ᠤᠳᠤᠭ ᠡᠮᠥᠨᠡᠳᠤ ᠰᠤᠷᠭᠠᠨ ᠭᠥᠮᠥᠵᠢᠯ ᠬᠢᠨᠠᠨ ᠵᠢᠯᠤᠭᠤᠳᠬᠤ ᠵᠥᠪᠯᠡᠯ ᠠᠯᠪᠠᠨ ᠲᠠᠷᠬᠠᠭᠠᠭᠰᠠᠨ ﹇2019﹈ 4 ᠲᠤᠭᠠᠳᠤ
ᠨᠡᠶᠢᠲᠡᠯᠡᠭᠰᠡᠨ ᠴᠠᠭ᠄
2020/10/21
2019  ᠤᠨ ᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠤᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ ᠢ ᠲᠠᠷᠤᠮᠠᠯᠯᠠᠨ ᠲᠠᠷᠬᠠᠭᠠᠬᠤ ᠲᠤᠬᠠᠢ ᠤᠳᠤᠭ ᠤᠨ ᠡᠮᠥᠨᠡᠳᠤ ᠬᠤᠰᠢᠭᠤᠨ  ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ ᠤᠨ ᠮᠡᠳᠡᠭᠳᠡᠯᠦᠨᠳᠤᠰᠤᠳᠠᠨ ᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ᠳᠤ᠄     ᠡᠳᠥᠭᠡ ︽2019 ᠤᠨ ᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠤᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ︾ ᠢ ᠲᠠᠨᠠᠷ ᠲᠤ ᠲᠠᠷᠤᠮᠠᠯᠯᠠᠨ ᠲᠠᠷᠬᠠᠭᠠᠪᠠ᠂ ᠭᠥᠷᠭᠦᠯ᠎ᠡ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠥᠭᠡᠢ᠃               ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ                 ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ                         2019 ᠤᠨ ᠤ 6 ᠰᠠᠷ᠎ᠠ ᠶᠢᠨ 10 ᠤ ᠡᠳᠥᠷ2019 ᠤᠨ ᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠤᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ     ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠥᠩᠭᠡᠢ ᠱᠥᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠬᠡᠨ᠂ ᠰᠤᠷᠭᠠᠨ ᠭᠥᠮᠥᠵᠢᠯ ᠤᠨ ᠬᠠᠤᠯᠢ ᠲᠥᠷᠢᠮ ᠬᠢᠭᠡᠳ ᠴᠢᠭᠯᠡᠯᠳᠡ ᠲᠥᠷᠥ ᠶᠢᠨ ᠪᠤᠳᠤᠯᠭ᠎ᠠ ᠶᠢᠨ ᠲᠤᠤᠱᠯᠠᠭᠤᠯᠤᠯ ᠬᠡᠷᠡᠭᠵᠢᠭᠦᠯᠥᠯᠳᠡ ᠶᠢ ᠥᠨᠡᠨ ᠭᠦ ᠪᠠᠳᠤᠯᠠᠨ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠤᠰᠤᠭᠠᠷ ᠵᠠᠰᠠᠯᠳᠠ ᠬᠢᠭᠦ ᠪᠠ ᠬᠠᠤᠯᠢ ᠶᠤᠰᠤᠭᠠᠷ ᠭᠥᠮᠥᠵᠢᠯ ᠭᠢᠭᠦ ᠠᠵᠢᠯ ᠢ ᠭᠥᠨᠵᠡᠭᠡᠶᠢᠷᠡᠭᠦᠯᠵᠤ᠂ ᠡᠷᠬᠡ ᠲᠡᠭᠰᠢ ᠰᠤᠷᠭᠠᠨ ᠭᠥᠮᠥᠵᠢᠯ ᠢ ᠠᠬᠢᠭᠤᠯᠣᠨ᠂ ᠠᠯᠪᠠᠨ ᠵᠢᠷᠤᠮ ᠤᠨ ᠰᠤᠷᠭᠠᠨ ᠬᠦᠮᠤᠵᠢᠯ ᠢ ᠰᠢᠯᠢᠳᠡᠭᠵᠢᠭᠦᠯᠦᠨ ᠲᠡᠩᠴᠡᠭᠦᠷᠢᠰᠢᠭᠦᠯᠵᠦ᠂ ᠰᠤᠷᠭᠠᠨ ᠭᠥᠮᠥᠵᠢᠯ ᠤᠨ ᠴᠢᠨᠠᠷᠵᠢᠯ  ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠰᠤᠷᠭᠠᠨ ᠬᠦᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ  ᠵᠤᠷᠢᠯᠭ᠎ᠠ  ᠪᠠᠷ ︽2019 ᠤᠨ ᠤ  ᠤᠷᠳᠤᠰ ᠬᠤᠳᠠ ᠶᠢᠨ ᠰᠤᠷᠭᠠᠨ ᠭᠥᠮᠥᠵᠢᠯ ᠤᠨ ᠠᠵᠢᠯ ᠤᠨ ᠬᠢᠨᠠᠨ ᠵᠢᠯᠤᠭᠤᠳᠴᠤ ᠥᠨᠡᠯᠡᠨ ᠵᠢᠱᠢᠭᠦ ᠲᠥᠰᠥᠯ︾ ︵ᠤᠷᠳᠤᠰ ᠰᠤᠷᠭᠠᠨ ᠭᠥᠮᠥᠵᠢᠯ ᠬᠢᠨᠠᠨ ᠵᠢᠯᠤᠭᠤᠳᠬᠤ ᠵᠥᠪᠯᠡᠯ ᠲᠠᠷᠬᠠᠭᠠᠭᠰᠠᠨ     ﹇2019﹈  ᠲᠤᠭᠠᠳᠤ ᠪᠢᠴᠢᠭ ᠮᠠᠲ᠋ᠧᠷᠢᠶᠡᠯ︶ ᠤᠨ ᠵᠤᠷᠢᠭ ᠰᠠᠨᠠᠭ᠎ᠠ ᠶᠢ ᠥᠨᠳᠥᠰᠥᠯᠡᠨ ᠲᠤᠰ ᠲᠥᠰᠥᠯ ᠢ ᠲᠤᠭᠳᠠᠭᠠᠪᠠ᠃     ᠨᠢᠭᠡ᠂ ᠬᠢᠨᠠᠨ ᠵᠢᠯᠤᠭᠤᠳᠴᠤ ᠥᠨᠡᠯᠡᠨ ᠵᠢᠱᠢᠭᠦ ᠵᠠᠷᠴᠢᠮ     ᠥᠨᠡᠨ ᠠᠴᠠ ᠵᠥᠪ ᠢ ᠡᠷᠢᠭᠦ᠂ ᠪᠤᠰᠤᠳᠴᠢ ᠭᠤᠤᠯᠴᠢ ᠪᠠᠷ ᠬᠠᠨᠳᠤᠬᠤ᠂ ᠭᠤᠤᠯᠳᠠᠯᠠᠭ᠎ᠠ ᠶᠢ ᠨᠢ ᠲᠤᠪᠤᠶᠢᠯᠭᠠᠬᠤ᠂ ᠬᠢᠨᠠᠯᠳᠠ ᠵᠢᠯᠤᠭᠤᠳᠤᠯᠭ᠎ᠠ ᠪᠠᠷ ᠭᠤᠤᠯᠯᠠᠭᠤᠯᠬᠤ ᠵᠠᠷᠴᠢᠮ ᠢ ᠪᠠᠷᠢᠮᠳᠠᠯᠠᠨ᠎ᠠ᠃     ᠬᠤᠶᠠᠷ᠂ ᠬᠢᠨᠠᠯᠳᠠ ᠵᠢᠯᠤᠭᠤᠳᠤᠯᠭ᠎ᠠ ᠥᠨᠡᠯᠡᠯᠳᠡ ᠵᠢᠱᠢᠯᠳᠠ ᠭᠥᠯᠢᠶᠡᠭᠦ ᠨᠢᠬᠡᠴᠠ     ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ     ᠭᠤᠷᠪᠠ᠂ ᠬᠢᠨᠠᠨ ᠵᠢᠯᠤᠭᠤᠳᠴᠤ ᠥᠨᠡᠯᠡᠨ ᠵᠢᠱᠢᠭᠦ ᠠᠭᠤᠯᠭ᠎ᠠ ᠬᠢᠭᠡᠳ ᠬᠤᠪᠢ ᠤᠯᠭᠤᠬᠤ ᠠᠷᠭ᠎ᠠ     ᠡᠳᠥᠷ ᠲᠤᠳᠤᠮ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠲᠤᠰᠬᠠᠢ ᠲᠥᠷᠥᠯ ᠤᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠵᠢᠯ ᠤᠨ ᠡᠴᠥᠰ ᠤᠨ ᠵᠢᠯᠤᠭᠤᠳᠤᠯᠭ᠎ᠠ ᠥᠨᠡᠯᠡᠯᠳᠡ ᠵᠢᠱᠢᠯᠳᠠ᠂ ᠨᠡᠶᠢᠭᠡᠮ  ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ᠂ ᠵᠢᠭᠠᠨ ᠰᠤᠷᠭᠠᠯᠲᠠ ᠶᠢᠨ ᠪᠦᠲᠤᠮᠵᠢ ᠶᠢᠨ ᠬᠢᠨᠠᠨ ᠰᠢᠯᠭᠠᠯᠲᠠ ᠥᠨᠡᠯᠡᠯᠳᠡ ᠪᠤᠯᠤᠨ ᠥᠪᠡᠷᠳᠡᠭᠡᠨ ᠥᠨᠡᠯᠡᠯᠳᠡ ᠬᠢᠭᠦ ᠵᠡᠷᠭᠡ ᠠᠭᠤᠯᠭ᠎ᠠ ᠪᠠᠷ ᠶᠠᠪᠤᠭᠳᠠᠨ᠎ᠠ᠃     ︵ᠨᠢᠭᠡ︶ ᠡᠳᠥᠷ ᠲᠤᠳᠤᠮ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵5% ᠶᠢ ᠡᠵᠡᠯᠡᠨ᠎ᠡ︶ ᠶᠢ ᠬᠠᠷᠢᠭᠤᠴᠠᠭᠰᠠᠨ ᠬᠢᠨᠠᠨ ᠵᠢᠯᠤᠭᠤᠳᠤᠭᠴᠢ ᠬᠠᠷᠢᠭᠤᠴᠠᠵᠤ᠂ ᠡᠩ ᠤᠨ ᠴᠠᠭ ᠢᠶᠠᠷ ᠰᠣᠷᠭᠠᠭᠤᠯᠢ ᠤᠳ ᠲᠤ ᠭᠥᠨᠵᠡᠭᠡᠶᠢᠷᠡᠨ ᠪᠠᠶᠢᠴᠠᠭᠠᠯᠳᠠ ᠬᠢᠭᠰᠡᠨ ᠪᠠᠶᠢᠳᠠᠯ ᠢ ᠥᠨᠳᠥᠰᠥᠯᠡᠨ ᠬᠤᠪᠢ ᠤᠯᠭᠤᠨ᠎ᠠ᠃     ︵ᠬᠤᠶᠠᠷ︶ ᠲᠤᠰᠬᠠᠢ ᠲᠥᠷᠥᠯ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵10% ᠶᠢ ᠡᠵᠡᠯᠡᠨ᠎ᠡ︶ ᠤᠨ ᠠᠭᠤᠯᠭ᠎ᠠ ᠶᠢ ᠰᠤᠷᠭᠠᠨ ᠬᠦᠮᠦᠵᠢᠯ ᠤᠨ ᠲᠣᠪᠴᠢᠶᠠᠨ ᠤ ᠠᠵᠢᠯ ᠤᠨ ᠭᠤᠤᠯᠳᠠᠯᠭ᠎ᠠ ᠶᠢ ᠥᠨᠳᠥᠰᠥᠯᠡᠨ ᠲᠤᠭᠳᠠᠭᠠᠨ᠎ᠠ᠃     ︵ᠭᠤᠷᠪᠠ︶ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ  ︵10% ᠶᠢ ᠡᠵᠡᠯᠡᠨ᠎ᠡ︶ ᠶᠢ ᠭᠤᠷᠪᠠᠳᠤᠭᠠᠷ ᠡᠳᠡᠭᠡᠳ ᠤᠨ ᠵᠤᠭᠰᠤᠴᠠ ᠠᠴᠠ ᠰᠤᠷᠭᠠᠭᠤᠯᠢ ᠡᠷᠬᠢᠯᠡᠭᠰᠡᠨ ᠪᠠᠶᠢᠳᠠᠯ ᠢ ᠥᠵᠡᠵᠤ ᠲᠤᠭᠳᠠᠭᠠᠨ᠎ᠠ᠃ ᠭᠤᠤᠯᠳᠠᠭᠤ ᠪᠠᠭᠰᠢ ᠨᠠᠷ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵3%  ᠶᠢ ᠡᠵᠡᠯᠡᠨ᠎ᠡ︶︔ ᠰᠤᠷᠤᠭᠴᠢᠳ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵2% ᠢ ᠡᠵᠡᠯᠡᠨ᠎ᠡ︶︔  ᠭᠡᠷ ᠤᠨ ᠠᠬᠠᠮᠠᠳ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵3% ᠶᠢ ᠡᠵᠡᠯᠡᠨ᠎ᠡ︶︔ ᠨᠡᠶᠢᠭᠡᠮ ᠲᠤᠭᠤᠷᠢᠭ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ ︵2% ᠢ ᠡᠵᠡᠯᠡᠨ᠎ᠡ︶ ᠪᠠᠷ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠥᠨᠡᠯᠡᠯᠳᠡ ᠲᠤᠭᠳᠠᠭᠠᠯᠳᠠ ᠬᠢᠵᠤ᠂ ᠵᠢᠯ ᠪᠥᠷᠢ ᠬᠢᠨᠠᠨ ᠵᠢᠯᠤᠭᠤᠭᠬᠤ ᠲᠠᠰᠤᠭ ᠠᠴᠠ ᠬᠠᠷᠢᠭᠤᠴᠠᠭᠰᠠᠨ ᠬᠢᠨᠠᠨ ᠵᠢᠯᠤᠭᠤᠳᠤᠭᠴᠢᠳ ᠢ ᠵᠤᠬᠢᠶᠠᠨ ᠪᠠᠶᠢᠭᠤᠯᠤᠨ ᠪᠠᠶᠢᠴᠠᠭᠠᠯᠳᠠ  ᠶᠢᠨ ᠬᠠᠭᠤᠳᠠᠰᠤ ᠶᠢᠨ ᠭᠡᠯᠪᠡᠷᠢ ᠪᠠᠷ ᠥᠨᠡᠯᠡᠯᠳᠡ ᠬᠢᠯᠭᠡᠨ᠎ᠡ᠃     ︵ᠲᠥᠷᠪᠡ︶ ᠬᠤᠰᠢᠭᠤᠨ ᠠᠴᠠ ᠰᠤᠷᠭᠠᠭᠤᠯᠢ ᠳᠤ ᠬᠠᠨᠳᠤᠭᠤᠯᠤᠭᠰᠡᠨ ᠵᠢᠯ ᠤᠨ ᠡᠴᠥᠰ ᠤᠨ ᠶᠠᠷᠤᠩᠬᠡᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵10% ᠶᠢ ᠡᠵᠡᠯᠡᠨ᠎ᠡ︶ ᠶᠢ ᠬᠢᠨᠠᠨ ᠵᠢᠯᠤᠭᠤᠳᠬᠤ ᠲᠠᠰᠤᠭ ᠠᠴᠠ ᠬᠠᠮᠢᠶ᠎ᠠ ᠪᠥᠭᠦᠢ ᠲᠠᠰᠤᠭ ᠪᠠ ᠠᠵᠢᠯ ᠤᠨ ᠲᠥᠪ ᠢ ᠵᠤᠬᠢᠶᠠᠨ ᠪᠠᠶᠢᠭᠤᠯᠵᠤ᠂ ᠬᠤᠰᠢᠭᠤᠨ ᠠᠴᠠ ᠰᠤᠷᠭᠠᠭᠤᠯᠢ ᠳᠤ ᠬᠠᠨᠳᠤᠭᠤᠯᠤᠭᠰᠡᠨ ᠬᠢᠨᠠᠨ ᠵᠢᠯᠤᠭᠤᠳᠴᠤ ᠥᠨᠡᠯᠡᠨ ᠵᠢᠱᠢᠭᠦ ᠠᠵᠢᠯ ᠤᠨ ᠵᠢᠭᠠᠯᠳᠠ ᠲᠥᠷᠢᠮᠵᠢᠯ ᠶᠤᠰᠤᠭᠠᠷ ᠪᠠᠶᠢᠴᠠᠭᠠᠨ ᠥᠨᠡᠯᠡᠨ᠎ᠡ᠃ ᠪᠠᠷᠤᠭ 11 ᠳ᠋ᠤᠭᠡᠷ ᠰᠠᠷ᠎ᠠ ᠶᠢᠨ ᠰᠡᠬᠦᠯᠴᠢ ᠪᠠᠷ ᠥᠨᠡᠯᠡᠯᠳᠡ ᠶᠢᠨ ᠠᠵᠢᠯ ᠢ ᠬᠢᠨ᠎ᠡ᠃     ︵ᠳᠠᠪᠤ︶ ᠬᠤᠳᠠ ᠠᠴᠠ ᠬᠤᠰᠢᠭᠤᠨ ᠳᠤ ᠬᠠᠨᠳᠤᠭᠤᠯᠤᠭᠰᠡᠨ ᠵᠢᠯ ᠤᠨ ᠡᠴᠥᠰ ᠤᠨ ᠶᠠᠷᠤᠩᠬᠡᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵65% ᠶᠢ ᠡᠵᠡᠯᠡᠨ᠎ᠡ︶     ︵ᠵᠢᠷᠭᠤᠭ᠎ᠠ︶ ᠬᠤᠪᠢ ᠤᠯᠭᠤᠬᠤ ᠠᠷᠭ᠎ᠠ᠄ ᠡᠳᠥᠷ ᠲᠤᠳᠤᠮ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵5% ᠶᠢ ᠡᠵᠡᠯᠡᠨ᠎ᠡ︶︔ ᠲᠤᠰᠬᠠᠢ ᠲᠥᠷᠥᠯ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ     ︵10% ᠶᠢ ᠡᠵᠡᠯᠡᠨ᠎ᠡ︶︔ ᠨᠡᠶᠢᠭᠡᠮ ᠤᠨ ᠬᠠᠨᠤᠮᠵᠢ ᠶᠢᠨ ᠪᠠᠶᠢᠳᠠᠯ ᠤᠨ ᠪᠠᠶᠢᠴᠠᠭᠠᠯᠳᠠ ᠥᠨᠡᠯᠡᠯᠳᠡ  ︵10%  ᠶᠢ ᠡᠵᠡᠯᠡᠨ᠎ᠡ︶︔ ᠬᠤᠰᠢᠭᠤᠨ ᠠᠴᠠ ᠰᠤᠷᠭᠠᠭᠤᠯᠢ ᠳᠤ ᠬᠠᠨᠳᠤᠭᠤᠯᠤᠭᠰᠡᠨ ᠵᠢᠯ ᠤᠨ ᠡᠴᠥᠰ ᠤᠨ ᠶᠠᠷᠤᠩᠬᠡᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵10% ᠶᠢ ᠡᠵᠡᠯᠡᠨ᠎ᠡ︶︔ ᠬᠤᠳᠠ ᠠᠴᠠ ᠬᠤᠰᠢᠭᠤᠨ ᠳᠤ ᠬᠠᠨᠳᠤᠭᠤᠯᠤᠭᠰᠡᠨ ᠵᠢᠯ ᠤᠨ ᠡᠴᠥᠰ ᠤᠨ ᠶᠠᠷᠤᠩᠬᠡᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ︵65% ᠶᠢ ᠡᠵᠡᠯᠡᠨ᠎ᠡ︶᠃ ᠳᠡᠬᠡᠷᠡᠬᠢ ᠬᠤᠪᠢ ᠶᠢ ᠬᠠᠷᠢᠯᠴᠠᠨ ᠨᠡᠮᠡᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠰᠲ᠋ᠧᠮ ᠳᠤ ᠤᠷᠤᠭᠤᠯᠤᠨ ᠨᠠᠷ᠎ᠠ ᠳ᠋ᠤᠭᠠᠷᠯᠠᠨ᠎ᠠ᠃ ᠬᠢᠨᠠᠨ ᠰᠢᠯᠭᠠᠯᠳᠠ ᠶᠢᠨ ᠲᠡᠭᠦᠰ ᠳ᠋ᠥᠩ ᠢ 100 ᠬᠤᠪᠢ ᠪᠠᠷ ᠪᠤᠳᠤᠨ᠎ᠠ᠃ ᠡᠯ᠎ᠡ ᠲᠥᠷᠥᠯ ᠤᠨ ᠬᠢᠨᠠᠨ ᠰᠢᠯᠭᠠᠷᠠᠭᠤᠯᠤᠭᠰᠠᠨ ᠬᠤᠪᠢ ᠨᠤᠭᠤᠳ ᠤᠨ ᠨᠡᠶᠢᠯᠡᠪᠥᠷᠢ ᠲᠡᠭᠡᠷ᠎ᠡ  ᠨᠡᠮᠡᠯᠳᠡ ᠬᠤᠪᠢ ᠶᠢ ᠨᠢ ᠨᠡᠮᠡᠭᠡᠳ ᠡᠴᠥᠰ ᠤᠨ ᠳ᠋ᠥᠩ ᠢ ᠲᠤᠭᠠᠴᠠᠨ ᠭᠠᠷᠭᠠᠨ᠎ᠠ᠃ ᠤᠯᠤᠭᠰᠡᠨ ᠬᠤᠪᠢ ᠶᠢᠨ ᠪᠠᠶᠢᠳᠠᠯ ᠢᠶᠠᠷ ᠨᠢ ᠭᠤᠷᠪᠠ ᠲᠡᠰᠯᠡᠭᠦᠯᠥᠨ ᠳ᠋ᠤᠭᠠᠷᠯᠠᠨ ᠬᠥᠭᠢᠭᠦᠯᠭᠦ ᠪᠥᠭᠡᠳ ︽ᠨᠢᠭᠡᠳᠥᠭᠡᠷ ᠲᠡᠰ︾᠂ ︽ᠬᠤᠶᠠᠳᠤᠭᠠᠷ ᠲᠡᠰ︾ ᠪᠠ ︽ᠭᠤᠷᠪᠠᠳᠤᠭᠠᠷ ᠲᠡᠰ︾ ᠲᠤ ᠲᠤᠳᠤᠷᠠᠭᠰᠠᠳ ᠤᠨ ᠲᠤᠭᠠᠨ ᠤ ᠬᠠᠷᠢᠴᠠᠯ ᠢ ᠵᠠᠷᠴᠢᠮ ᠲᠡᠭᠡᠷ᠎ᠡ ᠪᠠᠨ ᠶᠡᠷᠥᠩᠭᠡᠢ ᠲᠤᠭᠠᠨ ᠤ 20%᠂ 60%  ᠪᠠ 20% ᠪᠠᠷ ᠲᠤᠰ ᠲᠤᠰ ᠡᠵᠡᠯᠡᠭᠦᠯᠥᠨ ᠲᠤᠭᠳᠠᠭᠠᠨ᠎ᠠ᠃     ᠲᠥᠷᠪᠡ᠂ ᠬᠢᠨᠠᠨ ᠵᠢᠯᠤᠭᠤᠳᠴᠤ ᠥᠨᠡᠯᠡᠨ ᠵᠢᠱᠢᠭᠦ ᠱᠠᠭᠠᠷᠳᠠᠯᠭ᠎ᠠ     ︵ᠨᠢᠭᠡ︶ ᠡᠯ᠎ᠡ ᠰᠤᠷᠭᠠᠭᠤᠯᠢ ᠤᠳ ᠡᠷᠭᠡᠪᠰᠢ 2018 ᠤᠨ ᠤ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠢᠯᠡᠷᠡᠭᠦᠯᠥᠭᠰᠡᠨ ᠤᠷᠤᠰᠢᠵᠤ ᠪᠤᠢ ᠠᠰᠠᠭᠤᠳᠠᠯ ᠤᠳ ᠢ ᠬᠢᠨᠠᠮᠠᠭᠠᠢ ᠴᠡᠭᠴᠡᠯᠡᠨ ᠵᠠᠯᠠᠷᠠᠭᠤᠯᠤᠭᠰᠠᠨ ᠪᠠᠶᠢᠬᠤ ᠪᠥᠭᠡᠳ ᠴᠡᠭᠴᠡᠯᠡᠯᠳᠡ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠢᠶᠠᠨ ᠲᠤᠰ ᠵᠢᠯ ᠤᠨ ᠶᠡᠷᠥᠩᠭᠡᠶᠢᠯᠡᠭᠰᠡᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠳᠤ ᠪᠠᠭᠳᠠᠭᠠᠭᠰᠠᠨ ᠪᠠᠶᠢᠬᠤ ᠭᠡᠷᠡᠭᠳᠡᠢ᠃ ᠴᠡᠭᠴᠡᠯᠡᠨ ᠵᠠᠯᠠᠷᠠᠭᠤᠯᠤᠭᠰᠠᠨ ᠪᠠᠶᠢᠴᠠᠭᠠᠯᠳᠠ ᠶᠢᠨ ᠮᠠᠲ᠋ᠧᠷᠢᠶᠡᠯ ᠢᠶᠠᠨ ᠬᠢᠨᠠᠨ ᠵᠢᠯᠤᠭᠤᠳᠬᠤ ᠲᠠᠰᠤᠭ ᠲᠤ ᠮᠡᠳᠡᠭᠦᠯᠭᠦ ᠭᠡᠷᠡᠭᠳᠡᠢ᠃     ︵ᠬᠤᠶᠠᠷ︶ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠶᠢᠨ ᠲᠥᠰᠥᠯ ᠢ ᠰᠠᠶᠢᠳᠤᠷ ᠰᠤᠳᠤᠯᠤᠨ ᠬᠢᠨᠠᠮᠠᠭᠠᠢ ᠵᠠᠳᠠᠯᠵᠤ᠂ ᠭᠥᠮᠥᠵᠢᠯ ᠵᠢᠯᠤᠭᠤᠳᠤᠯᠭ᠎ᠠ ᠶᠢᠨ ᠠᠵᠢᠯ ᠠᠴᠠ ᠭᠥᠷᠳᠡᠭᠰᠡᠨ ᠵᠥᠢᠯ ᠢᠶᠠᠨ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ ᠲᠤᠮᠳᠠ ᠲᠤᠤᠱᠯᠠᠭᠤᠯᠤᠨ ᠬᠡᠷᠡᠭᠵᠢᠭᠦᠯᠭᠦ ᠬᠡᠷᠡᠭᠳᠡᠢ᠃     ᠲᠠᠪᠤ᠂ ᠬᠢᠨᠠᠨ ᠰᠢᠯᠭᠠᠯᠳᠠ ᠶᠢᠨ ᠥᠷ᠎ᠡ ᠳ᠋ᠥᠩ ᠤᠨ ᠠᠰᠢᠭᠯᠠᠯᠳᠠ     ︵ᠨᠢᠭᠡ︶ ᠡᠯ᠎ᠡ ᠰᠤᠷᠭᠠᠭᠤᠯᠢ ᠤᠳ ᠤᠨ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠲᠠᠭᠤᠰᠤᠭᠰᠠᠨ ᠤ ᠲᠠᠷᠠᠭ᠎ᠠ ᠦᠨᠡᠯᠡᠭᠰᠡᠨ ᠬᠤᠪᠢ ᠶᠢ ᠨᠢ ᠤᠯᠭᠤᠵᠤ᠂ ᠬᠢᠨᠠᠨ ᠵᠢᠯᠤᠭᠤᠳᠤᠭᠰᠠᠨ ᠮᠡᠳᠡᠭᠦᠯᠥᠯᠳᠡ ᠪᠢᠴᠢᠵᠤ ᠬᠢᠨᠠᠨ ᠵᠢᠯᠤᠭᠤᠳᠤᠭᠰᠠᠨ ᠥᠷ᠎ᠡ ᠳ᠋ᠥᠩ ᠢᠶᠠᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠭᠦ ᠶᠢᠨ ᠬᠠᠮᠳᠤ   ︽ᠰᠤᠷᠭᠠᠨ ᠭᠥᠮᠥᠵᠢᠯ ᠤᠨ ᠬᠢᠨᠠᠨ ᠵᠢᠯᠤᠭᠤᠳᠤᠭᠰᠠᠨ ᠮᠡᠳᠡᠭᠦᠯᠥᠯᠳᠡ ᠶᠢ ᠨᠡᠶᠢᠳᠡᠯᠡᠭᠦ ᠲᠥᠷ ᠭᠡᠷᠡᠭᠵᠢᠭᠦᠯᠭᠦ ᠠᠷᠭ᠎ᠠ︾  ᠶᠢᠨ ᠶᠤᠰᠤᠭᠠᠷ ᠨᠡᠶᠢᠭᠡᠮ ᠨᠡᠶᠢᠳᠡ ᠳᠤ ᠢᠯᠡᠰᠢᠬᠦᠯᠤᠨ᠎ᠠ᠃     ︵ᠬᠤᠶᠠᠷ︶ ᠬᠢᠨᠠᠨ ᠵᠢᠯᠤᠭᠤᠳᠤᠭᠰᠠᠨ ᠥᠷ᠎ᠡ ᠳ᠋ᠥᠩ ᠢ ᠰᠤᠷᠭᠠᠭᠤᠯᠢ ᠨᠢᠭᠡᠴᠡ ᠶᠢ ᠰᠢᠯᠢᠳᠡᠭ ᠲᠡᠷᠢᠭᠦᠨ ᠢᠶᠠᠷ ᠰᠤᠩᠭᠤᠬᠤ ᠠᠵᠢᠯ ᠳᠤ ᠭᠤᠤᠯᠳᠠᠯᠭᠠᠳᠤ ᠥᠨᠳᠥᠰᠥᠯᠡᠯ ᠪᠤᠯᠭᠠᠨ ᠠᠰᠢᠭᠯᠠᠨ᠎ᠠ︔ ᠰᠤᠷᠭᠠᠭᠤᠯᠢ ᠶᠢᠨ ᠵᠠᠬᠢᠷᠤᠯ ᠢ ᠱᠠᠩᠨᠠᠨ ᠭᠥᠭᠢᠭᠦᠯᠭᠦ ᠠᠵᠢᠯ ᠳᠤ ᠭᠤᠤᠯᠳᠠᠯᠭᠠᠳᠤ ᠥᠨᠳᠥᠰᠥᠯᠡᠯ ᠪᠤᠯᠭᠠᠨ ᠠᠰᠢᠭᠯᠠᠨ᠎ᠠ᠃     ︵ᠭᠤᠷᠪᠠ︶ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠭᠤᠷᠪᠠᠨ ᠵᠢᠯ ᠲᠠᠷᠠᠭᠠᠯᠠᠨ ᠨᠢᠭᠡᠳᠥᠭᠡᠷ ᠲᠡᠰ  ᠲᠤ ᠲᠤᠳᠤᠷᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠳᠤ ᠤᠳᠤᠭ ᠤᠨ ᠡᠮᠤᠨᠡᠳᠤ ᠬᠤᠰᠢᠭᠤᠨ ᠤ ᠰᠢᠯᠢᠳᠡᠭ ᠵᠠᠬᠢᠷᠤᠯ ᠤᠨ ᠢᠷᠠᠭᠤ ᠠᠯᠳᠠᠷ ᠢ ᠭᠥᠷᠳᠡᠭᠡᠨ᠎ᠡ᠃     ︵ᠲᠥᠷᠪᠡ︶ ᠬᠢᠨᠠᠨ ᠵᠢᠯᠤᠭᠤᠳᠤᠯᠭ᠎ᠠ ᠥᠨᠡᠯᠡᠯᠳᠡ ᠵᠢᠱᠢᠯᠳᠠ ᠪᠠᠷ ᠲᠤᠰ ᠵᠢᠯ ᠳᠤ ᠠᠳᠠᠭ ᠲᠤ ᠵᠢᠭᠰᠠᠭᠰᠠᠨ ᠰᠤᠷᠭᠠᠭᠤᠯᠢ ᠳᠤ ᠱᠠᠩᠨᠠᠯ ᠬᠦᠬᠢᠬᠦᠯᠤᠯ ᠦᠭᠬᠦ ᠦᠬᠡᠢ︔  ᠲᠠᠷᠠᠭᠠᠯᠠᠨ ᠬᠤᠶᠠᠷ ᠵᠢᠯ ᠠᠳᠠᠭ ᠲᠤ ᠵᠢᠭᠰᠠᠭᠰᠠᠨ ᠰᠤᠷᠭᠠᠭᠤᠯᠢ ᠶᠢᠨ ᠵᠠᠬᠢᠷᠤᠯ ᠢ ᠳᠠᠭᠤᠳᠠᠨ ᠶᠠᠷᠢᠯᠴᠠᠵᠤ ᠬᠠᠷᠢᠭᠤᠴᠠᠯᠭ᠎ᠠ ᠠᠰᠠᠭᠤᠨ᠎ᠠ︔ ᠲᠠᠷᠠᠭᠠᠯᠠᠨ ᠭᠤᠷᠪᠠᠨ ᠵᠢᠯ ᠠᠳᠠᠭ ᠲᠤ ᠵᠢᠭᠰᠠᠭᠰᠠᠨ ᠰᠤᠷᠭᠠᠭᠤᠯᠢ ᠶᠢᠨ ᠵᠠᠬᠢᠷᠤᠯ ᠢ ᠨᠡᠶᠢᠳᠡᠯᠡᠨ ᠰᠢᠬᠦᠮᠵᠢᠯᠡᠬᠦ ᠶᠢᠨ ᠬᠠᠮᠳᠤ ᠲᠤᠰᠢᠶᠠᠯ ᠳᠤ ᠲᠤᠮᠢᠯᠠᠬᠤ ᠠᠵᠢᠯ ᠳᠤ ᠰᠠᠨᠠᠯ ᠭᠠᠷᠠᠭᠠᠨ᠎ᠠ᠃     ︵ᠲᠠᠪᠤ︶ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠥᠭᠡᠷᠡᠴᠢᠯᠡᠯᠳᠡ ᠰᠢᠨᠡᠴᠢᠯᠡᠯᠳᠡ ᠥᠷᠨᠢᠭᠦᠯᠭᠦ ᠪᠠ ᠤᠨᠴᠠᠯᠢᠭᠳᠤ ᠭᠥᠮᠥᠵᠢᠯ ᠬᠢᠭᠦ ᠢᠳᠡᠪᠬᠢᠵᠢᠯ ᠢ ᠲᠠᠶᠢᠴᠢᠯᠠᠬᠤ ᠶᠢᠨ ᠲᠥᠯᠥᠭᠡᠨ᠎ᠡ᠂ ᠰᠤᠷᠭᠠᠭᠤᠯᠢ ᠶᠢᠨ ᠲᠤᠰ ᠵᠢᠯ ᠤᠨ ᠭᠤᠴᠤ ᠤᠨᠴᠠᠯᠢᠭ ᠲᠠᠢ ᠪᠥᠭᠡᠳ ᠲᠤᠪᠤᠶᠢᠮ᠎ᠠ ᠪᠥᠳᠥᠭᠡᠯ ᠲᠠᠢ ᠠᠵᠢᠯ ᠳᠤ ᠬᠠᠨᠳᠤᠭᠤᠯᠤᠨ ᠬᠢᠨᠠᠨ ᠰᠢᠯᠭᠠᠬᠤ ᠲᠤᠭᠤᠶᠢᠯᠠᠩ ᠤᠨ ᠬᠢᠨ ᠬᠠᠮᠳᠤ ᠪᠠᠷ ᠬᠠᠷᠭᠤᠭᠤᠯᠤᠨ ᠬᠠᠷᠢᠴᠠᠭᠤᠯᠵᠤ ᠰᠤᠳᠤᠯᠤᠨ ᠶᠠᠷᠢᠯᠴᠠᠭᠠᠳ ᠥᠨᠡᠨ ᠭᠦ ᠨᠥᠭᠦᠴᠡᠯ ᠳᠤ ᠨᠡᠶᠢᠴᠡᠭᠦ ᠲᠥᠪᠰᠢᠨ ᠳᠤ ᠭᠥᠷᠥᠭᠰᠡᠨ ᠪᠤᠯ ᠤᠨᠴᠠᠯᠢᠭᠳᠤ ᠭᠥᠮᠥᠵᠢᠯ ᠤᠨ ᠬᠤᠪᠢ ᠭᠡᠮᠡᠨ 0.1 — 1.5 ᠬᠤᠪᠢ ᠶᠢ ᠶᠡᠷᠥᠩᠭᠡᠢ ᠬᠤᠪᠢ ᠳᠤ ᠨᠡᠮᠡᠨ᠎ᠡ ︵ᠨᠡᠮᠡᠯᠳᠡ ᠬᠤᠪᠢ ᠶᠢᠨ ᠮᠠᠲ᠋ᠧᠷᠢᠶᠡᠯ ᠳᠤ ᠡᠷᠭᠡᠪᠰᠢ ᠪᠢᠴᠢᠭ ᠵᠥᠢᠯ᠂ ᠵᠢᠷᠤᠭ ᠲᠥᠷᠰᠤ᠂ ᠸᠢᠳᠢᠤ᠋ ᠰᠢᠩᠭᠡᠭᠡᠯᠳᠡ᠂ ᠥᠨᠡᠮᠯᠡᠭᠦ ᠪᠢᠴᠢᠭ ᠵᠡᠷᠭᠡ ᠮᠠᠲ᠋ᠧᠷᠢᠶᠡᠯ ᠰᠡᠯᠳᠡ ᠪᠠᠶᠢᠬᠤ ᠭᠡᠷᠡᠭᠳᠡᠢ ᠪᠤᠶᠤ ᠠᠬᠤᠢ ᠲᠠᠯᠠᠪᠤᠷ ᠥᠵᠡᠭᠦᠯᠥᠨ ᠲᠠᠨᠢᠯᠴᠠᠭᠤᠯᠤᠭᠰᠠᠨ ᠪᠠᠶᠢᠬᠤ ᠭᠡᠷᠡᠭᠳᠡᠢ︶᠃     ᠵᠢᠷᠭᠤᠭ᠎ᠠ᠂ ᠬᠤᠪᠢ ᠬᠠᠰᠤᠬᠤ ᠪᠤᠶᠤ ᠥᠭᠡᠶᠢᠰᠭᠡᠭᠦ ᠲᠤᠬᠠᠢ ᠠᠭᠤᠯᠭ᠎ᠠ     ᠲᠤᠤᠷᠠᠬᠢ ᠥᠵᠡᠭᠳᠡᠯ ᠠᠴᠠ ᠨᠢᠭᠡ ᠠᠭᠤᠯᠭ᠎ᠠ ᠢᠯᠡᠷᠡᠭᠦ ᠳᠤ ᠭᠥᠷᠪᠡᠯ ᠵᠢᠯ ᠤᠨ ᠬᠢᠨᠠᠨ ᠵᠢᠯᠤᠭᠤᠳᠤᠯᠭ᠎ᠠ ᠶᠢᠨ ᠶᠡᠷᠥᠩᠭᠡᠢ ᠬᠤᠪᠢ ᠠᠴᠠ 5 — 10 ᠬᠤᠪᠢ ᠬᠠᠰᠤᠬᠤ ᠪᠥᠭᠡᠳ ᠪᠠᠶᠢᠳᠠᠯ ᠨᠢ ᠨᠤᠴᠢᠳᠠᠢ ᠨᠥᠯᠥᠭᠡ ᠲᠤᠰᠬᠠᠯ ᠶᠡᠭᠡᠳᠡᠢ ᠪᠤᠯ ᠲᠤᠰ ᠵᠢᠯ ᠬᠢᠨᠠᠨ ᠵᠢᠯᠤᠭᠤᠳᠤᠯᠭ᠎ᠠ ᠶᠢᠨ ᠠᠵᠢᠯ ᠤᠨ ᠪᠥᠳᠥᠮᠵᠢ ᠶᠢ ᠨᠢ ᠨᠢᠭᠡ ᠪᠢᠯᠧᠲ ᠢᠶᠠᠷ ᠥᠭᠡᠶᠢᠰᠭᠡᠨ᠎ᠡ᠃     ︵ᠨᠢᠭᠡ︶ ᠭᠥᠨᠳᠥ ᠨᠤᠴᠢᠳᠠᠢ ᠠᠮᠤᠷ ᠲᠥᠪᠰᠢᠨ ᠤ ᠬᠡᠨᠡᠳᠡᠯ ᠤᠨ ᠤᠴᠢᠷ ᠡᠭᠦᠰᠥᠭᠰᠡᠨ︔     ︵ᠬᠤᠶᠠᠷ︶ ᠰᠤᠷᠭᠠᠭᠤᠯᠢ ᠶᠢᠨ ᠤᠳᠤᠷᠢᠳᠬᠤ ᠪᠠᠭ ᠪᠤᠶᠤ ᠤᠳᠤᠷᠢᠳᠬᠤ ᠪᠠᠭ ᠤᠨ ᠪᠥᠷᠢᠯᠳᠥᠭᠦᠨ ᠰᠤᠷᠭᠠᠭᠤᠯᠢ ᠡᠷᠬᠢᠯᠡᠭᠦ ᠠᠵᠢᠯ ᠲᠤᠮᠳᠠ ᠲᠥᠷᠢᠮ ᠲᠤᠭᠳᠠᠭᠠᠯ ᠵᠥᠷᠢᠴᠡᠭᠰᠡᠨ ᠤᠴᠢᠷ ᠭᠠᠷᠭᠠᠭᠰᠠᠨ ᠡᠰᠡᠭᠦᠯ᠎ᠡ ᠡᠨᠡ ᠲᠤᠳᠤᠷᠠᠬᠢ ᠬᠤᠪᠢ ᠭᠥᠮᠥᠨ ᠰᠠᠬᠢᠯᠭ᠎ᠠ ᠡᠪᠳᠡᠭᠰᠡᠨ ᠤᠯᠠᠮ ᠢᠶᠠᠷ ᠨᠡᠶᠢᠳᠡ ᠳᠤ ᠰᠢᠭᠦᠮᠵᠢᠯᠡᠭᠦᠯᠥᠭᠰᠡᠨ ᠪᠥᠭᠡᠳ ᠨᠠᠮ ᠵᠠᠰᠠᠭ ᠤᠨ ᠰᠢᠢᠳᠭᠡᠯ ᠭᠥᠯᠢᠶᠡᠭᠰᠡᠨ︔     ︵ᠭᠤᠷᠪᠠ︶ ᠪᠠᠭᠰᠢ ᠶᠢᠨ ᠡᠩᠨᠡᠭᠡᠨ ᠲᠤᠳᠤᠷ᠎ᠠ ᠠᠴᠠ ᠠᠯᠢ ᠨᠢᠭᠡ ᠨᠢ ᠪᠠᠭᠰᠢ ᠶᠢᠨ ᠶᠤᠰᠤ ᠰᠤᠷᠳᠠᠬᠤᠨ ᠠᠴᠠ ᠲᠡᠷᠰᠯᠡᠭᠰᠡᠨ ᠥᠢᠯᠡ ᠠᠵᠢᠯᠯᠠᠭ᠎ᠠ ᠬᠢᠵᠤ᠂ ᠮᠠᠭᠤ ᠨᠥᠯᠥᠭᠡ ᠲᠤᠰᠬᠠᠯ ᠭᠠᠷᠭᠠᠭᠰᠠᠨ︔     ︵ᠲᠥᠷᠪᠡ︶ ᠲᠡᠭᠡᠳᠤ ᠱᠠᠳᠤᠨ ᠤ ᠬᠢᠨᠠᠨ ᠵᠢᠯᠤᠭᠤᠳᠤᠯᠭ᠎ᠠ ᠶᠢᠨ ᠲᠤᠮᠳᠠ ᠠᠰᠠᠭᠤᠳᠠᠯ ᠢᠯᠡᠷᠡᠭᠰᠡᠨ ᠪᠥᠭᠡᠳ ᠡᠭᠦᠨ ᠢᠶᠠᠷ ᠲᠠᠮᠵᠢᠨ ᠵᠤᠬᠢᠬᠤ ᠭᠡᠪᠴᠢᠶᠡᠨ ᠤ ᠠᠵᠢᠯ ᠢ ᠨᠥᠯᠥᠭᠡᠯᠡᠭᠰᠡᠨ︔     ︵ᠲᠠᠪᠤ︶ ᠪᠤᠰᠤᠳ ᠠᠯᠢᠪᠠ ᠮᠠᠭᠤ ᠲᠤᠰᠬᠠᠯ ᠪᠥᠭᠦᠢ ᠭᠡᠷᠡᠭ ᠤᠴᠢᠷ ᠡᠭᠦᠰᠭᠡᠭᠰᠡᠨ ᠪᠥᠭᠡᠳ ᠨᠥᠯᠥᠭᠡ ᠲᠤᠰᠬᠠᠯ ᠮᠠᠭᠤ ᠪᠤᠯᠤᠭᠰᠠᠨ᠃     ᠲᠤᠯᠤᠭ᠎ᠠ᠂ ᠲᠤᠳᠤᠷᠬᠠᠶᠢᠯᠠᠯᠳᠠ     ᠲᠤᠰ ︽ᠲᠥᠰᠥᠯ︾ ᠤᠨ ᠠᠭᠤᠯᠭ᠎ᠠ ᠶᠢ ᠤᠳᠤᠭ ᠤᠨ ᠡᠮᠥᠨᠡᠳᠤ ᠬᠤᠰᠢᠭᠤᠨ ᠤ ᠰᠤᠷᠭᠠᠨ ᠭᠥᠮᠥᠵᠢᠯ ᠪᠡᠶ᠎ᠡ  ᠶᠢᠨ ᠲᠠᠮᠢᠷ ᠤᠨ ᠲᠤᠪᠴᠢᠶ᠎ᠠ᠂ ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ ᠬᠡᠷ ᠠᠴᠠ ᠲᠠᠶᠢᠯᠪᠤᠷᠢᠯᠠᠯ ᠬᠢᠨ᠎ᠡ᠃     ᠲᠠᠭᠠᠯᠳᠤᠭᠤᠯᠤᠯ᠄ 2019 ᠤᠨ ᠤ ᠬᠤᠳᠠ ᠠᠴᠠ ᠬᠤᠰᠢᠭᠤᠨ ᠳᠤ ᠬᠠᠨᠳᠤᠭᠤᠯᠤᠭᠰᠡᠨ ᠳᠤᠮᠳᠠᠳᠤ ᠵᠡᠷᠬᠡ  ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠤ ᠠᠵᠢᠯ ᠢ ᠥᠨᠡᠯᠡᠨ ᠵᠢᠱᠢᠭᠦ ᠭᠥᠢᠴᠡᠳᠭᠡᠯ     ᠲᠠᠭᠠᠯᠳᠤᠭᠤᠯᠤᠯ  2019 ᠤᠨ ᠤ ᠬᠤᠳᠠ ᠠᠴᠠ ᠬᠤᠰᠢᠭᠤᠨ ᠳᠤ ᠬᠠᠨᠳᠤᠭᠤᠯᠤᠭᠰᠡᠨ ᠳᠤᠮᠳᠠᠳᠤ ᠵᠡᠷᠬᠡ  ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠤ ᠠᠵᠢᠯ ᠢ ᠥᠨᠡᠯᠡᠨ ᠵᠢᠱᠢᠭᠦ ᠭᠥᠢᠴᠡᠳᠭᠡᠯ     ᠨᠢᠬᠡᠳᠤᠬᠡᠷ ᠳᠡᠰ ᠤᠨ ᠬᠦᠢᠴᠡᠤᠨᠬᠡᠯ       A1 ᠬᠦᠮᠤᠵᠢᠬᠦᠯᠬᠦ ᠬᠠᠷᠠᠯᠳᠠ ᠪᠠ ᠲᠦᠷᠢᠮ ᠤᠨ ᠪᠠᠶᠢᠭᠤᠯᠤᠯᠳᠠ ︵21 ᠬᠤᠪᠢ︶     A2 ᠵᠢᠭᠠᠨ ᠰᠤᠷᠭᠠᠯᠳᠠ ᠶᠢᠨ ᠠᠵᠢᠯ ︵27 ᠬᠤᠪᠢ︶     A3 ᠪᠠᠭᠰᠢ ᠶᠢᠨ ᠡᠩᠨᠡᠬᠡᠨ ᠤ ᠪᠠᠶᠢᠭᠤᠯᠤᠯᠳᠠ ︵14 ᠬᠤᠪᠢ︶     A4 ᠡᠬᠢ ᠰᠤᠷᠪᠤᠯᠵᠢ ᠶᠢᠨ ᠪᠠᠶᠢᠭᠤᠯᠤᠯᠳᠠ ︵9 ᠬᠤᠪᠢ︶     A5 ᠤᠶᠢᠯᠡᠤᠨᠪᠤᠷᠢᠯᠡᠯ ᠪᠠ ᠰᠤᠷᠭᠠᠨ ᠬᠦᠮᠤᠵᠢᠯ ᠤᠨ ᠠᠭᠤᠰᠤᠯᠴᠠᠯ ︵20 ᠬᠤᠪᠢ︶     A6 ᠶᠠᠰᠤ ᠴᠢᠨᠠᠷ ᠤᠨ ᠬᠢᠨᠠᠨ ᠡᠵᠡᠮᠰᠢᠯ  ︵10 ᠬᠤᠪᠢ︶     A7 ᠰᠤᠷᠭᠠᠨ ᠬᠦᠮᠤᠵᠢᠯ ᠤᠨ ᠳᠤᠪᠴᠢᠶᠠᠨ ᠤ ᠭᠤᠤᠯᠳᠠᠯᠭᠠᠳᠤ ᠠᠵᠢᠯ ᠤᠨ ᠪᠤᠳᠠᠳᠠᠶᠢᠵᠢᠭᠤᠯᠤᠯᠳᠠ ︵60 ᠬᠤᠪᠢ︶     ᠬᠤᠶᠠᠳᠤᠭᠠᠷ ᠳᠡᠰ ᠤᠨ ᠬᠦᠢᠴᠡᠤᠨᠬᠡᠯ     B1 ᠴᠢᠳᠠᠪᠤᠷᠢᠳᠠᠨ ᠢ ᠬᠦᠮᠤᠵᠢᠬᠦᠯᠬᠦ ᠬᠠᠷᠠᠯᠳᠠ ︵5 ᠬᠤᠪᠢ︶     B2 ᠨᠠᠶᠢᠬᠡᠮ ᠤᠨ ᠤᠶᠢᠯᠡᠴᠢᠯᠡᠭᠡ ︵ 5 ᠬᠤᠪᠢ︶     B3 ᠬᠡᠪ ᠴᠢᠨᠠᠷ ᠤᠨ ᠰᠤᠷᠭᠠᠨ ᠬᠦᠮᠤᠵᠢᠯ ︵6 ᠬᠤᠪᠢ︶     B4 ᠰᠤᠷᠭᠠᠭᠤᠯᠢ ᠶᠢᠨ ᠬᠠᠮᠢᠶᠠᠷᠤᠯᠳᠠ ᠶᠢᠨ ᠲᠦᠷᠢᠮ ︵5 ᠬᠤᠪᠢ︶     B5 ᠳᠤᠰᠬᠠᠢ ᠮᠡᠷᠬᠡᠵᠢᠯ ᠤᠨ ᠪᠠᠶᠢᠭᠤᠯᠤᠯᠳᠠ ︵8 ᠬᠤᠪᠢ︶     B6 ᠬᠢᠴᠢᠶᠡᠯ ᠲᠦᠷᠤᠯ ᠤᠨ ᠪᠠᠶᠢᠭᠤᠯᠤᠯᠳᠠ ︵11 ᠬᠤᠪᠢ︶     B7 ᠬᠢᠴᠢᠶᠡᠯᠯᠡᠭᠡ ᠶᠢᠨ ᠵᠢᠭᠠᠨ ᠰᠤᠷᠭᠠᠯᠳᠠ ᠪᠠ ᠤᠶᠢᠯᠡᠳᠤᠯᠬᠡ ᠶᠢᠨ ᠵᠢᠭᠠᠨ ᠰᠤᠷᠭᠠᠯᠳᠠ ︵8 ᠬᠤᠪᠢ︶     B8 ᠳᠤᠰᠬᠠᠢ ᠪᠠᠭᠰᠢ ᠶᠢᠨ ᠡᠩᠨᠡᠬᠡᠨ ᠤ ᠪᠠᠶᠢᠭᠤᠯᠤᠯᠳᠠ  ︵9 ᠬᠤᠪᠢ︶     B9 ᠳᠤᠰᠬᠠᠢ ᠮᠡᠷᠬᠡᠵᠢᠯ ᠤᠨ ᠬᠢᠴᠢᠶᠡᠯ ᠤᠨ ᠪᠠᠭᠰᠢ ᠶᠢᠨ ᠡᠩᠨᠡᠬᠡᠨ ᠤ ᠪᠠᠶᠢᠭᠤᠯᠤᠯᠳᠠ ︵5 ᠬᠤᠪᠢ︶     B10 ᠵᠢᠭᠠᠨ ᠰᠤᠷᠭᠠᠯᠳᠠ ᠶᠢᠨ ᠤᠷᠤᠭᠤᠯᠤᠯᠳᠠ ᠪᠠ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ︵9 ᠬᠤᠪᠢ︶     B12 ᠰᠤᠷᠭᠠᠭᠤᠯᠢ ᠠᠵᠤ ᠠᠬᠤᠶᠢᠯᠠᠯ ᠤᠨ ᠬᠠᠮᠳᠤᠷᠠᠯᠴᠠᠭ᠎ᠠ ︵17 ᠬᠤᠪᠢ︶     B13 ᠭᠠᠳᠠᠨᠠᠬᠢ ᠯᠤᠭ᠎ᠠ ᠶᠢᠨ ᠬᠠᠮᠳᠤᠷᠠᠯᠴᠠᠭ᠎ᠠ ︵3 ᠬᠤᠪᠢ︶     B14 ᠶᠠᠰᠤ ᠴᠢᠨᠠᠷ ᠤᠨ ᠬᠢᠨᠠᠨ ᠡᠵᠡᠮᠰᠢᠯ ︵6 ᠬᠤᠪᠢ︶     B15 ᠳᠡᠬᠡᠳᠤ ᠱᠠᠳᠤᠨ ᠤ ᠪᠢᠴᠢᠭ ᠮᠠᠲ᠋ᠧᠷᠢᠶᠡᠯ ᠤᠨ ᠪᠤᠳᠠᠳᠠᠶᠢᠵᠢᠭᠤᠯᠤᠯᠳᠠ ︵4 ᠬᠤᠪᠢ︶     B16 ᠨᠠᠮ ᠤᠨ ᠪᠠᠶᠢᠭᠤᠯᠤᠯᠳᠠ ᠶᠢᠨ ᠠᠵᠢᠯ ︵12 ᠬᠤᠪᠢ︶     B17 ᠪᠠᠭᠰᠢ ᠶᠢᠨ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠤᠨᠬᠠᠬᠤ ︵4 ᠬᠤᠪᠢ︶     B18 ᠴᠢᠮᠡᠭᠡ ᠵᠠᠩᠬᠢ ᠶᠢᠨ ᠮᠡᠳᠡᠬᠦᠯᠤᠯᠳᠠ ᠶᠢᠨ ᠠᠵᠢᠯ  ︵4 ᠬᠤᠪᠢ︶     B19 ᠰᠤᠷᠭᠠᠭᠤᠯᠢ ᠶᠢᠨ ᠦᠪᠡᠷᠳᠡᠬᠡᠨ ᠦᠨᠡᠯᠡᠨ ᠵᠢᠱᠢᠬᠦ ᠪᠠᠶᠢᠭᠤᠯᠤᠯᠳᠠ ᠶᠢᠨ ᠠᠵᠢᠯ ︵12 ᠬᠤᠪᠢ︶     B20 ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠤᠨ ᠪᠠᠶᠢᠭᠤᠯᠤᠯᠳᠠ ᠶᠢᠨ ᠤᠨ ᠤ ᠠᠵᠢᠯ ︵6 ᠬᠤᠪᠢ︶     B21 ᠠᠮᠤᠷ ᠲᠦᠪᠰᠢᠨ ᠤ ᠠᠵᠢᠯ ︵3 ᠬᠤᠪᠢ︶     B22 ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ︵10 ᠬᠤᠪᠢ︶     B23 ᠳᠠᠮᠢᠷ ᠡᠷᠡᠬᠦᠯ ᠬᠠᠮᠠᠭᠠᠯᠠᠯ ᠤᠷᠠᠯᠢᠭ ᠤᠨ ᠠᠵᠢᠯ  ︵3 ᠬᠤᠪᠢ︶     B24 ᠵᠠᠯᠠᠷᠠᠭᠤᠯᠤᠨ ᠪᠤᠳᠠᠳᠠᠶᠢᠵᠢᠭᠤᠯᠤᠭᠰᠡᠨ ᠪᠠᠶᠢᠳᠠᠯ ︵6 ᠬᠤᠪᠢ︶     ᠭᠤᠷᠪᠠᠳᠤᠭᠠᠷ ᠳᠡᠰ ᠤᠨ ᠬᠦᠢᠴᠡᠤᠨᠬᠡᠯ ︵ᠦᠨᠡᠯᠡᠨ ᠵᠢᠱᠢᠬᠦ ᠭᠤᠤᠯᠳᠠᠯᠭ᠎ᠠ︶     C1 ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠠᠶᠢᠷᠢ ᠳᠤᠭᠳᠠᠭᠠᠯᠳᠠ ᠪᠠ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠬᠦᠮᠤᠵᠢᠬᠦᠯᠬᠦ ᠬᠠᠷᠠᠯᠳᠠ᠃     C2 ᠳᠡᠬᠦᠰᠦᠭᠰᠡᠤᠨ ᠤᠨ ᠪᠠᠶᠢᠳᠠᠯ ᠪᠠ ᠰᠤᠷᠤᠯᠭ᠎ᠠ ᠪᠠᠨ ᠳᠤᠷᠭᠤᠨ ᠵᠤᠭᠰᠤᠭᠠᠭᠰᠡᠨ ᠰᠤᠷᠤᠭᠴᠢᠤᠨ ᠤᠨ ᠬᠠᠷᠢᠴᠠᠯ᠃     C3 ᠨᠠᠶᠢᠬᠡᠮ ᠤᠨ ᠪᠤᠯᠪᠠᠰᠤᠷᠠᠯ ᠪᠠ ᠮᠡᠷᠬᠡᠵᠢᠯ ᠤᠨ ᠤᠶᠢᠯᠡᠴᠢᠯᠡᠭᠡ᠂ ᠰᠤᠶᠤᠯ ᠤᠨ ᠵᠠᠯᠭᠠᠮᠵᠢᠯᠠᠯ ᠵᠡᠷᠬᠡ᠃     C4 ᠰᠤᠷᠭᠠᠭᠤᠯᠢ ᠶᠢᠨ ᠳᠤᠳᠤᠷ᠎ᠠ ᠭᠠᠳᠠᠨ᠎ᠠ ᠤᠬᠠᠭᠤᠯᠭ᠎ᠠ ᠦᠷᠨᠢᠬᠦᠯᠦᠭᠰᠡᠨ ᠪᠠᠶᠢᠳᠠᠯ     C5 ᠶᠤᠰᠤ ᠰᠤᠷᠳᠠᠬᠤᠨ ᠤ ᠬᠦᠮᠤᠵᠢᠯ ᠤᠨ ᠠᠵᠢᠯ ᠤᠨ ᠪᠠᠶᠢᠳᠠᠯ︔ ᠰᠤᠷᠤᠭᠴᠢ ᠶᠢᠨ ᠪᠠᠶ᠎ᠡ ᠮᠠᠬᠠᠪᠤᠤᠨ ᠤᠨ ᠪᠠᠷᠢᠮᠵᠢᠶ᠎ᠡ ᠳᠤ ᠬᠦᠷᠦᠭᠰᠡᠨ ᠨᠤᠷᠮ᠎ᠠ᠃     C6 ᠰᠢᠨ᠎ᠠ ᠶᠢ ᠡᠬᠦᠤᠨᠴᠤ ᠤᠶᠢᠯᠡᠰ ᠪᠤᠰᠬᠠᠬᠤ ᠠᠵᠢᠯ ᠢ ᠦᠷᠨᠢᠬᠦᠯᠦᠭᠰᠡᠨ ᠪᠠᠶᠢᠳᠠᠯ     C7 ᠬᠡᠪ ᠴᠢᠨᠠᠷ ᠤᠨ ᠰᠤᠷᠭᠠᠨ ᠬᠦᠮᠤᠵᠢᠯ︔ ᠰᠤᠷᠭᠠᠭᠤᠯᠢ ᠶᠢᠨ ᠦᠬᠡ ᠬᠡᠯᠡ ᠦᠰᠦᠭ ᠪᠢᠴᠢᠭ ᠤᠨ ᠬᠡᠷᠡᠭᠯᠡᠯᠳᠠ ᠶᠢ ᠲᠦᠷᠢᠮᠵᠢᠬᠦᠯᠦᠭᠰᠡᠨ ᠪᠠᠶᠢᠳᠠᠯ᠃     C8 ᠤᠳᠤ ᠦᠶ᠎ᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠳᠠ︔ ᠰᠤᠷᠭᠠᠭᠤᠯᠢ ᠶᠢᠨ ᠡᠷᠡᠬᠦᠯ ᠬᠠᠮᠠᠭᠠᠯᠠᠯ ᠪᠠ ᠠᠮᠤᠷ ᠲᠦᠪᠰᠢᠨ ᠤ ᠪᠠᠶᠢᠳᠠᠯ᠃     C9 ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠡᠩᠨᠡᠭᠡ᠂ ᠰᠤᠷᠤᠭᠴᠢ ᠶᠢᠨ ᠬᠠᠮᠢᠶᠠᠷᠤᠯᠳᠠ ᠶᠢᠨ ᠡᠩᠨᠡᠬᠡᠨ  ᠤ ᠪᠠᠶᠢᠭᠤᠯᠤᠯᠳᠠ ᠲᠦᠯᠤᠪᠵᠢᠬᠦᠯᠬᠡ᠃     C10 ᠳᠤᠰᠬᠠᠢ ᠮᠡᠷᠬᠡᠵᠢᠯ ᠤᠨ ᠳᠤᠬᠢᠷᠠᠭᠤᠯᠤᠯᠳᠠ ᠶᠢᠨ ᠳᠤᠭ᠎ᠠ ᠬᠡᠮᠵᠢᠶ᠎ᠡ᠂ ᠪᠦᠳᠤᠴᠠ᠂ ᠤᠨᠴᠠᠯᠢᠭ᠃     C11 ᠳᠤᠰᠬᠠᠢ ᠮᠡᠷᠬᠡᠵᠢᠯ ᠤᠨ ᠪᠠᠶᠢᠭᠤᠯᠤᠯᠳᠠ ᠶᠢᠨ ᠪᠠᠷᠢᠮᠵᠢᠶ᠎ᠠ᠂ ᠵᠢᠭᠠᠨ ᠰᠤᠷᠭᠠᠯᠳᠠ ᠶᠢᠨ ᠪᠠᠷᠢᠮᠵᠢᠶ᠎ᠠ ᠪᠠ ᠦᠷ᠎ᠠ ᠪᠦᠳᠤᠮᠵᠢ᠃     C12 ᠬᠢᠴᠢᠶᠡᠯ ᠲᠦᠷᠤᠯ ᠤᠨ ᠰᠢᠰᠲ᠋ᠧᠮ ᠤᠨ ᠪᠠᠶᠢᠭᠤᠯᠤᠯᠳᠠ ᠶᠢᠨ ᠲᠦᠯᠤᠪᠵᠢᠬᠦᠯᠬᠡ᠂ ᠪᠠᠶᠢᠭᠤᠯᠤᠯᠳᠠ  ᠶᠢᠨ ᠬᠠᠷᠠᠯᠳᠠ᠃     C13 ᠰᠤᠷᠭᠠᠭᠤᠯᠢ ᠠᠵᠤ ᠠᠬᠤᠶᠢᠯᠠᠯ ᠬᠠᠮᠳᠤᠷᠠᠨ ᠬᠢᠴᠢᠶᠡᠯ ᠲᠦᠷᠤᠯ ᠨᠡᠬᠡᠬᠡᠬᠦ᠂ ᠵᠢᠭᠠᠬᠤ ᠮᠠᠲ᠋ᠧᠷᠢᠶᠡᠯ ᠨᠡᠬᠡᠬᠡᠬᠦ᠃     C14 ᠵᠢᠭᠠᠬᠤ ᠮᠠᠲ᠋ᠧᠷᠢᠶᠡᠯ ᠤᠨ ᠬᠡᠷᠡᠭᠯᠡᠯᠳᠠ ᠶᠢᠨ ᠬᠠᠷᠢᠴᠠᠯ ᠢ ᠲᠦᠯᠤᠪᠯᠡᠬᠦ᠂ ᠰᠤᠷᠭᠠᠭᠤᠯᠢ ᠶᠢᠨ ᠦᠪᠡᠷ  ᠤᠨ ᠵᠢᠭᠠᠬᠤ ᠮᠠᠲ᠋ᠧᠷᠢᠶᠡᠯ ᠨᠡᠬᠡᠬᠡᠬᠦ ᠲᠦᠯᠤᠪᠵᠢᠬᠦᠯᠬᠡ᠃     C15 ᠰᠤᠷᠭᠠᠭᠤᠯᠢ ᠶᠢᠨ ᠤᠳᠤᠷᠢᠳᠤᠯᠭ᠎ᠠ ᠬᠢᠴᠢᠶᠡᠯ ᠤᠨ ᠲᠢᠩᠬᠢᠮ ᠳᠤ ᠬᠦᠨᠵᠡᠬᠡᠶᠢᠷᠡᠬᠦ᠃     C16 ᠵᠢᠭᠠᠨ ᠰᠤᠷᠭᠠᠯᠳᠠ ᠶᠢ ᠦᠨᠡᠯᠡᠬᠦ ᠪᠦᠷᠬᠦᠴᠠ᠃     C18 ᠪᠠᠭᠰᠢ ᠶᠢᠨ ᠡᠩᠨᠡᠬᠡᠨ ᠤ ᠪᠦᠳᠤᠴᠠ     C19 ᠰᠤᠷᠭᠠᠨ ᠬᠦᠮᠤᠵᠢᠯ ᠰᠢᠨᠵᠢᠯᠡᠬᠦ ᠤᠬᠠᠭᠠᠨ ᠤ ᠰᠤᠳᠤᠯᠤᠯ᠂ ᠮᠡᠷᠬᠡᠵᠢᠯ ᠤᠨ ᠨᠡᠬᠡᠬᠡᠯᠳᠠ ᠪᠠ ᠨᠠᠶᠢᠬᠡᠮ  ᠤᠨ ᠤᠶᠢᠯᠡᠴᠢᠯᠡᠬᠡᠨ ᠤ ᠦᠷ᠎ᠠ ᠪᠦᠳᠤᠬᠡᠯ     C20 ᠪᠠᠭᠰᠢ ᠶᠢᠨ ᠡᠩᠨᠡᠬᠡᠨ ᠤ ᠪᠤᠯᠪᠠᠰᠤᠷᠠᠭᠤᠯᠤᠯᠳᠠ     C21 ︽ᠬᠤᠤᠰ ᠬᠡᠯᠪᠡᠷᠢ ᠶᠢᠨ ᠪᠠᠭᠰᠢ︾ ᠶᠢᠨ ᠬᠦᠮᠤᠵᠢᠬᠦᠯᠤᠯᠳᠠ     C22 ᠮᠡᠷᠬᠡᠵᠢᠯ ᠤᠷ᠎ᠠ ᠴᠢᠳᠠᠪᠤᠷᠢ ᠶᠢᠨ ᠬᠡᠯᠪᠡᠷᠢ ᠶᠢᠨ ᠳᠤᠰᠢᠶᠠᠯ ᠬᠠᠪᠰᠤᠷᠭᠠᠭᠰᠡᠨ ᠪᠠᠭᠰᠢ ᠶᠢ ᠤᠷᠢᠨ ᠬᠡᠷᠡᠭᠯᠡᠭᠰᠡᠨ ᠪᠠᠶᠢᠳᠠᠯ     C23 ᠰᠤᠷᠭᠠᠭᠤᠯᠢ ᠶᠢᠨ ᠳᠤᠳᠤᠷ᠎ᠠ ᠭᠠᠳᠠᠨᠠᠬᠢ ᠤᠶᠢᠯᠡᠳᠤᠯᠬᠡ ᠶᠢᠨ ᠵᠢᠭᠠᠨ ᠰᠤᠷᠭᠠᠯᠳᠠ ᠶᠢᠨ ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠲᠦᠯᠤᠪᠵᠢᠬᠦᠯᠬᠡ᠃     C24 ᠡᠳᠤᠷ ᠳᠤᠳᠤᠮ ᠤᠨ ᠵᠢᠭᠠᠨ ᠰᠤᠷᠭᠠᠯᠳᠠ ᠶᠢᠨ ᠵᠠᠷᠤᠳᠠᠯ ᠤᠨ ᠤᠷᠤᠭᠤᠯᠤᠯᠳᠠ ᠶᠢᠨ ᠲᠦᠯᠤᠪᠵᠢᠬᠦᠯᠬᠡ     C25 ᠬᠠᠮᠳᠤ ᠶᠢᠨ ᠴᠢᠮᠡᠭᠡ ᠵᠠᠩᠬᠢ ᠶᠢᠨ ᠡᠬᠢ ᠰᠤᠷᠪᠤᠯᠵᠢ ᠶᠢᠨ ᠰᠢᠰᠲ᠋ᠧᠮ ᠤᠨ ᠪᠠᠶᠢᠭᠤᠯᠤᠯᠳᠠ     C26 ᠳᠤᠰᠬᠠᠢ ᠵᠢᠭᠠᠨ ᠰᠤᠷᠭᠠᠯᠳᠠ ᠶᠢᠨ ᠡᠬᠢ ᠰᠤᠷᠪᠤᠯᠵᠢ ᠶᠢᠨ ᠬᠦᠮᠤᠷᠬᠡ ᠶᠢᠨ ᠪᠠᠶᠢᠭᠤᠯᠤᠯᠳᠠ ᠪᠠ ᠬᠡᠷᠡᠭᠯᠡᠯᠳᠠ     C 27 ᠤᠶᠢᠯᠡᠤᠨᠪᠤᠷᠢᠯᠡᠯ ᠰᠤᠷᠭᠠᠨ ᠬᠦᠮᠤᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢᠨ ᠲᠦᠯᠤᠪᠵᠢᠬᠦᠯᠬᠡ     C28 ᠰᠤᠷᠭᠠᠭᠤᠯᠢ ᠠᠵᠤ ᠠᠬᠤᠶᠢᠯᠠᠯ ᠤᠨ ᠬᠤᠷᠰᠢᠯᠴᠠᠭᠠᠨ ᠤ ᠪᠠᠶᠢᠭᠤᠯᠤᠯ᠂ ᠳᠤᠭᠳᠠᠴᠠ ᠶᠢᠨ ᠪᠠᠶᠢᠭᠤᠯᠤᠯᠳᠠ ᠶᠢᠨ ᠲᠦᠯᠤᠪᠵᠢᠬᠦᠯᠬᠡ     C29 ᠬᠦᠬᠡᠬᠤᠳᠠ ᠪᠤᠭᠤᠳᠤ ᠤᠷᠳᠤᠰ ᠤᠨ ᠵᠤᠬᠢᠴᠠᠩᠭᠤᠢ ᠬᠦᠭᠵᠢᠯᠳᠠ ᠶᠢᠨ ᠪᠠᠶᠢᠳᠠᠯ ᠪᠠ ᠰᠤᠷᠭᠠᠨ ᠬᠦᠮᠤᠵᠢᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢᠨ ᠪᠠᠶᠢᠳᠠᠯ     C30 ᠶᠠᠰᠤ ᠴᠢᠨᠠᠷ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ     C31 ᠵᠢᠭᠠᠨ ᠰᠤᠷᠭᠠᠯᠳᠠ ᠶᠢᠨ ᠤᠨᠤᠰᠢᠯᠠᠯᠳᠠ ᠪᠠ ᠲᠦᠷᠢᠮ ᠤᠨ ᠪᠠᠶᠢᠭᠤᠯᠤᠯᠳᠠ ᠶᠢᠨ ᠰᠠᠶᠢᠵᠢᠷᠠᠭᠤᠯᠤᠯᠳᠠ     C32 ᠵᠢᠭᠠᠨ ᠰᠤᠷᠭᠠᠯᠳᠠ ᠶᠢᠨ ᠬᠢᠨᠠᠨ ᠵᠢᠯᠤᠭᠤᠤᠨᠬᠤ ᠪᠠᠶᠢᠭᠤᠯᠤᠯᠳᠠ ᠶᠢᠨ ᠲᠦᠯᠤᠪᠵᠢᠬᠦᠯᠬᠡ     C33 ᠤᠯᠤᠰ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ᠠᠵᠢᠯ ᠮᠡᠷᠬᠡᠵᠢᠯ ᠤᠨ ᠰᠤᠷᠭᠠᠨ ᠬᠦᠮᠤᠵᠢᠯ  ᠤᠨ ᠦᠬᠡᠷᠡᠴᠢᠯᠡᠯᠳᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠪᠠ ᠡᠳᠤᠷ ᠳᠤᠳᠤᠮ ᠤᠨ ᠠᠵᠢᠯ ᠢ ᠬᠡᠷᠡᠭᠵᠢᠬᠦᠯᠦᠭᠰᠡᠨ ᠪᠠᠶᠢᠳᠠᠯ     C34 ᠥᠨᠳᠥᠰᠥᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠬᠠᠷᠠᠯᠳᠠᠳᠤ ᠬᠢᠨᠠᠨ ᠰᠢᠯᠭᠠᠯᠳᠠ ᠪᠤᠯᠤᠨ ᠰᠤᠷᠭᠠᠨ ᠭᠥᠮᠥᠵᠢᠯ ᠤᠨ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠭᠡᠭᠦ ᠬᠤᠶᠠᠷ ᠪᠥᠯᠥᠭ ᠢᠶᠠᠷ ᠪᠥᠷᠢᠯᠳᠥᠭᠦ ᠪᠥᠭᠡᠳ ᠬᠢᠨᠠᠨ ᠰᠢᠯᠭᠠᠬᠤ ᠪᠤᠳᠠᠳᠠᠢ ᠠᠷᠭ᠎ᠠ ᠪᠠᠷᠢᠮᠵᠢᠶ᠎ᠠ ᠶᠢ ᠵᠤᠬᠢᠶᠠᠨ ᠪᠠᠶᠢᠭᠤᠯᠬᠤ ᠲᠠᠰᠤᠭ ᠠᠴᠠ ᠥᠭᠡᠷ᠎ᠡ ᠪᠢᠴᠢᠭ ᠮᠠᠲ᠋ᠧᠷᠢᠶᠡᠯ ᠤᠨ ᠭᠡᠯᠪᠡᠷᠢ ᠪᠠᠷ ᠪᠠᠭᠤᠯᠭᠠᠨ᠎ᠠ᠃     C35 ᠰᠤᠷᠭᠠᠭᠤᠯᠢ ᠠᠴᠠ ᠪᠠᠭᠰᠢ ᠶᠢᠨ ᠬᠡᠪ ᠴᠢᠨᠠᠷ ᠢ ᠪᠠᠭᠰᠢ ᠶᠢᠨ ᠬᠢᠨᠠᠨ ᠰᠢᠯᠭᠠᠯᠳᠠ ᠳᠤ ᠤᠷᠤᠭᠤᠯᠤᠨ᠎ᠠ᠃ ᠪᠠᠭᠰᠢ ᠶᠢᠨ ᠬᠡᠪ ᠴᠢᠨᠠᠷ ᠤᠨ ᠪᠠᠶᠢᠭᠤᠯᠤᠯᠳᠠ ᠶᠢᠨ ᠠᠵᠢᠯᠯᠠᠭ᠎ᠠ ᠶᠢ ᠬᠤᠭᠤᠴᠠᠭ᠎ᠠ ᠪᠦᠷᠢ ᠠᠳᠠᠭ ᠲᠠᠭᠠᠨ ᠬᠤᠶᠠᠷ  ᠠᠴᠠ ᠳᠡᠬᠡᠭᠰᠢ ᠤᠳᠠᠭ᠎ᠠ ᠵᠤᠬᠢᠶᠠᠨ ᠪᠠᠶᠢᠭᠤᠯᠤᠨ ᠦᠷᠨᠢᠬᠦᠯᠵᠤ᠂ ᠠᠵᠢᠯᠯᠠᠭ᠎ᠠ ᠯᠠᠪᠳᠠᠭᠤᠨ ᠪᠦᠳᠤᠮᠵᠢᠳᠠᠢ᠂ ᠦᠰᠦᠭ ᠪᠢᠴᠢᠭ᠂ ᠵᠢᠷᠤᠭ ᠲᠦᠷᠰᠤ ᠵᠡᠷᠬᠡ ᠮᠠᠲ᠋ᠧᠷᠢᠶᠡᠯ ᠪᠦᠷᠢᠨ ᠪᠠᠶᠢᠬᠤ᠃     C36 ᠰᠤᠷᠭᠠᠭᠤᠯᠢ ᠶᠢᠨ ᠠᠵᠢᠯ ᠤᠨ ᠤᠨᠴᠠᠯᠢᠭᠳᠤ ᠪᠥᠳᠥᠮᠵᠢ ᠪᠠ ᠰᠤᠳᠤᠨ ᠠᠮᠵᠢᠯᠳᠠ ᠶᠢ ᠴᠠᠭ ᠲᠠᠷᠤᠢ  ᠳᠤ ᠨᠢ ᠮᠡᠳᠡᠭᠡᠯᠡᠭᠦ ᠪᠥᠭᠡᠳ ᠭᠠᠷᠠᠭ ᠲᠤ ᠨᠠᠭᠠᠳᠤ ᠵᠠᠬ᠎ᠠ ᠳᠤ ᠪᠠᠨ ᠬᠤᠶᠠᠷ ᠤᠳᠠᠭ᠎ᠠ ᠴᠢᠨᠠᠷᠯᠢᠭ ᠴᠢᠮᠡᠭᠡ ᠮᠡᠳᠡᠭᠦᠯᠥᠭᠰᠡᠨ ᠪᠠᠶᠢᠬᠤ᠃     C37  ᠲᠤᠤᠷ ᠰᠥᠯᠵᠢᠶᠡᠨ ᠤ ᠶᠠᠷᠢᠶᠡᠨ ᠭᠡᠯᠡᠯᠴᠡᠭᠡᠨ ᠤ ᠪᠠᠶᠢᠳᠠᠯ ᠢ ᠪᠥᠳᠥᠮᠵᠢᠳᠡᠢ ᠰᠢᠢᠳᠪᠥᠷᠢᠯᠡᠵᠤ᠂ ᠴᠠᠭ ᠲᠠᠷᠤᠢ ᠳᠤ ᠨᠢ ᠲᠡᠭᠡᠭᠰᠢ ᠮᠡᠳᠡᠭᠦᠯᠥᠭᠰᠡᠨ ᠪᠠᠶᠢᠬᠤ᠃     C38 ᠰᠤᠷᠭᠠᠭᠤᠯᠢ ᠶᠢᠨ ᠥᠪᠡᠷᠳᠡᠭᠡᠨ ᠥᠨᠡᠯᠡᠯᠳᠡ ᠬᠢᠭᠦ ᠪᠠᠶᠢᠭᠤᠯᠤᠯᠳᠠ ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠠᠵᠢᠯ ᠢ ᠯᠠᠪᠳᠠᠭᠤᠨ ᠠᠬᠢᠭᠤᠯᠵᠤ᠂ ᠥᠪᠡᠷᠳᠡᠭᠡᠨ ᠥᠨᠡᠯᠡᠭᠦ ᠲᠥᠰᠥᠯ᠂ ᠪᠠᠷᠢᠮᠵᠢᠶ᠎ᠠ᠂ ᠲᠠᠷᠠᠭᠠᠯᠠᠯ ᠤᠨ ᠮᠠᠲ᠋ᠧᠷᠢᠶᠡᠯ᠂ ᠳ᠋ᠥᠩᠨᠡᠯᠳᠡ᠂ ᠥᠨᠡᠯᠡᠯᠳᠡ ᠵᠡᠷᠭᠡ ᠶᠢ ᠪᠥᠷᠢᠳᠥᠭᠦᠯᠵᠤ᠂ ᠰᠤᠷᠭᠠᠭᠤᠯᠢ ᠶᠢᠨ ᠭᠥᠭᠵᠢᠯᠳᠡ ᠳᠤ ᠠᠬᠢᠭᠤᠯᠬᠤ ᠥᠢᠯᠡᠳᠥᠯ ᠭᠠᠷᠭᠠᠭᠰᠠᠨ ᠪᠠᠶᠢᠬᠤ︔ 1 — 2 ᠬᠤᠪᠢ A ᠲᠡᠰ ᠤᠨ ᠵᠢᠭᠠᠯᠳᠠ ᠲᠠᠢ ᠥᠪᠡᠷᠳᠡᠭᠡᠨ ᠥᠨᠡᠯᠡᠯᠳᠡ ᠶᠢ ᠰᠤᠭᠤᠴᠢᠨ ᠪᠠᠶᠢᠴᠠᠭᠠᠨ᠎ᠠ᠃     C39 ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠭᠦ ᠬᠡᠷᠡᠭᠵᠢᠭᠦᠯᠭᠦ ᠲᠥᠰᠥᠯ᠂ ᠲᠥᠯᠥᠪᠯᠡᠭᠡ ᠲᠤᠬᠢᠷᠠᠭᠤᠯᠤᠯᠳᠠ᠂ ᠬᠢᠨᠠᠯᠳᠠ ᠬᠠᠮᠢᠶᠠᠷᠤᠯᠳᠠ᠂ ᠪᠥᠳᠥᠮᠵᠢ ᠢᠯᠡᠰᠢᠭᠦᠯᠥᠯᠳᠡ᠂ ᠳ᠋ᠥᠩᠨᠡᠯᠳᠡ ᠮᠡᠳᠡᠭᠦᠯᠥᠯᠳᠡ ᠲᠠᠢ ᠪᠠᠶᠢᠬᠤ᠃     C40 ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠤᠳᠤᠷᠢᠤᠨᠬᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠪᠠᠶᠢᠭᠤᠯᠵᠤ ᠳᠤᠰᠬᠠᠢ ᠬᠦᠮᠤᠨ ᠬᠠᠷᠢᠭᠤᠴᠠᠬᠤ︔ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠳᠤᠭᠳᠠᠭᠰᠡᠨ ᠬᠤᠭᠤᠴᠠᠭ᠎ᠠ ᠪᠠᠶᠢᠴᠠᠭᠠᠨ ᠰᠤᠳᠤᠯᠬᠤ︔ ᠠᠮᠤᠷ ᠲᠦᠪᠰᠢᠨ ᠤ ᠠᠵᠢᠯ  ᠤᠨ ᠲᠦᠷᠢᠮ ᠢ  ᠪᠤᠳᠠᠳᠠᠶᠢᠵᠢᠭᠤᠯᠬᠤ᠃     C41 ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠨᠢᠬᠡᠳᠤᠯᠳᠠᠢ ᠳᠤᠬᠢᠷᠠᠭᠤᠯᠤᠨ ᠬᠢᠵᠤ᠂ ᠬᠡᠷᠡᠭᠵᠢᠬᠦᠯᠬᠦ ᠲᠦᠰᠤᠯ ᠲᠠᠢ᠂ ᠶᠠᠪᠤᠴᠠ ᠶᠢᠨ ᠮᠠᠲ᠋ᠧᠷᠢᠶᠡᠯ ᠲᠠᠢ ᠪᠠᠶᠢᠬᠤ︔ ᠶᠡᠷᠢᠶ᠎ᠡ ᠭᠡᠯᠡᠯᠴᠡᠭᠡᠨ ᠤ ᠪᠠᠴᠢᠮ ᠢ ᠠᠷᠭᠠᠴᠠᠭᠠᠬᠤ ᠲᠤᠭᠳᠠᠴᠠ ᠪᠤᠢ ᠪᠥᠭᠡᠳ ᠴᠢᠬᠤᠯᠠ ᠮᠡᠳᠡᠭᠡ ᠵᠠᠩᠬᠢ ᠶᠢ ᠴᠠᠭ ᠲᠠᠷᠤᠢ ᠳᠤ  ᠨᠢ ᠲᠡᠭᠡᠭᠰᠢ ᠮᠡᠳᠡᠭᠦᠯᠥᠭᠰᠡᠨ ᠪᠠᠶᠢᠬᠤ︔ ᠬᠠᠷ᠎ᠠ ᠪᠥᠯᠥᠭᠳᠡᠨ ᠬᠠᠷᠬᠢᠰ ᠭᠥᠴᠥᠨ ᠢ ᠠᠷᠢᠯᠭᠠᠬᠤ ᠲᠤᠰᠬᠠᠢ ᠲᠡᠮᠡᠴᠡᠯ ᠪᠤᠯᠤᠨ ᠰᠤᠷᠭᠠᠭᠤᠯᠢ ᠶᠢᠨ ᠭᠥᠷᠢᠶᠡᠨ ᠤ ᠭᠥᠴᠥᠷᠭᠡᠭᠯᠡᠯ ᠲᠤᠷᠤᠮᠵᠢᠯᠠᠯ ᠶᠢᠨ ᠬᠠᠮᠢᠶ᠎ᠡ ᠪᠥᠭᠦᠢ ᠠᠵᠢᠯ ᠢ ᠲᠤᠤᠱᠳᠠᠢ ᠨᠠᠷᠢᠯᠢᠭ ᠠᠬᠢᠭᠤᠯᠤᠭᠰᠠᠨ ᠪᠠᠶᠢᠬᠤ ᠪᠥᠭᠡᠳ ᠪᠥᠳᠥᠮᠵᠢ ᠰᠠᠶᠢᠨ ᠪᠠᠶᠢᠬᠤ︔     C42 ᠬᠤᠰᠢᠭᠤ ᠪᠠ ᠰᠤᠷᠭᠠᠭᠤᠯᠢ ᠳᠤᠰᠪᠤᠷᠢ ᠨᠢᠬᠡ ᠤᠳᠠᠭ᠎ᠠ ᠳᠠᠮᠢᠷ ᠤᠨ ᠤᠷᠤᠯᠳᠤᠭᠠᠨ ᠪᠠ ᠤᠷᠠᠯᠢᠭ ᠤᠨ ᠨᠠᠶᠢᠷ ᠤᠨ ᠠᠵᠢᠯᠯᠠᠭ᠎ᠠ ᠦᠷᠨᠢᠬᠦᠯᠬᠦ︔ ᠬᠤᠳᠠ ᠶᠢᠨ ᠳᠡᠰ ᠠᠴᠠ ᠳᠡᠬᠡᠭᠰᠢᠬᠢ ᠡᠯ᠎ᠡ ᠵᠦᠢᠯ ᠤᠨ ᠳᠠᠮᠢᠷ᠂ ᠤᠷᠠᠯᠢᠭ  ᠤᠨ ᠤᠷᠤᠯᠳᠤᠭᠠᠨ ᠳᠤ ᠵᠤᠬᠢᠶᠠᠨ ᠪᠠᠶᠢᠭᠤᠯᠤᠨ ᠤᠷᠤᠯᠴᠠᠭᠤᠯᠬᠤ︔ ᠵᠢᠯ ᠪᠦᠷᠢ ᠰᠤᠷᠭᠠᠭᠤᠯᠢ ᠶᠢᠨ ᠵᠠᠬᠢᠷᠤᠯ ᠤᠨ ᠬᠤᠨᠳᠠᠭᠠᠳᠤ᠂ ᠬᠤᠰᠢᠭᠤ ᠳᠠᠷᠤᠭ᠎ᠠ ᠬᠤᠨᠳᠠᠭᠠᠳᠤ ᠬᠦᠯ ᠪᠦᠮᠪᠤᠬᠡᠨ ᠤᠷᠤᠯᠳᠤᠭᠠᠨ ᠢ ᠵᠤᠬᠢᠶᠠᠨ ᠪᠠᠶᠢᠭᠤᠯᠬᠤ᠃     C43 2018 ᠤᠨ ᠤ ᠬᠤᠳᠠ ᠠᠴᠠ ᠬᠤᠰᠢᠭᠤ ᠲᠤᠭᠤᠷᠢᠭ ᠤᠳ ᠲᠤ ᠬᠠᠨᠳᠤᠭᠤᠯᠤᠭᠰᠠᠨ ᠪᠤᠶᠤ ᠬᠤᠰᠢᠭᠤᠨ ᠠᠴᠠ ᠰᠤᠷᠭᠠᠭᠤᠯᠢ ᠤᠳ ᠲᠤ ᠬᠠᠨᠳᠤᠭᠤᠯᠤᠭᠰᠠᠨ ᠰᠤᠷᠭᠠᠨ ᠭᠥᠮᠥᠵᠢᠯ ᠤᠨ ᠶᠡᠷᠥᠩᠭᠡᠶᠢᠯᠡᠭᠰᠡᠨ ᠬᠢᠨᠠᠨ ᠵᠢᠯᠤᠭᠤᠳᠤᠯᠭ᠎ᠠ᠂ ᠲᠤᠰᠬᠠᠢ ᠲᠥᠷᠥᠯ ᠤᠨ ᠵᠢᠭᠠᠨ ᠵᠢᠯᠤᠭᠤᠳᠤᠯᠭ᠎ᠠ ᠵᠡᠷᠭᠡ ᠢᠯᠡᠰᠢᠭᠦᠯᠥᠯ ᠲᠤᠰᠬᠠᠭᠠᠯᠳᠠ ᠲᠤᠮᠳᠠ ᠵᠢᠭᠠᠨ ᠭᠠᠷᠭᠠᠭᠰᠠᠨ ᠤᠷᠤᠰᠢᠵᠤ ᠪᠤᠢ ᠠᠰᠠᠭᠤᠳᠠᠯ ᠢ ᠥᠭᠡᠷᠡᠴᠢᠯᠡᠨ ᠴᠡᠭᠴᠡᠯᠡᠭᠰᠡᠨ ᠮᠥᠷᠳᠡᠭᠡᠨ ᠠᠷᠭ᠎ᠠ ᠠᠪᠴᠠᠯ ᠨᠢ ᠡᠷᠴᠢᠮᠳᠡᠢ ᠪᠥᠳᠥᠮᠵᠢ ᠨᠢ ᠰᠠᠶᠢᠨ ᠪᠥᠭᠡᠳ ᠥᠭᠡᠷᠡᠴᠢᠯᠡᠨ ᠴᠡᠭᠴᠡᠯᠡᠭᠰᠡᠨ ᠠᠷᠭ᠎ᠠ ᠠᠪᠴᠠᠯ ᠰᠠᠨᠠᠯ ᠰᠤᠪᠢᠯ ᠢᠶᠠᠨ ᠴᠠᠭ ᠲᠠᠷᠤᠢ ᠨᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠠᠯᠪᠠᠨ ᠬᠡᠷ ᠲᠤ ᠲᠤᠰᠢᠶᠠᠭᠰᠠᠨ ᠪᠠᠶᠢᠬᠤ᠃     ᠬᠤᠪᠢ      3 2 3 2 2 2 2 2      3 3 5 3 4 4 2 2 3 3 3      3 2 2 3 2 2 6 11 3      2 2 2 4      12 4 2 2 12 6 3 10 3 6     ᠡᠳᠤᠷ ᠳᠤᠳᠤᠮ ᠤᠨ ᠬᠢᠨᠠᠨ ᠡᠵᠡᠮᠰᠢᠯ ᠤᠨ ᠨᠠᠷᠢᠨ ᠲᠦᠷᠢᠮ ᠤᠨ ᠪᠠᠷᠢᠮᠵᠢᠶ᠎ᠠ     ᠡᠯ᠎ᠡ ᠳᠤᠰᠬᠠᠢ ᠮᠡᠷᠬᠡᠵᠢᠯ ᠤᠨ ᠰᠤᠷᠤᠭᠴᠢ ᠡᠯᠰᠡᠬᠦ ᠲᠦᠯᠤᠪᠯᠡᠭᠡ ᠶᠢ ᠵᠦᠢ ᠵᠤᠬᠢᠰᠳᠠᠢ ᠳᠤᠬᠢᠷᠠᠭᠤᠯᠬᠤ ᠮᠦᠷᠳᠡᠬᠡᠨ ᠴᠠᠭ ᠳᠤᠬᠠᠢ ᠳᠤ ᠨᠢ ᠤᠬᠠᠭᠤᠯᠭ᠎ᠠ ᠬᠢᠵᠤ᠂ ᠳᠤᠰ ᠬᠤᠭᠤᠴᠠᠭᠠᠨ ᠤ ᠳᠡᠬᠦᠰᠦᠭᠰᠠᠨ ᠰᠤᠷᠤᠭᠴᠢ ᠢ ᠡᠯᠰᠡᠬᠦ ᠬᠠᠷᠢᠴᠠᠯ ᠨᠢ ᠬᠤᠰᠢᠭᠤᠨ ᠤ ᠪᠦᠬᠦ ᠠᠵᠢᠯᠴᠢᠨ ᠡᠯᠰᠡᠬᠦ ᠳᠤᠭᠠᠨ ᠤ 40% ᠠᠴᠠ ᠳᠡᠬᠡᠭᠰᠢ ᠪᠠᠶᠢᠯᠭᠠᠬᠤ ᠬᠡᠷᠡᠭᠳᠠᠢ᠃ ᠤᠳᠤ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠪᠦᠬᠦ ᠳᠤᠭ᠎ᠠ ᠪᠠ ᠰᠤᠷᠤᠭᠴᠢ ᠡᠯᠰᠡᠬᠦ ᠳᠤᠭ᠎ᠠ  ᠨᠢ ᠳᠡᠬᠡᠷ᠎ᠡ ᠵᠢᠯ ᠠᠴᠠ ᠪᠠᠭ᠎ᠠ ᠪᠠᠶᠢᠵᠤ ᠪᠤᠯᠬᠤ ᠦᠬᠡᠢ᠃ ︵3 ᠬᠤᠪᠢ︶     ᠬᠠᠷᠠᠭᠠᠯᠵᠠᠭᠰᠡᠨ ᠵᠢᠩᠬᠢᠨᠢ ᠠᠩᠬᠢ ᠶᠢᠨ ᠰᠤᠷᠭᠠᠭᠤᠯᠢ ᠳᠤ ᠳᠠᠪᠰᠢᠬᠤ ᠨᠤᠷᠮ᠎ᠠ ᠶᠢ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠳᠡᠬᠡᠭᠰᠢ ᠪᠠᠶᠢᠯᠭᠠᠨ᠎ᠠ᠃ ᠳᠡᠬᠦᠰᠦᠭᠰᠠᠨ ᠰᠤᠷᠤᠭᠴᠢ ᠶᠢᠨ ᠠᠵᠢᠯ ᠤᠯᠬᠤ ᠨᠤᠷᠮ᠎ᠠ ᠶᠢ 90% ᠠᠴᠠ ᠳᠡᠬᠡᠭᠰᠢ ᠪᠠᠶᠢᠯᠭᠠᠬᠤ ᠮᠦᠷᠳᠡᠬᠡᠨ ᠳᠡᠬᠦᠰᠦᠭᠰᠠᠨ ᠰᠤᠷᠤᠭᠴᠢ ᠶᠢᠨ ᠠᠵᠢᠯᠯᠠᠭᠰᠡᠨ ᠪᠠᠶᠢᠳᠠᠯ ᠪᠠ ᠬᠠᠨᠳᠤᠰᠢ ᠳᠤ ᠵᠠᠳᠠᠯᠤᠯᠳᠠ ᠬᠢᠨ᠎ᠠ︔ ᠳᠡᠬᠦᠰᠦᠭᠰᠡᠨ ᠰᠤᠷᠤᠭᠴᠢ ᠶᠢᠨ ᠬᠤᠤᠰ ᠦᠨᠡᠮᠯᠡᠯ ᠤᠯᠬᠤ ᠨᠤᠷᠮ᠎ᠠ ᠶᠢ 80% ᠠᠴᠠ ᠪᠠᠶᠢᠯᠭᠠᠨ᠎ᠠ᠃ ᠰᠤᠷᠤᠯᠭ᠎ᠠ ᠪᠠᠨ ᠳᠤᠷᠭᠤᠨ ᠵᠤᠭᠰᠤᠭᠠᠭᠰᠡᠨ ᠰᠤᠷᠤᠭᠴᠢ ᠶᠢᠨ ᠬᠠᠷᠢᠴᠠᠯ ᠢ 5% ᠳᠤᠳᠤᠷ᠎ᠠ ᠪᠠᠶᠢᠯᠭᠠᠬᠤ ᠮᠦᠷᠳᠡᠬᠡᠨ ᠳᠤᠷᠭᠤᠨ ᠵᠤᠭᠰᠤᠭᠠᠭᠰᠡᠨ ᠰᠢᠯᠳᠠᠭᠠᠨ ᠢ ᠵᠠᠳᠠᠯᠤᠨ᠎ᠠ᠃ ︵2 ᠬᠤᠪᠢ︶     ᠪᠦᠬᠦ ᠬᠤᠰᠢᠭᠤᠨ ᠤ ᠳᠠᠩᠰᠠ ᠪᠠᠶᠢᠭᠤᠯᠵᠤ ᠪᠦᠷᠢᠤᠨᠬᠡᠭᠰᠡᠨ ᠶᠠᠳᠠᠭᠤ ᠬᠦᠴᠢᠷᠳᠠᠯᠳᠠᠢ ᠬᠦᠮᠤᠨ ᠠᠮᠠ ᠶᠢ ᠨᠢᠬᠡ ᠴᠤ ᠤᠷᠬᠢᠭᠳᠠᠭᠤᠯᠤᠯ ᠦᠬᠡᠢ ᠪᠠᠷ ᠠᠳᠠᠭ ᠲᠤ ᠪᠠᠨ ᠨᠢᠬᠡ ᠤᠳᠠᠭᠠᠨ ᠤ ᠪᠤᠯᠪᠠᠰᠤᠷᠠᠯ ᠳᠤ ᠤᠷᠤᠯᠴᠠᠭᠤᠯᠤᠨ᠎ᠠ︔ ᠬᠤᠭᠤᠴᠠᠭ᠎ᠠ ᠪᠤᠯᠭᠠᠨ ᠤ ᠪᠤᠯᠪᠠᠰᠤᠷᠠᠯ ᠳᠤ ᠶᠠᠪᠤᠴᠠ ᠶᠢᠨ ᠴᠢᠨᠠᠷᠳᠠᠢ ᠮᠠᠲ᠋ᠧᠷᠢᠶᠡᠯ᠂ ᠪᠤᠯᠪᠠᠰᠤᠷᠠᠯ ᠳᠤ ᠤᠷᠤᠯᠴᠠᠭᠰᠡᠨ ᠬᠦᠮᠤᠰ ᠤᠨ ᠨᠠᠷ᠎ᠠ ᠵᠢᠭᠳᠡ ᠪᠠ ᠭᠠᠷ ᠤᠨ ᠦᠰᠦᠭ ᠵᠢᠷᠤᠭᠰᠡᠨ ᠬᠦᠰᠦᠨᠦᠭᠳᠤ ᠪᠠᠶᠢᠬᠤ ᠬᠡᠷᠡᠭᠳᠠᠢ᠃ ᠡᠯ᠎ᠡ ᠵᠦᠢᠯ ᠤᠨ ᠪᠤᠯᠪᠠᠰᠤᠷᠠᠯ ᠤᠨ ᠪᠠᠶᠢᠳᠠᠯ ᠢᠶᠠᠨ ᠰᠠᠷ᠎ᠠ ᠪᠤᠯᠭᠠᠨ ᠮᠡᠳᠡᠬᠦᠯᠤᠨ᠎ᠠ᠃ ︵3 ᠬᠤᠪᠢ︶     ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠭᠠᠷᠠᠭ ᠤᠨ ᠠᠵᠢᠯᠯᠠᠭ᠎ᠠ ᠦᠷᠨᠢᠬᠦᠯᠦᠭᠰᠡᠨ ᠪᠠᠶᠢᠳᠠᠯ ︵2 ᠬᠤᠪᠢ︶     ᠶᠤᠰᠤ ᠰᠤᠷᠳᠠᠬᠤᠨ ᠤ ᠬᠦᠮᠤᠵᠢᠯ ᠤᠨ ᠬᠢᠴᠢᠶᠡᠯ ᠳᠤᠬᠢᠷᠠᠭᠤᠯᠤᠭᠰᠡᠨ ᠪᠠᠶᠢᠳᠠᠯ᠂ ᠤᠨᠴᠠᠯᠢᠭ ᠪᠠ ᠪᠠᠶᠢᠭᠤᠯᠤᠯᠳᠠ ᠶᠢᠨ ᠪᠦᠳᠤᠮᠵᠢ᠂ ᠳᠡᠬᠦᠰᠦᠭᠰᠡᠨ ᠰᠤᠷᠤᠭᠴᠢ ᠶᠢᠨ ᠪᠡᠶ᠎ᠡ ᠮᠠᠬᠠᠪᠤᠤᠨ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 85% ᠠᠴᠠ ᠳᠡᠬᠡᠭᠰᠢ ︵2 ᠬᠤᠪᠢ︶     ᠰᠢᠨ᠎ᠠ ᠶᠢ ᠡᠬᠦᠤᠤᠨᠴᠤ ᠠᠵᠢᠯ ᠤᠯᠭᠤᠬᠤ ᠲᠦᠯᠤᠪᠯᠡᠭᠡ᠂ ᠲᠦᠰᠤᠯ ᠵᠡᠷᠬᠡ ᠬᠠᠮᠢᠶ᠎ᠠ ᠪᠦᠬᠦᠢ ᠮᠠᠲ᠋ᠧᠷᠢᠶᠡᠯ ︵1 ᠬᠤᠪᠢ︶     ᠨᠠᠶᠢᠬᠡᠮ ᠤᠨ ᠤᠶᠢᠯᠡᠳᠤᠯᠬᠡ᠂ ᠪᠤᠯᠪᠠᠰᠤᠨ ᠬᠡᠪ ᠰᠤᠷᠳᠠᠯ ᠤᠨ ᠮᠦᠷᠦᠶᠢᠴᠡᠬᠡᠨ ᠳᠤ ᠤᠷᠤᠯᠴᠠᠭᠰᠡᠨ ᠪᠠᠶᠢᠳᠠᠯ ᠪᠠ ᠪᠦᠳᠤᠮᠵᠢ ︵1 ᠬᠤᠪᠢ︶᠂ ᠪᠠᠷᠢᠮᠵᠢᠶ᠎ᠠ ᠠᠪᠢᠶ᠎ᠠ ᠶᠢ ᠵᠢᠭᠠᠨ ᠰᠤᠷᠭᠠᠯᠳᠠ ᠶᠢᠨ ᠪᠠᠭᠠᠵᠢ ᠪᠤᠯᠭᠠᠵᠤ᠂ ᠥᠭᠡ ᠭᠡᠯᠡ ᠥᠰᠥᠭ ᠪᠢᠴᠢᠭ ᠤᠨ ᠲᠥᠷᠢᠮᠵᠢᠯᠳᠤ ᠰᠤᠷᠭᠠᠭᠤᠯᠢ ᠪᠤᠯᠤᠭᠰᠠᠨ ᠪᠠᠶᠢᠬᠤ︔ ᠥᠰᠥᠭ ᠪᠢᠴᠢᠭ ᠤᠨ ᠵᠥᠪ ᠪᠢᠴᠢᠯᠭᠡ ᠲᠥᠷᠢᠮᠵᠢᠯ   ᠢ ᠠᠩᠬᠠᠷᠴᠤ᠂ ᠬᠡᠯᠡ ᠪᠢᠴᠢᠭ ᠤᠨ ᠬᠡᠷᠡᠭᠯᠡᠯᠳᠡ ᠶᠢᠨ ᠭᠠᠵᠠᠷ ᠤᠷᠤᠨ ᠤ ᠵᠢᠱᠢᠶᠡᠴᠢ ᠪᠤᠯᠤᠭᠰᠠᠨ ᠪᠠᠶᠢᠬᠤ ︵1 ᠬᠤᠪᠢ︶     ᠰᠤᠷᠭᠠᠭᠤᠯᠢ ᠶᠢᠨ ᠳᠤᠳᠤᠭᠠᠳᠤ ᠶᠢᠨ ᠵᠠᠰᠠᠯᠳᠠ ᠶᠢᠨ ᠪᠦᠳᠤᠴᠠ ᠳᠡᠬᠦᠯᠳᠡᠷ᠂ ᠰᠤᠷᠭᠠᠭᠤᠯᠢ ᠶᠢᠨ ᠡᠯ᠎ᠡ ᠲᠦᠷᠤᠯ ᠤᠨ ᠲᠦᠷᠢᠮ ᠳᠤᠭᠳᠠᠭᠠᠯ ᠪᠦᠷᠢᠨ ︵ᠵᠢᠭᠠᠨ ᠰᠤᠷᠭᠠᠯᠳᠠ᠂ ᠰᠤᠷᠤᠭᠴᠢ᠂ ᠠᠷᠤ ᠳᠠᠯ᠎ᠠ ᠶᠢᠨ ᠤᠶᠢᠯᠡᠴᠢᠯᠡᠭᠡ ᠵᠡᠷᠬᠡ ᠶᠢ ᠪᠠᠶᠢᠴᠠᠭᠠᠨ ᠬᠡᠷᠡᠭᠵᠢᠬᠦᠯᠦᠭᠰᠡᠨ ᠳᠡᠮᠳᠡᠭᠯᠡᠯ ᠲᠠᠢ︶᠂ ᠬᠠᠤᠯᠢ ᠶᠤᠰᠤᠭᠠᠷ ᠰᠤᠷᠭᠠᠭᠤᠯᠢ ᠡᠷᠬᠢᠯᠡᠵᠤ ᠬᠠᠤᠯᠢ ᠵᠦᠷᠢᠴᠡᠭᠰᠡᠨ ᠠᠵᠢᠯᠯᠠᠭ᠎ᠠ ᠪᠠᠶᠢᠬᠤ ᠦᠬᠡᠢ᠂ ᠰᠤᠷᠭᠠᠭᠤᠯᠢ ᠡᠬᠢᠯᠡᠬᠦ ᠠᠴᠠ ᠡᠮᠤᠨᠡᠬᠢ ᠡᠯ᠎ᠡ ᠲᠦᠷᠤᠯ ᠤᠨ ᠪᠠᠶᠢᠴᠠᠭᠠᠯᠳᠠ ᠶᠢᠨ ᠠᠵᠢᠯ ︵ᠵᠢᠭᠠᠨ ᠰᠤᠷᠭᠠᠯᠳᠠ᠂ ᠠᠮᠤᠷ ᠲᠦᠪᠰᠢᠨ ᠵᠡᠷᠬᠡ ᠶᠢ ᠪᠠᠭᠳᠠᠭᠠᠨ᠎ᠠ︶ ᠦᠷᠨᠢᠬᠦᠯᠦᠭᠰᠡᠨ ᠪᠠᠶᠢᠬᠤ ︵2 ᠬᠤᠪᠢ︶     ᠬᠠᠮᠢᠶᠠᠷᠤᠯᠳᠠ ᠶᠢᠨ ᠡᠩᠨᠡᠬᠡᠨ ᠤ ᠪᠠᠶᠢᠭᠤᠯᠤᠯᠳᠠ ᠶᠢᠨ ᠲᠦᠯᠤᠪᠵᠢᠬᠦᠯᠬᠡ᠂ ᠲᠦᠯᠤᠪᠯᠡᠭᠡ᠂ ᠪᠠᠶᠢᠷᠢᠯᠠᠭᠤᠯᠤᠯᠳᠠ  ᠲᠠᠢ᠃ ᠳᠤᠬᠢᠷᠠᠭᠤᠯᠤᠯᠳᠠ ᠵᠦᠢ ᠵᠤᠬᠢᠰᠳᠠᠢ᠂ ᠲᠦᠷᠢᠮ ᠳᠡᠬᠦᠯᠳᠡᠷ᠃ ︵2 ᠬᠤᠪᠢ︶     ᠰᠢᠨ᠎ᠠ ᠨᠡᠮᠡᠭᠳᠡᠭᠰᠡᠨ ᠳᠤᠰᠬᠠᠢ ᠮᠡᠷᠬᠡᠵᠢᠯ ᠨᠢ ᠪᠤᠯᠤᠮᠵᠢᠳᠤ ᠵᠠᠳᠠᠯᠤᠯᠳᠠ ᠶᠢᠨ ᠮᠡᠳᠡᠬᠦᠯᠤᠯᠳᠠ ᠲᠠᠢ ᠮᠦᠷᠳᠡᠬᠡᠨ ᠳᠤᠰᠬᠠᠢ ᠮᠡᠷᠬᠡᠵᠢᠯ ᠤᠨ ᠪᠦᠳᠤᠴᠠ ᠨᠢ ᠵᠦᠢ ᠵᠤᠬᠢᠰᠳᠠᠢ᠂ ᠤᠨᠴᠠᠯᠢᠭ ᠨᠢ ᠳᠤᠪᠤᠶᠢᠮ᠎ᠠ ᠪᠠᠶᠢᠬᠤ᠃ ᠳᠤᠰᠬᠠᠢ ᠮᠡᠷᠬᠡᠵᠢᠯ ᠢ ᠰᠢᠨ᠎ᠠ ᠪᠠᠶᠢᠭᠤᠯᠬᠤ᠂ ᠰᠤᠷᠤᠭᠴᠢ ᠡᠯᠰᠡᠬᠦ ᠪᠠᠨ ᠵᠤᠭᠰᠤᠭᠠᠬᠤ᠂ ᠬᠠᠰᠤᠬᠤ ᠳᠤ ᠪᠦᠷ ᠦᠨᠳᠤᠰᠤᠯᠡᠯ  ᠲᠠᠢ ᠪᠠᠶᠢᠬᠤ᠂ ᠰᠤᠷᠤᠭᠴᠢ ᠡᠯᠰᠡᠬᠦ ᠪᠠ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠤᠭ᠎ᠠ ᠶᠢᠨ ᠳᠠᠷᠬᠠᠯᠳᠠ ᠪᠠ ᠬᠦᠭᠵᠢᠯᠳᠠ ᠶᠢᠨ ᠬᠠᠨᠳᠤᠰᠢ ᠶᠢᠨ ᠵᠠᠳᠠᠯᠤᠯᠳᠠ ᠲᠠᠢ ᠪᠠᠶᠢᠬᠤ ︵3 ᠬᠤᠪᠢ︶     ᠳᠤᠰᠬᠠᠢ ᠮᠡᠷᠬᠡᠵᠢᠯ ᠤᠨ ᠪᠠᠶᠢᠭᠤᠯᠤᠯᠳᠠ ᠲᠦᠯᠤᠪᠵᠢᠬᠦᠯᠬᠡ᠂ ᠪᠤᠯᠤᠮᠵᠢᠳᠤ ᠨᠤᠳᠠᠯᠠᠯᠳᠠ ᠲᠠᠢ᠃ ᠰᠤᠷᠭᠠᠨ ᠬᠦᠮᠤᠵᠢᠯ ᠤᠨ ᠶᠠᠮᠤᠨ ᠤ ᠳᠤᠰᠬᠠᠢ ᠮᠡᠷᠬᠡᠵᠢᠯ ᠤᠨ ᠪᠠᠶᠢᠭᠤᠯᠤᠯᠳᠠ ᠶᠢᠨ ᠪᠠᠷᠢᠮᠵᠢᠶᠠᠨ ᠤ ᠱᠠᠭᠠᠷᠳᠠᠯᠭ᠎ᠠ ᠶᠤᠰᠤᠭᠠᠷ ᠭᠤᠤᠯᠯᠠᠭᠴᠢ᠂ ᠳᠠᠭᠤᠷᠢᠶᠠᠯ᠂ ᠤᠨᠴᠠᠯᠢᠭᠳᠤ ᠳᠤᠰᠬᠠᠢ ᠮᠡᠷᠬᠡᠵᠢᠯ ᠢ ᠪᠠᠶᠢᠭᠤᠯᠤᠭᠰᠡᠨ ᠮᠦᠷᠳᠡᠬᠡᠨ ᠤᠨᠴᠠᠯᠢᠭ ᠳᠤᠪᠤᠶᠢᠮ᠎ᠠ᠂ ᠵᠢᠭᠠᠨ ᠰᠤᠷᠭᠠᠬᠤ ᠪᠠᠷᠢᠮᠵᠢᠶ᠎ᠠ ᠶᠤᠰᠤᠭᠠᠷ ᠵᠢᠭᠠᠨ ᠰᠤᠷᠭᠠᠯᠳᠠ ᠶᠢ ᠡᠬᠢᠯᠡᠬᠦᠯᠬᠦ ︵3 ᠬᠤᠪᠢ︶     ᠬᠢᠴᠢᠶᠡᠯᠯᠡᠭᠡ ᠶᠢᠨ ᠰᠢᠰᠲ᠋ᠧᠮ ᠤᠨ ᠪᠠᠶᠢᠭᠤᠯᠤᠯᠳᠠ ᠨᠢ ᠲᠦᠯᠤᠪᠯᠡᠭᠡ ᠲᠠᠢ᠂ ᠬᠦᠭᠵᠢᠯᠳᠠ ᠶᠢᠨ ᠬᠠᠷᠠᠯᠳᠠ ᠲᠠᠢ᠃ ᠬᠢᠴᠢᠶᠡᠯᠯᠡᠭᠡ ᠶᠢᠨ ᠪᠠᠷᠢᠮᠵᠢᠶᠠᠳᠤ ᠳᠤᠭ᠎ᠠ᠂ ᠡᠯ᠎ᠡ ᠬᠢᠴᠢᠶᠡᠯᠯᠡᠭᠡ ᠶᠢᠨ ᠬᠠᠷᠢᠴᠠᠯ ᠢ ᠳᠤᠭᠳᠠᠭᠠᠭᠰᠡᠨ ᠪᠠᠶᠢᠬᠤ       ︵ᠡᠷᠬᠡᠪᠰᠢ ᠰᠤᠷᠬᠤ ᠪᠠ ᠰᠤᠩᠭᠤᠵᠤ ᠰᠤᠷᠬᠤ ᠬᠢᠴᠢᠶᠡᠯ ᠤᠨ ᠬᠠᠷᠢᠴᠠᠯ ᠪᠠ ᠰᠤᠩᠭᠤᠵᠤ ᠰᠤᠷᠬᠤ ᠬᠢᠴᠢᠶᠡᠯ ᠢ ᠨᠡᠬᠡᠬᠡᠬᠦ ᠬᠠᠷᠢᠴᠠᠯ ᠤᠨ ᠬᠢᠵᠠᠭᠠᠷᠯᠠᠯ ᠨᠢ ᠤᠯᠤᠰ ᠤᠨ ᠵᠢᠭᠠᠨ ᠰᠤᠷᠭᠠᠬᠤ ᠲᠦᠯᠤᠪᠯᠡᠭᠡ ᠶᠢᠨ ᠱᠠᠭᠠᠷᠳᠠᠯᠭ᠎ᠠ ᠶᠢᠨ 10% ᠠᠴᠠ ᠳᠤᠤᠷ᠎ᠠ ᠪᠠᠶᠢᠵᠤ ᠪᠤᠯᠬᠤ ᠦᠬᠡᠢ︶ ︵2 ᠬᠤᠪᠢ︶     ᠤᠶᠢᠯᠡᠤᠨᠪᠤᠷᠢᠯᠡᠯ ᠵᠢᠭᠠᠨ ᠰᠤᠷᠭᠠᠯᠳᠠ ᠠᠭᠤᠰᠤᠯᠴᠠᠯ ᠰᠤᠷᠭᠠᠭᠤᠯᠢ ᠠᠵᠤ ᠠᠬᠤᠶᠢᠯᠠᠯ ᠬᠠᠮᠳᠤᠷᠠᠯᠴᠠᠨ ᠨᠡᠬᠡᠬᠡᠭᠰᠡᠨ ᠬᠢᠴᠢᠶᠡᠯᠯᠡᠭᠡ ᠶᠢᠨ ᠳᠤᠭ᠎ᠠ᠂ ᠵᠢᠭᠠᠬᠤ ᠮᠠᠲ᠋ᠧᠷᠢᠶᠡᠯ ᠤᠨ ᠳᠤᠭ᠎ᠠ᠃ ᠨᠡᠬᠡᠬᠡᠭᠰᠡᠨ ᠬᠢᠴᠢᠶᠡᠯ ᠤᠨ ᠪᠠᠶᠢᠳᠠᠯ ᠪᠠ ᠵᠢᠭᠠᠬᠤ ᠮᠠᠲ᠋ᠧᠷᠢᠶᠡᠯ ᠢᠶᠠᠨ ᠬᠠᠩᠭᠠᠨ᠎ᠠ᠃ ︵2 ᠬᠤᠪᠢ︶     ᠡᠯ᠎ᠡ ᠵᠢᠭᠠᠬᠤ ᠮᠠᠲ᠋ᠧᠷᠢᠶᠡᠯ ᠤᠨ ᠰᠤᠩᠭᠤᠯᠳᠠ ᠲᠦᠷᠢᠮᠵᠢᠬᠦᠨ ᠪᠠᠶᠢᠬᠤ᠂ ᠦᠪᠡᠷᠳᠡᠬᠡᠨ ᠵᠠᠰᠠᠬᠤ ᠤᠷᠤᠨ ᠤ ᠬᠢᠴᠢᠶᠡᠯᠯᠡᠭᠡ ᠶᠢᠨ ᠦᠬᠡᠷᠡᠴᠢᠯᠡᠯᠳᠠ ᠶᠢᠨ ᠵᠢᠭᠠᠬᠤ ᠮᠠᠲ᠋ᠧᠷᠢᠶᠡᠯ ᠲᠠᠢ ᠨᠠᠶᠢᠴᠡᠬᠦ᠂ ᠬᠢᠴᠢᠶᠡᠯᠯᠡᠭᠡ ᠶᠢᠨ ᠦᠬᠡᠷᠡᠴᠢᠯᠡᠯᠳᠠ  ᠶᠢᠨ ᠪᠦᠳᠤᠮᠵᠢ ᠶᠢ ᠳᠡᠯᠬᠡᠷᠡᠬᠦᠯᠦᠭᠰᠡᠨ ᠪᠠᠶᠢᠳᠠᠯ᠃ ᠰᠤᠷᠭᠠᠭᠤᠯᠢ ᠶᠢᠨ ᠦᠪᠡᠷ ᠤᠨ ᠵᠢᠭᠠᠬᠤ ᠮᠠᠲ᠋ᠧᠷᠢᠶᠡᠯ ᠢ ᠨᠡᠬᠡᠬᠡᠭᠰᠡᠨ ᠪᠠᠶᠢᠳᠠᠯ᠃ ᠰᠤᠷᠭᠠᠭᠤᠯᠢ ᠶᠢᠨ ᠦᠪᠡᠷ ᠤᠨ ᠨᠡᠬᠡᠬᠡᠭᠰᠡᠨ ᠵᠢᠭᠠᠬᠤ ᠮᠠᠲ᠋ᠧᠷᠢᠶᠡᠯ ᠤᠨ ᠳᠤᠭ᠎ᠠ 2 ᠲᠦᠷᠤᠯ  ᠠᠴᠠ ᠪᠠᠭ᠎ᠠ ᠪᠠᠶᠢᠵᠤ ᠪᠤᠯᠬᠤ ᠦᠬᠡᠢ︔ ᠳᠤᠰᠬᠠᠢ ᠮᠡᠷᠬᠡᠵᠢᠯ ᠤᠨ ᠬᠢᠴᠢᠶᠡᠯ ᠤᠨ ᠰᠤᠷᠭᠠᠭᠤᠯᠢ ᠶᠢᠨ ᠦᠪᠡᠷ ᠤᠨ ᠵᠢᠭᠠᠬᠤ ᠮᠠᠲ᠋ᠧᠷᠢᠶᠡᠯ ᠪᠠ ᠠᠵᠤ ᠠᠬᠤᠶᠢᠯᠠᠯ ᠬᠠᠮᠳᠤᠷᠠᠨ ᠨᠡᠬᠡᠬᠡᠭᠰᠡᠨ ᠪᠠᠶᠢᠳᠠᠯ ︵4 ᠬᠤᠪᠢ︶     ᠰᠤᠷᠭᠠᠭᠤᠯᠢ ᠶᠢᠨ ᠤᠳᠤᠷᠢᠳᠤᠯᠭ᠎ᠠ ᠶᠢᠨ ᠬᠢᠴᠢᠶᠡᠯ ᠰᠤᠨᠤᠰᠤᠭᠰᠡᠨ ᠬᠦᠮᠤᠨ ᠳᠤᠮᠳᠠᠴᠢ ᠶᠢᠨ ᠳᠤᠭ᠎ᠠ ᠨᠢ 15 ᠬᠢᠴᠢᠶᠡᠯ ᠤᠨ ᠴᠠᠭ ᠠᠴᠠ ᠴᠦᠬᠡᠨ ᠪᠤᠰᠤ ᠪᠠᠶᠢᠬᠤ︔ ᠰᠤᠷᠭᠠᠭᠤᠯᠢ ᠶᠢᠨ ᠤᠳᠤᠷᠢᠳᠤᠯᠭ᠎ᠠ ᠶᠢᠨ ᠤᠶᠢᠯᠡᠳᠤᠯᠬᠡ ᠶᠢᠨ ᠵᠢᠭᠠᠨ ᠰᠤᠷᠭᠠᠯᠳᠠ ᠶᠢᠨ ᠳᠠᠯᠠᠪᠠᠢ ᠳᠤ ᠬᠦᠨᠵᠡᠬᠡᠶᠢᠷᠡᠭᠰᠡᠨ ᠬᠦᠮᠤᠨ ᠳᠤᠮᠳᠠᠴᠢ ᠶᠢᠨ ᠳᠤᠭ᠎ᠠ 10 ᠤᠳᠠᠭ᠎ᠠ ᠠᠴᠠ ᠴᠦᠬᠡᠨ ᠪᠤᠰᠤ ᠪᠠᠶᠢᠬᠤ᠃ ︵2 ᠬᠤᠪᠢ︶ ᠵᠢᠭᠠᠨ ᠰᠤᠷᠭᠠᠯᠳᠠ ᠶᠢ ᠦᠨᠡᠯᠡᠬᠦ ᠳᠤ ᠠᠵᠢᠯ ᠨᠢᠬᠡᠳᠠᠨ 30% ᠠᠴᠠ ᠳᠡᠬᠡᠭᠰᠢᠬᠢ ᠶᠢ ᠡᠵᠡᠯᠡᠵᠤ᠂ ᠰᠤᠷᠤᠭᠴᠢ 60% ᠠᠴᠠ ᠳᠡᠬᠡᠭᠰᠢ ᠶᠢ ᠡᠵᠡᠯᠡᠨ᠂ ᠨᠠᠶᠢᠬᠡᠮ ᠤᠨ ᠬᠢᠨ 10% ᠠᠴᠠ ᠳᠡᠬᠡᠭᠰᠢᠬᠢ ᠶᠢ ᠡᠵᠡᠯᠡᠬᠦ︔ ᠰᠤᠷᠭᠠᠭᠤᠯᠢ  ᠶᠢᠨ ᠤᠨᠴᠠᠯᠢᠭᠳᠤ ᠬᠢᠴᠢᠶᠡᠯᠯᠡᠭᠡ ᠶᠢᠨ ᠵᠢᠭᠠᠨ ᠰᠤᠷᠭᠠᠯᠳᠠ ᠶᠢᠨ ᠵᠠᠭᠪᠤᠷ 3 ᠠᠴᠠ ᠴᠦᠬᠡᠨ ᠪᠤᠰᠤ ᠪᠠᠶᠢᠬᠤ᠃ ︵2 ᠬᠤᠪᠢ︶     ᠳᠤᠰᠬᠠᠢ ᠪᠠᠭᠰᠢ ᠶᠢᠨ ᠳᠤᠭ᠎ᠠ ᠱᠠᠭᠠᠷᠳᠠᠯᠭ᠎ᠠ ᠳᠤ ᠨᠠᠶᠢᠴᠠᠬᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠲᠠᠢ ᠪᠠᠭᠰᠢ 90% ᠠᠴᠠ ᠳᠡᠬᠡᠭᠰᠢ ᠪᠠᠶᠢᠬᠤ᠂ ᠪᠠᠭᠰᠢ ᠰᠤᠷᠤᠭᠴᠢ ᠶᠢᠨ ᠬᠠᠷᠢᠴᠠᠯ ᠤᠨ ᠪᠠᠶᠢᠳᠠᠯ᠂ ᠭᠠᠷᠮᠠᠭᠠᠢ ᠵᠢᠯᠤᠭᠤᠳᠤᠭᠴᠢ ᠪᠠᠭᠰᠢ ᠤᠨ ᠪᠦᠷᠢ ᠳᠤᠰᠬᠠᠢ ᠮᠡᠷᠬᠡᠵᠢᠯ ᠪᠦᠷᠢ ᠳᠤ ᠠᠳᠠᠭ ᠲᠤ ᠪᠠᠨ ᠨᠢᠬᠡ ᠪᠠᠶᠢᠬᠤ᠂ ᠳᠤᠰᠬᠠᠢ ᠳᠠᠶᠢᠴᠢᠯᠠᠭᠴᠢ ᠬᠦᠮᠤᠨ ᠪᠠ ᠭᠤᠤᠯᠯᠠᠭᠴᠢ ᠪᠠᠭᠰᠢ ᠲᠠᠢ ᠪᠠᠶᠢᠬᠤ ︵ᠬᠤᠰᠢᠭᠤᠨ ᠤ ᠳᠡᠰ ᠠᠴᠠ ᠳᠡᠬᠡᠭᠰᠢ︶ ︵3 ᠬᠤᠪᠢ︶     ᠰᠡᠳᠤᠪᠴᠢᠯᠡᠭᠰᠡᠨ ᠰᠤᠳᠤᠯᠤᠯᠳᠠ᠂ ᠮᠡᠷᠬᠡᠵᠢᠯ ᠤᠨ ᠨᠡᠬᠡᠬᠡᠯᠳᠠ ᠶᠢᠨ ᠮᠡᠳᠡᠬᠦᠯᠤᠯᠳᠠ ᠪᠠ ᠬᠢᠨᠠᠨ ᠵᠦᠪᠰᠢᠶᠡᠷᠡᠭᠰᠡᠨ ᠪᠠᠶᠢᠳᠠᠯ᠂ ᠪᠠᠭᠰᠢ ᠶᠢᠨ ᠮᠡᠷᠬᠡᠵᠢᠯ ᠴᠢᠳᠠᠪᠤᠷᠢ ᠶᠢᠨ ᠤᠷᠤᠯᠳᠤᠭᠠᠨ ᠵᠡᠷᠬᠡ ᠬᠦᠳᠡᠯᠬᠡᠬᠡᠨ ᠳᠤ ᠤᠷᠤᠯᠴᠠᠭᠰᠡᠨ ᠪᠠᠶᠢᠳᠠᠯ᠃ ᠪᠠᠭᠰᠢᠨᠠᠷ ᠵᠢᠭᠠᠨ ᠰᠤᠳᠤᠯᠤᠯᠳᠠ᠂ ᠰᠢᠨᠵᠢᠯᠡᠭᠡ ᠮᠡᠷᠬᠡᠵᠢᠯ ᠤᠨ ᠰᠤᠳᠤᠯᠤᠯᠳᠠ᠂ ᠰᠡᠳᠤᠪᠴᠢᠯᠡᠭᠰᠡᠨ ᠰᠤᠳᠤᠯᠤᠯᠳᠠ᠂ ᠮᠡᠷᠬᠡᠵᠢᠯ ᠤᠨ ᠨᠡᠬᠡᠬᠡᠯᠳᠠ ᠪᠠ ᠨᠠᠶᠢᠬᠡᠮ ᠤᠨ ᠤᠶᠢᠯᠡᠴᠢᠯᠡᠭᠡ ᠳᠤ ᠤᠷᠤᠯᠴᠠᠭᠰᠡᠨ ᠬᠠᠮᠢᠶ᠎ᠠ ᠪᠦᠬᠦᠢ ᠮᠠᠲ᠋ᠧᠷᠢᠶᠡᠯ᠃ ︵3 ᠬᠤᠪᠢ︶     ᠪᠤᠯᠪᠠᠰᠤᠷᠠᠯ ᠤᠨ ᠳᠤᠬᠢᠷᠠᠭᠤᠯᠤᠯᠳᠠ ᠪᠠ ᠡᠬᠦᠷᠬᠡ ᠶᠢ ᠪᠤᠳᠠᠳᠠᠶᠢᠵᠢᠭᠤᠯᠤᠭᠰᠡᠨ ᠪᠠᠶᠢᠳᠠᠯ᠃ ᠵᠢᠯ ᠪᠦᠷᠢ 30% ᠶᠢᠨ ᠪᠠᠭᠰᠢ ᠶᠢ ᠪᠤᠯᠪᠠᠰᠤᠷᠠᠯ ᠳᠤ ᠤᠷᠤᠯᠴᠠᠭᠤᠯᠬᠤ︔ ᠵᠠᠯᠠᠭᠤ ᠪᠠᠭᠰᠢ ᠨᠠᠷ ᠤᠨ ᠠᠵᠤ ᠠᠬᠤᠶᠢᠯᠠᠯ ᠤᠨ ᠤᠶᠢᠯᠡᠳᠤᠯᠬᠡ ᠳᠤ ᠤᠷᠤᠯᠴᠠᠭᠰᠡᠨ ᠪᠠᠶᠢᠳᠠᠯ︔ ᠤᠯᠤᠰ᠂ ᠦᠪᠡᠷᠳᠡᠬᠡᠨ ᠵᠠᠰᠠᠬᠤ ᠤᠷᠤᠨ ᠤ ᠪᠠᠭᠰᠢ ᠶᠢᠨ ᠪᠤᠯᠪᠠᠰᠤᠷᠠᠯ ᠤᠨ ᠡᠬᠦᠷᠬᠡ ᠶᠢ ᠢᠳᠡᠪᠬᠢᠳᠠᠢ ᠰᠠᠨᠠᠭᠠᠴᠢᠯᠠᠭ᠎ᠠ ᠲᠠᠢ ᠪᠡᠶᠡᠯᠡᠬᠦᠯᠬᠦ᠃ ︵3 ᠬᠤᠪᠢ︶     ︽ᠬᠤᠤᠰ ᠬᠡᠯᠪᠡᠷᠢ ᠶᠢᠨ ᠪᠠᠭᠰᠢ︾ ᠶᠢᠨ ᠳᠤᠰᠬᠠᠢ ᠮᠡᠷᠬᠡᠵᠢᠯ ᠤᠨ ᠪᠠᠭᠰᠢ ᠶᠢᠨ ᠬᠠᠷᠢᠴᠠᠯ ᠤᠨ 60% ᠠᠴᠠ ᠳᠡᠬᠡᠭᠰᠢ ᠶᠢ ᠡᠵᠡᠯᠡᠬᠦ᠃ ᠤᠶᠢᠯᠡᠳᠤᠯᠬᠡ ᠶᠢᠨ ᠵᠢᠭᠠᠨ ᠰᠤᠷᠭᠠᠯᠳᠠ ᠶᠢᠨ ᠳᠤᠰᠬᠠᠢ ᠵᠢᠯᠤᠭᠤᠳᠤᠭᠴᠢ ᠪᠠᠭᠰᠢ ᠶᠢ ᠳᠤᠰᠬᠠᠢ ᠮᠡᠷᠬᠡᠵᠢᠯ ᠤᠨ ᠲᠦᠷᠤᠯ ᠵᠦᠢᠯ ᠪᠦᠷᠢ ᠳᠤ 1 ᠬᠦᠮᠤᠨ ᠳᠤᠬᠢᠷᠠᠭᠤᠯᠬᠤ︔ ᠳᠤᠰᠬᠠᠢ ᠪᠠᠭᠰᠢ ᠶᠢᠨ ᠳᠤᠬᠢᠷᠠᠭᠤᠯᠤᠯᠳᠠ 50% ᠠᠴᠠ ᠪᠠᠭ᠎ᠠ ᠪᠤᠰᠤ ᠪᠠᠶᠢᠬᠤ᠃ ᠪᠤᠯᠪᠠᠰᠤᠷᠠᠯ ᠤᠨ ᠳᠤᠬᠢᠷᠠᠭᠤᠯᠭ᠎ᠠ ᠪᠠ ᠨᠠᠶᠢᠳᠠᠪᠤᠷᠢᠵᠢᠭᠤᠯᠤᠯᠳᠠ ᠶᠢᠨ ᠪᠠᠶᠢᠳᠠᠯ᠃ ᠨᠡᠷᠡᠳᠤ ᠪᠠᠭᠰᠢ᠂ ᠰᠢᠯᠢᠳᠡᠭ ᠪᠠᠭᠰᠢ ᠵᠡᠷᠬᠡ ᠠᠵᠢᠯ ᠤᠨ ᠦᠷᠤᠬᠡᠨ ᠤ ᠪᠠᠶᠢᠭᠤᠯᠤᠯᠳᠠ ᠲᠠᠢ ᠪᠠᠶᠢᠬᠤ᠃ ︵3 ᠬᠤᠪᠢ︶     ᠮᠡᠷᠬᠡᠵᠢᠯ ᠤᠷ᠎ᠠ ᠴᠢᠳᠠᠪᠤᠷᠢ ᠶᠢᠨ ᠬᠡᠯᠪᠡᠷᠢᠳᠤ ᠳᠤᠰᠢᠶᠠᠯ ᠬᠠᠪᠰᠤᠷᠭᠠᠭᠰᠡᠨ ᠪᠠᠭᠰᠢ ᠢ ᠤᠷᠢᠨ ᠬᠡᠷᠡᠭᠯᠡᠬᠦ ᠮᠠᠲ᠋ᠧᠷᠢᠶᠡᠯ ᠢ ᠴᠠᠭ ᠳᠤᠬᠠᠢ ᠳᠤ ᠨᠢ ᠳᠤᠬᠢᠷᠠᠭᠤᠯᠬᠤ ᠮᠦᠷᠳᠡᠬᠡᠨ ᠮᠡᠳᠡᠬᠦᠯᠵᠤ᠂ ᠳᠤᠬᠢᠷᠠᠭᠤᠯᠭ᠎ᠠ ᠨᠢ ᠵᠦᠢ ᠵᠤᠬᠢᠰᠳᠠᠢ ᠲᠦᠷᠢᠮᠵᠢᠬᠦᠨ ᠪᠠᠶᠢᠬᠤ᠃ ᠬᠠᠷᠢᠴᠠᠯ ᠨᠢ 15% ᠠᠴᠠ ᠳᠤᠤᠷ᠎ᠠ ᠪᠤᠰᠤ ᠪᠠᠶᠢᠬᠤ᠃ ︵2 ᠬᠤᠪᠢ︶     ᠰᠤᠷᠭᠠᠨ ᠬᠦᠮᠤᠵᠢᠯ ᠰᠢᠨᠵᠢᠯᠡᠭᠡ ᠮᠡᠷᠬᠡᠵᠢᠯ ᠤᠨ ᠵᠠᠷᠤᠳᠠᠯ᠂ ᠵᠢᠭᠠᠨ ᠰᠤᠷᠭᠠᠯᠳᠠ ᠶᠢᠨ ᠦᠬᠡᠷᠡᠴᠢᠯᠡᠯᠳᠠ ᠶᠢᠨ ᠵᠠᠷᠤᠳᠠᠯ ᠤᠨ ᠲᠦᠰᠤᠪ ᠲᠠᠢ ᠮᠦᠷᠳᠡᠬᠡᠨ ᠲᠦᠰᠤᠪ ᠶᠤᠰᠤᠭᠠᠷ ᠬᠡᠷᠡᠭᠵᠢᠬᠦᠯᠬᠦ᠃ ︵1 ᠬᠤᠪᠢ︶ ᠰᠤᠷᠭᠠᠭᠤᠯᠢ ᠪᠠ ᠠᠵᠤ ᠠᠬᠤᠶᠢᠯᠠᠯ ᠤᠨ ᠬᠠᠮᠳᠤᠷᠠᠯᠴᠠᠭᠠᠨ ᠤ ᠲᠦᠯᠤᠪᠵᠢᠬᠦᠯᠬᠡ᠂ ᠬᠠᠮᠳᠤᠷᠠᠯᠴᠠᠭᠠᠨ ᠤ ᠳᠤᠰᠬᠠᠢ ᠮᠡᠷᠬᠡᠵᠢᠯ᠂ ᠠᠭᠤᠯᠭ᠎ᠠ᠂ ᠬᠤᠷᠰᠢᠭᠰᠡᠨ ᠠᠵᠤ  ᠠᠬᠤᠶᠢᠯᠠᠯ ᠪᠠ ᠬᠡᠯᠡᠯᠴᠡᠬᠡᠷ ᠵᠡᠷᠬᠡ᠂ ᠠᠵᠤ ᠠᠬᠤᠶᠢᠯᠠᠯ ᠲᠠᠢ ᠬᠠᠮᠳᠤᠷᠠᠨ ᠠᠵᠢᠯᠯᠠᠬᠤ ᠳᠤᠰᠬᠠᠢ ᠮᠡᠷᠬᠡᠵᠢᠯ ᠤᠨ ᠪᠦᠷᠬᠦᠴᠠ 50% ᠠᠴᠠ ᠳᠡᠬᠡᠭᠰᠢ ᠪᠠᠶᠢᠬᠤ᠃  ︵2 ᠬᠤᠪᠢ︶     ᠠᠵᠤ ᠠᠬᠤᠶᠢᠯᠠᠯ ᠲᠠᠢ ᠬᠠᠮᠳᠤᠷᠠᠨ ᠠᠵᠢᠯ ᠤᠨ ᠪᠠᠶᠢᠷᠢ ᠳᠤᠭᠳᠠᠭᠠᠵᠤ ᠳᠠᠳᠤᠯᠭ᠎ᠠ ᠬᠢᠬᠦ ᠬᠡᠯᠡᠯᠴᠡᠬᠡᠷ ᠳᠤᠭᠳᠠᠭᠰᠡᠨ ᠵᠢᠴᠢ ᠳᠤᠬᠢᠷᠠᠭᠤᠯᠤᠭᠰᠡᠨ ᠪᠠᠶᠢᠳᠠᠯ᠂ ᠠᠵᠢᠯ ᠤᠨ ᠪᠠᠶᠢᠷᠢ ᠤᠷᠤᠯᠠᠨ ᠳᠠᠳᠤᠯᠭ᠎ᠠ ᠬᠢᠭᠰᠡᠤᠨ ᠨᠢ ᠠᠵᠢᠯ ᠤᠯᠬᠤ ᠠᠩᠬᠢ ᠶᠢᠨ ᠰᠤᠷᠤᠭᠴᠢ ᠶᠢᠨ 90% ᠠᠴᠠ ᠳᠡᠬᠡᠭᠰᠢ ᠪᠠᠶᠢᠬᠤ᠃ ᠱᠠᠪᠢ ᠤᠷᠤᠬᠤ ᠲᠦᠷᠢᠮ ᠤᠨ ᠪᠠᠶᠢᠭᠤᠯᠤᠯᠳᠠ ᠪᠠ ᠬᠦᠭᠵᠢᠯᠳᠠ ᠶᠢᠨ ᠪᠠᠶᠢᠳᠠᠯ ︵ᠲᠦᠯᠤᠪᠵᠢᠬᠦᠯᠬᠡ ᠪᠠ ᠪᠤᠳᠠᠳᠠᠶᠢᠵᠢᠭᠤᠯᠤᠯᠳᠠ ᠪᠠᠷ ᠴᠠᠭ ᠳᠤᠬᠠᠢ  ᠳᠤ ᠨᠢ ᠮᠡᠳᠡᠬᠦᠯᠬᠦ︶  ︵5 ᠬᠤᠪᠢ︶     ᠬᠦᠬᠡᠬᠤᠳᠠ ᠪᠤᠭᠤᠳᠤ ᠤᠷᠳᠤᠰ ᠤᠨ ᠵᠤᠬᠢᠴᠠᠩᠭᠤᠢ ᠬᠦᠭᠵᠢᠯ ᠨᠢ ᠲᠦᠯᠤᠪᠵᠢᠬᠦᠯᠬᠡ ᠲᠠᠢ᠂ ᠳᠤᠬᠢᠷᠠᠭᠤᠯᠤᠯᠳᠠ ᠲᠠᠢ ᠮᠦᠷᠳᠡᠬᠡᠨ ᠬᠠᠮᠳᠤᠷᠠᠯᠴᠠᠭ᠎ᠠ ᠰᠤᠯᠢᠯᠴᠠᠭ᠎ᠠ ᠦᠷᠨᠢᠬᠦᠯᠦᠭᠰᠡᠨ ᠪᠠᠶᠢᠳᠠᠯ ᠢᠶᠠᠨ ᠴᠠᠭ ᠳᠤᠬᠠᠢ  ᠳᠤ ᠨᠢ ᠮᠡᠳᠡᠬᠦᠯᠤᠨ᠎ᠠ᠃ ᠲᠢᠶᠠᠨᠵᠢᠨ ᠤ ᠠᠵᠢᠯ ᠮᠡᠷᠬᠡᠵᠢᠯ ᠤᠨ ᠰᠤᠷᠭᠠᠭᠤᠯᠢ ᠲᠠᠢ ᠬᠤᠷᠰᠢᠨ ᠬᠠᠷᠢᠯᠴᠠᠭᠰᠡᠨ ᠪᠠᠶᠢᠳᠠᠯ᠃ ︵3 ᠬᠤᠪᠢ︶     ᠤᠨ ᠤ ᠶᠠᠰᠤ ᠴᠢᠨᠠᠷ ᠤᠨ ᠮᠡᠳᠡᠬᠦᠯᠤᠯᠳᠠ ᠶᠢᠨ ᠳᠤᠭ᠎ᠠ ᠪᠠᠷᠢᠮᠳᠠ ᠨᠢ ᠨᠠᠷᠢᠨ ᠪᠤᠳᠠᠳᠠᠢ᠂ ᠴᠢᠨᠠᠷ ᠴᠢᠨᠰᠠᠭ᠎ᠠ ᠨᠢ ᠨᠠᠶᠢᠳᠠᠪᠤᠷᠢᠳᠠᠢ᠂ ᠴᠠᠭ ᠳᠤᠬᠠᠢ ᠳᠤ ᠨᠢ ᠮᠡᠳᠡᠬᠦᠯᠦᠭᠰᠡᠨ ᠪᠠᠶᠢᠬᠤ ︵2 ᠬᠤᠪᠢ︶     ᠵᠢᠭᠠᠨ ᠰᠤᠷᠭᠠᠯᠳᠠ ᠶᠢᠨ ᠤᠨᠤᠰᠢᠯᠠᠯᠳᠠ ᠪᠠ ᠦᠬᠡᠷᠡᠴᠢᠯᠡᠯᠳᠠ ᠲᠦᠷᠢᠮ ᠤᠨ ᠪᠠᠶᠢᠭᠤᠯᠤᠯᠳᠠ ᠶᠢᠨ ᠰᠠᠶᠢᠵᠢᠷᠠᠭᠤᠯᠤᠯᠳᠠ ᠶᠢᠨ ᠲᠦᠯᠤᠪᠵᠢᠬᠦᠯᠬᠡ ︵1 ᠬᠤᠪᠢ︶     ᠡᠳᠤᠷ ᠳᠤᠳᠤᠮ ᠤᠨ ᠠᠵᠢᠯ ᠢ ᠬᠡᠷᠡᠭᠵᠢᠬᠦᠯᠦᠭᠰᠡᠨ ᠪᠠᠶᠢᠳᠠᠯ᠃ ︵2 ᠬᠤᠪᠢ︶     ᠵᠢᠯ ᠤᠨ ᠡᠴᠤᠰ ᠤᠨ ᠦᠨᠡᠯᠡᠨ ᠵᠢᠱᠢᠯᠳᠠ ᠶᠢᠨ ᠨᠠᠷᠢᠨ ᠲᠦᠷᠢᠮ ᠤᠨ ᠪᠠᠷᠢᠮᠵᠢᠶ᠎ᠠ     ᠰᠢᠨ᠎ᠠ ᠶᠢ ᠡᠬᠦᠤᠨᠴᠤ ᠠᠵᠢᠯ ᠤᠯᠭᠤᠭᠰᠡᠨ ᠪᠦᠳᠤᠮᠵᠢ᠃  ︵1 ᠬᠤᠪᠢ︶     ᠵᠢᠯ ᠤᠨ ᠡᠴᠤᠰ ᠤᠨ ᠬᠠᠮᠢᠶᠠᠷᠤᠯᠳᠠ ᠶᠢᠨ ᠦᠷ᠎ᠠ ᠪᠦᠳᠤᠮᠵᠢ ᠶᠢ ᠬᠠᠷᠭᠤᠭᠤᠯᠤᠨ ᠪᠠᠶᠢᠴᠠᠭᠠᠬᠤ᠃ ︵1 ᠬᠤᠪᠢ︶     ᠡᠯ᠎ᠡ ᠳᠤᠰᠬᠠᠢ ᠮᠡᠷᠬᠡᠵᠢᠯ ᠤᠨ ᠰᠤᠷᠤᠭᠴᠢ ᠡᠯᠰᠡᠭᠰᠡᠨ ᠳᠠᠩᠰᠠ ᠪᠦᠷᠢᠨ ᠳᠡᠬᠦᠯᠳᠡᠷ᠂ ᠨᠠᠶᠢᠬᠡᠮ ᠤᠨ ᠮᠡᠳᠡᠷᠡᠴᠠ ᠰᠠᠶᠢᠨ᠃ ︵1 ᠬᠤᠪᠢ︶     ᠳᠠᠭᠤᠷᠢᠶᠠᠯ ᠦᠵᠡᠬᠦᠯᠬᠦ ᠳᠤᠰᠬᠠᠢ ᠮᠡᠷᠬᠡᠵᠢᠯ ᠨᠢ ᠳᠠᠭᠤᠷᠢᠶᠠᠯ ᠦᠵᠡᠬᠦᠯᠤᠨ ᠳᠠᠶᠢᠴᠢᠯᠠᠬᠤ ᠤᠶᠢᠯᠡᠳᠤᠯ ᠭᠠᠷᠭᠠᠬᠤ᠃ ᠳᠤᠰᠬᠠᠢ ᠮᠡᠷᠬᠡᠵᠢᠯ ᠤᠨ ᠵᠢᠭᠠᠨ ᠰᠤᠷᠭᠠᠬᠤ ᠵᠢᠯ ᠤᠨ ᠶᠡᠷᠤᠩᠬᠡᠢ ᠬᠢᠴᠢᠶᠡᠯ ᠤᠨ ᠴᠠᠭ ᠤᠨ ᠳᠤᠭ᠎ᠠ ᠶᠢᠨ ᠳᠤᠬᠢᠷᠠᠭᠤᠯᠭ᠎ᠠ 70% ᠠᠴᠠ ᠪᠠᠭ᠎ᠠ ᠪᠤᠰᠤ ᠪᠠᠶᠢᠬᠤ᠃ ︵2 ᠬᠤᠪᠢ︶     ᠬᠢᠴᠢᠶᠡᠯᠯᠡᠭᠡ ᠶᠢᠨ ᠪᠠᠶᠢᠭᠤᠯᠤᠯᠳᠠ ᠶᠢᠨ ᠲᠦᠷᠤᠯ ᠵᠦᠢᠯ ᠢ ᠪᠡᠶᠡᠯᠡᠬᠦᠯᠦᠭᠰᠡᠨ ᠨᠠᠷᠢᠨ ᠪᠠᠶᠢᠳᠠᠯ ︵ᠶᠠᠪᠤᠴᠠ ᠶᠢᠨ ᠴᠢᠨᠠᠷᠳᠠᠢ ᠮᠠᠲ᠋ᠧᠷᠢᠶᠡᠯ ᠳᠠᠭᠠᠯᠳᠤᠭᠤᠯᠬᠤ︶ ︵1 ᠬᠤᠪᠢ︶     ᠨᠡᠬᠡᠬᠡᠭᠰᠡᠨ ᠵᠢᠭᠠᠬᠤ ᠮᠠᠲ᠋ᠧᠷᠢᠶᠡᠯ ᠨᠢ ᠵᠢᠭᠠᠨ ᠰᠤᠷᠭᠠᠯᠳᠠ ᠶᠢᠨ ᠱᠠᠭᠠᠷᠳᠠᠯᠭ᠎ᠠ ᠪᠠ ᠰᠤᠷᠤᠭᠴᠢ ᠶᠢᠨ ᠬᠦᠭᠵᠢᠯᠳᠠ ᠶᠢᠨ ᠪᠤᠳᠠᠳᠠᠢ ᠲᠠᠢ ᠨᠠᠶᠢᠴᠡᠬᠦ ︵2 ᠬᠤᠪᠢ︶     ᠰᠤᠷᠭᠠᠭᠤᠯᠢ ᠶᠢᠨ ᠳᠤᠳᠤᠷ᠎ᠠ ᠭᠠᠳᠠᠨᠠᠬᠢ ᠤᠶᠢᠯᠡᠳᠤᠯᠬᠡ ᠶᠢᠨ ᠵᠢᠭᠠᠨ ᠰᠤᠷᠭᠠᠯᠳᠠ ᠶᠢᠨ ᠰᠠᠭᠤᠷᠢᠨ ᠭᠠᠵᠠᠷ ᠨᠢ ᠳᠤᠰᠬᠠᠢ ᠮᠡᠷᠬᠡᠵᠢᠯ ᠤᠨ ᠵᠢᠭᠠᠨ ᠰᠤᠷᠭᠠᠯᠳᠠ ᠶᠢᠨ ᠬᠡᠷᠡᠭᠴᠡᠭᠡ ᠶᠢ ᠬᠠᠩᠭᠠᠵᠤ ᠴᠢᠳᠠᠬᠤ ︵ᠳᠤᠭ᠎ᠠ ᠮᠠᠭᠠᠤᠨ᠂ ᠪᠠᠷᠢᠯᠭ᠎ᠠ ᠶᠢᠨ ᠳᠠᠯᠠᠪᠠᠢ᠂ ᠰᠤᠷᠤᠭᠴᠢ ᠪᠦᠷᠢ ᠳᠤ ᠨᠤᠭᠳᠠᠬᠤ ᠵᠢᠭᠠᠨ ᠰᠤᠷᠭᠠᠯᠳᠠ ᠶᠢᠨ ᠳᠤᠨᠤᠭ ᠲᠦᠬᠦᠬᠡᠷᠤᠮᠵᠢ ᠶᠢᠨ ᠬᠡᠮᠵᠢᠶ᠎ᠡ ᠵᠡᠷᠬᠡ ᠳᠡᠮᠳᠡᠭᠯᠡᠯ ᠲᠠᠢ ᠪᠠᠶᠢᠬᠤ︶︔ ᠤᠯᠤᠰ ᠤᠨ ᠳᠤᠬᠢᠷᠠᠭᠤᠯᠤᠯᠳᠠ ᠱᠠᠭᠠᠷᠳᠠᠯᠭ᠎ᠠ ᠠᠴᠠ ᠳᠤᠤᠷ᠎ᠠ ᠦᠬᠡᠢ ᠪᠠᠶᠢᠬᠤ ︵2 ᠬᠤᠪᠢ︶     ᠡᠯ᠎ᠡ ᠲᠦᠷᠤᠯ ᠵᠦᠢᠯ ᠤᠨ ᠪᠡᠯᠡ ᠮᠦᠩᠬᠦ ᠶᠢ ᠳᠤᠭᠳᠠᠭᠠᠯ ᠶᠤᠰᠤᠭᠠᠷ ᠬᠡᠷᠡᠭᠯᠡᠭᠰᠡᠨ ᠮᠦᠷᠳᠡᠬᠡᠨ ᠵᠢᠯ ᠤᠨ ᠡᠴᠤᠰ ᠤᠨ ᠬᠢᠨᠠᠨ ᠪᠤᠳᠤᠯᠳᠠ ᠶᠢᠨ ᠮᠡᠳᠡᠬᠦᠯᠤᠯᠳᠠ ᠲᠠᠢ ᠪᠠᠶᠢᠬᠤ᠃ ︵2 ᠬᠤᠪᠢ︶     ᠤᠶᠤᠨᠴᠢ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠳᠠ ᠶᠢᠨ ᠪᠠᠶᠢᠳᠠᠯ᠂ ᠳᠤᠭᠠᠴᠠᠯᠠᠭᠰᠡᠨ ᠤᠷᠴᠢᠨ᠂ ᠳᠠᠯᠠᠪᠤᠷ ᠤᠨ ᠪᠦᠷᠬᠦᠴᠠ ᠶᠢᠨ ᠨᠤᠷᠮ᠎ᠠ᠂ ᠳᠤᠭᠠᠴᠠᠯᠠᠭᠰᠡᠨ ᠵᠢᠭᠠᠨ ᠰᠤᠷᠭᠠᠯᠳᠠ ᠶᠢᠨ ᠡᠬᠢ ᠪᠠᠶᠠᠯᠢᠭ ᠤᠨ ᠳᠤᠰᠬᠠᠢ ᠮᠡᠷᠬᠡᠵᠢᠯ ᠤᠨ ᠪᠦᠷᠬᠦᠴᠠ ᠶᠢᠨ ᠨᠤᠷᠮ᠎ᠠ᠃ ︵2 ᠬᠤᠪᠢ︶     ᠳᠤᠰᠬᠠᠢ ᠮᠡᠷᠬᠡᠵᠢᠯ ᠤᠨ ᠵᠢᠭᠠᠨ ᠰᠤᠷᠭᠠᠯᠳᠠ ᠶᠢᠨ ᠡᠬᠢ ᠪᠠᠶᠠᠯᠢᠭ ᠤᠨ ᠬᠦᠮᠤᠷᠬᠡ ᠶᠢᠨ ᠵᠡᠷᠬᠡ ᠳᠡᠰ᠂ ᠬᠡᠯᠪᠡᠷᠢ ᠮᠠᠶ᠋ᠢᠭ᠂ ᠳᠤᠭ᠎ᠠ ᠮᠠᠭᠠᠤᠨ᠃ ︵2 ᠬᠤᠪᠢ︶     ᠠᠵᠤ ᠠᠬᠤᠶᠢᠯᠠᠯ ᠲᠠᠢ ᠬᠤᠷᠰᠢᠭᠰᠡᠨ ᠳᠤᠰ ᠵᠢᠯ ᠤᠨ ᠳᠤᠰᠬᠠᠢ ᠮᠡᠷᠬᠡᠵᠢᠯ 2 ᠠᠴᠠ ᠴᠦᠬᠡᠨ ᠪᠤᠰᠤ ᠪᠠᠶᠢᠬᠤ ᠮᠦᠷᠳᠡᠬᠡᠨ ᠠᠵᠢᠯ ᠤᠯᠬᠤ ᠬᠠᠨᠳᠤᠰᠢ ᠶᠢ ᠪᠦᠷᠢᠯᠳᠤᠬᠦᠯᠵᠤ ᠠᠯᠬᠤᠮ ᠠᠯᠬᠤᠮ ᠢᠶᠠᠷ ᠬᠡᠷᠡᠭᠵᠢᠬᠦᠯᠦᠭᠰᠡᠨ ᠪᠠᠶᠢᠬᠤ᠃ ︵4 ᠬᠤᠪᠢ︶     ᠠᠵᠤ ᠠᠬᠤᠶᠢᠯᠠᠯ ᠳᠤ ᠳᠤᠰᠢᠶᠠᠯ ᠬᠠᠪᠰᠤᠷᠭᠠᠭᠰᠡᠨ ᠪᠠᠭᠰᠢ ᠬᠦᠷᠬᠡᠬᠦ ᠪᠠ ᠠᠵᠤ ᠠᠬᠤᠶᠢᠯᠠᠯ ᠤᠨ ᠤᠶᠢᠯᠡᠳᠤᠯᠬᠡ  ᠳᠤ ᠤᠷᠤᠯᠴᠠᠭᠰᠡᠨ ᠪᠠᠭᠰᠢ ᠶᠢᠨ ᠳᠤᠭ᠎ᠠ ᠳᠤᠰᠬᠠᠢ ᠮᠡᠷᠬᠡᠵᠢᠯ ᠤᠨ ᠪᠠᠭᠰᠢ ᠶᠢᠨ ᠶᠡᠷᠤᠩᠬᠡᠢ ᠳᠤᠭᠠᠨ ᠤ 10%  ᠠᠴᠠ ᠳᠤᠤᠷ᠎ᠠ ᠪᠤᠰᠤ᠂ ᠱᠠᠪᠢ ᠤᠷᠤᠬᠤ ᠲᠦᠷᠢᠮ ᠤᠨ ᠦᠷ᠎ᠡ ᠪᠦᠳᠤᠬᠡᠯ ︵3 ᠬᠤᠪᠢ︶     ᠵᠢᠯ ᠤᠨ ᠦᠪᠡᠷ ᠤᠨ ᠤᠨᠤᠰᠢᠯᠠᠯᠳᠠ ᠵᠠᠰᠠᠯᠳᠠ ᠶᠢᠨ ᠮᠡᠳᠡᠬᠦᠯᠤᠯᠳᠠ ᠨᠠᠷᠢᠨ ᠪᠤᠳᠠᠳᠠᠢ᠂ ᠠᠷᠭ᠎ᠠ ᠠᠪᠴᠠᠯ ᠤᠨᠤᠪᠴᠢᠳᠠᠢ᠂ ᠳ᠋ᠦᠩᠨᠡᠯᠳᠠ ᠳᠡᠬᠦᠯᠳᠡᠷ᠂ ᠵᠦᠢ ᠵᠤᠬᠢᠰᠳᠠᠢ᠂ ᠴᠠᠭ ᠳᠤᠬᠠᠢ ᠳᠤ ᠨᠢ ᠮᠡᠳᠡᠬᠦᠯᠤᠨ ᠬᠦᠷᠬᠡᠭᠰᠡᠨ ᠪᠠᠶᠢᠬᠤ᠃ ︵1 ᠬᠤᠪᠢ︶     ᠰᠤᠷᠭᠠᠭᠤᠯᠢ ᠵᠢᠯ ᠲᠤ ᠦᠪᠡᠷ ᠤᠨ ᠬᠢᠨᠠᠨ ᠵᠢᠯᠤᠭᠤᠳᠤᠭ᠎ᠠ᠂ ᠳ᠋ᠦᠩᠨᠠᠯᠳᠠ ᠲᠠᠢ ᠮᠦᠷᠳᠡᠬᠡᠨ ᠤᠷᠤᠰᠢᠵᠤ ᠪᠠᠶᠢᠬᠤ ᠠᠰᠠᠭᠤᠳᠠᠯ ᠪᠠ ᠰᠢᠢᠤᠨᠪᠤᠷᠢᠯᠡᠬᠦ ᠠᠷᠭ᠎ᠠ ᠲᠠᠢ ᠪᠠᠶᠢᠬᠤ᠃ ︵2 ᠬᠤᠪᠢ︶     ︽ᠤᠯᠤᠰ ᠤᠨ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠦᠬᠡᠷᠡᠴᠢᠯᠡᠯᠳᠠ ᠶᠢᠨ ᠬᠡᠷᠡᠭᠵᠢᠬᠦᠯᠬᠦ ᠲᠦᠰᠤᠯ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠶᠢᠯᠡᠤᠨᠪᠤᠷᠢᠯᠡᠯ ᠵᠢᠭᠠᠨ ᠰᠤᠷᠭᠠᠯᠳᠠ ᠶᠢᠨ ᠠᠭᠤᠰᠤᠯᠴᠠᠯ ᠢ ᠬᠦᠨᠵᠡᠬᠡᠶᠢᠷᠡᠬᠦᠯᠬᠦ ᠬᠡᠷᠡᠭᠵᠢᠬᠦᠯᠬᠦ ᠰᠠᠨᠠᠯ︾ ︵ᠦᠪᠤᠷ ᠵᠠᠰᠠᠭ ᠠᠯᠪᠠᠨ ᠳᠠᠷᠬᠠᠭᠠᠭᠰᠡᠨ ﹇2018﹈ 77 ᠳᠤᠭᠠᠳᠤ︶ ᠶᠢ ᠪᠤᠳᠠᠳᠠᠶᠢᠵᠢᠭᠤᠯᠤᠭᠰᠡᠨ ᠪᠠᠶᠢᠳᠠᠯ᠃ ︵2 ᠬᠤᠪᠢ︶
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠢ ᠬᠢᠨᠠᠨ ᠵᠢᠯᠤᠭᠤᠳᠬᠤ ᠵᠥᠪᠯᠡᠯ ᠤᠨ ᠠᠯᠪᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号