ᠬᠤᠰᠢᠭᠤ ᠵᠠᠰᠠᠭ ᠤᠨ ᠣᠷᠳᠣᠨ ᠤ 2020 ᠣᠨ ᠤ ᠶᠢᠰᠣᠳᠣᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/5
    10 ᠰᠠᠷ᠎ᠠ ᠶᠢᠨ 29 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠶᠢᠰᠣᠳᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠳᠡᠳ᠋ ᠳᠠᠷᠤᠭ᠎ᠠ ᠲᠤᠷᠠᠰᠬᠠᠯ ᠬᠤᠷᠠᠯ ᠢ ᠡᠷᠬᠢᠯᠡᠵᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠣᠭᠦᠨ ᠵᠢᠴᠢ ᠨᠠᠮ ᠤᠨ ᠳᠣᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃     ᠬᠤᠷᠠᠯ ᠠᠴᠠ ︽ᠬᠤᠰᠢᠭᠤ ᠪᠠᠯᠭᠠᠰᠣ ᠬᠤᠶᠠᠷ ᠱᠠᠲᠤᠨ ᠤ 26 ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠢᠯᠡᠰᠢᠭᠦᠯᠦᠯᠲᠡ ᠶᠢᠨ ᠵᠦᠢᠯᠡᠰ ᠤᠨ ᠪᠠᠷᠢᠮᠵᠢᠶᠠᠲᠤ ᠭᠠᠷᠴᠠᠭ︾᠂ ︽ᠲᠤᠭᠠᠴᠠᠯᠠᠭᠰᠠᠨ ᠣᠲᠤᠭ ᠤᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾᠂ ︽ᠣᠲᠤᠭ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠰᠣᠷᠪᠣᠯᠵᠢ ᠶᠢ ᠬᠠᠮᠲᠤ ᠪᠠᠷ ᠡᠳ᠋ᠯᠡᠬᠦ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ︾ ᠶᠢ ᠬᠢᠨᠠᠨ ᠵᠦᠪᠯᠡᠵᠦ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠤᠤᠷ ᠰᠦᠯᠵᠢᠶᠠᠨ ᠤ ᠲᠣᠬᠢᠶ᠎ᠠ ᠠᠨᠠᠢ ᠪᠠᠶᠢᠬᠤ ᠠᠰᠠᠭᠤᠳᠠᠯ  ᠢ ᠰᠢᠢᠳᠪᠦᠷᠢᠯᠡᠬᠦ ᠵᠡᠷᠭᠡ ᠣᠴᠢᠷ ᠶᠠᠪᠤᠳᠠᠯ ᠢ ᠰᠣᠳᠣᠯᠣᠨ ᠶᠠᠷᠢᠯᠴᠠᠪᠠ᠃     ᠬᠤᠷᠠᠯ ᠠᠴᠠ ᠭᠤᠤᠯᠳᠠᠯᠭᠠᠲᠤ ᠬᠦᠷᠢᠶ᠎ᠡ ᠬᠡᠪᠴᠢᠶᠠᠨ ᠳᠠᠬᠢ ᠵᠠᠰᠠᠭ ᠤᠨ ᠶᠠᠪᠤᠳᠠᠯ ᠤᠨ ᠢᠯᠡᠰᠢᠭᠦᠯᠦᠯᠲᠡ ᠶᠢᠨ ᠵᠦᠢᠯᠡᠰ ᠤᠨ  ᠪᠠᠷᠢᠮᠵᠢᠶᠠᠲᠤ ᠭᠠᠷᠴᠠᠭ ᠤᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠬᠦ ᠪᠣᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠪᠠᠶᠢᠷᠢᠯᠠᠭᠤᠯᠤᠭᠰᠠᠨ ᠦᠭᠡᠷᠡᠴᠢᠯᠡᠯᠲᠡ ᠶᠢᠨ ᠴᠢᠬᠤᠯᠠ ᠡᠭᠦᠷᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠣᠯᠠᠮ ᠨᠢᠭᠡ ᠠᠯᠬᠤᠮ ᠬᠤᠪᠢᠷᠠᠭᠤᠯᠬᠤ ᠯᠤᠭ᠎ᠠ ᠬᠤᠯᠪᠤᠭᠳᠠᠯ ᠲᠠᠢ ᠰᠠᠭᠤᠷᠢ ᠴᠢᠨᠠᠷᠲᠠᠢ ᠠᠵᠢᠯ ᠪᠤᠯᠬᠤ ᠶᠤᠮ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠬᠦᠯᠵᠦ᠂ ᠦᠵᠡᠯᠲᠡ ᠲᠠᠨᠢᠯᠲᠠ ᠪᠠᠨ ᠬᠦᠨᠵᠡᠭᠡᠶᠢᠷᠡᠭᠦᠯᠦᠨ᠂ ᠡᠯ᠎ᠡ ᠲᠦᠷᠦᠯ ᠤᠨ ᠠᠵᠢᠯ ᠤᠨ ᠠᠷᠭ᠎ᠠ ᠠᠪᠴᠠᠯ ᠢ ᠪᠠᠷᠢᠮᠵᠢᠶ᠎ᠠ ᠶᠤᠰᠤᠭᠠᠷ ᠴᠢᠩᠭ᠎ᠠ ᠪᠤᠲᠠᠲᠠᠶᠢᠵᠢᠭᠤᠯᠬᠤ ᠬᠡᠷᠡᠭᠲᠡᠢ ᠭᠡᠵᠦ ᠵᠢᠭᠠᠭᠰᠠᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠲᠤᠤᠷ ᠰᠦᠯᠵᠢᠶ᠎ᠠ ᠴᠢᠮᠡᠭᠡ ᠬᠤᠯᠪᠤᠭᠠᠨ ᠤ ᠴᠢᠨᠠᠷ ᠴᠢᠨᠰᠠᠭ᠎ᠠ ᠶᠢ ᠣᠯᠠᠮ ᠨᠢᠭᠡ ᠠᠯᠬᠤᠮ ᠳᠡᠭᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ  ᠶᠢ ᠲᠦᠷᠭᠡᠳᠬᠡᠨ᠂ 4G ᠰᠦᠯᠵᠢᠶᠡᠨ ᠤ ᠨᠡᠶᠢᠲᠡᠮ ᠬᠡᠷᠡᠭᠯᠡᠯᠲᠡ ᠶᠢ ᠪᠡᠶᠡᠯᠡᠬᠦᠯᠵᠦ᠂ ᠮᠠᠯᠵᠢᠬᠤ ᠲᠠᠷᠢᠶᠠᠯᠠᠬᠤ ᠤᠷᠤᠨ  ᠤ ᠠᠵᠤ ᠠᠬᠤᠢ ᠨᠠᠶᠢᠬᠡᠮ ᠪᠠ ᠮᠡᠳᠡᠭᠡ ᠵᠠᠩᠭᠢᠴᠢᠯᠠᠯᠠᠲᠠ ᠶᠢᠨ ᠬᠢᠷᠢ  ᠳᠦᠪᠰᠢᠨ ᠤ ᠲᠠᠰᠤᠷᠠᠯ ᠦᠭᠡᠢ ᠳᠡᠭᠡᠭᠰᠢᠯᠡᠯᠲᠡ  ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠪᠤᠰᠤᠳ ᠣᠴᠢᠷ ᠶᠠᠪᠤᠳᠠᠯ ᠢ ᠰᠣᠳᠣᠯᠪᠠ᠃     ᠶᠢᠤ ᠵᠢᠶᠦ᠋ᠨ ᠪᠤᠤ᠂ ᠵᠠᠩ ᠬᠤᠩ ᠵᠢᠶᠦ᠋ᠨ᠂ ᠠᠯᠲᠠᠨᠪᠤᠤ᠂ ᠬᠠᠲᠠᠴᠢ ᠵᠢᠷᠤᠮᠲᠤ ᠤᠷᠢᠯᠭ᠎ᠠ ᠪᠠᠷ ᠬᠤᠷᠠᠯ ᠳᠤ ᠰᠣᠯᠠ ᠣᠷᠣᠯᠴᠠᠪᠠ᠃ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠬᠦᠭᠵᠢᠬᠦᠯᠦᠯᠲᠡ ᠦᠭᠡᠷᠡᠴᠢᠯᠡᠯᠡᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠬᠠᠤᠯᠢ ᠶᠢᠨ ᠶᠠᠪᠤᠳᠠᠯ ᠤᠨ ᠲᠦᠪ ᠤᠨ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号