ᠪᠣᠷᠣᠪᠠᠯᠭᠠᠰᠦ ᠪᠠᠯᠭᠠᠰᠦ ᠲᠣᠷ᠎ᠠ ᠪᠠᠷ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ  ᠤᠨ ᠲᠣᠰᠬᠠᠢ ᠲᠦᠷᠦᠯ ᠤᠨ ᠪᠠᠶᠢᠴᠠᠭᠠᠯᠳᠠ ᠦᠷᠨᠢᠭᠦᠯᠵᠣ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ︽ᠬᠤᠷᠢᠭ᠎ᠠ ᠱᠣᠭᠤᠮ︾ ᠢ ᠪᠠᠳᠦ ᠰᠠᠬᠢᠵᠣ ᠪᠣᠢ
ᠨᠡᠶᠢᠲᠡᠯᠡᠭᠰᠡᠨ ᠴᠠᠭ᠄
2020/11/9
    ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ  ᠳᠤ ᠲᠣᠷᠠᠳᠣᠭᠰᠠᠨ ᠴᠢᠬᠤᠯᠠ ᠴᠣᠬᠤᠯᠠᠪᠦᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ︽ᠬᠤᠷᠢᠭ᠎ᠠ ᠱᠣᠭᠤᠮ︾ ᠶᠢ ᠪᠠᠳᠣ ᠰᠠᠬᠢᠨ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠶᠢᠭᠤᠯᠣᠯᠳᠠ ᠬᠠᠮᠢᠶᠠᠷᠣᠯᠳᠠ ᠶᠢᠨ ᠡᠯ᠎ᠡ ᠲᠦᠷᠦᠯ ᠤᠨ ᠠᠵᠢᠯ ᠢ ᠦᠨᠡᠨ ᠬᠦ ᠰᠠᠶᠢᠳᠦᠷ ᠬᠢᠬᠦ ᠶᠢᠨ ᠲᠣᠰᠠᠳᠠ᠂ ᠪᠣᠷᠣᠪᠠᠯᠭᠠᠰᠦ ᠪᠠᠯᠭᠠᠰᠦ ᠲᠣᠷ᠎ᠠ ᠪᠠᠷ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠤᠨ ᠲᠣᠰᠬᠠᠢ ᠲᠦᠷᠦᠯ ᠤᠨ ᠴᠡᠭᠴᠡᠯᠡᠯᠳᠡ ᠶᠢ ᠶᠠᠪᠣᠭᠳᠠᠭᠤᠯᠪᠠ᠃ ᠪᠠᠯᠭᠠᠰᠣᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠶᠢᠨ ᠵᠣᠭᠰᠣᠴᠠ ᠪᠠᠨ ᠪᠠᠳᠣᠳᠬᠠᠨ᠂ ᠬᠢᠨᠠᠯᠳᠠ ᠲᠠᠯᠪᠢᠯᠳᠠ  ᠶᠢᠨ ᠨᠠᠶᠢᠳᠠᠪᠦᠷᠢᠵᠢᠭᠤᠯᠣᠯᠳᠠ ᠪᠠᠨ ᠴᠢᠩᠭᠠᠳᠬᠠᠵᠣ᠂ ᠮᠠᠯᠵᠢᠬᠤ ᠲᠠᠷᠢᠶᠠᠯᠠᠬᠤ ᠣᠷᠣᠨ ᠤ ᠲᠦᠷᠢᠮ ᠲᠣᠭᠳᠠᠭᠠᠯ ᠢ ᠵᠦᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠳᠤ ᠬᠢᠨᠠᠯᠳᠠ ᠲᠠᠯᠪᠢᠬᠤ ᠠᠵᠢᠯ ᠦᠷᠨᠢᠭᠦᠯᠪᠡ᠃     ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ᠂ ᠬᠢᠨᠠᠨ ᠪᠠᠶᠢᠴᠠᠭᠠᠯᠳᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠨᠢᠭᠡ ᠳᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠲᠣᠷ᠎ᠠ ᠪᠠᠷ ᠲᠠᠷᠢᠶᠠᠨ ᠭᠠᠵᠠᠷ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠴᠢᠩᠭ᠎ᠠ ᠡᠵᠡᠮᠳᠡᠵᠣ᠂ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠨ᠂ ᠲᠠᠷᠢᠶᠠᠨ ᠭᠠᠵᠠᠷ ᠤᠨ ︽ᠬᠤᠷᠢᠭ᠎ᠠ ᠱᠣᠭᠤᠮ︾ ᠶᠢ ᠪᠠᠳᠣ ᠰᠠᠬᠢᠪᠠ᠃ ᠬᠤᠶᠠᠷ ᠲᠤ ᠠᠵᠢᠯ ᠤᠨ ᠡᠭᠦᠷᠭᠡ ᠪᠠᠨ ᠨᠠᠷᠢᠯᠢᠭᠵᠢᠭᠤᠯᠣᠨ᠂ ᠠᠵᠢᠯ ᠤᠨ ᠲᠦᠰᠦᠯ ᠢ ᠲᠣᠳᠣᠷᠬᠠᠶᠢᠯᠠᠵᠣ᠂ ᠭᠤᠣᠯ ᠰᠡᠳᠦᠪᠳᠦ ᠬᠢᠨᠠᠯᠳᠠ ᠲᠠᠯᠪᠢᠬᠤ ᠠᠵᠢᠯ  ᠤᠨ ᠨᠠᠶᠢᠳᠠᠪᠦᠷᠢᠵᠢᠭᠤᠯᠣᠯᠳᠠ ᠶᠢ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠪᠠ᠃ ᠭᠤᠷᠪᠠ ᠳᠤ ᠪᠦᠬᠦ ᠶᠠᠪᠣᠴᠠ ᠶᠢ ᠮᠦᠷᠳᠡᠨ᠂ ᠲᠣᠷ᠎ᠠ ᠪᠠᠷ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠤᠨ ᠴᠡᠭᠴᠡᠯᠡᠯᠳᠡ ᠶᠢ ᠣᠯᠣᠰ ᠲᠦᠷᠦ ᠶᠢᠨ ᠴᠢᠬᠤᠯᠠ ᠡᠭᠦᠷᠭᠡ ᠪᠣᠯᠭᠠᠨ ᠠᠳᠬᠤᠵᠣ᠂ ᠬᠢᠨᠠᠯᠳᠠ ᠲᠠᠯᠪᠢᠬᠤ ᠠᠵᠢᠯ ᠳᠤ ᠬᠦᠴᠦᠯᠡᠨ᠂ ᠡᠯ᠎ᠡ ᠲᠦᠷᠦᠯ ᠤᠨ ᠪᠠᠶᠢᠷᠢᠯᠠᠭᠤᠯᠣᠯᠳᠠ ᠪᠠᠨ ᠲᠣᠶᠢᠯᠪᠦᠷᠢᠳᠠᠢ ᠨᠠᠶᠢᠳᠠᠪᠦᠷᠢᠵᠢᠭᠤᠯᠣᠭᠰᠠᠨ ᠪᠠᠶᠢᠨ᠎ᠠ᠃     ᠭᠤᠣᠯᠳᠠᠯᠭ᠎ᠠ ᠶᠢ ᠲᠣᠪᠣᠶᠢᠯᠭᠠᠨ᠂ ᠨᠠᠷᠢᠯᠢᠭ ᠣᠨᠣᠪᠴᠢᠳᠠᠢ ᠬᠢᠨᠠᠯᠳᠠ ᠶᠢ ᠪᠡᠶᠡᠯᠡᠭᠦᠯᠪᠡ᠃ ᠲᠣᠷ᠎ᠠ ᠪᠠᠷ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠤᠨ ᠲᠣᠭᠤᠷᠢᠨ ᠳᠤ ᠭᠤᠣᠯᠳᠠᠭᠤ ᠡᠭᠦᠷᠢᠳᠡ  ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠡᠰᠡᠬᠦ︔ ᠲᠠᠷᠢᠶᠠᠨ ᠭᠠᠵᠠᠷ ᠢ ᠡᠵᠡᠯᠡᠭᠰᠡᠨ ᠢᠯᠡᠭᠦᠣ ᠡᠵᠡᠯᠡᠭᠰᠡᠨ ᠡᠰᠡᠭᠦ︔ ᠲᠠᠷᠢᠶᠠᠨ ᠭᠠᠵᠠᠷ ᠢ ᠬᠤᠳᠠᠯᠳᠣᠭᠠᠯᠠᠨ᠂ ᠰᠢᠯᠵᠢᠭᠦᠯᠵᠣ ᠬᠠᠣᠯᠢ ᠪᠣᠰᠣ ᠪᠠᠷ ᠭᠡᠷ ᠪᠠᠶᠢᠰᠢᠩ ᠪᠠᠷᠢᠭᠰᠠᠨ ᠡᠰᠡᠬᠦ︔ ᠲᠠᠭᠠᠭᠠᠴᠢᠯᠠᠭᠰᠠᠨ ᠲᠠᠷᠢᠶᠠᠨ ᠭᠠᠵᠠᠷ ᠲᠡᠭᠡᠷ᠎ᠡ ᠪᠠᠨ ᠬᠠᠣᠯᠢ ᠪᠣᠰᠣ ᠪᠠᠷ ᠭᠡᠷ ᠪᠠᠶᠢᠰᠢᠩ ᠪᠠᠷᠢᠭᠰᠠᠨ ᠡᠰᠡᠬᠦ︔ ᠡᠯᠳᠡᠪ ᠢᠶᠠᠷ ᠰᠢᠯᠳᠠᠬᠠᠯᠠᠵᠣ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠡᠰᠡᠬᠦ︔ ︽ᠨᠢᠭᠡ ᠡᠷᠦᠭᠡ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ︾ ᠤᠨ ᠲᠣᠭᠳᠠᠭᠠᠯ ᠢ ᠵᠦᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠡᠰᠡᠬᠦ︔ ᠲᠠᠷᠢᠶᠠᠨ ᠭᠠᠵᠠᠷ ᠢ ᠡᠵᠡᠯᠡᠨ ᠪᠠᠷᠢᠭᠰᠠᠨ ᠭᠡᠷ ᠪᠠᠶᠢᠰᠢᠩ ᠢᠶᠠᠨ ᠬᠠᠣᠯᠢ ᠪᠣᠰᠣ ᠪᠠᠷ ᠬᠤᠳᠠᠯᠳᠣᠭᠰᠠᠨ ᠡᠰᠡᠬᠦ︔ ᠬᠠᠣᠯᠢ ᠪᠣᠰᠣ ᠪᠠᠷ ᠴᠣᠬᠤᠯᠠᠪᠦᠷᠢᠯᠠᠭᠤᠯᠣᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠡᠰᠡᠬᠦ ᠶᠢ ᠪᠠᠶᠢᠴᠠᠭᠠᠭᠰᠠᠨ ᠪᠠᠶᠢᠨ᠎ᠠ᠃     ᠬᠠᠮᠢᠶᠠᠷᠣᠯᠳᠠ ᠡᠵᠡᠮᠳᠡᠯ ᠢᠶᠠᠨ ᠴᠢᠩᠭᠠᠳᠬᠠᠨ᠂ ᠶᠠᠷᠢᠶ᠎ᠠ ᠬᠡᠯᠡᠯᠴᠡᠭᠡᠨ ᠤ ᠪᠠᠬᠢᠯᠡᠯᠳᠡ ᠶᠢ ᠴᠢᠩᠭᠠᠳᠬᠠᠪᠠ᠃ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠣ᠂ ᠬᠤᠯᠪᠣᠭᠳᠠᠯ ᠪᠦᠬᠦᠢ ᠪᠢᠴᠢᠭ ᠮᠡᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ ᠮᠠᠯᠴᠢᠨ ᠲᠠᠷᠢᠶᠠᠴᠢᠨ ᠣᠯᠠᠨ ᠲᠦᠮᠡᠨ ᠳᠤ ᠴᠠᠭ ᠲᠣᠬᠠᠢ  ᠳᠤᠨᠢ ᠣᠬᠠᠭᠤᠯᠵᠣ᠂ ᠮᠠᠯᠴᠢᠨ ᠲᠠᠷᠢᠶᠠᠴᠢᠨ ᠣᠯᠠᠨ ᠲᠦᠮᠡᠨ ᠤ ᠲᠦᠷᠦ ᠶᠢᠨ ᠪᠣᠳᠣᠯᠭ᠎ᠠ ᠶᠢ ᠣᠶᠢᠯᠠᠭᠠᠵᠣ ᠮᠡᠳᠡᠬᠦ ᠪᠠ ᠲᠠᠷᠢᠶᠠᠨ ᠭᠠᠵᠠᠷ ᠢ ᠬᠠᠮᠠᠭᠠᠯᠠᠬᠤ᠂ ᠬᠠᠣᠯᠢ ᠶᠣᠰᠣᠭᠠᠷ ᠭᠡᠷ ᠪᠠᠶᠢᠰᠢᠩ ᠪᠠᠷᠢᠬᠤ ᠬᠠᠣᠯᠢ ᠴᠠᠭᠠᠵᠠ ᠶᠢᠨ ᠣᠬᠠᠮᠰᠠᠷ ᠢ ᠲᠡᠭᠡᠭᠰᠢᠯᠡᠭᠦᠯᠵᠣ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠪᠠᠯᠭᠠᠰᠣᠨ ᠤ ᠪᠣᠳᠠᠳᠦ ᠪᠠᠶᠢᠳᠠᠯ ᠢ ᠲᠠᠨᠢᠭᠤᠯᠣᠨ᠂ ᠨᠡᠶᠢᠭᠡᠮ ᠤᠨ ᠠᠮᠣᠷ ᠲᠣᠭᠳᠠᠭᠤᠨ ᠤ ᠨᠦᠯᠦᠭᠡᠯᠡᠯ ᠢ ᠴᠠᠭ ᠲᠣᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号