︽ᠣᠳᠤᠭ ᠤᠨ ᠡᠮᠦᠨᠡᠳᠦ ᠬᠤᠰᠢᠭᠤᠨ ᠤ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠢ ᠦᠷᠭᠦᠯᠵᠢᠯᠡᠨ | ᠲᠡᠳᠬᠦᠬᠦ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ | ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | ︽ᠣᠳᠤᠭ ᠤᠨ ᠡᠮᠦᠨᠡᠳᠦ ᠬᠤᠰᠢᠭᠤᠨ ᠤ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠢ ᠦᠷᠭᠦᠯᠵᠢᠯᠡᠨ | ᠲᠡᠳᠬᠦᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ ᠨᠢᠭᠡᠳᠦᠭᠡᠷ ᠣᠳᠠᠭᠠᠨ | ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠳᠤᠭᠠᠢ᠃ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 2 ᠰᠠᠷ᠎ᠠ ᠶᠢᠨ 25 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠨᠡᠭᠦᠯᠭᠡᠨ ᠰᠢᠯᠵᠢᠭᠦᠯᠦᠭᠰᠡᠨ ᠮᠠᠯᠴᠢᠨ | ᠲᠠᠷᠢᠶᠠᠴᠢᠨ ᠢ ᠦᠷᠭᠦᠯᠵᠢᠯᠡᠨ ᠲᠡᠳᠬᠦᠬᠦ ᠲᠦᠰᠦᠯ | | | ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠬᠤᠶᠢᠰᠢᠳᠠ ᠶᠢᠨ ᠬᠠᠮᠢᠶᠠᠷᠣᠯᠳᠠ ᠶᠢᠨ ᠠᠵᠢᠯ ᠢ ᠣᠯᠠᠮ | ᠨᠢᠭᠡ ᠠᠯᠬᠤᠮ ᠰᠠᠶᠢᠳᠦᠷ ᠬᠢᠵᠣ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠠᠪᠴᠠᠯ ᠢ | ᠲᠦᠷᠢᠮᠵᠢᠭᠦᠯᠦᠨ᠂ ᠣᠷᠣᠰᠢᠵᠣ ᠪᠠᠶᠢᠭ᠎ᠠ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠣ᠂ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠬᠠᠣᠯᠢ ᠶᠣᠰᠣᠨ ᠤ ᠡᠷᠬᠡ ᠠᠰᠢᠭ ᠢ ᠬᠠᠣᠯᠢ ᠶᠣᠰᠣᠭᠠᠷ ᠬᠠᠮᠠᠭᠠᠯᠠᠨ᠂ | ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠠᠮᠢᠳᠣᠷᠠᠯ ᠤᠨ ᠶᠠᠰᠦ ᠴᠢᠨᠠᠷ ᠢ ᠦᠨᠡᠨ ᠬᠦ ᠲᠡᠭᠡᠭᠰᠢᠯᠡᠭᠦᠯᠬᠦ | ᠶᠢᠨ ᠲᠣᠰᠠᠳᠠ ᠮᠠᠨ ᠤ ᠬᠤᠰᠢᠭᠤᠨ ᠤ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠪᠣᠳᠠᠳᠦ ᠪᠠᠶᠢᠳᠠᠯ ᠲᠠᠢ | ᠣᠶᠠᠯᠳᠣᠭᠤᠯᠣᠨ᠂ ᠲᠣᠰ ᠲᠦᠰᠦᠯ ᠢ ᠲᠣᠭᠳᠠᠭᠠᠪᠠ᠃ | ᠨᠢᠭᠡ᠂ ᠵᠢᠯᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ | ᠨᠠᠶᠢᠳᠠᠪᠦᠷᠢᠵᠢᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ | ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠦᠮᠦᠨ ᠢᠶᠠᠷ ᠦᠨᠳᠦᠰᠦ ᠪᠣᠯᠭᠠᠬᠤ ᠶᠢ | ᠪᠠᠷᠢᠮᠳᠠᠯᠠᠵᠣ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠬᠤᠶᠢᠰᠢᠳᠠ ᠶᠢᠨ ᠬᠠᠮᠢᠶᠠᠷᠣᠯᠳᠠ ᠶᠢ | ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠨ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠣᠶᠢᠯᠠᠳᠪᠦᠷᠢᠯᠡᠯ ᠠᠮᠢᠳᠣᠷᠠᠯ ᠤᠨ ᠨᠦᠭᠦᠴᠡᠯ ᠢ ᠰᠠᠶᠢᠵᠢᠷᠠᠭᠤᠯᠬᠤ ᠪᠠ | ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠳᠠ ᠪᠠᠨ ᠪᠣᠯᠭᠠᠵᠣ᠂ ᠣᠶᠢᠯᠠᠰ ᠪᠣᠰᠬᠠᠨ ᠠᠵᠢᠯ ᠣᠯᠬᠤ ᠡᠬᠢ ᠰᠣᠷᠪᠣᠯᠵᠢ | ᠪᠣᠯᠣᠨ ᠮᠠᠯ ᠲᠠᠷᠢᠶᠠᠯᠠᠩ ᠢ ᠲᠣᠰᠠᠯᠠᠬᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠨᠢᠭᠡᠳᠦᠯᠳᠡᠢ ᠠᠰᠢᠭᠯᠠᠨ᠂ | ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠦᠪᠡᠷ ᠢ ᠪᠠᠨ ᠲᠦᠰᠢᠭᠯᠡᠨ᠂ ᠠᠵᠢᠯᠴᠢ ᠬᠦᠳᠡᠯᠮᠦᠷᠢᠴᠢ ᠪᠠᠷ | ᠴᠢᠨᠡᠭᠡᠯᠢᠭᠵᠢᠬᠦ ᠣᠶᠢᠯᠠᠰ ᠪᠣᠰᠬᠠᠨ ᠠᠵᠢᠯ ᠣᠯᠬᠤ ᠦᠵᠡᠯᠳᠡ ᠲᠠᠨᠢᠯᠳᠠ ᠶᠢ ᠲᠠᠶᠢᠴᠢᠯᠠᠨ ᠵᠢᠯᠣᠭᠤᠣᠴᠦ᠂ ᠣᠶᠢᠯᠠᠰ | ᠪᠣᠰᠬᠠᠨ ᠠᠵᠢᠯ ᠣᠯᠬᠤ ᠵᠠᠮ ᠮᠦᠷ ᠢ ᠨᠢ ᠦᠷᠭᠡᠳᠬᠡᠨ᠂ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠣ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠣᠷᠣᠨ ᠰᠠᠭᠤᠴᠠ ᠨᠢ | ᠰᠠᠶᠢᠵᠢᠷᠠᠭᠤᠯᠣᠯᠳᠠ ᠲᠠᠢ᠂ ᠠᠵᠢᠯᠯᠠᠬᠤ ᠠᠵᠢᠯ ᠤᠨ ᠪᠠᠶᠢᠷᠢ ᠲᠠᠢ᠂ ᠴᠢᠨᠡᠭᠡᠯᠢᠭᠵᠢᠯ ᠤᠨ ᠵᠠᠮ ᠲᠠᠢ᠂ ᠠᠵᠣ | ᠠᠮᠢᠳᠣᠷᠠᠯ ᠲᠣᠭᠳᠠᠪᠦᠷᠢᠳᠠᠢ ᠪᠠᠶᠢᠬᠤ ᠶᠢ ᠪᠠᠳᠣᠯᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠬᠤ ᠵᠠᠷᠴᠢᠮ ᠢ ᠪᠠᠷᠢᠮᠳᠠᠯᠠᠨ᠎ᠠ᠃ ᠵᠠᠰᠠᠭ ᠤᠨ ᠣᠷᠳᠣᠨ ᠤ | ᠡᠬᠢ ᠪᠠᠶᠠᠯᠢᠭ ᠤᠨ ᠲᠣᠬᠢᠷᠠᠭᠤᠯᠣᠯᠳᠠ᠂ ᠵᠣᠬᠢᠶᠠᠨ ᠪᠠᠶᠢᠭᠤᠯᠬᠤ ᠲᠣᠬᠢᠷᠠᠭᠤᠯᠣᠯᠳᠠ ᠵᠡᠷᠭᠡ ᠲᠠᠯ᠎ᠠ ᠶᠢᠨ ᠪᠠᠷ ᠬᠢ | ᠭᠤᠣᠯᠯᠠᠬᠤ ᠣᠶᠢᠯᠠᠳᠣᠯ ᠢ ᠭᠦᠢᠴᠡᠳ ᠪᠠᠳᠠᠷᠠᠭᠤᠯᠣᠨ᠂ ᠪᠡᠯᠡ ᠣᠷᠣᠭᠤᠯᠣᠯᠳᠠ ᠪᠠᠨ ᠨᠡᠮᠡᠭᠳᠡᠭᠦᠯᠵᠣ᠂ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠣᠷᠳᠦ ᠣᠳᠠᠭᠠᠨ ᠬᠤᠭᠤᠴᠠᠭᠠᠨ ᠤ ᠠᠵᠣ ᠠᠮᠢᠳᠣᠷᠠᠯ ᠤᠨ ᠠᠰᠠᠭᠤᠳᠠᠯ ᠢ | ᠨᠢᠭᠡᠳᠦᠯᠳᠡᠢ ᠰᠢᠢᠳᠪᠦᠷᠢᠯᠡᠨ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ︽ᠰᠢᠯᠵᠢᠵᠣ ᠭᠠᠷᠬᠤ᠂ | ᠲᠣᠭᠳᠠᠪᠦᠷᠢᠳᠠᠢ ᠪᠠᠶᠢᠬᠤ᠂ ᠴᠢᠨᠡᠭᠡᠯᠢᠭᠵᠢᠵᠣ ᠲᠡᠶᠢᠯᠬᠦ︾ ᠶᠢ ᠪᠡᠶᠡᠯᠡᠭᠦᠯᠦᠨ᠎ᠡ᠃ | ︵ᠬᠤᠶᠠᠷ︶ ᠨᠢᠭᠡᠳᠦᠯᠳᠡᠢ ᠵᠣᠬᠢᠴᠠᠩᠭᠤᠢ ᠵᠠᠷᠴᠢᠮ ᠢ ᠪᠠᠷᠢᠮᠳᠠᠯᠠᠨ᠎ᠠ᠃ ᠬᠤᠳᠠ ᠪᠠᠷ ᠬᠦᠳᠡᠭᠡ ᠲᠣᠰᠬᠤᠨ ᠢ | ᠲᠠᠶᠢᠴᠢᠯᠠᠬᠤ᠂ ᠠᠵᠣ ᠣᠶᠢᠯᠠᠳᠪᠦᠷᠢ ᠪᠠᠷ ᠮᠠᠯ ᠲᠠᠷᠢᠶᠠᠯᠠᠩ ᠢ ᠲᠡᠳᠬᠦᠬᠦ᠂ ᠬᠠᠷᠢᠯᠴᠠᠨ ᠠᠬᠢᠭᠤᠯᠬᠤ ᠬᠦᠭᠵᠢᠯᠳᠠ ᠶᠢ | ᠲᠣᠪᠣᠶᠢᠯᠭᠠᠨ᠂ ᠬᠤᠳᠠ ᠬᠦᠳᠡᠭᠡ ᠶᠢᠨ ᠨᠢᠭᠡᠳᠦᠯᠳᠡᠢ ᠵᠣᠬᠢᠴᠠᠩᠭᠤᠢ ᠬᠦᠭᠵᠢᠯᠳᠡ ᠶᠢ ᠠᠬᠢᠭᠤᠯᠵᠣ᠂ ᠨᠡᠭᠦᠨ | ᠭᠠᠷᠣᠭᠰᠠᠨ ᠣᠷᠣᠨ ᠤ ᠠᠮᠢ ᠠᠬᠤᠢ ᠪᠣᠯᠣᠨ ᠮᠠᠯᠴᠢᠨ ᠲᠠᠷᠢᠶᠠᠴᠢᠨ ᠤ ᠣᠷᠣᠰᠢᠨ ᠠᠮᠢᠳᠣᠷᠠᠬᠤ ᠬᠦᠭᠵᠢᠯᠳᠡ ᠶᠢᠨ | ᠣᠷᠴᠢᠨ ᠢ ᠪᠦᠳᠦᠮᠵᠢᠳᠡᠢ ᠰᠠᠶᠢᠵᠢᠷᠠᠭᠤᠯᠣᠨ᠂ ᠠᠮᠢ ᠠᠬᠤᠢ ᠶᠢᠨ ᠬᠠᠮᠠᠭᠠᠯᠠᠯᠳᠠ ᠪᠣᠯᠣᠨ ᠮᠠᠯᠴᠢᠨ ᠲᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠤᠨ ᠬᠤᠣᠰ ᠠᠰᠢᠭ ᠪᠠᠨ ᠲᠣᠭᠳᠠᠯᠴᠠᠭ᠎ᠠ ᠶᠢ ᠪᠠᠶᠢᠭᠤᠯᠣᠨ᠎ᠠ᠃ | ︵ᠭᠤᠷᠪᠠ︶ ᠦᠭᠡᠷᠡᠴᠢᠯᠡᠯᠳᠡ ᠰᠢᠨᠡᠴᠢᠯᠡᠯᠳᠡ ᠶᠢᠨ ᠵᠠᠷᠴᠢᠮ ᠢ ᠪᠠᠷᠢᠮᠳᠠᠯᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠶᠡᠷᠦᠩᠬᠡᠶᠢᠯᠡᠨ ᠦᠭᠡᠷᠡᠴᠢᠯᠡᠯᠳᠡ ᠶᠢ ᠢᠳᠡᠪᠬᠢᠳᠡᠢ ᠭᠦᠨᠵᠡᠭᠡᠶᠢᠷᠡᠭᠦᠯᠵᠣ᠂ ᠬᠦᠭᠵᠢᠯᠳᠡ ᠶᠢᠨ ᠦᠵᠡᠯᠳᠡ | ᠪᠠᠨ ᠰᠢᠨᠡᠴᠢᠯᠡᠨ᠂ ᠠᠵᠢᠯ ᠣᠯᠬᠤ ᠠᠷᠭ᠎ᠠ ᠵᠠᠮ ᠢ ᠦᠷᠭᠡᠳᠬᠡᠵᠣ᠂ ᠰᠠᠯᠠᠭ᠎ᠠ ᠮᠦᠴᠢᠷ ᠤᠨ ᠬᠠᠮᠳᠣᠷᠠᠯᠴᠠᠭ᠎ᠠ᠂ | ᠶᠡᠷᠦᠩᠬᠡᠶᠢᠯᠡᠭᠰᠡᠨ ᠠᠷᠭ᠎ᠠ ᠪᠠᠷᠢᠯ ᠤᠨ ᠬᠡᠷᠡᠭᠵᠢᠭᠦᠯᠦᠯᠳᠡ ᠶᠢ ᠴᠢᠩᠭᠠᠳᠬᠠᠬᠤ ᠪᠠᠷ ᠲᠠᠮᠵᠢᠭᠤᠯᠣᠨ᠂ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠣᠶᠢᠯᠠᠰ ᠪᠣᠰᠠᠬᠨ ᠠᠵᠢᠯ ᠣᠯᠬᠤ ᠶᠢ ᠵᠢᠯᠣᠭᠤᠳᠣᠨ ᠵᠣᠷᠢᠭᠵᠢᠭᠤᠯᠵᠣ᠂ | ᠣᠷᠣᠯᠭ᠎ᠠ ᠶᠢ ᠪᠦᠳᠦᠮᠵᠢᠳᠡᠢ ᠨᠡᠮᠡᠭᠳᠡᠭᠦᠯᠦᠨ᠂ ᠠᠮᠢᠳᠣᠷᠠᠯ ᠤᠨ ᠶᠠᠰᠦ ᠴᠢᠨᠠᠷ ᠪᠣᠯᠣᠨ ᠵᠣᠯ ᠵᠢᠷᠭᠠᠯ ᠤᠨ ᠬᠠᠨᠣᠮᠵᠢ ᠶᠢ | ᠲᠡᠭᠡᠭᠰᠢᠯᠡᠭᠦᠯᠦᠨ᠎ᠡ᠃ | ︵ᠲᠦᠷᠪᠡ︶ ᠬᠦᠭᠵᠢᠯᠳᠡ ᠶᠢ ᠬᠠᠮᠳᠦ ᠪᠠᠷ ᠡᠳ᠋ᠯᠡᠬᠦ ᠵᠠᠷᠴᠢᠮ ᠢ ᠪᠠᠷᠢᠮᠳᠠᠯᠠᠨ᠎ᠠ᠃ ᠨᠡᠭᠦᠯᠭᠡᠨ ᠰᠢᠯᠵᠢᠭᠦᠯᠦᠭᠰᠡᠨ | ᠮᠠᠯᠴᠢᠨ ᠲᠠᠷᠢᠶᠠᠴᠢᠨ ᠳᠤ ᠬᠤᠳᠠ ᠶᠢᠨ ᠠᠷᠠᠳ ᠢᠶᠠᠷ ᠬᠠᠨᠳᠣᠬᠤ ᠱᠠᠭᠠᠷᠳᠠᠯᠭ᠎ᠠ ᠶᠣᠰᠣᠭᠠᠷ᠂ ᠣᠳᠣᠬᠢ ᠨᠡᠶᠢᠭᠡᠮ ᠤᠨ | ᠪᠠᠳᠣᠯᠠᠭ᠎ᠠ ᠶᠢᠨ ᠲᠦᠷᠦ ᠶᠢᠨ ᠪᠣᠳᠣᠯᠭ᠎ᠠ ᠪᠠᠷ ᠬᠦᠷᠦᠯᠴᠡᠭᠦᠶᠢᠴᠡ ᠠᠮᠢᠳᠣᠷᠠᠯ ᠤᠨ ᠱᠠᠭᠠᠷᠳᠠᠯᠭ᠎ᠠ ᠶᠢ ᠪᠠᠳᠣᠯᠠᠵᠣ᠂ | ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠢ ᠨᠡᠶᠢᠭᠡᠮ ᠤᠨ ᠪᠠᠳᠣᠯᠠᠭ᠎ᠠ ᠶᠢᠨ ᠬᠦᠷᠢᠶ᠎ᠡ ᠬᠡᠪᠴᠢᠶᠡᠨ ᠳᠤ | ᠣᠷᠣᠭᠤᠯᠣᠨ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠠᠵᠢᠯ ᠣᠯᠬᠤ᠂ ᠨᠠᠰᠣᠵᠢᠯ ᠵᠡᠷᠭᠡ ᠲᠠᠯ᠎ᠠ ᠶᠢᠨ | ᠬᠦᠴᠢᠷᠳᠡᠯ ᠤᠨ ᠠᠰᠠᠭᠤᠳᠠᠯ ᠢ ᠰᠠᠶᠢᠳᠣᠷ ᠰᠢᠢᠳᠪᠦᠷᠢᠯᠡᠵᠣ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠳᠤ | ᠠᠮᠢᠳᠣᠷᠠᠯ ᠤᠨ ᠲᠣᠭᠳᠠᠪᠦᠷᠢᠳᠠᠢ ᠪᠠᠳᠣᠯᠠᠭ᠎ᠠ ᠬᠠᠩᠭᠠᠨ᠎ᠠ᠃ | ᠭᠤᠷᠪᠠ᠂ ᠲᠡᠳᠬᠦᠬᠦ ᠡᠳᠡᠭᠡᠳ ᠵᠢᠴᠢ ᠬᠤᠭᠤᠴᠠᠭ᠎ᠠ | ᠲᠣᠰ ᠲᠦᠰᠦᠯ ᠳᠠᠬᠢ ᠲᠡᠳᠬᠦᠬᠦ ᠡᠳᠡᠭᠡᠳ ᠭᠡᠳᠡᠭ ᠨᠢ ᠬᠤᠳᠠ ᠬᠦᠳᠡᠭᠡ ᠶᠢᠨ ᠨᠢᠭᠡᠳᠦᠯᠳᠡᠢ | ᠲᠦᠯᠦᠪᠵᠢᠭᠦᠯᠦᠯᠳᠡ ᠪᠠᠷ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠪᠠ ᠬᠤᠳᠠ ᠬᠦᠳᠡᠭᠡ ᠶᠢᠨ | ᠨᠢᠭᠡᠳᠦᠯᠳᠡᠢ ᠲᠦᠯᠦᠪᠵᠢᠭᠦᠯᠦᠯᠳᠡ ᠶᠢᠨ ᠲᠦᠷᠦ ᠶᠢᠨ ᠪᠣᠳᠣᠯᠭ᠎ᠠ ᠶᠢ ᠯᠠᠪᠯᠠᠯᠳᠠ ᠪᠣᠯᠭᠠᠨ ᠬᠡᠷᠡᠭᠵᠢᠭᠦᠯᠵᠣ ᠪᠦᠬᠦᠢ | ᠮᠠᠯᠴᠢᠨ ᠲᠠᠷᠢᠶᠠᠴᠢᠨ ᠢ ᠵᠢᠭᠠᠵᠣ᠂ 2016 ᠣᠨ ᠤ 12 ᠰᠠᠷ᠎ᠠ ᠶᠢᠨ 31 ᠤ ᠡᠳᠦᠷ ᠤᠨ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠲᠤᠭ᠎ᠠ ᠪᠠᠷᠢᠮᠳᠠ ᠶᠢᠨ ᠬᠦᠮᠦᠷᠭᠡ ᠳᠠᠬᠢ ᠬᠦᠮᠦᠨ ᠤ ᠲᠤᠭ᠎ᠠ ᠪᠠᠷ ᠰᠠᠭᠤᠷᠢ | ᠪᠠᠷᠢᠮᠵᠢᠶ᠎ᠠ ᠲᠤᠭ᠎ᠠ ᠪᠣᠯᠭᠠᠨ ᠬᠠᠰᠣᠭᠳᠠᠭᠤᠯᠬᠤ ᠠᠴᠠ ᠨᠡᠮᠡᠭᠳᠡᠭᠦᠯᠬᠦ ᠦᠭᠡᠢ᠃ | ᠨᠠᠰᠣᠵᠢᠯ ᠤᠨ ᠲᠠᠭᠠᠳᠬᠠᠯ ᠢᠶᠠᠷ ᠲᠡᠳᠬᠦᠬᠦ ᠠᠴᠠ ᠭᠠᠳᠠᠨᠠᠬᠢ ᠪᠣᠰᠣᠳ ᠲᠦᠷᠦ ᠶᠢᠨ ᠪᠣᠳᠣᠯᠭ᠎ᠠ ᠶᠢ 2019᠂ | 2020 ᠣᠨ ᠳᠤ ᠬᠡᠷᠡᠭᠵᠢᠭᠦᠯᠬᠦ ᠶᠢᠨ ᠬᠠᠮᠳᠦ ᠲᠡᠭᠡᠳᠦ ᠱᠠᠳᠣᠨ ᠤ ᠲᠣᠭᠳᠠᠭᠠᠭᠰᠠᠨ ᠲᠦᠷᠦ ᠶᠢᠨ ᠪᠣᠳᠣᠯᠭ᠎ᠠ ᠲᠠᠢ | ᠠᠪᠴᠠᠯᠳᠣᠭᠤᠯᠣᠨ ᠬᠡᠷᠡᠭᠵᠢᠭᠦᠯᠦᠨ᠎ᠡ᠃ | ᠲᠦᠷᠪᠡ᠂ ᠲᠡᠳᠬᠦᠬᠦ ᠲᠦᠷᠦ ᠶᠢᠨ ᠪᠣᠳᠣᠯᠭ᠎ᠠ | ︵ᠨᠢᠭᠡ︶ ᠦᠪᠡᠷᠳᠡᠭᠡᠨ ᠬᠦᠭᠵᠢᠭᠦᠯᠬᠦ | 1. ᠣᠷᠢᠳᠠᠪᠠᠷ ᠲᠣᠭᠳᠠᠴᠠ ᠶᠢ ᠪᠠᠶᠢᠭᠤᠯᠣᠨ᠂ ᠲᠠᠷᠠᠭ᠎ᠠ ᠨᠢ ᠲᠦᠬᠦᠭᠡᠷᠦᠮᠵᠢ ᠶᠢ ᠪᠠᠶᠢᠭᠤᠯᠬᠤ ᠵᠠᠷᠴᠢᠮ ᠢ | ᠪᠠᠷᠢᠮᠳᠠᠯᠠᠨ᠂ ᠣᠯᠵᠠᠴᠢ᠂ ᠱᠠᠩᠬᠠᠢ ᠶᠢᠨ ᠰᠦᠮ᠎ᠡ ᠪᠠᠯᠭᠠᠰᠣᠨ ᠳᠤ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠣᠨ ︽ ᠠᠰ ᠠᠰ ᠳᠤᠨᠢ ᠵᠦᠪᠯᠡᠬᠦ︾ ᠦᠪᠡᠷᠮᠢᠴᠡ ᠲᠡᠳᠬᠦᠬᠦ ᠠᠷᠭ᠎ᠠ ᠠᠪᠴᠦ᠂ ᠪᠠᠯᠭᠠᠰᠦ᠂ ᠭᠠᠴᠠᠭ᠎ᠠ | ᠲᠣᠰᠬᠤᠨ ᠬᠤᠶᠠᠷ ᠱᠠᠳᠣ ᠵᠣᠬᠢᠶᠠᠨ ᠪᠠᠶᠢᠭᠤᠯᠵᠣ ᠲᠣᠯᠣᠭᠠᠶᠢᠯᠠᠨ᠂ ᠨᠡᠭᠦᠯᠭᠡᠨ ᠰᠢᠯᠵᠢᠭᠦᠯᠦᠭᠰᠡᠨ ᠮᠠᠯᠴᠢᠨ | ᠲᠠᠷᠢᠶᠠᠴᠢᠨ ᠦᠪᠡᠷᠳᠡᠭᠡᠨ ᠣᠷᠣᠯᠴᠠᠬᠤ ᠲᠦᠷᠦᠯ ᠵᠣᠶᠢᠯ ᠢᠶᠠᠨ ᠰᠣᠩᠭᠤᠵᠣ᠂ ᠵᠠᠰᠠᠭ ᠤᠨ ᠣᠷᠳᠣᠨ ᠠᠴᠠ | ᠬᠠᠨᠳᠣᠯᠭᠠᠳᠦ ᠴᠢᠨᠠᠷ ᠲᠠᠢ ᠪᠠᠷ ᠠᠵᠣ ᠣᠶᠢᠯᠠᠰ ᠤᠨ ᠬᠤᠶᠢᠰᠢᠳᠠ ᠶᠢᠨ ᠬᠦᠭᠵᠢᠯᠳᠡ ᠶᠢ ᠲᠡᠳᠬᠦᠨ᠎ᠡ᠃ ᠡᠯ᠎ᠡ | ᠪᠠᠯᠭᠠᠰᠦ ᠶᠢᠨ ᠬᠢᠨ ᠣᠯᠵᠠᠴᠢ᠂ ᠱᠠᠩᠬᠠᠢ ᠶᠢᠨ ᠰᠦᠮ᠎ᠡ ᠪᠠᠯᠭᠠᠰᠦᠨ ᠳᠤ ᠰᠠᠭᠤᠷᠢᠰᠢᠵᠣ ᠪᠠᠶᠢᠭ᠎ᠠ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠪᠣᠳᠠᠳᠠᠢ ᠪᠠᠶᠢᠳᠠᠯ ᠢ ᠦᠨᠳᠦᠰᠦᠯᠡᠨ᠂ ︽ᠴᠢᠳᠠᠯ ᠤᠨ ᠢᠶᠠᠨ ᠬᠢᠷᠢ ᠪᠠᠷ | ᠲᠡᠳᠬᠦᠵᠣ᠂ ᠠᠷᠠᠳ ᠣᠯᠠᠨ ᠳᠤ ᠠᠰᠢᠭ ᠬᠦᠷᠳᠡᠭᠡᠬᠦ︾ ᠵᠠᠷᠴᠢᠮ ᠢ ᠵᠢᠷᠣᠮᠯᠠᠵᠣ᠂ ᠨᠡᠭᠦᠯᠭᠡᠨ ᠰᠢᠯᠵᠢᠭᠦᠯᠦᠭᠰᠡᠨ | ᠮᠠᠯᠴᠢᠨ ᠲᠠᠷᠢᠶᠠᠴᠢᠨ ᠤ ᠬᠤᠶᠢᠰᠢᠳᠡ ᠶᠢᠨ ᠠᠵᠣ ᠣᠶᠢᠯᠠᠰ ᠤᠨ ᠬᠦᠭᠵᠢᠯᠳᠡ ᠶᠢ ᠡᠮᠬᠢᠳᠠᠢ ᠲᠣᠭᠳᠠᠭᠤᠨ ᠢᠶᠠᠷ | ᠠᠬᠢᠭᠤᠯᠣᠨ᠎ᠠ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠪᠣᠳᠠᠳᠠᠢ ᠬᠠᠷᠢᠭᠤᠴᠠᠵᠣ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠣᠰᠣᠨ ᠠᠰᠢᠭᠯᠠᠯᠳᠠ ᠶᠢᠨ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ᠎ᠠ︶ | ︵ᠬᠤᠶᠠᠷ︶ ᠣᠶᠢᠯᠠᠰ ᠪᠣᠰᠬᠠᠨ ᠠᠵᠢᠯ ᠣᠯᠬᠤ | 1. ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠡᠶᠢᠳᠡ ᠶᠢᠨ ᠠᠰᠠᠷᠠᠮᠵᠢ ᠶᠢᠨ ᠴᠢᠨᠠᠷᠳᠠᠢ | ᠠᠵᠢᠯ ᠤᠨ ᠪᠠᠶᠢᠷᠢ ᠶᠢ ᠨᠡᠭᠡᠭᠡᠨ ᠬᠦᠭᠵᠢᠭᠦᠯᠬᠦ ᠬᠠᠮᠢᠶᠠᠷᠣᠯᠳᠠ ᠶᠢᠨ ᠠᠷᠭ᠎ᠠ︾ ᠶᠢ ᠦᠨᠳᠦᠰᠦᠯᠡᠨ᠂ ᠨᠡᠶᠢᠳᠡ ᠶᠢᠨ | ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠭᠠᠷᠭᠠᠨ᠂ ᠠᠵᠢᠯ ᠣᠯᠭᠤᠯᠳᠠ ᠶᠢ ᠠᠬᠢᠭᠤᠯᠵᠣ᠂ ᠨᠡᠶᠢᠭᠡᠮ | ᠲᠣᠭᠤᠷᠢᠭ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠨᠡᠶᠢᠭᠡᠮ ᠨᠡᠶᠢᠳᠡ ᠶᠢᠨ ᠣᠶᠢᠯᠡᠴᠢᠯᠡᠭᠡᠨ ᠤ ᠠᠵᠢᠯ | ᠤᠨ ᠪᠠᠶᠢᠷᠢ ᠳᠤ ᠲᠣᠬᠢᠷᠠᠭᠤᠯᠣᠨ᠂ ᠬᠦᠳᠡᠯᠮᠦᠷᠢᠯᠡᠬᠦ ᠨᠠᠰᠣᠨ ᠤ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠢ | ᠡᠮᠬᠢᠳᠡᠢ ᠲᠦᠪᠢᠬᠢᠨᠡᠭᠦᠯᠦᠨᠡ᠃ ︵ᠠᠵᠢᠯ ᠣᠯᠭᠤᠯᠳᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ | ᠠᠷᠠᠳ ᠤᠨ ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠡᠳ᠋ ᠤᠨ ᠵᠠᠰᠠᠭ ᠤᠨ ᠲᠣᠪᠴᠢᠶ᠎ᠠ᠂ ᠮᠡᠯ ᠲᠠᠷᠢᠶᠠᠯᠠᠩ | ᠤᠨ ᠲᠣᠪᠴᠢᠶ᠎ᠠ ᠬᠠᠮᠵᠢᠯᠴᠠᠨ᠎ᠠ︶ | 2. ᠪᠣᠯᠪᠠᠰᠣᠷᠠᠯ ᠳᠤ ᠣᠷᠣᠯᠴᠠᠬᠤ᠂ ᠠᠵᠢᠯ ᠣᠯᠬᠤ᠂ ᠣᠶᠢᠯᠠᠰ ᠪᠣᠰᠬᠠᠬᠤ ᠬᠦᠰᠡᠯ ᠲᠠᠢ ᠪᠣᠶᠣ ᠨᠢᠭᠡᠨᠳᠡ | ᠣᠶᠢᠯᠠᠰ ᠪᠣᠰᠬᠠᠭᠰᠠᠨ ᠬᠦᠮᠦᠰ ᠲᠤ ᠠᠵᠢᠯ ᠮᠡᠷᠭᠡᠵᠢᠯ ᠤᠨ ᠪᠣᠯᠪᠠᠰᠣᠷᠠᠯ᠂ ᠣᠶᠢᠯᠠᠰ ᠪᠣᠰᠠᠬᠠᠬᠤ ᠪᠣᠯᠪᠠᠰᠣᠷᠠᠯ ᠳᠤ | ᠣᠷᠣᠯᠴᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠡᠳ᠋ᠯᠡᠭᠦᠯᠦᠨ᠎ᠡ᠃ ︵ᠠᠵᠢᠯ ᠣᠯᠭᠤᠯᠳᠠ ᠶᠢᠨ ᠲᠣᠪᠴᠢᠶ᠎ᠠ | ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠮᠠᠯ ᠲᠠᠷᠢᠶᠠᠯᠠᠩ | ᠤᠨ ᠲᠣᠪᠴᠢᠶ᠎ᠠ ᠬᠠᠮᠵᠢᠯᠴᠠᠨ᠎ᠠ︶ | 3. ᠣᠶᠢᠯᠠᠰ ᠪᠣᠰᠬᠠᠬᠤ ᠬᠦᠰᠡᠯ ᠲᠠᠢ᠂ ᠣᠶᠢᠯᠠᠰ ᠪᠣᠰᠬᠠᠬᠤ ᠲᠦᠷᠦ ᠶᠢᠨ ᠪᠣᠳᠣᠯᠭ᠎ᠠ ᠶᠢᠨ ᠨᠦᠭᠦᠴᠡᠯ ᠳᠤ | ᠨᠡᠶᠢᠴᠡᠭᠰᠡᠨ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠳᠤ ᠣᠶᠢᠯᠠᠰ ᠪᠣᠰᠬᠠᠬᠤ ᠪᠠᠳᠣᠯᠠᠭ᠎ᠠ ᠶᠢᠨ ᠵᠢᠭᠡᠯᠡᠯᠭᠡ᠂ | ᠪᠠᠭ᠎ᠠ ᠲᠣᠭᠠᠨ ᠤ ᠲᠠᠮ ᠬᠦᠣ ᠲᠠᠢ ᠵᠢᠭᠡᠯᠡᠯᠭᠡ ᠬᠠᠩᠭᠠᠨ᠎ᠠ᠂ ᠲᠠᠮ ᠬᠦᠣ ᠨᠢ ᠬᠤᠶᠠᠷ ᠵᠢᠯ ᠤᠨ ᠬᠤᠭᠤᠴᠠᠭ᠎ᠠ ᠲᠠᠢ᠃ | ᠵᠢᠭᠡᠯᠡᠯᠭᠡ ᠪᠠᠨ ᠴᠠᠭ ᠲᠤ ᠪᠠᠨ ᠪᠣᠴᠠᠭᠠᠭᠰᠠᠨ᠂ ᠲᠠᠶᠢᠴᠢᠯᠠᠬᠤ ᠴᠢᠳᠠᠪᠬᠢ ᠴᠢᠩᠭ᠎ᠠ᠂ ᠣᠶᠢᠯᠠᠰ ᠪᠣᠰᠠᠬᠠᠭᠰᠠᠨ | ᠲᠦᠷᠦᠯ ᠵᠣᠶᠢᠯ ᠨᠢ ᠰᠠᠶᠢᠨ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠳᠤ ᠦᠷᠭᠦᠯᠵᠢᠯᠡᠨ ᠣᠶᠢᠯᠠᠰ | ᠪᠣᠰᠬᠠᠬᠤ ᠪᠠᠳᠣᠯᠠᠭ᠎ᠠ ᠶᠢᠨ ᠵᠢᠭᠡᠯᠡᠯᠭᠡ᠂ ᠪᠠᠭ᠎ᠠ ᠲᠣᠭᠠᠨ ᠤ ᠲᠠᠮ ᠬᠦᠣ ᠲᠠᠢ ᠵᠢᠭᠡᠯᠡᠯᠭᠡ ᠬᠠᠩᠭᠠᠨ᠂ 3 ᠣᠳᠠᠭ᠎ᠠ | ᠠᠴᠠ ᠬᠡᠳᠣᠷᠡᠭᠦᠯᠬᠦ ᠦᠭᠡᠢ᠃ ︵ᠠᠵᠢᠯ ᠣᠯᠭᠤᠯᠳᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ | ᠤᠨ ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠮᠠᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | 4. ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠵᠢᠵᠢᠭ ᠪᠠᠭ᠎ᠠ ᠠᠵᠣ ᠠᠬᠤᠶᠢᠯᠠᠯ ᠡᠷᠬᠢᠯᠡᠬᠦ ᠶᠢ | ᠲᠡᠳᠬᠦᠨ᠂ 20 ᠠᠴᠠ ᠲᠡᠭᠡᠭᠰᠢ ᠬᠦᠮᠦᠨ ︵20 ᠬᠦᠮᠦᠨ ᠢ ᠪᠠᠭᠳᠠᠭᠠᠨ᠎ᠠ︶ ᠳᠤ ᠠᠵᠢᠯ ᠣᠯᠭᠤᠭᠰᠠᠨ ᠪᠣᠶᠣ | ᠰᠢᠨ᠎ᠡ ᠪᠠᠷ ᠡᠯᠰᠡᠨ ᠬᠡᠷᠡᠭᠯᠡᠭᠰᠡᠨ ᠣᠶᠢᠯᠠᠰ ᠪᠣᠰᠬᠠᠬᠤ ᠪᠠᠳᠣᠯᠠᠭ᠎ᠠ ᠶᠢᠨ ᠵᠢᠭᠡᠯᠡᠯᠭᠡ ᠭᠤᠶᠣᠪᠴᠢᠯᠠᠬᠤ ᠨᠦᠭᠦᠴᠡᠯ ᠳᠤ | ᠨᠡᠶᠢᠴᠡᠭᠰᠡᠨ ᠠᠵᠢᠯᠳᠠᠨ ᠤ ᠲᠤᠭ᠎ᠠ ᠨᠢ ᠲᠣᠰ ᠠᠵᠣ ᠠᠬᠤᠶᠢᠯᠠᠯ ᠤᠨ ᠣᠳᠣ ᠪᠠᠶᠢᠭ᠎ᠠ ᠬᠦᠮᠦᠨ ᠤ 25% ᠳᠤ | ᠬᠦᠷᠦᠭᠰᠡᠨ ᠮᠦᠷᠳᠡᠭᠡᠨ ᠲᠡᠳᠡᠨ ᠲᠠᠢ 1 ᠵᠢᠯ ᠠᠴᠠ ᠲᠠᠭᠡᠭᠰᠢᠬᠢ ︵1 ᠵᠢᠯ ᠢ ᠪᠠᠭᠳᠠᠭᠠᠨ᠎ᠠ︶ ᠬᠦᠳᠡᠯᠮᠦᠷᠢ ᠶᠢᠨ | ᠭᠡᠷ᠎ᠡ ᠲᠣᠭᠳᠠᠵᠣ᠂ ᠨᠡᠶᠢᠭᠡᠮ ᠤᠨ ᠲᠠᠭᠠᠳᠬᠠᠯ ᠢ ᠨᠢ ᠲᠣᠰᠢᠶᠠᠭᠰᠠᠨ ᠵᠢᠵᠢᠭ ᠪᠠᠭ᠎ᠠ ᠠᠵᠣ ᠠᠬᠤᠶᠢᠯᠠᠯ ᠳᠤ 50 | — 200 ᠲᠦᠮᠡᠨ ᠲᠦᠭᠦᠷᠢᠭ ᠤᠨ 50% ᠶᠢᠨ ᠲᠠᠮ ᠬᠦᠣ ᠲᠠᠢ ᠵᠢᠭᠡᠯᠡᠯᠭᠡ ᠶᠢ 2 ᠵᠢᠯ ᠤᠨ ᠬᠤᠭᠤᠴᠠᠭ᠎ᠠ | ᠲᠠᠢ ᠣᠯᠭᠤᠨ᠎ᠠ᠃ ︵ᠠᠵᠢᠯ ᠣᠯᠭᠤᠯᠳᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ | ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠮᠠᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | 5. ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠰᠣᠶᠣᠯ ᠤᠨ ᠬᠡᠮᠵᠢᠶ᠎ᠡ᠂ ᠮᠡᠷᠭᠡᠵᠢᠯ ᠤᠨ ᠲᠦᠪᠰᠢᠨ᠂ | ᠠᠵᠢᠯ ᠤᠨ ᠲᠣᠷ᠎ᠠ ᠪᠠᠬ᠎ᠠ ᠪᠣᠯᠣᠨ ᠠᠵᠣ ᠠᠬᠤᠶᠢᠯᠠᠯ ᠤᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠠᠭᠤᠭ᠎ᠠ | ᠭᠠᠵᠠᠷ ᠤᠨ ᠠᠵᠣ ᠠᠬᠤᠶᠢᠯᠠᠯ ᠲᠠᠢ ᠬᠠᠷᠢᠯᠴᠠᠵᠣ᠂ ᠰᠣᠩᠭᠤᠯᠳᠠ ᠲᠠᠢ ᠪᠠᠷ ᠠᠵᠢᠯ ᠣᠯᠭᠤᠯᠳᠠ ᠶᠢᠨ | ᠲᠠᠨᠢᠯᠴᠠᠭᠤᠯᠭ᠎ᠠ ᠬᠢᠨ᠎ᠡ᠃ ︵ᠠᠵᠢᠯ ᠣᠯᠭᠤᠯᠳᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ | ᠤᠨ ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠮᠠᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | 6. ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠵᠣᠬᠢᠶᠠᠨ ᠪᠠᠶᠢᠭᠤᠯᠣᠯᠳᠠ ᠲᠠᠢ ᠪᠠᠷ ᠠᠳᠠᠯ ᠠᠬᠤᠢ᠂ | ᠪᠠᠷᠠᠭ᠎ᠠ ᠲᠡᠭᠡᠭᠡᠪᠦᠷᠢ᠂ ᠬᠦᠳᠡᠯᠮᠦᠷᠢ ᠣᠶᠢᠯᠡᠴᠢᠯᠡᠭᠡ ᠵᠡᠷᠭᠡ ᠣᠶᠢᠯᠡᠴᠢᠯᠡᠭᠡᠨ ᠤ ᠴᠢᠨᠠᠷᠳᠠᠢ ᠠᠵᠣ ᠠᠬᠤᠶᠢᠯᠠᠯ ᠡᠷᠬᠢᠯᠡᠬᠦ | ᠶᠢ ᠵᠣᠷᠢᠭᠵᠢᠭᠤᠯᠵᠣ᠂ ᠰᠠᠭᠤᠭ᠎ᠠ ᠭᠠᠵᠠᠷ ᠤᠨ ᠠᠵᠣ ᠠᠬᠤᠶᠢᠯᠠᠯ ᠲᠠᠢ ᠬᠠᠮᠳᠣᠷᠠᠯᠴᠠᠬᠤ ᠶᠢ ᠲᠡᠮᠵᠢᠨ᠂ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠳᠤ ᠠᠵᠢᠯ ᠣᠯᠬᠤ ᠣᠶᠢᠯᠠᠰ ᠪᠣᠰᠬᠠᠬᠤ ᠵᠠᠮ ᠮᠦᠷ ᠣᠯᠭᠤᠨ᠎ᠠ᠃ ︵ᠡᠯ᠎ᠡ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠲᠣᠯᠣᠭᠠᠶᠢᠯᠠᠨ᠂ ᠮᠠᠯ ᠲᠠᠷᠢᠶᠠᠯᠠᠩ ᠤᠨ ᠲᠣᠪᠴᠢᠶ᠎ᠠ᠂ ᠠᠵᠢᠯ | ᠣᠯᠭᠤᠯᠳᠠ ᠶᠢᠨ ᠲᠣᠪᠴᠢᠶ᠎ᠠ ᠬᠠᠮᠵᠢᠯᠴᠠᠨ᠎ᠠ︶ | 7. ᠲᠡᠭᠡᠳᠦ ᠵᠡᠷᠭᠡ ᠶᠢᠨ ᠰᠣᠷᠭᠠᠭᠤᠯᠢ ᠲᠡᠭᠦᠰᠦᠭᠡᠳ ᠨᠢᠭᠡ ᠵᠢᠯ ᠤᠨ ᠲᠣᠳᠣᠷ᠎ᠠ ᠠᠵᠢᠯ ᠣᠯᠣᠭᠠᠳᠣᠢ | ᠣᠶᠣᠳᠠᠨ ᠳᠤ 6 ᠰᠠᠷ᠎ᠠ ᠶᠢᠨ ᠲᠠᠳᠣᠯᠭ᠎ᠠ ᠶᠢᠨ ᠠᠵᠢᠯ ᠤᠨ ᠪᠠᠶᠢᠷᠢ ᠣᠯᠭᠤᠨ᠂ ᠲᠠᠳᠣᠯᠭ᠎ᠠ ᠶᠢᠨ ᠨᠦᠬᠦᠪᠦᠷᠢ | ᠣᠯᠭᠤᠨ᠎ᠠ᠃ ︵ᠠᠵᠢᠯ ᠣᠯᠭᠤᠯᠳᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ | ᠤᠨ ᠣᠷᠳᠣᠨ ᠪᠣᠳᠠᠳᠠᠢ ᠬᠠᠷᠢᠭᠤᠴᠠᠵᠣ᠂ ᠮᠠᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | ︵ᠭᠤᠷᠪᠠ︶ ᠨᠠᠭᠠᠳᠦ ᠵᠠᠬ᠎ᠠ ᠶᠢᠨ ᠪᠠᠳᠣᠯᠠᠭ᠎ᠠ | 1. ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤᠨ ᠨᠠᠰᠣᠵᠢᠯ ᠤᠨ ᠲᠠᠭᠠᠳᠬᠠᠯ ᠢᠶᠠᠨ ᠲᠣᠰᠢᠶᠠᠬᠤ ᠶᠢ | ᠵᠣᠷᠢᠭᠵᠢᠭᠤᠯᠣᠨ᠂ ᠪᠦᠬᠦᠯᠢ 45 ᠨᠠᠰᠦᠳᠠᠢ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠳᠤ ᠦᠪᠡᠷᠷᠳᠡᠭᠡᠨ | ᠣᠷᠢᠳᠠᠪᠡᠷ ᠲᠣᠰᠢᠶᠠᠵᠣ ᠵᠠᠰᠠᠭ ᠤᠨ ᠣᠷᠳᠣᠨ ᠠᠴᠠ ᠬᠠᠭᠠᠰ ᠢ ᠨᠢ ᠨᠦᠬᠦᠪᠦᠷᠢᠯᠡᠬᠦ ᠠᠷᠭ᠎ᠠ ᠠᠪᠴᠦ᠂ ᠵᠠᠰᠠᠭ ᠤᠨ | ᠣᠷᠳᠣᠨ ᠤ ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠳᠤ 500 ᠲᠦᠭᠦᠷᠢᠭ ᠠᠴᠠ ᠬᠡᠳᠦᠷᠡᠭᠦᠯᠬᠦ ᠦᠭᠡᠢ᠂ | ᠲᠠᠭᠠᠳᠬᠠᠯ ᠲᠣᠰᠢᠶᠠᠭᠰᠠᠨ ᠤ ᠲᠠᠷᠠᠭ᠎ᠠ ᠬᠠᠷᠠᠭᠠᠯᠵᠠᠭᠰᠠᠨ ᠲᠡᠰ ᠵᠡᠷᠭᠡ ᠶᠢ ᠨᠢ ᠦᠨᠳᠦᠰᠦᠯᠡᠨ ᠨᠦᠬᠦᠪᠦᠷᠢᠯᠡᠨ᠎ᠡ᠃ | ᠲᠣᠰ ᠪᠣᠳᠣᠯᠭ᠎ᠠ 2028 ᠣᠨ ᠪᠣᠯᠳᠠᠯ᠎ᠠ ᠬᠡᠷᠡᠭᠵᠢᠭᠦᠯᠬᠦ ᠬᠦᠴᠦᠨ ᠲᠠᠢ᠃ ︵ᠬᠦᠮᠦᠨ ᠤ ᠬᠦᠴᠦᠨ ᠨᠡᠶᠢᠭᠡᠮ ᠤᠨ | ᠪᠠᠳᠣᠯᠠᠭ᠎ᠠ ᠶᠢᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠣᠳᠠᠳᠠᠢ | ᠬᠠᠷᠢᠭᠤᠴᠠᠵᠣ᠂ ᠮᠡᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | 2. ᠲᠣᠭᠳᠠᠪᠦᠷᠢᠳᠠᠢ ᠠᠵᠢᠯ ᠣᠯᠤᠭ᠎ᠠ ᠦᠭᠡᠢ ᠲᠣᠣᠷ᠎ᠠ ᠪᠠᠳᠣᠯᠠᠭ᠎ᠠ ᠶᠢᠨ ᠲᠣᠰᠠᠯᠠᠬᠤ ᠨᠦᠬᠦᠴᠡᠯ ᠳᠤ | ᠨᠡᠶᠢᠴᠡᠭᠰᠡᠳ ᠢ ᠪᠦᠬᠦᠨ ᠢᠶᠠᠷ ᠲᠣᠣᠷ᠎ᠠ ᠪᠠᠳᠣᠯᠠᠭ᠎ᠠ ᠶᠢᠨ ᠲᠣᠰᠠᠯᠠᠬᠤ ᠬᠡᠪᠴᠢᠶᠡᠨ ᠳᠤ ᠣᠷᠣᠭᠤᠯᠣᠨ᠎ᠠ᠃ ︵ᠠᠷᠠᠳ | ᠤᠨ ᠶᠠᠪᠣᠳᠠᠯ ᠤᠨ ᠲᠣᠪᠴᠢᠶ᠎ᠠ ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠣᠳᠠᠳᠠᠢ | ᠬᠠᠷᠢᠭᠤᠴᠠᠵᠣ᠂ ᠮᠡᠯ ᠲᠠᠷᠢᠶᠠᠯᠠᠩ ᠤᠨ ᠲᠣᠪᠴᠢᠶ᠎ᠠ ᠬᠠᠮᠵᠢᠯᠴᠠᠨ᠎ᠠ︶ | 3. ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠦᠷ᠎ᠡ ᠬᠡᠣᠭᠡᠳ ᠨᠢ ᠬᠤᠷᠢᠮᠯᠠᠭᠠᠳ ᠡᠷᠦᠭᠡ ᠠᠮᠠ | ᠰᠠᠯᠣᠭᠰᠠᠨ ᠤ ᠲᠠᠷᠠᠭ᠎ᠠ ᠰᠠᠭᠤᠬᠤ ᠣᠷᠣᠨ ᠴᠢᠬᠤᠯᠠ ᠲᠠᠢ ᠪᠣᠯ᠂ ᠪᠠᠳᠣᠯᠠᠭ᠎ᠠ ᠶᠢᠨ ᠣᠷᠣᠨ ᠰᠠᠭᠤᠴᠠ | ᠭᠤᠶᠣᠪᠴᠢᠯᠠᠬᠤ ᠨᠦᠭᠦᠴᠡᠯ ᠳᠤ ᠨᠡᠶᠢᠴᠡᠪᠡᠯ ᠬᠤᠳᠠ ᠪᠠᠯᠭᠠᠰᠣᠨ ᠤ ᠪᠠᠳᠣᠯᠠᠭ᠎ᠠ ᠶᠢᠨ ᠣᠷᠣᠨ ᠰᠠᠭᠤᠴᠠ ᠶᠢᠨ | ᠰᠢᠰᠲ᠋ᠧᠮ ᠳᠤ ᠣᠷᠣᠭᠤᠯᠣᠨ᠎ᠠ᠃ ︵ᠣᠷᠣᠨ ᠰᠠᠭᠤᠴᠠ ᠪᠣᠯᠣᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ | ᠲᠣᠯᠣᠭᠠᠶᠢᠯᠠᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠣᠳᠠᠳᠠᠢ ᠬᠠᠷᠢᠭᠤᠴᠠᠵᠣ᠂ ᠮᠡᠯ ᠲᠠᠷᠢᠶᠠᠯᠠᠩ | ᠤᠨ ᠲᠣᠪᠴᠢᠶ᠎ᠠ ᠬᠠᠮᠵᠢᠯᠴᠠᠨ᠎ᠠ︶ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠨᠡᠭᠦᠯᠭᠡᠨ ᠰᠢᠯᠵᠢᠭᠦᠯᠦᠭᠰᠡᠨ | ᠮᠠᠯᠴᠢᠨ ᠲᠠᠷᠢᠶᠠᠴᠢᠨ ᠤ ᠬᠤᠶᠢᠰᠢᠳᠡ ᠶᠢᠨ ᠲᠡᠳᠬᠦᠬᠦ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ | ᠬᠤᠰᠢᠭᠤ ᠲᠠᠷᠤᠭ᠎ᠠ ᠲᠣᠭᠤᠶᠢᠯᠠᠩ ᠤᠨ ᠲᠠᠷᠤᠭ᠎ᠠ ᠪᠣᠯᠵᠣ᠂ ᠲᠡᠳ᠋ ᠲᠣᠭᠤᠶᠢᠯᠠᠩ ᠤᠨ ᠲᠠᠷᠤᠭ᠎ᠠ ᠶᠢ ᠪᠠᠶᠢᠩᠭᠤ ᠶᠢᠨ | ᠶᠠᠪᠣᠳᠠᠯ ᠤᠨ ᠲᠡᠳ᠋ ᠬᠤᠰᠢᠭᠤ ᠲᠠᠷᠤᠭ᠎ᠠ ᠪᠣᠯᠣᠨ ᠮᠡᠯ ᠲᠠᠷᠢᠶᠠᠯᠠᠩ ᠤᠨ ᠣᠶᠢᠯᠠᠰ ᠢ ᠬᠤᠪᠢᠳᠠᠨ ᠬᠠᠮᠢᠶᠠᠷᠴᠦ ᠪᠠᠶᠢᠭ᠎ᠠ | ᠲᠡᠳ᠋ ᠬᠤᠰᠢᠭᠤ ᠲᠠᠷᠤᠭ᠎ᠠ ︵ᠪᠠᠶᠢᠩᠭᠤ ᠶᠢᠨ ᠶᠠᠪᠣᠳᠠᠯ ᠢ ᠬᠠᠷᠢᠭᠤᠴᠠᠨ᠎ᠠ︶ ᠡᠭᠦᠷᠭᠡᠯᠡᠨ᠂ ᠣᠬᠠᠭᠤᠯᠬᠤ ᠬᠡᠯᠳᠡᠰ᠂ | ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠵᠠᠰᠠᠭ ᠤᠨ ᠣᠷᠳᠣᠨ ᠤ ᠠᠯᠪᠠᠨ ᠭᠡᠷ᠂ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ | ᠬᠦᠮᠦᠨ ᠤ ᠬᠦᠴᠦᠨ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠣᠷᠣᠨ ᠰᠠᠭᠤᠴᠠ ᠪᠣᠯᠣᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ ᠂ ᠣᠢ | ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ᠂ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ | ᠠᠯᠪᠠᠨ ᠭᠡᠷ᠂ ᠠᠵᠢᠯ ᠣᠯᠭᠤᠯᠳᠠ ᠶᠢᠨ ᠲᠣᠪᠴᠢᠶ᠎ᠠ᠂ ᠬᠠᠣᠯᠢ ᠶᠢᠨ ᠶᠠᠪᠣᠳᠠᠯ ᠤᠨ ᠲᠦᠪ᠂ ᠡᠯ᠎ᠡ ᠪᠠᠯᠭᠠᠰᠣᠨ ᠤ | ᠬᠤᠯᠪᠣᠭᠳᠠᠯ ᠪᠦᠬᠦᠢ ᠬᠠᠷᠢᠭᠤᠴᠠᠯᠭᠠᠳᠠᠨ ᠢᠶᠠᠷ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ ᠭᠡᠰᠢᠭᠦᠳ ᠪᠣᠯᠭᠠᠵᠣ᠂ | ᠣᠳᠣᠷᠢᠳᠬᠤ ᠲᠣᠭᠤᠶᠢᠯᠠᠩ ᠤᠨ ᠠᠯᠪᠠᠨ ᠭᠡᠷ ᠢ ᠬᠤᠰᠢᠭᠤᠨ ᠤ ᠮᠠᠯ ᠲᠠᠷᠢᠶᠠᠯᠠᠩ ᠤᠨ ᠲᠣᠪᠴᠢᠶᠠᠨ ᠳᠤ | ᠲᠣᠬᠢᠷᠠᠭᠤᠯᠵᠣ᠂ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠢ ᠬᠤᠰᠢᠭᠤᠨ ᠤ ᠮᠠᠯ ᠲᠠᠷᠢᠶᠠᠯᠠᠩ ᠤᠨ ᠲᠣᠪᠴᠢᠶᠠᠨ | ᠤ ᠲᠠᠷᠤᠭ᠎ᠠ ᠬᠠᠪᠰᠣᠷᠭᠠᠨ᠎ᠠ᠃ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠬᠤᠶᠢᠰᠢᠳᠠ ᠶᠢᠨ ᠲᠡᠳᠬᠦᠬᠦ | ᠠᠵᠢᠯ ᠤᠨ ᠬᠤᠯᠪᠣᠭᠠᠳᠦ ᠬᠤᠷᠠᠯᠳᠣᠭᠠᠨ ᠤ ᠲᠦᠷᠢᠮ ᠢ ᠬᠡᠷᠡᠭᠵᠢᠭᠦᠯᠦᠨ᠂ ᠮᠠᠯ ᠲᠠᠷᠢᠶᠠᠯᠠᠩ ᠤᠨ ᠲᠣᠪᠴᠢᠶ᠎ᠠ ᠶᠢᠨ | ᠲᠣᠪᠴᠢᠶᠠᠨ ᠲᠠᠷᠤᠭ᠎ᠠ ᠬᠤᠯᠪᠣᠭᠠᠳᠦ ᠬᠤᠷᠠᠯᠳᠣᠭᠠᠨ ᠤ ᠶᠡᠷᠦᠩᠬᠡᠢ ᠬᠤᠷᠠᠯᠳᠣᠭᠤᠯᠣᠭᠴᠢ ᠪᠣᠯᠵᠣ᠂ ᠣᠳᠣᠷᠢᠳᠬᠤ | ᠲᠣᠭᠤᠶᠢᠯᠠᠩ ᠤᠨ ᠭᠡᠰᠢᠭᠦᠨ ᠪᠠᠶᠢᠭᠤᠯᠭ᠎ᠠ ᠨᠢ ᠲᠠᠷᠣᠢ ᠬᠤᠯᠪᠣᠭᠠᠳᠦ ᠬᠤᠷᠠᠯᠳᠣᠭᠠᠨ ᠤ ᠭᠡᠰᠢᠭᠦᠨ ᠪᠠᠶᠢᠭᠤᠯᠭ᠎ᠠ | ᠪᠣᠯᠣᠨ᠎ᠠ᠃ ᠬᠠᠮᠢᠶ᠎ᠠ ᠪᠦᠬᠦᠢ ᠲᠣᠯᠣᠭᠠᠶᠢᠯᠠᠬᠤ ᠰᠠᠯᠠᠭ᠎ᠠ ᠮᠦᠴᠢᠷ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ | ᠪᠣᠳᠠᠳᠠᠢ ᠨᠠᠶᠢᠳᠠᠪᠦᠷᠢᠵᠢᠭᠤᠯᠣᠯᠳᠠ ᠶᠢᠨ ᠬᠡᠷᠡᠭᠵᠢᠭᠦᠯᠬᠦ ᠨᠠᠷᠢᠨ ᠲᠦᠷᠢᠮ ᠲᠣᠭᠳᠠᠭᠠᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠢᠳᠡᠪᠬᠢᠳᠡᠢ ᠬᠠᠮᠵᠢᠯᠴᠠᠵᠣ᠂ ᠬᠤᠰᠢᠭᠤᠨ ᠤ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠪᠡᠯᠡ | ᠮᠦᠩᠭᠦ ᠶᠢ ᠨᠢᠭᠡᠳᠦᠯᠳᠡᠢ ᠲᠣᠬᠢᠷᠠᠭᠤᠯᠣᠨ᠂ ᠡᠯ᠎ᠡ ᠲᠦᠷᠦᠯ ᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠡᠮᠬᠢ ᠲᠠᠢ | ᠨᠠᠶᠢᠳᠠᠪᠦᠷᠢᠵᠢᠭᠤᠯᠣᠯᠳᠠ ᠶᠢ ᠪᠠᠳᠣᠯᠠᠨ᠎ᠠ᠃ ᠡᠯ᠎ᠡ ᠪᠠᠯᠭᠠᠰᠦ ᠲᠡᠳᠬᠦᠬᠦ ᠲᠦᠷᠦ ᠶᠢᠨ ᠪᠣᠳᠣᠯᠭ᠎ᠠ ᠶᠢᠨ | ᠨᠠᠶᠢᠳᠠᠪᠦᠷᠢᠵᠢᠭᠤᠯᠣᠯᠳᠠ ᠶᠢ ᠬᠡᠷᠡᠭᠵᠢᠭᠦᠯᠬᠦ ᠭᠤᠣᠯ ᠴᠣᠭᠴᠠ ᠪᠣᠯᠵᠣ᠂ ᠠᠵᠢᠯ ᠤᠨ ᠲᠣᠰᠬᠠᠢ ᠠᠩᠬᠢ ᠶᠢ ᠵᠣᠬᠢᠶᠠᠨ | ᠪᠠᠶᠢᠭᠤᠯᠣᠨ᠂ ᠡᠯ᠎ᠡ ᠲᠦᠷᠦᠯ ᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠎ᠠ᠃ | ︵ᠬᠤᠶᠠᠷ︶ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃ ᠡᠯ᠎ᠡ ᠲᠣᠯᠣᠭᠠᠶᠢᠯᠠᠭᠴᠢ ᠰᠠᠯᠠᠭ᠎ᠠ ᠮᠦᠴᠢᠷ᠂ | ᠡᠯ᠎ᠡ ᠪᠠᠯᠭᠠᠰᠣ ᠲᠡᠳᠬᠦᠬᠦ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠵᠢᠴᠢ ᠪᠣᠳᠠᠳᠠᠢ ᠬᠡᠷᠡᠭᠵᠢᠭᠦᠯᠬᠦ ᠨᠠᠷᠢᠨ ᠲᠦᠷᠢᠮ | ᠢ ᠡᠷᠡᠰ ᠴᠢᠩᠭ᠎ᠠ ᠬᠡᠷᠡᠭᠵᠢᠭᠦᠯᠦᠨ᠂ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠲᠡᠳᠬᠦᠬᠦ ᠲᠦᠷᠦ ᠶᠢᠨ | ᠪᠣᠳᠣᠯᠭ᠎ᠠ ᠶᠢᠨ ᠪᠡᠯᠡ ᠮᠦᠩᠭᠦ ᠶᠢ ᠲᠣᠷ᠎ᠠ ᠪᠠᠷ ᠠᠪᠴᠦ ᠬᠡᠷᠡᠭᠯᠡᠵᠣ ᠪᠣᠯᠬᠤ ᠦᠭᠡᠢ᠃ ᠲᠡᠳᠬᠦᠬᠦ ᠲᠦᠷᠦ ᠶᠢᠨ | ᠪᠣᠳᠣᠯᠭ᠎ᠠ ᠶᠢᠨ ᠨᠡᠶᠢᠳᠡᠯᠡᠨ ᠵᠠᠷᠯᠠᠬᠤ ᠲᠦᠷᠢᠮ ᠢ ᠬᠡᠷᠡᠭᠵᠢᠭᠦᠯᠦᠨ᠂ ᠠᠯᠢᠪᠠ ᠲᠡᠳᠬᠦᠬᠦ ᠲᠦᠷᠦ ᠶᠢᠨ ᠪᠣᠳᠣᠯᠭ᠎ᠠ ᠶᠢ | ᠨᠠᠶᠢᠳᠠᠪᠦᠷᠢᠵᠢᠭᠤᠯᠣᠭᠰᠠᠨ ᠤ ᠲᠠᠷᠠᠭ᠎ᠠ ᠨᠡᠶᠢᠳᠡᠯᠡᠨ ᠵᠠᠷᠯᠠᠵᠣ᠂ ᠲᠡᠳᠬᠦᠬᠦ ᠲᠦᠷᠦ ᠶᠢᠨ ᠪᠣᠳᠣᠯᠭ᠎ᠠ ᠶᠢᠨ ᠢᠯᠡ | ᠠᠵᠢᠯᠯᠠᠮᠵᠢ ᠶᠢ ᠪᠠᠳᠣᠯᠠᠨ᠎ᠠ᠃ | ︵ᠭᠤᠷᠪᠠ︶ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠶᠢ ᠴᠢᠩᠭᠠᠳᠬᠠᠨ᠎ᠠ᠃ ᠡᠯ᠎ᠡ ᠪᠠᠯᠭᠠᠰᠦ ᠲᠡᠳᠬᠦᠬᠦ | ᠲᠦᠷᠦ ᠶᠢᠨ ᠪᠣᠳᠣᠯᠭ᠎ᠠ ᠶᠢ ᠢᠳᠡᠪᠬᠢᠳᠠᠢ ᠣᠬᠠᠭᠤᠯᠣᠨ᠂ ᠲᠡᠳᠬᠦᠬᠦ ᠲᠦᠷᠦ ᠶᠢᠨ ᠪᠣᠳᠣᠯᠭ᠎ᠠ ᠶᠢ ᠲᠠᠶᠢᠯᠪᠦᠷᠢᠯᠠᠬᠤ | ᠠᠵᠢᠯ ᠢ ᠰᠠᠶᠢᠳᠣᠷ ᠬᠢᠵᠣ᠂ ᠣᠬᠢ ᠰᠠᠶᠢᠨ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃ ᠣᠬᠠᠭᠤᠯᠬᠤ ᠬᠡᠯᠳᠡᠰ᠂ | ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠨᠡᠭᠦᠯᠭᠡᠨ | ᠰᠢᠯᠵᠢᠭᠦᠯᠦᠭᠰᠡᠨ ᠮᠠᠯᠴᠢᠨ ᠲᠠᠷᠢᠶᠠᠴᠢᠨ ᠤ ᠬᠤᠯᠪᠣᠭᠳᠠᠯ ᠪᠦᠬᠦᠢ ᠮᠡᠳᠡᠭᠡ ᠵᠠᠩᠬᠢ ᠶᠢ ᠴᠣᠭᠯᠠᠭᠤᠯᠬᠤ᠂ ᠡᠮᠬᠢᠳᠬᠡᠬᠦ᠂ | ᠮᠠᠭᠠᠳᠯᠠᠬᠤ ᠠᠵᠢᠯ ᠢ ᠰᠠᠶᠢᠳᠣᠷ ᠬᠢᠨ᠂ ᠴᠠᠭ ᠲᠣᠬᠠᠢ ᠳᠤ ᠨᠢ ᠬᠠᠷᠢᠯᠴᠠᠭ᠎ᠠ ᠠᠪᠴᠦ᠂ ᠮᠡᠳᠡᠭᠡ ᠵᠠᠩᠬᠢ ᠶᠢ ᠬᠠᠮᠳᠦ | ᠪᠠᠷ ᠡᠳ᠋ᠯᠡᠵᠣ᠂ ᠡᠯ᠎ᠡ ᠪᠠᠯᠭᠠᠰᠦ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠰᠠᠷᠭᠡᠶᠢᠯᠡᠬᠦ᠂ ᠰᠢᠢᠳᠪᠦᠷᠢᠯᠡᠬᠦ᠂ | ᠡᠵᠡᠮᠳᠡᠬᠦ ᠠᠵᠢᠯ ᠢ ᠴᠠᠭ ᠲᠣᠬᠠᠢ ᠳᠤ ᠨᠢ ᠰᠠᠶᠢᠳᠣᠷ ᠬᠢᠨ᠎ᠡ᠃ |