ᠤᠳᠤᠭ ᠡᠮᠥᠨᠡᠳᠤ ᠰᠤᠷᠭᠠᠨ ᠭᠥᠮᠥᠵᠢᠯ ᠬᠢᠨᠠᠨ ᠵᠢᠯᠤᠭᠤᠳᠬᠤ ᠵᠥᠪᠯᠡᠯ ᠠᠯᠪᠠᠨ ᠲᠠᠷᠬᠠᠭᠠᠭᠰᠠᠨ  ﹇2019﹈ 3 ᠲᠤᠭᠠᠳᠤ
ᠨᠡᠶᠢᠲᠡᠯᠡᠭᠰᠡᠨ ᠴᠠᠭ᠄
2020/10/21
2019   ᠤᠨ ᠤ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠤᠨ ᠴᠡᠴᠡᠷᠯᠢᠭ ᠤᠨ ᠰᠤᠷᠭᠠᠨ ᠭᠥᠮᠥᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ ᠢ ᠲᠠᠷᠤᠮᠠᠯᠯᠠᠨ ᠲᠠᠷᠬᠠᠭᠠᠬᠤ ᠲᠤᠬᠠᠢ ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ  ᠤᠨ ᠠᠯᠪᠠᠨ ᠬᠡᠷ ᠤᠨ ᠮᠡᠳᠡᠭᠳᠡᠯᠭᠡᠥᠭᠡᠳ ᠤᠨ ᠴᠡᠴᠡᠷᠯᠢᠭ ᠤᠳ᠂ ᠠᠩᠬᠠᠨ ᠤ ᠭᠥᠮᠥᠵᠢᠯ ᠤᠨ ᠲᠥᠪ ᠲᠤ᠄     ᠡᠳᠥᠭᠡ ︽2019 ᠤᠨ ᠤ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠤᠨ ᠴᠡᠴᠡᠷᠯᠢᠭ ᠤᠨ ᠰᠤᠷᠭᠠᠨ ᠭᠥᠮᠥᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ︾ ᠢ ᠲᠠᠨᠠᠷ ᠲᠤ ᠲᠠᠷᠤᠮᠠᠯᠯᠠᠨ ᠲᠠᠷᠬᠠᠭᠠᠪᠠ᠂ ᠭᠥᠷᠭᠦᠯ᠎ᠡ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠥᠭᠡᠢ᠃             ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ               ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ                    2019 ᠤᠨ ᠤ 6 ᠰᠠᠷ᠎ᠠ ᠶᠢᠨ 10 ᠤ ᠡᠳᠥᠷ              2019 ᠤᠨ ᠤ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠤᠨ ᠴᠡᠴᠡᠷᠯᠢᠭ ᠤᠨ              ᠰᠤᠷᠭᠠᠨ ᠭᠥᠮᠥᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ     ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠥᠩᠭᠡᠢ ᠱᠥᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠭᠥᠮᠥᠵᠢᠯ ᠤᠨ ᠬᠠᠤᠯᠢ ᠲᠥᠷᠢᠮ ᠬᠢᠭᠡᠳ ᠴᠢᠭᠯᠡᠯᠳᠡ ᠲᠥᠷᠥ ᠶᠢᠨ ᠪᠤᠳᠤᠯᠭ᠎ᠠ ᠶᠢᠨ ᠲᠤᠤᠱᠯᠠᠭᠤᠯᠤᠯ ᠬᠡᠷᠡᠭᠵᠢᠭᠦᠯᠥᠯᠳᠡ ᠶᠢ ᠥᠨᠡᠨ ᠭᠦ ᠪᠠᠳᠤᠯᠠᠨ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠤᠰᠤᠭᠠᠷ ᠵᠠᠰᠠᠯᠳᠠ ᠬᠢᠭᠦ ᠪᠠ ᠬᠠᠤᠯᠢ ᠶᠤᠰᠤᠭᠠᠷ ᠭᠥᠮᠥᠵᠢᠯ ᠭᠢᠭᠦ ᠠᠵᠢᠯ ᠢ ᠭᠥᠨᠵᠡᠭᠡᠶᠢᠷᠡᠭᠦᠯᠵᠤ᠂ ᠰᠤᠷᠭᠠᠨ ᠭᠥᠮᠥᠵᠢᠯ ᠤᠨ ᠥᠢᠯᠡᠰ ᠤᠨ ᠰᠢᠨᠵᠢᠯᠡᠭᠦ ᠤᠬᠠᠭᠠᠨᠴᠢ ᠪᠠᠶᠠᠯᠢᠭ ᠠᠭᠤᠯᠤᠭᠳᠠᠬᠤᠨᠳᠤ ᠭᠥᠭᠵᠢᠯᠳᠡ ᠶᠢ ᠠᠬᠢᠭᠤᠯᠤᠨ᠂ ᠰᠤᠷᠬᠤ ᠨᠠᠰᠤᠨ ᠠᠴᠠ ᠡᠮᠥᠨᠡᠭᠢ ᠰᠤᠷᠭᠠᠨ ᠭᠥᠮᠥᠵᠢᠯ ᠤᠨ ᠴᠢᠨᠠᠷᠵᠢᠯ ᠢ ᠤᠯᠠᠮ ᠢᠶᠠᠷ ᠲᠡᠭᠡᠭᠰᠢᠯᠡᠭᠦᠯᠭᠦ ᠵᠤᠷᠢᠯᠭ᠎ᠠ ᠪᠠᠷ ︽2019 ᠤᠨ ᠤ  ᠤᠷᠳᠤᠰ ᠬᠤᠳᠠ ᠶᠢᠨ ᠰᠤᠷᠭᠠᠨ ᠭᠥᠮᠥᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ︾   ︵ᠤᠷᠳᠤᠰ ᠰᠤᠷᠭᠠᠨ ᠭᠥᠮᠥᠵᠢᠯ ᠬᠢᠨᠠᠨ ᠵᠢᠯᠤᠭᠤᠳᠬᠤ ᠵᠥᠪᠯᠡᠯ ᠲᠠᠷᠬᠠᠭᠠᠭᠰᠠᠨ ﹇2019﹈  3 ᠲᠤᠭᠠᠳᠤ ᠪᠢᠴᠢᠭ ᠮᠠᠲ᠋ᠧᠷᠢᠶᠡᠯ︶ ᠤᠨ ᠵᠤᠷᠢᠭ ᠰᠠᠨᠠᠭ᠎ᠠ ᠶᠢ ᠥᠨᠳᠥᠰᠥᠯᠡᠨ ᠲᠤᠰ ᠲᠥᠰᠥᠯ ᠢ ᠲᠤᠭᠳᠠᠭᠠᠪᠠ᠃     ᠨᠢᠭᠡ᠂ ᠬᠢᠨᠠᠨ ᠵᠢᠯᠤᠭᠤᠳᠴᠤ ᠥᠨᠡᠯᠡᠨ ᠵᠢᠱᠢᠭᠦ ᠵᠠᠷᠴᠢᠮ     ᠥᠨᠡᠨ ᠠᠴᠠ ᠵᠥᠪ ᠢ ᠡᠷᠢᠭᠦ᠂ ᠪᠤᠰᠤᠳᠴᠢ ᠭᠤᠤᠯᠴᠢ ᠪᠠᠷ ᠬᠠᠨᠳᠤᠬᠤ᠂ ᠭᠤᠤᠯᠳᠠᠯᠠᠭ᠎ᠠ ᠶᠢ ᠨᠢ ᠲᠤᠪᠤᠶᠢᠯᠭᠠᠬᠤ᠂ ᠬᠢᠨᠠᠯᠳᠠ ᠵᠢᠯᠤᠭᠤᠳᠤᠯᠭ᠎ᠠ ᠪᠠᠷ ᠭᠤᠤᠯᠯᠠᠭᠤᠯᠬᠤ ᠵᠠᠷᠴᠢᠮ ᠢ ᠪᠠᠷᠢᠮᠳᠠᠯᠠᠨ᠎ᠠ᠃     ᠬᠤᠶᠠᠷ᠂ ᠬᠢᠨᠠᠯᠳᠠ ᠵᠢᠯᠤᠭᠤᠳᠤᠯᠭ᠎ᠠ ᠥᠨᠡᠯᠡᠯᠳᠡ ᠵᠢᠱᠢᠯᠳᠠ ᠭᠥᠯᠢᠶᠡᠭᠦ ᠨᠢᠭᠡᠴᠡ     ︵ᠨᠢᠭᠡ︶ ᠠᠯᠪᠠᠨ ᠠᠴᠠ ᠡᠷᠬᠢᠯᠡᠭᠰᠡᠨ ᠭᠡᠥᠭᠡᠳ ᠤᠨ ᠴᠡᠴᠡᠷᠯᠢᠭ ︵ᠠᠩᠬᠠᠨ ᠤ ᠭᠥᠮᠥᠵᠢᠯ ᠤᠨ ᠲᠥᠪ ᠢ ᠪᠠᠭᠳᠠᠭᠠᠨ᠎ᠠ︶᠃     ︵ᠬᠤᠶᠠᠷ︶ ᠠᠷᠠᠳ ᠠᠴᠠ ᠡᠷᠬᠢᠯᠡᠭᠰᠡᠨ ᠭᠡᠥᠭᠡᠳ ᠤᠨ ᠴᠡᠴᠡᠷᠯᠢᠭ᠃     ᠭᠤᠷᠪᠠ᠂ ᠬᠢᠨᠠᠨ ᠵᠢᠯᠤᠭᠤᠳᠴᠤ ᠥᠨᠡᠯᠡᠨ ᠵᠢᠱᠢᠭᠦ ᠠᠭᠤᠯᠭ᠎ᠠ ᠬᠢᠭᠡᠳ ᠬᠤᠪᠢ ᠤᠯᠭᠤᠬᠤ᠂ ᠱᠠᠩᠨᠠᠨ ᠭᠥᠬᠢᠭᠦᠯᠭᠦ ᠠᠷᠭ᠎ᠠ     ᠡᠳᠥᠷ ᠲᠤᠳᠤᠮ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠲᠤᠰᠬᠠᠢ ᠲᠥᠷᠥᠯ ᠤᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠵᠢᠯ ᠤᠨ ᠡᠴᠥᠰ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠪᠤᠯᠤᠨ ᠥᠪᠡᠷᠳᠡᠭᠡᠨ ᠥᠨᠡᠯᠡᠯᠳᠡ ᠬᠢᠭᠦ ᠵᠡᠷᠭᠡ ᠠᠭᠤᠯᠭ᠎ᠠ  ᠪᠠᠷ ᠶᠠᠪᠤᠭᠳᠠᠨ᠎ᠠ᠃     ︵ᠨᠢᠭᠡ︶ ᠡᠳᠥᠷ ᠲᠤᠳᠤᠮ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵5% ᠶᠢ ᠡᠵᠡᠯᠡᠨ᠎ᠡ︶ ᠶᠢ ᠬᠠᠷᠢᠭᠤᠴᠠᠭᠰᠠᠨ ᠬᠢᠨᠠᠨ ᠵᠢᠯᠤᠭᠤᠳᠤᠭᠴᠢ ᠬᠠᠷᠢᠭᠤᠴᠠᠵᠤ᠂ ᠡᠩ ᠤᠨ ᠴᠠᠭ ᠢᠶᠠᠷ ᠬᠡᠥᠭᠡᠳ ᠤᠨ ᠴᠡᠴᠡᠷᠯᠢᠭ ᠤᠳ ᠲᠤ ᠭᠥᠨᠵᠡᠭᠡᠶᠢᠷᠡᠨ ᠪᠠᠶᠢᠴᠠᠭᠠᠯᠳᠠ ᠬᠢᠭᠰᠡᠨ ᠪᠠᠶᠢᠳᠠᠯ ᠢ ᠥᠨᠳᠥᠰᠥᠯᠡᠨ ᠬᠤᠪᠢ ᠤᠯᠭᠤᠨ᠎ᠠ᠃     ︵ᠬᠤᠶᠠᠷ︶ ᠲᠤᠰᠬᠠᠢ ᠲᠥᠷᠥᠯ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵10% ᠶᠢ ᠡᠵᠡᠯᠡᠨ᠎ᠡ︶ ᠤᠨ ᠠᠭᠤᠯᠭ᠎ᠠ ᠶᠢ ᠠᠵᠢᠯ ᠤᠨ ᠭᠤᠤᠯᠳᠠᠯᠭ᠎ᠠ ᠪᠠ ᠠᠵᠢᠯ ᠤᠨ ᠭᠡᠷᠡᠭᠴᠡᠭᠡ ᠶᠢ ᠥᠨᠳᠥᠰᠥᠯᠡᠨ ᠰᠢᠯᠭᠠᠨ᠎ᠠ᠃     ︵ᠭᠤᠷᠪᠠ︶ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ︵10% ᠶᠢ ᠡᠵᠡᠯᠡᠨ᠎ᠡ︶ ᠶᠢ ᠭᠤᠷᠪᠠᠳᠤᠭᠠᠷ ᠡᠳᠡᠭᠡᠳ ᠤᠨ ᠵᠤᠭᠰᠤᠴᠠ ᠠᠴᠠ ᠭᠡᠥᠭᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠥᠵᠡᠵᠤ ᠲᠤᠭᠳᠠᠭᠠᠨ᠎ᠠ᠃ ᠭᠤᠤᠯᠳᠠᠭᠤ ᠪᠠᠭᠰᠢ ᠨᠠᠷ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ  ︵3% ᠶᠢ ᠡᠵᠡᠯᠡᠨ᠎ᠡ︶︔ ᠰᠤᠷᠤᠭᠴᠢᠳ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵2%  ᠢ ᠡᠵᠡᠯᠡᠨ᠎ᠡ︶︔  ᠭᠡᠷ ᠤᠨ ᠠᠬᠠᠮᠠᠳ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵3% ᠶᠢ ᠡᠵᠡᠯᠡᠨ᠎ᠡ︶︔ ᠨᠡᠶᠢᠭᠡᠮ ᠲᠤᠭᠤᠷᠢᠭ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵2% ᠢ ᠡᠵᠡᠯᠡᠨ᠎ᠡ︶ ᠪᠠᠷ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠥᠨᠡᠯᠡᠯᠳᠡ ᠲᠤᠭᠳᠠᠭᠠᠯᠳᠠ ᠬᠢᠵᠤ᠂ ᠵᠢᠯ ᠪᠥᠷᠢ ᠬᠢᠨᠠᠨ ᠵᠢᠯᠤᠭᠤᠭᠬᠤ ᠲᠠᠰᠤᠭ ᠠᠴᠠ ᠬᠠᠷᠢᠭᠤᠴᠠᠭᠰᠠᠨ ᠬᠢᠨᠠᠨ ᠵᠢᠯᠤᠭᠤᠳᠤᠭᠴᠢᠳ ᠢ ᠵᠤᠬᠢᠶᠠᠨ ᠪᠠᠶᠢᠭᠤᠯᠤᠨ ᠪᠠᠶᠢᠴᠠᠭᠠᠯᠳᠠ  ᠶᠢᠨ ᠬᠠᠭᠤᠳᠠᠰᠤ ᠶᠢᠨ ᠭᠡᠯᠪᠡᠷᠢ ᠪᠠᠷ ᠥᠨᠡᠯᠡᠯᠳᠡ ᠬᠢᠯᠭᠡᠨ᠎ᠡ᠃     ︵ᠲᠥᠷᠪᠡ︶ ᠵᠢᠯ ᠤᠨ ᠡᠴᠥᠰ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵75% ᠶᠢ ᠡᠵᠡᠯᠡᠨ᠎ᠡ︶ ᠶᠢ ᠬᠢᠨᠠᠨ ᠵᠢᠯᠤᠭᠤᠳᠬᠤ ᠲᠠᠰᠤᠭ ᠠᠴᠠ ᠬᠠᠮᠢᠶ᠎ᠠ ᠪᠥᠭᠦᠢ ᠡᠯ᠎ᠡ ᠲᠠᠰᠤᠭ ᠪᠠ ᠠᠵᠢᠯ ᠤᠨ ᠲᠥᠪ ᠢ ᠵᠤᠬᠢᠶᠠᠨ ᠪᠠᠶᠢᠭᠤᠯᠵᠤ᠂ ᠬᠢᠨᠠᠨ ᠵᠢᠯᠤᠭᠤᠳᠴᠤ ᠥᠨᠡᠯᠡᠨ ᠵᠢᠱᠢᠭᠦ ᠠᠵᠢᠯ ᠤᠨ ᠵᠢᠭᠠᠯᠳᠠ ᠲᠥᠷᠢᠮᠵᠢᠯ ᠶᠤᠰᠤᠭᠠᠷ ᠪᠠᠶᠢᠴᠠᠭᠠᠨ ᠥᠨᠡᠯᠡᠨ᠎ᠡ᠃ ᠪᠠᠷᠤᠭ 11 ᠳ᠋ᠤᠭᠡᠷ ᠰᠠᠷ᠎ᠠ ᠶᠢᠨ ᠤᠷᠴᠢᠮ ᠢᠶᠠᠷ ᠥᠨᠡᠯᠡᠯᠳᠡ ᠶᠢᠨ ᠠᠵᠢᠯ ᠢ ᠬᠢᠨ᠎ᠡ᠃     ᠬᠢᠨᠠᠨ ᠰᠢᠯᠭᠠᠯᠳᠠ ᠶᠢᠨ ᠲᠡᠭᠦᠰ ᠳ᠋ᠥᠩ ᠢ 100 ᠬᠤᠪᠢ ᠪᠠᠷ ᠪᠤᠳᠤᠨ᠎ᠠ᠃ ᠡᠯ᠎ᠡ ᠲᠥᠷᠥᠯ ᠤᠨ ᠬᠢᠨᠠᠨ ᠰᠢᠯᠭᠠᠷᠠᠭᠤᠯᠤᠭᠰᠠᠨ ᠬᠤᠪᠢ ᠨᠤᠭᠤᠳ ᠤᠨ ᠨᠡᠶᠢᠯᠡᠪᠥᠷᠢ ᠲᠡᠭᠡᠷ᠎ᠡ  ᠨᠡᠮᠡᠯᠳᠡ ᠬᠤᠪᠢ ᠶᠢ ᠨᠢ ᠨᠡᠮᠡᠭᠡᠳ ᠡᠴᠥᠰ ᠤᠨ ᠳ᠋ᠥᠩ ᠢ ᠲᠤᠭᠠᠴᠠᠨ ᠭᠠᠷᠭᠠᠨ᠎ᠠ᠃ ᠠᠯᠪᠠᠨ ᠠᠴᠠ ᠡᠷᠬᠢᠯᠡᠭᠰᠡᠨ ᠭᠡᠥᠭᠡᠳ ᠤᠨ ᠴᠡᠴᠡᠷᠯᠢᠭ ᠪᠠ ᠠᠷᠠᠳ ᠠᠴᠠ ᠡᠷᠬᠢᠯᠡᠭᠰᠡᠨ ᠴᠡᠴᠡᠷᠯᠢᠭ ᠭᠡᠭᠦ ᠬᠤᠶᠠᠷ ᠶᠡᠭᠡ ᠰᠢᠰᠲ᠋ᠧᠮ ᠳᠤ ᠰᠠᠯᠭᠠᠨ ᠱᠠᠩᠨᠠᠨ᠎ᠠ᠃ ᠤᠯᠤᠭᠰᠠᠨ ᠬᠤᠪᠢ ᠶᠢᠨ ᠪᠠᠶᠢᠳᠠᠯ  ᠢᠶᠠᠷ ᠨᠢ ᠭᠤᠷᠪᠠ ᠲᠡᠰᠯᠡᠭᠦᠯᠥᠨ ᠳ᠋ᠤᠭᠠᠷᠯᠠᠨ ᠬᠥᠭᠢᠭᠦᠯᠭᠦ ᠪᠥᠭᠡᠳ ︽ᠨᠢᠭᠡᠳᠥᠭᠡᠷ ᠲᠡᠰ︾᠂ ︽ᠬᠤᠶᠠᠳᠤᠭᠠᠷ ᠲᠡᠰ︾ ᠪᠠ ︽ᠭᠤᠷᠪᠠᠳᠤᠭᠠᠷ ᠲᠡᠰ︾ ᠲᠤ ᠲᠤᠳᠤᠷᠠᠭᠰᠠᠳ ᠤᠨ ᠲᠤᠭᠠᠨ ᠤ ᠬᠠᠷᠢᠴᠠᠯ ᠢ ᠵᠠᠷᠴᠢᠮ ᠲᠡᠭᠡᠷ᠎ᠡ ᠪᠠᠨ ᠶᠡᠷᠥᠩᠭᠡᠢ ᠲᠤᠭᠠᠨ ᠤ 20%᠂ 60%  ᠪᠠ 20% ᠪᠠᠷ ᠲᠤᠰ ᠲᠤᠰ ᠡᠵᠡᠯᠡᠭᠦᠯᠥᠨ ᠲᠤᠭᠳᠠᠭᠠᠨ᠎ᠠ᠃     ᠲᠥᠷᠪᠡ᠂ ᠬᠢᠨᠠᠨ ᠵᠢᠯᠤᠭᠤᠳᠴᠤ ᠥᠨᠡᠯᠡᠨ ᠵᠢᠱᠢᠭᠦ ᠱᠠᠭᠠᠷᠳᠠᠯᠭ᠎ᠠ     ︵ᠨᠢᠭᠡ︶ ᠭᠡᠥᠭᠡᠳ ᠤᠨ ᠴᠡᠴᠡᠷᠯᠢᠭ ᠤᠳ ᠡᠷᠭᠡᠪᠰᠢ 2018 ᠤᠨ ᠤ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠢᠯᠡᠷᠡᠭᠦᠯᠥᠭᠰᠡᠨ ᠤᠷᠤᠰᠢᠵᠤ ᠪᠤᠢ ᠠᠰᠠᠭᠤᠳᠠᠯ ᠤᠳ ᠢ ᠬᠢᠨᠠᠮᠠᠭᠠᠢ ᠴᠡᠭᠴᠡᠯᠡᠨ ᠵᠠᠯᠠᠷᠠᠭᠤᠯᠤᠭᠰᠠᠨ ᠪᠠᠶᠢᠬᠤ ᠪᠥᠭᠡᠳ ᠴᠡᠭᠴᠡᠯᠡᠯᠳᠡ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠢᠶᠠᠨ ᠲᠤᠰ ᠵᠢᠯ ᠤᠨ ᠶᠡᠷᠥᠩᠭᠡᠶᠢᠯᠡᠭᠰᠡᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠳᠤ ᠪᠠᠭᠳᠠᠭᠠᠭᠰᠠᠨ ᠪᠠᠶᠢᠬᠤ ᠭᠡᠷᠡᠭᠳᠡᠢ᠃ ᠴᠡᠭᠴᠡᠯᠡᠨ ᠵᠠᠯᠠᠷᠠᠭᠤᠯᠤᠭᠰᠠᠨ ᠪᠠᠶᠢᠴᠠᠭᠠᠯᠳᠠ ᠶᠢᠨ ᠮᠠᠲ᠋ᠧᠷᠢᠶᠡᠯ ᠢᠶᠠᠨ ᠬᠢᠨᠠᠨ ᠵᠢᠯᠤᠭᠤᠳᠬᠤ ᠲᠠᠰᠤᠭ ᠲᠤ ᠮᠡᠳᠡᠭᠦᠯᠭᠦ ᠭᠡᠷᠡᠭᠳᠡᠢ᠃     ︵ᠬᠤᠶᠠᠷ︶ ᠭᠡᠥᠭᠡᠳ ᠤᠨ ᠴᠡᠴᠡᠷᠯᠢᠭ ᠤᠳ ᠡᠷᠭᠡᠪᠰᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠶᠢᠨ ᠲᠥᠰᠥᠯ ᠢ ᠰᠠᠶᠢᠳᠤᠷ ᠰᠤᠳᠤᠯᠤᠨ ᠬᠢᠨᠠᠮᠠᠭᠠᠢ ᠵᠠᠳᠠᠯᠵᠤ᠂ ᠭᠥᠮᠥᠵᠢᠯ ᠵᠢᠯᠤᠭᠤᠳᠤᠯᠭ᠎ᠠ ᠶᠢᠨ ᠠᠵᠢᠯ ᠠᠴᠠ ᠭᠥᠷᠳᠡᠭᠰᠡᠨ ᠵᠥᠢᠯ ᠢᠶᠠᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠵᠢᠯ ᠲᠤᠮᠳᠠ ᠲᠤᠤᠱᠯᠠᠭᠤᠯᠤᠨ ᠬᠡᠷᠡᠭᠵᠢᠭᠦᠯᠭᠦ ᠬᠡᠷᠡᠭᠳᠡᠢ᠃     ᠲᠠᠪᠤ᠂ ᠬᠢᠨᠠᠨ ᠰᠢᠯᠭᠠᠯᠳᠠ ᠶᠢᠨ ᠥᠷ᠎ᠡ ᠳ᠋ᠥᠩ ᠤᠨ ᠠᠰᠢᠭᠯᠠᠯᠳᠠ     ︵ᠨᠢᠭᠡ︶ ᠭᠡᠥᠭᠡᠳ ᠤᠨ ᠴᠡᠴᠡᠷᠯᠢᠭ ᠤᠳ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠲᠠᠭᠤᠰᠤᠭᠰᠠᠨ  ᠤ ᠲᠠᠷᠠᠭ᠎ᠠ ᠥᠨᠡᠯᠡᠭᠰᠡᠨ ᠬᠤᠪᠢ ᠶᠢ ᠨᠢ ᠤᠯᠭᠤᠵᠤ᠂ ᠬᠢᠨᠠᠨ ᠵᠢᠯᠤᠭᠤᠳᠤᠭᠰᠠᠨ ᠮᠡᠳᠡᠭᠦᠯᠥᠯᠳᠡ ᠪᠢᠴᠢᠵᠤ ᠬᠢᠨᠠᠨ ᠵᠢᠯᠤᠭᠤᠳᠤᠭᠰᠠᠨ ᠥᠷ᠎ᠡ ᠳ᠋ᠥᠩ ᠢᠶᠠᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠭᠦ ᠶᠢᠨ ᠬᠠᠮᠳᠤ   ︽ᠰᠤᠷᠭᠠᠨ ᠭᠥᠮᠥᠵᠢᠯ ᠤᠨ ᠬᠢᠨᠠᠨ ᠵᠢᠯᠤᠭᠤᠳᠤᠭᠰᠠᠨ ᠮᠡᠳᠡᠭᠦᠯᠥᠯᠳᠡ ᠶᠢ ᠨᠡᠶᠢᠳᠡᠯᠡᠭᠦ ᠲᠥᠷ ᠭᠡᠷᠡᠭᠵᠢᠭᠦᠯᠭᠦ ᠠᠷᠭ᠎ᠠ︾  ᠶᠢᠨ ᠶᠤᠰᠤᠭᠠᠷ ᠨᠡᠶᠢᠭᠡᠮ ᠨᠡᠶᠢᠳᠡ ᠳᠤ ᠢᠯᠡᠰᠢᠭᠦᠯᠥᠨ᠎ᠡ᠃     ︵ᠬᠤᠶᠠᠷ︶ ᠬᠢᠨᠠᠨ ᠵᠢᠯᠤᠭᠤᠳᠤᠭᠰᠠᠨ ᠥᠷ᠎ᠡ ᠳ᠋ᠥᠩ ᠢ ᠰᠤᠷᠭᠠᠭᠤᠯᠢ ᠨᠢᠭᠡᠴᠡ ᠶᠢ ᠰᠢᠯᠢᠳᠡᠭ ᠲᠡᠷᠢᠭᠦᠨ ᠢᠶᠠᠷ ᠰᠤᠩᠭᠤᠬᠤ ᠠᠵᠢᠯ ᠳᠤ ᠭᠤᠤᠯᠳᠠᠯᠭᠠᠳᠤ ᠥᠨᠳᠥᠰᠥᠯᠡᠯ ᠪᠤᠯᠭᠠᠨ ᠠᠰᠢᠭᠯᠠᠨ᠎ᠠ︔ ᠴᠡᠴᠡᠷᠯᠢᠭ ᠤᠨ ᠵᠠᠬᠢᠷᠤᠯ ᠤᠳ ᠢ ᠱᠠᠩᠨᠠᠨ ᠭᠥᠭᠢᠭᠦᠯᠭᠦ ᠠᠵᠢᠯ ᠳᠤ ᠭᠤᠤᠯᠳᠠᠯᠭᠠᠳᠤ ᠥᠨᠳᠥᠰᠥᠯᠡᠯ ᠪᠤᠯᠭᠠᠨ ᠠᠰᠢᠭᠯᠠᠨ᠎ᠠ᠃     ︵ᠭᠤᠷᠪᠠ︶ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠭᠤᠷᠪᠠᠨ ᠵᠢᠯ ᠲᠠᠷᠠᠭᠠᠯᠠᠨ ᠨᠢᠭᠡᠳᠥᠭᠡᠷ ᠲᠡᠰ  ᠲᠤ ᠲᠤᠳᠤᠷᠠᠭᠰᠠᠨ ᠴᠡᠴᠡᠷᠯᠢᠭ ᠤᠨ ᠵᠠᠬᠢᠷᠤᠯ ᠳᠤ ᠰᠢᠯᠢᠳᠡᠭ ᠵᠠᠬᠢᠷᠤᠯ ᠤᠨ ᠢᠷᠠᠭᠤ ᠠᠯᠳᠠᠷ ᠢ ᠭᠥᠷᠳᠡᠭᠡᠨ᠎ᠡ᠃     ︵ᠲᠥᠷᠪᠡ︶ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠲᠤᠰ ᠵᠢᠯ ᠳᠤ ᠠᠳᠠᠭ ᠲᠤ ᠵᠢᠭᠰᠠᠭᠰᠠᠨ ᠰᠤᠷᠭᠠᠭᠤᠯᠢ ᠴᠡᠴᠡᠷᠯᠢᠭ ᠤᠨ ᠬᠠᠷᠢᠭᠤᠴᠠᠯᠭᠠᠳᠠᠳ ᠢ ᠲᠤᠰᠬᠠᠢ ᠲᠠᠭᠤᠳᠠᠨ ᠶᠠᠷᠢᠯᠴᠠᠭ᠎ᠠ ᠬᠢᠨ᠎ᠡ︔ ᠲᠠᠷᠠᠭᠠᠯᠠᠨ ᠬᠤᠶᠠᠷ ᠵᠢᠯ ᠠᠳᠠᠭ ᠲᠤ ᠵᠢᠭᠰᠠᠭᠰᠠᠨ ᠰᠤᠷᠭᠠᠭᠤᠯᠢ ᠴᠡᠴᠡᠷᠯᠢᠭ ᠤᠨ ᠵᠠᠬᠢᠷᠤᠯ ᠠᠴᠠ ᠬᠠᠷᠢᠭᠤᠴᠠᠯᠭ᠎ᠠ ᠠᠰᠠᠭᠤᠨ᠎ᠠ︔ ᠲᠠᠷᠠᠭᠠᠯᠠᠨ ᠭᠤᠷᠪᠠᠨ ᠵᠢᠯ  ᠠᠳᠠᠭ ᠲᠤ ᠵᠢᠭᠰᠠᠭᠰᠠᠨ ᠰᠤᠷᠭᠠᠭᠤᠯᠢ ᠴᠡᠴᠡᠷᠯᠢᠭ ᠤᠨ ᠵᠠᠬᠢᠷᠤᠯ ᠢ ᠨᠡᠶᠢᠳᠡᠯᠡᠨ ᠰᠢᠭᠦᠮᠵᠢᠯᠡᠨ ᠶᠢᠨ ᠬᠠᠮᠳᠤ ᠲᠤᠰᠢᠶᠠᠯ ᠳᠤ ᠲᠤᠮᠢᠯᠠᠬᠤ ᠠᠵᠢᠯ ᠳᠤ ᠰᠠᠨᠠᠯ ᠭᠠᠷᠠᠭᠠᠨ᠎ᠠ᠃     ︵ᠲᠠᠪᠤ︶ ᠴᠡᠴᠡᠷᠯᠢᠭ ᠤᠳ ᠤᠨ ᠥᠭᠡᠷᠡᠴᠢᠯᠡᠯᠳᠡ ᠰᠢᠨᠡᠴᠢᠯᠡᠯᠳᠡ ᠥᠷᠨᠢᠭᠦᠯᠭᠦ ᠪᠠ ᠤᠨᠴᠠᠯᠢᠭᠳᠤ ᠭᠥᠮᠥᠵᠢᠯ ᠬᠢᠭᠦ ᠢᠳᠡᠪᠬᠢᠵᠢᠯ ᠢ ᠲᠠᠶᠢᠴᠢᠯᠠᠬᠤ ᠶᠢᠨ ᠲᠥᠯᠥᠭᠡᠨ᠎ᠡ᠂ ᠰᠤᠷᠭᠠᠭᠤᠯᠢ ᠴᠡᠴᠡᠷᠯᠢᠭ ᠤᠨ ᠲᠤᠰ ᠵᠢᠯ ᠤᠨ ᠭᠤᠴᠤ ᠤᠨᠴᠠᠯᠢᠭ ᠲᠠᠢ ᠪᠥᠭᠡᠳ ᠲᠤᠪᠤᠶᠢᠮ᠎ᠠ ᠪᠥᠳᠥᠭᠡᠯ ᠲᠠᠢ ᠠᠵᠢᠯ ᠳᠤ ᠬᠠᠨᠳᠤᠭᠤᠯᠤᠨ ᠬᠢᠨᠠᠨ ᠰᠢᠯᠭᠠᠬᠤ ᠲᠤᠭᠤᠶᠢᠯᠠᠩ  ᠤᠨ ᠬᠢᠨ ᠬᠠᠮᠳᠤ ᠪᠠᠷ ᠬᠠᠷᠭᠤᠭᠤᠯᠤᠨ ᠬᠠᠷᠢᠴᠠᠭᠤᠯᠵᠤ ᠰᠤᠳᠤᠯᠤᠨ ᠶᠠᠷᠢᠯᠴᠠᠭᠠᠳ ᠥᠨᠡᠨ ᠭᠦ ᠨᠥᠭᠦᠴᠡᠯ ᠳᠤ ᠨᠡᠶᠢᠴᠡᠭᠦ ᠲᠥᠪᠰᠢᠨ ᠳᠤ ᠭᠥᠷᠥᠭᠰᠡᠨ ᠪᠤᠯ ᠤᠨᠴᠠᠯᠢᠭᠳᠤ ᠭᠥᠮᠥᠵᠢᠯ ᠤᠨ ᠬᠤᠪᠢ ᠭᠡᠮᠡᠨ 0.1 — 1.5 ᠬᠤᠪᠢ  ᠶᠢ ᠶᠡᠷᠥᠩᠭᠡᠢ ᠬᠤᠪᠢ ᠳᠤ ᠨᠡᠮᠡᠨ᠎ᠡ ︵ᠨᠡᠮᠡᠯᠳᠡ ᠬᠤᠪᠢ ᠶᠢᠨ ᠮᠠᠲ᠋ᠧᠷᠢᠶᠡᠯ ᠳᠤ ᠡᠷᠭᠡᠪᠰᠢ ᠪᠢᠴᠢᠭ ᠵᠥᠢᠯ᠂ ᠵᠢᠷᠤᠭ ᠲᠥᠷᠰᠤ᠂ ᠸᠢᠳᠢᠤ᠋ ᠰᠢᠩᠭᠡᠭᠡᠯᠳᠡ᠂ ᠥᠨᠡᠮᠯᠡᠭᠦ ᠪᠢᠴᠢᠭ ᠵᠡᠷᠭᠡ ᠮᠠᠲ᠋ᠧᠷᠢᠶᠡᠯ ᠰᠡᠯᠳᠡ ᠪᠠᠶᠢᠬᠤ ᠭᠡᠷᠡᠭᠳᠡᠢ ᠪᠤᠶᠤ ᠠᠬᠤᠢ ᠲᠠᠯᠠᠪᠤᠷ ᠥᠵᠡᠭᠦᠯᠥᠨ ᠲᠠᠨᠢᠯᠴᠠᠭᠤᠯᠤᠭᠰᠠᠨ ᠪᠠᠶᠢᠬᠤ ᠭᠡᠷᠡᠭᠳᠡᠢ︶᠃     ᠵᠢᠷᠭᠤᠭ᠎ᠠ᠂ ᠬᠤᠪᠢ ᠬᠠᠰᠤᠬᠤ ᠪᠤᠶᠤ ᠥᠭᠡᠶᠢᠰᠭᠡᠭᠦ ᠲᠤᠬᠠᠢ ᠠᠭᠤᠯᠭ᠎ᠠ     ᠲᠤᠤᠷᠠᠬᠢ ᠥᠵᠡᠭᠳᠡᠯ ᠠᠴᠠ ᠨᠢᠭᠡ ᠠᠭᠤᠯᠭ᠎ᠠ ᠢᠯᠡᠷᠡᠭᠦ ᠳᠤ ᠭᠥᠷᠪᠡᠯ ᠵᠢᠯ ᠤᠨ ᠬᠢᠨᠠᠨ ᠵᠢᠯᠤᠭᠤᠳᠤᠯᠭ᠎ᠠ ᠶᠢᠨ ᠶᠡᠷᠥᠩᠭᠡᠢ ᠬᠤᠪᠢ ᠠᠴᠠ 5 — 20 ᠬᠤᠪᠢ ᠬᠠᠰᠤᠬᠤ ᠪᠥᠭᠡᠳ ᠪᠠᠶᠢᠳᠠᠯ ᠨᠢ ᠨᠤᠴᠢᠳᠠᠢ ᠨᠥᠯᠥᠭᠡ ᠲᠤᠰᠬᠠᠯ ᠶᠡᠭᠡᠳᠡᠢ ᠪᠤᠯ ᠲᠤᠰ ᠵᠢᠯ ᠬᠢᠨᠠᠨ ᠵᠢᠯᠤᠭᠤᠳᠤᠯᠭ᠎ᠠ ᠶᠢᠨ ᠠᠵᠢᠯ ᠤᠨ ᠪᠥᠳᠥᠮᠵᠢ ᠶᠢ ᠨᠢ ᠨᠢᠭᠡ ᠪᠢᠯᠧᠲ ᠢᠶᠠᠷ ᠥᠭᠡᠶᠢᠰᠭᠡᠨ᠎ᠡ᠃     ︵ᠨᠢᠭᠡ︶ ᠭᠡᠥᠭᠡᠳ ᠤᠨ ᠴᠡᠴᠡᠷᠯᠢᠭ ᠲᠤ ᠭᠥᠨᠳᠥ ᠨᠤᠴᠢᠳᠠᠢ ᠠᠮᠤᠷ ᠲᠥᠪᠰᠢᠨ ᠤ ᠬᠡᠨᠡᠳᠡᠯ ᠤᠨ ᠤᠴᠢᠷ ᠡᠭᠦᠰᠥᠭᠰᠡᠨ︔     ︵ᠬᠤᠶᠠᠷ︶ ᠭᠡᠥᠭᠡᠳ ᠤᠨ ᠴᠡᠴᠡᠷᠯᠢᠭ ᠤᠨ ᠤᠳᠤᠷᠢᠳᠬᠤ ᠪᠠᠭ ᠪᠤᠶᠤ ᠤᠳᠤᠷᠢᠳᠬᠤ ᠪᠠᠭ ᠤᠨ ᠪᠥᠷᠢᠯᠳᠥᠭᠦᠨ ᠰᠤᠷᠭᠠᠭᠤᠯᠢ ᠡᠷᠬᠢᠯᠡᠭᠦ ᠠᠵᠢᠯ ᠲᠤᠮᠳᠠ ᠲᠥᠷᠢᠮ ᠲᠤᠭᠳᠠᠭᠠᠯ ᠵᠥᠷᠢᠴᠡᠭᠰᠡᠨ ᠤᠴᠢᠷ ᠭᠠᠷᠭᠠᠭᠰᠠᠨ ᠡᠰᠡᠭᠦᠯ᠎ᠡ ᠡᠨᠡ ᠲᠤᠳᠤᠷᠠᠬᠢ ᠬᠤᠪᠢ ᠭᠥᠮᠥᠨ ᠰᠠᠬᠢᠯᠭ᠎ᠠ ᠡᠪᠳᠡᠭᠰᠡᠨ ᠤᠯᠠᠮ ᠢᠶᠠᠷ ᠨᠡᠶᠢᠳᠡ ᠳᠤ ᠰᠢᠭᠦᠮᠵᠢᠯᠡᠭᠦᠯᠥᠭᠰᠡᠨ ᠪᠥᠭᠡᠳ ᠨᠠᠮ ᠵᠠᠰᠠᠭ ᠤᠨ ᠰᠢᠢᠳᠭᠡᠯ ᠭᠥᠯᠢᠶᠡᠭᠰᠡᠨ︔     ︵ᠭᠤᠷᠪᠠ︶ ᠴᠡᠴᠡᠷᠯᠢᠭᠴᠢᠳ ᠤᠨ ᠡᠩᠨᠡᠭᠡᠨ ᠲᠤᠳᠤᠷ᠎ᠠ ᠠᠴᠠ ᠠᠯᠢ ᠨᠢᠭᠡ ᠨᠢ ᠪᠠᠭᠰᠢ ᠶᠢᠨ ᠶᠤᠰᠤ ᠰᠤᠷᠳᠠᠬᠤᠨ ᠠᠴᠠ ᠲᠡᠷᠰᠯᠡᠭᠰᠡᠨ ᠥᠢᠯᠡ ᠠᠵᠢᠯᠯᠠᠭ᠎ᠠ ᠬᠢᠵᠤ᠂ ᠮᠠᠭᠤ ᠨᠥᠯᠥᠭᠡ ᠲᠤᠰᠬᠠᠯ ᠭᠠᠷᠭᠠᠭᠰᠠᠨ︔     ︵ᠲᠥᠷᠪᠡ︶ ᠲᠡᠭᠡᠳᠤ ᠱᠠᠳᠤᠨ ᠤ ᠬᠢᠨᠠᠨ ᠵᠢᠯᠤᠭᠤᠳᠤᠯᠭ᠎ᠠ ᠶᠢᠨ ᠲᠤᠮᠳᠠ ᠠᠰᠠᠭᠤᠳᠠᠯ ᠢᠯᠡᠷᠡᠭᠰᠡᠨ ᠪᠥᠭᠡᠳ ᠡᠭᠦᠨ ᠢᠶᠠᠨ ᠲᠠᠮᠵᠢᠨ ᠵᠤᠬᠢᠬᠤ ᠭᠡᠪᠴᠢᠶᠡᠨ ᠤ ᠠᠵᠢᠯ ᠢ ᠨᠥᠯᠥᠭᠡᠯᠡᠭᠰᠡᠨ︔     ︵ᠲᠠᠪᠤ︶ ᠪᠤᠰᠤᠳ ᠠᠯᠢᠪᠠ ᠮᠠᠭᠤ ᠲᠤᠰᠬᠠᠯ ᠪᠥᠭᠦᠢ ᠭᠡᠷᠡᠭ ᠤᠴᠢᠷ ᠡᠭᠦᠰᠭᠡᠭᠰᠡᠨ ᠪᠥᠭᠡᠳ ᠨᠥᠯᠥᠭᠡ ᠲᠤᠰᠬᠠᠯ ᠮᠠᠭᠤ ᠪᠤᠯᠤᠭᠰᠠᠨ᠃     ᠲᠤᠯᠤᠭ᠎ᠠ᠂ ᠲᠤᠳᠤᠷᠬᠠᠶᠢᠯᠠᠯᠳᠠ      ᠲᠤᠰ ︽ᠲᠥᠰᠥᠯ︾ ᠤᠨ ᠠᠭᠤᠯᠭ᠎ᠠ ᠶᠢ ᠤᠳᠤᠭ ᠤᠨ ᠡᠮᠥᠨᠡᠳᠤ ᠬᠤᠰᠢᠭᠤᠨ ᠤ ᠰᠤᠷᠭᠠᠨ ᠭᠥᠮᠥᠵᠢᠯ ᠪᠡᠶ᠎ᠡ  ᠶᠢᠨ ᠲᠠᠮᠢᠷ ᠤᠨ ᠲᠤᠪᠴᠢᠶ᠎ᠠ᠂ ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ ᠠᠴᠠ ᠲᠠᠶᠢᠯᠪᠤᠷᠢᠯᠠᠯ ᠬᠢᠨ᠎ᠡ᠃     ᠲᠠᠭᠠᠯᠳᠤᠭᠤᠯᠤᠯ᠄  2019  ᠤᠨ ᠤ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠤᠨ ᠴᠡᠴᠡᠷᠯᠢᠭ ᠤᠨ ᠰᠤᠷᠭᠠᠨ ᠭᠥᠮᠥᠵᠢᠯ ᠤᠨ ᠠᠵᠢᠯ ᠢ ᠬᠢᠨᠠᠨ ᠵᠢᠯᠤᠭᠤᠳᠴᠤ ᠥᠨᠡᠯᠡᠨ ᠵᠢᠱᠢᠭᠦ ᠭᠥᠢᠴᠡᠳᠭᠡᠯ     ᠲᠠᠭᠠᠯᠳᠤᠭᠤᠯᠤᠯ     2019 ᠤᠨ ᠤ ᠤᠳᠤᠭ ᠤᠨ ᠡᠮᠥᠨᠡᠳᠤ ᠬᠤᠰᠢᠭᠤᠨ ᠤ ᠬᠡᠥᠭᠡᠳ ᠤᠨ ᠴᠡᠴᠡᠷᠯᠢᠭ ᠤᠳ᠂ ᠠᠩᠬᠠᠨ ᠤ ᠭᠥᠮᠥᠵᠢᠯ ᠤᠨ ᠲᠥᠪ ᠤᠨ ᠰᠤᠷᠭᠠᠨ ᠭᠥᠮᠥᠵᠢᠯ ᠤᠨ ᠠᠵᠢᠯ ᠢ ᠬᠢᠨᠠᠨ ᠵᠢᠯᠤᠭᠤᠳᠴᠤ ᠥᠨᠡᠯᠡᠨ ᠵᠢᠱᠢᠭᠦ ᠭᠥᠢᠴᠡᠳᠭᠡᠯ  ︵100 ᠬᠤᠪᠢ︶     ᠨᠢᠭᠡᠳᠥᠭᠡᠷ ᠲᠡᠰ ᠤᠨ ᠭᠥᠢᠴᠡᠳᠭᠡᠯ᠄     A1 ᠬᠠᠤᠯᠢ ᠴᠠᠭᠠᠵᠠ ᠶᠤᠰᠤᠭᠠᠷ ᠲᠥᠷᠢᠮᠵᠢᠯᠳᠠᠢ ᠪᠠᠷ ᠴᠡᠴᠡᠷᠯᠢᠭ ᠡᠷᠬᠢᠯᠡᠭᠰᠡᠨ  ︵9 ᠬᠤᠪᠢ︶     A2 ᠪᠠᠭᠰᠢ ᠶᠢᠨ ᠡᠩᠨᠡᠭᠡᠨ ᠤ ᠪᠠᠶᠢᠭᠤᠯᠤᠯᠳᠠ ︵8 ᠬᠤᠪᠢ︶     A3 ᠰᠤᠷᠭᠠᠨ ᠭᠥᠮᠥᠵᠢᠯ ᠵᠢᠭᠠᠨ ᠰᠤᠷᠭᠠᠯᠳᠠ ᠶᠢᠨ ᠬᠠᠮᠢᠶᠠᠷᠤᠯᠳᠠ ︵53 ᠬᠤᠪᠢ︶     A4 ᠰᠤᠷᠭᠠᠨ ᠭᠥᠮᠥᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠭᠤᠤᠯᠳᠠᠯᠭᠠᠳᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ︵ 30 ᠬᠤᠪᠢ︶     ᠬᠤᠶᠠᠳᠤᠭᠠᠷ ᠲᠡᠰ ᠤᠨ ᠭᠥᠢᠴᠡᠳᠭᠡᠯ     B1 ᠭᠡᠥᠭᠡᠳ ᠤᠨ ᠴᠡᠴᠡᠷᠯᠢᠭ ᠤᠨ ᠬᠠᠤᠯᠢ ᠶᠤᠰᠤᠭᠠᠷ ᠴᠡᠴᠡᠷᠯᠢᠭ ᠡᠷᠬᠢᠯᠡᠭᠰᠡᠨ ᠪᠠᠶᠢᠳᠠᠯ ︵9 ᠬᠤᠪᠢ︶     B2 ᠡᠩᠨᠡᠭᠡᠨ ᠤ ᠪᠠᠶᠢᠭᠤᠯᠤᠯᠳᠠ ︵2 ᠬᠤᠪᠢ︶     B3 ᠪᠠᠭᠰᠢ ᠶᠢᠨ ᠶᠤᠰᠤ ᠰᠤᠷᠳᠠᠬᠤᠨ ︵3 ᠬᠤᠪᠢ︶     B4 ᠡᠯ᠎ᠡ ᠲᠥᠷᠥᠯ ᠤᠨ ᠪᠤᠯᠪᠠᠰᠤᠷᠠᠯ ︵3 ᠬᠤᠪᠢ︶     B5 ᠵᠢᠭᠠᠨ ᠰᠤᠳᠤᠯᠬᠤ ᠠᠵᠢᠯ ︵4 ᠬᠤᠪᠢ︶     B6 ᠬᠢᠴᠢᠶᠡᠯ ᠲᠥᠷᠥᠯ ᠤᠨ ᠲᠤᠬᠢᠷᠠᠭᠤᠯᠤᠯᠳᠠ ︵2 ᠬᠤᠪᠢ︶     B7 ᠠᠰᠠᠷᠠᠵᠤ ᠭᠥᠮᠥᠵᠢᠭᠦᠯᠭᠦ ᠠᠷᠭ᠎ᠠ ᠪᠠᠷᠢᠯ ︵2 ᠬᠤᠪᠢ︶     B8 ᠵᠢᠭᠠᠨ ᠰᠤᠷᠭᠠᠯᠳᠠ ᠶᠢᠨ ᠥᠨᠡᠯᠡᠯᠳᠡ ︵2 ᠬᠤᠪᠢ︶     B9 ᠤᠳᠤ ᠥᠶ᠎ᠡ ᠶᠢᠨ ᠵᠢᠭᠠᠨ ᠰᠤᠷᠭᠠᠯᠳᠠ ᠶᠢᠨ ᠮᠡᠷᠭᠡᠵᠢᠯ ︵4 ᠬᠤᠪᠢ︶     B10 ᠲᠠᠮᠢᠷ ᠡᠷᠡᠭᠦᠯ ᠬᠠᠮᠠᠭᠠᠯᠠᠯ ᠤᠷᠠᠯᠢᠭ ︵5 ᠬᠤᠪᠢ︶     B11 ᠶᠤᠰᠤ ᠰᠤᠷᠳᠠᠬᠤᠨ ᠤ ᠭᠥᠮᠥᠵᠢᠯ ᠤᠨ ᠠᠵᠢᠯᠯᠠᠭ᠎ᠠ ︵4 ᠬᠤᠪᠢ︶     B12 ᠰᠤᠷᠤᠭᠴᠢ ᠢ ᠲᠤᠰᠠᠯᠠᠨ ᠲᠡᠮᠵᠢᠭᠦ ᠠᠵᠢᠯ ︵5 ᠬᠤᠪᠢ︶     B13 ᠴᠡᠴᠡᠷᠯᠢᠭ ᠤᠨ ᠭᠥᠷᠢᠶᠡᠨ ᠤ ᠰᠤᠶᠤᠯ ᠤᠨ ᠪᠠᠶᠢᠭᠤᠯᠤᠯᠳᠠ ︵3 ᠬᠤᠪᠢ︶     B14 ᠥᠨᠳᠥᠰᠥᠳᠡᠨ ᠤ ᠪᠥᠯᠭᠦᠮᠳᠡᠯ ᠤᠨ ᠭᠥᠮᠥᠵᠢᠯ ︵2 ᠬᠤᠪᠢ︶     B15 ᠠᠮᠤᠷ ᠲᠥᠪᠰᠢᠨ ᠤ ᠠᠵᠢᠯ ︵12 ᠬᠤᠪᠢ︶     B16 ᠥᠭᠡ ᠭᠡᠯᠡ ᠥᠰᠥᠭ ᠪᠢᠴᠢᠭ ᠤᠨ ᠠᠵᠢᠯ ︵8 ᠬᠤᠪᠢ︶     B17 ᠨᠠᠮ ᠤᠨ ᠪᠠᠶᠢᠭᠤᠯᠤᠯᠳᠠ ᠶᠢᠨ ᠠᠵᠢᠯ ︵7 ᠬᠤᠪᠢ︶     B18 ᠴᠢᠮᠡᠭᠡ ᠵᠠᠩᠬᠢ ᠶᠢᠨ ᠮᠡᠳᠡᠭᠦᠯᠥᠯᠳᠡ ︵4 ᠬᠤᠪᠢ︶     B19 ᠥᠪᠡᠷᠳᠡᠭᠡᠨ ᠥᠨᠡᠯᠡᠨ ᠵᠢᠱᠢᠭᠦ ᠠᠵᠢᠯ ᠤᠨ ᠪᠠᠶᠢᠭᠤᠯᠤᠯᠳᠠ ︵7 ᠬᠤᠪᠢ︶     B20 ᠭᠥᠮᠥᠵᠢᠯ ᠰᠤᠷᠭᠠᠯᠳᠠ ᠶᠢᠨ ᠴᠢᠨᠠᠷᠵᠢᠯ ᠤᠨ ᠤᠨ ᠤ ᠪᠠᠶᠢᠭᠤᠯᠤᠯᠳᠠ ︵4 ᠬᠤᠪᠢ︶     B21 ᠴᠡᠴᠡᠷᠯᠢᠭ ᠬᠤᠭᠤᠷᠤᠨᠳᠥᠬᠢ ᠰᠤᠯᠢᠯᠴᠠᠭ᠎ᠠ ᠶᠢᠨ ᠠᠵᠢᠯ ︵3 ᠬᠤᠪᠢ︶     B22 ᠥᠭᠡᠷᠡᠴᠢᠯᠡᠯᠳᠡ ᠴᠡᠭᠴᠡᠯᠡᠯᠳᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ︵5 ᠬᠤᠪᠢ︶     ᠥᠨᠡᠯᠡᠨ ᠵᠢᠱᠢᠭᠦ ᠠᠵᠢᠯ ᠤᠨ ᠭᠤᠤᠯᠳᠠᠯᠭ᠎ᠠ ᠵᠤᠷᠪᠤᠰᠯᠠᠯ᠄     C1 ᠰᠢᠨ᠎ᠡ ᠪᠠᠷ ᠵᠠᠰᠠᠯᠳᠠ ᠬᠢᠭᠰᠡᠨ ︽ᠭᠡᠥᠭᠡᠳ ᠤᠨ ᠴᠡᠴᠡᠷᠯᠢᠭ ᠤᠨ ᠠᠵᠢᠯ ᠤᠨ ᠲᠥᠷᠢᠮᠵᠢᠯ︾ ᠤᠨ ᠲᠤᠭᠳᠠᠭᠠᠯ ᠶᠤᠰᠤᠭᠠᠷ ᠰᠤᠷᠤᠭᠴᠢ ᠡᠯᠰᠡᠭᠦ᠂ ᠵᠠᠷᠤᠳᠠᠯ ᠬᠤᠷᠢᠶᠠᠬᠤ᠂ ᠬᠠᠮᠢᠶᠠᠷᠤᠯᠳᠠ ᠬᠢᠭᠦ ᠪᠠ ᠠᠰᠠᠷᠠᠵᠤ ᠭᠥᠮᠥᠵᠢᠭᠦᠯᠭᠦ ᠠᠵᠢᠯ ᠢ ᠲᠥᠷᠢᠮᠵᠢᠭᠦᠯᠥᠭᠰᠡᠨ ᠪᠠᠶᠢᠬᠤ︔ ᠪᠠᠭᠰᠢ ᠰᠤᠷᠤᠭᠴᠢᠳ ᠤᠨ ᠲᠠᠩᠰᠠ ᠡᠪᠭᠡᠮᠨᠯ ᠪᠥᠷᠢᠨ ᠪᠠᠶᠢᠬᠤ︔ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠳᠠ ᠶᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠴᠤ᠂ ᠰᠢᠨᠵᠢᠯᠡᠭᠦ ᠤᠬᠠᠭᠠᠨᠴᠢ ᠪᠠᠷ ᠠᠰᠠᠷᠠᠵᠤ ᠭᠥᠮᠥᠵᠢᠭᠦᠯᠥᠨ᠂ ᠪᠠᠭ᠎ᠠ ᠰᠤᠷᠭᠠᠭᠤᠯᠢ ᠮᠡᠳᠤ ᠭᠡᠯᠪᠡᠷᠢᠵᠢᠭᠰᠡᠨ ᠪᠠᠶᠢᠳᠠᠯ ᠢᠯᠡᠷᠡᠭᠰᠡᠨ ᠥᠭᠡᠢ ᠪᠠᠶᠢᠬᠤ᠃     C2 ︽ᠤᠷᠳᠤᠰ ᠬᠤᠳᠠ ᠶᠢᠨ ᠭᠡᠥᠭᠡᠳ ᠤᠨ ᠴᠡᠴᠡᠷᠯᠢᠭ ᠤᠨ ᠲᠤᠷᠰᠢᠯᠭ᠎ᠠ ᠰᠤᠯᠢᠯᠴᠠᠬᠤ ᠠᠵᠢᠯ ᠤᠨ ᠭᠡᠷᠡᠭᠵᠢᠭᠦᠯᠭᠦ ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠬᠤ︔ ᠱᠠᠭᠠᠷᠳᠠᠯᠭ᠎ᠠ ᠶᠤᠰᠤᠭᠠᠷ ᠲᠤᠷᠰᠢᠯᠭ᠎ᠠ ᠰᠤᠯᠢᠯᠴᠠᠬᠤ ᠭᠥᠮᠥᠨ ᠢ ᠰᠤᠩᠭᠤᠨ ᠲᠤᠮᠢᠯᠠᠬᠤ ᠪᠠ ᠭᠥᠯᠢᠶᠡᠨ ᠠᠪᠬᠤ ᠶᠢ ᠠᠩᠬᠠᠷᠤᠨ ᠲᠤᠰ ᠠᠵᠢᠯ ᠢ ᠠᠵᠢᠯ ᠰᠠᠶᠢᠳᠤᠷ ᠬᠢᠵᠤ ︵2  ᠬᠤᠪᠢ︶ ᠲᠥᠯᠥᠪᠯᠡᠭᠡ ᠵᠤᠬᠢᠶᠠᠨ ᠪᠠᠶᠢᠭᠤᠯᠤᠯᠳᠠ ᠲᠠᠢ ᠪᠠᠷ ᠰᠤᠷᠤᠯᠴᠠᠯᠭ᠎ᠠ ᠪᠤᠯᠪᠠᠰᠤᠷᠠᠯ ᠥᠷᠨᠢᠭᠦᠯᠥᠭᠰᠡᠨ ᠪᠠᠶᠢᠬᠤ᠃     C3 ︽0 — 3 ᠨᠠᠰᠤᠨ ᠤ ᠭᠡᠥᠭᠡᠳ ᠤᠨ ᠠᠩᠬᠠᠨ ᠤ ᠬᠥᠮᠥᠵᠢᠯ ᠤᠨ ᠲᠤᠷᠰᠢᠯᠳᠠ ᠶᠢᠨ ᠴᠡᠭ ᠤᠨ ᠠᠵᠢᠯ ᠤᠨ ᠲᠤᠬᠠᠢ ᠤᠷᠳᠤᠰ ᠬᠤᠳᠠ ᠶᠢᠨ ᠰᠤᠷᠭᠠᠨ ᠭᠥᠮᠥᠵᠢᠯ ᠤᠨ ᠲᠤᠪᠴᠢᠶ᠎ᠠ ᠶᠢᠨ ᠮᠡᠳᠡᠭᠳᠡᠯ︾ ︵ᠤᠷᠳᠤᠰ ᠰᠤᠷᠭᠠᠨ ᠨᠢᠯᠬᠠᠰ ᠴᠡᠴᠡᠷᠯᠢᠭ ᠲᠠᠷᠬᠠᠭᠠᠭᠰᠠᠨ ﹇2014﹈ 2 ᠲᠤᠭᠠᠳᠤ︶ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠩᠬᠠᠨ ᠤ ᠭᠥᠮᠥᠵᠢᠯ ᠢ ᠢᠳᠡᠪᠬᠢᠳᠡᠢ ᠪᠥᠳᠥᠮᠵᠢᠳᠠᠢ ᠥᠷᠨᠢᠭᠦᠯᠥᠭᠰᠡᠨ ᠪᠠᠶᠢᠬᠤ︔ ᠠᠩᠬᠠᠨ  ᠤ ᠭᠥᠮᠥᠵᠢᠯ ᠤᠨ ᠲᠤᠷᠰᠢᠯᠳᠠ ᠶᠢᠨ ᠨᠢᠭᠡᠴᠡ ᠨᠡᠶᠢᠭᠡᠮ ᠲᠤᠭᠤᠷᠢᠭ ᠲᠤ ᠵᠠᠷᠤᠳᠠᠯ ᠥᠭᠡᠢ ᠪᠠᠷ ᠠᠳᠠᠭ ᠲᠤ ᠪᠠᠨ ᠬᠤᠶᠠᠷ ᠤᠳᠠᠭ᠎ᠠ ᠭᠥᠨᠵᠡᠭᠡᠶᠢᠷᠡᠵᠤ ᠵᠢᠭᠠᠨ ᠵᠢᠯᠤᠭᠤᠳᠤᠯᠭ᠎ᠠ ᠬᠢᠭᠰᠡᠨ ᠪᠠᠶᠢᠬᠤ︔ ᠭᠡᠥᠭᠡᠳ ᠤᠨ ᠴᠡᠴᠡᠷᠯᠢᠭ ᠤᠨ ᠲᠥᠷᠥᠯ ᠤᠨ ᠲᠡᠰ ᠢᠯᠭᠠᠯᠳᠤ ᠲᠤᠭᠳᠠᠭᠠᠯ ᠤᠨ ᠬᠠᠮᠢᠶ᠎ᠠ ᠪᠥᠭᠦᠢ ᠱᠠᠭᠠᠷᠳᠠᠯᠭ᠎ᠠ ᠶᠤᠰᠤᠭᠠᠷ ᠲᠥᠯᠥᠪᠯᠡᠭᠡ ᠲᠠᠢ ᠪᠠᠷ ᠠᠵᠢᠯ ᠥᠷᠨᠢᠭᠦᠯᠥᠭᠰᠡᠨ ᠪᠠᠶᠢᠬᠤ︔ ᠠᠷᠠᠳ ᠠᠴᠠ ᠡᠷᠬᠢᠯᠡᠭᠰᠡᠨ ᠭᠡᠥᠭᠡᠳ ᠤᠨ ᠴᠡᠴᠡᠷᠯᠢᠭ ᠭᠥᠳᠡᠯᠥᠩᠭᠦᠢ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠭᠦᠯᠥᠭᠰᠡᠨ ᠪᠠᠶᠢᠬᠤ ᠮᠥᠷᠳᠡᠭᠡᠨ ᠵᠢᠯ ᠤᠨ ᠪᠠᠶᠢᠴᠠᠭᠠᠯᠳᠠ ᠶᠢ ᠴᠠᠭ ᠲᠠᠷᠤᠢ  ᠳᠤ ᠨᠢ ᠬᠢᠭᠰᠡᠨ ᠪᠠᠶᠢᠬᠤ᠃     C4 ᠪᠠᠭᠰᠢ ᠶᠢᠨ ᠡᠩᠨᠡᠭᠡᠨ ᠤ ᠲᠤᠰᠬᠠᠢ ᠮᠡᠷᠭᠡᠵᠢᠭᠰᠡᠨ ᠲᠥᠯᠥᠪᠯᠡᠭᠡ ᠪᠠ ᠤᠨ ᠤ ᠲᠥᠯᠥᠪᠯᠡᠭᠡ ︵ᠪᠠᠭᠰᠢ ᠨᠠᠷ ᠤᠨ ᠮᠡᠳᠡᠯᠭᠡ ᠶᠢᠨ ᠰᠢᠰᠲ᠋ᠧᠮ᠂ ᠵᠢᠭᠠᠨ ᠰᠤᠷᠭᠠᠬᠤ ᠴᠢᠳᠠᠪᠤᠷᠢ᠂ ᠵᠢᠭᠠᠨ ᠰᠤᠳᠤᠯᠬᠤ ᠴᠢᠳᠠᠪᠤᠷᠢ᠂ ᠶᠤᠰᠤ ᠰᠤᠷᠳᠠᠬᠤᠨ ᠬᠡᠪ ᠪᠤᠯᠪᠠᠰᠤᠷᠠᠯ ᠢ ᠪᠠᠭᠳᠠᠭᠠᠨ᠎ᠠ︶ ᠪᠠᠶᠢᠬᠤ ᠪᠥᠭᠡᠳ ᠴᠠᠭ ᠲᠠᠷᠠᠭᠠᠯᠠᠯᠳᠤ ᠲᠠᠩᠰᠠ ᠡᠪᠭᠡᠮᠡᠯ ᠨᠢ ᠲᠥᠷᠢᠮᠵᠢᠯ ᠲᠠᠢ ᠪᠥᠷᠢᠨ ᠪᠥᠳᠥᠨ ᠪᠠᠶᠢᠬᠤ᠃     C5 ︽ᠤᠷᠳᠤᠰ ᠬᠤᠳᠠ ᠶᠢᠨ ᠪᠠᠭᠰᠢ ᠶᠢᠨ ᠶᠤᠰᠤ ᠰᠤᠷᠳᠠᠬᠤᠨ ᠤ ᠪᠠᠶᠢᠭᠤᠯᠤᠯᠳᠠ ᠶᠢᠨ ᠠᠷᠪᠠᠨ ᠪᠤᠯᠬᠤ ᠥᠭᠡᠢ︾ ᠲᠥᠷᠢᠮᠵᠢᠭᠦᠯᠥᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠩᠭᠤ ᠶᠢᠨ ᠠᠵᠢᠯ ᠳᠤ ᠬᠡᠷᠡᠭᠵᠢᠭᠦᠯᠥᠭᠡᠳ ᠪᠠᠭᠰᠢ ᠶᠢᠨ ᠶᠤᠰᠤ ᠰᠤᠷᠳᠠᠬᠤᠨ ᠤ ᠭᠥᠮᠥᠵᠢᠯ ᠪᠤᠯᠪᠠᠰᠤᠷᠠᠯ ᠢ ᠵᠢᠯ ᠳᠤ ᠨᠠᠭᠠᠳᠤ ᠵᠠᠬ᠎ᠠ ᠳᠤ 2 ᠤᠳᠠᠭ᠎ᠠ ᠥᠷᠨᠢᠭᠦᠯᠥᠭᠰᠡᠨ ᠪᠠᠶᠢᠬᠤ ᠮᠥᠷᠳᠡᠭᠡᠨ ᠨᠠᠷᠢᠨ ᠲᠤᠳᠤᠷᠬᠠᠢ ᠲᠡᠮᠳᠡᠭᠯᠡᠯ ᠥᠯᠡᠳᠡᠭᠡᠭᠰᠡᠨ ᠪᠠᠶᠢᠬᠤ︔ ᠪᠠᠭᠰᠢ ᠶᠢᠨ ᠶᠤᠰᠤ ᠰᠤᠷᠳᠠᠬᠤᠨ ᠤ ᠬᠢᠨᠠᠨ ᠰᠢᠯᠭᠠᠯᠳᠠ ᠶᠢᠨ ᠨᠠᠷᠢᠨ ᠲᠥᠷᠢᠮ ᠤᠨ ᠶᠤᠰᠤᠭᠠᠷ ᠪᠠᠭᠰᠢ ᠨᠢᠭᠡᠪᠥᠷᠢ ᠶᠢ ᠬᠢᠨᠠᠨ ᠰᠢᠯᠭᠠᠭᠰᠠᠨ ᠮᠥᠷᠳᠡᠭᠡᠨ ᠬᠢᠨᠠᠨ ᠰᠢᠯᠭᠠᠯᠳᠠ ᠶᠢᠨ ᠪᠥᠭᠦ ᠶᠠᠪᠤᠴᠠ ᠶᠢ ᠪᠥᠷᠢᠨ ᠪᠥᠳᠥᠨ ᠲᠠᠩᠰᠠ ᠡᠪᠭᠡᠮᠡᠯ ᠢᠶᠠᠷ ᠥᠯᠡᠳᠡᠭᠡᠭᠰᠡᠨ ᠪᠠᠶᠢᠬᠤ᠃     C6 ᠪᠠᠭᠰᠢ ᠨᠠᠷ ᠤᠨ ᠪᠤᠯᠪᠠᠰᠤᠷᠠᠯ ᠤᠨ ᠡᠯᠧᠺᠲᠷᠤᠨ ᠲᠠᠩᠰᠠ ᠡᠪᠭᠡᠮᠡᠯ ᠢ ᠪᠠᠶᠢᠭᠤᠯᠤᠨ ᠲᠡᠭᠦᠯᠳᠡᠷᠵᠢᠭᠦᠯᠵᠤ ᠲᠤᠰᠬᠠᠢ ᠭᠥᠮᠥᠨ ᠢᠶᠠᠷ ᠬᠠᠷᠢᠭᠤᠴᠠᠭᠤᠯᠤᠭᠰᠠᠨ ᠪᠠᠶᠢᠬᠤ︔ ᠪᠠᠭᠰᠢ ᠨᠠᠷ ᠤᠨ ᠪᠤᠯᠪᠠᠰᠤᠷᠠᠯ ᠤᠨ ᠤᠨ ᠤ ᠭᠡᠷᠡᠭᠵᠢᠭᠦᠯᠭᠦ ᠲᠥᠰᠥᠯ ᠪᠤᠶᠤ ᠲᠥᠯᠥᠪᠯᠡᠭᠡ ᠲᠠᠢ ᠪᠠᠶᠢᠵᠤ᠂ ᠤᠳᠠᠭ᠎ᠠ ᠪᠥᠷᠢ ᠶᠢᠨ ᠪᠤᠯᠪᠠᠰᠤᠷᠠᠯ ᠤᠨ ᠪᠠᠷᠢᠮᠳᠠ ᠰᠠᠯᠳᠡ᠂ ᠰᠤᠷᠠᠭ ᠵᠠᠩᠬᠢ᠂ ᠵᠢᠷᠤᠭ ᠪᠢᠴᠢᠯᠭᠡ᠂ ᠰᠤᠷᠤᠯᠴᠠᠯᠭ᠎ᠠ ᠶᠢᠨ ᠲᠡᠮᠳᠡᠭᠯᠡᠯ᠂ ᠨᠡᠷ᠎ᠡ ᠪᠥᠷᠢᠳᠭᠡᠯ ᠵᠡᠷᠭᠡ ᠨᠢ ᠪᠥᠷᠢᠨ ᠪᠠᠶᠢᠬᠤ︔ ᠭᠠᠳᠠᠭᠰᠢ ᠲᠤᠮᠢᠯᠠᠵᠤ ᠰᠤᠷᠤᠯᠴᠠᠭᠰᠠᠨ ᠤᠳᠤᠷᠢᠳᠤᠯᠭ᠎ᠠ ᠪᠠᠭᠰᠢ ᠨᠠᠷ ᠪᠥᠭᠦ ᠴᠡᠴᠡᠷᠯᠢᠭ ᠤᠨ ᠪᠠᠭᠰᠢ ᠨᠠᠷ ᠲᠤ ᠬᠤᠶᠠᠳᠤᠭᠠᠷ ᠤᠳᠠᠭᠠᠨ ᠤ ᠪᠤᠯᠪᠠᠰᠤᠷᠠᠯ ᠢ ᠭᠥᠷᠳᠡᠭᠡᠭᠦ ᠪᠥᠭᠡᠳ ᠠᠯᠢᠪᠠ ᠠᠵᠢᠯ ᠤᠨ ᠮᠠᠲ᠋ᠧᠷᠢᠶᠡᠯ ᠰᠡᠯᠳᠡ ᠶᠢ ᠪᠥᠷᠢᠨ ᠥᠯᠡᠳᠡᠭᠡᠭᠰᠡᠨ ᠪᠠᠶᠢᠬᠤ᠃     C7 ᠴᠡᠴᠡᠷᠯᠢᠭ ᠤᠨ ᠲᠠᠷᠤᠭ᠎ᠠ ᠪᠠᠭᠰᠢ ᠡᠷᠭᠡᠪᠰᠢ ᠥᠨᠳᠥᠰᠥᠨ ᠠᠵᠢᠯ ᠤᠨ ᠹᠷᠤᠨᠲ ᠲᠤ ᠭᠥᠨᠵᠡᠭᠡᠶᠢᠷᠡᠵᠤ᠂ ᠪᠡᠶ᠎ᠡ ᠪᠠᠷ ᠠᠯᠢᠪᠠ ᠵᠢᠭᠠᠨ ᠰᠤᠷᠭᠠᠯᠳᠠ ᠪᠠ ᠬᠠᠷᠠᠭᠠᠯᠵᠠᠯ ᠭᠥᠮᠥᠵᠢᠯ ᠬᠢᠭᠦ ᠠᠵᠢᠯ ᠳᠤ ᠵᠢᠭᠠᠨ ᠵᠢᠯᠤᠭᠤᠳᠤᠯᠭ᠎ᠠ ᠬᠢᠭᠰᠡᠨ ᠪᠥᠭᠡᠳ ᠲᠡᠮᠳᠡᠭᠯᠡᠯ ᠪᠠᠷᠢᠮᠳᠠ ᠥᠯᠡᠳᠡᠭᠡᠭᠰᠡᠨ ᠪᠠᠶᠢᠬᠤ︔ ᠵᠢᠭᠠᠨ ᠰᠤᠷᠭᠠᠯᠳᠠ ᠪᠤᠯᠤᠨ ᠵᠢᠭᠠᠬᠤ ᠶᠢ ᠰᠤᠳᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠴᠡᠴᠡᠷᠯᠢᠭ ᠤᠨ ᠤᠳᠤᠷᠢᠳᠤᠯᠭ᠎ᠠ ᠰᠤᠷᠤᠯᠭ᠎ᠠ ᠶᠢᠨ ᠬᠤᠭᠤᠴᠠᠭ᠎ᠠ ᠪᠥᠷᠢ ᠠᠳᠠᠭ ᠲᠤ ᠪᠠᠨ 50 ᠬᠢᠴᠢᠶᠡᠯ ᠰᠤᠨᠤᠰᠤᠭᠰᠠᠨ ᠪᠠᠶᠢᠬᠤ ᠮᠥᠷᠳᠡᠭᠡᠨ ᠪᠤᠰᠤᠳ ᠤᠳᠤᠷᠢᠳᠤᠯᠭ᠎ᠠ ᠪᠠᠭᠰᠢ ᠨᠠᠷ ᠴᠤ ᠠᠳᠠᠭ ᠲᠤ ᠪᠠᠨ ᠬᠤᠭᠤᠴᠠᠭ᠎ᠠ ᠪᠤᠯᠭᠠᠨ 40 ᠬᠢᠴᠢᠶᠡᠯ ᠰᠤᠨᠤᠰᠬᠤ ᠶᠢᠨ ᠬᠠᠮᠳᠤ ᠬᠢᠴᠢᠶᠡᠯ ᠰᠤᠨᠤᠰᠤᠭᠰᠠᠨ ᠲᠡᠮᠳᠡᠭᠯᠡᠯ ᠪᠠ ᠤᠯᠤᠯᠳᠠ ᠲᠥᠷᠥᠭᠳᠡᠯ ᠪᠢᠴᠢᠭᠰᠡᠨ ᠪᠠᠶᠢᠬᠤ︔ ᠴᠡᠴᠡᠷᠯᠢᠭ ᠤᠨ ᠲᠠᠷᠤᠭ᠎ᠠ ᠠᠴᠠ ᠪᠤᠰᠤᠳ ᠠᠯᠢᠪᠠ ᠤᠳᠤᠷᠢᠳᠤᠯᠭ᠎ᠠ ᠪᠠᠭᠰᠢ ᠨᠠᠷ ᠪᠤᠯᠤᠨ ᠭᠤᠭᠴᠤᠭ᠎ᠠ ᠲᠡᠰ ᠤᠨ ᠺᠠᠳ᠋ᠷ ᠤᠳ ᠪᠥᠷ ᠬᠢᠴᠢᠶᠡᠯ ᠲᠠᠭᠠᠭᠠᠵᠤ ᠪᠠᠶᠢᠬᠤ᠃     C8 ᠰᠤᠷᠬᠤ ᠨᠠᠰᠤᠨ ᠠᠴᠠ ᠡᠮᠥᠨᠡᠬᠢ ᠰᠤᠷᠭᠠᠨ ᠭᠥᠮᠥᠵᠢᠯ ᠤᠨ ᠵᠢᠭᠠᠬᠤ ᠶᠢ ᠰᠤᠳᠤᠯᠬᠤ ᠠᠵᠢᠯ ᠢ ᠥᠷᠨᠢᠭᠦᠯᠵᠤ᠂ ᠱᠠᠭᠠᠷᠳᠠᠯᠭ᠎ᠠ ᠶᠤᠰᠤᠭᠠᠷ ᠲᠥᠯᠥᠪᠯᠡᠭᠡ᠂ ᠠᠬᠢᠴᠠ᠂ ᠳ᠋ᠥᠩᠨᠡᠯᠳᠡ ᠲᠠᠢ ᠪᠠᠶᠢᠬᠤ︔ ᠴᠡᠴᠡᠷᠯᠢᠭ ᠤᠨ ᠪᠤᠳᠠᠳᠤ ᠪᠠᠶᠢᠳᠠᠯ ᠠᠴᠠ ᠥᠨᠳᠥᠰᠥᠯᠡᠵᠤ ᠲᠤᠰᠬᠠᠢ ᠰᠡᠳᠤᠪ ᠤᠨ ᠡᠷᠳᠡᠮ ᠰᠢᠨᠵᠢᠯᠡᠭᠡᠨ ᠤ ᠰᠤᠳᠤᠯᠤᠯᠳᠠ ᠡᠷᠢᠯᠬᠢᠯᠡᠯ ᠬᠢᠭᠰᠡᠨ ᠪᠠᠶᠢᠬᠤ᠃     C9 ︽ᠤᠷᠳᠤᠰ ᠬᠤᠳᠠ ᠶᠢᠨ ᠭᠡᠥᠭᠡᠳ ᠤᠨ ᠴᠡᠴᠡᠷᠯᠢᠭ ᠤᠨ ᠬᠢᠴᠢᠶᠡᠯ ᠲᠥᠷᠥᠯ ᠤᠨ ᠪᠠᠶᠢᠭᠤᠯᠤᠯᠳᠠ ᠬᠠᠮᠢᠶᠠᠷᠤᠯᠳᠠ ᠶᠢᠨ ᠵᠢᠯᠤᠭᠤᠳᠬᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠ ᠪᠠᠶᠢᠬᠤ ᠪᠥᠭᠡᠳ ᠲᠤᠬᠢᠳᠠᠢ ᠬᠢᠴᠢᠶᠡᠯ ᠲᠥᠷᠥᠯ ᠤᠨ ᠲᠤᠬᠢᠷᠠᠭᠤᠯᠭ᠎ᠠ ᠪᠠ ᠲᠡᠭᠦᠨ ᠤ ᠭᠡᠷᠡᠭᠵᠢᠭᠦᠯᠭᠦ ᠲᠥᠰᠥᠯ ᠪᠥᠳᠥᠮᠵᠢᠳᠤ ᠨᠠᠶᠢᠳᠠᠪᠤᠷᠢᠵᠢᠭᠤᠯᠤᠯ ᠲᠠᠢ ᠪᠠᠶᠢᠬᠤ᠃     C10 ᠠᠰᠠᠷᠠᠨ ᠭᠥᠮᠥᠵᠢᠭᠦᠯᠭᠦ ᠠᠷᠭ᠎ᠠ ᠠᠪᠴᠠᠯ ᠢ ᠴᠢᠬᠤᠯᠠᠴᠢᠯᠠᠨ᠂ ᠴᠢᠮᠡᠭᠡ ᠵᠠᠩᠬᠢ ᠶᠢᠨ ᠮᠡᠷᠭᠡᠵᠢᠯ ᠢ ᠵᠢᠭᠠᠨ ᠰᠤᠷᠭᠠᠯᠳᠠ ᠳᠤ ᠠᠭᠤᠰᠬᠠᠵᠤ᠂ ᠡᠳᠥᠭᠡ ᠪᠠᠶᠢᠬᠤ ᠲᠤᠨᠤᠭ ᠲᠥᠭᠦᠭᠡᠷᠤᠮᠵᠢ ᠪᠠ ᠥᠪᠡᠰᠥᠪᠡᠨ ᠵᠤᠬᠢᠶᠠᠭᠰᠠᠨ ᠲᠤᠭᠯᠠᠭᠠᠮ ᠬᠡᠷᠡᠭᠰᠡᠯ ᠵᠡᠷᠭᠡ ᠶᠢ ᠭᠥᠢᠴᠡᠳ ᠠᠰᠢᠭᠯᠠᠨ ᠵᠢᠭᠠᠨ ᠰᠤᠷᠭᠠᠯᠳᠠ ᠳᠤ ᠥᠢᠯᠡᠴᠢᠯᠡᠭᠦᠯᠥᠭᠰᠡᠨ ᠪᠠᠶᠢᠬᠤ᠃     C11 ᠭᠡᠥᠭᠡᠳ ᠤᠨ ᠴᠡᠴᠡᠷᠯᠢᠭ ᠤᠨ ᠭᠥᠭᠵᠢᠯᠳᠡ ᠶᠢᠨ ᠲᠠᠩᠰᠠ ᠡᠪᠭᠡᠮᠡᠯ ᠪᠠᠶᠢᠭᠤᠯᠵᠤ᠂ ᠭᠡᠥᠭᠡᠳ ᠤᠨ ᠪᠡᠶ᠎ᠡ ᠰᠡᠳᠬᠢᠴᠡ ᠶᠢᠨ ᠭᠥᠭᠵᠢᠯᠳᠡ ᠬᠢᠭᠡᠳ ᠭᠥᠮᠥᠵᠢᠯ ᠭᠥᠷᠳᠡᠭᠡᠯ ᠤᠨ ᠪᠥᠳᠥᠮᠵᠢ ᠵᠡᠷᠭᠡ ᠠᠴᠠ ᠥᠨᠳᠥᠰᠥᠯᠡᠨ ᠭᠡᠷᠡᠭᠵᠢᠭᠦᠯᠭᠦ ᠨᠠᠷᠢᠨ ᠲᠥᠰᠥᠯ ᠲᠤᠭᠳᠠᠭᠠᠵᠤ᠂ ᠲᠤᠭᠳᠠᠮᠠᠯ ᠬᠤᠭᠤᠴᠠᠭ᠎ᠠ ᠲᠠᠢ ᠪᠠᠷ ᠥᠨᠡᠯᠡᠯᠳᠡ ᠳ᠋ᠥᠩᠨᠡᠯᠳᠡ ᠬᠢᠭᠰᠡᠨ ᠪᠠᠶᠢᠬᠤ᠃     C12  ᠪᠥᠭᠦ ᠤᠯᠤᠰ ᠤᠨ ᠰᠤᠷᠭᠠᠨ ᠭᠥᠮᠥᠵᠢᠯ ᠤᠨ ᠴᠢᠮᠡᠭᠡ ᠵᠠᠩᠬᠢᠴᠢᠯᠡᠯᠳᠡ ᠶᠢᠨ ᠠᠵᠢᠯ ᠤᠨ ᠡᠯ᠎ᠡ ᠲᠥᠷᠥᠯ ᠤᠨ ᠲᠤᠭ᠎ᠠ ᠪᠠᠷᠢᠮᠳᠠ ᠪᠥᠷᠢᠳᠭᠡᠯ ᠭᠥᠰᠥᠨᠥᠭ ᠪᠤᠯᠤᠨ ᠴᠢᠮᠡᠭᠡ ᠵᠠᠩᠬᠢ ᠶᠢᠨ ᠭᠥᠳᠡᠯᠥᠩᠭᠦᠢ ᠮᠡᠳᠡᠭᠦᠯᠥᠯᠳᠡ  ᠶᠢ ᠴᠠᠭ ᠲᠠᠷᠤᠢ ᠳᠤ ᠨᠢ ᠪᠥᠷᠢᠨ ᠤᠨᠤᠪᠴᠢᠳᠠᠢ ᠲᠠᠭᠯᠠᠨ ᠮᠡᠳᠡᠭᠦᠯᠵᠤ ᠶᠠᠪᠤᠭᠤᠯᠤᠭᠰᠠᠨ ᠪᠠᠶᠢᠬᠤ︔ ᠲᠤᠰᠬᠠᠢ ᠠᠵᠢᠯ  ᠤᠨ ᠬᠢᠷᠢ ᠲᠡᠩᠴᠡᠭᠰᠡᠨ ᠰᠥᠯᠵᠢᠶᠡᠨ ᠤ ᠠᠵᠢᠯᠳᠠᠨ ᠴᠡᠴᠡᠷᠯᠢᠭ ᠤᠨ ᠰᠥᠯᠵᠢᠶ᠎ᠡ ᠶᠢ ᠲᠤᠰᠬᠠᠶᠢᠯᠠᠨ ᠬᠠᠮᠢᠶᠠᠷᠤᠨ ᠠᠷᠠᠴᠢᠯᠠᠵᠤ ᠪᠠᠶᠢᠬᠤ︔ ᠴᠡᠴᠡᠷᠯᠢᠭ ᠤᠨ ᠰᠥᠯᠵᠢᠶ᠎ᠡ ᠲᠥᠯᠥᠪᠯᠡᠭᠡ ᠲᠠᠢ ᠪᠠᠷ ᠬᠡᠪ ᠢᠶᠠᠷ ᠶᠠᠪᠤᠭᠳᠠᠵᠤ ᠪᠠᠶᠢᠬᠤ ᠪᠥᠭᠡᠳ ᠰᠥᠯᠵᠢᠶᠡᠨ ᠤ ᠠᠮᠤᠷ ᠲᠥᠪᠰᠢᠨ ᠢ ᠬᠠᠷᠠᠭᠠᠯᠵᠠᠬᠤ ᠲᠤᠨᠤᠭ ᠭᠡᠷᠡᠭᠰᠡᠯ ᠪᠥᠷᠢᠨ ᠪᠥᠭᠡᠳ ᠱᠠᠭᠠᠷᠳᠠᠯᠭ᠎ᠠ ᠲᠥᠷᠢᠮᠵᠢᠯ ᠳᠤ ᠨᠡᠶᠢᠴᠡᠭᠰᠡᠨ ᠪᠠᠶᠢᠬᠤ︔ ᠬᠠᠮᠳᠤ ᠪᠠᠷ ᠪᠠᠶᠢᠭᠤᠯᠤᠨ ᠬᠠᠮᠳᠤ ᠪᠠᠷ ᠡᠳ᠋ᠯᠡᠭᠦ ᠬᠡᠷᠡᠭᠴᠡᠭᠡᠨ ᠤ ᠵᠢᠭᠠᠨ ᠰᠤᠷᠭᠠᠯᠳᠠ ᠶᠢᠨ ᠡᠬᠢ ᠰᠤᠷᠪᠤᠯᠵᠢ ᠶᠢᠨ ᠭᠥᠮᠥᠷᠭᠡ ᠶᠢᠨ ᠭᠡᠷᠡᠭᠯᠡᠯᠳᠡ ᠬᠡᠪ ᠤᠨ ᠶᠤᠰᠤᠭᠠᠷ ᠪᠠᠶᠢᠬᠤ᠃     C13 ᠰᠤᠷᠭᠠᠨ ᠭᠥᠮᠥᠵᠢᠯ ᠤᠨ ᠮᠡᠷᠭᠡᠵᠢᠯ ᠮᠡᠷᠭᠡᠰᠢᠯ ᠤᠨ ᠬᠠᠮᠢᠶ᠎ᠠ ᠪᠥᠭᠦᠢ ᠴᠢᠮᠡᠭᠡ ᠵᠠᠩᠬᠢ ᠶᠢ ᠰᠠᠷ᠎ᠠ ᠳᠤ ᠠᠳᠠᠭ ᠲᠤ ᠪᠠᠨ 2 ᠠᠴᠠ ᠲᠡᠭᠡᠭᠰᠢ ᠮᠡᠳᠡᠭᠦᠯᠥᠭᠰᠡᠨ ᠪᠠᠶᠢᠬᠤ︔ ᠬᠢᠷᠢ ᠲᠡᠩᠴᠡᠭᠰᠡᠨ ︵ᠰᠤᠩᠭᠤᠭᠳᠠᠭᠰᠠᠨ︶ ᠴᠢᠮᠡᠭᠡ ᠵᠠᠩᠬᠢ ᠪᠥᠭᠦ ᠵᠢᠯ ᠳᠤ ᠠᠳᠠᠭ ᠲᠤ ᠪᠠᠨ 8 ᠪᠠᠶᠢᠬᠤ᠃     C14 ᠠᠩᠬᠢ ᠶᠢᠨ ᠭᠡᠷ᠂ ᠬᠤᠭᠤᠯᠠᠨ ᠭᠡᠷ ᠪᠤᠯᠤᠨ ᠪᠠᠶᠢᠷᠢ ᠶᠢᠨ ᠭᠡᠷ ᠤᠨ ᠠᠷᠢᠭᠤᠨ ᠴᠡᠪᠡᠷ ᠢ ᠪᠠᠳᠤᠯᠠᠭᠰᠠᠨ ᠪᠠᠶᠢᠬᠤ︔ ᠬᠤᠭᠤᠯᠠᠨ ᠭᠡᠷ ᠤᠨ ᠠᠵᠢᠯᠳᠠᠳ ᠤᠨ ᠪᠡᠶ᠎ᠡ ᠪᠠᠶᠢᠴᠠᠭᠠᠯᠳᠠ ᠶᠢᠨ ᠬᠢᠷᠢ ᠲᠡᠩᠴᠡᠯᠳᠡ ᠶᠢᠨ ᠨᠤᠷᠮ᠎ᠠ ᠡᠷᠭᠡᠪᠰᠢ 100% ᠭᠥᠷᠥᠭᠰᠡᠨ ᠪᠠᠶᠢᠬᠤ᠃     C15 ᠪᠥᠳᠥᠮᠵᠢᠳᠤ ᠠᠷᠭ᠎ᠠ ᠭᠡᠮᠵᠢᠶ᠎ᠡ ᠠᠪᠴᠤ ᠡᠳᠥᠷ ᠲᠤᠳᠤᠮ ᠬᠠᠯᠳᠠᠪᠤᠷᠢᠳᠤ ᠡᠪᠡᠳᠴᠢᠨ ᠬᠢᠭᠡᠳ ᠤᠶᠢᠷ᠎ᠠ ᠬᠠᠷᠠᠭ᠎ᠠ ᠶᠢ ᠰᠡᠷᠭᠡᠶᠢᠯᠡᠭᠰᠡᠨ ᠪᠠᠶᠢᠬᠤ︔ ᠭᠡᠥᠭᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠤᠨ ᠮᠡᠳᠡᠭᠦᠯᠥᠯᠳᠡ  ᠶᠢᠨ ᠲᠥᠷᠢᠮ ᠢ ᠲᠤᠭᠳᠠᠭᠠᠵᠤ᠂ ᠬᠢᠵᠢᠭ ᠲᠡᠯᠭᠡᠷᠡᠪᠡᠯ ᠮᠠᠰᠢ ᠲᠠᠷᠤᠢ ᠲᠤᠬᠢᠳᠠᠢ ᠰᠢᠢᠳᠪᠥᠷᠢᠯᠡᠭᠰᠡᠨ ᠪᠥᠭᠡᠳ ᠪᠠᠶᠢᠳᠠᠯ  ᠢ ᠨᠢᠭᠤᠨ ᠲᠠᠷᠤᠭᠰᠠᠨ ᠥᠭᠡᠢ ᠪᠠᠶᠢᠬᠤ︔ ᠡᠷᠡᠭᠦᠯ ᠬᠠᠮᠠᠭᠠᠯᠠᠯ᠂ ᠠᠷᠢᠭᠤᠨ ᠴᠡᠪᠡᠷ᠂ ᠬᠢᠵᠢᠭ ᠰᠡᠷᠭᠡᠶᠢᠯᠡᠯᠳᠡ ᠶᠢᠨ ᠠᠵᠢᠯ ᠢ ᠰᠠᠶᠢᠳᠤᠷ ᠬᠢᠵᠤ᠂ ᠬᠠᠯᠳᠠᠪᠤᠷᠢᠳᠤ ᠡᠪᠡᠳᠴᠢᠨ ᠤ ︽ᠲᠡᠭ ᠮᠡᠳᠡᠭᠦᠯᠥᠯᠳᠡ︾ ᠶᠢᠨ ᠲᠥᠷᠢᠮ᠂ ᠡᠳᠥᠷ ᠤᠨ ᠮᠡᠳᠡᠭᠦᠯᠥᠯᠳᠡ ᠬᠢᠭᠡᠳ 24 ᠴᠠᠭ ᠤᠨ ᠵᠢᠵᠢᠭᠦᠷᠯᠡᠯ ᠤᠨ ᠲᠥᠷᠢᠮ ᠢ ᠭᠡᠷᠡᠭᠵᠢᠭᠦᠯᠵᠤ᠂ ᠴᠢᠮᠡᠭᠡ ᠵᠠᠩᠬᠢ ᠶᠢ ᠢᠮᠠᠭᠳᠠ ᠨᠡᠪᠳᠡᠷᠭᠡᠢ ᠪᠠᠶᠢᠯᠭᠠᠬᠤ᠃     C16 ᠬᠡᠥᠭᠡᠳ ᠤᠨ ᠪᠡᠶ᠎ᠡ ᠰᠡᠳᠬᠢᠴᠡ ᠪᠠ ᠨᠠᠰᠤᠨ ᠤ ᠭᠡᠮᠵᠢᠶ᠎ᠡ ᠳᠤ ᠵᠤᠬᠢᠴᠠᠭᠰᠠᠨ ᠲᠠᠮᠢᠷ ᠤᠨ ᠤᠷᠤᠯᠳᠤᠭᠠᠨ ᠪᠤᠶᠤ ᠲᠤᠷ᠎ᠠ ᠰᠤᠨᠢᠷᠬᠠᠯ ᠤᠨ ᠭᠥᠳᠡᠯᠭᠡᠭᠡᠨ ᠢ ᠵᠢᠯ ᠪᠤᠯᠭᠠᠨ ᠥᠷᠨᠢᠭᠦᠯᠵᠤ᠂ ᠴᠡᠴᠡᠷᠯᠢᠭ ᠤᠨ ᠪᠤᠳᠠᠳᠤ ᠪᠠᠶᠢᠳᠠᠯ ᠠᠴᠠ ᠥᠨᠳᠥᠰᠥᠯᠡᠨ ᠪᠠᠶᠠᠯᠢᠭ ᠠᠭᠤᠯᠭ᠎ᠠ ᠪᠥᠭᠦᠢ ᠤᠳᠬ᠎ᠠ ᠤᠷᠠᠯᠢᠭ ᠤᠨ ᠭᠥᠳᠡᠯᠭᠡᠭᠡᠨ ᠥᠷᠨᠢᠭᠦᠯᠥᠭᠰᠡᠨ ᠪᠠᠶᠢᠬᠤ᠃     C17 ᠬᠡᠷ ᠤᠨ ᠠᠬᠠᠮᠠᠳ ᠯᠤᠭ᠎ᠠ ᠶᠢᠨ ᠬᠠᠷᠢᠴᠠᠭ᠎ᠠ ᠶᠢ ᠰᠠᠶᠢᠳᠤᠷ ᠪᠠᠬᠢᠵᠢᠭᠦᠯᠥᠨ᠂ ᠬᠡᠷ ᠤᠨ ᠠᠬᠠᠮᠠᠳ ᠤᠨ ᠵᠥᠪᠯᠡᠯ ᠤᠨ ᠥᠢᠯᠡᠳᠥᠯ ᠢ ᠰᠠᠶᠢᠳᠤᠷ ᠪᠠᠳᠠᠷᠠᠭᠤᠯᠵᠤ᠂ ᠬᠤᠭᠤᠴᠠᠭ᠎ᠠ ᠪᠥᠷᠢ ᠤᠨ ᠤ ᠲᠤᠭᠤᠶᠢᠯᠠᠩ ᠢᠶᠠᠷ ᠨᠢᠭᠡᠴᠢᠯᠡᠨ ᠨᠠᠭᠠᠳᠤ ᠵᠠᠬ᠎ᠠ ᠳᠤ ᠪᠠᠨ 2 ᠠᠴᠠ ᠲᠡᠭᠡᠭᠰᠢ ᠤᠳᠠᠭ᠎ᠠ ᠭᠡᠷ ᠤᠨ ᠭᠥᠮᠥᠵᠢᠯ ᠤᠨ ᠬᠢᠴᠢᠶᠡᠯ ᠪᠠ ᠬᠡᠷ ᠤᠨ ᠠᠬᠠᠮᠠᠳ  ᠯᠤᠭ᠎ᠠ ᠶᠢᠨ ᠬᠠᠮᠳᠤᠷᠠᠭᠰᠠᠨ ᠠᠵᠢᠯᠯᠠᠭ᠎ᠠ ᠥᠷᠨᠢᠭᠦᠯᠥᠭᠰᠡᠨ ᠪᠠᠶᠢᠬᠤ᠃     C18 ᠭᠡᠷ ᠤᠨ ᠠᠬᠠᠮᠠᠳ ᠬᠢᠭᠡᠳ ᠭᠡᠥᠭᠡᠳ ᠤᠨ ᠴᠡᠴᠡᠷᠯᠢᠭ ᠤᠨ ᠬᠠᠮᠳᠤᠷᠠᠨ ᠠᠵᠢᠯᠯᠠᠬᠤ ᠲᠤᠰᠬᠠᠢ ᠲᠥᠰᠥᠯ ᠪᠠᠶᠢᠬᠤ ᠪᠥᠭᠡᠳ ᠬᠤᠭᠤᠴᠠᠭ᠎ᠠ ᠪᠥᠷᠢ ᠨᠢᠭᠡ ᠤᠳᠠᠭᠠᠨ ᠤ ᠴᠡᠴᠡᠷᠯᠢᠭ ᠭᠡᠪᠴᠢᠶᠡᠳᠡᠢ ᠠᠬᠠᠮᠠᠳ ᠤᠨ ᠬᠤᠷᠠᠯ ᠪᠠ ᠭᠡᠷ ᠤᠨ ᠠᠬᠠᠮᠠᠳ ᠯᠤᠭ᠎ᠠ ᠶᠢᠨ ᠨᠡᠭᠡᠭᠡᠯᠳᠡᠳᠤ ᠬᠢᠴᠢᠶᠡᠯ ᠤᠨ ᠡᠳᠥᠷ ᠤᠨ ᠠᠵᠢᠯᠯᠠᠭ᠎ᠠ ᠥᠷᠨᠢᠭᠦᠯᠥᠭᠰᠡᠨ ᠪᠠᠶᠢᠬᠤ᠃     C19 ᠰᠤᠷᠤᠯᠭ᠎ᠠ ᠲᠡᠳᠭᠦᠭᠦ ᠡᠯ᠎ᠡ ᠲᠥᠷᠥᠯ ᠤᠨ ᠲᠥᠷᠥ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠤᠷᠳᠠᠯᠴᠢᠯᠠᠯ ᠢ ᠭᠥᠢᠴᠡᠳ ᠬᠢᠭᠰᠡᠨ ᠪᠠᠶᠢᠬᠤ︔ ᠠᠮᠢᠳᠤᠷᠠᠯ ᠨᠢ ᠭᠥᠴᠢᠷᠳᠡᠯᠳᠡᠢ ᠬᠡᠥᠭᠡᠳ  ᠲᠤ ᠲᠤᠰᠬᠠᠢ ᠲᠠᠩᠰᠠ ᠬᠢᠭᠦ ᠪᠥᠭᠡᠳ ᠮᠠᠲ᠋ᠧᠷᠢᠶᠡᠯ ᠰᠠᠯᠳᠡ ᠨᠢ ᠬᠥᠢᠴᠡᠳ ᠪᠠᠶᠢᠬᠤ᠃ ᠲᠡᠳᠭᠦᠮᠵᠢ ᠶᠢᠨ ᠮᠥᠩᠭᠦ ᠶᠢ ᠴᠠᠭ ᠲᠠᠷᠤᠢ ᠳᠤ ᠨᠢ ᠲᠤᠭ᠎ᠠ ᠶᠤᠰᠤᠭᠠᠷ ᠤᠯᠭᠤᠭᠰᠠᠨ ᠪᠠᠶᠢᠬᠤ︔ ᠰᠤᠷᠤᠯᠭ᠎ᠠ ᠶᠢᠨ ᠲᠡᠳᠭᠦᠮᠵᠢ ᠶᠢᠨ ᠮᠥᠩᠭᠦᠨ ᠤ ᠲᠤᠬᠠᠢ ᠡᠳ᠋ ᠤᠨ ᠶᠠᠪᠤᠳᠠᠯ ᠤᠨ ᠪᠠᠷᠢᠮᠳᠠ ᠮᠠᠲ᠋ᠧᠷᠢᠶᠡᠯ ᠪᠥᠷᠢᠨ ᠪᠠᠶᠢᠬᠤ︔ ᠠᠮᠢᠳᠤᠷᠠᠯ ᠨᠢ ᠭᠥᠴᠢᠷᠳᠡᠯᠳᠡᠢ ᠬᠡᠥᠭᠡᠳ  ᠤᠨ ᠭᠡᠷ ᠲᠤ ᠨᠢ ᠭᠥᠷᠴᠤ ᠪᠤᠯᠭᠤᠭᠠᠨ ᠲᠤᠬᠤᠨᠢᠭᠤᠯᠤᠭᠰᠠᠨ ᠪᠠᠶᠢᠬᠤ᠃     C20 ᠡᠷᠭᠡᠪᠰᠢ ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠶᠤᠰᠤᠭᠠᠷ ᠲᠡᠳᠭᠦᠮᠵᠢ ᠶᠢᠨ ᠮᠥᠩᠭᠦ ᠤᠯᠭᠤᠬᠤ᠃ ᠭᠥᠮᠥᠨ ᠤ ᠲᠤᠭ᠎ᠠ ᠶᠢ ᠬᠤᠳᠠᠯ ᠮᠡᠳᠡᠭᠦᠯᠭᠦ᠂ ᠲᠡᠳᠭᠦᠮᠵᠢ ᠶᠢᠨ ᠮᠥᠩᠭᠦᠨ ᠤ ᠪᠠᠷᠢᠮᠵᠢᠶ᠎ᠠ ᠶᠢ ᠥᠭᠡᠷᠡᠳᠥᠭᠦᠯᠭᠦ᠂ ᠲᠡᠳᠭᠦᠭᠦ ᠬᠥᠷᠢᠶ᠎ᠡ ᠬᠡᠪᠴᠢᠶ᠎ᠡ ᠶᠢ ᠬᠤᠪᠢᠷᠠᠭᠤᠯᠬᠤ᠂ ᠲᠡᠳᠭᠦᠮᠵᠢ ᠶᠢᠨ ᠮᠥᠩᠭᠦᠨ ᠤ ᠬᠡᠷᠡᠭᠯᠡᠯᠳᠡ ᠪᠤᠯᠤᠨ ᠤᠯᠭᠤᠬᠤ ᠠᠷᠭ᠎ᠠ ᠬᠡᠯᠪᠡᠷᠢ ᠶᠢ ᠬᠤᠪᠢᠷᠠᠭᠠᠬᠤ᠂ ᠪᠡᠯᠡᠨ ᠵᠤᠭᠤᠰ ᠮᠡᠭᠡᠯᠡᠨ ᠠᠪᠬᠤ ᠵᠡᠷᠭᠡ ᠥᠵᠡᠭᠳᠡᠯ ᠥᠭᠡᠢ ᠪᠠᠶᠢᠬᠤ᠃ ᠲᠤᠰᠬᠠᠢ ᠵᠠᠷᠤᠳᠠᠯ ᠢ ᠲᠤᠰᠬᠠᠢ ᠵᠠᠷᠤᠵᠤ᠂ ᠨᠠᠷᠢᠯᠢᠭ ᠤᠨᠤᠪᠴᠢᠳᠠᠢ ᠪᠠᠷ ᠨᠠᠶᠢᠳᠠᠪᠥᠷᠢᠵᠢᠭᠤᠯᠤᠯᠳᠠ ᠬᠢᠭᠰᠡᠨ ᠪᠠᠶᠢᠬᠤ᠃     C21 ᠡᠯ᠎ᠡ ᠲᠥᠷᠥᠯ ᠤᠨ ᠰᠤᠶᠤᠯ ᠤᠨ ᠠᠴᠢᠶᠠᠯᠠᠭᠴᠢ ᠶᠢ ᠭᠥᠢᠴᠡᠳ ᠠᠰᠢᠭᠯᠠᠨ ᠭᠡᠥᠭᠡᠳ ᠤᠨ ᠴᠡᠴᠡᠷᠯᠢᠭ  ᠤᠨ ᠤᠳᠬ᠎ᠠ ᠰᠤᠶᠤᠯ ᠤᠨ ᠪᠠᠶᠢᠭᠤᠯᠤᠯᠳᠠ ᠶᠢ ᠰᠠᠶᠢᠳᠤᠷ ᠬᠢᠵᠤ᠂ ᠭᠠᠵᠠᠷ ᠤᠷᠤᠨ ᠤ ᠤᠨᠴᠠᠯᠢᠭ ᠪᠠ ᠴᠡᠴᠡᠷᠯᠢᠭ  ᠤᠨ ᠤᠨᠴᠠᠯᠢᠭ ᠢ ᠬᠠᠷᠠᠭᠤᠯᠤᠭᠰᠠᠨ ᠴᠡᠴᠡᠷᠯᠢᠭ ᠤᠨ ᠬᠤᠪᠢᠨ ᠤ ᠰᠤᠶᠤᠯ ᠢ ᠠᠩᠬ᠎ᠠ ᠪᠥᠷᠢᠯᠳᠥᠭᠦᠯᠥᠭᠰᠡᠨ ᠪᠠᠶᠢᠬᠤ᠃     C22 ᠬᠢᠴᠢᠶᠡᠯ ᠤᠨ ᠲᠤᠬᠢᠷᠠᠭᠤᠯᠭ᠎ᠠ ᠶᠤᠰᠤᠭᠠᠷ ᠪᠥᠭᠦ ᠬᠤᠳᠠ ᠶᠢᠨ ᠮᠤᠩᠭᠤᠯ ᠢᠶᠠᠷ ᠬᠢᠴᠢᠶᠡᠯᠯᠡᠭᠦ ᠭᠡᠥᠭᠡᠳ  ᠤᠨ ᠴᠡᠴᠡᠷᠯᠢᠭ ᠤᠨ ᠤᠷᠤᠨ ᠬᠡᠪᠴᠢᠶᠡᠨ ᠤ ᠲᠡᠩᠴᠡᠭᠦᠷᠢᠳᠤ ᠭᠥᠭᠵᠢᠯᠳᠡ ᠶᠢᠨ ᠵᠢᠭᠠᠨ ᠰᠤᠷᠭᠠᠯᠳᠠ ᠵᠢᠭᠠᠨ ᠰᠤᠳᠤᠯᠭᠠᠨ ᠤ ᠠᠯᠤᠰ ᠵᠠᠢ ᠶᠢᠨ ᠪᠤᠯᠪᠠᠰᠤᠷᠠᠯ ᠭᠥᠮᠥᠵᠢᠯ ᠬᠢᠭᠡᠳ ᠬᠢᠴᠢᠶᠡᠯᠯᠡᠭᠡ ᠶᠠᠷᠢᠯᠴᠠᠭ᠎ᠠ ᠶᠢᠨ ᠠᠵᠢᠯ ᠢ ᠪᠡᠶᠡᠯᠡᠭᠦᠯᠥᠭᠰᠡᠨ ᠪᠠᠶᠢᠬᠤ︔ ᠬᠢᠴᠢᠶᠡᠯ ᠰᠤᠨᠤᠭᠰᠠᠨ ᠲᠤᠭ᠎ᠠ ᠪᠠ ᠥᠨᠡᠯᠡᠯᠳᠡ ᠬᠢᠭᠰᠡᠨ ᠪᠠᠶᠢᠳᠠᠯ᠂ ᠠᠯᠤᠰ ᠵᠠᠢ ᠠᠴᠠ ᠬᠠᠮᠳᠤᠷᠠᠨ ᠠᠵᠢᠯᠯᠠᠭᠰᠠᠨ ᠪᠥᠳᠥᠮᠵᠢ ᠪᠠᠷ ᠰᠠᠶᠢᠨ ᠪᠠᠶᠢᠬᠤ ︵0.5 ᠬᠤᠪᠢ︶᠃     C23 ᠴᠡᠴᠡᠷᠯᠢᠭ ᠲᠤ ᠠᠮᠤᠷ ᠲᠥᠪᠰᠢᠨ ᠤ ᠠᠵᠢᠯ ᠤᠨ ᠤᠳᠤᠷᠢᠳᠬᠤ ᠵᠤᠬᠢᠶᠠᠨ ᠪᠠᠶᠢᠭᠤᠯᠤᠯᠳᠠ ᠪᠠᠶᠢᠭᠤᠯᠤᠮᠵᠢ ᠲᠠᠢ ᠪᠠᠶᠢᠬᠤ ᠪᠥᠭᠡᠳ ᠲᠤᠰᠬᠠᠢ ᠬᠠᠷᠢᠭᠤᠴᠠᠭᠴᠢ ᠲᠤᠮᠢᠯᠠᠭᠰᠠᠨ ᠪᠠᠶᠢᠬᠤ︔ ᠴᠡᠴᠡᠷᠯᠢᠭ ᠤᠨ ᠠᠮᠤᠷ ᠲᠥᠪᠰᠢᠨ ᠤ ᠬᠠᠮᠢᠶᠠᠷᠤᠯᠳᠠ ᠶᠢᠨ ᠠᠵᠢᠯ ᠳᠤ ᠲᠤᠭᠳᠠᠮᠠᠯ ᠬᠤᠭᠤᠴᠠᠭ᠎ᠠ ᠲᠠᠢ ᠰᠤᠳᠤᠯᠭ᠎ᠠ ᠬᠢᠭᠰᠡᠨ ᠪᠠᠶᠢᠬᠤ︔ ᠠᠶᠤᠯᠭᠦᠢ ᠶᠢᠨ ᠠᠵᠢᠯ ᠤᠨ ᠲᠥᠷᠢᠮ ᠢ ᠮᠠᠰᠢ ᠰᠠᠶᠢᠳᠤᠷ ᠨᠠᠶᠢᠳᠠᠪᠤᠷᠢᠵᠢᠭᠤᠯᠤᠭᠰᠠᠨ ᠪᠠᠶᠢᠬᠤ᠃     C24 ᠬᠠᠷ᠎ᠠ ᠪᠥᠯᠥᠭᠳᠡᠨ ᠬᠠᠷᠬᠢᠰ ᠭᠥᠴᠥᠨ ᠢ ᠠᠷᠢᠯᠭᠠᠬᠤ ᠲᠤᠰᠬᠠᠢ ᠲᠡᠮᠡᠴᠡᠯ ᠪᠤᠯᠤᠨ ᠴᠡᠴᠡᠷᠯᠢᠭ ᠤᠨ ᠭᠥᠷᠢᠶᠡᠨ ᠤ ᠭᠥᠴᠥᠷᠭᠡᠭᠯᠡᠯ ᠲᠤᠷᠤᠮᠵᠢᠯᠠᠯ ᠶᠢᠨ ᠬᠠᠮᠢᠶ᠎ᠡ ᠪᠥᠭᠦᠢ ᠠᠵᠢᠯ ᠢ ᠨᠢᠭᠡᠳᠥᠯᠳᠡᠢ ᠲᠤᠬᠢᠷᠠᠭᠤᠯᠤᠨ ᠬᠢᠭᠰᠡᠨ ᠪᠠᠶᠢᠬᠤ︔ ᠭᠠᠯ ᠰᠡᠷᠭᠡᠶᠢᠯᠡᠯᠳᠡ ᠶᠢᠨ ᠠᠵᠢᠯ ᠢ ᠰᠠᠶᠢᠳᠤᠷ ᠬᠢᠵᠤ ᠭᠠᠯ ᠰᠡᠷᠭᠡᠶᠢᠯᠡᠯᠳᠡ ᠶᠢᠨ ᠠᠵᠢᠯ ᠤᠨ ᠬᠢᠨᠠᠨ ᠰᠢᠯᠭᠠᠯᠳᠠ ᠳᠤ ᠢᠳᠡᠪᠬᠢᠳᠡᠢ ᠤᠷᠤᠯᠴᠠᠭᠰᠠᠨ ᠪᠠᠶᠢᠬᠤ︔ ᠢᠳᠡᠭᠡᠨ ᠪᠠ ᠤᠰᠤ ᠤᠮᠳᠠ ᠶᠢᠨ ᠠᠶᠤᠯᠭᠦᠢ ᠶᠢᠨ ᠠᠵᠢᠯ  ᠢ ᠰᠠᠶᠢᠳᠤᠷ ᠬᠢᠭᠰᠡᠨ ᠪᠠᠶᠢᠬᠤ︔ ᠶᠡᠷᠢᠶ᠎ᠡ ᠭᠡᠯᠡᠯᠴᠡᠭᠡᠨ ᠤ ᠪᠠᠴᠢᠮ ᠢ ᠠᠷᠭᠠᠴᠠᠭᠠᠬᠤ ᠲᠤᠭᠳᠠᠴᠠ ᠪᠤᠢ ᠪᠥᠭᠡᠳ ᠴᠢᠬᠤᠯᠠ ᠮᠡᠳᠡᠭᠡ ᠵᠠᠩᠬᠢ ᠶᠢ ᠴᠠᠭ ᠲᠠᠷᠤᠢ ᠳᠤ ᠨᠢ ᠲᠡᠭᠡᠭᠰᠢ ᠮᠡᠳᠡᠭᠦᠯᠥᠭᠰᠡᠨ ᠪᠠᠶᠢᠬᠤ︔ ᠬᠠᠷ᠎ᠠ ᠪᠥᠯᠥᠭᠳᠡᠨ ᠬᠠᠷᠬᠢᠰ ᠭᠥᠴᠥᠨ ᠢ ᠠᠷᠢᠯᠭᠠᠬᠤ ᠲᠤᠰᠬᠠᠢ ᠲᠡᠮᠡᠴᠡᠯ ᠪᠤᠯᠤᠨ ᠴᠡᠴᠡᠷᠯᠢᠭ ᠤᠨ ᠭᠥᠷᠢᠶᠡᠨ ᠤ ᠭᠥᠴᠥᠷᠭᠡᠭᠯᠡᠯ ᠲᠤᠷᠤᠮᠵᠢᠯᠠᠯ ᠶᠢᠨ ᠬᠠᠮᠢᠶ᠎ᠡ ᠪᠥᠭᠦᠢ ᠠᠵᠢᠯ ᠢ ᠲᠤᠤᠱᠳᠠᠢ ᠨᠠᠷᠢᠯᠢᠭ ᠠᠬᠢᠭᠤᠯᠤᠭᠰᠠᠨ ᠪᠠᠶᠢᠬᠤ ᠪᠥᠭᠡᠳ ᠪᠥᠳᠥᠮᠵᠢ ᠰᠠᠶᠢᠨ ᠪᠠᠶᠢᠬᠤ︔ ᠲᠤᠰ ᠵᠢᠯ ᠤᠨ ᠲᠤᠳᠤᠷ᠎ᠠ ᠴᠢᠬᠤᠯᠠ ᠮᠡᠳᠡᠭᠡ ᠴᠢᠮᠡᠭᠡ ᠮᠡᠳᠡᠭᠦᠯᠭᠦ ᠠᠵᠢᠯ ᠢ ᠤᠷᠬᠢᠭᠳᠠᠭᠤᠯᠤᠭᠰᠠᠨ᠂ ᠤᠷᠤᠶᠢᠳᠠᠭᠤᠯᠤᠭᠰᠠᠨ ᠪᠤᠶᠤ ᠨᠢᠭᠤᠨ ᠲᠠᠷᠤᠭᠰᠠᠨ ᠵᠡᠷᠭᠡ ᠤᠴᠢᠷ ᠭᠠᠷᠤᠭᠰᠠᠨ ᠥᠭᠡᠢ ᠪᠠᠶᠢᠬᠤ᠃     C25 ᠪᠥᠭᠦ ᠪᠠᠭᠰᠢ ᠬᠡᠥᠭᠡᠳ ᠲᠤ ᠪᠠᠶᠢᠩᠭᠤ ᠶᠢᠨ ᠴᠢᠨᠠᠷᠳᠤ ᠠᠶᠤᠯᠭᠦᠢ ᠶᠢᠨ ᠭᠥᠮᠥᠵᠢᠯ ᠪᠤᠯᠪᠠᠰᠤᠷᠠᠯ ᠬᠢᠭᠰᠡᠨ ᠪᠠ ᠪᠠᠴᠢᠮ ᠢ ᠠᠷᠭᠠᠴᠠᠭᠠᠬᠤ ᠠᠶᠤᠯᠭᠦᠢ ᠶᠢᠨ ᠰᠤᠷᠢᠯᠳᠠ ᠰᠤᠷᠭᠠᠭᠤᠯᠢᠯᠠᠯ ᠬᠢᠭᠰᠡᠨ ᠪᠠᠶᠢᠬᠤ︔ ᠪᠠᠶᠢᠩᠭᠤ  ᠶᠢᠨ ᠴᠢᠨᠠᠷᠳᠤ ᠠᠶᠤᠯᠭᠦᠢ ᠶᠢᠨ ᠬᠢᠨᠠᠯᠳᠠ ᠬᠢᠵᠠᠭᠠᠷᠯᠠᠯ ᠢ ᠴᠢᠩᠭᠠᠳᠬᠠᠵᠤ᠂ ︽ᠭᠤᠷᠪᠠ ᠶᠢ ᠰᠡᠷᠭᠡᠶᠢᠯᠡᠭᠦ︾ ᠪᠠᠶᠢᠭᠤᠯᠤᠯᠳᠠ ᠶᠢᠨ ᠲᠥᠪᠰᠢᠨ ᠢ ᠲᠡᠭᠡᠭᠰᠢᠯᠡᠭᠦᠯᠥᠭᠰᠡᠨ ᠪᠠᠶᠢᠬᠤ︔ ᠲᠥᠭᠰᠢᠭᠦᠷᠢ ᠶᠢ ᠰᠡᠷᠭᠡᠶᠢᠯᠡᠨ ᠡᠵᠡᠮᠳᠡᠭᠦ ᠠᠷᠭ᠎ᠠ ᠠᠪᠴᠠᠯ ᠲᠤᠬᠢᠳᠠᠢ ᠪᠥᠳᠥᠮᠵᠢᠳᠠᠢ᠂ ᠲᠤᠨᠤᠭ ᠲᠥᠭᠦᠭᠡᠷᠤᠮᠵᠢ ᠪᠥᠷᠢᠨ ᠪᠥᠭᠡᠳ ᠬᠡᠪ ᠤᠨ ᠠᠵᠢᠯᠯᠠᠭ᠎ᠠ ᠲᠠᠢ ᠪᠠᠶᠢᠬᠤ᠃     C26 ︽ᠭᠤᠷᠪᠠ ᠶᠢ ᠪᠠᠭᠳᠠᠭᠠᠵᠤ ᠨᠢᠭᠡ ᠶᠢ ᠰᠢᠩᠭᠡᠭᠡᠭᠦ︾ ᠶᠢᠨ ᠬᠡᠷᠡᠭᠵᠢᠭᠦᠯᠭᠦ ᠲᠥᠰᠥᠯ ᠪᠠ ᠬᠢᠨᠠᠨ ᠰᠢᠯᠭᠠᠯᠳᠠ ᠶᠢᠨ ᠪᠠᠷᠢᠮᠵᠢᠶ᠎ᠠ ᠶᠢ ᠲᠤᠭᠳᠠᠭᠠᠭᠰᠠᠨ ᠪᠠᠶᠢᠬᠤ ᠪᠥᠭᠡᠳ ᠴᠡᠴᠡᠷᠯᠢᠭ ᠤᠨ ᠠᠵᠢᠯ ᠤᠨ ᠲᠥᠰᠥᠯ᠂ ᠵᠢᠭᠠᠨ ᠰᠤᠷᠭᠠᠯᠳᠠ ᠶᠢᠨ ᠲᠥᠰᠥᠯ᠂ ᠬᠢᠴᠢᠶᠡᠯ ᠤᠨ ᠲᠤᠬᠢᠷᠠᠭᠤᠯᠭ᠎ᠠ ᠵᠡᠷᠭᠡ ᠳᠤ ᠪᠠᠭᠳᠠᠭᠠᠨ ᠨᠠᠶᠢᠳᠠᠪᠤᠷᠢᠵᠢᠭᠤᠯᠤᠭᠰᠠᠨ ᠪᠠᠶᠢᠬᠤ︔ ᠥᠭᠡ ᠭᠡᠯᠡ ᠥᠰᠥᠭ ᠪᠢᠴᠢᠭ ᠤᠨ ᠲᠥᠷᠢᠮᠵᠢᠭᠦᠯᠥᠯᠳᠡ ᠶᠢ ᠴᠢᠬᠤᠯᠠᠴᠢᠯᠠᠵᠤ᠂ ᠪᠠᠭᠰᠢ ᠨᠠᠷ ᠲᠤ ᠬᠢᠳᠡᠳ ᠭᠡᠯᠡᠨ ᠤ ᠨᠡᠶᠢᠳᠡᠯᠢᠭ ᠭᠡᠯᠡᠨ ᠤ ᠴᠢᠳᠠᠪᠥᠷᠢ ᠲᠡᠭᠡᠭᠰᠢᠯᠡᠭᠦᠯᠭᠦ ᠪᠤᠯᠪᠠᠰᠤᠷᠠᠯ ᠬᠢᠭᠰᠡᠨ ᠪᠠᠶᠢᠬᠤ︔ ᠪᠥᠭᠦ ᠤᠯᠤᠰ  ᠤᠨ ᠬᠢᠳᠡᠳ ᠭᠡᠯᠡᠨ ᠤ ᠨᠡᠶᠢᠳᠡᠯᠢᠭ ᠭᠡᠯᠡ ᠲᠥᠭᠡᠮᠡᠯᠵᠢᠭᠦᠯᠭᠦ ᠰᠤᠷᠳᠠᠯᠴᠢᠯᠠᠯ ᠤᠨ ᠭᠠᠷᠠᠭ ᠤᠨ ᠠᠵᠢᠯᠯᠠᠭ᠎ᠠ ᠶᠢ ᠢᠳᠡᠪᠬᠢᠳᠡᠢ ᠥᠷᠨᠢᠭᠦᠯᠥᠭᠰᠡᠨ ᠪᠠᠶᠢᠬᠤ᠃     C27 ᠪᠠᠷᠢᠮᠵᠢᠶ᠎ᠠ ᠠᠪᠢᠶ᠎ᠠ ᠶᠢ ᠵᠢᠭᠠᠨ ᠰᠤᠷᠭᠠᠯᠳᠠ ᠶᠢᠨ ᠪᠠᠭᠠᠵᠢ ᠪᠤᠯᠭᠠᠵᠤ᠂ ᠥᠭᠡ ᠭᠡᠯᠡ ᠥᠰᠥᠭ ᠪᠢᠴᠢᠭ  ᠤᠨ ᠲᠥᠷᠢᠮᠵᠢᠯᠳᠤ ᠴᠡᠴᠡᠷᠯᠢᠭ ᠪᠤᠯᠤᠭᠰᠠᠨ ᠪᠠᠶᠢᠬᠤ︔ ᠥᠰᠥᠭ ᠪᠢᠴᠢᠭ ᠤᠨ ᠵᠥᠪ ᠪᠢᠴᠢᠯᠭᠡ ᠲᠥᠷᠢᠮᠵᠢᠯ ᠶᠢ ᠠᠩᠬᠠᠷᠴᠤ᠂ ᠬᠡᠯᠡ ᠪᠢᠴᠢᠭ ᠤᠨ ᠬᠡᠷᠡᠭᠯᠡᠯᠳᠡ ᠶᠢᠨ ᠭᠠᠵᠠᠷ ᠤᠷᠤᠨ ᠤ ᠵᠢᠱᠢᠶᠡᠴᠢ ᠪᠤᠯᠤᠭᠰᠠᠨ ᠪᠠᠶᠢᠬᠤ︔ ᠪᠠᠭᠰᠢ ᠨᠠᠷ ᠤᠨ ᠪᠠᠷᠢᠮᠵᠢᠶ᠎ᠠ ᠠᠪᠢᠶᠠᠨ ᠤ ᠲᠥᠪᠰᠢᠨ ᠨᠢ ᠬᠤᠶᠠᠳᠤᠭᠠᠷ ᠲᠡᠰ ᠤᠨ ᠬᠥᠭᠡ ᠵᠡᠷᠭᠡ ᠶᠢᠨ ᠲᠥᠪᠰᠢᠨ ᠳᠤ ᠭᠥᠷᠥᠭᠰᠡᠳ ᠤᠨ ᠨᠡᠮᠡᠭᠳᠡᠯ ᠤᠨ ᠨᠤᠷᠮ᠎ᠠ 1% ᠠᠴᠠ ᠲᠡᠭᠡᠭᠰᠢ ᠪᠠᠶᠢᠬᠤ᠃     C28 ᠥᠨᠳᠥᠰᠥᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠬᠠᠷᠠᠯᠳᠠᠳᠤ ᠬᠢᠨᠠᠨ ᠰᠢᠯᠭᠠᠯᠳᠠ ᠪᠤᠯᠤᠨ ᠰᠤᠷᠭᠠᠨ ᠭᠥᠮᠥᠵᠢᠯ ᠤᠨ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠭᠡᠭᠦ ᠬᠤᠶᠠᠷ ᠪᠥᠯᠥᠭ ᠢᠶᠠᠷ ᠪᠥᠷᠢᠯᠳᠥᠭᠦ ᠪᠥᠭᠡᠳ ᠬᠢᠨᠠᠨ ᠰᠢᠯᠭᠠᠬᠤ ᠪᠤᠳᠠᠳᠠᠢ ᠠᠷᠭ᠎ᠠ ᠪᠠᠷᠢᠮᠵᠢᠶ᠎ᠠ ᠶᠢ ᠵᠤᠬᠢᠶᠠᠨ ᠪᠠᠶᠢᠭᠤᠯᠬᠤ ᠲᠠᠰᠤᠭ ᠠᠴᠠ ᠥᠭᠡᠷ᠎ᠡ ᠪᠢᠴᠢᠭ ᠮᠠᠲ᠋ᠧᠷᠢᠶᠡᠯ ᠤᠨ ᠭᠡᠯᠪᠡᠷᠢ ᠪᠠᠷ ᠪᠠᠭᠤᠯᠭᠠᠨ᠎ᠠ᠃     C29 ᠴᠡᠴᠡᠷᠯᠢᠭ ᠤᠨ ᠠᠵᠢᠯ ᠤᠨ ᠤᠨᠴᠠᠯᠢᠭᠳᠤ ᠪᠥᠳᠥᠮᠵᠢ ᠪᠠ ᠰᠤᠳᠤᠨ ᠠᠮᠵᠢᠯᠳᠠ ᠶᠢ ᠴᠠᠭ ᠲᠠᠷᠤᠢ ᠳᠤ  ᠨᠢ ᠮᠡᠳᠡᠭᠡᠯᠡᠭᠦ ᠪᠥᠭᠡᠳ ᠭᠠᠷᠠᠭ ᠲᠤ ᠨᠠᠭᠠᠳᠤ ᠵᠠᠬ᠎ᠠ ᠳᠤ ᠪᠠᠨ ᠬᠤᠶᠠᠷ ᠤᠳᠠᠭ᠎ᠠ ᠴᠢᠨᠠᠷᠯᠢᠭ ᠴᠢᠮᠡᠭᠡ ᠵᠠᠩᠬᠢ ᠮᠡᠳᠡᠭᠦᠯᠥᠭᠰᠡᠨ ᠪᠠᠶᠢᠬᠤ ᠬᠡᠷᠡᠭᠳᠡᠢ᠃     C30 ᠲᠤᠤᠷ ᠰᠥᠯᠵᠢᠶᠡᠨ ᠤ ᠶᠠᠷᠢᠶᠡᠨ ᠭᠡᠯᠡᠯᠴᠡᠭᠡᠨ ᠤ ᠪᠠᠶᠢᠳᠠᠯ ᠢ ᠪᠥᠳᠥᠮᠵᠢᠳᠡᠢ ᠰᠢᠢᠳᠪᠥᠷᠢᠯᠡᠵᠤ᠂ ᠴᠠᠭ ᠲᠠᠷᠤᠢ ᠳᠤ ᠨᠢ ᠲᠡᠭᠡᠭᠰᠢ ᠮᠡᠳᠡᠭᠦᠯᠥᠭᠰᠡᠨ ᠪᠠᠶᠢᠬᠤ᠃     C31 ᠭᠡᠥᠭᠡᠳ ᠤᠨ ᠴᠡᠴᠡᠷᠯᠢᠭ ᠤᠨ ᠥᠪᠡᠷᠳᠡᠭᠡᠨ ᠥᠨᠡᠯᠡᠯᠳᠡ ᠬᠢᠭᠦ ᠪᠠᠶᠢᠭᠤᠯᠤᠯᠳᠠ ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠠᠵᠢᠯ ᠢ ᠯᠠᠪᠳᠠᠭᠤᠨ ᠠᠬᠢᠭᠤᠯᠵᠤ᠂ ᠥᠪᠡᠷᠳᠡᠭᠡᠨ ᠥᠨᠡᠯᠡᠭᠦ ᠲᠥᠰᠥᠯ᠂ ᠪᠠᠷᠢᠮᠵᠢᠶ᠎ᠠ᠂ ᠲᠠᠷᠠᠭᠠᠯᠠᠯ ᠤᠨ ᠮᠠᠲ᠋ᠧᠷᠢᠶᠡᠯ᠂ ᠳ᠋ᠥᠩᠨᠡᠯᠳᠡ᠂ ᠥᠨᠡᠯᠡᠯᠳᠡ ᠵᠡᠷᠭᠡ ᠶᠢ ᠪᠥᠷᠢᠳᠥᠭᠦᠯᠵᠤ᠂ ᠴᠡᠴᠡᠷᠯᠢᠭ ᠤᠨ ᠭᠥᠭᠵᠢᠯᠳᠡ  ᠳᠤ ᠠᠬᠢᠭᠤᠯᠬᠤ ᠥᠢᠯᠡᠳᠥᠯ ᠭᠠᠷᠭᠠᠭᠰᠠᠨ ᠪᠠᠶᠢᠬᠤ︔ 1 — 2 ᠬᠤᠪᠢ A ᠲᠡᠰ ᠤᠨ ᠵᠢᠭᠠᠯᠳᠠ ᠲᠠᠢ ᠥᠪᠡᠷᠳᠡᠭᠡᠨ ᠥᠨᠡᠯᠡᠯᠳᠡ ᠶᠢ ᠰᠤᠭᠤᠴᠢᠨ ᠪᠠᠶᠢᠴᠠᠭᠠᠨ᠎ᠠ᠃     C32 ᠴᠡᠴᠡᠷᠯᠢᠭ ᠡᠷᠬᠢᠯᠡᠭᠦ ᠲᠥᠪᠰᠢᠨ ᠢ ᠲᠡᠭᠡᠭᠰᠢᠯᠡᠭᠦᠯᠭᠦ ᠬᠡᠷᠡᠭᠵᠢᠭᠦᠯᠭᠦ ᠲᠥᠰᠥᠯ᠂ ᠲᠥᠯᠥᠪᠯᠡᠭᠡ ᠲᠤᠬᠢᠷᠠᠭᠤᠯᠤᠯᠳᠠ᠂ ᠬᠢᠨᠠᠯᠳᠠ ᠬᠠᠮᠢᠶᠠᠷᠤᠯᠳᠠ᠂ ᠪᠥᠳᠥᠮᠵᠢ ᠢᠯᠡᠰᠢᠭᠦᠯᠥᠯᠳᠡ᠂ ᠳ᠋ᠥᠩᠨᠡᠯᠳᠡ ᠮᠡᠳᠡᠭᠦᠯᠥᠯᠳᠡ ᠲᠠᠢ ᠪᠠᠶᠢᠬᠤ᠃     C33 ᠬᠢᠶ᠎ᠠ ᠪᠠᠭᠰᠢ ᠲᠤᠭᠤᠷᠢᠭ ᠤᠨ ᠴᠡᠴᠡᠷᠯᠢᠭ ᠯᠦᠭᠡ ᠶᠢᠨ ᠭᠤᠷᠪᠠᠳᠤᠭᠠᠷ ᠵᠢᠯ ᠤᠨ ᠬᠠᠷᠢᠯᠴᠠᠭ᠎ᠠ ᠬᠠᠮᠳᠤᠷᠠᠯᠴᠠᠭ᠎ᠠ ᠶᠢᠨ ᠪᠠᠶᠢᠳᠠᠯ ᠢ ᠭᠤᠤᠯᠳᠠᠯᠭᠠᠳᠠᠢ ᠪᠠᠶᠢᠴᠠᠭᠠᠨ᠎ᠠ᠃ ᠬᠠᠷᠢᠯᠴᠠᠵᠤ ᠬᠠᠮᠳᠤᠷᠠᠯᠴᠠᠭᠰᠠᠨ ᠲᠤᠭ᠎ᠠ 2 ᠤᠳᠠᠭ᠎ᠠ ᠠᠴᠠ ᠲᠤᠳᠠᠭᠤ ᠥᠭᠡᠢ ᠪᠠᠶᠢᠬᠤ ᠪᠥᠭᠡᠳ ᠲᠥᠯᠥᠪᠯᠡᠭᠡ ᠲᠤᠬᠢᠷᠠᠭᠤᠯᠤᠯᠳᠠ ᠬᠢᠭᠡᠳ ᠮᠥᠨ ᠠᠵᠢᠯᠯᠠᠭᠠᠨ ᠤ ᠲᠤᠬᠠᠢ ᠥᠰᠥᠭ ᠪᠢᠴᠢᠭ᠂ ᠵᠢᠷᠤᠭ ᠪᠢᠴᠢᠯᠭᠡ᠂ ᠤᠯᠤᠯᠳᠠ ᠲᠥᠷᠥᠭᠳᠡᠯ ᠵᠡᠷᠭᠡ ᠪᠠᠶᠢᠬᠤ︔ 2 ᠤᠳᠠᠭ᠎ᠠ ᠪᠤᠯᠪᠠᠰᠤᠷᠠᠯ ᠡᠷᠬᠢᠯᠡᠭᠰᠡᠨ ᠪᠠᠶᠢᠬᠤ᠃     C34 2018 ᠤᠨ ᠤ ᠬᠤᠳᠠ ᠠᠴᠠ ᠬᠤᠰᠢᠭᠤ ᠲᠤᠭᠤᠷᠢᠭ ᠤᠳ ᠲᠤ ᠬᠠᠨᠳᠤᠭᠤᠯᠤᠭᠰᠠᠨ ᠪᠤᠶᠤ ᠬᠤᠰᠢᠭᠤᠨ ᠠᠴᠠ ᠰᠤᠷᠭᠠᠭᠤᠯᠢ ᠴᠡᠴᠡᠷᠯᠢᠭ ᠤᠳ ᠲᠤ ᠬᠠᠨᠳᠤᠭᠤᠯᠤᠭᠰᠠᠨ ᠰᠤᠷᠭᠠᠨ ᠭᠥᠮᠥᠵᠢᠯ ᠤᠨ ᠶᠡᠷᠥᠩᠭᠡᠶᠢᠯᠡᠭᠰᠡᠨ ᠬᠢᠨᠠᠨ ᠵᠢᠯᠤᠭᠤᠳᠤᠯᠭ᠎ᠠ᠂ ᠲᠤᠰᠬᠠᠢ ᠲᠥᠷᠥᠯ ᠤᠨ ᠵᠢᠭᠠᠨ ᠵᠢᠯᠤᠭᠤᠳᠤᠯᠭ᠎ᠠ ᠵᠡᠷᠭᠡ ᠢᠯᠡᠰᠢᠭᠦᠯᠥᠯ ᠲᠤᠰᠬᠠᠭᠠᠯᠳᠠ ᠲᠤᠮᠳᠠ ᠵᠢᠭᠠᠨ ᠭᠠᠷᠭᠠᠭᠰᠠᠨ ᠤᠷᠤᠰᠢᠵᠤ ᠪᠤᠢ ᠠᠰᠠᠭᠤᠳᠠᠯ ᠢ ᠥᠭᠡᠷᠡᠴᠢᠯᠡᠨ ᠴᠡᠭᠴᠡᠯᠡᠭᠰᠡᠨ ᠮᠥᠷᠳᠡᠭᠡᠨ ᠠᠷᠭ᠎ᠠ ᠠᠪᠴᠠᠯ ᠨᠢ ᠡᠷᠴᠢᠮᠳᠡᠢ᠂ ᠪᠥᠳᠥᠮᠵᠢ ᠨᠢ ᠰᠠᠶᠢᠨ ᠪᠥᠭᠡᠳ ᠥᠭᠡᠷᠡᠴᠢᠯᠡᠨ ᠴᠡᠭᠴᠡᠯᠡᠭᠰᠡᠨ ᠠᠷᠭ᠎ᠠ ᠠᠪᠴᠠᠯ ᠰᠠᠨᠠᠯ ᠰᠤᠪᠢᠯ ᠢᠶᠠᠨ ᠴᠠᠭ ᠲᠠᠷᠤᠢ ᠨᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠠᠯᠪᠠᠨ ᠬᠡᠷ ᠲᠤ ᠲᠤᠰᠢᠶᠠᠭᠰᠠᠨ ᠪᠠᠶᠢᠬᠤ᠃        ᠨᠤᠭᠳᠠᠭᠤᠯᠬᠤ ᠬᠤᠪᠢ3᠂ 2᠂ 4᠂ 2᠂ 3᠂ 3᠂ 2᠂ 2᠂ 2᠂ 2᠂ 22᠂ 2᠂ 1᠂ 2᠂ 2᠂ 2᠂ 2᠂ 3᠂ 2᠂ 3᠂ 2᠂ 3᠂ 63᠂ 4᠂ 4᠂ 7᠂ 2᠂ 2᠂ 7᠂ 4᠂ 3᠂ 5᠂ 100ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ         ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ                        2019  ᠤᠨ ᠤ 6 ᠰᠠᠷ᠎ᠠ ᠶᠢᠨ 10 ᠤ ᠡᠳᠥᠷ  ᠲᠠᠷᠤᠮᠠᠯᠯᠠᠨ ᠲᠠᠷᠬᠠᠭᠠᠪᠠ
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号