ᠬᠤᠰᠢᠭᠤ ᠨᠠᠮ ᠤᠨ ᠬᠤᠷᠢᠶ᠎ᠠ ᠶᠢᠨ ᠱᠦᠵᠢ ᠶᠢᠨ ᠲᠣᠰᠬᠠᠢ ᠰᠡᠳᠦᠪᠲᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/11/5
    ᠪᠦᠷᠢᠨᠴᠢᠮᠡᠭ᠂ ᠵᠢᠯ ᠤᠨ ᠨᠢᠭᠡ ᠣᠳᠠᠭᠠᠨ ᠤ ᠬᠤᠲᠠ ᠠᠴᠠ ᠬᠤᠰᠢᠭᠤᠨ ᠳᠤ ᠬᠠᠨᠳᠣᠭᠤᠯᠣᠭᠰᠠᠨ ︽ᠲᠠᠪᠤ ᠨᠢᠭᠡ ᠶᠢ ᠴᠤᠭᠴᠠᠵᠢᠭᠤᠯᠬᠤ︾ ᠬᠢᠨᠠᠨ ᠰᠢᠯᠭᠠᠯᠲᠠ ᠪᠣᠯ ᠮᠠᠨ ᠤ ᠪᠦᠬᠦ ᠵᠢᠯ ᠤᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠪᠦᠬᠦ ᠲᠠᠯ᠎ᠠ ᠶᠢᠨ ᠰᠢᠰᠲ᠋ᠧᠮ ᠲᠠᠢ ᠰᠢᠯᠭᠠᠨ ᠦᠨᠡᠯᠡᠯᠲᠡ ᠪᠣᠯᠬᠤ ᠲᠣᠯᠠ᠂ ᠬᠢᠨᠠᠨ ᠰᠢᠯᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ᠂ ᠬᠢᠨᠠᠨ ᠰᠢᠯᠭᠠᠯᠲᠠ ᠶᠢᠨ ᠭᠦᠢᠴᠠᠳᠭᠡᠯ ᠲᠤᠭ᠎ᠠ ᠶᠣᠰᠣᠭᠠᠷ᠂ ᠪᠣᠳᠠᠲᠣ ᠪᠦᠲᠦᠮᠵᠢ ᠶᠢᠨ ᠬᠢᠨᠠᠨ ᠰᠢᠯᠭᠠᠯᠲᠠ ᠶᠢᠨ ᠡᠯ᠎ᠡ ᠲᠦᠷᠦᠯ ᠤᠨ ᠡᠭᠦᠷᠭᠡ ᠪᠠᠨ ᠲᠡᠭᠦᠰ ᠠᠮᠵᠢᠯᠲᠠ  ᠲᠠᠢ ᠪᠡᠶᠡᠯᠡᠭᠦᠯᠦᠨ᠂ ᠵᠢᠯ ᠤᠨ ᠡᠴᠦᠰ ᠤᠨ ᠬᠢᠨᠡᠨ ᠰᠢᠯᠭᠠᠯᠲᠠ ᠳᠤ ᠲᠡᠷᠢᠭᠦᠯᠡᠬᠦ ᠪᠠᠷ ᠲᠡᠮᠡᠴᠡᠬᠦ ᠭᠡᠷᠡᠭᠲᠡᠢ ᠭᠡᠵᠦ ᠵᠢᠭᠠᠪᠠ᠃     ᠪᠦᠷᠢᠨᠴᠢᠮᠡᠭ᠂ ᠬᠤᠲᠠ ᠠᠴᠠ ᠬᠤᠰᠢᠭᠤᠨ ᠳᠤ ᠬᠠᠨᠳᠣᠭᠤᠯᠣᠭᠰᠠᠨ ︽ᠲᠠᠪᠦ‍ ᠨᠢᠭᠡ ᠶᠢ ᠴᠤᠭᠴᠠᠵᠢᠭᠤᠯᠬᠤ︾ ᠬᠢᠨᠡᠨ ᠰᠢᠯᠭᠠᠯᠲᠠ ᠶᠢᠨ ᠭᠦᠢᠴᠠᠳᠭᠡᠯ ᠲᠤᠭ᠎ᠠ ᠶᠢᠨ ᠨᠠᠶᠢᠲᠠᠪᠣᠷᠢᠵᠢᠭᠤᠯᠣᠯᠲᠠ ᠶᠢ ᠰᠠᠶᠢᠲᠣᠷ ᠠᠳᠬᠤᠬᠤ ᠪᠣᠯ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠴᠢᠨᠠᠷᠯᠢᠭ ᠭᠦᠭᠵᠢᠯᠲᠡ ᠶᠢ ᠠᠬᠢᠭᠤᠯᠬᠤ ᠶᠢᠨ ᠪᠣᠳᠠᠲᠠᠢ ᠠᠵᠢᠯᠯᠠᠭ᠎ᠠ ᠪᠣᠯᠣᠨ᠎ᠠ᠃ ᠠᠷᠭ᠎ᠠ ᠠᠪᠴᠠᠯ ᠢᠶᠠᠨ ᠴᠢᠩᠭᠠᠳᠬᠠᠨ᠂ ᠠᠵᠢᠯ ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠵᠣ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠨ᠂ ᠮᠦᠷᠳᠡᠨ ᠲᠤᠬᠢᠷᠠᠭᠤᠯᠬᠤ ᠡᠷᠴᠢᠮ ᠢᠶᠠᠨ ᠴᠢᠩᠭᠠᠳᠬᠠᠵᠣ᠂ ᠠᠵᠢᠯ ᠤᠨ ᠡᠭᠦᠷᠭᠡ ᠪᠠᠨ ᠬᠤᠭᠤᠴᠠᠭᠠᠯᠠᠨ ᠲᠤᠭᠲᠠᠭᠠᠵᠣ᠂ ᠠᠬᠢᠴᠠ ᠪᠠᠨ ᠲᠣᠲᠣᠷᠬᠠᠶᠢᠯᠠᠵᠣ᠂ ᠳᠡᠭᠡᠲᠣ ᠱᠠᠲᠣᠨ ᠤ ᠰᠠᠯᠠᠭ᠎ᠠ ᠮᠦᠴᠢᠷ ᠯᠦᠭᠡ ᠶᠢᠨ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠰᠠᠶᠢᠲᠣᠷ ᠪᠡᠶᠡᠯᠡᠭᠦᠯᠬᠦ ᠬᠡᠷᠡᠭᠲᠡᠢ᠃ ᠠᠵᠢᠯ ᠤᠨ ᠴᠢᠨᠰᠠᠭ᠎ᠠ ᠶᠢ ᠪᠠᠷᠢᠮᠵᠢᠶᠠᠵᠢᠭᠤᠯᠣᠨ ᠳᠡᠭᠡᠭᠰᠢᠯᠡᠭᠦᠯᠵᠦ᠂ ᠭᠦᠢᠴᠡᠳᠭᠡᠯ ᠲᠤᠭ᠎ᠠ ᠶᠣᠰᠣᠭᠠᠷ ᠲᠦᠷᠦᠯ ᠬᠤᠪᠢᠶᠠᠨ᠂ ᠵᠣᠷᠪᠣᠰ ᠳᠠᠷᠠᠭᠠᠯᠠᠨ ᠨᠠᠶᠢᠲᠠᠪᠣᠷᠢᠵᠢᠭᠤᠯᠵᠣ᠂ ᠨᠠᠷᠢᠨ ᠵᠦᠢᠯᠡᠰ ᠢ ᠠᠩᠬᠠᠷᠣᠨ ᠲᠤᠲᠠᠭᠤᠳᠠᠯ ᠢᠶᠠᠨ ᠨᠦᠬᠦᠪᠦᠷᠢᠯᠡᠵᠦ᠂ ᠲᠤᠲᠠᠭᠳᠠᠯ ᠢᠶᠠᠨ ᠪᠠᠶᠢᠴᠠᠭᠠᠵᠣ ᠵᠠᠯᠠᠷᠠᠭᠤᠯᠣᠨ᠂ ᠲᠡᠭᠦᠯᠳᠡᠷᠵᠢᠭᠦᠯᠦᠨ ᠳᠡᠭᠡᠭᠰᠢᠯᠡᠬᠦᠯᠵᠦ᠂ ᠢᠯᠭᠠᠭ᠎ᠠ ᠲᠠᠢ ᠬᠠᠨᠳᠣᠨ᠂ ᠲᠦᠷᠦᠯ ᠬᠤᠪᠢᠶᠠᠨ ᠠᠬᠢᠭᠤᠯᠵᠣ᠂ ᠭᠦᠢᠴᠡᠳᠭᠡᠯ ᠲᠤᠭ᠎ᠠ ᠨᠢᠭᠡᠪᠦᠷᠢ ᠶᠢᠨ ᠴᠢᠨᠠᠷ ᠬᠡᠮᠵᠢᠶ᠎ᠡ ᠶᠢ ᠪᠠᠲᠤᠯᠠᠨ ᠡᠭᠦᠷᠭᠡ ᠪᠠᠨ ᠰᠠᠶᠢᠲᠣᠷ ᠪᠡᠶᠡᠯᠡᠭᠦᠯᠬᠦ ᠬᠡᠷᠡᠭᠲᠡᠢ᠃ ᠠᠵᠢᠯ‌‍ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠣ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠠᠵᠢᠯ ᠬᠤᠪᠢᠶᠠᠷᠢᠯᠠᠨ ᠬᠠᠷᠢᠭᠤᠴᠠᠵᠣ᠂ ᠬᠦᠴᠦ ᠪᠠᠨ ᠬᠠᠮᠲᠤᠳᠬᠠᠨ ᠨᠢᠭᠲᠠ ᠬᠠᠮᠵᠢᠯᠴᠠᠵᠣ᠂ ᠨᠡᠩ ᠶᠡᠭᠡ  ᠡᠷᠴᠢᠮ᠂ ᠨᠡᠩ ᠪᠣᠳᠠᠲᠠᠢ ᠰᠣᠷᠲᠠᠯ ᠢᠶᠠᠷ ᠦᠨᠳᠦᠷ ᠪᠠᠷᠢᠮᠵᠢᠶ᠎ᠠ ᠪᠠᠷ ᠠᠵᠢᠯ ᠢᠶᠠᠨ ᠴᠢᠨᠠᠷᠯᠢᠭ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠼᠦᠢ ᠵᠢᠩ ᠰᠢᠶᠠᠩ᠂ ᠳᠣᠷᠠᠰᠬᠠᠯ᠂ ᠪᠠᠢ ᠶᠦᠩ ᠹᠧᠩ᠂ ᠯᠦᠸᠧ ᠵᠢᠶᠠᠨ ᠰᠢᠶᠦ᠋ᠨ᠂ ᠴᠢᠶᠣᠣ ᡁᠢ ᠫᠢᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号