠵᠢᠭᠦᠯᠵᠣ᠂ | ᠲᠡᠩᠴᠡᠭᠦᠷᠢ ᠶᠢ ᠪᠠᠳᠣᠯᠠᠬᠤ ᠶᠢ ᠪᠡᠶᠡᠯᠡᠭᠦᠯᠦᠨ᠎ᠡ᠃ ᠭᠠᠵᠠᠷ ᠲᠣᠣᠷᠠᠬᠢ ᠣᠰᠣᠨ ᠤ ᠴᠣᠬᠤᠯᠪᠦᠷᠢᠯᠠᠬᠤ ᠲᠠᠷᠠᠭᠠᠯᠠᠯ ᠢ | ᠴᠢᠩᠭ᠎ᠠ ᠬᠡᠷᠡᠭᠵᠢᠭᠦᠯᠵᠣ ᠣᠰᠣ ᠬᠡᠷᠡᠭᠯᠡᠬᠦ ᠡᠷᠦᠬᠡ ᠴᠠᠬᠢᠯᠭᠠᠨ ᠬᠤᠳᠳᠤᠭ ᠢᠶᠠᠷ ᠣᠰᠣ ᠬᠡᠷᠡᠭᠯᠡᠬᠦ ᠬᠤᠯᠪᠣᠭᠠᠳᠦ | ᠲᠣᠭᠳᠠᠯᠴᠠᠭ᠎ᠠ ᠶᠢ ᠪᠠᠶᠢᠭᠤᠯᠣᠨ᠂ ᠭᠠᠴᠠᠭ᠎ᠠ ︵ᠲᠣᠰᠬᠤᠨ︶᠂ ᠪᠠᠯᠭᠠᠰᠦᠮᠠᠯ ᠠᠵᠣ ᠠᠬᠤᠢ᠂ ᠣᠢ ᠰᠢᠭᠤᠢ ᠶᠢᠨ | ᠰᠠᠯᠠᠭ᠎ᠠ ᠮᠦᠴᠢᠷ ᠬᠢᠨᠠᠨ ᠪᠠᠶᠢᠴᠠᠭᠠᠭᠰᠠᠨ ᠰᠠᠨᠠᠯ ᠢᠶᠠᠨ ᠲᠣᠷᠠᠳᠴᠦ᠂ ᠣᠰᠣᠨ ᠤ ᠶᠠᠪᠣᠳᠠᠯ ᠤᠨ ᠰᠠᠯᠠᠭ᠎ᠠ ᠮᠦᠴᠢᠷ | ᠴᠣᠬᠤᠯᠪᠦᠷᠢᠯᠠᠨ᠂ ᠮᠠᠯ ᠲᠠᠷᠢᠶᠠᠯᠠᠩ ᠤᠨ ᠣᠰᠣᠨ ᠤ ᠬᠡᠷᠡᠭᠯᠡᠯᠳᠡ ᠶᠢ ᠲᠦᠷᠢᠮᠵᠢᠭᠦᠯᠦᠨ᠎ᠡ᠃ | ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠢ ᠶᠢᠨ ᠬᠡᠷᠡᠭᠴᠡᠭᠡ ᠬᠠᠮᠢᠶᠠᠷᠣᠯᠳᠠ | ᠶᠢᠨ ᠲᠦᠷᠢᠮ ᠢ ᠬᠡᠷᠡᠭᠵᠢᠭᠦᠯᠵᠣ᠂ ᠭᠠᠵᠠᠷ ᠬᠠᠭᠠᠯᠪᠦᠷᠢᠯᠠᠬᠤ᠂ ᠰᠠᠭᠤᠷᠢ ᠲᠠᠷᠢᠶᠠᠨ ᠬᠠᠮᠠᠭᠠᠯᠠᠯᠳᠠ ᠶᠢᠨ ᠲᠣᠭᠤᠷᠢᠨ | ᠪᠠᠶᠢᠴᠠᠭᠠᠯᠳᠠ ᠪᠣᠯᠣᠨ ᠲᠠᠭᠠᠭᠤᠯᠢ ᠣᠳᠣᠨ ᠵᠢᠷᠤᠭ ᠢᠶᠠᠷ ᠬᠠᠣᠯᠢ ᠬᠡᠷᠡᠭᠵᠢᠭᠦᠯᠬᠦ ᠬᠦᠴᠦᠨ ᠢᠶᠠᠨ ᠴᠢᠩᠭᠠᠳᠬᠠᠨ᠂ | ᠡᠯ᠎ᠡ ᠬᠠᠣᠯᠢ ᠠᠴᠠ ᠵᠦᠷᠢᠴᠡᠨ ᠭᠠᠵᠠᠷ ᠬᠡᠷᠡᠭᠯᠡᠭᠰᠡᠨ ᠠᠵᠢᠯᠯᠠᠭ᠎ᠠ ᠳᠤ ᠴᠣᠬᠢᠯᠳᠠ ᠦᠭᠴᠦ᠂ ᠰᠠᠭᠤᠷᠢ ᠲᠠᠷᠢᠶ᠎ᠠ ᠶᠢ | ᠡᠪᠳᠡᠭᠳᠡᠭᠰᠡᠨ ᠠᠵᠢᠯᠯᠠᠭᠠᠨ ᠢ ᠴᠢᠩᠭ᠎ᠠ ᠰᠢᠳᠬᠡᠨ᠎ᠡ᠃ | ᠲᠣᠳᠣᠭᠠᠳᠦ ᠶᠢ ᠬᠠᠮᠠᠭᠠᠯᠠᠬᠤ ᠪᠦᠬᠦ ᠬᠦᠴᠦᠨ ᠢᠶᠠᠷ ᠮᠠᠯ ᠠᠬᠤᠢ ᠪᠣᠯᠣᠨ ᠣᠰᠣᠨ ᠤ ᠶᠠᠪᠣᠳᠠᠯ ᠤᠨ ᠬᠠᠣᠯᠢ | ᠬᠡᠷᠡᠭᠵᠢᠭᠦᠯᠦᠯᠳᠡ ᠶᠢᠨ ᠲᠣᠪᠴᠢᠶ᠎ᠠ᠂ ᠡᠯ᠎ᠡ ᠪᠠᠯᠭᠠᠰᠦᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠭᠦ ᠲᠣᠪᠴᠢᠶᠠᠨ ᠤ | ᠠᠳᠠᠷ ᠬᠠᠭᠠᠯᠪᠦᠷᠢᠯᠠᠭᠰᠠᠨ ᠬᠡᠷᠡᠭ ᠲᠤ ᠬᠠᠮᠵᠢᠯᠴᠠᠨ᠂ ᠡᠷᠡᠭᠦᠣ ᠶᠢᠨ ᠬᠡᠷᠡᠭ ᠤᠨ ᠬᠡᠷᠡᠭ ᠪᠣᠯᠣᠨ ᠲᠣᠷᠰᠢᠨ | ᠪᠠᠶᠢᠴᠠᠭᠠᠬᠤ ᠲᠣᠰᠢᠶᠠᠯ ᠬᠠᠷᠢᠭᠤᠴᠠᠯᠭ᠎ᠠ ᠭᠦᠢᠴᠡᠳᠬᠡᠵᠣ᠂ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠰᠠᠯᠠᠭ᠎ᠠ | ᠮᠦᠴᠢᠷ ᠲᠤ ᠬᠠᠣᠯᠢ ᠬᠡᠷᠡᠭᠵᠢᠭᠦᠯᠬᠦ ᠪᠠᠳᠣᠯᠠᠭ᠎ᠠ ᠬᠠᠩᠭᠠᠵᠣ᠂ ᠬᠦᠴᠦᠷᠭᠡᠭᠯᠡᠯ᠂ ᠰᠦᠷᠳᠡᠭᠦᠯᠣᠯ ᠵᠡᠷᠭᠡ ᠠᠷᠭ᠎ᠠ ᠪᠠᠷ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯᠯᠠᠭ᠎ᠠ ᠶᠢ ᠬᠠᠣᠯᠢ ᠶᠣᠰᠣᠭᠠᠷ ᠴᠢᠩᠭ᠎ᠠ | ᠰᠢᠳᠬᠡᠨ᠎ᠡ︔ ᠶᠠᠯ᠎ᠠ ᠪᠦᠷᠢᠯᠳᠦᠪᠡᠯ ᠡᠷᠡᠭᠦᠣ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ᠬᠠᠣᠯᠢ ᠴᠠᠭᠠᠵᠠ ᠶᠢᠨ ᠲᠣᠪᠴᠢᠶ᠎ᠠ ᠣᠢ ᠰᠢᠭᠤᠢ ᠨᠣᠳᠤᠭ ᠪᠡᠯᠴᠢᠭᠡᠷ ᠤᠨ ᠰᠠᠯᠠᠭ᠎ᠠ ᠮᠦᠴᠢᠷ ᠲᠠᠢ ᠬᠠᠷᠢᠯᠴᠠᠵᠣ᠂ | ᠮᠡᠳᠡᠭᠡ ᠵᠠᠩᠬᠢ ᠪᠠᠨ ᠬᠠᠷᠢᠯᠴᠠᠨ ᠰᠣᠯᠢᠯᠴᠠᠵᠣ᠂ ᠭᠤᠣᠯᠳᠠᠯᠭᠠᠳᠦ ᠬᠢᠨᠠᠯᠳᠠ ᠬᠠᠮᠢᠶᠠᠷᠣᠯᠳᠠ ᠶᠢᠨ ᠨᠡᠶᠢᠭᠡᠮ | ᠲᠣᠭᠤᠷᠢᠭ ᠤᠨ ᠠᠵᠢᠯᠳᠠᠨ ᠤ ᠬᠠᠣᠯᠢ ᠪᠣᠰᠣ ᠠᠵᠢᠯᠯᠠᠭ᠎ᠠ ᠡᠷᠡᠰ ᠴᠠᠭᠠᠵᠠᠯᠠᠵᠣ᠂ ᠬᠠᠣᠯᠢ ᠴᠠᠭᠠᠵᠠ ᠶᠢᠨ ᠰᠣᠷᠭᠠᠨ | ᠬᠦᠮᠦᠵᠢᠯ ᠤᠨ ᠣᠬᠠᠭᠤᠯᠭ᠎ᠠ ᠶᠢᠨ ᠠᠵᠢᠯ ᠢ ᠰᠠᠶᠢᠳᠦᠷ ᠬᠢᠨ᠎ᠡ᠃ | ᠬᠤᠰᠢᠭᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠠᠷᠭᠤᠯᠳᠣᠭᠠᠨ ᠤ ᠬᠡᠷᠡᠭ ᠤᠨ ᠬᠤᠯᠪᠣᠭᠳᠠᠯ | ᠪᠦᠬᠦᠢ ᠲᠡᠰ ᠲᠠᠷᠠᠭᠠᠯᠠᠯ ᠪᠣᠯᠣᠨ ᠰᠢᠭᠦᠨ ᠰᠢᠢᠳᠪᠦᠷᠢᠯᠡᠬᠦ ᠴᠠᠭ ᠤᠨ ᠬᠢᠵᠠᠭᠠᠷᠯᠠᠯ ᠶᠣᠰᠣᠭᠠᠷ᠂ ᠭᠠᠵᠠᠷ | ᠬᠠᠭᠠᠯᠪᠦᠷᠢᠯᠠᠭᠰᠠᠨ᠂ ᠨᠣᠳᠤᠭ ᠪᠡᠯᠴᠢᠭᠡᠷ ᠪᠣᠯᠣᠨ ᠣᠢ ᠶᠢᠨ ᠭᠠᠵᠠᠷ ᠢ ᠡᠪᠳᠡᠭᠳᠡᠭᠰᠡᠨ ᠬᠠᠣᠯᠢ ᠵᠦᠷᠢᠴᠡᠭᠰᠡᠨ ᠶᠠᠯᠠᠳᠦ | ᠠᠵᠢᠯᠯᠠᠭ᠎ᠠ ᠳᠤ ᠬᠠᠣᠯᠢ ᠶᠣᠰᠣᠨ ᠤ ᠵᠣᠬᠢᠬᠤ ᠰᠢᠳᠬᠡᠯ ᠣᠯᠭᠤᠨ᠎ᠠ᠃ | ᠡᠯ᠎ᠡ ᠪᠠᠯᠭᠠᠰᠦ᠂ ᠦᠭᠡᠷᠡᠴᠢᠯᠡᠯᠳᠡ ᠬᠦᠭᠵᠢᠭᠦᠯᠦᠯᠳᠡ᠂ ᠮᠠᠯ ᠠᠵᠣ ᠠᠬᠤᠢ᠂ ᠨᠣᠳᠤᠭ ᠪᠡᠯᠴᠢᠭᠡᠷ᠂ ᠣᠢ | ᠰᠢᠭᠤᠢ᠂ ᠣᠰᠣᠨ ᠤ ᠶᠠᠪᠣᠳᠠᠯ᠂ ᠲᠠᠷᠢᠶᠠᠯᠠᠩ ᠤᠨ ᠡᠬᠢ ᠪᠠᠶᠠᠯᠢᠭ ᠤᠨ ᠨᠡᠭᠡᠭᠡᠯᠳᠡ᠂ ᠴᠠᠬᠢᠯᠭᠠᠨ ᠬᠠᠩᠭᠠᠬᠤ᠂ | ᠪᠣᠷᠣᠯᠠᠭᠤᠯᠭ᠎ᠠ ᠵᠡᠷᠭᠡ ᠰᠠᠯᠠᠭ᠎ᠠ ᠮᠦᠴᠢᠷ ᠮᠠᠯ ᠲᠠᠷᠢᠶᠠᠯᠠᠩ ᠤᠨ ᠲᠦᠷᠦᠯ ᠵᠣᠶᠢᠯ ᠤᠨ ᠬᠤᠪᠢᠶᠠᠷᠢ ᠪᠣᠯᠣᠨ ᠬᠢᠨᠠᠨ | ᠪᠠᠶᠢᠴᠠᠭᠠᠬᠤ ᠭᠦᠢᠴᠡᠳᠬᠡᠯ ᠳᠤ᠂ ᠡᠷᠬᠡ ᠲᠣᠰᠢᠶᠠᠯ ᠢᠶᠠᠨ ᠦᠨᠳᠦᠰᠦᠯᠡᠨ᠂ ᠴᠢᠩᠭ᠎ᠠ ᠪᠠᠶᠢᠴᠠᠭᠠᠵᠣ᠂ ᠰᠢᠯᠳᠠᠭᠯᠠᠨ | ᠲᠦᠯᠬᠢᠯᠴᠡᠵᠣ᠂ ᠬᠠᠷᠢᠭᠤᠴᠠᠯᠭ᠎ᠠ ᠠᠴᠠ ᠵᠠᠶᠢᠯᠠᠵᠣ ᠪᠣᠯᠬᠤ ᠦᠭᠡᠢ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠭᠰᠠᠨ | ᠭᠠᠵᠠᠷ ᠲᠤ ᠶᠠᠮᠠᠷᠴᠦ ᠲᠦᠷᠦᠯ ᠵᠣᠶᠢᠯ ᠤᠨ ᠲᠡᠮᠵᠢᠯᠭᠡ ᠣᠯᠭᠤᠵᠣ ᠦᠭᠡᠢ᠃ ᠴᠠᠬᠢᠯᠭᠠᠨ ᠬᠠᠩᠭᠠᠬᠤ ᠰᠠᠯᠠᠭ᠎ᠠ | ᠮᠦᠴᠢᠷ ᠬᠠᠣᠯᠢ ᠪᠣᠰᠣ ᠪᠠᠷ ᠠᠳᠠᠷ ᠬᠠᠭᠠᠯᠪᠦᠷᠢᠯᠠᠭᠰᠠᠨ ᠭᠠᠵᠠᠷ ᠲᠤ ᠬᠦᠳᠡᠯᠭᠡᠭᠴᠢ ᠬᠦᠴᠦᠨ ᠤ ᠴᠠᠬᠢᠯᠭᠠᠨ | ᠣᠷᠣᠭᠤᠯᠵᠣ ᠪᠣᠯᠬᠤ ᠦᠭᠡᠢ᠃ ᠲᠡᠷᠢᠮᠠᠯ ᠪᠡᠯᠴᠢᠭᠡᠷ ᠦᠭᠡᠢ ︵ᠣᠰᠣᠯᠠᠯᠳᠠ ᠶᠢᠨ ᠭᠠᠵᠠᠷ ᠢ ᠪᠠᠭᠳᠠᠭᠠᠨ᠎ᠠ︶ ᠮᠠᠯᠴᠢᠨ | ᠲᠠᠷᠢᠶᠠᠴᠢᠨ ᠡᠷᠦᠬᠡ ᠲᠠᠷᠢᠮᠠᠯ ᠪᠡᠯᠴᠢᠭᠡᠷ ᠨᠡᠭᠡᠭᠡᠭᠦ ᠪᠠᠷ ᠭᠤᠶᠣᠪᠴᠢᠯᠠᠪᠠᠯ᠂ ︽ᠣᠳᠤᠭ ᠤᠨ ᠡᠮᠦᠨᠡᠳᠦ ᠬᠤᠰᠢᠭᠤᠨ ᠤ | ᠨᠣᠳᠤᠭ ᠪᠡᠯᠴᠢᠭᠡᠷ ᠢ ᠬᠠᠮᠠᠭᠠᠯᠠᠨ ᠲᠠᠷᠢᠮᠠᠯ ᠪᠡᠯᠴᠢᠭᠡᠷ ᠤᠨ ᠪᠠᠶᠢᠭᠤᠯᠣᠯᠳᠠ ᠶᠢ ᠠᠰᠢᠭᠯᠠᠬᠤ ᠲᠦᠯᠦᠪᠵᠢᠭᠦᠯᠭᠡ ᠶᠢ | ᠬᠡᠷᠡᠭᠵᠢᠭᠦᠯᠬᠦ ᠨᠠᠷᠢᠮ ᠲᠦᠷᠢᠮ︾ ︵ᠣᠳᠤᠭ ᠡᠮᠦᠨᠡᠳᠦ ᠵᠠᠰᠠᠭ ᠠᠯᠪᠠᠨ ᠲᠠᠷᠬᠭᠠᠭᠰᠠᠨ ﹇2015﹈ 77 ᠲᠣᠭᠠᠳᠦ︶ | ᠤᠨ ᠨᠦᠭᠦᠴᠡᠯ ᠪᠣᠯᠣᠨ ᠱᠠᠭᠠᠷᠳᠠᠯᠭ᠎ᠠ ᠪᠠᠷ ᠬᠡᠷᠡᠭᠵᠢᠭᠦᠯᠦᠨ᠎ᠡ᠃ | ᠭᠤᠷᠪᠠ᠂ ᠪᠣᠳᠠᠳᠠᠢ ᠠᠷᠭ᠎ᠠ ᠬᠡᠮᠵᠢᠶ᠎ᠡ | ︵ᠨᠢᠭᠡ︶ ᠲᠦᠪ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠨ᠎ᠡ᠃ ᠬᠤᠰᠢᠭᠤ ᠵᠠᠰᠠᠭ ᠤᠨ ᠣᠷᠳᠣᠨ | ᠬᠠᠭᠠᠯᠪᠦᠷᠢᠯᠠᠬᠤ ᠶᠢ ᠴᠠᠭᠠᠵᠠᠯᠠᠬᠤ ᠠᠵᠢᠯ ᠳᠤ ᠬᠠᠷᠠᠯᠳᠠᠳᠦ ᠬᠠᠮᠢᠶᠠᠷᠣᠯᠳᠠ ᠬᠡᠷᠡᠭᠵᠢᠭᠦᠯᠦᠨ᠂ ᠬᠤᠰᠢᠭᠤᠨ ᠠᠴᠠ | ᠪᠠᠯᠭᠠᠰᠦ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠣᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠬᠤᠯᠪᠣᠭᠳᠠᠯ ᠪᠦᠬᠦᠢ ᠰᠠᠯᠠᠭ᠎ᠠ ᠮᠦᠴᠢᠷ ᠮᠠᠨ ᠤ ᠬᠤᠰᠢᠭᠤᠨ ᠤ | ᠬᠠᠣᠯᠢ ᠪᠣᠰᠣ ᠪᠠᠷ ᠠᠳᠠᠷ ᠬᠠᠭᠠᠯᠪᠦᠷᠢᠯᠠᠬᠤ ᠠᠵᠢᠯ ᠳᠤ ᠲᠣᠭᠳᠠᠮᠠᠯ ᠪᠣᠰᠣ ᠬᠤᠭᠤᠴᠠᠭ᠎ᠠ ᠪᠠᠷ ᠱᠠᠭᠠᠷᠳᠠᠨ | ᠪᠠᠶᠢᠴᠠᠭᠠᠯᠳᠠ ᠬᠢᠵᠣ᠂ ᠱᠠᠭᠠᠷᠳᠠᠨ ᠪᠠᠶᠢᠴᠠᠭᠠᠯᠳᠠ ᠶᠢᠨ ᠮᠡᠳᠡᠭᠡᠯᠡᠯ ᠲᠠᠷᠬᠠᠭᠠᠨ᠎ᠠ᠃ ᠬᠤᠰᠢᠭᠤᠨ ᠤ ᠬᠢᠨᠠᠨ | ᠪᠠᠶᠢᠴᠠᠭᠠᠬᠤ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠬᠠᠭᠠᠯᠪᠦᠷᠢᠯᠠᠬᠤ ᠶᠢ | ᠴᠠᠭᠠᠵᠠᠯᠠᠬᠤ ᠠᠵᠢᠯ ᠤᠨ ᠬᠦᠴᠦᠨ ᠲᠣᠷᠣᠢ᠂ ᠠᠷᠭ᠎ᠠ ᠪᠠᠷᠢᠯ ᠬᠦᠷᠦᠯᠴᠡᠭᠦ ᠦᠭᠡᠢ᠂ ᠬᠠᠭᠠᠰ ᠵᠢᠯ ᠳᠤ ᠭᠤᠷᠪᠠ | ᠣᠳᠠᠭ᠎ᠠ ᠰᠡᠷᠡᠮᠵᠢᠯᠡᠭᠳᠡᠭᠦ ᠪᠣᠶᠣ ᠪᠦᠬᠦ ᠵᠢᠯ ᠳᠤ ᠲᠠᠪᠤ ᠣᠳᠠᠭ᠎ᠠ ᠰᠡᠷᠡᠮᠵᠢᠯᠡᠭᠵᠢᠭᠰᠡᠨ ᠪᠠᠯᠭᠠᠰᠦ ᠪᠣᠯᠣᠨ ᠰᠠᠯᠠᠭ᠎ᠠ | ᠮᠦᠴᠢᠷ ᠤᠨ ᠭᠤᠣᠯ ᠣᠳᠣᠷᠢᠳᠣᠯᠭ᠎ᠠ ᠠᠴᠠ ᠬᠠᠷᠢᠭᠤᠴᠠᠯᠭ᠎ᠠ ᠨᠡᠭᠡᠮᠵᠢᠯᠡᠬᠦ ᠪᠠ ᠬᠤᠪᠢᠳᠠᠨ ᠬᠠᠮᠢᠶᠠᠷᠬᠤ | ᠣᠳᠣᠷᠢᠳᠣᠯᠭ᠎ᠠ ᠤᠨ ᠲᠣᠰ ᠵᠢᠯ ᠤᠨ ᠰᠢᠯᠢᠳᠡᠭ ᠢᠶᠠᠷ ᠦᠨᠡᠯᠡᠭᠳᠡᠬᠦ ᠬᠢᠷᠢ ᠬᠡᠮ ᠢ ᠨᠢ ᠬᠠᠰᠣᠨ᠎ᠠ᠃ ᠲᠣᠰᠢᠶᠠᠯ ᠢᠶᠠᠨ | ᠭᠤᠳᠣᠭᠠᠬᠤ᠂ ᠬᠠᠷᠢᠭᠤᠴᠠᠯᠭ᠎ᠠ ᠠᠯᠳᠠᠬᠤ᠂ ᠠᠵᠢᠯ ᠠᠬᠢᠴᠠ ᠦᠭᠡᠢ᠂ ᠬᠦᠨᠳᠦᠳᠬᠡᠬᠦ ᠦᠭᠡᠢ᠂ ᠣᠶᠢᠯᠡ ᠶᠠᠪᠣᠳᠠᠯ ᠨᠢ | ᠬᠦᠨᠳᠦ ᠪᠠᠯᠭᠠᠰᠣ ᠪᠣᠯᠣᠨ ᠰᠠᠯᠠᠭ᠎ᠠ ᠮᠦᠴᠢᠷ ᠤᠨ ᠭᠤᠣᠯ ᠣᠳᠣᠷᠢᠳᠣᠯᠭ᠎ᠠ ᠵᠢᠴᠢ ᠭᠠᠴᠠᠭ᠎ᠠ ᠲᠣᠰᠬᠤᠨ ︽ᠡᠭᠦᠷ | ᠵᠦᠪᠯᠡᠯ︾ ᠤᠨ ᠬᠡᠰᠢᠭᠦᠳ ᠠᠴᠠ ᠬᠠᠷᠢᠭᠤᠴᠠᠯᠭ᠎ᠠ ᠨᠡᠬᠡᠮᠵᠢᠯᠡᠬᠦ ᠲᠠᠷᠠᠭᠠᠯᠠᠯ ᠢᠶᠠᠷ ᠬᠠᠮᠢᠶ᠎ᠠ ᠪᠦᠬᠦᠢ ᠬᠠᠷᠢᠭᠤᠴᠠᠯᠭᠠᠳᠠᠨ | ᠠᠴᠠ ᠬᠠᠷᠢᠭᠤᠴᠠᠯᠭ᠎ᠠ ᠨᠡᠭᠡᠮᠵᠢᠯᠡᠨ᠎ᠡ᠃ ᠬᠠᠭᠠᠯᠪᠦᠷᠢᠯᠠᠬᠤ ᠶᠢ ᠴᠠᠭᠠᠵᠠᠯᠠᠵᠣ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ | ᠵᠢᠴᠢ ᠠᠵᠢᠯᠳᠠᠨ ᠲᠣᠰᠢᠶᠠᠯ ᠢᠶᠠᠨ ᠣᠮᠳᠣᠭᠠᠶᠢᠯᠠᠵᠣ ᠬᠠᠷᠢᠭᠤᠴᠠᠯᠭ᠎ᠠ ᠠᠯᠳᠠᠬᠤ᠂ ᠡᠷᠬᠡ ᠲᠣᠰᠢᠶᠠᠯ ᠢᠶᠠᠷ ᠬᠡᠷᠡᠭᠯᠡᠬᠦ᠂ | ᠬᠤᠪᠢ ᠶᠢᠨ ᠨᠠᠶᠢᠷ ᠢᠶᠠᠷ ᠭᠡᠮ ᠣᠶᠢᠯᠠᠳᠬᠦ᠂ ᠬᠠᠣᠯᠢ ᠬᠡᠷᠡᠭᠵᠢᠭᠦᠯᠦᠯᠳᠡ ᠰᠣᠯᠠ᠂ ᠰᠢᠢᠳᠪᠦᠷᠢᠯᠡᠭᠰᠡᠨ ᠨᠢ ᠲᠣᠪ | ᠪᠣᠰᠣ᠂ ᠵᠠᠯᠬᠢᠵᠣ ᠣᠭᠤᠳᠠᠯᠠᠨ ᠭᠠᠴᠢᠵᠣ ᠱᠣᠯᠣᠬᠤ ᠵᠡᠷᠭᠡ ᠦᠵᠡᠭᠳᠡᠯ ᠢᠯᠡᠷᠡᠭᠦᠯᠪᠡᠯ ᠪᠦᠬᠦ ᠬᠤᠰᠢᠭᠤᠨ ᠤ | ᠬᠡᠪᠴᠢᠶᠠᠨ ᠳᠤ ᠨᠡᠶᠢᠳᠡᠯᠡᠨ ᠰᠢᠬᠦᠮᠵᠢᠯᠡᠵᠣ᠂ ᠬᠠᠮᠢᠶ᠎ᠠ ᠪᠦᠬᠦ ᠲᠣᠭᠳᠠᠭᠠᠯ ᠢᠶᠠᠷ ᠬᠤᠯᠪᠣᠭᠳᠠᠯ ᠪᠦᠬᠦᠢ | ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠬᠡᠯ ᠦᠭᠴᠦ ᠶᠡᠯ᠎ᠡ ᠪᠦᠷᠢᠯᠳᠦᠭᠰᠡᠨ ᠪᠣᠯ ᠬᠠᠣᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠠᠣᠯᠢ ᠪᠠᠷ ᠡᠷᠡᠭᠦᠣ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ︵ᠬᠤᠶᠠᠷ︶ ᠬᠠᠣᠯᠢ ᠲᠦᠷᠢᠮ ᠲᠣᠭᠳᠠᠭᠠᠯ ᠶᠣᠰᠣᠭᠠᠷ ᠰᠢᠳᠬᠡᠨ᠎ᠡ᠃ ︽ᠨᠣᠳᠤᠭ ᠪᠡᠯᠴᠢᠭᠡᠷ ᠤᠨ ᠬᠠᠣᠯᠢ︾᠂ | ︽ᠭᠠᠵᠠᠷ ᠰᠢᠷᠣᠢ ᠶᠢᠨ ᠬᠠᠮᠢᠶᠠᠷᠣᠯᠳᠠ ᠶᠢᠨ ᠬᠠᠣᠯᠢ︾᠂ ︽ᠬᠦᠷᠦᠰᠦ ᠰᠢᠷᠣᠢ ᠬᠠᠮᠠᠭᠠᠯᠠᠬᠤ ᠬᠠᠣᠯᠢ︾᠂ ︽ᠣᠢ | ᠰᠢᠭᠤᠢ ᠶᠢᠨ ᠬᠠᠣᠯᠢ︾᠂ ︽ᠣᠢ ᠰᠢᠭᠤᠢ ᠶᠢᠨ ᠬᠠᠣᠯᠢ ᠶᠢ ᠬᠡᠷᠡᠭᠵᠢᠭᠦᠯᠬᠦ ᠵᠣᠷᠪᠣᠰ︾᠂ ︽ᠡᠯᠡᠰᠦ ᠵᠠᠰᠠᠬᠤ | ᠬᠠᠣᠯᠢ︾᠂ ︽ᠬᠦᠷᠦᠰᠦ ᠰᠢᠷᠣᠢ ᠬᠠᠮᠠᠭᠠᠯᠠᠬᠤ ᠬᠠᠣᠯᠢ ᠶᠢ ᠬᠡᠷᠡᠭᠵᠢᠭᠦᠯᠬᠦ ᠵᠣᠷᠪᠣᠰ︾᠂ ︽ ᠪᠠᠶᠢᠭᠠᠯᠢᠯᠢᠭ | ᠬᠠᠮᠠᠭᠠᠯᠠᠯᠳᠠ ᠶᠢᠨ ᠣᠷᠣᠨ ᠤ ᠵᠣᠷᠪᠣᠰ︾᠂ ︽ᠣᠢ ᠶᠢᠨ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠭᠦᠣ ᠶᠢᠨ | ᠬᠡᠷᠡᠭ ᠢ ᠰᠢᠭᠦᠨ ᠰᠢᠢᠳᠪᠦᠷᠢᠯᠡᠬᠦ ᠪᠣᠳᠠᠳᠠᠢ ᠬᠡᠷᠡᠭᠯᠡᠭᠡᠨ ᠤ ᠬᠠᠣᠯᠢ ᠴᠠᠭᠠᠵᠠ ᠶᠢᠨ ᠠᠰᠠᠭᠤᠳᠠᠯ ᠤᠨ ᠲᠣᠬᠠᠢ ᠲᠡᠭᠡᠳᠦ | ᠰᠢᠭᠦᠬᠦ ᠬᠤᠷᠢᠶᠠᠨ ᠤ ᠲᠠᠶᠢᠯᠪᠦᠷᠢ︾᠂ ︽ᠨᠣᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠣ ᠶᠢᠨ ᠬᠡᠷᠡᠭ | ᠢ ᠰᠢᠭᠦᠨ ᠰᠢᠢᠳᠪᠦᠷᠢᠯᠡᠬᠦ ᠪᠣᠳᠠᠳᠠᠢ ᠬᠡᠷᠡᠭᠯᠡᠭᠡᠨ ᠤ ᠬᠠᠣᠯᠢ ᠴᠠᠭᠠᠵᠠ ᠶᠢᠨ ᠠᠰᠠᠭᠤᠳᠠᠯ ᠤᠨ ᠲᠣᠬᠠᠢ ᠲᠡᠭᠡᠳᠦ ᠰᠢᠭᠦᠬᠦ | ᠬᠤᠷᠢᠶᠠᠨ ᠤ ᠲᠠᠶᠢᠯᠪᠦᠷᠢ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠣᠳᠤᠭ ᠪᠡᠯᠴᠢᠭᠡᠷ ᠤᠨ | ᠬᠠᠮᠢᠶᠠᠷᠣᠯᠳᠠ ᠶᠢᠨ ᠵᠣᠷᠪᠣᠰ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠣᠳᠤᠭ ᠪᠡᠯᠴᠢᠭᠡᠷ | ᠤᠨ ᠬᠠᠮᠢᠶᠠᠷᠣᠯᠳᠠ ᠶᠢᠨ ᠵᠣᠷᠪᠣᠰ ᠢ ᠬᠡᠷᠡᠭᠵᠢᠭᠦᠯᠬᠦ ᠨᠠᠷᠢᠨ ᠲᠦᠷᠢᠮ︾᠂ ︽ᠦᠪᠦᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠦᠨᠳᠦᠰᠦᠨ ᠨᠣᠳᠤᠭ ᠪᠡᠯᠴᠢᠭᠡᠷ ᠬᠠᠮᠠᠭᠠᠯᠠᠬᠤ ᠵᠣᠷᠪᠣᠰ︾᠂ ︽ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠬᠠᠭᠠᠯᠪᠦᠷᠢᠯᠠᠬᠤ ᠶᠢ ᠵᠣᠭᠰᠣᠭᠠᠵᠣ ᠣᠢ ᠮᠣᠳᠣ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠤᠨ ᠬᠠᠮᠢᠶᠠᠷᠣᠯᠳᠠ ᠶᠢᠨ ᠠᠷᠭ᠎ᠠ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠪᠡᠯᠴᠢᠭᠡᠷᠯᠡᠭᠦᠯᠬᠦ ᠶᠢ ᠬᠤᠷᠢᠭᠯᠠᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠶᠢ | ᠬᠢᠨᠠᠨ ᠪᠠᠶᠢᠴᠠᠭᠠᠬᠤ ᠬᠠᠮᠢᠶᠠᠷᠣᠯᠳᠠ ᠶᠢᠨ ᠠᠷᠭ᠎ᠠ︾ ᠵᠡᠷᠭᠡ ᠬᠠᠣᠯᠢ ᠲᠦᠷᠢᠮ ᠢ ᠦᠨᠳᠦᠰᠦᠯᠡᠨ᠂ ᠬᠠᠣᠯᠢ ᠪᠣᠰᠣ ᠪᠠᠷ | ᠡᠪᠳᠡᠭᠳᠡᠭᠰᠡᠨ ᠣᠢ ᠶᠢᠨ ᠭᠠᠵᠠᠷ ᠪᠣᠯᠣᠨ ᠨᠣᠳᠤᠭ ᠪᠡᠯᠴᠢᠭᠡᠷ ᠲᠤ ᠠᠳᠠᠷ ᠬᠠᠭᠠᠯᠪᠦᠷᠢᠯᠬᠤ᠂ ᠨᠣᠳᠤᠭ ᠪᠡᠯᠴᠢᠭᠡᠷ ᠤᠨ | ᠬᠡᠷᠡᠭᠯᠡᠯᠳᠡ ᠶᠢ ᠦᠭᠡᠷᠡᠴᠢᠯᠡᠬᠦ ᠵᠡᠷᠭᠡ ᠠᠵᠢᠯᠯᠠᠭ᠎ᠠ ᠳᠤ ᠡᠪᠳᠡᠭᠳᠡᠭᠰᠡᠨ ᠬᠡᠮᠵᠢᠶ᠎ᠡ ᠶᠢ ᠦᠨᠳᠦᠰᠦᠯᠡᠨ ᠵᠠᠰᠠᠭ ᠵᠠᠬᠢᠷᠭᠠᠨ | ᠤ ᠰᠢᠳᠬᠡᠯ ᠣᠯᠭᠤᠨ᠎ᠠ︔ ︽ᠬᠡᠮᠵᠢᠶ᠎ᠡ ᠶᠡᠭᠡ᠂ ᠣᠢ ᠶᠢᠨ ᠭᠠᠵᠠᠷ ᠨᠣᠳᠤᠭ ᠪᠡᠯᠴᠢᠭᠡᠷ ᠤᠨ ᠡᠪᠳᠡᠭᠳᠡᠯ ᠶᠡᠭᠡ︾ ᠳᠤ | ᠨᠢ ᠬᠠᠣᠯᠢ ᠴᠠᠭᠠᠵᠠ ᠶᠢᠨ ᠪᠠᠶᠢᠭᠤᠯᠭ᠎ᠠ ᠳᠤ ᠲᠣᠰᠢᠶᠠᠨ ᠡᠷᠡᠭᠦᠣ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ︵ᠭᠤᠷᠪᠠ︶ ᠡᠷᠡᠭᠦᠣ ᠶᠢᠨ ᠬᠡᠷᠡᠭ ᠢ ᠰᠢᠯᠵᠢᠬᠦᠯᠦᠨ ᠬᠦᠷᠭᠡᠨ᠎ᠡ᠃ ᠬᠤᠰᠢᠭᠤ ᠠᠷᠠᠳ ᠤᠨ ᠰᠢᠭᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠬᠠᠣᠯᠢ ᠴᠠᠭᠠᠵᠠ ᠶᠢᠨ | ᠲᠣᠪᠴᠢᠶ᠎ᠠ᠂ ᠮᠠᠯ ᠠᠵᠣ ᠠᠬᠤᠢ ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠯᠣᠰ ᠤᠨ ᠭᠠᠵᠠᠷ ᠰᠢᠷᠣᠢ | ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠢ ᠶᠢᠨ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠮᠠᠯ ᠠᠵᠣ ᠠᠬᠤᠢ | ᠪᠣᠯᠣᠨ ᠣᠰᠣᠨ ᠤ ᠶᠠᠪᠣᠳᠠᠯ ᠤᠨ ᠬᠠᠣᠯᠢ ᠬᠡᠷᠡᠭᠵᠢᠭᠦᠯᠦᠯᠳᠡ ᠶᠢᠨ ᠲᠣᠪᠴᠢᠶ᠎ᠠ ᠵᠡᠷᠭᠡ ᠣᠯᠠᠨ ᠰᠠᠯᠠᠠᠭᠠ ᠮᠦᠴᠢᠷ | ᠨᠢᠭᠳᠠ ᠬᠠᠮᠵᠢᠯᠴᠠᠨ᠂ ᠣᠢ ᠰᠢᠭᠤᠢ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ | ᠪᠣᠯᠣᠨ ᠡᠷᠡᠭᠦᠣ ᠶᠢᠨ ᠬᠡᠷᠡᠭ ᠤᠨ ᠬᠠᠣᠯᠢ ᠴᠠᠭᠠᠵᠠ ᠶᠢᠨ ᠬᠡᠯᠬᠢᠶᠡᠵᠢᠯ ᠤᠨ ᠲᠣᠭᠳᠠᠯᠴᠠᠭ᠎ᠠ ᠶᠢ ᠣᠯᠠᠮ | ᠲᠡᠭᠦᠯᠳᠡᠷᠵᠢᠭᠦᠯᠦᠨ᠂ ᠬᠠᠭᠠᠯᠪᠦᠷᠢᠯᠠᠬᠤ ᠶᠢ ᠴᠠᠭᠠᠵᠠᠯᠠᠬᠤ ᠬᠢᠨᠠᠯᠳᠠ ᠬᠠᠮᠢᠶᠠᠷᠣᠯᠳᠠ ᠪᠣᠯᠣᠨ ᠬᠠᠣᠯᠢ ᠬᠡᠷᠡᠭᠵᠢᠭᠦᠯᠦᠯᠳᠡ | ᠶᠢᠨ ᠠᠵᠢᠯ ᠢ ᠪᠦᠬᠦ ᠬᠦᠴᠦᠨ ᠢᠶᠠᠷ ᠦᠷᠨᠢᠭᠦᠯᠵᠣ᠂ ᠭᠠᠵᠠᠷ ᠬᠠᠭᠠᠯᠪᠦᠷᠢᠯᠠᠭᠰᠠᠨ ᠬᠠᠣᠯᠢ ᠵᠦᠷᠢᠴᠡᠭᠰᠡᠨ ᠶᠡᠯᠡᠳᠦ | ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠡᠷᠡᠭᠦᠣ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠵᠣ᠂ ᠮᠠᠯ | ᠲᠠᠷᠢᠶᠠᠯᠠᠩ ᠪᠣᠯᠣᠨ ᠣᠰᠣᠨ ᠤ ᠶᠠᠪᠣᠳᠠᠯ ᠤᠨ ᠬᠠᠣᠯᠢ ᠬᠡᠷᠡᠭᠵᠢᠭᠦᠯᠦᠯᠳᠠ ᠶᠢᠨ ᠲᠣᠪᠴᠢᠶ᠎ᠠ᠂ ᠣᠢ ᠰᠢᠭᠤᠢ ᠶᠢᠨ | ᠲᠣᠳᠣᠭᠠᠳᠦ ᠶᠢ ᠬᠠᠮᠠᠭᠠᠯᠠᠬᠤ ᠲᠣᠪᠴᠢᠶ᠎ᠠ ᠬᠠᠣᠯᠢ ᠲᠣᠭᠳᠠᠭᠠᠯ ᠶᠣᠰᠣᠭᠠᠷ ᠬᠤᠰᠢᠭᠤᠨ ᠤ ᠲᠣᠳᠣᠭᠠᠳᠦ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠳᠤ ᠰᠢᠯᠵᠢᠭᠦᠯᠦᠨ ᠬᠦᠷᠭᠡᠵᠣ᠂ ᠬᠠᠮᠳᠦ ᠪᠠᠷ | ᠣᠢ ᠶᠢᠨ ᠭᠠᠵᠠᠷ ᠨᠣᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠣᠯᠢ ᠵᠦᠷᠢᠴᠡᠭᠰᠡᠨ ᠠᠵᠢᠯᠯᠠᠭ᠎ᠠ ᠳᠤ | ᠴᠣᠬᠢᠯᠳᠠ ᠦᠭᠭᠦᠨ᠎ᠡ᠃ | ᠲᠦᠷᠪᠡ᠂ ᠪᠠᠳᠣᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠣᠳᠣᠷᠢᠳᠬᠤ ᠪᠠᠨ ᠴᠢᠩᠭᠠᠳᠬᠠᠨ᠂ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠎ᠠ᠃ ᠬᠠᠭᠠᠯᠪᠦᠷᠢᠯᠠᠬᠤ | ᠶᠢ ᠴᠠᠭᠠᠵᠠᠯᠠᠭᠤ ᠠᠵᠢᠯ ᠢ ᠬᠤᠰᠢᠭᠤᠨ ᠲᠡᠰ ᠤᠨ ᠣᠳᠣᠷᠢᠳᠣᠯᠭ᠎ᠠ ᠪᠠᠯᠭᠠᠰᠦ ᠲᠠᠭᠠᠭᠠᠴᠢᠯᠠᠵᠣ᠂ ᠬᠤᠰᠢᠭᠤᠨ ᠤ | ᠰᠢᠭᠤᠳ ᠬᠠᠷᠢᠶ᠎ᠠ ᠰᠠᠯᠠᠭ᠎ᠠ ᠮᠦᠴᠢᠷ ᠭᠠᠴᠠᠭ᠎ᠠ ᠲᠣᠰᠬᠤᠨ ᠢ ᠲᠠᠭᠠᠭᠠᠴᠢᠯᠠᠨ ᠬᠠᠷᠢᠭᠤᠴᠠᠬᠤ ᠲᠦᠷᠢᠮ ᠢ | ᠬᠡᠷᠡᠭᠵᠢᠭᠦᠯᠦᠨ᠎ᠡ᠃ ᠡᠯ᠎ᠡ ᠪᠠᠯᠭᠠᠰᠦ ᠲᠣᠰᠬᠠᠢ ᠰᠡᠳᠦᠪᠳᠦ ᠬᠤᠷᠠᠯ ᠬᠤᠷᠠᠯᠳᠣᠨ᠂ ᠬᠤᠯᠪᠣᠭᠳᠠᠯ ᠪᠦᠬᠦᠢ ᠠᠵᠢᠯ ᠤᠨ | ᠣᠳᠣᠷᠢᠳᠬᠤ ᠪᠠᠶᠢᠭᠤᠯᠣᠮᠵᠢ ᠪᠠᠶᠢᠭᠤᠯᠵᠣ᠂ ᠡᠯ᠎ᠡ ᠪᠠᠯᠭᠠᠰᠦ᠂ ᠭᠠᠴᠠᠭ᠎ᠠ ᠲᠣᠰᠬᠤᠨ ᠪᠣᠯᠣᠨ ᠮᠠᠯᠴᠢᠨ ᠲᠠᠷᠢᠶᠠᠴᠢᠨ | ᠡᠷᠦᠬᠡ ᠬᠠᠭᠠᠯᠪᠦᠷᠢᠯᠠᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠳᠤ ᠭᠠᠷ ᠤᠨ ᠦᠰᠦᠭ ᠵᠢᠷᠣᠨ᠎ᠠ᠃ | ᠬᠠᠣᠯᠢ ᠬᠡᠷᠡᠭᠵᠢᠭᠦᠯᠦᠯᠳᠡ ᠶᠢᠨ ᠠᠩᠬᠢ᠂ ᠭᠠᠴᠠᠭ᠎ᠠ ᠲᠣᠰᠬᠤᠨ ᠤ ︽ᠡᠭᠦᠷ ᠵᠦᠪᠯᠡᠯ︾᠂ ᠣᠢ ᠬᠠᠮᠠᠭᠠᠯᠠᠭᠴᠢ᠂ | ᠬᠠᠮᠢᠶᠠᠷᠣᠭᠴᠢ᠂ ᠲᠣᠣᠷᠵᠢᠯ ᠬᠠᠮᠢᠶᠠᠷᠣᠭᠴᠢ ᠵᠡᠷᠭᠡ ᠠᠵᠢᠯᠳᠡᠨ ᠤ ᠬᠦᠴᠦᠨ ᠢ ᠭᠦᠢᠴᠡᠳ ᠵᠣᠬᠢᠴᠠᠭᠤᠯᠵᠣ᠂ ᠲᠣᠰ | ᠬᠠᠷᠢᠶ᠎ᠠ ᠣᠷᠣᠨ ᠤ ᠬᠠᠭᠠᠯᠪᠦᠷᠢᠯᠠᠬᠤ ᠶᠢ ᠴᠠᠭᠠᠵᠠᠯᠠᠬᠤ ᠠᠵᠢᠯ ᠢ ᠬᠢᠨᠠᠨ ᠪᠠᠶᠢᠴᠠᠭᠠᠵᠣ᠂ ᠲᠣᠭᠳᠠᠭᠰᠠᠨ ᠬᠤᠭᠤᠴᠠᠭᠠᠨ | ᠲᠣᠳᠣᠷ᠎ᠠ ᠵᠠᠩᠬᠢᠯᠠᠭ᠎ᠠ ᠤᠨ ᠴᠡᠭ ᠪᠠ ᠵᠠᠭᠠᠭ ᠢ ᠲᠣᠳᠣᠷᠬᠠᠢ ᠲᠣᠭᠳᠠᠭᠠᠨ᠂ ᠲᠣᠭᠤᠷᠢᠨ ᠪᠠᠶᠢᠴᠠᠭᠠᠬᠤ ᠬᠦᠴᠦᠨ ᠢᠶᠠᠨ | ᠴᠢᠩᠭᠠᠳᠬᠠᠵᠣ᠂ ᠮᠡᠳᠡᠭᠡᠯᠡᠯ ᠤᠨ ᠠᠵᠢᠯ ᠢ ᠰᠠᠶᠢᠳᠦᠷ ᠬᠢᠨ᠎ᠠ᠃ | ︵ᠬᠤᠶᠠᠷ︶ ᠬᠠᠮᠳᠣᠷᠠᠯ ᠬᠦᠴᠦᠨ ᠢ ᠪᠦᠷᠢᠯᠳᠦᠭᠦᠯᠦᠨ᠎ᠡ᠃ ᠡᠯ᠎ᠡ ᠪᠠᠯᠭᠠᠰᠦ ᠰᠠᠨᠠᠭᠠᠴᠢᠯᠭ᠎ᠠ ᠠᠴᠠ ᠪᠠᠨ ᠪᠦᠬᠦ | ᠲᠠᠯ᠎ᠠ ᠶᠢ ᠵᠣᠬᠢᠴᠠᠭᠤᠯᠣᠨ᠎ᠠ᠃ ᠡᠯ᠎ᠡ ᠪᠠᠯᠭᠠᠰᠦ᠂ ᠬᠤᠰᠢᠭᠤᠨ ᠤ ᠲᠣᠳᠣᠭᠠᠳᠦ ᠶᠢ ᠬᠠᠮᠠᠭᠠᠯᠠᠬᠤ᠂ ᠮᠠᠯ ᠲᠠᠷᠢᠶᠠᠯᠠᠩ᠂ | ᠣᠢ ᠰᠢᠭᠤᠢ᠂ ᠬᠠᠣᠯᠢ ᠴᠠᠭᠠᠵᠠ᠂ ᠣᠢ ᠰᠢᠭᠤᠢ᠂ ᠮᠠᠯ ᠲᠠᠷᠢᠶᠠᠯᠠᠩ ᠪᠠ ᠣᠢ ᠰᠢᠭᠤᠢ ᠶᠢᠨ ᠲᠣᠳᠣᠭᠠᠳᠦ ᠶᠢ | ᠬᠠᠮᠠᠭᠠᠯᠠᠬᠤ᠂ ᠣᠰᠣᠨ ᠤ ᠶᠠᠪᠣᠳᠠᠯ ᠤᠨ ᠬᠠᠣᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠶᠡᠭᠡ ᠲᠠᠯ᠎ᠠ ᠶᠢᠨ | ᠣᠬᠠᠮᠰᠠᠷ ᠢ ᠴᠢᠩᠭᠠᠳᠬᠠᠨ᠂ ᠬᠠᠣᠯᠢ ᠪᠣᠰᠣ ᠪᠠᠷ ᠠᠳᠠᠷ ᠬᠠᠭᠠᠯᠪᠦᠷᠢᠯᠠᠭᠰᠠᠨ ᠠᠵᠢᠯᠯᠭ᠎ᠠ ᠶᠢ ᠲᠦᠯᠬᠢᠬᠦ ᠦᠭᠡᠢ᠂ | ᠣᠳᠠᠭᠠᠰᠢᠷᠠᠭᠤᠯᠬᠤ ᠦᠭᠡᠢ᠂ ᠬᠠᠷᠢᠯᠴᠠᠨ ᠬᠠᠮᠳᠣᠷᠠᠯᠴᠠᠵᠣ᠂ ᠮᠡᠳᠡᠭᠡ ᠵᠡᠩᠬᠢ ᠨᠡᠪᠳᠡᠷᠡᠯᠴᠡᠬᠦ ᠪᠠ ᠠᠷᠭ᠎ᠠ ᠠᠪᠴᠠᠯ | ᠢᠶᠠᠨ ᠰᠣᠯᠢᠯᠴᠠᠬᠤ ᠪᠠᠨ ᠴᠢᠩᠭᠠᠳᠬᠠᠵᠣ᠂ ᠠᠵᠢᠯ ᠤᠨ ᠬᠠᠮᠳᠣᠷᠠᠯ ᠬᠦᠴᠦᠨ ᠢ ᠪᠡᠶᠡᠯᠡᠭᠦᠯᠦᠨ᠎ᠡ᠃ | ︵ᠭᠤᠷᠪᠠ︶ ᠣᠬᠠᠭᠤᠯᠭ᠎ᠠ ᠪᠠᠨ ᠴᠢᠩᠭᠠᠳᠬᠠᠨ᠂ ᠣᠶᠢᠯᠭᠠᠭᠳᠠᠬᠤᠨ ᠢ ᠬᠤᠪᠢᠷᠠᠭᠤᠯᠣᠨ᠎ᠠ᠃ ᠡᠯ᠎ᠡ ᠪᠠᠯᠭᠠᠰᠦ᠂ | ᠣᠢ ᠰᠢᠭᠤᠢ᠂ ᠮᠠᠯ ᠲᠠᠷᠢᠶᠠᠯᠠᠩ᠂ ᠰᠣᠨᠢᠨ ᠮᠡᠳᠡᠭᠡᠨ ᠤ ᠲᠦᠪ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠧᠯᠸᠢᠰ᠂ | ᠰᠣᠨᠢᠨ᠂ ᠸᠢᠴᠠᠲ᠂ ᠪᠦᠬᠦᠷᠭᠡ᠂ ᠣᠬᠤᠷ ᠴᠢᠮᠡᠭᠡ ᠵᠡᠷᠭᠡ ᠲᠠᠪᠴᠠᠩ ᠢ ᠭᠦᠢᠴᠡᠳ ᠠᠰᠢᠭᠯᠠᠵᠣ᠂ ︽ᠨᠣᠳᠤᠭ | ᠪᠡᠯᠴᠢᠭᠡᠷ ᠤᠨ ᠬᠠᠣᠯᠢ︾᠂ ︽ᠣᠢ ᠰᠢᠭᠤᠢ ᠶᠢᠨ ᠬᠠᠣᠯᠢ︾ ᠵᠡᠷᠭᠡ ᠬᠠᠣᠯᠢ ᠲᠦᠷᠢᠮ ᠤᠨ ᠣᠬᠠᠭᠤᠯᠭ᠎ᠠ ᠶᠢ | ᠦᠷᠭᠡᠳᠬᠡᠨ᠎ᠡ᠃ ᠬᠤᠰᠢᠭᠤᠨ ᠤ ᠣᠢ ᠰᠢᠭᠤᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ | ᠬᠢᠯᠪᠡᠷᠬᠠᠨ ᠣᠶᠢᠯᠭᠠᠭᠳᠠᠬᠤ ᠬᠤᠯᠪᠣᠭᠳᠠᠯ ᠪᠦᠬᠦᠢ ᠣᠬᠠᠭᠤᠯᠭ᠎ᠠ ᠶᠢᠨ ᠮᠡᠲ᠋ᠧᠷᠢᠶᠠᠯ ᠲᠣᠭᠳᠠᠭᠠᠵᠣ᠂ ᠡᠯ᠎ᠡ ᠪᠠᠯᠭᠠᠰᠦ᠂ | ᠡᠯ᠎ᠡ ᠲᠠᠭᠠᠭᠠᠴᠢᠯᠠᠭᠰᠠᠨ ᠰᠠᠯᠠᠭ᠎ᠠ ᠮᠦᠴᠢᠷ ᠡᠷᠦᠭᠡ ᠳᠤ ᠣᠷᠣᠬᠤ᠂ ᠲᠦᠪᠯᠡᠷᠡᠭᠦᠯᠵᠣ ᠣᠬᠠᠭᠤᠯᠣᠨ ᠲᠠᠶᠢᠯᠪᠦᠷᠢᠯᠠᠬᠤ | ᠵᠡᠷᠭᠡ ᠣᠬᠠᠭᠤᠯᠭ᠎ᠠ ᠲᠠᠶᠢᠯᠪᠦᠷᠢ ᠬᠢᠨ᠎ᠡ︔ ᠬᠤᠰᠢᠭᠤᠨ ᠤ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠪᠠᠯᠭᠠᠰᠦ | ︽ᠠᠮᠣ ᠪᠣᠳᠠᠭᠠᠨ ᠤ ᠲᠠᠯᠠᠪᠠᠢ ᠶᠢ ᠲᠣᠭᠳᠠᠪᠦᠷᠢᠵᠢᠭᠤᠯᠣᠨ ᠠᠵᠣ ᠠᠬᠤᠢ ᠶᠢᠨ ᠲᠠᠷᠢᠮᠠᠯ ᠢ ᠰᠢᠯᠢᠳᠡᠭᠵᠢᠭᠦᠯᠦᠨ | ᠲᠡᠵᠢᠭᠡᠯ ᠪᠣᠷᠳᠣᠭᠠᠨ ᠤ ᠲᠠᠷᠢᠮᠠᠯ ᠤᠨ ᠲᠠᠯᠠᠪᠠᠢ ᠶᠢ ᠦᠷᠭᠡᠳᠬᠡᠬᠦ︾ ᠠᠵᠢᠯᠯᠭᠠᠨ ᠢ ᠭᠦᠨᠵᠡᠭᠡᠢ ᠦᠷᠨᠢᠭᠦᠯᠦᠨ᠂ | ᠮᠠᠯᠴᠢᠨ ᠲᠠᠷᠢᠶᠠᠴᠢᠨ ᠢ ᠬᠦᠯᠡᠮᠵᠢ ᠶᠢᠨ ᠲᠠᠷᠢᠮᠠᠯ ᠢᠳᠡᠰᠢᠨ ᠨᠣᠭᠤᠭ᠎ᠠ ᠲᠠᠷᠢᠬᠤ ᠪᠠ ᠴᠢᠨᠠᠷ ᠰᠠᠶᠢᠳᠠᠢ ᠡᠪᠡᠰᠦ | ᠲᠠᠷᠢᠬᠤ ᠶᠢ ᠵᠣᠷᠢᠭᠵᠢᠭᠤᠯᠵᠣ᠂ ᠦᠵᠦᠮ ᠵᠡᠷᠭᠡ ᠠᠵᠣ ᠠᠬᠤᠢ ᠶᠢᠨ ᠪᠠᠶᠢᠭᠤᠯᠣᠯᠳᠠ ᠶᠢ ᠬᠦᠭᠵᠢᠭᠦᠯᠦᠨ᠎ᠡ︔ | ᠬᠤᠰᠢᠭᠤᠨ ᠤ ᠰᠣᠨᠢᠨ ᠮᠡᠳᠡᠭᠡᠨ ᠤ ᠲᠦᠪ ᠲᠣᠯᠣᠭᠠᠶᠢᠯᠠᠨ᠂ ᠣᠢ ᠰᠢᠭᠤᠢ ᠶᠢᠨ ᠲᠣᠪᠴᠢᠶ᠎ᠠ᠂ ᠲᠠᠷᠢᠶᠠᠯᠠᠩ ᠮᠠᠯ | ᠠᠵᠣ ᠠᠬᠤᠢ ᠶᠢᠨ ᠲᠣᠪᠴᠢᠶ᠎ᠠ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ | ᠬᠤᠷᠢᠶ᠎ᠠ ᠬᠠᠮᠵᠢᠯᠴᠠᠨ᠂ ᠵᠦᠪ ᠲᠠᠯ᠎ᠠ ᠶᠢᠨ ᠣᠬᠠᠭᠤᠯᠭ᠎ᠠ ᠪᠣᠯᠣᠨ ᠪᠣᠷᠣᠭᠤ ᠲᠠᠯ᠎ᠠ ᠶᠢᠨ ᠰᠣᠷᠭᠠᠨ ᠬᠦᠮᠦᠵᠢᠯ ᠢ | ᠣᠶᠠᠯᠳᠣᠭᠤᠯᠬᠤ ᠶᠢ ᠪᠠᠷᠢᠮᠳᠠᠯᠠᠵᠣ᠂ ᠠᠳᠠᠷ ᠬᠠᠭᠠᠯᠪᠦᠷᠢᠯᠠᠬᠤ ᠶᠢ ᠴᠠᠭᠠᠵᠠᠯᠠᠬᠤ ᠬᠠᠣᠯᠢ ᠲᠦᠷᠢᠮ ᠢ ᠰᠢᠨᠵᠢᠯᠡᠬᠦ | ᠣᠬᠠᠭᠠᠨᠴᠢ ᠪᠠᠷ ᠲᠦᠭᠡᠮᠡᠯᠵᠢᠭᠦᠯᠬᠦ ᠬᠠᠷᠠᠭᠠᠨ ᠲᠠᠪᠳᠡᠮᠵᠢ ᠪᠠ ᠡᠰᠡᠷᠬᠦ ᠲᠠᠯ᠎ᠠ ᠶᠢᠨ ᠨᠡᠶᠢᠳᠡᠯᠢᠭ ᠬᠡᠷᠡᠭ ᠤᠨ | ᠰᠡᠷᠡᠮᠵᠢᠭᠦᠯᠦᠯ ᠰᠣᠷᠭᠠᠨ ᠬᠦᠮᠦᠵᠢᠯ ᠹᠢᠯᠢᠮ ᠣᠶᠢᠯᠠᠳᠴᠦ᠂ ᠠᠳᠠᠷ ᠬᠠᠭᠠᠯᠪᠦᠷᠢᠯᠠᠬᠤ ᠶᠢᠨ ᠵᠦᠪ ᠲᠠᠯ᠎ᠠ ᠪᠠ ᠨᠠᠵᠠᠭᠠᠢ | ᠲᠠᠯ᠎ᠠ ᠶᠢᠨ ᠰᠦᠷᠳᠡᠭᠦᠯᠦᠯ ᠤᠨ ᠰᠠᠷᠠᠮᠵᠢ ᠪᠦᠷᠢᠯᠳᠦᠭᠦᠯᠦᠨ᠂ ᠲᠠᠶᠠᠭᠠᠷ ᠳᠤ ᠮᠡᠳᠡᠭᠦᠯᠵᠣ᠂ ᠮᠠᠯᠴᠢᠨ ᠲᠠᠷᠢᠶᠠᠴᠢᠨ ᠤ | ᠲᠡᠮᠵᠢᠯᠭᠡ ᠶᠢ ᠣᠯᠣᠨ᠎ᠠ᠃ |