ᠠᠭᠠᠷ ᠲᠡᠭᠷᠢ ᠴᠡᠯᠮᠡᠭ᠂ ᠠᠭᠤᠷ ᠠᠮᠢᠰᠬᠤᠯ ᠲᠠᠭᠠᠯᠠᠮᠵᠢᠲᠠᠢ ᠠᠯᠲᠠᠨ ᠨᠠᠮᠣᠷ ᠤᠨ ᠠᠷᠪᠠᠨ ᠰᠠᠷ᠎ᠠ ᠳᠤ᠂ | ᠣᠲᠤᠭ ᠤᠨ ᠡᠮᠦᠨᠡᠲᠦ ᠬᠤᠰᠢᠭᠤ ᠦᠩᠭᠡ ᠢᠯᠭᠠᠷᠠᠮ᠎ᠠ ᠦᠵᠡᠮᠵᠢ᠂ ᠡᠯᠪᠡᠭ ᠬᠤᠷᠢᠶᠠᠯᠲᠠ ᠶᠢᠨ ᠪᠠᠶᠠᠰᠣᠯ ᠢᠶᠠᠷ ᠢᠶᠠᠨ | ᠳᠣᠭᠳᠣᠯᠣᠩᠬᠠᠨᠨ ᠪᠠᠶᠢᠯ᠎ᠠ᠃ 10 ᠰᠠᠷ᠎ᠠ ᠶᠢᠨ 13 ᠤ ᠡᠳᠦᠷ᠂ ᠣᠷᠳᠣᠰ ᠬᠤᠲᠠ ᠶᠢᠨ ᠬᠦᠳᠡᠭᠡ ᠲᠣᠰᠬᠤᠨ ᠢ | ᠭᠦᠭᠵᠢᠭᠦᠯᠦᠨ ᠮᠠᠨᠳᠣᠭᠤᠯᠬᠤ ᠵᠢᠴᠢ ᠠᠵᠣ ᠦᠢᠯᠡᠰ ᠢᠶᠠᠷ ᠶᠠᠳᠠᠭᠤ ᠶᠢ ᠳᠡᠳᠭᠦᠭᠦ᠂ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠬᠤᠢ ᠲᠠᠯᠠᠪᠠᠢ ᠶᠢᠨ ᠬᠤᠷᠠᠯ ᠣᠲᠤᠭ ᠤᠨ ᠡᠮᠦᠨᠡᠲᠦ ᠬᠤᠰᠢᠭᠤᠨ ᠳᠤ ᠶᠠᠪᠣᠭᠳᠠᠪᠠ᠃ | ᠠᠬᠤᠢ ᠲᠠᠯᠠᠪᠠᠢ ᠶᠢᠨ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠣᠷ ᠲᠤ ᠲᠤᠭᠤᠷᠢᠨ ᠦᠵᠡᠵᠦ᠂ | ᠲᠠᠨᠢᠯᠴᠠᠭᠤᠯᠭ᠎ᠠ ᠰᠣᠨᠣᠰᠬᠤ᠂ ᠲᠦᠷᠦᠭᠳᠡᠯ ᠢᠶᠠᠨ ᠰᠣᠯᠢᠯᠴᠠᠬᠤ᠂ ᠰᠡᠳᠬᠢᠭᠳᠡᠯ ᠢᠶᠠᠨ ᠵᠦᠢᠴᠢᠯᠡᠬᠦ ᠪᠠᠷ ᠳᠠᠮᠵᠢᠭᠤᠯᠣᠨ᠂ | ᠠᠵᠣ ᠦᠢᠯᠡᠰ ᠢᠶᠠᠷ ᠶᠠᠳᠠᠭᠤ ᠶᠢ ᠳᠡᠳᠭᠦᠬᠦ ᠶᠢ ᠬᠠᠮᠲᠤᠪᠠᠷ ᠰᠦᠪᠡᠭᠴᠢᠯᠡᠵᠦ᠂ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠬᠠᠮᠲᠤᠪᠡᠷ ᠶᠠᠷᠢᠯᠴᠠᠨ᠂ ᠬᠦᠳᠡᠭᠡ ᠲᠣᠰᠬᠤᠨ ᠢ ᠭᠦᠭᠵᠢᠭᠦᠯᠦᠨ ᠮᠠᠨᠳᠣᠭᠤᠯᠬᠤ | ᠬᠦᠭᠵᠢᠯᠲᠡ ᠶᠢᠨ ᠵᠠᠮ ᠢ ᠬᠠᠮᠲᠤᠪᠡᠷ ᠡᠷᠢᠯᠬᠢᠯᠡᠪᠡ᠃ | ᠬᠤᠷᠠᠯ ᠳᠤ ᠣᠷᠣᠯᠴᠠᠭᠰᠠᠳ ᠡᠩ ᠲᠡᠷᠢᠭᠦᠨ ᠳᠤ ᠣᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠣ | ᠪᠠᠯᠭᠠᠰᠣᠨ ᠤ ᠣᠪᠣᠭᠠᠨ ᠬᠠᠲᠠᠭᠤ ᠲᠣᠰᠬᠤᠨ ᠳᠤ ᠬᠦᠷᠴᠦ᠂ ᠢᠤᠢ ᠹᠧᠩ ᠲᠡᠵᠢᠭᠡᠯ ᠡᠪᠡᠰᠦ ᠪᠣᠯᠪᠠᠰᠣᠷᠠᠭᠤᠯᠬᠤ | ᠦᠢᠯᠡᠳᠪᠦᠷᠢ ᠶᠢ ᠲᠤᠭᠤᠷᠢᠨ ᠦᠵᠡᠪᠡ᠂ ︽ᠡᠪᠡᠰᠦ ᠪᠣᠷᠳᠤᠭ᠎ᠠ ᠶᠢᠨ ᠪᠠᠩᠬᠢ︾ ᠨᠢ ᠬᠤᠷᠰᠢᠶᠠᠵᠢᠯ ᠢᠶᠠᠷ | ᠠᠴᠢᠶᠠᠯᠠᠭᠴᠢ ᠪᠣᠯᠭᠠᠨ᠂ ᠮᠠᠯᠴᠢᠨ ᠲᠠᠷᠢᠶᠠᠴᠢᠨ ᠳᠤ ᠣᠷᠣᠯᠠᠨ ᠬᠠᠳᠠᠭᠠᠯᠠᠵᠣ ᠣᠷᠣᠯᠠᠨ ᠪᠣᠯᠪᠠᠰᠣᠷᠠᠭᠤᠯᠣᠨ | ᠬᠤᠳᠠᠯᠳᠣᠬᠤ᠂ ᠬᠠᠳᠠᠭᠠᠯᠠᠵᠣ ᠠᠪᠴᠣ ᠪᠣᠯᠬᠤ᠂ ᠰᠣᠯᠢᠬᠤ᠂ ᠪᠣᠷᠣᠯᠠᠭᠤᠯᠬᠤ ᠦᠢᠯᠡᠴᠢᠯᠡᠭᠡ ᠶᠢ ᠬᠠᠩᠭᠠᠳᠠᠭ᠃ | ᠮᠠᠯᠴᠢᠨ ᠲᠠᠷᠢᠶᠠᠴᠢᠨ ︽ᠡᠪᠡᠰᠦ ᠪᠣᠷᠳᠤᠭ᠎ᠠ ᠶᠢᠨ ᠪᠠᠩᠬᠢ︾ ᠳᠤ ᠬᠦᠷᠴᠦ ᠮᠠᠯ᠂ ᠡᠪᠡᠰᠦ ᠪᠠᠷ ᠲᠡᠵᠢᠭᠡᠯ ᠪᠣᠷᠳᠤᠭ᠎ᠠ | ᠰᠣᠯᠢᠵᠦ ᠪᠣᠯᠣᠨ᠎ᠠ᠃ ᠰᠠᠭᠤᠷᠢᠨᠴᠢᠯᠠᠭᠰᠠᠨ᠂ ᠤᠷᠲᠤ ᠬᠤᠭᠤᠴᠠᠭᠠᠴᠢᠯᠠᠭᠰᠠᠨ᠂ ᠵᠠᠭᠪᠣᠷᠴᠢᠯᠠᠭᠰᠠᠨ | ︽ᠭᠤᠷᠪᠠᠨᠴᠢᠯᠠᠭᠰᠠᠨ ᠵᠠᠮ︾ ᠢᠶᠠᠷ ᠵᠠᠮᠨᠠᠬᠤ ᠪᠠᠷ ᠳᠠᠮᠵᠢᠨ᠂ ︽ᠡᠪᠡᠰᠦ ᠪᠣᠷᠳᠤᠭ᠎ᠠ ᠶᠢᠨ ᠪᠠᠩᠬᠢ︾ ᠨᠢ ᠲᠠᠷᠢᠮᠠᠯ ᠤᠨ | ᠡᠰᠢ ᠰᠦᠷᠡᠯ ᠢ ᠪᠣᠷᠳᠤᠭ᠎ᠠ ᠪᠣᠯᠭᠠᠨ ᠪᠣᠯᠪᠠᠰᠣᠷᠠᠭᠤᠯᠵᠣ᠂ ᠡᠰᠢ ᠰᠦᠷᠡᠯ ᠵᠡᠷᠭᠡ ᠬᠠᠶᠠᠭᠳᠠᠮᠠᠯ ᠪᠣᠳᠠᠰ ᠠᠴᠠ | ᠪᠣᠯᠣᠭᠰᠠᠨ ᠣᠷᠴᠢᠨ ᠲᠤᠭᠤᠷᠢᠨ ᠤ ᠪᠣᠬᠢᠷᠳᠣᠯ ᠵᠢᠴᠢ ᠡᠬᠢ ᠪᠠᠶᠠᠯᠢᠭ ᠤᠨ ᠪᠦᠷᠢᠯᠭᠡᠯᠲᠡ ᠶᠢᠨ ᠠᠰᠠᠭᠤᠳᠠᠯ ᠢ | ᠨᠠᠮᠳᠠᠭᠤᠯᠣᠭᠰᠠᠨ ᠢᠶᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ | ︽ᠦᠨᠦᠳᠦᠷ ᠦᠳᠡ ᠶᠢᠨ ᠡᠮᠦᠨ᠎ᠡ ᠣᠪᠣᠭᠠᠨ ᠬᠠᠲᠠᠭᠤ ᠲᠣᠰᠬᠤᠨ ᠤ ᠲᠡᠵᠢᠭᠡᠯ ᠡᠪᠡᠰᠦ ᠪᠣᠷᠳᠤᠭ᠎ᠠ | ᠪᠣᠯᠪᠠᠰᠣᠷᠠᠭᠤᠯᠬᠤ ᠰᠠᠭᠤᠷᠢᠨ ᠭᠠᠵᠠᠷ ᠢ ᠲᠤᠭᠤᠷᠢᠨ ᠦᠵᠡᠯ᠎ᠡ᠂ ᠣᠲᠤᠭ ᠤᠨ ᠡᠮᠦᠨᠡᠲᠦ ᠬᠤᠰᠢᠭᠤᠨ ᠤ ᠡᠪᠡᠰᠦ | ᠪᠣᠷᠳᠤᠭ᠎ᠠ ᠪᠣᠯᠪᠠᠰᠣᠷᠠᠭᠤᠯᠬᠤ ᠰᠢᠨ᠎ᠡ ᠠᠷᠭ᠎ᠠ ᠵᠠᠮ᠂ ᠠᠵᠣ ᠦᠢᠯᠡᠰ ᠤᠨ ᠪᠦᠲᠦᠴᠡ ᠶᠢᠨ ᠲᠤᠬᠢᠷᠠᠭᠤᠯᠣᠯᠲᠠ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠵᠡᠷᠬᠡ ᠬᠠᠮᠢᠶ᠎ᠠ | ᠪᠦᠬᠦᠢ ᠠᠵᠢᠯ ᠤᠨ ᠠᠬᠢᠭᠤᠯᠣᠯᠲᠠ ᠨᠢ ᠵᠡᠷᠭᠡᠯᠡᠳᠡᠭᠡ ᠬᠤᠰᠢᠭᠤ ᠲᠣᠭᠤᠷᠢᠭ᠂ ᠰᠣᠮᠣ ᠪᠠᠯᠭᠠᠰᠣ ᠪᠣᠯᠣᠭᠰᠠᠨ | ᠪᠢᠳᠠᠨ ᠤ ᠰᠣᠷᠣᠯᠴᠠᠭᠤᠰᠢᠲᠠᠢ ᠵᠦᠢᠯ ᠪᠠᠶᠢᠨ᠎ᠠ︾ ᠭᠡᠵᠦ ᠣᠲᠤᠭ ᠬᠤᠰᠢᠭᠤᠨ ᠤ ᠠᠷᠪᠠᠰ ᠰᠣᠮᠣᠨ ᠤ ᠨᠠᠮ ᠤᠨ | ᠬᠤᠷᠢᠶᠠᠨ ᠤ ᠱᠦᠵᠢ ᠨᠠᠰᠣᠨᠳᠡᠯᠭᠡᠷ ᠣᠯᠣᠯᠲᠠ ᠲᠦᠷᠦᠭᠳᠡᠯ ᠢᠶᠠᠨ ᠶᠠᠷᠢᠭᠰᠠᠨ ᠪᠠᠶᠢᠨ᠎ᠠ ᠃ | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯ | ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠡᠷᠢᠶᠠᠴᠢᠳ︾ ᠤᠨ ᠠᠰᠠᠭᠤᠳᠠᠯ ᠤᠨ ᠴᠢᠬᠤᠯᠠ ᠶᠢᠨ | ᠴᠢᠬᠤᠯᠠ ᠪᠣᠯᠣᠨ᠎ᠠ᠃ ᠣᠲᠤᠭ ᠤᠨ ᠡᠮᠦᠨᠡᠲᠦ ᠬᠤᠰᠢᠭᠤ ᠦᠪᠡᠷᠮᠢᠴᠡ ᠡᠬᠢ ᠰᠣᠷᠪᠣᠯᠵᠢ ᠪᠠ ᠬᠦᠭᠵᠢᠯᠲᠡ ᠶᠢᠨ | ᠰᠠᠭᠤᠷᠢ ᠳᠤ ᠪᠠᠨ ᠰᠠᠭᠤᠷᠢᠯᠠᠵᠣ᠂ ᠠᠵᠣ ᠦᠢᠯᠡᠰ ᠤᠨ ᠪᠠᠶᠢᠷᠢᠯᠠᠭᠤᠯᠣᠯᠲᠠ ᠪᠠᠨ ᠰᠢᠯᠢᠳᠡᠭᠵᠢᠭᠦᠯᠵᠦ᠂ ᠭᠤᠣᠯᠯᠠᠭᠴᠢ | ᠠᠵᠣ ᠦᠢᠯᠡᠰ ᠢ ᠭᠤᠣᠯᠳᠠᠯᠭ᠎ᠠ ᠲᠠᠢ ᠪᠦᠷᠢᠯᠳᠦᠭᠦᠯᠦᠨ᠂ ︽ᠨᠢᠭᠡ ᠲᠦᠪ ᠨᠢᠭᠡ ᠰᠠᠭᠤᠷᠢᠨ᠂ ᠭᠤᠷᠪᠠᠨ ᠪᠦᠰᠡ᠂ | ᠨᠠᠢᠮᠠᠨ ᠬᠦᠷᠢᠶᠡᠯᠡᠩ︾ ᠤᠨ ᠣᠷᠣᠨ ᠪᠦᠰᠡ ᠶᠢᠨ ᠮᠠᠯ ᠲᠠᠷᠢᠶᠠᠯᠠᠩ ᠤᠨ ᠠᠵᠣ ᠦᠢᠯᠡᠰ ᠤᠨ ᠰᠢᠰᠲ᠋ᠧᠮ ᠢ ᠪᠦᠬᠦ | ᠬᠦᠴᠦᠨ ᠢᠶᠠᠷ ᠪᠠᠶᠢᠭᠤᠯᠪᠠ︔ ᠠᠵᠣ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠣ | ᠦᠢᠯᠡᠰ ᠤᠨ ᠭᠦᠭᠵᠢᠯᠲᠡ ᠶᠢᠨ ᠬᠠᠨᠳᠣᠰᠢ᠂ ᠭᠤᠣᠯᠳᠠᠯᠭ᠎ᠠ ᠵᠢᠴᠢ ᠬᠡᠪᠴᠢᠶᠡᠵᠢᠯ ᠢ ᠵᠣᠬᠢᠰᠲᠠᠢ ᠲᠤᠬᠢᠷᠠᠭᠤᠯᠣᠨ᠂ | ᠣᠰᠣ ᠪᠠᠷ ᠨᠡᠭᠡᠭᠡᠨ ᠭᠦᠭᠵᠢᠭᠦᠯᠬᠦ ᠶᠢ ᠲᠣᠭᠲᠠᠭᠠᠬᠤ ᠶᠢ ᠪᠠᠷᠢᠮᠲᠠᠯᠠᠵᠤ᠂ ᠬᠠᠣᠯᠢ ᠪᠣᠰᠣ ᠪᠠᠷ ᠭᠠᠵᠠᠷ ᠰᠢᠷᠣᠢ | ᠬᠠᠭᠠᠯᠪᠣᠷᠢᠯᠠᠬᠤ ᠶᠢ ᠴᠠᠭᠠᠵᠠᠯᠠᠨ᠂ ᠠᠵᠣ ᠦᠢᠯᠡᠰ ᠤᠨ ᠬᠡᠯᠬᠢᠶᠡᠵᠢᠯ ᠤᠨ ᠲᠣᠲᠠᠭᠤᠳᠠᠯ ᠪᠠ ᠪᠠᠭᠤᠷᠠᠢ ᠲᠠᠯ᠎ᠠ ᠶᠢ | ᠭᠤᠣᠯᠳᠠᠯᠭ᠎ᠠ ᠲᠠᠢ ᠳᠡᠮᠵᠢᠵᠦ᠂ ᠠᠵᠣ ᠦᠢᠯᠡᠰ ᠤᠨ ᠪᠦᠲᠦᠴᠡ ᠶᠢ ᠭᠦᠨᠵᠡᠭᠡᠢ ᠰᠢᠯᠢᠳᠡᠭᠵᠢᠭᠦᠯᠪᠡ︔ | ᠡᠵᠡᠩᠨᠡᠯᠲᠡ ᠶᠢᠨ ᠭᠤᠣᠯ ᠴᠤᠭᠴᠠ ᠶᠢ ᠦᠷᠭᠦᠯᠵᠢᠯᠡᠨ ᠳᠡᠳᠭᠦᠨ ᠰᠢᠯᠢᠳᠡᠭᠵᠢᠭᠦᠯᠵᠦ᠂ ᠡᠬᠢ ᠰᠣᠷᠪᠣᠯᠵᠢ ᠡᠳ᠋ | ᠬᠦᠷᠦᠩᠭᠡ ᠶᠢ ᠬᠤᠪᠢ ᠨᠣᠭᠤᠯᠣᠨ ᠬᠡᠮᠵᠢᠶᠡᠯᠡᠬᠦ᠂ ᠬᠤᠪᠢ ᠣᠷᠣᠵᠣ ᠠᠰᠢᠭ ᠬᠤᠪᠢᠶᠠᠬᠤ ᠰᠢᠨ᠎ᠡ ᠵᠠᠮ ᠢ ᠨᠡᠭᠡᠭᠡᠵᠦ᠂ | ᠮᠠᠯ ᠲᠠᠷᠢᠶᠠᠯᠠᠩ ᠤᠨ ᠠᠵᠣ ᠦᠢᠯᠡᠰᠵᠢᠭᠰᠡᠨ ᠲᠤᠯᠤᠭᠠᠶᠢᠯᠠᠭᠴᠢ ᠠᠵᠣ ᠠᠬᠤᠶᠢᠯᠠᠯ᠂ ᠬᠠᠮᠲᠣᠷᠠᠯ ᠵᠣᠬᠢᠶᠠᠨ | ᠪᠠᠶᠢᠭᠤᠯᠣᠯᠲᠠ᠂ ᠵᠠᠭᠤᠴᠢᠯᠠᠭᠴᠢ ᠶᠢᠨ ᠡᠩᠨᠡᠭᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ | ᠪᠣᠶᠢᠵᠢᠭᠤᠯᠵᠣ᠂ ︽ᠲᠣᠯᠣᠭᠠᠶᠢᠯᠠᠭᠴᠢ ᠠᠵᠣ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠮᠠᠯᠵᠢᠬᠤ | ᠲᠠᠷᠢᠶᠠᠯᠠᠬᠤ ᠡᠷᠦᠬᠡ︾ ᠶᠢᠨ ᠠᠵᠣ ᠦᠢᠯᠡᠰ ᠤᠨ ᠵᠠᠭᠪᠣᠷ ᠡᠳᠦᠷ ᠢᠷᠡᠬᠦᠶ᠎ᠡ ᠲᠡᠭᠦᠯᠳᠡᠷᠵᠢᠨ᠂ ᠮᠠᠯᠵᠢᠬᠤ ᠲᠠᠷᠢᠶᠠᠯᠠᠬᠤ | ᠡᠷᠦᠬᠡ ᠪᠠ ᠣᠳᠣ ᠦᠶ᠎ᠡ ᠶᠢᠨ ᠮᠠᠯ ᠲᠠᠷᠢᠶᠠᠯᠠᠩ ᠤᠨ ᠭᠦᠭᠵᠢᠯᠲᠡ ᠶᠢᠨ ᠣᠷᠭᠠᠨᠢᠭ ᠤᠶᠠᠯᠳᠣᠯ ᠢ ᠪᠠᠶᠠᠯᠠᠭᠦᠯᠪᠠ᠃ | ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠳ ᠣᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠣ | ᠪᠠᠯᠭᠠᠰᠣᠨ ᠤ ᠵᠡᠭᠡᠷᠭᠡᠨᠡᠲᠦ ᠲᠣᠰᠬᠤᠨ ᠳᠤ ᠬᠦᠷᠴᠦ᠂ ᠠᠵᠣ ᠦᠢᠯᠡᠰ ᠤᠨ ᠬᠦᠭᠵᠢᠯᠲᠡ ᠪᠠ ᠵᠠᠬ᠎ᠠ ᠳᠡᠯᠭᠡᠭᠦᠷ ᠤᠨ | ᠡᠷᠭᠢᠯᠲᠡ ᠶᠢᠨ ᠪᠠᠶᠢᠳᠠᠯ ᠢ ᠣᠶᠢᠯᠠᠭᠠᠪᠠ᠂ ᠬᠤᠲᠠ ᠶᠢᠨ ᠲᠡᠰ ᠤᠨ ᠬᠦᠳᠡᠭᠡ ᠲᠣᠰᠬᠤᠨ ᠢ ᠭᠦᠭᠵᠢᠭᠦᠯᠦᠨ | ᠮᠠᠨᠳᠣᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠣᠭᠰᠠᠨ ᠤ ᠬᠤᠪᠢ ᠳᠤ᠂ ᠵᠡᠭᠡᠷᠭᠡᠨᠡᠲᠦ ᠲᠣᠰᠬᠤᠨ ᠪᠦᠬᠦ | ᠬᠤᠲᠠ ᠶᠢᠨ ︽ᠲᠠᠪᠣᠨ ᠣᠳᠣᠨ ᠨᠢᠭᠡ ᠣᠨᠴᠠᠯᠢᠭᠲᠣ︾ ᠪᠠᠶᠢᠭᠤᠯᠣᠯᠲᠠ ᠶᠢᠨ ᠪᠠᠷᠢᠮᠵᠢᠶ᠎ᠠ ᠶᠢᠨ ᠲᠤᠭᠤᠷᠢᠨ ᠳᠤ | ᠭᠦᠭᠵᠢᠬᠦᠯᠦᠯᠲᠡ ᠬᠢᠵᠦ᠂ ᠳᠠᠷᠣᠢ ᠠᠷᠠᠳ ᠢ ᠪᠠᠶᠠᠵᠢᠭᠤᠯᠬᠤ ᠬᠤᠰᠢᠭᠤᠴᠢ ᠪᠣᠯᠬᠤ ᠪᠠᠷ ᠬᠠᠷᠠᠯᠲᠠ ᠪᠣᠯᠭᠠᠭᠰᠠᠨ | ︽ᠨᠠᠮ ᠤᠨ ᠪᠠᠶᠢᠭᠤᠯᠣᠯᠲᠠ︾ ᠶᠢᠨ ᠣᠳᠣᠨ᠂ ᠠᠵᠣ ᠦᠢᠯᠡᠰ ᠢ ᠭᠦᠭᠵᠢᠭᠦᠯᠬᠦ ᠪᠠᠷ ᠭᠤᠣᠯᠳᠠᠯᠭ᠎ᠠ ᠪᠣᠯᠭᠠᠭᠰᠠᠨ | ︽ᠴᠢᠨᠡᠭᠡᠯᠢᠭ︾ ᠤᠨ ᠣᠳᠣᠨ᠂ ᠠᠮᠢ ᠠᠬᠤᠶᠢᠴᠢ ᠰᠠᠭᠤᠷᠢᠰᠢᠯ ᠢᠶᠠᠷ ᠵᠠᠩᠬᠢᠯᠠᠭ᠎ᠠ ᠪᠣᠯᠭᠠᠭᠰᠠᠨ ︽ᠦᠵᠡᠰᠭᠦᠯᠡᠩ︾ | ᠤᠨ ᠣᠳᠣᠨ᠂ ᠪᠦᠲᠦᠮᠵᠢᠲᠠᠢ ᠵᠠᠰᠠᠯᠲᠠ ᠪᠠᠷ ᠰᠠᠭᠤᠷᠢ ᠪᠣᠯᠭᠠᠭᠰᠠᠨ ︽ᠡᠶ᠎ᠡ ᠨᠠᠶᠢᠷᠠᠮᠳᠠᠭᠤ︾ ᠶᠢᠨ ᠣᠳᠣᠨ᠂ | ᠨᠣᠲᠤᠭ ᠤᠨ ᠪᠣᠯᠪᠠᠰᠣᠨ ᠰᠣᠷᠲᠠᠯ ᠢᠶᠠᠷ ᠤᠳᠤᠷᠢᠳᠤᠮᠵᠢ ᠪᠣᠯᠭᠠᠭᠰᠠᠨ ︽ᠪᠣᠯᠪᠠᠰᠣᠨ︾ ᠤ ᠣᠳᠣᠨ ᠢ ᠴᠤᠭᠴᠠᠯᠠᠨ᠂ | ︽ᠲᠠᠷᠢᠶᠠᠯᠠᠩ ᠵᠢᠭᠤᠯᠴᠢᠯᠠᠯ ︾ ᠢ ᠨᠢᠭᠡ ᠴᠣᠭᠴᠠᠵᠢᠭᠤᠯᠣᠭᠰᠠᠨ ᠣᠨᠴᠠᠯᠢᠭᠲᠣ ᠲᠣᠰᠬᠤᠨ ᠢ ᠪᠠᠶᠢᠭᠤᠯᠣᠭᠰᠠᠨ | ᠪᠠᠶᠢᠨ᠎ᠠ᠃ ᠬᠤᠷᠠᠯ ᠳᠤ ᠣᠷᠣᠯᠴᠠᠭᠰᠠᠳ ᠠᠬᠤᠢ ᠲᠠᠯᠠᠪᠠᠢ ᠳᠤ ᠶᠠᠷᠢᠯᠴᠠᠨ᠂ ᠬᠦᠳᠡᠭᠡ ᠲᠣᠰᠬᠤᠨ ᠢ ᠭᠦᠭᠵᠢᠭᠦᠯᠦᠨ | ᠮᠠᠨᠳᠣᠭᠤᠯᠬᠤ ᠠᠵᠢᠯ ᠤᠨ ᠲᠤᠷᠰᠢᠯᠭ᠎ᠠ᠂ ᠠᠷᠭ᠎ᠠ ᠪᠠᠷᠢᠯ ᠢᠶᠠᠨ ᠰᠣᠯᠢᠯᠴᠠᠪᠠ᠃ ᠬᠦᠳᠡᠭᠡ ᠲᠣᠰᠬᠤᠨ ᠢ ᠭᠦᠭᠵᠢᠭᠦᠯᠦᠨ | ᠮᠠᠨᠳᠣᠭᠤᠯᠬᠤ᠂ ᠠᠵᠣ ᠦᠢᠯᠡᠰ ᠢ ᠬᠦᠭᠵᠢᠭᠦᠯᠬᠦ ᠲᠦᠷᠦ ᠶᠢᠨ ᠪᠣᠳᠣᠯᠭ᠎ᠠ ᠶᠢᠨ ᠳᠠᠶᠢᠴᠢᠯᠡᠯ ᠳᠣᠣᠷ᠎ᠠ᠂ ᠣᠲᠤᠭ ᠤᠨ | ᠡᠮᠦᠨᠡᠲᠦ ᠬᠤᠰᠢᠭᠤ ᠮᠠᠯᠴᠢᠨ ᠲᠠᠷᠢᠶᠠᠴᠢᠨ ᠬᠢᠬᠡᠳ ᠠᠵᠣ ᠠᠬᠤᠶᠢᠯᠠᠯ ᠤᠨ ᠠᠰᠢᠭ ᠲᠤᠰᠠ ᠶᠢ ᠨᠠᠷᠢᠯᠢᠭ ᠣᠨᠣᠴᠠᠲᠠᠢ | ᠬᠤᠯᠪᠣᠯᠳᠣᠭᠤᠯᠬᠤ᠂ ᠠᠵᠣ ᠦᠢᠯᠡᠰ ᠤᠨ ᠬᠦᠭᠵᠢᠯᠲᠡ ᠶᠢ ᠣᠨᠣᠴᠠᠲᠠᠢ ᠲᠣᠬᠢᠷᠠᠭᠤᠯᠬᠤ᠂ ᠰᠢᠨᠵᠢᠯᠡᠭᠡ ᠮᠡᠷᠭᠡᠵᠢᠯ ᠤᠨ | ᠤᠨᠤᠴᠠᠲᠠᠢ ᠦᠢᠯᠡᠴᠢᠯᠡᠭᠡ ᠶᠢ ᠡᠷᠦᠬᠡ ᠳᠤ ᠬᠦᠷᠲᠡᠯ᠎ᠡ ᠨᠠᠷᠢᠯᠢᠭᠵᠢᠭᠤᠯᠬᠤ ᠶᠢ ᠠᠬᠢᠭᠤᠯᠣᠨ᠂ ᠬᠤᠰᠢᠭᠤᠨ ᠳᠤ | ᠰᠠᠭᠤᠭ᠎ᠠ 87 ᠠᠵᠣ ᠠᠬᠤᠶᠢᠯᠠᠯ ᠪᠠ 68 ᠭᠠᠴᠠᠭ᠎ᠠ ᠲᠣᠰᠬᠤᠨ ᠢ ᠬᠠᠮᠲᠣᠷᠠᠨ ᠠᠵᠢᠯᠯᠠᠭᠤᠯᠵᠣ᠂ 9000 ᠡᠷᠦᠬᠡ | ᠮᠠᠯᠴᠢᠨ ᠲᠠᠷᠢᠶᠠᠴᠢᠨ ᠢ ᠳᠠᠶᠢᠴᠢᠯᠠᠨ᠂ ᠡᠷᠦᠬᠡ ᠪᠦᠷᠢ ᠶᠢᠨ ᠨᠡᠮᠡᠭᠳᠡᠯ ᠣᠷᠣᠯᠭ᠎ᠠ 9000 ᠲᠦᠭᠦᠷᠢᠭ ᠢ ᠳᠠᠪᠠᠭᠰᠠᠨ | ᠪᠠᠶᠢᠨ᠎ᠠ᠃ ᠣᠨᠴᠠᠭᠠᠶᠢᠯᠠᠨ ᠶᠠᠳᠠᠭᠤ ᠬᠦᠴᠢᠷᠳᠡᠯᠲᠡᠢ ᠡᠷᠦᠬᠡ ᠲᠠᠢ ᠬᠤᠯᠪᠣᠭᠠᠯᠠᠬᠤ ᠲᠠᠯ᠎ᠠ ᠪᠠᠷ᠂ ᠭᠠᠴᠠᠭ᠎ᠠ ᠲᠣᠰᠬᠤᠨ᠂ | ᠬᠤᠷᠰᠢᠶ᠎ᠠ ᠪᠠᠷ ᠨᠢᠭᠡᠴᠢ ᠪᠣᠯᠭᠠᠵᠣ ᠳᠡᠳᠭᠦᠨ ᠳᠡᠮᠵᠢᠬᠦ ᠪᠠᠷᠢᠮᠵᠢᠶ᠎ᠠ ᠪᠠᠨ ᠨᠠᠷᠢᠯᠢᠭᠵᠢᠭᠤᠯᠵᠣ ᠲᠣᠲᠣᠷᠬᠠᠶᠢᠯᠠᠨ᠂ ᠠᠵᠤ | ᠦᠢᠯᠡᠰ ᠢᠶᠠᠷ ᠶᠠᠳᠠᠭᠤ ᠶᠢ ᠳᠡᠳᠭᠦᠬᠦ 51 ᠲᠦᠷᠦᠯ ᠵᠦᠢᠯ ᠢ ᠨᠠᠶᠢᠲᠠᠪᠤᠷᠢᠵᠢᠭᠤᠯᠵᠣ᠂ 43 ᠭᠠᠴᠠᠭ᠎ᠠ ᠲᠣᠰᠬᠤᠨ ᠢ | ᠳᠡᠮᠵᠢᠵᠦ ᠬᠠᠮᠲᠣ ᠶᠢᠨ ᠠᠵᠣ ᠠᠬᠤᠢ ᠶᠢ ᠭᠦᠭᠵᠢᠭᠦᠯᠦᠨ᠂ 607 ᠡᠷᠦᠬᠡ 1607 ᠶᠠᠳᠠᠭᠤ ᠬᠦᠴᠢᠷᠳᠡᠯᠲᠡᠢ | ᠬᠦᠮᠦᠨ ᠠᠮᠠ ᠶᠢ ᠠᠵᠣ ᠦᠢᠯᠡᠰ ᠤᠨ ᠬᠡᠯᠬᠢᠶᠡᠨ ᠳᠤ ᠤᠷᠤᠭᠤᠯᠤᠭᠰᠠᠨ ᠪᠠᠶᠢᠨ᠎ᠠ᠃ | ᠪᠣᠷᠣᠪᠠᠯᠭᠠᠰᠣ ᠪᠠᠯᠭᠠᠰᠣᠨ ᠤ ᠪᠣᠷᠣᠪᠠᠯᠭᠠᠰᠣ ᠭᠠᠴᠠᠭ᠎ᠠ ᠶᠢᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠪᠣᠭᠤᠳᠠᠯᠯᠠᠬᠤ ᠬᠠᠶᠢᠷᠴᠠᠭ ᠤᠨ ᠦᠢᠯᠡᠳᠪᠦᠷᠢ ᠳᠤ᠂ ᠬᠤᠷᠠᠯ ᠳᠤ ᠣᠷᠣᠯᠴᠠᠭᠰᠠᠳ ᠠᠵᠣ | ᠦᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠦᠢᠯ ᠤᠨ ᠡᠷᠭᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠪᠠ᠂ ᠲᠤᠰ ᠦᠢᠯᠡᠳᠪᠦᠷᠢ ᠪᠣᠷᠣᠪᠠᠯᠭᠠᠰᠤ ᠪᠠᠯᠭᠠᠰᠣᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠭᠦᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠲᠣᠲᠣᠷ᠎ᠠ ᠪᠠᠶᠢᠷᠢᠯᠠᠵᠣ᠂ ᠲᠦᠷᠦᠯ ᠵᠦᠢᠯ ᠤᠨ ᠶᠡᠷᠦᠩᠬᠡᠢ | ᠪᠡᠯᠡ ᠣᠷᠣᠭᠤᠯᠣᠯᠲᠠ 500 ᠲᠦᠮᠡᠨ ᠲᠦᠭᠦᠷᠢᠭ᠂ 2020 ᠣᠨ ᠤ ᠪᠦᠬᠦ ᠪᠠᠯᠭᠠᠰᠣᠨ ᠤ ︽ᠬᠤᠪᠢᠰᠬᠠᠯᠲᠣ | ᠬᠦᠮᠦᠵᠢᠯ ᠤᠨ ᠠᠵᠣ ᠦᠢᠯᠡᠰ ᠢᠶᠠᠷ ᠤᠳᠤᠷᠢᠳᠤᠮᠵᠢ ᠪᠣᠯᠭᠠᠭᠰᠠᠨ᠂ ᠪᠣᠬᠢᠷᠳᠣᠯ ᠦᠭᠡᠢ ᠠᠵᠣ ᠦᠢᠯᠡᠰ ᠢᠶᠠᠷ ᠢᠵᠢ | ᠪᠦᠷᠢᠳᠦᠭᠦᠯᠬᠦ︾ ᠨᠠᠮ ᠤᠨ ᠪᠠᠶᠢᠭᠤᠯᠣᠯᠲᠠ ᠶᠢᠨ ︽ᠱᠦᠵᠢ ᠶᠢᠨ ᠲᠦᠷᠦᠯ ᠵᠦᠢᠯ︾ ᠪᠣᠯᠣᠨ᠎ᠠ᠃ ᠭᠠᠴᠠᠭᠠᠨ ᠤ | ᠺᠠᠳ᠋ᠷ ᠪᠠ ᠠᠵᠣ ᠦᠢᠯᠡᠰ ᠤᠨ ᠴᠢᠳᠠᠪᠣᠷᠢᠲᠠᠨ ᠤ ᠲᠣᠯᠣᠭᠠᠶᠢᠯᠠᠭᠴᠢ ᠠᠴᠠ ᠮᠠᠯᠴᠢᠨ ᠲᠠᠷᠢᠶᠠᠴᠢᠨ ᠤ ᠲᠤᠰᠬᠠᠢ | ᠬᠤᠷᠰᠢᠶᠠᠵᠢᠯ ᠪᠠ ᠠᠵᠣ ᠠᠬᠤᠶᠢᠯᠠᠯ ᠢ ᠳᠠᠩᠰᠠᠯᠠᠭᠤᠯᠣᠨ ᠪᠠᠶᠢᠭᠤᠯᠵᠣ᠂ ᠬᠠᠮᠲᠣ ᠶᠢᠨ ᠠᠵᠣ ᠠᠬᠤᠢ ᠶᠢ | ᠭᠦᠭᠵᠢᠭᠦᠯᠦᠨ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦ ᠶᠢ | ᠳᠠᠶᠢᠴᠢᠯᠠᠭᠰᠠᠨ ᠪᠠᠶᠢᠨ᠎ᠠ᠃ | ᠣᠲᠤᠭ ᠤᠨ ᠡᠮᠦᠨᠡᠲᠦ ᠬᠤᠰᠢᠭᠤ ᠠᠵᠣ ᠦᠢᠯᠡᠰ ᠤᠨ ᠭᠦᠭᠵᠢᠯᠲᠡ ᠶᠢᠨ ᠰᠠᠭᠤᠷᠢ ᠪᠠᠨ ᠪᠠᠬᠢᠵᠢᠭᠦᠯᠦᠭᠰᠡᠨ ᠢᠶᠠᠷ | ᠦᠯᠦ ᠪᠠᠷᠠᠨ᠂ ᠠᠵᠣ ᠦᠢᠯᠡᠰ ᠤᠨ ᠶᠠᠰᠣ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠵᠢᠱᠢᠶ᠎ᠡ ᠦᠵᠡᠭᠦᠯᠬᠦ | ᠳᠠᠶᠢᠴᠢᠯᠡᠯ ᠢ ᠴᠢᠩᠭᠠᠳᠬᠠᠬᠤ ᠳᠡᠭᠡᠷ᠎ᠡ ᠬᠦᠴᠦᠯᠡᠪᠡ᠃ ᠮᠠᠯ ᠲᠠᠷᠢᠶᠠᠯᠠᠩ ᠤᠨ ᠪᠠᠷᠢᠮᠵᠢᠶᠠᠵᠢᠯᠲᠠ᠂ ᠮᠠᠯ | ᠲᠠᠷᠢᠶᠠᠯᠠᠩ ᠤᠨ ᠪᠦᠲᠦᠭᠡᠭᠳᠡᠭᠦᠨ ᠤ ᠲᠡᠮᠲᠡᠭᠴᠢᠯᠡᠯᠲᠡ᠂ ᠮᠠᠯ ᠲᠠᠷᠢᠶᠠᠯᠠᠩ ᠤᠨ ᠪᠤᠬᠢᠷᠳᠣᠯ ᠦᠭᠡᠢ ᠪᠠᠶᠢᠭᠤᠯᠣᠯᠲᠠ ᠪᠠᠷ | ᠳᠠᠮᠵᠢᠭᠤᠯᠣᠨ ᠲᠠᠷᠢᠶᠠᠯᠠᠩ ᠮᠠᠯ ᠠᠵᠣ ᠠᠬᠤᠢ ᠶᠢᠨ ᠲᠤᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠲᠡᠰᠢᠬᠢ | ᠬᠤᠪᠢᠷᠠᠭᠤᠯᠣᠯᠲᠠ ᠶᠢ ᠪᠠᠶᠠᠯᠠᠭᠦᠯᠵᠦ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 5 | ᠪᠠᠶᠢᠭᠤᠯᠣᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠷᠡᠲᠦ ᠲᠡᠮᠲᠡᠭ ᠢ 26 ᠪᠣᠶᠢᠵᠢᠭᠤᠯᠵᠣ᠂ | ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠶᠢ ᠪᠠᠭᠠᠰᠬᠠᠨ᠂ ᠣᠰᠣ ᠪᠣᠷᠳᠣᠭᠤᠷ ᠢ ᠨᠢᠭᠡ | ᠴᠣᠭᠴᠠᠵᠢᠭᠤᠯᠣᠭᠰᠠᠨ ᠲᠦᠭᠡᠮᠡᠯᠵᠢᠭᠦᠯᠦᠯᠲᠡ ᠶᠢᠨ ᠲᠠᠯᠠᠪᠠᠢ 95% ᠳᠤ ᠬᠦᠷᠪᠡ᠃ ᠬᠤᠷᠠᠯ ᠳᠤ ᠣᠷᠣᠯᠴᠠᠭᠰᠠᠳ | ᠲᠤᠭᠤᠷᠢᠨ ᠦᠵᠡᠬᠦ ᠬᠠᠮᠤᠭ ᠡᠴᠦᠰ ᠤᠨ ᠦᠷᠲᠡᠭᠡ ᠬᠤᠲᠠ ᠶᠢᠨ ᠲᠡᠰ ᠤᠨ ᠬᠦᠳᠡᠭᠡ ᠲᠣᠰᠬᠤᠨ ᠢ ᠭᠦᠭᠵᠢᠭᠦᠯᠦᠨ | ᠮᠠᠨᠳᠣᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠡᠬᠡᠴᠠᠶᠢᠳᠠᠮ ᠭᠠᠴᠠᠭᠠᠨ ᠳᠤ ᠬᠦᠷᠴᠦ᠂ ᠲᠡᠵᠢᠭᠡᠪᠣᠷᠢ ᠶᠢᠨ ᠡᠷᠣᠭᠡ | ᠠᠷᠪᠢᠨᠪᠤᠯᠠᠭ ᠤᠨ ᠬᠢᠨ ᠤ ᠳᠤ ᠲᠤᠭᠤᠷᠢᠨ ᠦᠵᠡᠪᠡ᠂ ᠶᠡᠬᠡᠴᠠᠶᠢᠳᠠᠮ ᠭᠠᠴᠠᠭ᠎ᠠ ᠪᠣᠯ ᠮᠠᠯᠵᠢᠬᠤ ᠪᠠᠷ ᠭᠤᠣᠯ ᠪᠣᠯᠭᠠᠨ | ᠮᠠᠯ ᠲᠠᠷᠢᠶᠠᠯᠠᠩ ᠢ ᠤᠶᠠᠯᠳᠣᠭᠤᠯᠣᠭᠰᠠᠨ ᠭᠠᠴᠠᠭ᠎ᠠ ᠪᠣᠯᠣᠨ᠎ᠠ᠂ ᠠᠯᠠᠰᠢᠨ ᠬᠤᠨᠢᠨ ᠤ ᠰᠠᠶᠢᠨ ᠡᠭᠦᠯᠳᠡᠷ ᠢ ᠲᠡᠵᠢᠭᠡᠨ | ᠦᠷᠡᠵᠢᠭᠦᠯᠬᠦ ᠭᠦᠭᠵᠢᠭᠦᠯᠦᠯᠲᠡ ᠳᠡᠭᠡᠷ᠎ᠡ᠂ ︽ᠨᠢᠭᠡ ᠬᠤᠪᠢᠶᠠᠨ ᠳᠦᠷᠪᠡ ᠶᠢ ᠨᠢᠭᠡᠳᠭᠡᠬᠦ︾ ᠵᠠᠭᠪᠣᠷ ᠢ | ᠬᠡᠷᠡᠭᠵᠢᠭᠦᠯᠵᠦ ᠪᠣᠢ᠃ ︽ᠨᠢᠭᠡ ᠬᠤᠪᠢᠶᠠᠬᠤ︾ ᠭᠡᠳᠡᠭ ᠨᠢ ᠡᠷᠦᠭᠡ ᠬᠤᠪᠢᠶᠠᠨ ᠠᠷᠠᠴᠢᠯᠠᠬᠤ ᠶᠢ ᠵᠢᠭᠠᠵᠣ᠂ | ︽ᠳᠦᠷᠪᠡ ᠶᠢ ᠨᠢᠭᠡᠳᠭᠡᠬᠦ︾ ᠭᠡᠳᠡᠭ ᠨᠢ ᠡᠭᠦᠯᠳᠡᠷ᠂ ᠬᠡᠬᠡᠯᠲᠦᠭᠦᠯᠭᠡ᠂ ᠬᠢᠵᠢᠭ ᠤᠨ ᠰᠡᠷᠭᠡᠶᠢᠯᠡᠯᠲᠡ ᠪᠠ | ᠪᠣᠷᠣᠯᠠᠭᠤᠯᠭ᠎ᠠ ᠶᠢ ᠨᠢᠭᠡᠳᠭᠡᠬᠦ ᠶᠢ ᠵᠢᠭᠠᠵᠣ ᠪᠣᠢ᠃ ᠡᠨᠡ ᠬᠦ ᠠᠷᠠᠴᠢᠯᠠᠭ᠎ᠠ ᠶᠢᠨ ᠵᠠᠭᠪᠣᠷ ᠨᠢ ᠣᠯᠠᠮᠵᠢᠯᠠᠯᠲᠣ ᠮᠠᠯ ᠠᠵᠣ | ᠠᠬᠤᠢ ᠠᠴᠠ ᠣᠳᠣ ᠦᠶ᠎ᠡ ᠶᠢᠨ ᠦᠨᠳᠦᠷ ᠪᠦᠲᠦᠮᠵᠢᠲᠦ ᠮᠠᠯ ᠠᠵᠣ ᠠᠬᠤᠢ ᠲᠡᠰᠢᠬᠢ ᠬᠤᠪᠢᠷᠠᠭᠤᠯᠣᠯᠲᠠ ᠶᠢ | ᠪᠡᠶᠡᠯᠡᠭᠦᠯᠪᠡ᠃ ︽ᠦᠨᠦᠳᠦᠷ ᠨᠢᠭᠡ ᠦᠳᠡ ᠶᠢᠨ ᠡᠮᠦᠨ᠎ᠡ ᠲᠤᠭᠤᠷᠢᠨ ᠦᠵᠡᠵᠦ ᠰᠣᠷᠣᠯᠴᠠᠭᠠᠳ᠂ ᠨᠠᠳᠠ ᠳᠤ ᠶᠡᠭᠡ | ᠣᠯᠣᠯᠲᠠ ᠲᠠᠢ᠂ ᠣᠨᠴᠠᠭᠠᠶᠢᠯᠠᠨ ᠶᠡᠬᠡᠴᠠᠶᠢᠳᠠᠮ ᠭᠠᠴᠠᠭᠠᠨ ᠤ ᠡᠨᠡ ᠮᠠᠯᠴᠢᠨ ᠠᠶᠢᠯ᠂ ᠲᠡᠵᠢᠭᠡᠪᠦᠷᠢ ᠶᠢᠨ ᠦᠢᠯᠡᠰ ᠢ | ᠲᠣᠶᠢᠯ ᠤᠨ ᠰᠠᠶᠢᠨ ᠬᠢᠵᠦ᠂ ᠬᠠᠰᠢᠶ᠎ᠠ ᠰᠠᠷᠠᠪᠴᠢ ᠪᠠᠶᠢᠭᠤᠯᠬᠤ ᠳᠤ ᠪᠡᠯᠡ ᠮᠦᠩᠭᠦ ᠪᠠᠭ᠎ᠠ ᠵᠠᠷᠣᠴᠠᠭᠤᠯᠣᠭᠰᠠᠨ | ᠪᠦᠭᠡᠳ ᠠᠷᠠᠴᠢᠯᠠᠭ᠎ᠠ ᠶᠢᠨ ᠬᠡᠮᠵᠢᠶ᠎ᠡ ᠶᠡᠭᠡ᠂ ᠠᠦ᠋ᠲ᠋ᠤ᠋ ᠮᠠᠰᠢᠨ ᠢᠶᠠᠷ ᠡᠪᠡᠰᠦ ᠪᠣᠷᠳᠤᠭ᠎ᠠ ᠣᠷᠣᠭᠤᠯᠳᠠᠭ᠂ ᠬᠠᠰᠢᠶ᠎ᠠ | ᠰᠠᠷᠠᠪᠴᠢ ᠶᠢᠨ ᠲᠦᠭᠦᠭᠡᠷᠦᠮᠵᠢ ᠨᠠᠯᠢᠶᠡᠳ ᠰᠠᠶᠢᠨ ᠪᠠᠶᠢᠨ᠎ᠠ᠃ ᠢᠩᠬᠢᠭᠡᠳ ᠪᠢ ᠮᠠᠨ ᠤ ᠲᠣᠰᠬᠤᠨ ᠤ | ᠬᠡᠰᠢᠭᠦᠳ ᠢᠶᠠᠨ ᠳᠠᠭᠠᠭᠤᠯᠣᠨ ᠠᠪᠴᠢᠷᠠᠵᠣ ᠲᠣᠰ ᠡᠷᠦᠬᠡ ᠶᠢ ᠲᠣᠭᠤᠷᠢᠨ ᠦᠵᠡᠭᠦᠯᠦᠶ᠎ᠡ ᠭᠡᠵᠦ ᠪᠣᠳᠣᠵᠣ ᠪᠠᠶᠢᠨ᠎ᠠ᠂ | ᠦᠷᠦᠭᠡᠯ ᠤᠨ ᠲᠣᠷᠰᠢᠯᠭ᠎ᠠ ᠶᠢ ᠰᠣᠷᠣᠯᠴᠠᠵᠣ ᠦᠪᠡᠷ ᠢ ᠪᠠᠨ ᠲᠡᠭᠦᠯᠳᠡᠷᠵᠢᠭᠦᠯᠦᠶ᠎ᠡ︾ ᠭᠡᠵᠦ ᠪᠣᠷᠣᠪᠠᠯᠭᠠᠰᠣ | ᠪᠠᠯᠭᠠᠰᠣᠨ ᠤ ᠵᠡᠭᠡᠷᠭᠡᠨᠡᠲᠦ ᠲᠣᠰᠬᠤᠨ ᠤ ᠨᠠᠮ ᠤᠨ ᠡᠭᠦᠷ ᠤᠨ ᠱᠦᠵᠢ ᠬᠤ᠋ ᠱᠤᠸᠠᠩ ᠱᠠᠨ ᠪᠡᠶᠡᠷᠲᠡᠢ ᠬᠡᠯᠡᠪᠡ᠃ | ᠡᠭᠦᠨ ᠤ ᠬᠠᠮᠲᠣ᠂ ᠣᠲᠤᠭ ᠤᠨ ᠡᠮᠦᠨᠡᠲᠦ ᠬᠤᠰᠢᠭᠤ ᠲᠤᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠲᠠ ᠪᠠᠷ | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠵᠦ᠂ ᠬᠦᠳᠡᠭᠡ ᠲᠣᠰᠬᠤᠨ ᠢ | ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠵᠢᠯᠣᠭᠤᠳᠬᠤ ᠲᠠᠪᠴᠠᠩ ᠢ ᠡᠩ ᠲᠡᠷᠢᠭᠦᠨ ᠳᠤ | ᠪᠠᠶᠢᠭᠤᠯᠣᠨ᠂ i ᠡᠮᠦᠨᠡᠲᠦ ᠣᠲᠤᠭ ᠣᠶᠣᠨᠴᠢ ᠨᠡᠭᠦᠳᠡᠯ ᠲᠠᠪᠴᠠᠩ ᠪᠠ ᠣᠶᠣᠨᠴᠢ ᠣᠬᠠᠭᠤᠯᠭ᠎ᠠ ᠶᠢᠨ ᠲᠠᠪᠴᠠᠩ ᠢ | ᠢᠵᠢ ᠪᠦᠷᠢᠳᠦᠭᠦᠯᠦᠨ ᠪᠠᠶᠢᠭᠤᠯᠵᠣ᠂ ᠬᠤᠲᠠ ᠬᠦᠳᠡᠭᠡ ᠶᠢᠨ ᠲᠤᠭᠠᠴᠠᠯᠠᠯᠲᠠ ᠶᠢ ᠪᠦᠬᠦ ᠬᠦᠴᠦᠨ ᠢᠶᠠᠷ | ᠨᠡᠪᠲᠡᠷᠡᠭᠦᠯᠦᠨ᠂ ᠮᠡᠳᠡᠭᠡ ᠵᠠᠩᠬᠢ ᠶᠢᠨ ᠰᠠᠭᠠᠳ ᠦᠭᠡᠢ ᠨᠡᠪᠲᠡᠷᠡᠯ᠂ ᠠᠵᠤ ᠦᠢᠯᠡᠰ ᠤᠨ ᠴᠠᠭ ᠲᠤᠬᠠᠶᠢᠴᠢ | ᠲᠣᠬᠢᠷᠠᠭᠤᠯᠣᠯᠲᠠ ᠶᠢ ᠪᠠᠶᠠᠯᠠᠭᠦᠯᠪᠡ᠃ ᠲᠠᠷᠢᠶᠠᠯᠠᠩ ᠤᠨ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠶᠢ 4 | ᠪᠠᠶᠢᠭᠤᠯᠵᠣ᠂ ᠭᠠᠳᠠᠨ᠎ᠠ ᠶᠢᠨ ᠮᠡᠷᠭᠡᠵᠢᠯᠲᠡᠨ ᠪᠠ ᠲᠤᠰᠬᠠᠢ ᠮᠡᠷᠭᠡᠵᠢᠯ ᠤᠨ 11 ᠠᠵᠢᠯᠲᠠᠨ ᠢ ᠣᠷᠢᠨ ᠬᠡᠷᠡᠭᠯᠡᠵᠦ᠂ | ᠰᠦᠯᠵᠢᠶᠡᠨ ᠳᠡᠭᠡᠷ᠎ᠡ ᠳ᠋ᠠᠶᠢᠲ᠋ᠠ ᠲᠠᠪᠴᠠᠩ ᠲᠠᠢ ᠤᠶᠠᠯᠳᠣᠭᠤᠯᠣᠨ ᠮᠡᠷᠭᠡᠵᠢᠯ ᠤᠨ ᠪᠣᠯᠪᠠᠰᠣᠷᠠᠯ ᠢ ᠦᠷᠨᠢᠭᠦᠯᠵᠦ᠂ | ᠠᠵᠣ ᠠᠬᠤᠶᠢᠯᠠᠯ᠂ ᠬᠤᠷᠰᠢᠶᠠᠵᠢᠯ ᠲᠠᠢ ᠬᠤᠯᠪᠣᠭᠠᠯᠠᠨ ︽ᠪᠦᠬᠦ ᠶᠠᠪᠤᠴᠠᠴᠢᠯᠠᠭᠰᠠᠨ᠂ ᠠᠰᠠᠷᠠᠭᠴᠢ ᠮᠠᠶ᠋ᠢᠭ︾ ᠤᠨ | ᠮᠡᠷᠭᠡᠵᠢᠯ ᠤᠨ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠪᠠ᠃ | ᠲᠠᠷᠢᠶᠠᠯᠠᠩ ᠬᠦᠴᠦᠷᠭᠡᠭ᠂ ᠲᠠᠷᠢᠶᠠᠴᠢᠳ ᠴᠢᠨᠡᠭᠡᠯᠢᠭ᠂ ᠬᠦᠳᠡᠭᠡ ᠲᠣᠰᠬᠤᠨ ᠴᠣ᠋ ᠦᠵᠡᠰᠭᠦᠯᠡᠩ᠃ | ᠣᠲᠤᠭ ᠤᠨ ᠡᠮᠦᠨᠡᠲᠦ ᠬᠤᠰᠢᠭᠤ ᠢᠮᠠᠭᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠶᠠᠳᠠᠭᠤ ᠠᠴᠠ | ᠠᠩᠭᠢᠵᠢᠷᠠᠭᠤᠯᠬᠤ ᠰᠢᠪᠲᠣᠯᠣᠯᠲᠠ ᠶᠢᠨ ᠠᠵᠢᠯ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠴᠡᠭᠴᠡᠯᠡᠨ ᠵᠠᠰᠠᠯᠲᠠ ᠶᠢᠨ ᠠᠵᠢᠯ ᠯᠤᠭ᠎ᠠ ᠣᠶᠠᠯᠳᠣᠭᠤᠯᠬᠤ ᠶᠢ ᠪᠠᠷᠢᠮᠲᠠᠯᠠᠨ᠂ ᠨᠢᠭᠡᠳᠦᠯᠲᠡᠢ | ᠲᠦᠯᠦᠪᠯᠡᠵᠦ᠂ ᠵᠤᠬᠢᠴᠠᠩᠭᠤᠢ ᠠᠬᠢᠭᠤᠯᠣᠨ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠪᠠᠷ ᠳᠠᠮᠵᠢᠭᠤᠯᠣᠨ | ᠮᠠᠯᠵᠢᠬᠤ ᠲᠠᠷᠢᠶᠠᠯᠠᠬᠤ ᠣᠷᠣᠨ ᠤ ᠦᠩᠭᠡ ᠳᠦᠷᠬᠦ ᠶᠢ ᠰᠠᠶᠢᠵᠢᠷᠠᠭᠤᠯᠵᠣ᠂ ᠠᠵᠣ ᠦᠢᠯᠡᠰ ᠤᠨ ᠬᠦᠭᠵᠢᠯᠲᠡ ᠪᠠᠷ | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠳᠠᠶᠢᠴᠢᠯᠠᠪᠠ᠃ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠢᠳᠡᠪᠬᠢᠲᠡᠢ ᠠᠬᠢᠭᠤᠯᠵᠣ᠂ ᠠᠶᠢᠯ | ᠲᠣᠰᠬᠤᠨ ᠤ ᠠᠷᠢᠭᠤᠨ ᠴᠡᠪᠡᠷ ᠤᠨ ︽ᠵᠠᠭᠤᠨ ᠡᠳᠦᠷ ᠤᠨ ᠲᠦᠪᠯᠡᠷᠡᠭᠦᠯᠦᠨ ᠰᠢᠪᠲᠣᠯᠬᠤ ᠠᠵᠢᠯᠯᠠᠭ᠎ᠠ︾ ᠪᠠ ᠪᠦᠬᠦ | ᠣᠯᠣᠰ ᠤᠨ ᠰᠢᠶᠡᠨ ᠤ ᠲᠡᠰ ᠤᠨ ᠪᠣᠯᠪᠠᠰᠣᠨ ᠬᠤᠲᠠ ᠶᠢᠨ ᠴᠤᠭᠴᠠᠯᠠᠯᠲᠠ ᠪᠠᠷ ᠲᠤᠬᠢᠶᠠᠯ ᠪᠣᠯᠭᠠᠵᠣ᠂ ᠠᠶᠢᠯ | ᠲᠣᠰᠬᠤᠨ ᠢ ᠴᠡᠮᠴᠡᠭᠡᠷᠰᠢᠬᠦᠯᠭᠦ ᠠᠵᠢᠯᠯᠠᠭ᠎ᠠ ᠶᠢ ᠲᠦᠪᠯᠡᠷᠡᠭᠦᠯᠵᠦ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠭ ᠨᠣᠪᠰᠢ ᠪᠣᠯᠠᠬᠤ | ᠲᠠᠯᠠᠪᠣᠷ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ᠂ ᠬᠤᠭ ᠤᠨ ᠬᠠᠶᠢᠷᠴᠠᠭ᠂ ᠵᠣᠷᠯᠣᠩ ᠵᠡᠷᠭᠡ | ᠲᠦᠭᠦᠭᠡᠷᠦᠮᠵᠢ ᠶᠢ ᠪᠦᠷᠢᠨᠰᠢᠭᠦᠯᠦᠨ᠂ ᠰᠢᠨᠵᠢᠯᠡᠬᠦ ᠣᠬᠠᠭᠠᠨᠴᠢ ᠪᠠᠷ ᠮᠠᠯ ᠲᠠᠷᠢᠶᠠᠯᠠᠩ ᠤᠨ ᠣᠯᠠᠨ ᠡᠬᠢᠲᠦ | ᠪᠣᠬᠢᠷᠳᠣᠯ ᠤᠨ ᠰᠡᠷᠭᠡᠶᠢᠯᠡᠨ ᠵᠠᠰᠠᠯᠲᠠ᠂ ᠠᠶᠢᠯ ᠲᠣᠰᠬᠤᠨ ᠤ ᠲᠦᠯᠦᠪᠵᠢᠭᠦᠯᠭᠡ ᠶᠢ ᠲᠣᠭᠲᠠᠭᠠᠵᠣ ᠬᠡᠷᠡᠭᠵᠢᠭᠦᠯᠦᠭᠡᠳ᠂ | ᠦᠵᠡᠰᠭᠦᠯᠡᠩᠲᠦ ᠬᠦᠳᠡᠭᠡ ᠲᠣᠰᠬᠤᠨ ᠤ ᠪᠠᠶᠢᠭᠤᠯᠣᠯᠲᠠ ᠶᠢᠨ ᠦᠷ᠎ᠡ ᠪᠦᠲᠦᠮᠵᠢ ᠢᠯᠡᠷᠬᠡᠢ ᠪᠣᠯᠪᠠ᠃ ᠣᠯᠠᠨ ᠴᠡᠭᠲᠦ | ᠠᠵᠣ ᠦᠢᠯᠡᠰ ᠤᠨ ᠲᠤᠯᠭᠠᠭᠤᠷᠢᠯᠠᠯ᠂ ᠣᠯᠠᠨ ᠡᠰᠢᠲᠦ ᠳᠠᠪᠠᠭᠤᠯᠢᠭ ᠤᠨ ᠬᠠᠷᠢᠯᠴᠠᠨ ᠨᠦᠬᠦᠪᠦᠷᠢᠯᠡᠯ᠂ ᠣᠯᠠᠨ | ᠲᠣᠶᠢᠯᠲᠣ ᠵᠠᠬ᠎ᠠ ᠳᠡᠯᠭᠡᠭᠦᠷ ᠤᠨ ᠠᠴᠢᠶᠠᠯᠠᠯ ᠲᠠᠢ ᠠᠵᠣ ᠦᠢᠯᠡᠰ ᠤᠨ ᠰᠢᠰᠲ᠋ᠧᠮ ᠤᠨ ᠪᠠᠶᠢᠭᠤᠯᠣᠯᠲᠠ ᠪᠠ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠡᠳᠦᠷ ᠢᠷᠡᠬᠦᠶ᠎ᠡ ᠰᠠᠶᠢᠵᠢᠷᠠᠯᠲᠠ ᠶᠢ | ᠳᠠᠭᠠᠯᠳᠣᠨ᠂ ᠠᠵᠣ ᠦᠢᠯᠡᠰ ᠭᠦᠭᠵᠢᠯᠲᠡ ᠲᠠᠢ᠂ ᠠᠮᠢ ᠠᠬᠤᠶᠢᠴᠢ ᠰᠠᠭᠤᠷᠢᠰᠢᠯ ᠲᠠᠢ᠂ ᠨᠣᠲᠤᠭ ᠤᠨ ᠪᠣᠯᠪᠠᠰᠣᠨ | ᠰᠣᠷᠲᠠᠯ ᠲᠠᠢ᠂ ᠵᠠᠰᠠᠯᠲᠠ ᠪᠦᠲᠦᠮᠵᠢᠲᠡᠢ᠂ ᠴᠢᠨᠡᠭᠡᠯᠢᠭᠠᠮᠢᠳᠣᠷᠠᠯ ᠲᠠᠢ ᠦᠵᠡᠰᠭᠦᠯᠡᠩᠲᠦ ᠬᠦᠳᠡᠭᠡ ᠲᠣᠰᠬᠤᠨ ᠤ | ᠴᠤᠭᠴᠠᠯᠠᠯᠲᠠ ᠢᠯᠭᠤᠮ ᠶᠠᠪᠣᠭᠳᠠᠵᠣ ᠪᠠᠶᠢᠨ᠎ᠠ᠃ |