ᠱᠠᠩᠬᠠᠢ ᠶᠢᠨ ᠰᠦᠮ᠎ᠡ ᠪᠠᠯᠭᠠᠰᠣᠨ ᠤ ᠭᠦᠨ ᠣᠰᠣ ᠭᠠᠴᠠᠭ᠎ᠠ ᠪᠠᠶᠠᠷᠯᠠᠭᠤᠰᠢᠲᠠᠢ ᠰᠢᠨ᠎ᠡ ᠠᠮᠵᠢᠯᠲᠠ ᠪᠦᠲᠦᠮᠵᠢ ᠤᠯᠪᠠ
ᠨᠡᠶᠢᠲᠡᠯᠡᠭᠰᠡᠨ ᠴᠠᠭ᠄
2020/12/10
    ︽ᠠᠷᠪᠠᠨ ᠭᠤᠷᠪᠠᠳᠣᠭᠠᠷ ᠲᠠᠪᠤᠨ ᠵᠢᠯ︾ ᠤᠨ ᠬᠤᠭᠤᠴᠠᠭᠠᠨ ᠳᠤ᠂ ᠭᠦᠨ ᠣᠰᠣ ᠭᠠᠴᠠᠭ᠎ᠠ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠨᠠᠮ ᠤᠨ ᠠᠷᠪᠠᠨ ᠨᠠᠢᠮᠠᠳᠣᠭᠠᠷ᠂ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠵᠣᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠵᠤ᠂ ᠠᠵᠢᠯ ᠤᠨ ᠨᠠᠶᠢᠲᠠᠪᠤᠷᠢᠵᠢᠭᠤᠯᠤᠯᠲᠠ ᠶᠢ ᠴᠢᠩᠭ᠎ᠠ ᠠᠳᠬᠤᠭᠠᠳ᠂ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠴᠢᠨᠠᠷᠯᠢᠭ ᠪᠡᠶᠡᠯᠡᠬᠦᠯᠵᠦ᠂ ᠨᠠᠮ ᠵᠠᠰᠠᠭ ᠤᠨ ᠰᠣᠷᠲᠠᠯ ᠤᠨ ᠴᠤ ᠰᠢᠨ᠎ᠡ ᠪᠠᠶᠢᠳᠠᠯ ᠢ ᠪᠦᠷᠢᠯᠳᠦᠬᠦᠯᠦᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠪᠠᠶᠢᠨ᠎ᠠ᠃     ᠭᠠᠴᠠᠭᠠᠨ ᠤ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠡᠭᠦᠯᠳᠡᠷᠵᠢᠬᠦᠯᠵᠦ᠂ ᠮᠠᠯᠴᠢᠨ ᠲᠠᠷᠢᠶᠠᠴᠢᠨ ᠤ ᠠᠮᠢᠳᠣᠷᠠᠯ ᠤᠨ ᠬᠢᠷᠢ ᠳᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠪᠡ᠃     ︽ᠠᠷᠪᠠᠨ ᠭᠤᠷᠪᠠᠳᠣᠭᠠᠷ ᠲᠠᠪᠤᠨ ᠵᠢᠯ︾ ᠠᠴᠠ ᠨᠠᠭᠠᠰᠢ᠂ ᠭᠠᠴᠠᠭᠠᠨ ᠤ ᠪᠠᠶᠢᠩᠭᠤ ᠰᠠᠭᠤᠭ᠎ᠠ 78 ᠡᠷᠦᠬᠡ  ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠂ 66 ᠺᠢᠯᠣᠮᠧᠲᠷ ᠤᠨ ᠴᠠᠷᠳᠠᠮᠠᠯ ᠵᠠᠮ ᠳᠡᠪᠢᠰᠴᠤ᠂ 92 ᠡᠷᠦᠬᠡ ᠶᠢᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠪᠡᠶᠡᠯᠡᠬᠦᠯᠦᠨ᠂ 9 ᠡᠷᠦᠬᠡ ᠶᠢᠨ ᠨᠣᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠵᠦ᠂ 7 ᠠᠶᠤᠯᠭᠦᠢ ᠣᠰᠣ ᠣᠮᠳᠠ ᠶᠢᠨ ᠢᠨᠵᠧᠨᠧᠷᠢᠩ ᠢ ᠬᠡᠷᠡᠭᠵᠢᠬᠦᠯᠦᠨ᠂ 8 ᠭᠠᠩ ᠲᠠᠢ ᠲᠡᠮᠡᠴᠡᠬᠦ ᠬᠤᠳᠳᠤᠭ ᠮᠠᠯᠲᠠᠵᠤ᠂ 43 ᠡᠪᠡᠰᠦᠨ ᠰᠠᠷᠠᠪᠴᠢ᠂ ᠬᠤᠷᠤᠭ᠎ᠠ ᠬᠠᠰᠢᠶᠠᠨ ᠤ ᠲᠦᠷᠦᠯ ᠵᠦᠢᠯ᠂ 8 ᠲᠦᠮᠡᠨ ᠮᠣ᠋ ᠲᠤᠤᠷ ᠬᠦᠷᠢᠶᠡᠨ ᠤ ᠪᠠᠶᠢᠭᠤᠯᠤᠯᠲᠠ ᠶᠢᠨ ᠲᠦᠷᠦᠯ ᠵᠦᠢᠯ᠂ 91 ᠡᠷᠦᠬᠡ ᠶᠢᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠨ ᠣᠰᠣᠨ ᠵᠣᠭᠤᠷᠢ ᠶᠢᠨ ᠲᠦᠷᠦᠯ ᠵᠦᠢᠯ ᠢ ᠪᠡᠶᠡᠯᠡᠬᠦᠯᠦᠨ᠂ ᠭᠤᠷᠪᠠᠳᠣᠭᠠᠷ ᠪᠦᠯᠦᠭ ᠤᠨ 42 ᠡᠷᠦᠬᠡ ᠶᠢᠨ ᠣᠰᠣᠨ ᠵᠤᠭᠤᠷᠢ ᠶᠢᠨ ᠪᠠᠶᠢᠭᠤᠯᠤᠯᠲᠠ ᠡᠳᠦᠭᠡ ᠶᠠᠭ ᠡᠮᠬᠢ ᠲᠠᠢ ᠶᠠᠪᠤᠭᠳᠠᠵᠤ᠂ 51 ᠡᠷᠦᠬᠡ ᠶᠢᠨ ᠣᠷᠣᠨ ᠰᠠᠭᠤᠴᠠ ᠶᠢᠨ ᠵᠤᠷᠯᠤᠩ ᠤᠨ ᠦᠭᠡᠷᠡᠴᠢᠯᠠᠯᠠᠲᠠ ᠶᠢᠨ ᠲᠦᠷᠦᠯ ᠵᠦᠢᠯ᠂ 41 ᠡᠷᠦᠬᠡ  ᠶᠢᠨ ᠰᠠᠭᠤᠴᠠ ᠶᠢᠨ ᠭᠠᠳᠠᠨᠠᠬᠢ ᠵᠤᠷᠯᠤᠩ ᠤᠨ ᠦᠭᠡᠷᠡᠴᠢᠯᠡᠯᠲᠡ ᠶᠢᠨ ᠲᠦᠷᠦᠯ ᠵᠦᠢᠯ ᠢ ᠪᠡᠶᠡᠯᠡᠬᠦᠯᠵᠦ᠂ 4G ᠲᠤᠬᠢᠶᠠᠨ ᠤ ᠰᠠᠭᠤᠷᠢ ᠦᠷᠲᠡᠭᠡ ᠪᠠᠶᠢᠭᠤᠯᠤᠨ᠂ 23 ᠡᠷᠦᠬᠡ 78 ᠬᠦᠮᠦᠨ ᠳᠤ ᠠᠰᠢᠭ ᠬᠦᠷᠲᠡᠭᠡᠵᠦ᠂ ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ᠂ ᠭᠠᠳᠠᠭᠰᠢ ᠭᠠᠷᠬᠤ᠂ ᠴᠢᠮᠡᠭᠡ ᠬᠤᠯᠪᠤᠭ᠎ᠠ ᠨᠡᠪᠲᠡᠷᠡᠬᠦ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃     ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠦᠨᠡᠨ ᠬᠦ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠪᠠ᠃     2015 ᠣᠨ ᠳᠤ ᠭᠦᠨ ᠣᠰᠣ ᠭᠠᠴᠠᠭ᠎ᠠ ᠶᠢᠨ ᠪᠦᠷᠢᠳᠬᠡᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠡᠷᠦᠭᠡ ᠨᠠᠶᠢᠲᠠ 2 ᠡᠷᠦᠬᠡ 3 ᠬᠦᠮᠦᠨ᠂ 2015 ᠣᠨ ᠤ ᠵᠢᠯ ᠤᠨ ᠡᠴᠦᠰ ᠲᠤ ᠪᠦᠬᠦᠨ ᠢᠶᠠᠷ ᠶᠠᠳᠠᠭᠤ ᠠᠴᠠ ᠠᠩᠭᠢᠵᠢᠷᠠᠨ᠂ ᠶᠠᠳᠠᠭᠤ ᠬᠦᠴᠢᠷᠳᠡᠯᠲᠡᠢ ᠡᠷᠦᠬᠡ ᠰᠢᠨ᠎ᠡ ᠪᠠᠷ ᠨᠡᠮᠡᠭᠳᠡᠭᠰᠡᠨ ᠦᠭᠡᠢ᠃ ︽ᠠᠷᠪᠠᠨ ᠭᠤᠷᠪᠠᠳᠣᠭᠠᠷ ᠲᠠᠪᠤᠨ ᠵᠢᠯ︾ ᠤᠨ ᠬᠤᠭᠤᠴᠠᠭᠠᠨ ᠳᠤ ᠭᠦᠨ ᠣᠰᠣ ᠭᠠᠴᠠᠭ᠎ᠠ ᠬᠤᠲᠠ᠂ ᠬᠤᠰᠢᠭᠤᠨ ᠤ ᠳᠠᠭᠠᠭᠠᠴᠢᠯᠠᠨ ᠳᠡᠳᠬᠦᠬᠦ ᠪᠠᠶᠢᠭᠤᠯᠭ᠎ᠠ ᠨᠢᠭᠡᠴᠡ᠂ ᠪᠠᠯᠭᠠᠰᠣᠨ ᠤ ᠳᠠᠭᠠᠭᠠᠴᠢᠯᠠᠵᠤ ᠪᠠᠶᠢᠭ᠎ᠠ ᠣᠳᠣᠷᠢᠳᠣᠯᠭ᠎ᠠ᠂ ᠳᠠᠭᠠᠭᠠᠴᠢᠯᠠᠨ ᠬᠠᠷᠢᠯᠴᠠᠵᠤ  ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠪᠠ ᠪᠠᠯᠭᠠᠰᠣᠨ ᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠰᠠᠯᠠᠭ᠎ᠠ ᠮᠦᠴᠢᠷ ᠲᠠᠢ ᠬᠠᠮᠲᠤᠷᠠᠨ 2015 ᠣᠨ ᠳᠤ ᠪᠦᠷᠢᠳᠬᠡᠨ ᠳᠠᠩᠰᠠᠯᠠᠭᠰᠠᠨ 2 ᠡᠷᠦᠬᠡ 3 ᠶᠠᠳᠠᠭᠤ ᠬᠦᠴᠢᠷᠳᠡᠯᠲᠡᠢ ᠬᠦᠮᠦᠨ ᠳᠤ ᠪᠠᠶᠢᠩᠭᠤᠵᠢᠭᠰᠠᠨ ᠳᠠᠭᠠᠭᠠᠴᠢᠯᠠᠨ ᠳᠡᠳᠬᠦᠯᠲᠡ ᠶᠠᠪᠤᠭᠳᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ 2 ᠶᠠᠳᠠᠭᠤ ᠬᠦᠴᠢᠷᠳᠡᠯᠲᠡᠢ ᠡᠷᠦᠬᠡ ᠶᠢ ᠣᠨᠳᠣᠣ ᠭᠠᠵᠠᠷ ᠨᠡᠭᠦᠯᠭᠡᠨ ᠰᠢᠯᠵᠢᠬᠦᠯᠬᠦ ᠪᠠᠷ ᠭᠤᠶᠤᠴᠢᠯᠠᠪᠠ︔ ᠡᠭᠦᠨ ᠤ ᠬᠠᠮᠲᠤ ᠡᠮ ᠡᠮᠨᠡᠯᠭᠡ᠂ ᠰᠣᠷᠭᠠᠨ ᠬᠦᠮᠦᠵᠢᠯ᠂ ᠳᠠᠮ ᠬᠦᠦ ᠲᠠᠢ ᠵᠢᠭᠡᠯᠡᠯᠭᠡ ᠵᠡᠷᠭᠡ ᠤᠯᠤᠰ ᠤᠨ ᠶᠠᠳᠠᠭᠤ  ᠶᠢ ᠳᠡᠳᠬᠦᠬᠦ ᠲᠦᠷᠦ ᠶᠢᠨ ᠪᠤᠳᠤᠯᠭ᠎ᠠ ᠶᠢ ᠢᠵᠢᠯ ᠠᠯᠬᠤᠮ ᠢᠶᠠᠷ ᠨᠠᠶᠢᠲᠠᠪᠤᠷᠢᠵᠢᠭᠤᠯᠪᠠ᠃ ᠪᠠᠯᠭᠠᠰᠣᠨ ᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠺᠠᠳ᠋ᠷ ᠭᠡᠷᠡᠯ ᠪᠠ ᠳᠠᠭᠠᠭᠠᠴᠢᠯᠠᠨ ᠬᠠᠷᠢᠯᠴᠠᠵᠤ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠵᠠᠩ ᠮᠢᠨ᠂ ᠠᠵᠢᠯᠲᠠᠨ ᠸᠠᠩ ᠵᠠᠨ ᠭᠦᠸᠧ ᠲᠤᠬᠠᠢ ᠶᠢᠨ ᠭᠠᠵᠠᠷ ᠤᠨ ᠬᠠᠯᠠᠭᠤᠮᠰᠤᠭ ᠳᠡᠮᠵᠢᠯᠭᠡ ᠦᠵᠡᠭᠦᠯᠦᠭᠴᠢ ᠪᠠᠢ ᠨᠧᠩ ᠯᠢ ᠲᠠᠢ ᠬᠠᠷᠢᠯᠴᠠᠵᠤ᠂ ᠶᠠᠳᠠᠭᠤ ᠬᠦᠴᠢᠷᠳᠡᠯᠲᠡᠢ ᠡᠷᠦᠬᠡ ᠠᠳᠢᠶ᠎ᠠ ᠳᠤ 3 ᠲᠦᠮᠡᠨ ᠲᠦᠬᠦᠷᠢᠭ ᠤᠨ ᠰᠣᠷᠣᠯᠭ᠎ᠠ ᠶᠢᠨ ᠳᠡᠳᠬᠦᠮᠵᠢ ᠮᠦᠩᠭᠦ ᠲᠤᠰᠠᠯᠠᠨ᠂ ᠣᠷᠳᠣᠰ ᠬᠤᠲᠠ ᠶᠢᠨ ᠪᠠᠶᠢᠭᠠᠯᠢ ᠲᠧᠭᠨᠢᠭ ᠤᠨ ᠳᠡᠭᠡᠳᠦ ᠰᠣᠷᠭᠠᠭᠤᠯᠢ ᠲᠠᠢ ᠬᠠᠷᠢᠯᠴᠠᠵᠤ᠂ ᠠᠳᠢᠶ᠎ᠠ ᠶᠢ ᠬᠠᠪᠰᠣᠷᠣᠨ ᠳᠠᠬᠢᠨ ᠰᠣᠷᠭᠠᠭᠤᠯᠢ  ᠳᠤ ᠰᠣᠷᠣᠯᠴᠠᠭᠤᠯᠪᠠ᠃ ᠶᠠᠳᠠᠭᠤ ᠶᠢ ᠳᠡᠳᠬᠦᠬᠦ ᠲᠤᠰᠬᠠᠢ ᠪᠡᠯᠡ ᠮᠦᠩᠭᠦ ᠶᠢ ᠵᠣᠬᠢᠰᠲᠠᠢ ᠠᠰᠢᠭᠯᠠᠨ᠂ ᠠᠰᠢᠭ ᠲᠤᠰᠠ ᠶᠢᠨ ᠬᠤᠯᠪᠤᠭᠠᠯᠠᠯ ᠤᠨ ᠪᠦᠲᠦᠮᠵᠢᠲᠡᠢ ᠲᠤᠭᠲᠠᠴᠠ ᠶᠢ ᠪᠠᠶᠢᠭᠤᠯᠵᠤ᠂ ︽ᠠᠵᠤ ᠠᠬᠤᠶᠢᠯᠠᠯ + ᠬᠤᠷᠰᠢᠶᠠᠵᠢᠯ + ᠨᠠᠮ ᠤᠨ ᠡᠭᠦᠷ + ᠮᠠᠯᠴᠢᠨ ᠲᠠᠷᠢᠶᠠᠴᠢᠳ︾ ᠤᠨ ᠬᠦᠭᠵᠢᠬᠦᠯᠦᠯᠲᠡ ᠶᠢᠨ ᠵᠠᠭᠪᠤᠷ ᠢ ᠬᠡᠷᠡᠭᠵᠢᠬᠦᠯᠦᠨ᠂ ᠲᠤᠬᠠᠢ ᠶᠢᠨ ᠭᠠᠵᠠᠷ ᠲᠤᠨᠢ ᠲᠤᠬᠢᠷᠠᠭᠤᠯᠬᠤ᠂ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ᠂ ᠭᠠᠴᠠᠭ᠎ᠠ ᠱᠠᠲᠤ ᠭᠤᠤᠯ ᠴᠣᠭᠴᠠ ᠪᠤᠯᠬᠤ᠂ ᠦᠨᠡᠨ ᠠᠴᠠ ᠵᠦᠪ ᠢ ᠡᠷᠢᠬᠦ ᠵᠠᠷᠴᠢᠮ ᠢ ᠪᠠᠷᠢᠮᠲᠠᠯᠠᠵᠤ᠂ ᠭᠠᠴᠠᠭᠠᠨ ᠤ ᠲᠡᠵᠢᠭᠡᠨ ᠠᠷᠠᠴᠢᠯᠠᠬᠤ ᠨᠦᠭᠦᠴᠡᠯ ᠢᠶᠠᠨ ᠦᠨᠳᠦᠰᠦᠯᠡᠨ᠂ ᠬᠠᠰᠢᠶᠠᠯᠠᠵᠤ ᠲᠠᠷᠭᠤᠯᠠᠭᠤᠯᠬᠤ ᠪᠠ ᠪᠡᠯᠴᠢᠭᠡᠷᠯᠡᠬᠦᠯᠦᠨ ᠮᠠᠯᠵᠢᠬᠤ ᠶᠢ ᠬᠠᠷᠢᠯᠴᠠᠨ ᠣᠶᠠᠯᠳᠣᠭᠤᠯᠵᠣ᠂ ᠣᠬᠤᠷ ᠬᠤᠭᠤᠴᠠᠭᠠᠨ ᠳᠤ ᠲᠠᠷᠭᠤᠯᠠᠭᠤᠯᠤᠨ ᠬᠤᠳᠠᠯᠳᠣᠬᠤ ᠰᠢᠨ᠎ᠡ ᠬᠡᠯᠪᠡᠷᠢ ᠶᠢᠨ ᠲᠡᠵᠢᠭᠡᠪᠦᠷᠢ ᠶᠢᠨ ᠵᠠᠭᠪᠤᠷ ᠢ  ᠪᠤᠢ ᠪᠤᠯᠭᠠᠨ᠂ ᠬᠤᠷᠠᠭ᠎ᠠ ᠲᠠᠷᠭᠤᠯᠠᠭᠤᠯᠬᠤ ᠠᠵᠤ ᠦᠢᠯᠡᠰ ᠢ ᠬᠦᠭᠵᠢᠬᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠪᠠ ᠶᠠᠳᠠᠭᠤ ᠬᠦᠴᠢᠷᠳᠡᠯᠲᠡᠢ ᠡᠷᠦᠬᠡ ᠶᠢᠨ ᠢᠳᠡᠪᠬᠢᠵᠢᠯ ᠢ ᠳᠠᠠᠶᠢᠴᠢᠯᠠᠨ᠂ ᠭᠠᠴᠠᠭᠠᠨ ᠤ ᠡᠬᠢ ᠰᠣᠷᠪᠣᠯᠵᠢ᠂ ᠠᠵᠤ ᠦᠢᠯᠡᠰ ᠤᠨ ᠰᠠᠭᠤᠷᠢ ᠪᠠ ᠶᠠᠳᠠᠭᠤ ᠬᠦᠴᠢᠷᠳᠡᠯᠲᠡᠢ ᠡᠷᠦᠬᠡ ᠶᠢᠨ ᠪᠣᠲᠠᠲᠣ ᠪᠠᠶᠢᠳᠠᠯ ᠲᠠᠢ ᠤᠶᠠᠯᠳᠣᠭᠤᠯᠵᠣ᠂ ᠠᠰᠢᠭ ᠲᠤᠰᠠ ᠶᠢᠨ ᠬᠤᠯᠪᠤᠭᠠᠯᠠᠯ ᠢ ᠪᠠᠶᠢᠭᠤᠯᠪᠠ᠃ 2019 ᠣᠨ ᠠᠴᠠ ᠡᠬᠢᠯᠡᠨ᠂ ᠵᠢᠯ ᠪᠣᠯᠭᠠᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ  ᠤᠨ ᠦᠷ᠎ᠡ ᠠᠰᠢᠭ ᠤᠨ 8 % ᠶᠢ ᠠᠰᠢᠭ ᠲᠤᠰᠠ ᠶᠢᠨ ᠬᠤᠯᠪᠤᠭᠠᠯᠠᠯ ᠢᠶᠠᠷ  ᠳᠠᠮᠵᠢᠭᠤᠯᠤᠨ ᠶᠠᠳᠠᠭᠤ ᠬᠦᠴᠢᠷᠳᠡᠯᠲᠡᠢ ᠡᠷᠦᠬᠡ ᠶᠢ ᠳᠡᠳᠬᠦᠬᠦ ᠳᠤ ᠵᠠᠷᠤᠴᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ  ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠦᠷᠲᠡᠨ᠂ ᠳᠠᠬᠢᠨ ᠶᠠᠳᠠᠭᠤᠷᠠᠬᠤ ᠦᠵᠡᠭᠳᠡᠯ ᠳᠠᠬᠢᠨ ᠡᠭᠦᠰᠬᠦ ᠦᠭᠡᠢ ᠪᠠᠶᠢᠬᠤ ᠶᠢ ᠪᠠᠲᠤᠯᠠᠭᠰᠠᠨ ᠪᠠᠶᠢᠨ᠎ᠠ᠃     ᠣᠨᠴᠠᠯᠢᠭᠲᠤ ᠠᠵᠤ ᠦᠢᠯᠡᠰ ᠤᠨ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠭᠠᠴᠠᠭᠠᠨ ᠤ ᠬᠠᠮᠲᠤ  ᠶᠢᠨ ᠠᠵᠤ ᠠᠬᠤᠢ ᠶᠢ ᠤᠯᠠᠮ ᠨᠢᠭᠡ ᠠᠯᠬᠤᠮ ᠬᠦᠭᠵᠢᠬᠦᠯᠦᠨ ᠪᠣᠵᠠᠭᠠᠶᠢᠷᠠᠭᠤᠯᠪᠠ᠃     ᠭᠦᠨ ᠣᠰᠣ ᠭᠠᠴᠠᠭᠠᠨ ᠤ ᠲᠡᠵᠢᠭᠡᠪᠦᠷᠢ ᠶᠢᠨ ᠦᠢᠯᠡᠰ ᠤᠨ ᠤᠬᠤᠷ ᠬᠤᠭᠤᠴᠠᠭᠠᠨ ᠳᠤ ᠲᠠᠷᠭᠤᠯᠠᠭᠤᠯᠬᠤ ᠰᠠᠭᠤᠷᠢ ᠳᠦᠬᠦᠭᠡᠷᠦᠮᠵᠢ ᠶᠢᠨ ᠲᠦᠷᠦᠯ ᠵᠦᠢᠯ ᠢ ᠡᠷᠴᠢᠮᠲᠡᠢ ᠬᠦᠭᠵᠢᠬᠦᠯᠪᠡ ︵ᠳᠣᠷᠣᠭᠰᠢ ᠬᠠᠮᠲᠤ ᠶᠢᠨ ᠠᠵᠤ ᠠᠬᠤᠢ ᠬᠢᠵᠣ ᠨᠡᠷᠡᠯᠡᠨ᠎ᠡ︶᠃ ᠲᠦᠷᠦᠯ ᠵᠦᠢᠯ ᠨᠢ ᠭᠠᠴᠠᠭᠠᠨ ᠤ ᠭᠤᠤᠯ ᠤᠨ ᠣᠰᠣ ᠮᠠᠯᠵᠢᠯ ᠤᠨ ᠬᠤᠷᠰᠢᠶ᠎ᠠ ᠳᠤ ᠪᠠᠶᠢᠷᠢᠯᠠᠨ᠂ 2018 ᠣᠨ ᠤ 11 ᠰᠠᠷ᠎ᠠ ᠳᠤ ᠪᠠᠶᠢᠭᠤᠯᠤᠭᠳᠠᠵᠤ᠂ 6.81 ᠮᠣ᠋ ᠭᠠᠵᠠᠷ ᠡᠵᠡᠯᠡᠨ᠎ᠡ᠃ ᠬᠠᠮᠲᠤ ᠶᠢᠨ ᠠᠵᠤ ᠠᠬᠤᠢ ᠶᠢᠨ ᠶᠡᠷᠦᠩᠬᠡᠢ ᠪᠡᠯᠡ ᠣᠷᠣᠭᠤᠯᠣᠯᠲᠠ 95 ᠲᠦᠮᠡᠨ ᠲᠦᠭᠦᠷᠢᠭ᠂ ᠡᠭᠦᠨ ᠳᠤ ᠰᠠᠭᠤᠷᠢ ᠪᠠᠶᠢᠭᠤᠯᠤᠯᠲᠠ 55 ᠲᠦᠮᠡᠨ‌‍ᠲ᠋ᠦ᠋ᠬᠦᠷᠢᠭ ︵ᠦᠪᠡᠷ ᠤᠨ ᠬᠤᠷᠠᠮᠳᠣᠭᠤᠯᠭ᠎ᠠ 6 ᠲᠦᠮᠡᠨ ᠲᠦᠬᠦᠷᠢᠭ︶᠂ 2018 ᠣᠨ ᠳᠤ 20 ᠲᠦᠮᠡᠨ ᠲᠦᠭᠦᠷᠢᠭ ᠪᠡᠯᠡ ᠣᠷᠣᠭᠤᠯᠣᠨ 227 ᠢᠮᠠᠭ᠎ᠠ ᠬᠤᠳᠠᠯᠳᠣᠨ ᠠᠪᠴᠣ᠂ 2019 ᠣᠨ ᠳᠤ ᠳᠠᠬᠢᠨ 20 ᠲᠦᠮᠡᠨ ᠲᠦᠭᠦᠷᠢᠭ ᠪᠡᠯᠡ ᠣᠷᠣᠭᠤᠯᠣᠨ 135 ᠬᠤᠨᠢ ᠬᠤᠳᠠᠯᠳᠣᠨ ᠠᠪᠤᠭᠠᠳ᠂ 2019 ᠣᠨ ᠳᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ 84320 ᠲᠦᠭᠦᠷᠢᠭ ᠲᠤ ᠬᠦᠷᠪᠡ᠃ ᠣᠳᠣᠬᠠᠨ ᠪᠣᠯᠲᠠᠯ᠎ᠠ᠂ ᠭᠦᠨ ᠣᠰᠣ ᠭᠠᠴᠠᠭᠠᠨ ᠤ 2020 ᠣᠨ ᠳᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ 13 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ ᠬᠠᠮᠲᠤ ᠶᠢᠨ ᠠᠵᠤ ᠠᠬᠤᠢ ᠳᠤ ᠭᠠᠴᠠᠭ᠎ᠠ ᠱᠠᠲᠤᠨ ᠤ ᠬᠠᠮᠢᠶᠠᠷᠤᠯᠲᠠ ᠶᠢ ᠬᠡᠷᠡᠭᠵᠢᠬᠦᠯᠵᠦ᠂ ᠦᠷ᠎ᠡ ᠠᠰᠢᠭ ᠢ ᠭᠠᠴᠠᠭᠠᠨ ᠤ ᠮᠠᠯᠴᠢᠳ ᠤᠨ ᠳᠡᠳᠭᠦᠮᠵᠢ᠂ ᠲᠤᠰᠠᠯᠠᠮᠵᠢ ᠪᠠ ᠬᠠᠮᠲᠤ ᠶᠢᠨ ᠠᠵᠤ ᠠᠬᠤᠢ ᠶᠢᠨ ᠦᠷᠭᠦᠯᠵᠢᠬᠦᠶᠢᠴᠡ ᠬᠦᠭᠵᠢᠯᠲᠡ ᠳᠤ ᠵᠠᠷᠤᠴᠠᠭᠤᠯᠪᠠ᠃ ᠬᠠᠮᠲᠤ ᠶᠢᠨ ᠠᠵᠤ ᠠᠬᠤᠢ ᠨᠢ ︽ᠠᠵᠤ ᠠᠬᠤᠶᠢᠯᠠᠯ + ᠬᠤᠷᠰᠢᠶᠠᠵᠢᠯ + ᠨᠠᠮ ᠤᠨ ᠡᠭᠦᠷ + ᠮᠠᠯᠴᠢᠨ ᠲᠠᠷᠢᠶᠠᠴᠢᠳ︶ ᠤᠨ ᠬᠦᠭᠵᠢᠯᠲᠡ ᠶᠢᠨ ᠵᠠᠭᠪᠤᠷ ᠢ ᠬᠡᠷᠡᠭᠵᠢᠬᠦᠯᠵᠦ᠂ ᠲᠤᠬᠠᠢ ᠶᠢᠨ ᠭᠠᠵᠠᠷ ᠲᠤᠨᠢ ᠲᠤᠬᠢᠷᠠᠭᠤᠯᠬᠤ᠂ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ᠂ ᠭᠠᠴᠠᠭ᠎ᠠ ᠱᠠᠲᠤ ᠭᠤᠤᠯ ᠴᠣᠭᠴᠠ ᠪᠣᠯᠬᠤ᠂ ᠵᠠᠬ᠎ᠠ ᠳᠡᠯᠭᠡᠭᠦᠷ ᠢᠶᠠᠷ ᠭᠤᠤᠯ ᠴᠤᠭᠴᠠ ᠪᠤᠯᠭᠠᠬᠤ᠂ ᠦᠨᠡᠨ ᠠᠴᠠ ᠵᠦᠪ ᠢ ᠡᠷᠢᠬᠦ ᠵᠠᠷᠴᠢᠮ ᠢ ᠪᠠᠷᠢᠮᠲᠠᠯᠠᠨ᠂ ᠲᠤᠬᠠᠢ ᠶᠢᠨ ᠭᠠᠵᠠᠷ ᠤᠨ ᠲᠡᠵᠢᠭᠡᠨ ᠠᠷᠠᠴᠢᠯᠠᠬᠤ ᠨᠦᠭᠦᠴᠡᠯ ᠢᠶᠠᠨ ᠦᠨᠳᠦᠰᠦᠯᠡᠵᠦ᠂ ︽ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ ᠦᠷ᠎ᠡ ᠠᠰᠢᠭ ᠢ ᠨᠡᠮᠡᠭᠳᠡᠬᠦᠯᠦᠨ ᠠᠷᠭ᠎ᠠ ᠬᠡᠯᠪᠡᠷᠢ ᠪᠠᠨ ᠬᠤᠪᠢᠷᠠᠭᠠᠬᠤ᠂ ᠣᠷᠣᠯᠭ᠎ᠠ ᠶᠢ ᠦᠷᠭᠦᠯᠵᠢᠬᠦᠶᠢᠴᠡ ᠲᠤᠭᠲᠠᠭᠤᠨ ᠢᠶᠠᠷ ᠨᠡᠮᠡᠭᠳᠡᠭᠦᠯᠬᠦ︾ ᠴᠢᠭᠯᠡᠯᠲᠡ ᠶᠤᠰᠤᠭᠠᠷ᠂ ᠬᠠᠰᠢᠶᠠᠯᠠᠵᠤ ᠲᠠᠷᠭᠤᠯᠠᠭᠤᠯᠬᠤ ᠪᠠ ᠪᠡᠯᠴᠢᠭᠡᠷᠯᠡᠬᠦᠯᠦᠨ ᠮᠠᠯᠵᠢᠬᠤ ᠶᠢ ᠬᠠᠷᠢᠯᠴᠠᠨ ᠣᠶᠠᠯᠳᠣᠭᠤᠯᠣᠨ᠂ ᠣᠬᠤᠷ ᠬᠤᠭᠤᠴᠠᠭᠠᠨ ᠳᠤ ᠲᠠᠷᠭᠤᠯᠠᠭᠤᠯᠤᠨ ᠬᠤᠳᠠᠯᠳᠣᠬᠤ ᠰᠢᠨ᠎ᠡ ᠬᠡᠯᠪᠡᠷᠢ ᠶᠢᠨ ᠲᠡᠵᠢᠭᠡᠪᠦᠷᠢ ᠶᠢᠨ ᠵᠠᠭᠪᠤᠷ ᠢ ᠪᠤᠢ ᠪᠣᠯᠭᠠᠵᠤ᠂ ᠬᠤᠷᠠᠭ᠎ᠠ ᠲᠠᠷᠭᠤᠯᠠᠭᠤᠯᠬᠤ ᠠᠵᠤ ᠦᠢᠯᠡᠰ ᠢ ᠬᠦᠭᠵᠢᠬᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠲᠦᠮᠵᠢ   ᠪᠠᠨ ᠲᠠᠰᠣᠷᠠᠯᠲᠠ ᠦᠭᠡᠢ ᠪᠠᠬᠢᠵᠢᠭᠦᠯᠦᠭᠰᠡᠨ ᠪᠠᠶᠢᠨ᠎ᠠ᠃     ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠬᠨᠠᠮᠠᠭᠠᠢ ᠠᠳᠬᠤᠪᠠ᠂ ᠭᠦᠨ ᠣᠰᠣ ᠭᠠᠴᠠᠭ᠎ᠠ 2020 ᠣᠨ ᠤ 8 ᠰᠠᠷ᠎ᠠ ᠶᠢᠨ 20 ᠤ ᠡᠳᠦᠷ ᠭᠦᠨ ᠣᠰᠣ ᠭᠠᠴᠠᠭᠠᠨ ᠤ ᠭᠤᠤᠯ ᠤᠨ ᠣᠰᠣ ᠮᠠᠯᠵᠢᠯ  ᠤᠨ ᠬᠤᠷᠰᠢᠶᠡᠨ ᠳᠤ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠣᠭᠰᠠᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢ ᠪᠠᠶᠢᠭᠤᠯᠵᠤ᠂ ᠨᠠᠶᠢᠲᠠ ᠬᠤᠪᠢ ᠤᠷᠤᠭᠤᠯᠤᠭᠴᠢ 706 ᠬᠦᠮᠦᠨ᠂ ᠬᠤᠪᠢ ᠣᠷᠣᠭᠤᠯᠣᠭᠴᠢᠳ  ᠤᠨ ᠲᠦᠯᠦᠭᠡᠯᠡᠭᠴᠢ 36 ᠬᠦᠮᠦᠨ᠂ ᠬᠡᠷᠡᠭ ᠡᠷᠬᠢᠯᠡᠭᠴᠢᠳ ᠤᠨ ᠬᠤᠷᠠᠯ 5 ᠬᠦᠮᠦᠨ ᠢᠶᠠᠷ ᠪᠦᠷᠢᠯᠳᠦᠨ᠂ ᠬᠢᠨᠠᠯᠲᠠ ᠲᠠᠯᠪᠢᠬᠤ  ᠺᠣᠮᠢᠰ 3 ᠬᠦᠮᠦᠨ ᠢᠶᠠᠷ ᠪᠦᠷᠢᠯᠳᠦᠪᠡ᠃ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃ ᠨᠠᠮ ᠤᠨ ᠭᠡᠰᠢᠬᠦᠨ ᠪᠠ ᠲᠤᠤᠷᠵᠢᠯ ᠬᠠᠮᠢᠶᠠᠷᠤᠯᠲᠠ ᠶᠢᠨ ᠭᠡᠰᠢᠬᠦᠨ ᠡᠷᠦᠭᠡ ᠳᠤ ᠭᠦᠨᠵᠡᠭᠡᠶᠢᠷᠡᠨ ᠮᠠᠯᠴᠢᠨ ᠲᠠᠷᠢᠶᠠᠴᠢᠳ ᠤᠨ ᠲᠠᠷᠢᠵᠦ ᠲᠡᠵᠢᠭᠡᠬᠦ ᠬᠦᠰᠡᠯ ᠡᠷᠡᠮᠡᠯᠵᠡᠯ ᠢ ᠠᠰᠠᠭᠤᠨ ᠰᠣᠷᠪᠣᠯᠵᠢᠯᠠᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠳᠤ ᠢᠳᠡᠪᠬᠢᠲᠡᠢ ᠣᠷᠣᠯᠴᠠᠭᠤᠯᠪᠠ᠃ 2019 ᠣᠨ ᠳᠤ ᠨᠠᠶᠢᠲᠠ 50 ᠡᠷᠦᠬᠡ ᠠᠵᠤ ᠦᠢᠯᠡᠰ  ᠤᠨ ᠪᠦᠲᠦᠴᠡ ᠶᠢᠨ ᠲᠤᠬᠢᠷᠠᠭᠤᠯᠤᠯᠲᠠ ᠳᠤ ᠢᠳᠡᠪᠬᠢᠲᠡᠢ ᠪᠠᠷ ᠣᠷᠣᠯᠴᠠᠨ᠂ ᠣᠬᠤᠷ ᠬᠤᠭᠤᠴᠠᠭᠠᠨ ᠳᠤ ᠲᠠᠷᠭᠤᠯᠠᠭᠤᠯᠬᠤ ᠲᠡᠵᠢᠭᠡᠪᠦᠷᠢ ᠶᠢᠨ ᠲᠦᠷᠦᠯ ᠵᠦᠢᠯ ᠢ ᠬᠦᠭᠵᠢᠬᠦᠯᠵᠦ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠪᠡ᠃ 2020 ᠣᠨ ᠳᠤ᠂ 31 ᠡᠷᠦᠬᠡ 1500 ᠮᠣ᠋ ᠲᠡᠵᠢᠭᠡᠯ ᠡᠪᠡᠰᠦ ᠪᠣᠷᠳᠤᠭ᠎ᠠ ᠲᠠᠷᠢᠨ᠂ 8000 ᠭᠠᠷᠣᠢ ᠬᠤᠷᠠᠭ᠎ᠠ ᠶᠢ ᠣᠬᠤᠷ ᠬᠤᠭᠤᠴᠠᠭᠠᠨ ᠳᠤ ᠲᠠᠷᠭᠤᠯᠠᠭᠤᠯᠤᠭᠰᠠᠨ ᠪᠠᠶᠢᠨ᠎ᠠ᠃     ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠪᠦᠬᠦ ᠲᠠᠯ᠎ᠠ ᠪᠠᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠲᠠᠶᠢᠴᠢᠯᠠᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃     ᠨᠠᠮ ᠤᠨ ᠭᠡᠰᠢᠬᠦᠨ ᠤ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠣᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭᠠᠨ  ᠤ ᠰᠣᠷᠣᠯᠴᠠᠯᠭ᠎ᠠ ᠶᠢ ᠣᠶᠠᠯᠳᠣᠭᠤᠯᠣᠨ᠂ ᠰᠣᠷᠣᠯᠴᠠᠯᠭ᠎ᠠ ᠶᠢᠨ  ᠲᠦᠯᠦᠪᠯᠡᠭᠡ ᠶᠢ ᠬᠢᠨᠠᠮᠠᠭᠠᠢ ᠲᠤᠭᠲᠠᠭᠠᠵᠤ᠂ ᠨᠠᠮ  ᠤᠨ ᠭᠡᠰᠢᠬᠦᠨ ᠢ ᠵᠤᠬᠢᠶᠠᠨ ᠪᠠᠶᠢᠭᠤᠯᠵᠤ ᠰᠠᠷ᠎ᠠ ᠪᠤᠯᠭᠠᠨ ᠳᠤ ᠲᠦᠪᠯᠡᠷᠡᠩᠭᠦᠢ ᠰᠣᠷᠣᠯᠴᠠᠯᠭ᠎ᠠ   ᠶᠢ ᠦᠷᠨᠢᠬᠦᠯᠦᠨ᠂     ︽ᠳᠤᠮᠳᠠᠳᠣ ᠤᠯᠤᠰ ᠤᠨ ᠡᠪ ᠬᠠᠮᠲᠤ ᠨᠠᠮ ᠤᠨ ᠬᠦᠳᠡᠭᠡ ᠲᠤᠰᠬᠤᠨ ᠤ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠳᠦᠷᠢᠮ︾᠂ ︽ᠳᠣᠮᠳᠠᠳᠣ ᠤᠯᠤᠰ ᠤᠨ ᠡᠪ ᠬᠠᠮᠲᠤ ᠨᠠᠮ ᠤᠨ ᠨᠠᠮ ᠤᠨ ᠡᠭᠦᠷ ᠤᠨ ᠠᠵᠢᠯ  ᠤᠨ ᠳᠦᠷᠢᠮ ︵ᠲᠤᠷᠰᠢᠨ ᠬᠡᠷᠡᠭᠵᠢᠬᠦᠯᠬᠦ︶︾ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠬᠠᠤᠯᠢ ᠳᠦᠷᠢᠮ ᠢ ᠭᠤᠤᠯᠳᠠᠯᠭ᠎ᠠ ᠲᠠᠢ ᠰᠣᠷᠣᠯᠴᠠᠭᠤᠯᠪᠠ᠃ ᠡᠭᠦᠨ ᠤ ᠬᠠᠮᠲᠤ᠂ ︽ᠰᠣᠷᠣᠯᠴᠠᠯᠭ᠎ᠠ ᠶᠢᠨ ᠬᠦᠴᠦᠷᠬᠡᠭ ᠣᠯᠣᠰ︾ ᠳᠠᠪᠴᠠᠩ᠂ ᠣᠷᠠᠨ ᠰᠠᠶᠢᠬᠠᠨ ᠤ ᠲᠤᠭᠯᠠᠯᠲᠠ ᠵᠡᠷᠭᠡ ᠶᠢ ᠠᠰᠢᠭᠯᠠᠨ ᠪᠦᠬᠦ ᠲᠠᠯ᠎ᠠ ᠶᠢᠨ ᠰᠢᠰᠲ᠋ᠧᠮ ᠲᠠᠢ ᠰᠣᠷᠣᠯᠴᠠᠯᠭ᠎ᠠ ᠶᠢ ᠦᠷᠨᠢᠭᠦᠯᠵᠦ᠂ ᠨᠠᠮ ᠤᠨ ᠬᠡᠰᠢᠭᠦᠳ ᠤᠨ ᠬᠡᠪ ᠰᠣᠷᠲᠠᠯ ᠢ ᠳᠡᠭᠡᠭᠰᠢᠯᠡᠬᠦᠯᠪᠡ᠃ ︽ᠡᠶᠡᠪᠡᠷᠭᠦᠦ ᠨᠠᠶᠢᠷᠠᠮᠳᠠᠭᠤ︾ ᠭᠦᠨ ᠣᠰᠣ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠲᠡᠭ ᠢ ᠴᠤᠭᠴᠠᠯᠠᠵᠤ᠂ ︽ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠤᠯᠭᠠᠨ ᠶᠠᠳᠠᠭᠤ ᠠᠴᠠ ᠠᠩᠭᠢᠵᠢᠷᠠᠭᠤᠯᠬᠤ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠠᠬᠢᠭᠤᠯᠬᠤ︾ ᠪᠠᠷ ᠬᠠᠷᠠᠯᠲᠠ ᠪᠤᠯᠭᠠᠨ᠂ ᠪᠦᠬᠦ ᠲᠠᠯ᠎ᠠ ᠶᠢᠨ ᠠᠬᠢᠭᠤᠯᠤᠯᠲᠠ᠂ ᠲᠦᠷᠦᠯ ᠵᠦᠢᠯ ᠤᠨ ᠬᠡᠷᠡᠭᠵᠢᠬᠦᠯᠦᠯᠲᠡ᠂ ᠶᠠᠪᠤᠴᠠ ᠶᠢᠨ ᠬᠠᠮᠢᠶᠠᠷᠤᠯᠲᠠ᠂ ᠣᠨᠴᠠᠯᠢᠭᠲᠤ ᠪᠣᠶᠢᠵᠢᠭᠤᠯᠣᠯᠲᠠ᠂ ᠨᠡᠷᠡᠲᠦ ᠲᠡᠮᠲᠡᠭ ᠤᠨ ᠴᠤᠭᠴᠠᠯᠠᠯᠲᠠ ᠶᠢᠨ ᠰᠡᠳᠬᠢᠬᠦᠢ ᠶᠤᠰᠤᠭᠠᠷ᠂ ᠨᠠᠮ ᠤᠨ ᠡᠭᠦᠷ᠂ ᠣᠨᠣᠯ᠂ ᠠᠮᠢᠵᠢᠷᠠᠯ ᠤᠨ ᠬᠦᠴᠦᠨ᠂ ᠳᠦᠷᠢᠮ᠂ ᠠᠵᠤ ᠦᠢᠯᠡᠰ ᠵᠡᠷᠭᠡ ᠲᠠᠪᠤ ᠶᠢ ᠠᠭᠤᠰᠤᠯᠴᠠᠭᠤᠯᠤᠭᠰᠠᠨ ᠨᠠᠮ ᠤᠨ ᠪᠠᠶᠢᠭᠤᠯᠤᠯᠲᠠ ᠶᠢᠨ ᠵᠠᠭᠪᠤᠷ ᠢ ᠪᠦᠷᠢᠯᠳᠦᠬᠦᠯᠵᠦ᠂ ᠭᠠᠴᠠᠭᠠᠨ ᠤ ᠨᠠᠮ ᠤᠨ ᠪᠠᠶᠢᠭᠤᠯᠤᠯᠲᠠ ᠠᠴᠠ ᠬᠦᠳᠡᠭᠡ ᠲᠤᠰᠬᠤᠨ ᠤ ᠵᠠᠰᠠᠯᠲᠠ ᠶᠢ ᠨᠢᠭᠡᠳᠦᠯᠲᠡᠢ ᠲᠦᠯᠦᠪᠵᠢᠬᠦᠯᠦᠨ ᠵᠢᠯᠤᠭᠤᠳᠬᠤ ᠰᠢᠨ᠎ᠡ ᠴᠠᠭ ᠦᠶ᠎ᠡ ᠶᠢᠨ ᠮᠠᠯᠵᠢᠬᠤ ᠤᠷᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠵᠠᠭᠪᠤᠷ ᠢ ᠠᠩᠬ᠎ᠠ ᠠᠯᠬᠤᠮ ᠪᠠᠶᠢᠭᠤᠯᠪᠠ᠃ ᠨᠠᠮ ᠤᠨ ᠡᠭᠦᠷ ᠤᠨ ᠪᠠᠷᠢᠮᠵᠢᠶᠠᠵᠢᠭᠰᠠᠨ ᠳᠦᠷᠢᠮᠵᠢᠭᠰᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠭᠠᠴᠠᠭᠠᠨ ᠤ ᠠᠯᠪᠠᠯᠠᠬᠤ ᠭᠠᠵᠠᠷ  ᠢ ᠳᠠᠬᠢᠨ ᠲᠦᠯᠦᠪᠵᠢᠬᠦᠯᠦᠨ ᠴᠤᠭᠴᠠᠯᠠᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢᠨ ᠭᠠᠵᠠᠷ ᠲᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠦᠷᠲᠡᠭᠡ ᠪᠠᠶᠢᠭᠤᠯᠤᠨ᠂ ᠮᠠᠯᠵᠢᠯ ᠤᠨ ᠬᠤᠷᠰᠢᠶ᠎ᠠ ᠪᠤᠯᠭᠠᠨ  ᠳᠤ ᠨᠠᠮ ᠤᠨ ᠪᠠᠭ᠎ᠠ ᠳᠣᠭᠤᠶᠢᠯᠠᠩ ᠢ ᠪᠠᠶᠢᠭᠤᠯᠵᠤ᠂ ᠨᠠᠮ ᠤᠨ ᠭᠡᠰᠢᠬᠦᠨ ᠭᠤᠤᠯᠳᠠᠯᠭᠠᠲᠤ ᠡᠷᠦᠬᠡ ᠶᠢ 3 ᠰᠣᠩᠭᠤᠨ᠂ ᠤᠬᠠᠭᠤᠯᠤᠨ ᠲᠠᠶᠢᠯᠪᠤᠷᠢᠯᠠᠬᠤ᠂ ᠵᠦᠷᠢᠴᠠᠯ ᠢ ᠡᠶᠡᠳᠡᠭᠦᠯᠬᠦ᠂ ᠲᠤᠭᠲᠠᠭᠤᠨ ᠢ ᠬᠠᠮᠠᠭᠠᠯᠠᠬᠤ ᠠᠵᠢᠯ ᠤᠨ ᠡᠭᠦᠷᠭᠡᠯᠡᠯ ᠬᠠᠷᠢᠭᠤᠴᠠᠯᠭ᠎ᠠ ᠶᠢ ᠨᠢ ᠬᠦᠢᠴᠡᠳ ᠪᠠᠳᠠᠷᠠᠭᠤᠯᠵᠤ᠂ ︽ᠨᠠᠮ ᠤᠨ ᠭᠡᠰᠢᠬᠦᠨ ᠭᠤᠤᠯᠳᠠᠯᠭᠠᠲᠤ ᠡᠷᠦᠬᠡ︾ ᠪᠠᠷ ᠳᠠᠮᠵᠢᠭᠤᠯᠤᠨ ᠳᠡᠭᠡᠭᠰᠢ ᠪᠠᠨ ᠨᠠᠮ ᠤᠨ ᠡᠭᠦᠷ᠂ ᠳᠣᠷᠣᠭᠰᠢ ᠪᠠᠨ ᠨᠠᠮ ᠤᠨ ᠭᠡᠰᠢᠬᠦᠨ ᠪᠠ ᠮᠠᠯᠴᠢᠨ ᠲᠠᠷᠢᠶᠠᠴᠢᠨ ᠲᠠᠢ ᠬᠤᠯᠪᠤᠭᠠᠯᠠᠭᠤᠯᠤᠨ᠂ ︽ᠡᠷᠦᠬᠡ ᠭᠡᠷ ᠲᠤ ᠪᠠᠨ ᠨᠠᠮ ᠤᠨ ᠪᠠᠶᠢᠭᠤᠯᠤᠯᠲᠠ ᠶᠢ ᠴᠤᠭᠴᠠᠯᠠᠨ᠂ ᠨᠠᠮ ᠤᠨ ᠪᠠᠶᠢᠭᠤᠯᠤᠯᠲᠠ ᠶᠢ  ᠠᠶᠢᠯ ᠡᠷᠦᠬᠡ ᠳᠤ ᠬᠦᠨᠵᠡᠭᠡᠶᠢᠷᠡᠭᠦᠯᠬᠦ︾ ᠦᠢᠯᠡᠴᠢᠯᠡᠭᠡᠨ ᠤ ᠬᠡᠯᠬᠢᠶ᠎ᠡ ᠶᠢ ᠪᠦᠷᠢᠯᠳᠦᠬᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠵᠤᠬᠢᠶᠠᠨ ᠪᠠᠶᠢᠭᠤᠯᠬᠤ ᠴᠢᠳᠠᠪᠤᠷᠢ᠂ ᠨᠢᠭᠲᠠᠷᠠᠯ ᠤᠨ ᠬᠦᠴᠦᠨ ᠢ ᠪᠦᠲᠦᠮᠵᠢᠲᠡᠢ ᠳᠡᠭᠡᠭᠰᠢᠯᠡᠬᠦᠯᠦᠭᠰᠡᠨ ᠪᠠᠶᠢᠨ᠎ᠠ᠃     ︽ᠠᠷᠪᠠᠨ ᠭᠤᠷᠪᠠᠳᠣᠭᠠᠷ ᠲᠠᠪᠤᠨ ᠵᠢᠯ︾ ᠤᠨ ᠬᠤᠭᠤᠴᠠᠭᠠᠨ ᠳᠤ᠂ ᠭᠦᠨ ᠣᠰᠣ ᠭᠠᠴᠠᠭ᠎ᠠ ᠡᠯ᠎ᠡ ᠲᠦᠷᠦᠯ  ᠤᠨ ᠠᠵᠢᠯ ᠤᠨ ᠭᠤᠤᠯᠳᠠᠯᠭ᠎ᠠ ᠪᠠᠨ ᠳᠣᠪᠣᠶᠢᠯᠠᠭᠠᠵᠤ᠂ ᠪᠡᠷᠬᠡ ᠶᠢ ᠢᠯᠠᠨ ᠰᠢᠨ᠎ᠡ ᠪᠠᠶᠢᠳᠠᠯ ᠢ ᠪᠣᠢ ᠪᠣᠯᠭᠠᠨ ᠢᠯᠡᠷᠬᠡᠢ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ ︽ᠠᠷᠪᠠᠨ ᠳᠦᠷᠪᠡᠳᠦᠭᠡᠷ ᠲᠠᠪᠤᠨ ᠵᠢᠯ︾ ᠳᠤ᠂ ᠦᠷᠭᠦᠯᠵᠢᠯᠡᠨ ᠮᠠᠯᠴᠢᠨ ᠲᠠᠷᠢᠶᠠᠴᠢᠨ ᠤ ᠬᠡᠷᠡᠭᠴᠡᠭᠡ ᠪᠠᠷ ᠭᠤᠤᠯ ᠪᠤᠯᠭᠠᠵᠤ᠂ ᠣᠯᠠᠨ ᠲᠦᠮᠡᠨ ᠨᠠᠶᠢᠶᠢᠲᠠᠮ ᠢᠶᠠᠷ ᠢᠶᠠᠨ ᠠᠩᠬᠠᠷᠤᠯ ᠲᠠᠯᠪᠢᠵᠦ ᠪᠠᠶᠢᠭ᠎ᠠ ᠠᠷᠠᠳ ᠤᠨ ᠠᠮᠢᠳᠣᠷᠠᠯ ᠤᠨ ᠠᠰᠠᠭᠤᠳᠠᠯ ᠢ ᠴᠢᠬᠤᠯᠠᠴᠢᠯᠠᠨ᠂ ᠨᠡᠩ ᠴᠢᠭᠯᠡᠯᠲᠤ ᠴᠢᠨᠠᠷ ᠲᠠᠢ ᠠᠷᠭ᠎ᠠ ᠠᠪᠴᠠᠯ ᠠᠪᠴᠤ᠂ ᠪᠦᠬᠦᠨ ᠢ ᠨᠠᠶᠢᠲᠠᠪᠤᠷᠢᠵᠢᠭᠤᠯᠤᠨ᠂ ᠣᠯᠠᠨ ᠲᠦᠮᠡᠨ ᠤ ᠬᠦᠷᠲᠡᠮᠵᠢ᠂ ᠵᠤᠯ ᠵᠢᠷᠭᠠᠯ᠂ ᠠᠮᠣᠷ ᠳᠦᠪᠰᠢᠨ ᠤ ᠲᠦᠷᠦᠭᠲᠡᠯ ᠢ ᠨᠡᠩ ᠬᠠᠩᠭᠠᠮᠵᠢᠲᠠᠢ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠬᠦᠶᠢᠴᠡ ᠪᠤᠯᠭᠠᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号