ᠣᠲᠤᠭ ᠡᠮᠦᠨᠡᠲᠦ ᠨᠠᠮ ᠲᠠᠷᠬᠠᠭᠠᠭᠰᠠᠨ ﹇2020﹈ 4 ᠲᠣᠭᠠᠲᠤ
ᠨᠡᠶᠢᠲᠡᠯᠡᠭᠰᠡᠨ ᠴᠠᠭ᠄
2020/12/16
︽ᠠᠵᠤ  ᠠᠬᠤᠶᠢᠯᠠᠯ  ᠪᠠ ᠣᠷᠣᠨ ᠨᠣᠲᠤᠭ ᠤᠯᠠᠮ ᠨᠢᠭᠡ ᠠᠯᠬᠤᠮ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ  ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠲᠦᠰᠦᠯ︾ ᠢ ᠲᠠᠷᠣᠮᠠᠯᠯᠠᠨ ᠲᠠᠷᠬᠠᠭᠠᠬᠤ ᠲᠤᠬᠠᠢ ᠳᠣᠮᠳᠠᠳᠣ ᠤᠯᠤᠰ ᠤᠨ ᠡᠪ ᠬᠠᠮᠲᠤ ᠨᠠᠮ ᠤᠨ ᠣᠲᠤᠭ ᠤᠨ ᠡᠮᠦᠨᠡᠲᠦ ᠬᠤᠰᠢᠭᠤᠨ ᠤ ᠬᠤᠷᠢᠶ᠎ᠠ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠦᠴᠢᠷ ᠵᠢᠴᠢ ᠡᠯ᠎ᠡ ᠠᠷᠠᠳ ᠤᠨ ᠪᠦᠯᠬᠦᠮ᠄     ︽ᠠᠵᠤ ᠠᠬᠤᠶᠢᠯᠠᠯ ᠪᠠ ᠣᠷᠣᠨ ᠨᠣᠲᠤᠭ ᠤᠯᠠᠮ ᠨᠢᠭᠡ ᠠᠯᠬᠤᠮ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠃ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                                             ᠳᠣᠮᠳᠠᠳᠣ ᠤᠯᠤᠰ ᠤᠨ ᠡᠪ ᠬᠠᠮᠲᠤ ᠨᠠᠮ ᠤᠨ ᠣᠲᠤᠭ ᠤᠨ ᠡᠮᠦᠨᠡᠲᠦ ᠬᠤᠰᠢᠭᠤᠨ ᠤ ᠬᠤᠷᠢᠶ᠎ᠠ                    ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                             2020 ᠣᠨ ᠤ 5 ᠰᠠᠷ᠎ᠠ ᠶᠢᠨ 17 ᠤ ᠡᠳᠦᠷᠠᠵᠤ ᠠᠬᠤᠶᠢᠯᠠᠯ ᠪᠠ ᠣᠷᠣᠨ ᠨᠣᠲᠤᠭ ᠤᠯᠠᠮ ᠨᠢᠭᠡ ᠠᠯᠬᠤᠮ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠲᠦᠰᠦᠯ     ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠬᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠲᠣᠬᠠᠢ ᠴᠢᠬᠤᠯᠠ ᠵᠢᠭᠠᠪᠤᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠤᠨ ᠨᠠᠶᠢᠲᠠᠪᠤᠷᠢᠵᠢᠭᠤᠯᠵᠤ᠂ ᠠᠵᠤ ᠠᠬᠤᠶᠢᠯᠠᠯ ᠪᠠ ᠣᠷᠣᠨ ᠨᠣᠲᠤᠭ ᠤᠯᠠᠮ ᠨᠢᠭᠡ ᠠᠯᠬᠤᠮ ᠬᠦᠴᠦ  ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ  ᠠᠵᠢᠯᠯᠠᠭ᠎ᠠ ᠶᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠤᠳ ᠤᠨ ᠠᠵᠤ ᠠᠬᠤᠢ ᠶᠢᠨ ᠬᠦᠭᠵᠢᠯᠲᠡ᠂ ᠨᠠᠶᠢᠬᠡᠮ ᠤᠨ ᠲᠠᠪᠰᠢᠯᠲᠠ ᠶᠢᠨ ᠳᠣᠮᠳᠠᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠂ ᠠᠵᠤ ᠠᠬᠤᠶᠢᠯᠠᠯ ᠪᠠ ᠣᠷᠣᠨ ᠨᠣᠲᠤᠭ ᠬᠤᠯᠪᠣᠭᠠᠯᠠᠭᠰᠠᠨ ᠨᠢᠭᠡᠳᠦᠯᠲᠡᠢ ᠬᠦᠭᠵᠢᠯᠲᠡ ᠶᠢᠨ ᠠᠬᠢᠴᠠ ᠶᠢ ᠲᠦᠷᠭᠡᠳᠭᠡᠵᠦ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠲᠦᠮᠵᠢ ᠶᠢ ᠪᠦᠬᠦ ᠲᠠᠯ᠎ᠠ ᠪᠠᠷ ᠪᠡᠬᠡᠵᠢᠭᠦᠯᠦᠨ᠂ ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ  ᠶᠢ ᠦᠷᠭᠦᠯᠵᠢᠬᠦᠶᠢᠴᠡ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠤᠨᠴᠠᠭᠠᠶᠢᠯᠠᠨ ᠲᠣᠰ ᠠᠵᠢᠯᠯᠠᠭᠠᠨ ᠤ ᠲᠦᠰᠦᠯ ᠢ ᠲᠣᠭᠲᠠᠭᠠᠪᠠ᠃     ᠨᠢᠭᠡ᠂ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ᠂ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠠᠵᠤ ᠠᠬᠤᠶᠢᠯᠠᠯ ᠪᠠ ᠣᠷᠣᠨ ᠨᠣᠲᠤᠭ ᠤᠯᠠᠮ ᠨᠢᠭᠡ ᠠᠯᠬᠤᠮ ᠬᠦᠴᠦ ᠪᠠᠨ ᠬᠠᠮᠲᠤᠳᠬᠠᠨ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠲᠦᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠤᠳ  ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠲᠠᠶᠢᠯᠠᠯᠳᠤᠭᠠᠨ ᠪᠠ ᠬᠦᠳᠡᠭᠡ ᠲᠣᠰᠬᠤᠨ  ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠣᠷᠣᠯᠴᠠᠬᠤ ᠶᠢ ᠦᠷᠭᠡᠨ ᠢᠶᠠᠷ ᠳᠠᠶᠢᠴᠢᠯᠠᠨ᠂ ᠦᠢᠯᠡᠳᠪᠦᠷᠢ ᠬᠤᠳᠠᠯᠳᠣᠭᠠᠨ ᠤ ᠦᠢᠯᠡᠰ ᠢᠶᠠᠷ ᠮᠠᠯ ᠲᠠᠷᠢᠶᠠᠯᠠᠩ ᠤᠨ ᠦᠢᠯᠡᠰ ᠢ ᠳᠡᠳᠬᠦᠬᠦ᠂ ᠬᠤᠲᠠ ᠪᠠᠯᠭᠠᠰᠤᠨ ᠤ ᠬᠢᠨ ᠮᠠᠯᠵᠢᠬᠤ ᠲᠠᠷᠢᠶᠠᠯᠠᠬᠤ ᠣᠷᠣᠨ ᠢ ᠳᠡᠮᠵᠢᠬᠦ ᠬᠦᠴᠦᠯᠡᠴᠡ ᠶᠢ ᠤᠯᠠᠮ ᠨᠢᠭᠡ ᠠᠯᠬᠤᠮ ᠡᠷᠴᠢᠮᠵᠢᠭᠦᠯᠦᠨ᠎ᠡ᠃ ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ᠂ ᠬᠤᠯᠪᠤᠭᠠᠯᠠᠨ ᠳᠠᠭᠠᠭᠠᠴᠢᠯᠠᠨ ᠳᠡᠳᠬᠦᠬᠦ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠲᠠᠨᠢᠯᠲᠠ ᠶᠢᠨ ᠬᠤᠪᠢᠷᠠᠭᠤᠯᠤᠯᠲᠠ᠂ ᠴᠢᠨᠡᠭᠡᠯᠢᠭᠵᠢᠬᠦ ᠴᠢᠳᠠᠪᠤᠷᠢ ᠶᠢᠨ ᠳᠡᠭᠡᠭᠰᠢᠯᠡᠯᠲᠡ ᠶᠢ ᠬᠦᠴᠦᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠳᠤ ᠪᠤᠲᠠᠲᠤ ᠶᠠᠪᠤᠳᠠᠯ ᠪᠦᠲᠦᠭᠡᠬᠦ ᠪᠠᠷ ᠬᠦᠴᠦᠯᠡᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ᠂ ᠮᠠᠯᠴᠢᠨ ᠲᠠᠷᠢᠶᠠᠴᠢᠨ ᠤ ᠣᠷᠣᠯᠭ᠎ᠠ ᠶᠢ,ᠨᠡᠮᠡᠭᠳᠡᠭᠦᠯᠬᠦ ᠴᠢᠨᠡᠭᠡᠯᠢᠭᠵᠢᠯ ᠤᠨ ᠰᠢᠨ᠎ᠡ ᠠᠷᠭ᠎ᠠ ᠵᠠᠮ ᠢ ᠨᠡᠭᠡᠭᠡᠬᠦ ᠪᠠ ᠰᠢᠨ᠎ᠡ ᠳᠠᠪᠴᠠᠩ ᠪᠠᠶᠢᠭᠤᠯᠬᠤ ᠶᠢ ᠠᠬᠢᠭᠤᠯᠤᠨ᠂ ᠬᠦᠳᠡᠭᠡ ᠲᠣᠰᠬᠤᠨ ᠢ ᠴᠢᠨᠠᠭᠡᠯᠢᠭᠵᠢᠬᠦᠯᠦᠨ ᠠᠵᠤ ᠠᠬᠤᠶᠢᠯᠠᠯ ᠢ ᠬᠦᠴᠦᠷᠭᠡᠭᠵᠢᠭᠦᠯᠬᠦ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤ ᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠦᠨ᠎ᠡ᠃     ᠬᠤᠶᠠᠷ᠂ ᠬᠠᠮᠲᠤᠷᠠᠠ ᠴᠤᠭᠴᠠᠯᠠᠬᠤ ᠠᠷᠭ᠎ᠠ ᠮᠠᠶ᠋ᠢᠭ     ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠪᠠ ᠭᠠᠴᠠᠭ᠎ᠠ ᠲᠣᠰᠬᠤᠨ ᠢ ᠳᠠᠶᠢᠴᠢᠯᠠᠨ ᠵᠣᠬᠢᠶᠠᠨ ᠪᠠᠶᠢᠭᠤᠯᠵᠤ᠂ ︽ᠨᠢᠭᠡ ᠠᠵᠤ ᠠᠬᠤᠶᠢᠯᠠᠯ ᠨᠢᠭᠡ ᠭᠠᠴᠠᠭ᠎ᠠ ᠲᠤᠰᠬᠤᠨ ᠢ ᠳᠡᠮᠵᠢᠬᠦ︾᠂ ︽ᠣᠯᠠᠨ ᠠᠵᠤ ᠠᠬᠤᠶᠢᠯᠠᠯ ᠨᠢᠭᠡ ᠭᠠᠴᠠᠭ᠎ᠠ ᠲᠣᠰᠬᠤᠨ ᠢ ᠳᠡᠮᠵᠢᠬᠦ︾᠂ ︽ᠨᠢᠭᠡ ᠠᠵᠤ ᠠᠬᠤᠶᠢᠯᠠᠯ ᠵᠠᠭᠤᠨ ᠡᠷᠦᠬᠡ ᠲᠠᠢ ᠬᠤᠯᠪᠤᠭᠠᠯᠠᠬᠤ︾ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠠ ᠣᠷᠣᠨ ᠨᠤᠲᠤᠭ ᠬᠠᠮᠲᠤᠷᠠᠨ  ᠴᠤᠭᠴᠠᠯᠠᠬᠤ ᠠᠵᠢᠯᠯᠠᠭ᠎ᠠ ᠦᠷᠨᠢᠭᠦᠯᠦᠨ᠂ ᠠᠵᠤ ᠠᠬᠤᠶᠢᠯᠠᠯ ᠤᠨ ᠬᠢᠨ ᠭᠠᠴᠠᠭ᠎ᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠴᠤᠭᠴᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ᠂ ᠨᠤᠲᠤᠭ ᠤᠨ  ᠪᠣᠯᠪᠠᠰᠤᠨ ᠰᠤᠷᠲᠠᠯ ᠤᠨ ᠪᠣᠶᠢᠵᠢᠭᠤᠯᠣᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠯᠲᠡ ᠪᠠ ᠨᠠᠶᠢᠬᠡᠮ ᠤᠨ ᠶᠡᠷᠦᠩᠬᠡᠶᠢᠯᠡᠭᠰᠡᠨ ᠵᠠᠰᠠᠯᠲᠠ ᠵᠡᠷᠭᠡ ᠬᠦᠳᠡᠭᠡ ᠲᠣᠰᠬᠤᠨ ᠤ ᠬᠡᠷᠡᠭ ᠶᠠᠪᠤᠳᠠᠯ ᠳᠤ ᠣᠷᠣᠯᠴᠠᠬᠤ ᠶᠢ ᠵᠣᠷᠢᠭᠵᠢᠭᠤᠯᠵᠤ᠂ ᠤᠯᠠᠨ ᠬᠡᠯᠪᠡᠷᠢ ᠶᠢᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠂ ᠡᠮᠬᠢ ᠴᠡᠭᠴᠡ ᠲᠠᠢ ᠪᠠᠷ ᠮᠠᠯᠴᠢᠨ ᠲᠠᠷᠢᠶᠠᠴᠢᠨ ᠢ ᠡᠷᠭᠢᠯᠲᠡᠲᠤ ᠠᠵᠤ ᠦᠢᠯᠡᠰ ᠤᠨ ᠬᠡᠯᠬᠢᠶᠡᠵᠢᠯ ᠲᠠᠢ ᠬᠤᠯᠪᠣᠭᠳᠠᠭᠤᠯᠤᠨ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤ ᠪᠠᠷ ᠠᠰᠢᠭ ᠬᠦᠷᠲᠡᠵᠦ᠂ ᠬᠠᠮᠲᠤ ᠪᠠᠷ ᠬᠦᠭᠵᠢᠬᠦ ᠶᠢ ᠪᠡᠶᠡᠯᠡᠭᠦᠯᠦᠨ᠎ᠡ᠃     ︵ᠨᠢᠭᠡ︶ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠭᠠᠷᠳᠠᠴᠠ ᠪᠤᠯᠭᠠᠨ᠂ ᠦᠨᠳᠦᠰᠦᠨ ᠱᠠᠲᠤᠨ ᠤ ᠨᠠᠮ  ᠤᠨ ᠵᠤᠬᠢᠶᠠᠨ ᠪᠠᠶᠢᠭᠤᠯᠤᠯᠲᠠ ᠲᠠᠢ ᠬᠤᠯᠪᠣᠭᠠᠯᠠᠨ ᠬᠠᠮᠲᠤᠷᠠᠵᠤ ᠴᠤᠭᠴᠠᠯᠠᠬᠤ ᠰᠢᠨ᠎ᠡ ᠵᠠᠭᠪᠤᠷ ᠤᠨ ᠪᠦᠷᠢᠯᠳᠦᠯ ᠢ ᠠᠬᠢᠭᠤᠯᠤᠨ᠎ᠠ᠃ ︽ᠰᠠᠭᠤᠷᠢ ᠶᠢ ᠪᠠᠬᠢᠵᠢᠭᠦᠯᠵᠦ ᠭᠠᠴᠠᠭ᠎ᠠ ᠲᠤᠰᠬᠤᠨ ᠢ ᠬᠦᠴᠦᠷᠬᠡᠭᠵᠢᠭᠦᠯᠬᠦ︾ ᠠᠵᠢᠯᠯᠠᠭ᠎ᠠ ᠪᠠᠷ ᠡᠵᠡᠮᠳᠡᠯ ᠪᠣᠯᠭᠠᠨ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠵᠤᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ  ᠪᠠᠷ ᠭᠤᠣᠯᠳᠠᠯᠭ᠎ᠠ ᠪᠤᠯᠭᠠᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠨ᠂ ᠠᠵᠤ ᠠᠬᠤᠶᠢᠯᠠᠯ ᠤᠨ ᠮᠡᠷᠭᠡᠵᠢᠯ ᠤᠨ ᠭᠤᠣᠯᠯᠠᠭᠴᠢ ᠬᠦᠴᠦᠨ᠂ ᠬᠤᠷᠰᠢᠶᠠᠨ ᠤ ᠬᠠᠷᠢᠭᠤᠴᠠᠯᠭᠠᠲᠠᠨ᠂ ᠨᠤᠲᠤᠭ ᠤᠨ ᠲᠤᠮᠤᠭᠠᠲᠠᠨ ᠴᠢᠳᠠᠪᠤᠷᠢᠲᠠᠨ ᠵᠡᠷᠭᠡ ᠪᠠᠷ ᠪᠦᠷᠢᠯᠳᠦᠭᠰᠡᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠬᠦᠭᠵᠢᠯᠲᠡ ᠶᠢᠨ ︽ᠵᠦᠪᠯᠡᠭᠴᠢ ᠶᠢᠨ ᠪᠦᠯᠬᠦᠮ︾ ᠪᠠᠶᠢᠭᠤᠯᠵᠤ᠂ ᠠᠵᠢᠯᠯᠠᠭ᠎ᠠ ᠶᠢ ᠬᠤᠯᠪᠣᠭᠠᠯᠠᠨ ᠡᠷᠬᠢᠯᠡᠬᠦ᠂ ᠲᠦᠷᠦᠯ ᠵᠦᠢᠯ ᠢ ᠬᠤᠯᠪᠣᠭᠠᠯᠠᠨ ᠪᠠᠶᠢᠭᠤᠯᠬᠤ᠂ ᠬᠦᠭᠵᠢᠯᠲᠡ ᠳᠤ ᠬᠠᠮᠲᠤᠷᠠᠨ ᠬᠦᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠤᠯᠤᠰ ᠲᠦᠷᠦ ᠶᠢᠨ ᠣᠨᠣᠯ ᠤᠨ ᠰᠣᠷᠣᠯᠴᠠᠯᠭ᠎ᠠ᠂ ᠮᠡᠷᠭᠡᠵᠢᠯ ᠤᠨ ᠵᠢᠯᠣᠭᠤᠳᠣᠯᠭ᠎ᠠ᠂ ᠲᠦᠷᠦ ᠶᠢᠨ ᠪᠣᠳᠣᠯᠭ᠎ᠠ ᠶᠢᠨ ᠯᠠᠪᠯᠠᠯᠲᠠ᠂ ᠰᠢᠨ᠎ᠡ ᠮᠡᠷᠭᠡᠵᠢᠯ ᠤᠨ ᠳᠡᠯᠭᠡᠷᠡᠭᠦᠯᠦᠯᠲᠡ᠂ ᠰᠢᠨᠵᠢᠯᠡᠭᠡ ᠮᠡᠷᠭᠡᠵᠢᠯ ᠤᠨ ᠪᠣᠯᠪᠠᠰᠣᠷᠠᠯ ᠵᠡᠷᠭᠡ ᠶᠢ ᠦᠷᠨᠢᠭᠦᠯᠦᠨ᠂ ᠨᠠᠮ ᠤᠨ ᠪᠠᠶᠢᠭᠤᠯᠤᠯᠲᠠ ᠶᠢᠨ ᠬᠡᠪᠴᠢᠶᠡᠵᠢᠯ ᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢᠨ ᠬᠢᠷᠢ ᠳᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠰᠢᠢᠳᠪᠦᠷᠢᠲᠦ ᠢᠯᠠᠯᠲᠠ ᠶᠢ ᠣᠯᠬᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠳᠤ ᠡᠷᠴᠢ ᠬᠦᠴᠦᠨ ᠲᠠᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃     ︵ᠬᠤᠶᠠᠷ︶ ᠠᠵᠤ ᠦᠢᠯᠡᠰ ᠤᠨ ᠬᠦᠭᠵᠢᠯᠲᠡ ᠪᠠᠷ ᠭᠤᠤᠯᠳᠠᠯᠭ᠎ᠠ ᠪᠣᠯᠭᠠᠨ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ  ᠴᠤᠭᠴᠠᠯᠠᠬᠤ ᠬᠠᠮᠲᠤ ᠪᠠᠷ ᠡᠳ᠋ᠯᠡᠬᠦ ᠬᠦᠭᠵᠢᠯᠲᠡ ᠶᠢᠨ ᠰᠢᠨ᠎ᠡ ᠵᠠᠭᠪᠤᠷ ᠤᠨ ᠪᠦᠷᠢᠯᠳᠦᠯ ᠢ ᠠᠬᠢᠭᠤᠯᠤᠨ᠎ᠠ᠃ ︽ᠣᠯᠠᠨ ᠲᠦᠮᠡᠨ ᠰᠠᠶᠢᠨ  ᠳᠣᠷᠠᠲᠠᠢ᠂ ᠭᠠᠵᠠᠷ ᠰᠢᠷᠤᠢ ᠪᠠᠷ ᠬᠤᠪᠢ ᠣᠷᠣᠬᠤ᠂ ᠡᠷᠴᠢᠮᠵᠢᠭᠦᠯᠦᠨ ᠡᠵᠡᠩᠨᠡᠬᠦ᠂ ᠠᠰᠢᠭ ᠣᠯᠵᠠᠪᠤᠷᠢ ᠶᠢ ᠬᠤᠪᠢᠶᠠᠷᠢᠯᠠᠬᠤ᠂ ᠠᠰᠢᠭ ᠲᠤᠰᠠ ᠶᠢ  ᠪᠠᠲᠣᠯᠠᠬᠤ︾ ᠵᠠᠷᠴᠢᠮ ᠶᠤᠰᠤᠭᠠᠷ ᠠᠰᠢᠭ ᠲᠣᠰᠠ ᠶᠢ ᠬᠤᠯᠪᠤᠭᠳᠠᠭᠤᠯᠬᠤ᠂ ᠦᠢᠯᠡᠳᠪᠦᠷᠢᠯᠡᠯ ᠪᠣᠷᠣᠯᠠᠭᠤᠯᠤᠯᠲᠠ ᠶᠢ ᠠᠪᠴᠠᠯᠳᠣᠭᠤᠯᠬᠤ᠂ ᠮᠡᠷᠭᠡᠵᠢᠯ ᠤᠨ ᠪᠠᠲᠤᠯᠠᠭ᠎ᠠ᠂ ᠠᠵᠢᠯ ᠣᠯᠭᠤᠯᠲᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠢ ᠠᠵᠤ ᠠᠬᠤᠶᠢᠯᠠᠯ ᠪᠠ ᠣᠷᠣᠨ ᠨᠣᠲᠤᠭ  ᠤᠨ ᠬᠠᠷᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠳᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ ᠣᠨᠴᠠᠯᠢᠭᠲᠤ ᠠᠵᠤ ᠦᠢᠯᠡᠰ ᠢ ᠬᠤᠯᠪᠣᠭᠠᠯᠠᠨ ᠨᠡᠭᠡᠭᠡᠨ ᠬᠦᠭᠵᠢᠭᠦᠯᠦᠨ᠎ᠡ᠃ ᠠᠵᠤ ᠠᠬᠤᠶᠢᠯᠠᠯ  ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠮᠡᠷᠭᠡᠵᠢᠯ ᠴᠢᠳᠠᠪᠤᠷᠢᠲᠠᠨ᠂ ᠪᠡᠯᠡ ᠮᠦᠩᠭᠦᠨ ᠤ ᠬᠠᠮᠢᠶᠠᠷᠤᠯᠲᠠ᠂ ᠨᠠᠶᠢᠬᠡᠮ ᠤᠨ ᠡᠬᠢ ᠰᠤᠷᠪᠤᠯᠵᠢ ᠵᠡᠷᠭᠡ ᠲᠠᠯ᠎ᠠ ᠳᠤ ᠬᠢ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠰᠠᠭᠤᠷᠢᠨ ᠭᠠᠵᠠᠷ ᠢᠶᠠᠷ ᠲᠠᠨᠢᠬᠤ᠂ ᠮᠠᠯᠴᠢᠨ ᠲᠠᠷᠢᠶᠠᠴᠢᠨ ᠬᠤᠷᠰᠢᠶᠠᠵᠢᠯ ᠳᠤ ᠣᠷᠣᠯᠴᠠᠨ ᠬᠤᠪᠢ ᠣᠷᠣᠭᠤᠯᠬᠤ ᠪᠠ ᠪᠦᠲᠦᠭᠡᠭᠳᠡᠭᠦᠨ ᠢ ᠨᠢᠭᠡᠳᠦᠯᠲᠡᠢ ᠬᠤᠳᠠᠯᠳᠣᠨ ᠠᠪᠬᠤ᠂ ᠪᠤᠯᠪᠠᠰᠤᠷᠠᠭᠤᠯᠬᠤ᠂ ᠪᠤᠷᠤᠯᠠᠭᠤᠯᠬᠤ ᠵᠠᠭᠪᠤᠷ ᠢ ᠬᠡᠷᠡᠭᠯᠡᠨ᠂ ︽ᠠᠵᠤ ᠠᠬᠤᠶᠢᠯᠠᠯ ᠭᠠᠴᠠᠭ᠎ᠠ ᠲᠣᠰᠬᠤᠨ ᠢ  ᠳᠠᠶᠢᠴᠢᠯᠠᠬᠤ᠂ ᠭᠠᠴᠠᠭ᠎ᠠ ᠲᠣᠰᠬᠤᠨ ᠤ ᠡᠷᠦᠭᠡ ᠬᠤᠯᠪᠣᠭᠠᠯᠠᠬᠤ︾  ᠶᠢ ᠪᠡᠶᠡᠯᠡᠭᠦᠯᠵᠦ᠂ ᠭᠠᠴᠠᠭ᠎ᠠ ᠲᠤᠰᠬᠤᠨ ᠤ ᠡᠬᠢ ᠰᠤᠷᠪᠤᠯᠵᠢ ᠶᠢᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠠᠵᠤ ᠦᠢᠯᠡᠰ ᠢ ᠬᠤᠯᠪᠣᠭᠠᠯᠠᠨ ᠨᠡᠭᠡᠭᠡᠵᠦ᠂ ᠣᠨᠴᠠᠯᠢᠭᠲᠤ ᠳᠠᠪᠠᠭᠤᠯᠢᠭ ᠨᠡᠷᠡᠲᠦ ᠲᠡᠮᠲᠡᠭ ᠢ ᠡᠭᠦᠳᠦᠨ᠂ ᠮᠠᠯ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠠᠵᠤ ᠦᠢᠯᠡᠰ ᠤᠨ ᠬᠡᠯᠬᠢᠶᠡᠵᠢᠯ  ᠢ ᠪᠦᠷᠢᠯᠳᠦᠭᠦᠯᠦᠨ᠂ ᠮᠠᠯ ᠲᠠᠷᠢᠶᠠᠯᠠᠩ ᠤᠨ ᠦᠢᠯᠡᠰ ᠤᠨ ᠡᠷᠭᠢᠯᠲᠡᠲᠦ ᠬᠦᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠦᠢᠯᠡᠳᠪᠦᠷᠢᠯᠡᠯ ᠪᠣᠷᠣᠯᠠᠭᠤᠯᠤᠯᠲᠠ  ᠬᠠᠩᠭᠠᠯᠭ᠎ᠠ ᠬᠡᠷᠡᠭᠴᠡᠭᠡᠨ ᠤ ᠠᠷᠭ᠎ᠠ ᠵᠠᠮ ᠢ ᠰᠢᠯᠤᠭᠤᠳᠬᠠᠨ᠎ᠠ᠃ ᠮᠠᠯ ᠲᠠᠷᠢᠶᠠᠯᠠᠩ ᠤᠨ ᠪᠦᠲᠦᠭᠡᠭᠳᠡᠭᠦᠨ ᠪᠣᠷᠣᠯᠠᠭᠤᠯᠬᠤ ᠳᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠂ ᠡᠯ᠎ᠡ ᠪᠠᠯᠭᠠᠰᠤ᠂ ᠡᠯ᠎ᠡ ᠬᠠᠮᠲᠤᠷᠠᠯ ᠵᠤᠬᠢᠶᠠᠨ ᠪᠠᠶᠢᠭᠤᠯᠤᠯᠲᠠ ᠮᠠᠯ ᠲᠠᠷᠢᠶᠠᠯᠠᠩ ᠤᠨ ᠪᠦᠲᠦᠭᠡᠭᠳᠡᠭᠦᠨ ᠤ ᠨᠠᠷᠢᠨ ᠳᠠᠩᠰᠠ ᠭᠠᠷᠭᠠᠵᠤ᠂ ᠠᠵᠤ ᠠᠬᠤᠶᠢᠯᠠᠯ ᠲᠠᠢ ᠰᠠᠨᠠᠭᠠᠴᠢᠯᠠᠭ᠎ᠠ ᠲᠠᠢ ᠬᠠᠷᠢᠯᠴᠠᠨ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠭᠦᠢᠯᠭᠡᠭᠡᠨ ᠤ ᠠᠷᠭ᠎ᠠ ᠵᠠᠮ ᠢ ᠦᠷᠭᠡᠳᠬᠡᠵᠤ᠂ ᠤᠷᠣᠨ ᠨᠣᠲᠤᠭ ᠲᠤ ᠰᠠᠭᠤᠭ᠎ᠠ ᠡᠯ᠎ᠡ ᠠᠵᠤ ᠠᠬᠤᠶᠢᠯᠠᠯ ᠣᠷᠣᠨ ᠨᠣᠲᠤᠭ ᠤᠨ ᠮᠠᠯ ᠲᠠᠷᠢᠶᠠᠯᠠᠩ ᠤᠨ ᠪᠦᠲᠦᠭᠡᠭᠳᠡᠭᠦᠨ ᠢ ᠡᠩ ᠲᠡᠷᠢᠭᠦᠨ ᠳᠤ ᠪᠣᠳᠣᠯᠬᠢᠯᠠᠬᠤ ᠪᠤᠶᠤ ᠬᠤᠳᠠᠯᠳᠣᠨ ᠠᠪᠬᠤ ᠶᠢᠨ ᠬᠠᠮᠲᠤ ᠣᠷᠲᠣ ᠬᠤᠭᠤᠴᠠᠭᠠᠨ ᠤ ᠦᠢᠯᠡᠳᠪᠦᠷᠢᠯᠡᠯ ᠪᠣᠷᠣᠯᠠᠭᠤᠯᠤᠯᠲᠠ ᠶᠢᠨ ᠬᠤᠯᠪᠤᠭᠠᠲᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠲᠤᠭᠲᠠᠮᠠᠯ ᠴᠢᠭᠯᠡᠯᠲᠦ ᠰᠢᠭᠤᠳ ᠬᠠᠩᠭᠠᠯᠭ᠎ᠠ ᠪᠣᠷᠤᠯᠠᠭᠤᠯᠭ᠎ᠠ ᠶᠢ ᠬᠡᠷᠡᠭᠵᠢᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠦᠨᠡᠨ ᠬᠦ ᠨᠡᠪᠲᠡᠷᠡᠭᠦᠯᠦᠨ᠂ ᠮᠠᠯ ᠲᠠᠷᠢᠶᠠᠯᠠᠩ ᠤᠨ ᠪᠦᠲᠦᠭᠡᠭᠳᠡᠭᠦᠨ  ᠤ ᠦᠢᠯᠡᠳᠪᠦᠷᠢᠯᠡᠯ᠂  ᠬᠠᠩᠭᠠᠯᠭ᠎ᠠ᠂ ᠪᠤᠷᠤᠯᠠᠭᠤᠯᠭ᠎ᠠ ᠶᠢᠨ ᠨᠢᠭᠲᠠ ᠠᠪᠴᠠᠯᠳᠣᠯ ᠢ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠠᠵᠤ ᠠᠬᠤᠶᠢᠯᠠᠯ ᠬᠤᠯᠪᠣᠭᠠᠯᠠᠨ ᠣᠯᠠᠨ ᠬᠡᠯᠪᠡᠷᠢ ᠶᠢᠨ ᠦᠢᠯᠡᠳᠪᠦᠷᠢᠯᠡᠯ ᠪᠣᠷᠣᠯᠠᠭᠤᠯᠤᠯᠲᠠ ᠶᠢ ᠠᠪᠴᠠᠯᠳᠣᠭᠤᠯᠣᠭᠰᠠᠨ ᠠᠵᠢᠯᠯᠠᠭ᠎ᠠ ᠦᠷᠨᠢᠭᠦᠯᠬᠦ ᠶᠢ ᠵᠤᠷᠢᠭᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠦᠨ ᠬᠤᠳᠠᠯᠳᠣᠭᠠᠨ ᠤ ᠬᠦᠭᠵᠢᠯᠲᠡ ᠶᠢ ᠲᠦᠷᠭᠡᠳᠬᠡᠵᠦ᠂ ᠰᠦᠯᠵᠢᠶᠡᠨ ᠤ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠦᠨ᠂ ᠡᠯᠧᠺᠲᠷᠦᠨ ᠬᠤᠳᠠᠯᠳᠣᠭᠠᠨ ᠤ ᠳᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠭᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠬᠦᠴᠦᠯᠡᠴᠡ ᠶᠢ ᠶᠡᠬᠡᠳᠬᠡᠨ᠎ᠡ᠃ ᠲᠤᠰᠬᠠᠢ ᠮᠡᠷᠭᠡᠵᠢᠯ ᠤᠨ ᠦᠢᠯᠡᠴᠢᠯᠡᠭᠡ  ᠬᠠᠩᠭᠠᠨ᠎ᠠ᠃ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠵᠢᠯᠣᠭᠤᠳᠣᠯᠭ᠎ᠠ ᠪᠠ ᠰᠢᠰᠲ᠋ᠧᠮᠵᠢᠭᠰᠡᠨ ᠪᠣᠯᠪᠠᠰᠣᠷᠠᠯ ᠤᠨ ᠦᠢᠯᠡᠴᠢᠯᠡᠭᠡᠨ ᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠭᠠᠴᠠᠭ᠎ᠠ ᠲᠣᠰᠬᠤᠨ ᠳᠤ ᠣᠳᠣ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠰᠤᠷᠠᠭ ᠵᠠᠩᠭᠢ ᠶᠢᠨ ᠤᠬᠠᠭᠤᠯᠭ᠎ᠠ ᠬᠢᠬᠦ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠳᠤ ᠨᠢᠭᠡᠳᠦᠯᠲᠡᠢ ᠦᠷ᠎ᠡ ᠪᠣᠷᠳᠣᠭᠤᠷ ᠣᠷᠣᠭᠤᠯᠬᠤ᠂ ᠨᠢᠭᠡᠳᠦᠯᠲᠡᠢ ᠲᠠᠷᠢᠵᠦ ᠠᠷᠠᠴᠢᠯᠠᠬᠤ᠂ ᠨᠢᠭᠡᠳᠦᠯᠲᠡᠢ ᠬᠠᠮᠢᠶᠠᠷᠬᠤ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠲᠠᠷᠢᠵᠤ ᠲᠡᠵᠢᠭᠡᠬᠦ ᠮᠡᠷᠭᠡᠵᠢᠯ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠶᠢᠯᠠᠯ  ᠳᠤ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠬᠠᠩᠭᠠᠨ᠂ ᠠᠵᠤ ᠠᠬᠤᠶᠢᠯᠠᠯ ᠲᠠᠢ ᠠᠰᠢᠭ ᠲᠣᠰᠠ ᠶᠢᠨ ᠨᠢᠭᠲᠠ ᠬᠤᠯᠪᠣᠭᠠᠲᠤ ᠲᠤᠭᠲᠠᠴᠠ ᠶᠢ ᠪᠠᠶᠢᠭᠤᠯᠤᠨ᠎ᠠ᠃ ᠠᠵᠢᠯ ᠣᠯᠭᠤᠯᠲᠠ ᠶᠢᠨ ᠠᠰᠠᠭᠤᠳᠠᠯ ᠢ ᠳᠣᠬᠢᠲᠠᠢ ᠰᠢᠢᠳᠪᠦᠷᠢᠯᠡᠨ᠎ᠡ᠃ ᠠᠵᠤ ᠠᠬᠤᠶᠢᠯᠠᠯ ᠠᠴᠠ ᠭᠠᠴᠠᠭ᠎ᠠ ᠲᠤᠰᠬᠤᠨ ᠳᠤ ᠬᠦᠳᠡᠯᠮᠦᠷᠢ ᠳᠠᠳᠤᠯᠭ᠎ᠠ ᠶᠢᠨ ᠰᠠᠭᠤᠷᠢᠨ ᠭᠠᠵᠠᠷ ᠴᠤᠭᠴᠠᠯᠠᠬᠤ ᠶᠢ ᠳᠡᠮᠵᠢᠵᠦ᠂ ᠨᠠᠶᠢᠲᠠᠨ ᠬᠦᠮᠦᠵᠢᠭᠦᠯᠬᠦ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠬᠠᠨᠳᠣᠯᠭᠠᠲᠤ ᠪᠣᠯᠪᠠᠰᠤᠷᠠᠯ ᠵᠡᠷᠭᠡ ᠶᠢ ᠦᠷᠨᠢᠭᠦᠯᠬᠦ ᠪᠠᠷ ᠳᠠᠮᠵᠢᠭᠤᠯᠤᠨ ᠰᠠᠭᠤᠭ᠎ᠠ ᠭᠠᠵᠠᠷ ᠤᠨ ᠨᠡᠩ ᠣᠯᠠᠨ ᠮᠠᠯᠴᠢᠨ ᠲᠠᠷᠢᠶᠠᠴᠢᠨ᠂ ᠣᠶᠣᠲᠠᠨ᠂  ᠴᠡᠷᠢᠭ ᠠᠴᠠ ᠬᠠᠯᠬᠠᠳᠠᠭᠰᠠᠳ ᠵᠡᠷᠭᠡ ᠢᠯᠡᠭᠦᠴᠡ ᠬᠦᠳᠡᠯᠮᠦᠷᠢ ᠬᠦᠴᠦᠨ ᠢ ᠡᠩ ᠲᠡᠷᠢᠭᠦᠨ ᠳᠤ ᠠᠵᠤ ᠠᠬᠤᠶᠢᠯᠠᠯ ᠳᠤ ᠪᠠᠨ ᠡᠯᠰᠡᠨ ᠬᠡᠷᠡᠭᠯᠡᠵᠦ  ᠠᠵᠢᠯ ᠣᠯᠭᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠲᠡᠮᠡᠴᠡᠨ ᠣᠯᠬᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ   ᠳᠤ ᠢᠳᠡᠪᠬᠢᠲᠡᠢ ᠦᠢᠯᠡᠳᠦᠯ ᠦᠵᠡᠭᠦᠯᠦᠨ᠎ᠡ᠃     ︵ᠭᠤᠷᠪᠠ︶ ᠠᠮᠢ ᠠᠬᠤᠢ ᠣᠷᠣᠰᠢᠨ ᠰᠠᠭᠤᠷᠢᠰᠢᠯ ᠢᠶᠠᠷ ᠵᠠᠩᠭᠢᠯᠠᠭ᠎ᠠ ᠪᠤᠯᠭᠠᠨ᠂ ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠷᠠᠨ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠢ ᠴᠣᠭᠴᠠᠯᠠᠬᠤ ᠰᠢᠨ᠎ᠡ ᠵᠠᠭᠪᠤᠷ ᠤᠨ ᠪᠦᠷᠢᠯᠳᠦᠯ ᠢ ᠠᠬᠢᠭᠤᠯᠤᠨ᠎ᠠ᠃ ᠦᠵᠡᠰᠭᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠳᠣᠬᠢᠷᠠᠮᠵᠢᠲᠠᠢ ᠬᠦᠳᠡᠭᠡ ᠲᠣᠰᠬᠤᠨ ᠤ ᠪᠠᠶᠢᠭᠤᠯᠤᠯᠲᠠ ᠪᠠᠷ ᠣᠳᠣᠷᠢᠳᠣᠮᠵᠢ ᠪᠣᠯᠭᠠᠨ᠂ ᠭᠠᠴᠠᠭ᠎ᠠ ᠲᠣᠰᠬᠤᠨ ᠠᠵᠤ ᠠᠬᠤᠶᠢᠯᠠᠯ ᠬᠤᠯᠪᠣᠭᠠᠯᠠᠨ ᠦᠢᠯᠡᠴᠢᠯᠡᠭᠡᠨ ᠤ ᠺᠣᠮᠫᠠᠨᠢ ᠡᠷᠬᠢᠯᠡᠬᠦ ᠶᠢ ᠢᠳᠡᠪᠬᠢᠲᠡᠢ ᠰᠦᠪᠡᠭᠴᠢᠯᠡᠵᠦ᠂ ᠡᠩ ᠲᠡᠷᠢᠭᠦᠨ ᠳᠤ ᠲᠤᠰ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ᠂ ᠠᠮᠢᠳᠣᠷᠠᠯ ᠬᠦᠴᠢᠷᠳᠡᠯᠲᠡᠢ ᠬᠦᠮᠦᠰ ᠢ ᠡᠯᠰᠡᠨ ᠬᠡᠷᠡᠭᠯᠡᠵᠦ ᠭᠠᠴᠠᠭ᠎ᠠ ᠲᠣᠰᠬᠤᠨ ᠤ ᠣᠰᠣ᠂ ᠴᠠᠬᠢᠯᠭᠠᠨ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠳᠤ ᠤᠷᠤᠯᠴᠠᠭᠤᠯᠤᠭᠰᠠᠨ ᠰᠠᠭᠤᠷᠢᠨ ᠳᠡᠭᠡᠷ᠎ᠡ ᠨᠣᠭᠤᠭᠠᠵᠢᠭᠤᠯᠣᠯᠲᠠ᠂ ᠭᠤᠶᠤᠵᠢᠭᠤᠯᠤᠯᠲᠠ᠂ ᠭᠡᠷᠡᠯᠳᠦᠭᠦᠯᠭᠡ ᠶᠢᠨ ᠢᠨᠵᠧᠨᠧᠷᠢᠩ ᠢ ᠡᠷᠴᠢᠮᠲᠡᠢ ᠬᠡᠷᠡᠭᠵᠢᠭᠦᠯᠵᠦ᠂ ᠣᠯᠠᠨ ᠲᠦᠮᠡᠨ ᠤ ᠬᠠᠭᠤᠴᠢᠨ ᠤ ᠳᠠᠳᠬᠠᠯ ᠪᠤᠯᠭᠢ ᠰᠣᠷᠲᠠᠯ ᠢᠶᠠᠨ ᠦᠭᠡᠷᠡᠴᠢᠯᠡᠬᠦ ᠶᠢ ᠢᠳᠡᠪᠬᠢᠲᠡᠢ ᠪᠠᠷ ᠵᠢᠯᠣᠭᠤᠳᠣᠨ᠂ ᠭᠠᠴᠠᠭ᠎ᠠ ᠲᠤᠰᠬᠤᠨ ᠤ ︽ᠪᠣᠵᠠᠷ ᠪᠤᠬᠢᠷ ᠡᠷᠦᠢ ᠬᠤᠷᠣᠢ ᠦᠭᠡᠢ︾ ᠪᠠᠶᠢᠳᠠᠯ ᠢ ᠦᠨᠡᠨ ᠬᠦ ᠦᠭᠡᠶᠢᠰᠬᠡᠵᠦ᠂ ᠭᠠᠴᠠᠭ᠎ᠠ ᠲᠣᠰᠬᠤᠨ ᠤ ᠳᠦᠷᠢ ᠳᠦᠷᠬᠦ ᠡᠮᠬᠢ ᠴᠡᠭᠴᠡᠲᠡᠢ ᠴᠡᠪᠡᠷ ᠠᠷᠢᠭᠤᠨ ᠪᠠᠶᠢᠬᠤ ᠶᠢ ᠪᠡᠶᠡᠯᠡᠭᠦᠯᠦᠨ᠎ᠡ᠃     ︵ᠳᠦᠷᠪᠡ︶ ᠭᠠᠴᠠᠭ᠎ᠠ ᠲᠣᠰᠬᠤᠨ ᠤ ᠠᠮᠤᠷ ᠲᠣᠭᠲᠠᠭᠤᠨ ᠢᠶᠠᠷ ᠰᠠᠭᠤᠷᠢ ᠪᠣᠯᠭᠠᠨ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠨᠠᠶᠢᠬᠡᠮ ᠤᠨ ᠶᠠᠷᠦᠩᠭᠡᠶᠢᠯᠡᠭᠰᠡᠨ ᠵᠠᠰᠠᠯᠲᠠ ᠶᠢᠨ ᠰᠢᠨ᠎ᠡ ᠵᠠᠭᠪᠤᠷ ᠤᠨ ᠪᠦᠷᠢᠯᠳᠦᠯ ᠢ ᠠᠬᠢᠭᠤᠯᠤᠨ᠎ᠠ᠃ ︽ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠷᠠᠨ ᠬᠠᠤᠯᠢ ᠪᠠᠷ ᠵᠠᠰᠠᠬᠤ︾ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠂ ᠬᠠᠮᠲᠤᠷᠠᠨ ᠴᠤᠭᠴᠠᠯᠠᠬᠤ ᠠᠵᠤ ᠠᠬᠤᠶᠢᠯᠠᠯ ᠲᠣᠰ ᠪᠡᠶ᠎ᠡ ᠶᠢᠨ ᠬᠠᠤᠯᠢ ᠴᠠᠭᠠᠵᠠ ᠶᠢᠨ ᠡᠬᠢ ᠰᠣᠷᠪᠣᠯᠵᠢ ᠶᠢᠨ ᠳᠠᠪᠠᠭᠤᠯᠢᠭ ᠲᠤ ᠪᠠᠨ ᠲᠦᠰᠢᠭᠯᠡᠵᠦ᠂ ᠭᠠᠴᠠᠭ᠎ᠠ ᠲᠣᠰᠬᠤᠨ ᠢ ᠬᠠᠪᠰᠤᠷᠴᠤ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ  ᠳᠤ ᠬᠠᠤᠯᠢ ᠴᠠᠭᠠᠵᠠ ᠶᠢᠨ ᠲᠣᠰᠠᠯᠠᠮᠵᠢ ᠦᠵᠡᠭᠦᠯᠬᠦ ᠪᠠᠨ ᠴᠢᠩᠭᠠᠳᠬᠠᠵᠤ᠂ ᠭᠠᠴᠠᠭ᠎ᠠ ᠲᠣᠰᠬᠤᠨ ᠤ ︽ᠬᠤᠶᠠᠷ ᠵᠦᠪᠯᠡᠯ︾ ᠲᠠᠢ ᠬᠤᠯᠪᠣᠭᠠᠯᠠᠨ ᠵᠦᠷᠢᠴᠠᠯ  ᠵᠢᠭᠤᠷᠠᠭᠠᠨ ᠢ ᠰᠢᠢᠳᠪᠦᠷᠢᠯᠡᠬᠦ ᠠᠵᠢᠯ ᠤᠨ ᠳᠣᠭᠤᠶᠢᠯᠠᠩ ᠢ ᠪᠠᠶᠢᠭᠤᠯᠤᠨ᠂ ︽ᠠᠵᠤ ᠠᠬᠤᠶᠢᠯᠠᠯ + ᠲᠣᠣᠷᠵᠢᠯ ᠬᠠᠮᠢᠶᠠᠷᠤᠯᠲᠠ ᠶᠢᠨ ᠨᠠᠮ ᠤᠨ ᠳᠣᠭᠤᠶᠢᠯᠠᠩ + ᠲᠣᠣᠷᠵᠢᠯ ᠬᠠᠮᠢᠶᠠᠷᠤᠯᠲᠠ ᠶᠢᠨ ᠦᠢᠯᠡᠴᠢᠯᠡᠭᠡᠨ ᠤ ᠪᠦᠯᠬᠦᠮ︾ ᠤᠨ ᠵᠠᠭᠪᠤᠷ ᠢ ᠬᠡᠷᠡᠭᠵᠢᠭᠦᠯᠵᠦ᠂ ᠡᠶᠡᠳᠡᠭᠦᠯᠬᠦ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠦᠷᠢᠴᠡᠯ ᠵᠢᠭᠤᠷᠠᠭᠠᠨ ᠤ ᠪᠠᠶᠢᠩᠭᠤᠵᠢᠭᠰᠠᠨ ᠪᠠᠶᠢᠴᠠᠭᠠᠯᠲᠠ ᠰᠡᠷᠡᠮᠵᠢᠯᠡᠭᠦᠯᠭᠡ᠂ ᠣᠯᠠᠨ ᠡᠰᠢᠲᠦ ᠰᠢᠢᠳᠪᠦᠷᠢᠯᠡᠯᠲᠡ ᠪᠠ ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ  ᠢ ᠰᠠᠶᠢᠲᠤᠷ ᠬᠢᠨ᠎ᠡ᠃     ︵ᠲᠠᠪᠤ︶ ᠨᠤᠲᠤᠭ ᠤᠨ ᠪᠣᠯᠪᠠᠰᠤᠨ ᠰᠣᠷᠲᠠᠯ ᠢᠶᠠᠷ ᠤᠳᠤᠷᠢᠳᠤᠮᠵᠢ ᠪᠤᠯᠭᠠᠨ᠂ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠰᠣᠶᠣᠯ ᠤᠨ ᠠᠮᠢᠳᠣᠷᠠᠯ ᠤᠨ ᠴᠡᠴᠡᠭᠯᠡᠯ ᠤᠨ ᠰᠢᠨ᠎ᠡ ᠵᠠᠭᠪᠤᠷ ᠤᠨ ᠪᠦᠷᠢᠯᠳᠦᠯ ᠢ ᠠᠬᠢᠭᠤᠯᠤᠨ᠎ᠠ᠃ ᠨᠤᠲᠤᠭ ᠤᠨ ᠪᠣᠯᠪᠠᠰᠤᠨ ᠰᠣᠷᠲᠠᠯ ᠢᠶᠠᠷ  ᠣᠳᠣᠷᠢᠳᠣᠮᠵᠢ ᠪᠤᠯᠭᠠᠨ᠂ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ ᠲᠠᠰᠤᠭ᠂ ᠰᠣᠶᠣᠯ ᠤᠨ ᠲᠠᠯᠠᠪᠡᠢ᠂ ᠢᠯᠡ  ᠨᠡᠶᠢᠲᠡᠯᠡᠬᠦ ᠰᠠᠮᠪᠠᠷ᠎ᠠ ᠵᠡᠷᠭᠡ ᠣᠳᠣ ᠪᠠᠶᠢᠭ᠎ᠠ ᠳᠦᠭᠦᠭᠡᠷᠦᠮᠵᠢ ᠶᠢ ᠤᠯᠠᠮ ᠨᠢᠭᠡ ᠠᠯᠬᠤᠮ ᠨᠢᠭᠡᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠪᠠᠶᠢᠭᠤᠯᠤᠨ᠂ ᠨᠡᠩ ᠣᠯᠠᠨ ᠨᠠᠮ ᠤᠨ ᠭᠡᠰᠢᠭᠦᠨ᠂ ᠬᠦᠳᠡᠭᠡ ᠲᠣᠰᠬᠤᠨ ᠤ ᠴᠢᠳᠠᠪᠤᠷᠢᠲᠠᠨ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯ ᠤᠨ ᠳᠣᠭᠤᠶᠢᠯᠠᠩ᠂ ᠠᠵᠤ ᠠᠬᠤᠶᠢᠯᠠᠯ ᠤᠨ ᠠᠵᠢᠯᠲᠠᠨ  ᠢ ᠬᠦᠯᠢᠶᠡᠨ ᠠᠪᠴᠤ ᠰᠠᠶᠢᠨ ᠳᠣᠷᠠᠴᠤᠳ ᠤᠨ ᠦᠢᠯᠡᠴᠢᠯᠡᠭᠡᠨ ᠤ ᠳᠣᠭᠤᠶᠢᠯᠠᠩ ᠳᠤ ᠣᠷᠣᠯᠴᠠᠭᠤᠯᠵᠤ᠂ ᠬᠦᠷᠰᠢ ᠰᠠᠬᠠᠭᠠᠯᠲᠠ ᠬᠤᠭᠤᠷᠣᠨᠲᠣ ᠪᠠᠨ ᠬᠠᠪᠰᠣᠷᠣᠯᠴᠠᠬᠤ᠂ ᠪᠣᠰᠣᠳ ᠢ ᠬᠠᠯᠠᠮᠵᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠰᠠᠶᠢᠨ ᠳᠣᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ ᠴᠠᠭᠠᠨ ᠰᠠᠷ᠎ᠠ᠂ ᠦᠯᠵᠡᠶᠢᠲᠦ ᠡᠳᠦᠷ ᠤᠨ ᠪᠠᠶᠠᠷ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠲᠠᠪᠤᠨ ᠤ ᠡᠳᠦᠷ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠶᠢᠰᠦᠨ ᠰᠠᠷ᠎ᠠ ᠶᠢᠨ ᠶᠢᠰᠦᠨ ᠤ ᠪᠠᠶᠠᠷ ᠵᠡᠷᠭᠡ ᠤᠯᠠᠮᠵᠢᠯᠠᠯᠲᠤ ᠪᠠᠶᠠᠷ ᠤᠨ ᠡᠳᠦᠷ  ᠤᠳ ᠲᠤ ᠣᠯᠠᠨ ᠲᠦᠮᠡᠨᠴᠢ ᠲᠠᠮᠢᠷ ᠤᠨ ᠬᠦᠳᠡᠯᠭᠡᠭᠡᠨ᠂ ᠰᠤᠶᠤᠯ ᠣᠷᠠᠯᠢᠭ ᠤᠨ ᠲᠤᠭᠯᠠᠯᠲᠠ ᠵᠡᠷᠭᠡ ︽ᠪᠢᠳᠡᠨ ᠤ ᠪᠠᠶᠠᠷ ᠤᠨ ᠡᠳᠦᠷ︾ ᠤᠨ ᠰᠢᠷᠢᠰ ᠭᠤᠤᠯ ᠰᠡᠳᠦᠪᠲᠦ ᠣᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠨ᠂ ᠣᠶᠣᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠤᠨ᠎ᠠ᠃     ︵ᠵᠢᠷᠭᠤᠭ᠎ᠠ︶ ᠪᠡᠯᠡ ᠮᠦᠩᠭᠦᠨ ᠤ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠤᠯᠭᠠᠨ᠂ ᠭᠠᠴᠠᠭ᠎ᠠ ᠲᠣᠰᠬᠤᠨ ᠠᠵᠤ ᠠᠬᠤᠶᠢᠯᠠᠯ ᠤᠨ ᠪᠡᠯᠡ ᠮᠦᠩᠭᠦ ᠬᠤᠷᠠᠮᠳᠣᠭᠤᠯᠬᠤ ᠰᠢᠨ᠎ᠡ ᠵᠠᠭᠪᠣᠷ ᠤᠨ ᠪᠦᠷᠢᠯᠳᠦᠯ ᠢ ᠠᠬᠢᠭᠤᠯᠤᠨ᠎ᠠ᠃ ᠭᠠᠴᠠᠭ᠎ᠠ ᠲᠣᠰᠬᠤᠨ ᠠᠵᠤ ᠠᠬᠤᠶᠢᠯᠠᠯ ᠤᠨ ᠬᠠᠮᠲᠤᠷᠠᠨ ᠴᠤᠭᠴᠠᠯᠠᠬᠤ ᠲᠤᠭᠲᠠᠴᠠ ᠶᠢ ᠲᠡᠭᠦᠯᠳᠡᠷᠵᠢᠭᠦᠯᠦᠨ ᠳᠦᠷᠢᠮᠵᠢᠭᠦᠯᠦᠭᠰᠡᠨ ᠰᠠᠭᠤᠷᠢᠨ ᠳᠡᠭᠡᠷ᠎ᠡ ᠠᠵᠤ ᠠᠬᠤᠶᠢᠯᠠᠯ ᠠᠴᠠ ᠡᠯ᠎ᠡ ᠲᠦᠷᠦᠯ ᠤᠨ ᠪᠡᠯᠡ ᠣᠷᠣᠭᠤᠯᠣᠯᠲᠠ ᠶᠢ ᠨᠢᠭᠡᠳᠦᠯᠲᠡᠢ ᠲᠦᠯᠦᠪᠵᠢᠭᠦᠯᠬᠦ᠂ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ ᠶᠢ ᠬᠠᠮᠲᠤᠳᠬᠠᠨ ᠬᠡᠷᠡᠭᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠢ ᠵᠢᠯᠤᠭᠤᠳᠤᠨ ᠡᠷᠦᠬᠡ ᠳᠤ ᠣᠷᠣᠨᠵᠢᠭᠰᠡᠨ ᠡᠯ᠎ᠡ ᠲᠦᠷᠦᠯ ᠤᠨ ᠪᠡᠯᠡ ᠮᠦᠩᠭᠦ ᠶᠢ ᠬᠤᠪᠢ ᠣᠷᠣᠭᠤᠯᠬᠤ ᠬᠦᠷᠦᠩᠭᠡ ᠪᠣᠯᠭᠠᠵᠣ᠂ ᠠᠰᠢᠭ ᠲᠣᠰᠠ ᠰᠠᠶᠢᠨ ᠬᠠᠮᠲᠤᠷᠠᠨ ᠴᠤᠭᠴᠠᠯᠠᠬᠤ ᠲᠦᠷᠦᠯ ᠵᠦᠢᠯ ᠳᠤ ᠣᠷᠣᠭᠤᠯᠣᠨ᠂ ᠪᠡᠯᠡ ᠪᠠᠨ ᠪᠠᠲᠤᠯᠠᠨ ᠠᠰᠢᠭ ᠬᠤᠪᠢᠶᠠᠷᠢᠯᠠᠬᠤ ᠤᠳᠠᠭᠠᠨ ᠳᠠᠭᠠᠭᠠᠮᠠᠭᠠᠢ ᠬᠠᠮᠲᠤᠷᠠᠯᠴᠠᠭ᠎ᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠡᠬᠢ ᠰᠤᠷᠪᠤᠯᠵᠢ ᠶᠢ ᠦᠨᠡᠨ ᠬᠦ ᠬᠦᠷᠦᠩᠭᠡᠴᠢᠯᠡᠬᠦ᠂ ᠪᠡᠯᠡ ᠮᠦᠩᠭᠦ ᠶᠢ ᠦᠨᠡᠨ ᠬᠦ ᠬᠤᠪᠢᠴᠠᠭᠠᠯᠠᠬᠤ᠂ ᠲᠤᠰ ᠪᠠᠶ᠎ᠠ ᠶᠢ ᠨᠢ ᠦᠨᠡᠨ ᠬᠦ ᠬᠤᠪᠢ ᠣᠷᠣᠭᠤᠯᠣᠭᠴᠢ ᠪᠣᠯᠭᠠᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ ᠠᠵᠤ ᠠᠬᠤᠶᠢᠯᠠᠯ ᠠᠴᠠ ᠰᠢᠭᠤᠳ ᠪᠡᠯᠡᠭᠯᠡᠬᠦ᠂ ᠶᠠᠳᠠᠭᠤ ᠶᠢ ᠳᠡᠳᠬᠦᠬᠦ ᠨᠡᠶᠢᠲᠡ ᠶᠢᠨ ᠠᠰᠠᠷᠠᠮᠵᠢ ᠶᠢᠨ ᠰᠠᠭᠤᠷᠢ ᠮᠦᠩᠭᠦ ᠪᠠᠶᠢᠭᠤᠯᠬᠤ᠂ ᠶᠠᠳᠠᠭᠤ ᠶᠢ ᠳᠡᠳᠬᠦᠬᠦ ᠨᠡᠶᠢᠲᠡ ᠶᠢᠨ ᠠᠰᠠᠷᠠᠮᠵᠢ ᠶᠢᠨ ᠢᠲᠡᠭᠡᠮᠵᠢ ᠶᠠᠪᠤᠭᠳᠠᠭᠤᠯᠬᠤ ᠵᠡᠷᠭᠡ ᠬᠡᠯᠪᠡᠷᠢ ᠪᠠᠷ ᠳᠠᠭᠠᠭᠠᠴᠢᠯᠠᠨ ᠳᠡᠳᠬᠦᠬᠦ ᠠᠵᠢᠯ ᠦᠷᠨᠢᠭᠦᠯᠬᠦ ᠶᠢ ᠢᠳᠡᠪᠬᠢᠲᠡᠢ ᠳᠡᠮᠵᠢᠨ ᠵᠣᠷᠢᠭᠵᠢᠭᠤᠯᠤᠨ᠎ᠠ᠃     ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ     ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭᠠᠨ ᠤ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠬᠤᠰᠢᠭᠤᠨ ᠤ ᠠᠵᠤ ᠠᠬᠤᠶᠢᠯᠠᠯ ᠪᠠ ᠣᠷᠣᠨ ᠨᠣᠲᠤᠭ ᠬᠦᠴᠦ  ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠣᠳᠣᠷᠢᠳᠬᠤ ᠳᠣᠭᠤᠶᠢᠯᠠᠩ ᠢ ᠪᠠᠶᠢᠭᠤᠯᠬᠤ ᠪᠠᠷ ᠲᠤᠭᠲᠠᠪᠠ᠃ ᠪᠣᠲᠠᠲᠠᠢ ᠪᠦᠷᠢᠯᠳᠦᠭᠦᠨ ᠳᠣᠣᠷᠠᠬᠢ ᠮᠡᠲᠦ᠄     ᠳᠣᠭᠤᠶᠢᠯᠠᠩ ᠤᠨ ᠳᠠᠷᠤᠭ᠎ᠠ᠄     ᠰᠢᠨ ᠰᠢᠶᠣᠣ ᠷᠦᠢ    ᠬᠤᠰᠢᠭᠤ ᠨᠠᠮ ᠤᠨ ᠬᠤᠷᠢᠶ᠎ᠠ ᠶᠢᠨ ᠱᠦᠵᠢ     ᠳᠣᠭᠤᠶᠢᠯᠠᠩ ᠤᠨ ᠳᠡᠳ᠋ ᠳᠠᠷᠤᠭ᠎ᠠ᠄     ᠪᠦᠷᠢᠨᠴᠢᠮᠡᠭ    ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ     ᠼᠦᠢ ᠵᠢᠩ ᠰᠢᠶᠠᠩ    ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ     ᠲᠣᠳ᠋    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ  ᠤᠨ ᠳᠠᠷᠤᠭ᠎ᠠ     ᠵᠠᠩ ᠮᠢᠩ    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ     ᠪᠠᠢ ᠶᠦᠩ ᠹᠧᠩ    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ     ᠯᠦᠸᠧ ᠵᠢᠶᠡᠨ ᠰᠢᠶᠦ᠋ᠨ    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ  ᠤᠨ ᠡᠷᠬᠢᠯᠡᠭᠴᠢ     ᠰᠦᠨ ᠵᠢᠶᠦ᠋ᠨ    ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ     ᠰᠦᠨ ᠶᠸᠦ ᠵᠢᠶᠦ᠋ᠨ    ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ     ᠯᠢᠤᠢ ᠶᠣᠣ ᠹᠧᠩ    ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ     ᠽᠦᠸᠧ ᠱᠧᠩ ᠷᠦᠩ    ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ  ᠳᠡᠳ᠋ ᠱᠦᠵᠢ     ᠪᠦᠷᠢᠯᠳᠦᠭᠦᠨ᠄     ᠶᠢᠤ ᠵᠢᠶᠡᠨ ᠪᠢᠩ    ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ     ᠰᠢᠤᠸᠧ ᠵᠤᠤ ᠰᠧᠨ    ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠠᠯᠪᠠᠲᠠᠨ ᠤ ᠲᠤᠪᠴᠢᠶ᠎ᠠ ᠶᠢᠨ ᠳᠠᠷᠤᠭ᠎ᠠ᠂ ᠨᠠᠶᠢᠲᠠ ᠶᠢᠨ  ᠪᠣᠰᠣ ᠠᠵᠤ ᠠᠬᠤᠢ ᠶᠢᠨ ᠨᠠᠮ ᠤᠨ ᠠᠵᠢᠯᠯᠠᠬᠤ ᠬᠤᠷᠢᠶ᠎ᠠ  ᠶᠢᠨ ᠱᠦᠵᠢ     ᠮᠠ ᠰᠢᠦᠸᠧ ᠯᠢᠶᠠᠩ    ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ     ᠸᠠᠩ ᠱᠤᠸᠠᠩ ᠰᠢ    ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ     ᠠᠰᠢᠳᠠ    ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ     ᠬᠡᠰᠢᠭᠵᠡᠶᠠᠭ᠎ᠠ    ᠬᠤᠰᠢᠭᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ     ᠵᠢᠶᠤᠤ ᠢᠦᠢ ᠵᠤ᠋    ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠤᠯᠪᠠᠰᠤᠨ ᠤ ᠠᠯᠪᠠᠨ ᠭᠡᠷ ᠤᠨ ᠡᠷᠬᠢᠯᠡᠭᠴᠢ     ᠮᠠᠰᠢᠪᠠᠶᠠᠷ    ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠶᠢᠨ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ     ᠯᠢ ᠯᠢᠨ ᠮᠤᠤ    ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ     ᠵᠠᠩ ᠪᠦᠷᠢᠨ    ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ     ᠸᠠᠩ ᠶᠦᠨ ᠱᠠᠨ    ᠬᠤᠰᠢᠭᠤ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠶᠢᠨ ᠲᠡᠷᠢᠭᠦᠯᠡᠭᠴᠢ     ᠯᠢ ᠵᠢᠶᠡᠨ ᠰᠢᠶᠦ᠋ᠨ    ᠬᠤᠰᠢᠭᠤ ᠤᠯᠠᠭᠠᠨ ᠵᠠᠭᠠᠯᠮᠠᠶᠢᠲᠠᠨ ᠤ ᠨᠠᠶᠢᠬᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ     ᠶᠧ ᠹᠧᠩ ᠰᠢᠶᠦ᠋ᠩ    ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠤᠨ ᠲᠡᠷᠢᠭᠦᠯᠡᠭᠴᠢ     ᠪᠦᠷᠢᠨᠪᠠᠶᠠᠷ    ᠬᠤᠰᠢᠭᠤ ᠭᠦᠭᠵᠢᠭᠦᠯᠦᠯᠲᠡ ᠪᠣᠯᠣᠨ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ     ᠠᠶᠤᠰᠢ    ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ     ᠵᠢᠶᠠ ᠰᠢᠶᠠᠩ ᠪᠢᠩ    ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠤᠨ ᠲᠤᠪᠴᠢᠶᠠᠨ ᠤ ᠳᠠᠷᠤᠭ᠎ᠠ     ᠴᠢ᠊ ᠠᠷᠪᠢᠨ    ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠠᠷᠤᠭ᠎ᠠ     ᠯᠢ ᠶᠦᠨ ᠯᠦᠩ    ᠬᠤᠰᠢᠭᠤ ᠰᠤᠶᠤᠯ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ     ᠰᠤ᠋ ᠵᠠᠨ ᠴᠢᠶᠡᠨ    ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ     ᠠᠯᠲᠠᠨᠬᠭᠤᠯᠠ    ᠬᠤᠰᠢᠭᠤ ᠡᠨᠧᠷᠬᠢ ᠶᠢᠨ ᠲᠤᠪᠴᠢᠶᠠᠨ ᠤ ᠳᠠᠷᠤᠭ᠎ᠠ     ᠪᠠᠢ ᠵᠢᠶᠦ᠋ᠨ ᠹᠧᠩ    ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠡᠳ᠋ ᠳᠠᠷᠤᠭ᠎ᠠ᠂ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ     ᠠᠮᠤᠷ     ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ     ᠭᠤᠸᠠᠨ ᠫᠢᠩ    ᠣᠯᠵᠠᠴᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ     ᠯᠢᠦ ᠲᠢᠶᠡᠨ ᠶᠦᠨ    ᠱᠠᠩᠬᠠᠢ ᠶᠢᠨ ᠰᠦᠮ᠎ᠡ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ     ᠶᠢᠦ ᠵᠢᠶᠡᠨ ᠴᠢᠩ    ᠪᠣᠷᠣᠪᠠᠯᠭᠠᠰᠤ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ     ᠷᠠᠰᠢ    ᠨᠠᠩᠰᠤ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ     ᠡᠷᠳᠡᠨᠢᠪᠢᠯᠢᠭ    ᠣᠯᠵᠠᠴᠢ ᠪᠠᠯᠭᠠᠰᠤ ᠶᠢᠨ ᠪᠠᠯᠭᠠᠰᠤᠨ ᠳᠠᠷᠤᠭ᠎ᠠ     ᠪᠠᠶᠠᠨᠮᠦ᠋ᠩᠬᠡ     ᠱᠠᠩᠬᠠᠢ ᠶᠢᠨ ᠰᠦᠮ᠎ᠡ ᠪᠠᠯᠭᠠᠰᠤ ᠶᠢᠨ ᠪᠠᠯᠭᠠᠰᠤᠨ ᠳᠠᠷᠤᠭ᠎ᠠ     ᠷᠠᠳᠨ᠎ᠠ    ᠪᠣᠷᠣᠪᠠᠯᠭᠠᠰᠤ ᠶᠢᠨ ᠪᠠᠯᠭᠠᠰᠤᠨ ᠳᠠᠷᠤᠭ᠎ᠠ     ᠹᠧᠩ ᠴᠦᠨ ᠬᠤᠸᠠ    ᠨᠠᠩᠰᠤ ᠪᠠᠯᠭᠠᠰᠤ ᠶᠢᠨ ᠪᠠᠯᠭᠠᠰᠤᠨ ᠳᠠᠷᠤᠭ᠎ᠠ     ᠰᠢᠶᠠᠩ ᡁᠢ ᠫᠢᠩ    ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠳᠣᠪᠴᠢᠶᠠᠨ ᠤ ᠳᠠᠷᠤᠭ᠎ᠠ     ᠭᠤᠣ ᠱᠤᠸᠠᠩ ᠴᠢᠦᠸᠠᠨ    ᠠᠷᠠᠳ ᠤᠨ ᠪᠠᠩᠬᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠪᠠᠩᠬᠢ ᠶᠢᠨ ᠳᠠᠷᠤᠭ᠎ᠠ     ᠸᠠᠩ ᠸᠧᠨ ᠲᠤᠤ     ᠲᠠᠷᠢᠶᠠᠯᠠᠩ ᠤᠨ ᠪᠠᠩᠬᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠪᠠᠩᠬᠢ ᠶᠢᠨ ᠳᠠᠷᠤᠭ᠎ᠠ     ᠵᠠᠩ ᠵᠢᠶᠡᠨ ᠫᠢᠩ    ᠬᠦᠳᠡᠭᠡ ᠲᠣᠰᠬᠤᠨ ᠤ ᠬᠤᠳᠠᠯᠳᠣᠭᠠᠨ ᠤ ᠪᠠᠩᠬᠢ ᠶᠢᠨ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠪᠠᠩᠬᠢ ᠶᠢᠨ ᠳᠠᠷᠤᠭ᠎ᠠ     ᠯᠢᠤ ᠷᠦᠢ ᠮᠢᠨ    ᠳᠣᠮᠳᠠᠳᠤ ᠤᠯᠤᠰ ᠤᠨ ᠪᠠᠩᠭᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠪᠠᠩᠬᠢ ᠶᠢᠨ ᠳᠠᠷᠤᠭ᠎ᠠ     ᠰᠦᠨ ᠬᠠᠢ ᠪᠦᠸᠧ     ᠰᠢᠤᠳᠠᠨ ᠬᠠᠳᠠᠭᠠᠯᠠᠮᠵᠢ ᠶᠢᠨ ᠪᠠᠩᠭᠢ ᠶᠢᠨ ᠣᠲᠤᠭ ᠤᠨ ᠡᠮᠦᠨᠡᠲᠦ ᠬᠤᠰᠢᠭᠤᠨ  ᠳᠠᠬᠢ ᠬᠤᠪᠢᠶᠠᠷᠢ ᠪᠠᠩᠬᠢ ᠶᠢᠨ ᠳᠠᠷᠤᠭ᠎ᠠ     ᠵᠠᠩ ᠰᠢᠶᠤᠤ ᠰᠢᠶᠠ    ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠪᠦᠯᠦᠭᠯᠡᠯ ᠤᠨ ᠦᠪᠦᠷ ᠮᠣᠩᠭᠤᠯ  ᠤᠨ ᠬᠢᠵᠠᠭᠠᠷᠲᠤ ᠺᠤᠮᠫᠠᠨᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ     ᠮᠠ ᠶᠢᠨ ᠪᠣᠣ    ᠣᠷᠳᠣᠰ ᠬᠤᠲᠠ ᠶᠢᠨ ᠨᠠᠪᠴᠢᠨ ᠲᠡᠮᠡᠬᠢ ᠶᠢᠨ ᠺᠤᠮᠫᠠᠨᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠶᠠᠨᠵᠣᠣᠷ ᠲᠡᠮᠡᠬᠢ ᠡᠵᠡᠩᠨᠡᠨ ᠪᠣᠷᠣᠯᠠᠭᠤᠯᠬᠤ ᠭᠠᠵᠠᠷ ᠤᠨ ᠳᠡᠳ᠋ ᠳᠠᠭᠠᠭᠠᠮᠠᠯ     ᠸᠠᠩ ᠶᠢᠨ ᠹᠧᠩ    ᠳᠣᠮᠳᠠᠳᠣ ᠤᠯᠤᠰ ᠤᠨ ᠨᠢᠭᠡᠳᠦᠮᠡᠯ ᠰᠦᠯᠵᠢᠶᠡᠨ ᠬᠤᠯᠪᠣᠭᠠᠨ ᠤ ᠬᠢᠵᠠᠭᠠᠷᠲᠤ ᠺᠣᠮᠫᠠᠨᠢ  ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ     ᠪᠦᠬᠡ    ᠳᠣᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠪᠢ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ     ᠵᠢᠶᠠ ᠰᠢᠶᠤᠤ ᠯᠢᠨ    ᠦᠪᠦᠷ ᠮᠣᠩᠭᠤᠯ ᠤᠨ ᠷᠠᠳᠢᠤ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠲᠤᠭ ᠤᠨ ᠡᠮᠦᠨᠡᠲᠦ ᠬᠤᠰᠢᠭᠤᠨ ᠳᠠᠬᠢ ᠬᠤᠪᠢᠶᠠᠷᠢ ᠺᠣᠮᠫᠠᠨᠢ ᠤᠨ ᠶᠡᠷᠦᠩᠬᠡᠢ ᠳᠠᠭᠠᠭᠠᠮᠠᠯ     ᠰᠢᠶᠣᠣ ᠱᠤᠤ ᠶᠢᠩ    ᠦᠪᠦᠷ ᠮᠣᠩᠭᠤᠯ ᠤᠨ ᠱᠠᠩᠬᠠᠢ ᠶᠢᠨ ᠰᠦᠮ᠎ᠡ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠤᠯᠤᠰ ᠤᠨ ᠴᠠᠬᠢᠯᠭᠠᠨ ᠤ ᠱᠤᠸᠠᠩ ᠸᠧᠢ ᠶᠢᠨ ᠦᠪᠦᠷ ᠮᠤᠩᠭᠤᠯ ᠤᠨ ᠱᠠᠩᠬᠠᠢ ᠶᠢᠨ ᠰᠦᠮ᠎ᠡ ᠡᠨᠧᠷᠬᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠦᠪᠦᠷ ᠮᠣᠩᠭᠤᠯ ᠤᠨ ᠸᠧᠢ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠸᠠᠩ ᠪᠢᠶᠤᠤ    ᠣᠲᠤᠭ ᠤᠨ ᠡᠮᠦᠨᠡᠲᠦ ᠬᠤᠰᠢᠭᠤᠨ ᠤ ᠾᠧᠩ ᠶᠤᠸᠡᠨ ᠪᠡᠯᠡ ᠣᠷᠣᠭᠤᠯᠣᠯᠲᠠ ᠶᠢᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠸᠠᠩ ᠬᠤᠸᠡᠨ ᠵᠦᠩ     ᠰᠢᠨ ᠸᠧᠨ ᠠᠭᠤᠷᠬᠠᠢ ᠶᠢᠨ ᠪᠦᠯᠦᠭᠯᠡᠯ ᠤᠨ ᠦᠪᠦᠷ ᠮᠣᠩᠭᠤᠯ ᠤᠨ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠤᠬᠢᠶᠠᠬᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ     ᠸᠠᠩ ᠨᠠᠢ ᠭᠦᠸᠧ     ᠰᠢᠨ ᠸᠧᠨ ᠠᠭᠤᠷᠬᠠᠢ ᠶᠢᠨ ᠪᠦᠯᠦᠭᠯᠡᠯ ᠤᠨ ᠦᠪᠦᠷ ᠮᠣᠩᠭᠤᠯ ᠤᠨ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠣᠲᠤᠭ ᠤᠨ ᠡᠮᠦᠨᠡᠲᠦ ᠬᠤᠰᠢᠭᠤᠨ ᠤ ᠴᠠᠩᠴᠧᠩ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠦᠪᠦᠷ ᠮᠣᠩᠭᠤᠯ ᠤᠨ ᠹᠦ᠋ ᠴᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠤᠮᠫᠠᠨᠢ  ᠶᠢᠨ ᠬᠡᠷᠡᠭ ᠮᠡᠳᠡᠭᠴᠢᠳ ᠤᠨ ᠳᠠᠷᠤᠭ᠎ᠠ᠂ ᠣᠲᠤᠭ ᠤᠨ ᠡᠮᠦᠨᠡᠲᠦ ᠬᠤᠰᠢᠭᠤᠨ ᠤ ᠴᠠᠩᠴᠧᠩ 3 ᠨᠣᠮᠧᠷᠲᠤ᠂ 5 ᠨᠤᠮᠧᠷᠲᠤ᠂ 6 ᠨᠣᠮᠧᠷᠲᠤ ᠠᠭᠤᠷᠬᠠᠢ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠦᠪᠦᠷ ᠮᠣᠩᠭᠤᠯ ᠤᠨ ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠳ᠋ᠦ᠋ ᠵᠢᠶᠡᠨ ᠫᠢᠩ    ᠬᠤᠸᠠ ᠨᠧᠩ ᠤᠨ ᠦᠪᠦᠷ ᠮᠤᠩᠭᠤᠯ ᠤᠨ ᠴᠠᠩᠴᠧᠩ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠵᠠᠩ ᠹᠦ᠋ ᠬᠤᠸᠠ    ᠤᠯᠤᠰ ᠤᠨ ᠴᠠᠬᠢᠯᠭᠠᠨ ᠤ ᠦᠪᠦᠷ ᠮᠣᠩᠭᠤᠯ ᠤᠨ ᠱᠠᠩᠬᠠᠢ ᠶᠢᠨ ᠰᠦᠮ᠎ᠡ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ     ᠳ᠋ᠢ ᠵᠢᠶᠡᠨ ᠶᠸᠦ    ᠱᠠᠨᠳᠦ᠋ᠩ ᠤᠨ ᠡᠨᠧᠷᠬᠢ ᠶᠢᠨ ᠦᠪᠦᠷ ᠮᠣᠩᠭᠤᠯ ᠤᠨ ᠱᠧᠩ ᠯᠣ᠋ ᠴᠠᠬᠢᠯᠭᠠᠨ ᠬᠦᠴᠦᠨ ᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠰᠢ ᠵᠢᠶᠡᠨ ᠹᠧᠩ     ᠰᠠᠨ ᠰᠢᠨ ᠲᠠᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠸᠠᠩ ᠸᠧᠨ ᠶᠤᠤ   ᠣᠲᠤᠭ ᠤᠨ ᠡᠮᠦᠨᠡᠲᠦ ᠬᠤᠰᠢᠭᠤᠨ ᠤ ᠱᠠᠩ ᠶᠤᠸᠡᠨ ᠣᠰᠣᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠰᠢ ᠬᠠᠢ ᠶᠢᠩ     ᠵᠧᠩ ᠲᠧᠩ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠹᠧᠩ ᠵᠠᠨ ᠫᠢᠩ    ᠰᠤᠶᠤᠯ ᠵᠢᠭᠤᠯᠴᠢᠯᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ     ᠵᠠᠩ ᠱᠢ ᠹᠦ᠋    ᠣᠷᠳᠣᠰ ᠤᠨ ᠪᠠᠷᠠᠭᠤᠨ ᠪᠡᠶ᠎ᠡ ᠶᠢᠨ ᠪᠤᠳᠠᠰ ᠤᠨ ᠭᠦᠢᠯᠭᠡᠭᠡᠨ ᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ     ᠸᠠᠨ ᡁᠢ ᠭᠠᠩ    ᠪᠣᠷᠣᠪᠠᠯᠭᠠᠰᠤᠨ ᠤ ᠬᠤᠪᠢᠰᠬᠠᠯᠲᠤ ᠬᠦᠮᠦᠵᠢᠯ ᠤᠨ ᠠᠵᠤ ᠦᠢᠯᠡᠰ ᠤᠨ ᠬᠦᠭᠵᠢᠭᠦᠯᠦᠯᠲᠡ  ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ     ᠵᠢᠢ ᠺᠠᠢ    ᠣᠲᠤᠭ ᠤᠨ ᠡᠮᠦᠨᠡᠲᠦ ᠬᠤᠰᠢᠭᠤᠨ ᠤ ᠠᠷᠠᠳ ᠢ ᠬᠠᠷᠠᠭᠠᠯᠵᠠᠬᠤ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ     ᠳᠦᠷᠪᠡ᠂ ᠬᠡᠷᠡᠭᠵᠢᠭᠦᠯᠬᠦ ᠠᠯᠬᠤᠮ ᠳᠠᠷᠠᠭᠠᠯᠠᠯ     ︵ᠨᠢᠭᠡ︶ ᠭᠤᠷᠪᠠᠨ ᠲᠦᠷᠦᠯ ᠤᠨ ᠨᠠᠷᠢᠨ ᠳᠠᠩᠰᠠ ᠪᠠᠶᠢᠭᠤᠯᠤᠨ᠂ ︽ᠮᠡᠳᠡᠭᠡ ᠵᠠᠩᠭᠢ ᠶᠢᠨ ᠴᠦᠷᠭᠡ︾ ᠶᠢ ᠪᠦᠷᠢᠯᠳᠦᠭᠦᠯᠦᠨ᠎ᠡ᠃ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠣᠳᠣᠷᠢᠳᠬᠤ ᠳᠣᠭᠤᠶᠢᠯᠠᠩ ᠤᠨ ᠬᠠᠷᠢᠭᠤᠴᠠᠯᠭᠠᠲᠠᠳ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠣᠷᠣᠨ ᠨᠣᠲᠤᠭ ᠲᠤ ᠰᠠᠭᠤᠭ᠎ᠠ ᠠᠵᠤ ᠠᠬᠤᠶᠢᠯᠠᠯ ᠳᠤ ᠬᠦᠨᠵᠡᠭᠡᠶᠢᠷᠡᠨ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠵᠡᠷᠭᠡ ᠰᠢᠷᠢᠰ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠦᠷᠭᠡᠨ ᠢᠶᠠᠷ ᠤᠬᠠᠭᠤᠯᠤᠭᠰᠠᠨ ᠰᠠᠭᠤᠷᠢᠨ ᠳᠡᠭᠡᠷ᠎ᠡ ᠲᠣᠭᠤᠷᠢᠨ ᠪᠠᠶᠢᠴᠠᠭᠠᠵᠤ ᠰᠤᠳᠤᠯᠤᠯᠲᠠ ᠬᠢᠬᠦ᠂ ᠰᠠᠭᠤᠳᠠᠯ ᠤᠨ ᠬᠤᠷᠠᠯ ᠡᠷᠬᠢᠯᠡᠬᠦ ᠵᠡᠷᠭᠡ ᠠᠷᠭ᠎ᠠ ᠮᠠᠶ᠋ᠢᠭ ᠪᠠᠷ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠢ ᠢᠳᠡᠪᠬᠢᠲᠡᠢ ᠵᠢᠯᠤᠭᠤᠳᠤᠨ᠂ ᠪᠦᠬᠦ ᠬᠤᠰᠢᠭᠤᠨ ᠤ ᠠᠵᠤ ᠠᠬᠤᠶᠢᠯᠠᠯ ᠪᠠ ᠣᠷᠣᠨ ᠨᠣᠲᠤᠭ  ᠬᠦᠴᠦ ᠪᠠᠨ ᠬᠠᠮᠲᠤᠳᠬᠠᠨ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ  ᠠᠵᠢᠯᠯᠠᠭ᠎ᠠ ᠳᠤ ᠣᠷᠣᠯᠴᠠᠭᠤᠯᠵᠤ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠶᠢ ᠠᠬᠢᠭᠤᠯᠤᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠠᠴᠠ ᠲᠤᠯᠤᠭᠠᠶᠢᠯᠠᠵᠤ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ ᠪᠠ ᠬᠤᠰᠢᠭᠤ ᠦᠢᠯᠡᠳᠪᠦᠷᠢ ᠬᠤᠳᠠᠯᠳᠣᠭᠠᠨ ᠤ ᠬᠤᠯᠪᠤᠭ᠎ᠠ ᠠᠴᠠ ᠠᠵᠤ ᠠᠬᠤᠶᠢᠯᠠᠯ ᠪᠠ ᠭᠠᠴᠠᠭ᠎ᠠ ᠲᠣᠰᠬᠤᠨ ᠤ ᠰᠠᠨᠠᠯ ᠢ ᠦᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠬᠡᠷᠡᠭᠴᠡᠭᠡᠨ ᠤ ᠨᠠᠷᠢᠨ ᠳᠠᠩᠰᠠ᠂ ᠭᠠᠴᠠᠭ᠎ᠠ ᠲᠣᠰᠬᠤᠨ ᠤ ᠮᠠᠯ ᠲᠠᠷᠢᠶᠠᠯᠠᠩ ᠤᠨ ᠪᠦᠲᠦᠭᠡᠭᠳᠡᠭᠦᠨ ᠤ ᠬᠠᠩᠭᠠᠯᠭ᠎ᠠ ᠶᠢᠨ ᠨᠠᠷᠢᠨ ᠳᠠᠩᠰᠠ ᠪᠠ ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠡᠷ ᠴᠤᠭᠴᠠᠯᠠᠨ ᠬᠤᠷᠰᠢᠨ ᠠᠵᠢᠯᠯᠠᠬᠤ ᠨᠠᠷᠢᠨ ᠳᠠᠩᠰᠠ ᠶᠢ ᠪᠦᠷᠢᠯᠳᠦᠭᠦᠯᠵᠦ᠂ ᠨᠢᠭᠡᠳᠦᠯᠲᠡᠢ ᠪᠦᠷᠢᠳᠬᠡᠨ ᠳᠠᠩᠰᠠᠯᠠᠬᠤ  ᠶᠢᠨ ᠬᠠᠮᠲᠤ ᠰᠠᠷ᠎ᠠ ᠪᠦᠷᠢ ᠠᠬᠢᠴᠠ ᠶᠢ ᠲᠤᠬᠢᠷᠠᠭᠤᠯᠤᠨ᠂ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠠᠵᠢᠯ ᠤᠨ ᠨᠠᠷᠢᠨ ᠳᠠᠩᠰᠠ ᠶᠢ ᠪᠦᠷᠢᠯᠳᠦᠭᠦᠯᠵᠦ᠂ ᠠᠵᠤ ᠠᠬᠤᠶᠢᠯᠠᠯ ᠪᠠ ᠣᠷᠣᠨ ᠨᠤᠲᠤᠭ ᠨᠠᠷᠢᠯᠢᠭ ᠣᠨᠣᠪᠴᠢᠲᠡᠢ ᠬᠠᠷᠢᠯᠴᠠᠭ᠎ᠠ᠂ ᠪᠦᠲᠦᠮᠵᠢᠲᠡᠢ ᠬᠠᠮᠲᠤᠷᠠᠨ  ᠴᠤᠭᠴᠠᠯᠠᠯᠲᠠ ᠶᠢ ᠠᠬᠢᠭᠤᠯᠤᠨ᠎ᠠ᠃     ︵ᠬᠤᠶᠠᠷ︶ ᠬᠤᠷᠰᠢᠨ ᠠᠵᠢᠯᠯᠠᠬᠤ ᠬᠠᠷᠢᠴᠠᠭ᠎ᠠ ᠪᠠᠶᠢᠭᠤᠯᠤᠨ᠂ ︽ᠠᠰᠢᠭ ᠲᠤᠰᠠ ᠶᠢᠨ ᠴᠦᠷᠭᠡ︾ ᠶᠢ ᠪᠦᠷᠢᠯᠳᠦᠬᠦᠯᠦᠨ᠎ᠡ᠃ ᠪᠦᠬᠦ ᠬᠤᠰᠢᠭᠤᠨ ᠤ ᠮᠠᠯ ᠲᠠᠷᠢᠶᠠᠯᠠᠩ ᠤᠨ ᠠᠵᠤ ᠦᠢᠯᠡᠰ ᠤᠨ ᠡᠷᠬᠢᠯᠲᠡᠲᠦ ᠬᠦᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠬᠦᠶᠢᠴᠡ ᠨᠡᠮᠡᠭᠳᠡᠯ ᠢ ᠠᠬᠢᠭᠤᠯᠵᠤ᠂ ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠨ ᠴᠤᠭᠴᠠᠯᠠᠯᠲᠠ ᠶᠢᠨ ᠰᠢᠨ᠎ᠡ  ᠬᠦᠳᠡᠯᠭᠡᠭᠴᠢ ᠬᠦᠴᠦᠨ ᠢ ᠳᠠᠶᠢᠴᠢᠯᠠᠬᠤ ᠪᠠᠷ ᠬᠠᠷᠠᠯᠲᠠ ᠪᠣᠯᠭᠠᠨ᠂ ᠣᠯᠠᠨ ᠴᠠᠷᠠᠭ᠎ᠠ᠂ ᠪᠦᠬᠦ ᠪᠠᠶᠢᠷᠢ᠂ ᠭᠦᠨ ᠳᠠᠪᠬᠤᠷᠭ᠎ᠠ᠂ ᠦᠨᠳᠦᠷ ᠠᠰᠢᠭ   ᠲᠠᠢ ᠪᠠᠷ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠴᠤᠭᠴᠠᠯᠠᠵᠤ᠂ ︽ᠮᠠᠯᠴᠢᠨ ᠲᠠᠷᠢᠶᠠᠴᠢᠨ ᠣᠷᠣᠯᠴᠠᠵᠤ᠂ ᠬᠤᠷᠰᠢᠶᠠᠨ ᠠᠴᠠ ᠵᠢᠯᠣᠭᠤᠳᠣᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠬᠠᠪᠰᠣᠷᠬᠤ︾ ᠬᠡᠯᠪᠡᠷᠢ ᠪᠠᠷ ᠡᠯ᠎ᠡ ᠪᠠᠯᠭᠠᠰᠤ ᠮᠠᠯ ᠲᠠᠷᠢᠶᠠᠯᠠᠩ ᠤᠨ   ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠠᠬᠤ ᠶᠢ ᠡᠷᠴᠢᠮᠲᠡᠢ ᠠᠬᠢᠭᠤᠯᠤᠨ᠂ ᠮᠠᠯᠴᠢᠨ ᠲᠠᠷᠢᠶᠠᠴᠢᠳ ᠤᠨ ᠠᠵᠤ ᠦᠢᠯᠡᠰ ᠤᠨ  ᠪᠠᠶᠢᠷᠢ ᠲᠣᠭᠲᠠᠭᠠᠯᠲᠠ ᠪᠠᠨ ᠣᠨᠣᠪᠴᠢᠲᠡᠢ ᠣᠯᠬᠤ ᠶᠢ ᠵᠢᠯᠣᠭᠤᠳᠴᠤ᠂ ᠳᠠᠪᠠᠭᠤᠯᠢᠭ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠢ ᠬᠦᠭᠵᠢᠭᠦᠯᠦᠨ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠪᠤᠬᠢᠷᠳᠤᠯ ᠦᠭᠡᠢ᠂ ᠤᠷᠭᠠᠨᠢᠭ᠂ ᠴᠢᠨᠠᠷᠵᠢᠬᠤᠨ ᠬᠦᠭᠵᠢᠯᠲᠡ ᠶᠢ ᠠᠬᠢᠭᠤᠯᠵᠤ᠂ ᠨᠡᠷᠡᠲᠦ ᠲᠡᠮᠲᠡᠭᠵᠢᠭᠰᠡᠨ ᠡᠵᠡᠩᠨᠡᠯᠲᠡ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠳᠠᠪᠴᠠᠩ ᠢ ᠪᠦᠬᠦ ᠬᠦᠴᠦᠨ ᠢᠶᠠᠷ ᠪᠠᠶᠢᠭᠤᠯᠤᠨ᠂ ᠮᠡᠷᠭᠡᠵᠢᠯ᠂ ᠪᠡᠯᠡ ᠮᠦᠩᠭᠦ᠂ ᠪᠣᠷᠣᠯᠠᠭᠤᠯᠭ᠎ᠠ ᠵᠡᠷᠭᠡ ᠲᠠᠯ᠎ᠠ ᠶᠢᠨ  ᠳᠡᠮᠵᠢᠯᠭᠡᠨ ᠤ ᠬᠦᠴᠦᠯᠡᠴᠡ ᠪᠠᠨ ᠴᠢᠩᠭᠠᠳᠬᠠᠵᠤ᠂ ᠡᠯ᠎ᠡ ᠲᠤᠰᠬᠠᠢ ᠬᠠᠮᠲᠤᠷᠠᠯ ᠬᠤᠷᠰᠢᠶᠠᠨ ᠤ ᠢᠳᠡᠪᠬᠢᠵᠡᠯ ᠢ ᠬᠦᠢᠴᠡᠳ ᠳᠠᠶᠢᠴᠢᠯᠠᠨ᠂ ᠮᠠᠯ ᠲᠠᠷᠢᠶᠠᠯᠠᠩ ᠤᠨ ᠪᠦᠲᠦᠭᠡᠭᠲᠡᠭᠦᠨ ᠤ ᠵᠤᠬᠢᠶᠠᠨ ᠪᠠᠶᠢᠭᠤᠯᠤᠯᠲᠠᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠬᠠᠮᠠᠯ ᠡᠵᠡᠩᠨᠡᠯᠲᠡ ᠶᠢ ᠬᠤᠷᠰᠢᠯ ᠦᠢᠯᠡᠳᠪᠦᠷᠢᠯᠡᠯ ᠲᠡᠰᠢ ᠬᠤᠪᠢᠷᠠᠭᠤᠯᠤᠨ᠎ᠠ᠃  ᠮᠠᠯ ᠲᠠᠷᠢᠶᠠᠯᠠᠩ ᠤᠨ ᠠᠵᠤ ᠦᠢᠯᠡᠰ ᠤᠨ ᠡᠯ᠎ᠡ ᠲᠣᠯᠣᠭᠠᠶᠢᠯᠠᠭᠴᠢ ᠠᠵᠤ ᠠᠬᠤᠶᠢᠯᠠᠯ ᠪᠠ ᠮᠠᠯ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠠᠵᠢᠯ ᠲᠦᠷᠦᠯ ᠤᠨ ᠳᠠᠪᠠᠭᠤᠯᠢᠭ ᠲᠤ ᠪᠠᠨ ᠳᠦᠰᠢᠭᠯᠡᠨ ᠰᠠᠨᠠᠭᠠᠴᠢᠯᠠᠭ᠎ᠠ ᠠᠴᠠ ᠪᠠᠨ ᠨᠠᠶᠢᠬᠡᠮ ᠤᠨ ᠬᠠᠷᠢᠭᠤᠴᠠᠯᠭ᠎ᠠ ᠡᠭᠦᠷᠭᠡᠯᠡᠬᠦ ᠶᠢ ᠳᠠᠶᠢᠴᠢᠯᠠᠨ᠂ ︽ᠨᠠᠶᠢᠲᠠᠨ ᠡᠵᠡᠩᠨᠡᠭᠦᠯᠬᠦ᠂ ᠣᠷᠣᠯᠠᠨ ᠲᠠᠷᠢᠵᠤ ᠲᠡᠵᠢᠭᠡᠬᠦ᠂ ᠬᠠᠮᠲᠤᠷᠠᠨ ᠬᠦᠭᠵᠢᠭᠦᠯᠬᠦ︾ ᠵᠡᠷᠭᠡ ᠠᠰᠢᠭ ᠲᠤᠰᠠ ᠶᠢᠨ ᠬᠤᠯᠪᠤᠭᠠᠯᠠᠯ ᠤᠨ ᠵᠠᠭᠪᠣᠷ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠲᠠᠢ ᠬᠤᠯᠪᠤᠭᠠᠯᠠᠭᠤᠯᠵᠤ᠂   ᠮᠦᠷᠳᠡᠯ ᠬᠠᠮᠢᠶᠠᠷᠤᠯᠲᠠ ᠪᠠ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠵᠣᠬᠢᠴᠠᠭᠤᠯᠤᠨ᠂ ︽ᠨᠢᠭᠡᠳᠦᠯᠲᠡᠢ ᠲᠦᠯᠦᠪᠵᠢᠭᠦᠯᠭᠡ᠂ ᠨᠢᠭᠡᠳᠦᠯᠲᠡᠢ ᠪᠣᠯᠪᠠᠰᠤᠷᠠᠯ᠂ ᠨᠢᠭᠡᠳᠦᠯᠲᠡᠢ ᠬᠤᠳᠠᠯᠳᠣᠨ ᠠᠪᠤᠯᠲᠠ᠂ ᠨᠢᠭᠡᠳᠦᠯᠲᠡᠢ ᠦᠢᠯᠡᠳᠪᠦᠷᠢᠯᠡᠯ᠂ ᠨᠢᠭᠡᠳᠦᠯᠲᠡᠢ ᠬᠠᠮᠢᠶᠠᠷᠤᠯᠲᠠ᠂ ᠨᠢᠭᠡᠳᠦᠯᠲᠡᠢ ᠪᠣᠷᠣᠯᠠᠭᠤᠯᠭ᠎ᠠ᠂ ᠨᠢᠭᠡᠳᠦᠯᠲᠡᠢ ᠲᠤᠭᠠᠴᠠᠭ᠎ᠠ︾ ᠶᠢᠨ ᠠᠷᠭ᠎ᠠ ᠬᠡᠯᠪᠡᠷᠢ ᠶᠤᠰᠤᠭᠠᠷ ᠠᠰᠢᠭ ᠲᠤᠰᠠ ᠶᠢᠨ ᠴᠦᠷᠭᠡ ᠶᠢ ᠪᠦᠷᠢᠯᠳᠦᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠪᠠ ᠴᠢᠨᠡᠭᠡᠯᠢᠭᠵᠢᠯ ᠢ ᠳᠠᠶᠢᠴᠢᠯᠠᠨ ᠳᠠᠭᠠᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ᠂ ᠬᠤᠰᠢᠭᠤ ᠦᠢᠯᠡᠳᠪᠦᠷᠢ ᠬᠤᠳᠠᠯᠳᠣᠭᠠᠨ ᠤ ᠬᠤᠯᠪᠤᠭ᠎ᠠ  ᠠᠴᠠ ᠲᠤᠰᠬᠠᠢ ᠬᠦᠮᠦᠨ ᠢᠶᠠᠷ ᠬᠠᠷᠢᠭᠤᠴᠠᠭᠤᠯᠵᠤ᠂ ᠡᠯ᠎ᠡ ᠠᠵᠤ ᠠᠬᠤᠶᠢᠯᠠᠯ᠂ ᠡᠯ᠎ᠡ ᠪᠠᠯᠭᠠᠰᠤ ᠪᠠ ᠭᠠᠴᠠᠭ᠎ᠠ ᠲᠤᠰᠬᠤᠨ ᠲᠠᠢ ᠰᠠᠨᠠᠭᠠᠴᠢᠯᠠᠭ᠎ᠠ ᠲᠠᠢ ᠬᠠᠷᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠠᠮᠲᠤᠷᠠᠯᠴᠠᠯ ᠤᠨ ᠨᠠᠷᠢᠨ ᠳᠠᠩᠰᠠ ᠶᠢ ᠦᠷᠭᠦᠯᠵᠢᠯᠡᠨ ᠰᠢᠨᠡᠳᠬᠡᠵᠦ᠂ ᠠᠵᠤ ᠠᠬᠤᠶᠢᠯᠠᠯ  ᠣᠷᠣᠨ ᠨᠣᠲᠤᠭ  ᠬᠠᠮᠲᠤᠷᠠᠨ ᠴᠤᠭᠴᠠᠯᠠᠬᠤ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠪᠠ ᠬᠤᠰᠢᠭᠤ ᠡᠨᠧᠷᠬᠢ ᠶᠢᠨ ᠲᠤᠪᠴᠢᠶ᠎ᠠ᠂ ᠬᠤᠰᠢᠭᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠬᠤᠰᠢᠭᠤᠨ ᠳᠤ ᠰᠠᠭᠤᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠪᠠ ᠬᠤᠰᠢᠭᠤᠨ ᠠᠴᠠ ᠬᠠᠮᠢᠶᠠᠷᠴᠤ ᠪᠠᠶᠢᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠲᠠᠢ ᠬᠠᠷᠢᠯᠴᠠᠬᠤ ᠶᠢ ᠬᠠᠷᠢᠭᠤᠴᠠᠨ᠂ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠢᠯᠣᠭᠤᠳᠴᠤ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠶᠢ ᠢᠳᠡᠪᠬᠢᠲᠡᠢ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃     ︵ᠭᠤᠷᠪᠠ︶ ᠳᠠᠭᠠᠭᠠᠴᠢᠯᠠᠨ ᠳᠡᠳᠬᠦᠬᠦ ᠲᠤᠭᠲᠠᠴᠠ ᠶᠢ ᠪᠠᠶᠢᠭᠤᠯᠤᠨ᠂ ︽ᠳᠠᠭᠠᠭᠠᠮᠠᠭᠠᠢ ᠪᠦᠲᠦᠮᠵᠢᠲᠦ ᠴᠦᠷᠭᠡ︾ ᠶᠢ ᠪᠦᠷᠢᠯᠳᠦᠭᠦᠯᠦᠨ᠎ᠡ᠃ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ᠂ ᠬᠤᠰᠢᠭᠤ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠠᠴᠠ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠳᠡᠮᠵᠢᠬᠦ︾ ᠲᠤᠰᠬᠠᠢ ᠲᠦᠷᠦᠯ ᠤᠨ ᠠᠵᠢᠯᠯᠠᠭ᠎ᠠ ᠳᠤ ᠳᠦᠰᠢᠭᠯᠡᠨ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠨᠠᠷᠢᠨ ᠳᠠᠩᠰᠠ ᠪᠠ ᠠᠷᠭ᠎ᠠ ᠠᠪᠴᠠᠯ ᠢ ᠳᠠᠬᠢᠨ ᠡᠮᠬᠢᠳᠬᠡᠵᠦ᠂ ᠨᠡᠩ ᠣᠯᠠᠨ ᠠᠵᠤ ᠠᠬᠤᠶᠢᠯᠠᠯ   ᠢ ᠲᠠᠲᠠᠨ ᠭᠠᠴᠠᠭ᠎ᠠ ᠲᠤᠰᠬᠤᠨ ᠲᠠᠢ ᠳᠠᠭᠠᠭᠠᠴᠢᠯᠠᠨ ᠳᠡᠳᠬᠦᠬᠦ ᠳᠠᠭᠠᠭᠠᠮᠠᠭᠠᠢ ᠪᠦᠲᠦᠮᠵᠢᠲᠦ ᠲᠤᠭᠲᠠᠴᠠ ᠪᠠᠶᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠣᠷᠣᠯᠴᠠᠭᠤᠯᠤᠨ᠂ 6 ᠰᠠᠷ᠎ᠠ ᠶᠢᠨ 5 ᠤ ᠡᠳᠦᠷ ᠠᠴᠠ ᠡᠮᠦᠨ᠎ᠡ ᠠᠯᠪᠠᠨ ᠪᠢᠴᠢᠭ  ᠢᠶᠠᠷ ᠲᠤᠭᠲᠠᠭᠠᠵᠤ᠂ ᠳᠠᠭᠠᠭᠠᠴᠢᠯᠠᠨ ᠳᠡᠳᠬᠦᠬᠦ ᠠᠷᠭ᠎ᠠ ᠠᠪᠴᠠᠯ ᠢ ᠨᠠᠷᠢᠪᠴᠢᠯᠠᠨ᠂ ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠠᠬᠢᠭᠤᠯᠤᠨ᠎ᠠ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠵᠤ ᠠᠬᠤᠶᠢᠯᠠᠯ ᠢ ᠳᠠᠶᠢᠴᠢᠯᠠᠨ ᠬᠤᠷᠰᠢᠨ ᠠᠵᠢᠯᠯᠠᠬᠤ ᠠᠷᠭ᠎ᠠ ᠵᠠᠮ ᠢᠶᠠᠨ ᠲᠠᠰᠤᠷᠠᠯᠲᠠ ᠦᠭᠡᠢ ᠦᠷᠭᠡᠳᠬᠡᠵᠦ᠂ ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠯᠴᠠᠭᠠᠨ ᠤ ᠬᠢᠯᠬᠢᠶᠡᠵᠡᠯ ᠢ ᠣᠷᠲᠣᠳᠬᠠᠨ᠂ ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠯᠴᠠᠭᠠᠨ ᠤ ᠲᠣᠶᠢᠮᠣᠴᠢᠯᠠᠭᠰᠠᠨ  ᠵᠦᠪᠯᠡᠯᠴᠡᠭᠡᠷ᠂ ᠣᠷᠲᠣ ᠬᠤᠭᠤᠴᠠᠭᠠᠨ ᠤ ᠬᠤᠳᠠᠯᠳᠣᠨ ᠠᠪᠤᠯᠲᠠ ᠪᠤᠷᠤᠯᠠᠭᠤᠯᠤᠯᠲᠠ ᠶᠢᠨ ᠭᠡᠷ᠎ᠡ ᠲᠤᠭᠲᠠᠭᠠᠵᠤ᠂ ᠠᠵᠤ ᠠᠬᠤᠶᠢᠯᠠᠯ ᠤᠨ ᠪᠡᠯᠡ ᠮᠦᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠣᠷᠣᠨ ᠨᠤᠲᠤᠭ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠢ ᠪᠠᠷ ᠬᠤᠳᠠᠯᠳᠣᠨ ᠠᠪᠴᠤ᠂ ᠠᠵᠢᠯ ᠤᠨ ᠪᠠᠶᠢᠷᠢ ᠬᠠᠩᠭᠠᠨ᠂ ᠲᠠᠷᠢᠵᠤ ᠲᠡᠵᠢᠭᠡᠬᠦ ᠮᠡᠷᠭᠡᠵᠢᠯ ᠵᠢᠭᠠᠨ ᠦᠭᠴᠦ᠂ ᠮᠠᠯᠴᠢᠨ ᠲᠠᠷᠢᠶᠠᠴᠢᠨ᠂ ᠶᠠᠳᠠᠭᠤ ᠬᠦᠴᠢᠷᠳᠡᠯᠲᠡᠢ ᠡᠷᠦᠬᠡ ᠶᠢᠨ      ︽ᠦᠪᠡᠷ ᠤᠨ ᠬᠦᠴᠦ ᠪᠠᠷ ᠢᠶᠠᠨ ᠳᠡᠭᠵᠢᠷᠡᠬᠦ︾ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠬᠤᠷ ᠬᠤᠭᠤᠴᠠᠭᠠᠨ ᠤ ︽ᠳᠠᠭᠠᠭᠠᠴᠢᠯᠠᠨ ᠳᠡᠳᠬᠦᠬᠦ︾ ᠬᠡᠯᠪᠡᠷᠢ ᠶᠢ ᠳᠠᠭᠠᠭᠠᠮᠠᠭᠠᠢ ᠪᠦᠲᠦᠮᠵᠢᠲᠦ ︽ᠬᠠᠪᠰᠣᠷᠣᠨ ᠴᠢᠨᠡᠭᠡᠯᠢᠭᠵᠢᠭᠦᠯᠬᠦ︾ ᠲᠠᠰᠢ ᠬᠤᠪᠢᠷᠠᠭᠤᠯᠤᠨ᠎ᠠ᠃ ᠡᠭᠦᠨ ᠤ ᠬᠠᠮᠲᠤ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ  ᠲᠤᠭᠲᠠᠮᠠᠯ ᠪᠣᠰᠣ ᠬᠤᠭᠤᠴᠠᠭ᠎ᠠ ᠲᠠᠢ ᠪᠠᠷ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠢ ᠣᠯᠣᠰ ᠤᠨ ᠦᠮᠴᠢᠯᠡᠯᠲᠦ ᠠᠵᠤ ᠠᠬᠤᠶᠢᠯᠠᠯ ᠳᠤ  ᠣᠷᠣᠭᠤᠯᠬᠤ ᠬᠡᠷᠡᠭᠯᠡᠭᠡᠨ ᠤ ᠠᠵᠢᠯᠯᠠᠭ᠎ᠠ ᠦᠷᠨᠢᠭᠦᠯᠬᠦ᠂ ᠦᠢᠯᠡᠳᠪᠦᠷᠢᠯᠡᠯ ᠤᠨ ᠲᠤᠬᠠᠢ ᠶᠢᠨ ᠭᠠᠵᠠᠷ ᠲᠤ ᠨᠢ ᠰᠢᠯᠢᠵᠦ ᠲᠡᠭᠦᠨ ᠰᠢᠭᠤᠳ ᠬᠤᠳᠠᠯᠳᠣᠨ ᠠᠪᠬᠤ ᠠᠬᠤᠢ ᠲᠡᠯᠡᠪᠡᠢ ᠶᠢᠨ ᠬᠤᠷᠠᠯ ᠡᠷᠬᠢᠯᠡᠬᠦ᠂ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠤ ᠦᠵᠡᠭᠦᠯᠭᠡ ᠵᠦᠪᠳᠡᠯᠴᠡᠭᠡᠷ  ᠤᠨ ᠬᠤᠷᠠᠯ/ ᠲᠠᠨᠢᠯᠴᠠᠭᠤᠯᠬᠤ ᠬᠤᠷᠠᠯ ᠡᠷᠬᠢᠯᠡᠬᠦ᠂ ᠶᠠᠳᠠᠭᠤ ᠶᠢ ᠳᠡᠳᠬᠦᠬᠦ ᠬᠠᠯᠠᠮᠵᠢ ᠶᠢᠨ ᠬᠡᠷᠡᠭᠯᠡᠭᠡᠨ ᠤ ᠪᠢᠯᠧᠲ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠣᠷᠣᠨ ᠨᠣᠲᠤᠭ ᠤᠨ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠢ ᠡᠯᠧᠺᠲᠷᠦᠨ ᠬᠤᠳᠠᠯᠳᠣᠭᠠᠨ ᠤ ᠳᠠᠪᠴᠠᠩ ︵ᠲᠤᠤ ᠪᠤᠤ᠂ ᠵᠢᠩ ᠳ᠋ᠦᠩ᠂ ᠶᠸᠦ ᠯᠧ᠂ i ᠡᠮᠦᠨᠡᠲᠦ ᠣᠲᠤᠭ᠂ ᠶᠠᠳᠠᠭᠤ ᠶᠢ ᠳᠡᠳᠬᠦᠬᠦ 832᠂ ᠲᠢᠶᠡᠨ ᠵᠢᠶᠤᠤ ᠴᠤᠭᠯᠠᠭ᠎ᠠ ᠮᠠᠶᠢᠮᠠᠢ ᠵᠡᠷᠭᠡ︶᠂ ᠶᠠᠳᠠᠭᠤ ᠶᠢ ᠳᠡᠳᠬᠦᠬᠦ ᠲᠤᠰᠬᠠᠢ ᠯᠡᠩᠭᠦᠢ ︵ᠤᠨᠴᠠ ᠭᠠᠷᠤᠯᠲᠠ ᠶᠢᠨ ᠲᠤᠰᠬᠠᠢ ᠯᠡᠩᠭᠦᠢ︶᠂ ᠳᠡᠯᠭᠡᠭᠦᠷ ᠬᠤᠳᠠᠯᠳᠤᠭ᠎ᠠ᠂ ᠠᠵᠤ ᠠᠬᠤᠶᠢᠯᠠᠯ ᠤᠨ ᠬᠤᠭᠤᠯᠠᠨ ᠭᠡᠷ ᠲᠤ ᠤᠷᠤᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠠᠵᠢᠯ ᠳᠤ ᠬᠦᠴᠦᠨ ᠨᠡᠮᠡᠷᠢᠯᠡᠨ᠎ᠡ᠃     ᠲᠠᠪᠤ᠂ ᠠᠵᠢᠯ ᠤᠨ ᠱᠠᠭᠠᠷᠳᠠᠯᠭ᠎ᠠ     ︵ᠨᠢᠭᠡ︶ ᠵᠣᠬᠢᠶᠠᠨ ᠪᠠᠶᠢᠭᠤᠯᠵᠤ ᠣᠳᠣᠷᠢᠳᠬᠤ ᠪᠠᠨ ᠴᠢᠩᠭᠠᠳᠬᠠᠨ᠎ᠠ᠃ ︽ᠠᠵᠤ ᠠᠬᠤᠶᠢᠯᠠᠯ ᠤᠷᠤᠨ ᠨᠤᠲᠤᠭ ᠬᠦᠴᠦ ᠪᠠᠨ ᠬᠠᠮᠲᠤᠳᠬᠠᠨ ᠬᠠᠮᠲᠤᠷᠠᠨ ᠴᠤᠭᠴᠠᠯᠠᠬᠤ︾᠂ ᠠᠵᠢᠯ ᠤᠨ ᠬᠤᠯᠪᠤᠭᠳᠠᠬᠤ ᠬᠡᠪᠴᠢᠶ᠎ᠡ ᠦᠷᠭᠡᠨ᠂ ᠠᠴᠢ ᠬᠤᠯᠪᠤᠭᠳᠠᠯ ᠴᠢᠬᠤᠯᠠ ᠪᠣᠯᠬᠤ ᠲᠤᠯᠠ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠡᠢ ᠵᠣᠬᠢᠶᠠᠨ ᠪᠠᠶᠢᠭᠤᠯᠤᠨ᠂ ᠭᠤᠤᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠭᠴᠢ ᠪᠣᠯᠬᠤ ᠶᠢ ᠲᠤᠲᠤᠷᠬᠠᠶᠢᠯᠠᠵᠤ᠂ ᠲᠤᠰ ᠠᠵᠢᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠤᠯᠬᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠠᠪᠴᠠᠯ ᠪᠣᠯᠭᠠᠨ᠂ ᠰᠠᠨᠠᠭᠠᠴᠢᠯᠠᠭ᠎ᠠ ᠲᠠᠢ ᠪᠠᠷ  ᠰᠦᠪᠡᠭᠴᠢᠯᠡᠨ ᠠᠬᠢᠭᠤᠯᠵᠤ᠂ ᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠤᠨ ᠳᠡᠮᠵᠢᠯᠭᠡ ᠶᠢ ᠢᠳᠡᠪᠬᠢᠲᠡᠢ ᠪᠠᠷ ᠤᠯᠤᠨ᠂  ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠠᠵᠤ ᠠᠬᠤᠢ ᠨᠠᠶᠢᠬᠡᠮ᠂ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠨᠠᠶᠢᠲᠠᠯᠠᠵᠤ᠂ ᠠᠵᠤ ᠠᠬᠤᠶᠢᠯᠠᠯ ᠪᠠ ᠤᠷᠤᠨ ᠨᠤᠲᠤᠭ ᠬᠦᠴᠦ ᠪᠠᠨ ᠬᠠᠮᠲᠤᠳᠬᠠᠨ ᠬᠠᠮᠲᠤᠷᠠᠨ ᠴᠤᠭᠴᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃     ︵ᠬᠤᠶᠠᠷ︶ ᠬᠠᠷᠢᠯᠴᠠᠵᠤ ᠵᠤᠬᠢᠴᠠᠭᠤᠯᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠣᠳᠣᠷᠢᠳᠬᠤ ᠳᠣᠭᠤᠶᠢᠯᠠᠩ ᠤᠨ ᠬᠤᠯᠪᠤᠭᠠᠲᠤ ᠬᠤᠷᠠᠯᠳᠣᠭᠠᠨ ᠤ ᠳᠦᠷᠢᠮ ᠢ ᠲᠤᠭᠲᠠᠭᠠᠨ᠂ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ   ᠤᠨ ᠠᠬᠢᠴᠠ ᠶᠢᠨ ᠪᠠᠶᠢᠳᠠᠯ᠂ ᠲᠤᠷᠰᠢᠯᠭ᠎ᠠ ᠪᠠᠨ ᠰᠣᠯᠢᠯᠴᠠᠬᠤ᠂ ᠠᠰᠠᠭᠤᠳᠠᠯ ᠢ ᠵᠤᠬᠢᠴᠠᠭᠤᠯᠵᠤ ᠰᠢᠢᠳᠪᠦᠷᠢᠯᠡᠬᠦ ᠵᠡᠷᠭᠡ ᠶᠢ ᠰᠤᠳᠤᠯᠤᠨ ᠶᠠᠷᠢᠯᠴᠠᠨ᠎ᠠ᠃ ᠡᠯ᠎ᠡ ᠭᠡᠰᠢᠭᠦᠨ ᠨᠢᠭᠡᠴᠡ ᠵᠣᠬᠢᠴᠠᠭᠤᠯᠤᠨ ᠦᠢᠯᠡᠴᠢᠯᠡᠬᠦ ᠲᠤᠭᠲᠠᠴᠠ ᠶᠢ ᠪᠠᠶᠢᠭᠤᠯᠵᠤ᠂ ᠲᠤᠰᠬᠠᠢ ᠬᠦᠮᠦᠨ ᠲᠤᠬᠢᠷᠠᠭᠤᠯᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠂ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠨᠢᠭᠡᠴᠡ ᠶᠢ ᠬᠠᠪᠰᠤᠷᠤᠨ ᠳᠠᠭᠠᠭᠠᠴᠢᠯᠠᠨ ᠳᠡᠳᠬᠦᠬᠦ ᠪᠤᠲᠠᠲᠠᠢ ᠲᠦᠯᠦᠪᠵᠢᠭᠦᠯᠭᠡ ᠶᠢ ᠲᠤᠭᠲᠠᠭᠠᠵᠤ᠂ ᠠᠵᠢᠯ ᠤᠨ ᠡᠭᠦᠷᠭᠡ᠂ ᠬᠠᠮᠲᠤᠷᠠᠨ ᠴᠤᠭᠴᠠᠯᠠᠬᠤ ᠠᠷᠭ᠎ᠠ ᠠᠪᠴᠠᠯ ᠵᠢᠴᠢ ᠨᠠᠶᠢᠲᠠᠪᠤᠷᠢᠵᠢᠭᠤᠯᠬᠤ ᠴᠠᠭ  ᠤᠨ ᠬᠤᠪᠢᠶᠠᠷᠢ᠂ ᠬᠦᠲᠦᠯᠦᠮᠵᠢ ᠵᠢᠷᠤᠭ ᠵᠡᠷᠭᠡ ᠶᠢ ᠨᠠᠷᠢᠪᠴᠢᠯᠠᠨ᠂ ᠠᠵᠤ ᠠᠬᠤᠶᠢᠯᠠᠯ ᠪᠠ ᠣᠷᠣᠨ ᠨᠣᠲᠤᠭ ᠤᠨ  ᠬᠠᠮᠲᠤᠷᠠᠨ ᠴᠤᠭᠴᠠᠯᠠᠯᠲᠠ ᠳᠤ ᠢᠳᠡᠪᠬᠢᠲᠡᠢ ᠪᠠᠷ ᠨᠦᠭᠦᠴᠡᠯ ᠪᠦᠷᠢᠯᠳᠦᠭᠦᠯᠬᠦ ᠬᠡᠷᠡᠭᠲᠡᠢ᠃     ︵ᠭᠤᠷᠪᠠ︶ ᠤᠬᠠᠭᠤᠯᠬᠤ ᠬᠦᠴᠦᠯᠡᠴᠡ ᠪᠠᠨ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠤᠬᠠᠭᠤᠯᠭ᠎ᠠ ᠶᠢᠨ ᠶᠡᠷᠦᠩᠬᠡᠢ ᠲᠦᠯᠦᠪᠵᠢᠭᠦᠯᠭᠡ ᠳᠤ ᠣᠷᠣᠭᠤᠯᠣᠨ᠂ ᠬᠤᠰᠢᠭᠤᠨ ᠤ ᠠᠯᠪᠠᠨ ᠵᠠᠭᠤᠴᠢᠯᠠᠭᠤᠷ ᠲᠤ ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠨ ᠴᠤᠭᠴᠠᠯᠠᠯᠲᠠ ᠶᠢᠨ ᠲᠤᠰᠬᠠᠢ ᠪᠣᠯᠤᠩ ᠭᠠᠷᠭᠠᠵᠤ᠂      ︽ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠨ ᠴᠤᠭᠴᠠᠯᠠᠬᠤ ᠠᠵᠢᠯᠯᠠᠭᠠᠨ ᠶᠠᠪᠤᠭᠳᠠᠵᠤ ᠪᠠᠶᠢᠨ᠎ᠠ︾ ᠭᠡᠬᠦ ᠲᠤᠰᠬᠠᠢ ᠰᠡᠳᠦᠪ ᠢᠶᠠᠷ ᠭᠠᠴᠠᠭ᠎ᠠ᠂ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠭᠰᠠᠨ ᠨᠠᠶᠢᠲᠡᠯᠢᠭ ᠵᠢᠱᠢᠶ᠎ᠡ᠂ ᠵᠠᠭᠪᠤᠷ ᠪᠠ ᠲᠤᠷᠰᠢᠯᠭ᠎ᠠ ᠶᠢ ᠡᠷᠴᠢᠮᠲᠡᠢ ᠤᠬᠠᠭᠤᠯᠤᠨ ᠮᠡᠳᠡᠭᠡᠯᠡᠵᠦ᠂ ᠠᠵᠤ ᠠᠬᠤᠶᠢᠯᠠᠯ ᠪᠠ ᠣᠷᠣᠨ ᠨᠣᠲᠤᠭ ᠤᠨ ᠬᠠᠮᠲᠤᠷᠠᠨ ᠴᠤᠭᠴᠠᠯᠠᠯᠲᠠ ᠶᠢᠨ ᠨᠦᠯᠦᠭᠡᠯᠡᠬᠦ ᠬᠦᠴᠦᠨ ᠢ ᠦᠷᠭᠦᠯᠵᠢᠯᠡᠨ ᠦᠷᠭᠡᠳᠬᠡᠬᠦ ᠬᠡᠷᠡᠭᠲᠡᠢ᠃ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷᠰᠡᠳ ᠤᠨ ᠤᠬᠠᠭᠤᠯᠭ᠎ᠠ ᠶᠢᠨ ᠳᠠᠪᠴᠠᠩ ᠢᠶᠠᠨ ᠠᠰᠢᠭᠯᠠᠨ᠂ ᠳᠠᠪᠴᠠᠩ ᠤᠨ ᠨᠡᠪᠲᠡᠷᠡᠭᠦᠯᠭᠡ᠂ ᠤᠬᠠᠭᠤᠯᠭ᠎ᠠ ᠶᠢᠨ ᠤᠷᠢᠶ᠎ᠠ᠂ ᠨᠡᠶᠢᠲᠡ ᠶᠢᠨ ᠠᠰᠠᠷᠠᠮᠵᠢ ᠶᠢᠨ ᠵᠠᠷ᠂ ᠰᠦᠯᠵᠢᠶᠡᠨ ᠳᠡᠭᠡᠷᠡᠬᠢ ᠰᠣᠯᠢᠯᠴᠠᠭ᠎ᠠ᠂ ᠤᠬᠠᠭᠤᠯᠭ᠎ᠠ ᠶᠢᠨ ᠭᠤᠳᠤᠮ ᠵᠡᠷᠭᠡ ᠤᠯᠠᠨ ᠵᠦᠢᠯ ᠤᠨ ᠬᠡᠯᠪᠡᠷᠢ ᠪᠠᠷ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ  ᠲᠤᠬᠠᠢ ᠬᠤᠯᠪᠤᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠦᠷᠨᠢᠭᠦᠯᠵᠦ᠂ ᠠᠵᠤ ᠠᠬᠤᠶᠢᠯᠠᠯ ᠣᠷᠣᠨ ᠨᠣᠲᠤᠭ ᠬᠠᠮᠲᠤᠷᠠᠨ ᠴᠤᠭᠴᠠᠯᠠᠬᠤ ᠠᠵᠢᠯᠯᠠᠭᠠᠨ ᠢ ᠪᠦᠬᠦ ᠲᠠᠯ᠎ᠠ ᠪᠠᠷ ᠮᠡᠳᠡᠭᠡᠯᠡᠨ᠂ ᠲᠡᠷᠢᠭᠦᠨ ᠤ ᠨᠡᠶᠢᠲᠡᠯᠢᠭ ᠵᠢᠱᠢᠶ᠎ᠡ ᠢ ᠦᠷᠭᠡᠨ ᠢᠶᠠᠷ ᠤᠬᠠᠭᠤᠯᠵᠤ᠂ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠦᠨ᠂ ᠠᠵᠤ ᠠᠬᠤᠶᠢᠯᠠᠯ ᠤᠨ ᠢᠷᠠᠭᠤ ᠠᠯᠳᠠᠷ ᠤᠨ ᠤᠬᠠᠮᠰᠠᠷ ᠪᠠ ᠨᠠᠶᠢᠬᠡᠮ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠪᠦᠬᠦ ᠨᠠᠶᠢᠬᠡᠮ ᠢᠶᠠᠷ ᠢᠶᠠᠨ ᠠᠩᠬᠠᠷᠬᠤ ᠪᠠ ᠠᠵᠤ ᠠᠬᠤᠶᠢᠯᠠᠯ ᠣᠷᠣᠨ ᠨᠣᠲᠤᠭ ᠤᠨ ᠬᠠᠮᠲᠤᠷᠠᠨ ᠴᠤᠭᠴᠠᠯᠠᠯᠲᠠ ᠳᠤ ᠣᠷᠣᠯᠴᠠᠬᠤ ᠤᠷᠮ᠎ᠠ ᠵᠤᠷᠢᠭ ᠢ ᠪᠠᠳᠠᠷᠠᠭᠤᠯᠤᠨ᠂ ᠠᠵᠤ ᠠᠬᠤᠶᠢᠯᠠᠯ ᠣᠷᠣᠨ ᠨᠣᠲᠤᠭ  ᠤᠨ ᠬᠠᠮᠲᠤᠷᠠᠨ ᠴᠤᠭᠴᠠᠯᠠᠯᠲᠠ ᠶᠢ ᠬᠠᠯᠠᠮᠵᠢᠯᠠᠨ ᠳᠡᠮᠵᠢᠵᠦ ᠬᠠᠮᠲᠤ ᠪᠠᠷ ᠬᠦᠭᠵᠢᠬᠦ ᠣᠬᠢ ᠰᠠᠶᠢᠨ ᠪᠠᠶᠢᠳᠠᠯ ᠢ ᠴᠢᠷᠮᠠᠶᠢᠨ ᠪᠦᠷᠢᠯᠳᠦᠬᠦᠯᠬᠦ ᠬᠡᠷᠡᠭᠲᠡᠢ᠃     ︵ᠳᠦᠷᠪᠡ︶ ᠡᠭᠦᠷᠭᠡ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠴᠢᠩᠭᠠᠳᠬᠠᠨ᠎ᠠ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠪᠠ ᠡᠯ᠎ᠡ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠬᠢᠨ ᠤᠯᠤᠰ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ  ᠶᠢᠨ ᠣᠳᠣᠷᠢᠳᠣᠮᠵᠢ ᠪᠠ ᠲᠦᠷᠦᠯ ᠵᠦᠢᠯ ᠤᠨ ᠬᠤᠪᠢᠶᠠᠷᠢᠯᠠᠯᠲᠠ ᠶᠢᠨ ᠲᠦᠯᠦᠪᠯᠡᠯᠭᠡ ᠳᠤ ᠠᠩᠬᠠᠷᠤᠯ ᠲᠦᠪᠯᠡᠷᠡᠭᠦᠯᠦᠨ᠂ ᠳᠡᠭᠡᠳᠦ ᠱᠠᠲᠤᠨ ᠤ ᠲᠤᠰᠬᠠᠢ ᠲᠦᠷᠦᠯ ᠤᠨ ᠪᠡᠯᠡ ᠮᠦᠩᠭᠦ ᠪᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠪᠠᠷ ᠲᠡᠮᠡᠴᠡᠨ ᠣᠯᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠶᠢᠲᠠ ᠶᠢᠨ ᠪᠣᠰᠣ ᠠᠵᠤ ᠠᠬᠤᠢ ᠶᠢᠨ ᠨᠠᠮ ᠤᠨ ᠠᠵᠢᠯᠯᠠᠬᠤ ᠬᠤᠷᠢᠶᠠᠨ ᠤ ᠬᠢᠨ ᠭᠠᠴᠠᠭ᠎ᠠ ᠲᠤᠰᠬᠤᠨ ᠠᠵᠤ ᠠᠬᠤᠶᠢᠯᠠᠯ ᠤᠨ ᠬᠠᠮᠲᠤᠷᠠᠨ ᠴᠤᠭᠴᠠᠯᠠᠯᠲᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢ ᠴᠢᠩᠭᠠᠳᠬᠠᠬᠤ ᠨᠢᠭᠡ ᠲᠦᠷᠦᠯ ᠤᠨ ᠴᠢᠬᠤᠯᠠ ᠠᠷᠭ᠎ᠠ ᠠᠪᠴᠠᠯ ᠪᠤᠯᠭᠠᠵᠤ᠂ ᠰᠣᠳᠣᠯᠣᠯᠲᠠ᠂ ᠨᠢᠭᠡᠳᠦᠯᠲᠡᠢ ᠲᠦᠯᠦᠪᠵᠢᠭᠦᠯᠭᠡ ᠢ ᠴᠢᠩᠭᠠᠳᠬᠠᠨ᠂ ᠨᠠᠮ ᠤᠨ ᠭᠡᠰᠢᠬᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠤᠬᠢᠷᠠᠭᠤᠯᠤᠨ ᠰᠢᠯᠢᠳᠡᠭᠵᠢᠭᠦᠯᠵᠤ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠪᠤᠷᠢ  ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠡ ᠭᠠᠴᠠᠭ᠎ᠠ ᠲᠤᠰᠬᠤᠨ ᠤ ᠣᠷᠣᠨ ᠬᠡᠪᠴᠢᠶ᠎ᠠ ᠶᠢᠨ ᠤᠨᠴᠠᠯᠢᠭ ᠪᠠ ᠪᠤᠲᠠᠲᠤ ᠪᠠᠶᠢᠳᠠᠯ ᠲᠠᠢ ᠤᠶᠠᠯᠳᠣᠭᠤᠯᠣᠨ᠂ ᠰᠠᠨᠠᠭᠠᠴᠢᠯᠠᠭ᠎ᠠ  ᠲᠠᠢ ᠪᠠᠷ ᠬᠦᠳᠡᠯᠦᠯᠴᠡᠨ ᠬᠢᠨᠠᠮᠠᠭᠠᠢ ᠰᠦᠪᠡᠭᠴᠢᠯᠡᠨ ᠲᠦᠯᠦᠪᠵᠢᠭᠦᠯᠵᠦ᠂ ᠣᠷᠣᠨ ᠨᠤᠲᠤᠭ ᠲᠤ ᠪᠦᠬᠦ ᠰᠠᠭᠤᠭ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠵᠤ ᠳᠠᠶᠢᠴᠢᠯᠠᠨ᠂ ᠰᠠᠭᠤᠭ᠎ᠠ ᠭᠠᠴᠠᠭ᠎ᠠ ᠲᠤᠰᠬᠤᠨ ᠲᠠᠢ ᠣᠯᠠᠨ ᠬᠡᠯᠪᠡᠷᠢ ᠶᠢᠨ ᠠᠰᠢᠭ ᠲᠤᠰᠠ ᠶᠢᠨ ᠬᠠᠮᠲᠤ ᠶᠢᠨ ᠴᠤᠭᠴᠠ ᠪᠠᠶᠢᠭᠤᠯᠬᠤ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠡᠷᠦᠬᠡ᠂ ᠮᠠᠯᠴᠢᠨ ᠲᠠᠷᠢᠶᠠᠴᠢᠨ ᠢ ᠡᠮᠬᠢᠲᠡᠢ ᠪᠠᠷ ᠡᠷᠭᠢᠯᠲᠡᠲᠦ ᠠᠵᠤ ᠦᠢᠯᠡᠰ ᠤᠨ ᠬᠢᠯᠬᠢᠶᠡᠵᠡᠯ ᠳᠤ ᠣᠷᠣᠭᠤᠯᠵᠣ᠂ ᠠᠵᠤ ᠠᠬᠤᠶᠢᠯᠠᠯ ᠪᠠ ᠤᠷᠤᠨ ᠨᠤᠲᠤᠭ ᠤᠨ ᠬᠠᠮᠲᠤᠷᠠᠨ ᠴᠤᠭᠴᠠᠯᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠪᠤᠲᠠᠲᠠᠢ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ︽ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠯ ᠪᠠ ᠳᠦᠭᠰᠢᠭᠦᠷᠢ ᠶᠢ ᠬᠠᠮᠲᠤᠪᠡᠷ ᠡᠭᠦᠷᠭᠡᠯᠡᠬᠦ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠮᠢᠶ᠎ᠠ ᠪᠦᠬᠦᠢ ᠳᠦᠷᠢᠮ ᠲᠤᠭᠲᠠᠭᠠᠯ ᠶᠤᠰᠤᠭᠠᠷ ᠡᠳ᠋ ᠤᠨ ᠵᠠᠰᠠᠭ ᠤᠨ ᠬᠦᠦ ᠮᠦᠩᠭᠦ ᠶᠢ ᠣᠷᠣᠯᠣᠨ ᠦᠭᠴᠦ᠂ ᠮᠠᠯ ᠲᠠᠷᠢᠶᠠᠯᠠᠩ ᠲᠠᠢ ᠬᠤᠯᠪᠤᠭᠳᠠᠬᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠶᠢᠴᠢᠯᠠᠨ ᠬᠠᠮᠲᠤᠷᠠᠨ ᠴᠤᠭᠴᠠᠯᠠᠬᠤ ᠠᠵᠤ ᠠᠬᠤᠶᠢᠯᠠᠯ᠂ ᠭᠠᠴᠠᠭ᠎ᠠ ᠲᠤᠰᠬᠤᠨ᠂ ᠬᠠᠮᠲᠤᠷᠠᠯ ᠬᠤᠷᠰᠢᠶ᠎ᠠ᠂ ᠮᠠᠯᠴᠢᠨ ᠲᠠᠷᠢᠶᠠᠴᠢᠨ ᠳᠤ ᠨᠡᠩ ᠶᠡᠭᠡ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠬᠤ ᠶᠢ ᠠᠬᠢᠭᠤᠯᠬᠤ ᠬᠡᠷᠡᠭᠲᠡᠢ᠃ ᠠᠷᠠᠳ ᠢ ᠬᠠᠷᠠᠭᠠᠯᠵᠠᠬᠤ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠺᠤᠮᠫᠠᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠠᠵᠤ ᠦᠢᠯᠡᠰ ᠤᠨ ᠰᠠᠭᠤᠷᠢ ᠮᠦᠩᠭᠦᠨ ᠤ ᠣᠳᠣᠷᠢᠳᠣᠮᠵᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠡᠯᠡ ᠮᠦᠩᠭᠦᠨ ᠤ ᠬᠦᠰᠢᠭᠦᠷᠭᠡ ᠶᠢ ᠤᠯᠠᠮ ᠨᠢᠭᠡ ᠠᠯᠬᠤᠮ ᠶᠡᠬᠡᠳᠬᠡᠨ᠂ ᠦᠢᠯᠡᠳᠪᠦᠷᠢ ᠬᠤᠳᠠᠯᠳᠣᠭᠠᠨ ᠤ ᠬᠦᠷᠦᠩᠭᠡ ᠶᠢᠨ ᠤᠷᠤᠭᠤᠯᠤᠯᠲᠠ ᠶᠢ ᠬᠦᠯᠢᠶᠡᠨ ᠠᠪᠴᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ ᠡᠯ᠎ᠡ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠠᠶᠢᠲᠠᠪᠤᠷᠢᠵᠢᠭᠤᠯᠬᠤ ᠭᠤᠤᠯ ᠴᠤᠭᠴᠠ ᠪᠠ ᠬᠡᠷᠡᠭᠵᠢᠭᠦᠯᠬᠦ ᠭᠤᠤᠯ ᠴᠤᠭᠴᠠ ᠪᠤᠯᠤᠭᠰᠠᠨ ᠤ ᠬᠤᠪᠢ ᠳᠤ ᠬᠠᠷᠢᠶ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠬᠦᠢᠴᠡᠳᠬᠡᠵᠦ᠂ ᠭᠤᠤᠯ ᠣᠳᠣᠷᠢᠳᠣᠯᠭ᠎ᠠ ᠪᠡᠶᠡᠴᠢᠯᠡᠨ ᠠᠳᠬᠤᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠠᠵᠢᠯ ᠢ ᠠᠬᠢᠭᠤᠯᠬᠤ ᠬᠤᠷᠠᠯ ᠡᠷᠬᠢᠯᠡᠵᠦ᠂ ᠠᠵᠢᠯ ᠤᠨ ᠰᠡᠳᠬᠢᠮᠵᠢ ᠪᠠᠨ ᠲᠤᠲᠤᠷᠬᠠᠶᠢᠯᠠᠨ᠂ ᠠᠬᠢᠭᠤᠯᠬᠤ ᠠᠷᠭ᠎ᠠ ᠠᠪᠴᠠᠯ ᠲᠤᠭᠲᠠᠭᠠᠵᠤ᠂ ᠲᠤᠰ ᠭᠠᠵᠠᠷ ᠤᠨ ᠠᠵᠤ ᠠᠬᠤᠶᠢᠯᠠᠯ ᠪᠠ ᠣᠷᠣᠨ ᠨᠤᠲᠤᠭ ᠬᠠᠮᠲᠤᠷᠠᠨ ᠴᠤᠭᠴᠠᠯᠠᠬᠤ ᠠᠵᠢᠯ ᠤᠨ ᠪᠤᠲᠠᠲᠠᠶᠢᠵᠢᠯ ᠢ ᠦᠨᠡᠨ ᠬᠦ ᠠᠬᠢᠭᠤᠯᠤᠨ᠂ ᠪᠠᠯᠭᠠᠰᠤ᠂ ᠭᠠᠴᠠᠭ᠎ᠠ ᠲᠤᠰᠬᠤᠨ ᠬᠤᠶᠠᠷ ᠱᠠᠲᠤᠨ ᠤ ᠬᠤᠷᠰᠢᠨ ᠠᠵᠢᠯᠯᠠᠬᠤ ᠵᠣᠬᠢᠶᠠᠨ ᠪᠠᠶᠢᠭᠤᠯᠤᠯᠲᠠ ᠪᠠᠷ ᠳᠠᠶᠢᠴᠢᠯᠠᠭᠤᠯᠵᠤ᠂ ᠣᠷᠣᠨ ᠨᠣᠲᠤᠭ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠵᠣᠬᠢᠶᠠᠨ ᠪᠠᠶᠢᠭᠤᠯᠤᠯᠲᠠᠴᠢᠯᠠᠭᠰᠠᠨ ᠬᠢᠷᠢ ᠳᠦᠪᠰᠢᠨ ᠢ ᠳᠡᠭᠡᠭᠰᠢᠯᠡᠭᠦᠯᠦᠨ᠂ ᠪᠠᠷᠠᠭᠠᠨ ᠤ ᠰᠣᠷᠪᠣᠯᠵᠢ ᠶᠢᠨ ᠬᠠᠩᠭᠠᠯᠭ᠎ᠠ ᠶᠢ ᠲᠤᠭᠲᠠᠪᠤᠷᠢᠵᠢᠭᠤᠯᠵᠤ᠂ ᠠᠵᠤ ᠠᠬᠤᠶᠢᠯᠠᠯ ᠲᠠᠢ ᠣᠷᠲᠣ ᠬᠤᠭᠤᠴᠠᠭᠠᠨ ᠤ ᠬᠤᠷᠰᠢᠨ ᠠᠵᠢᠯᠯᠠᠬᠤ ᠬᠠᠷᠢᠴᠠᠭ᠎ᠠ ᠪᠠᠶᠢᠭᠤᠯᠤᠨ᠂ ᠶᠠᠳᠠᠭᠤ ᠬᠦᠴᠢᠷᠳᠡᠯᠲᠡᠢ ᠡᠷᠦᠬᠡ᠂ ᠠᠮᠢᠳᠣᠷᠠᠯ ᠵᠦᠳᠡᠭᠦᠦ ᠡᠷᠦᠬᠡ᠂ ᠬᠢᠨᠠᠨ ᠡᠵᠡᠮᠳᠡᠬᠦ ᠡᠷᠦᠬᠡ ᠪᠠ ᠪᠠᠲᠤᠳᠬᠠᠨ ᠪᠠᠬᠢᠵᠢᠭᠦᠯᠬᠦ ᠡᠷᠦᠬᠡ ᠶᠢ ᠠᠵᠤ ᠦᠢᠯᠡᠰ ᠤᠨ ᠬᠢᠯᠬᠢᠶᠡᠵᠡᠯ ᠲᠠᠢ ᠪᠦᠲᠦᠮᠵᠢᠲᠡᠢ ᠬᠤᠯᠪᠣᠭᠳᠠᠭᠤᠯᠵᠤ᠂ ᠠᠵᠤ ᠠᠬᠤᠶᠢᠯᠠᠯ ᠤᠨ ᠬᠡᠷᠡᠭᠯᠡᠭᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠤᠭᠲᠠᠭᠤᠨ ᠨᠡᠮᠡᠭᠳᠡᠯ ᠢ ᠪᠡᠶᠡᠯᠡᠭᠦᠯᠬᠦ ᠬᠡᠷᠡᠭᠲᠡᠢ᠃     ︵ᠲᠠᠪᠤ︶ ᠰᠢᠪᠡᠳᠡᠨ ᠪᠠᠶᠢᠴᠠᠭᠠᠵᠤ ᠰᠢᠯᠭᠠᠷᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠎ᠡ᠃ ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠠᠵᠢᠯ ᠳᠤ ᠬᠦᠳᠡᠯᠦᠩᠭᠦᠢ ᠬᠠᠮᠢᠶᠠᠷᠤᠯᠲᠠ᠂ ᠲᠤᠭᠲᠠᠮᠠᠯ ᠬᠤᠭᠤᠴᠠᠭᠠᠲᠤ ᠰᠢᠯᠭᠠᠷᠠᠭᠤᠯᠤᠯᠲᠠ ᠶᠢ ᠬᠡᠷᠡᠭᠵᠢᠭᠦᠯᠦᠨ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠬᠢᠨ ᠭᠠᠴᠠᠭ᠎ᠠ ᠲᠤᠰᠬᠤᠨ ᠠᠵᠤ ᠠᠬᠤᠶᠢᠯᠠᠯ ᠬᠠᠮᠲᠤᠷᠠᠨ ᠴᠤᠭᠴᠠᠯᠠᠬᠤ ᠠᠵᠢᠯ ᠢ ᠬᠤᠰᠢᠭᠤᠨ ᠠᠴᠠ ᠪᠠᠯᠭᠠᠰᠤ᠂ ᠰᠠᠯᠠᠭ᠎ᠠ ᠮᠦᠴᠢᠷ ᠲᠤ ᠬᠠᠨᠳᠣᠭᠤᠯᠣᠭᠰᠠᠨ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠬᠡᠪᠴᠢᠶᠡᠨ  ᠳᠤ ᠣᠷᠣᠭᠤᠯᠵᠣ᠂ ᠬᠢᠨᠠᠨ ᠰᠢᠯᠭᠠᠷᠠᠭᠤᠯᠬᠤ ᠶᠢᠨ ᠦᠨᠡᠯᠡᠯᠭᠡ ᠶᠢ ᠴᠢᠩᠭᠠᠳᠬᠠᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠵᠠᠰᠠᠭ ᠤᠨ ᠰᠢᠪᠡᠳᠡᠨ ᠪᠠᠶᠢᠴᠠᠭᠠᠬᠤ ᠠᠯᠪᠠᠨ ᠭᠡᠷ᠂ ᠬᠤᠰᠢᠭᠤ ᠳᠠᠭᠠᠭᠠᠴᠢᠯᠠᠯᠲᠠ ᠶᠢᠨ ᠠᠯᠪᠠᠨ ᠭᠡᠷ ᠠᠴᠠ ᠠᠵᠤ ᠠᠬᠤᠶᠢᠯᠠᠯ ᠪᠠ ᠣᠷᠣᠨ ᠨᠣᠲᠤᠭ ᠬᠦᠴᠦ ᠪᠠᠨ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠪᠠᠶᠢᠴᠠᠭᠠᠨ ᠵᠢᠯᠣᠭᠤᠳᠬᠤ ᠪᠠᠨ ᠴᠢᠩᠭᠠᠳᠬᠠᠵᠤ᠂ ᠠᠬᠢᠴᠠ ᠶᠢᠨ ᠪᠠᠶᠢᠳᠠᠯ ᠢ ᠳᠠᠷᠤᠢ  ᠳᠤᠨᠢ ᠤᠶᠢᠯᠠᠭᠠᠵᠤ ᠮᠡᠳᠡᠨ᠂ ᠰᠢᠪᠡᠳᠡᠨ ᠪᠠᠶᠢᠴᠠᠭᠠᠵᠤ ᠨᠡᠶᠢᠲᠡᠯᠡᠨ ᠬᠠᠷᠢᠭᠤ ᠲᠤᠰᠬᠠᠬᠤ ᠳᠦᠷᠢᠮ ᠲᠤᠭᠲᠠᠭᠠᠵᠤ᠂ ᠨᠠᠮ ᠵᠠᠰᠠᠭ ᠤᠨ ᠭᠤᠤᠯ ᠣᠳᠣᠷᠢᠳᠣᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠣᠯᠭ᠎ᠠ ᠳᠤ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ ᠡᠯ᠎ᠡ ᠪᠠᠯᠭᠠᠰᠤ ᠪᠠ ᠡᠯ᠎ᠡ ᠭᠠᠴᠠᠭ᠎ᠠ ᠲᠤᠰᠬᠤᠨ ᠤ ᠬᠢᠨ ᠦᠪᠡᠷᠲᠡᠭᠡᠨ ᠪᠠᠶᠢᠴᠠᠭᠠᠬᠤ ᠪᠠ ᠰᠢᠪᠡᠳᠡᠨ ᠪᠠᠶᠢᠴᠠᠭᠠᠬᠤ ᠠᠵᠢᠯ ᠢ ᠲᠤᠭᠲᠠᠭᠰᠠᠨ ᠬᠤᠭᠤᠴᠠᠭ᠎ᠠ ᠲᠠᠢ ᠪᠠᠷ ᠦᠷᠨᠢᠭᠦᠯᠦᠨ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠬᠦ ᠪᠠ ᠰᠣᠳᠣᠯᠣᠨ ᠰᠢᠢᠳᠪᠦᠷᠢᠯᠡᠬᠦ ᠬᠡᠷᠡᠭᠲᠡᠢ᠃                                                                                                                                                                                           ᠳᠣᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠠᠯᠪᠠᠨ ᠭᠡᠷ          2020 ᠤᠨ ᠤ 5 ᠰᠠᠷ᠎ᠠ ᠶᠢᠨ 17 ᠤ ᠡᠳᠤᠷ ᠲᠠᠷᠤᠮᠠᠯᠯᠠᠨ ᠲᠠᠷᠬᠠᠭᠠᠪᠠ                            
 
ᠢᠷᠡᠯᠲᠡ᠄ ᠳᠣᠮᠳᠠᠳᠣ ᠤᠯᠤᠰ ᠤᠨ ᠡᠪ ᠬᠠᠮᠲᠤ ᠨᠠᠮ ᠤᠨ ᠣᠲᠤᠭ ᠤᠨ ᠡᠮᠦᠨᠡᠲᠦ ᠬᠤᠰᠢᠭᠤᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号