ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠪᠠᠶᠢᠭᠤᠯᠤᠭᠳᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/11/4
    10 ᠰᠠᠷ᠎ᠠ ᠶᠢᠨ 15 ᠤ ᠡᠳᠦᠷ᠂ ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠪᠠᠶᠢᠭᠤᠯᠤᠭᠳᠠᠬᠤ ᠬᠤᠷᠠᠯ ᠬᠤᠷᠠᠯᠳᠣᠪᠠ᠃ ᠬᠤᠲᠠ ᠶᠢᠨ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ  ᠤᠨ ᠳᠠᠷᠤᠭ᠎ᠠ ᠡᠤ ᠱᠧ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠴᠢᠮᠡᠭ ᠪᠡᠶᠡᠷ ᠤᠨ ᠦᠭᠡ ᠬᠡᠯᠡᠪᠡ᠃     ᠬᠤᠷᠠᠯ ᠳᠡᠭᠡᠷ᠎ᠡ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠣᠲᠤᠭ  ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠪᠠᠶᠢᠭᠤᠯᠬᠤ ᠶᠢ ᠬᠢᠨᠠᠨ  ᠵᠦᠪᠰᠢᠶᠡᠷᠡᠭᠰᠡᠨ ︽ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠲᠠᠭᠠᠯ ᠪᠢᠴᠢᠭ︾ ᠢ ᠣᠩᠰᠢᠨ ᠨᠡᠶᠢᠲᠡᠯᠡᠪᠡ︔ ︽ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠳᠦᠷᠢᠮ︾ ᠢ ᠬᠢᠨᠠᠨ ᠵᠦᠪᠯᠡᠪᠡ︔ ᠣᠲᠤᠭ ᠤᠨ ᠡᠮᠦᠨᠡᠲᠦ ᠬᠤᠰᠢᠭᠤᠨ ᠤ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠬᠡᠷᠡᠭ ᠡᠷᠬᠢᠯᠡᠭᠴᠢ ᠪᠠ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ ᠶᠢᠨ ᠳᠡᠳ᠋ ᠳᠠᠷᠤᠭ᠎ᠠ᠂ ᠪᠠᠶᠢᠩᠭᠤ ᠶᠢᠨ ᠬᠡᠷᠡᠭ ᠡᠷᠬᠢᠯᠡᠭᠴᠢ᠂ ᠨᠡᠶᠢᠬᠡᠮᠯᠢᠭ ᠤᠨ ᠳᠠᠷᠤᠭ᠎ᠠ᠂ ᠨᠡᠶᠢᠬᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠶᠢ ᠰᠣᠩᠭᠤᠵᠣ ᠭᠠᠷᠭᠠᠪᠠ᠃ ᠣᠲᠤᠭ ᠤᠨ ᠡᠮᠦᠨᠡᠲᠦ ᠬᠤᠰᠢᠭᠤᠨ ᠤ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠨᠡᠷ᠎ᠡ ᠬᠦᠨᠳᠦᠲᠦ ᠳᠠᠷᠤᠭ᠎ᠠ ᠳᠤ ᠣᠷᠢᠯᠭ᠎ᠠ ᠶᠢᠨ ᠪᠢᠴᠢᠭ ᠭᠠᠷᠳᠠᠭᠤᠯᠪᠠ᠃     ᠡᠣ ᠱᠧ ᠫᠢᠩ ᠮᠠᠨ ᠤ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ  ᠶᠢ ᠠᠬᠢᠭᠤᠯᠬᠤ ᠨᠠᠶᠢᠬᠡᠮᠯᠢᠭ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠪᠠᠶᠢᠭᠤᠯᠤᠭᠳᠠᠭᠰᠠᠨ ᠠᠬᠤᠢ ᠪᠠᠶᠢᠳᠠᠯ ᠪᠠ ᠬᠦᠭᠵᠢᠯᠲᠠ ᠶᠢᠨ ᠶᠠᠪᠤᠴᠠ ᠶᠢ ᠲᠠᠨᠢᠯᠴᠠᠭᠤᠯᠪᠠ᠃ ᠡᠣ ᠱᠧ ᠫᠢᠩ ᠠᠴᠠ ᠣᠲᠤᠭ ᠤᠨ ᠡᠮᠦᠨᠡᠲᠦ ᠬᠤᠰᠢᠭᠤ ᠪᠤᠯ ᠬᠤᠪᠢᠰᠬᠠᠯ ᠤᠨ ᠦᠯᠦᠭᠡᠢ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠪᠣᠯᠬᠤᠷ ᠡᠯᠪᠡᠭ ᠪᠠᠶᠠᠯᠢᠭ ᠬᠤᠪᠢᠰᠬᠠᠯ ᠤᠨ ᠡᠬᠢ ᠰᠤᠷᠪᠤᠯᠵᠢ ᠪᠠ ᠬᠦᠨ ᠵᠤᠵᠠᠭᠠᠨ ᠬᠤᠪᠢᠰᠬᠠᠯ ᠤᠨ ᠰᠣᠶᠣᠯ ᠲᠠᠢ ᠶᠤᠮ᠃ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠡᠯ᠎ᠡ ᠱᠠᠲᠤᠨ ᠤ ᠨᠠᠮ ᠤᠨ ᠬᠤᠷᠢᠶᠠᠨ ᠤ ᠣᠳᠣᠷᠢᠳᠣᠯᠭ᠎ᠠ ᠳᠣᠣᠷ᠎ᠠ᠂ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠤᠨ ᠲᠤᠭᠤᠷᠢᠨ ᠳᠤ ᠡᠯ᠎ᠡ ᠲᠦᠷᠦᠯ ᠤᠨ ᠠᠵᠢᠯ ᠢᠶᠠᠨ ᠦᠷᠨᠢᠭᠦᠯᠦᠨ᠂ ᠳᠦᠷᠢᠮ ᠲᠤᠭᠲᠠᠭᠠᠯ ᠶᠤᠰᠤᠭᠠᠷ ᠬᠡᠷᠡᠭ ᠡᠷᠬᠢᠯᠡᠬᠦ ᠲᠦᠪ ᠴᠢᠩᠭ᠎ᠠ ᠴᠢᠨᠠᠷ ᠢᠶᠠᠨ ᠴᠢᠩᠭᠠᠳᠬᠠᠵᠤ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠳᠦᠷᠢᠮ ᠶᠤᠰᠤᠭᠠᠷ᠂ ᠲᠤᠲᠤᠭᠠᠲᠤ ᠶᠢᠨ ᠠᠵᠢᠯ ᠤᠨ ᠲᠤᠭᠲᠠᠴᠠ ᠶᠢ ᠲᠡᠭᠦᠯᠳᠡᠷᠵᠢᠬᠦᠯᠵᠦ ᠪᠠᠶᠢᠭᠤᠯᠤᠨ᠂ ᠠᠵᠢᠯᠲᠠᠨ ᠤ ᠪᠣᠯᠪᠠᠰᠣᠷᠠᠯ ᠬᠦᠮᠦᠵᠢᠯ ᠢ ᠠᠳᠬᠤᠵᠤ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠠᠷᠠᠳ ᠲᠦᠮᠡᠨ ᠤ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠦᠬᠦᠷᠭᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠡᠯ᠎ᠡ ᠱᠠᠲᠤᠨ ᠤ ᠳᠡᠮᠵᠢᠯᠭᠡ ᠶᠢ ᠣᠯᠵᠣ᠂ ᠡᠯ᠎ᠡ ᠡᠳᠡᠭᠡᠳ ᠤᠨ ᠬᠦᠴᠦᠨ ᠢ ᠳᠠᠶᠢᠴᠢᠯᠠᠨ ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠡᠯ᠎ᠡ  ᠦᠢᠯᠡᠰ ᠤᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠬᠠᠶᠢᠷ᠎ᠠ ᠰᠡᠳᠬᠢᠯᠭᠡ ᠲᠠᠢ᠂ ᠡᠭᠦᠷᠭᠡ ᠬᠠᠷᠢᠭᠤᠴᠠᠯᠭ᠎ᠠ ᠲᠠᠢ ᠪᠠᠷ ᠦᠨᠳᠦᠰᠦᠨ ᠱᠠᠲᠤᠨ ᠳᠤ ᠬᠦᠨᠵᠡᠭᠡᠶᠢᠷᠡᠨ᠂ ᠪᠠᠶᠢᠴᠠᠭᠠᠨ ᠰᠣᠳᠣᠯᠣᠯᠲᠠ ᠶᠢ ᠬᠢᠨᠠᠮᠠᠭᠠᠢ ᠦᠷᠨᠢᠬᠦᠯᠵᠦ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠠᠷᠠᠳ ᠤᠨ ᠬᠦᠰᠡᠯ ᠡᠷᠡᠮᠡᠯᠵᠡᠯ ᠢ ᠰᠣᠨᠣᠰᠣᠨ᠂ ᠪᠤᠲᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠪᠣᠲᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠨ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠠᠷᠠᠳ ᠲᠦᠮᠡᠨ   ᠳᠤ ᠨᠡᠩ ᠣᠯᠠᠨ ᠬᠦᠷᠲᠡᠮᠵᠢ ᠤᠯᠭᠤᠵᠤ᠂ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠦᠭᠵᠢᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠪᠦᠷᠢᠨᠴᠢᠮᠡᠭ ᠪᠠᠶᠠᠷ ᠤᠨ ᠦᠭᠡᠨ ᠳᠤ ᠪᠠᠨ᠂ ᠤᠯᠠᠨ ᠵᠢᠯ ᠤᠨ ᠲᠤᠷᠰᠢ᠂ ᠪᠦᠬᠦ ᠬᠤᠲᠠ ᠶᠢᠨ ᠴᠤᠷ ᠤᠨ ᠭᠠᠭᠴᠠ ᠬᠠᠷᠢᠶ᠎ᠠ ᠭᠠᠵᠠᠷ ᠤᠨ ᠲᠤᠲᠤᠷᠠᠬᠢ ᠪᠤᠢ ᠪᠦᠬᠦᠢ ᠭᠠᠴᠠᠭ᠎ᠠ ᠲᠤᠰᠬᠤᠨ ᠢ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠪᠤᠯᠭᠠᠭᠰᠠᠨ ᠬᠤᠰᠢᠭᠤ ᠲᠤᠭᠤᠷᠢᠭ ᠤᠨ ᠬᠤᠪᠢ ᠳᠤ᠂ ᠤᠲᠤᠭ ᠤᠨ ᠡᠮᠦᠨᠡᠲᠦ ᠬᠤᠰᠢᠭᠤ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠠᠯᠠᠮᠵᠢᠯᠠᠯ ᠳᠡᠮᠵᠢᠯᠭᠡ ᠳᠣᠣᠷ᠎ᠠ᠂ ᠦᠶ᠎ᠡ ᠦᠶ᠎ᠡ ᠶᠢᠨ ᠣᠲᠤᠭ ᠤᠨ ᠡᠮᠦᠨᠡᠲᠦ ᠬᠤᠰᠢᠭᠤᠨ ᠤ ᠬᠦᠮᠦᠰ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠭᠠᠳ᠂ ᠬᠦᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠨ ᠰᠢᠨᠡᠳᠪᠡ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠬᠤᠶᠢᠰᠢᠳᠠ ᠶᠢᠨ ᠪᠠᠶᠢᠭᠤᠯᠤᠯᠲᠠ ᠶᠢᠨ ᠳᠣᠮᠳᠠ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠨᠢᠭᠡᠨ ᠰᠠᠯᠠᠭ᠎ᠠ ᠣᠨᠴᠠᠭᠠᠢ ᠡᠩᠨᠡᠭᠡ ᠶᠢᠨ ᠬᠤᠪᠢ ᠪᠠᠷ ᠣᠷᠣᠯᠴᠠᠵᠤ᠂ ᠪᠤᠰᠣᠳ ᠨᠠᠶᠢᠬᠡᠮ ᠤᠨ ᠬᠦᠴᠦᠨ ᠣᠷᠣᠯᠠᠵᠤ ᠪᠤᠯᠤᠰᠢ ᠦᠭᠡᠢ ᠦᠢᠯᠡᠳᠦᠯ ᠢᠶᠠᠨ ᠪᠠᠳᠠᠷᠠᠭᠤᠯᠬᠤ ᠨᠢ ᠯᠠᠪᠲᠠᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ  ᠶᠢ ᠠᠬᠢᠭᠤᠯᠬᠤ ᠨᠠᠶᠢᠬᠡᠮᠯᠢᠭ ᠤᠨ ᠠᠵᠢᠯ ᠢ ᠪᠦᠬᠦ ᠬᠦᠴᠦᠨ ᠢᠶᠠᠷ ᠳᠡᠮᠵᠢᠨ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠬᠦᠮᠦᠨ ᠤ ᠬᠦᠴᠦ᠂ ᠬᠦᠷᠦᠩᠭᠡ ᠪᠡᠯᠡ᠂ ᠡᠳ᠋ ᠪᠤᠳᠠᠰ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠨᠠᠶᠢᠲᠠᠪᠤᠷᠢᠵᠢᠭᠤᠯᠵᠤ᠂ ᠠᠬᠠᠮᠠᠳ ᠨᠦᠬᠦᠳ ᠢᠶᠠᠨ ᠣᠯᠣᠰ ᠲᠦᠷᠦ ᠶᠢᠨ ᠲᠠᠯ᠎ᠠ ᠪᠠᠷ ᠬᠦᠨᠳᠦᠳᠬᠡᠨ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠣᠷᠠᠯ ᠤᠨ ᠲᠠᠯ᠎ᠠ ᠪᠠᠷ ᠬᠠᠷᠠᠭᠠᠯᠵᠠᠨ᠂ ᠲᠠᠳᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠠᠬᠠᠮᠠᠳ ᠨᠦᠬᠦᠳ ᠰᠡᠳᠬᠢᠯ ᠲᠠᠨᠢᠭᠦᠨ ᠢᠶᠠᠷ ᠮᠠᠨ ᠤ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠢᠶᠠᠨ ᠨᠡᠮᠡᠷᠢᠯᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠬᠢᠨ ᠠᠬᠠᠮᠠᠳ ᠣᠳᠣᠷᠢᠳᠣᠯᠭ᠎ᠠ᠂ ᠠᠬᠠᠮᠠᠳ ᠦᠶ᠎ᠡ ᠶᠢᠨ ᠬᠢᠨ ᠤ ᠢᠳᠡᠪᠬᠢᠵᠡᠯ ᠢ ᠨᠡᠩ ᠰᠠᠶᠢᠨ ᠳᠠᠶᠢᠴᠢᠯᠠᠵᠤ᠂ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠪᠠᠶᠢᠭᠤᠯᠤᠯᠲᠠ ᠳᠣᠮᠳᠠ ᠢᠯᠡᠭᠦᠦ ᠰᠠᠨᠠᠯ ᠳᠡᠪᠰᠢᠬᠦᠯᠦᠨ᠂ ᠬᠢᠴᠢᠶᠡᠩᠭᠦᠢ ᠵᠢᠭᠠᠨ ᠵᠢᠯᠤᠭᠤᠳᠴᠤ᠂ ᠣᠬᠢ ᠰᠠᠶᠢᠨ ᠠᠷᠭ᠎ᠠ ᠪᠣᠳᠣᠯᠭ᠎ᠠ ᠭᠠᠷᠭᠠᠨ᠂ ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠦᠬᠦ ᠲᠠᠯ᠎ᠠ ᠶᠢᠨ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠪᠡ᠃     ᠬᠤᠲᠠ ᠶᠢᠨ ᠬᠤᠪᠢᠰᠬᠠᠯ ᠤᠨ ᠡᠷᠲᠡ ᠴᠢᠯᠤᠭᠡᠯᠡᠭᠳᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠬᠤ ᠨᠠᠶᠢᠬᠡᠮᠯᠢᠭ ᠤᠨ ᠳᠡᠳ᠋ ᠳᠠᠷᠤᠭ᠎ᠠ ᠸᠧᠨ ᠮᠢᠩ᠂ ᠰᠣᠶᠣᠯᠲᠣ᠂ ᠪᠣᠷᠣᠪᠠᠯᠭᠠᠰᠤᠨ ᠤ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠣᠷᠭᠠᠭᠤᠯᠢ ᠶᠢᠨ ᠳᠡᠳ᠋  ᠵᠠᠬᠢᠷᠤᠯ  ᠲᠠᠩ ᠳᠠᠯᠠᠢ᠂ ᠬᠤᠰᠢᠭᠤᠨ ᠤ ᠣᠳᠣᠷᠢᠳᠣᠯᠭ᠎ᠠ ᠯᠦᠸᠧ ᠵᠢᠶᠠᠨ ᠰᠢᠶᠦ᠋ᠨ᠂ ᠰᠦᠨ ᠶᠢᠤ ᠵᠢᠶᠦ᠋ᠨ᠂ ᠢᠦᠢ ᠭᠦᠸᠧ ᠴᠢᠶᠠᠩ᠂ ᠡᠾᠧ ᠵᠢᠶᠦ᠋ᠨ ᠶᠧ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠪᠠᠯᠭᠠᠰᠣ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠵᠢᠴᠢ ᠪᠦᠬᠦ ᠬᠡᠷᠡᠭ ᠡᠷᠬᠢᠯᠡᠭᠴᠢᠳ ᠤᠨ ᠵᠢᠱᠢᠭᠳᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号