︽ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠣᠰᠣ ᠴᠡᠪᠡᠷᠰᠢᠭᠦᠯᠬᠦ | ᠳᠦᠬᠦᠭᠡᠷᠦᠮᠵᠢ ᠶᠢᠨ ᠬᠠᠮᠢᠶᠠᠷᠤᠯᠲᠠ ᠬᠡᠷᠡᠭᠯᠡᠯᠲᠡ ᠶᠢᠨ ᠳᠦᠷᠢᠮ︾ ᠢ ᠤᠯᠠᠮᠵᠢᠯᠠᠨ ᠲᠠᠷᠬᠠᠭᠠᠬᠤ ᠲᠤᠬᠠᠢ ᠣᠲᠤᠭ | ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠰᠢᠭᠤ ᠣᠰᠤᠨ ᠠᠰᠢᠭᠯᠠᠯᠲᠠ ᠶᠢᠨ ᠲᠤᠪᠴᠢᠶᠠᠨ ᠠᠴᠠ ᠲᠤᠭᠲᠠᠭᠠᠭᠰᠠᠨ ︽ᠣᠲᠤᠭ ᠤᠨ ᠡᠮᠦᠨᠡᠲᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠣᠰᠣ ᠴᠡᠪᠡᠷᠰᠢᠭᠦᠯᠬᠦ ᠳᠦᠬᠦᠭᠡᠷᠦᠮᠵᠢ ᠶᠢᠨ | ᠬᠠᠮᠢᠶᠠᠷᠤᠯᠲᠠ ᠬᠡᠷᠡᠭᠯᠡᠯᠲᠡ ᠶᠢᠨ ᠳᠦᠷᠢᠮ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠲᠠᠷᠬᠠᠭᠠᠪᠠ᠂ ᠪᠤᠲᠠᠲᠠᠢ ᠲᠠᠢ ᠤᠶᠠᠯᠳᠣᠭᠤᠯᠵᠣ᠂ ᠨᠠᠷᠢᠨ | ᠬᠢᠨᠠᠮᠠᠭᠠᠢ ᠲᠣᠣᠱᠯᠠᠭᠤᠯᠤᠨ ᠬᠡᠷᠡᠭᠵᠢᠭᠦᠯᠲᠤᠭᠡᠢ᠃ | | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 5 ᠰᠠᠷ᠎ᠠ ᠶᠢᠨ 21 ᠤ ᠡᠳᠦᠷ | | | ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠣᠰᠤ | ᠴᠡᠪᠡᠷᠰᠢᠭᠦᠯᠬᠦ ᠳᠦᠬᠦᠭᠡᠷᠦᠮᠵᠢ ᠶᠢᠨ ᠬᠠᠮᠢᠶᠠᠷᠤᠯᠲᠠ ᠬᠡᠷᠡᠭᠯᠡᠯᠲᠡ ᠶᠢᠨ ᠳᠦᠷᠢᠮ | | | ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠶᠤᠯᠬᠦᠢ ᠣᠰᠣ ᠤᠮᠳᠠ ᠶᠢᠨ ᠡᠷᠦᠬᠡ ᠶᠢᠨ ᠣᠰᠣ | ᠴᠡᠪᠡᠷᠰᠢᠭᠦᠯᠬᠦ ᠳᠦᠬᠦᠭᠡᠷᠦᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠳᠦᠬᠦᠭᠡᠷᠦᠮᠵᠢ ᠶᠢᠨ | ᠬᠡᠷᠡᠭᠯᠡᠯᠲᠡ ᠶᠢᠨ ᠪᠦᠲᠦᠮᠵᠢ ᠶᠢ ᠳᠡᠭᠡᠭᠰᠢᠯᠡᠬᠦᠯᠵᠦ᠂ ᠳᠦᠬᠦᠬᠡᠷᠦᠮᠵᠢ ᠶᠢᠨ ᠠᠶᠤᠯᠬᠦᠢ ᠤᠰᠤ ᠤᠮᠳᠠ ᠶᠢᠨ ᠦᠷ᠎ᠡ | ᠠᠰᠢᠭ ᠢ ᠦᠷᠭᠦᠯᠵᠢᠯᠡᠨ ᠠᠬᠢᠭᠤᠯᠬᠤ ᠶᠢᠨ ᠲᠦᠯᠦᠭᠡ ᠣᠨᠴᠠᠭᠠᠶᠢᠯᠠᠨ ᠲᠤᠰ ᠳᠦᠷᠢᠮ ᠢ ᠲᠤᠭᠲᠠᠭᠠᠪᠠ᠃ | ᠨᠢᠭᠡᠳᠦᠭᠡᠷ ᠵᠦᠢᠯ᠂ ᠲᠣᠰ ᠳᠦᠷᠢᠮ ᠢ ᠮᠠᠨ ᠤ ᠬᠤᠰᠢᠭᠤᠨ ᠤ ᠬᠢᠵᠠᠭᠠᠷ ᠳᠠᠬᠢ ᠮᠠᠯᠵᠢᠬᠤ ᠲᠠᠷᠢᠶᠠᠯᠠᠬᠤ | ᠣᠷᠣᠨ ᠤ ᠤᠰᠤ ᠤᠮᠳᠠ ᠶᠢᠨ ᠠᠶᠤᠯᠭᠦᠢ ᠶᠢᠨ ᠪᠠᠲᠤᠯᠠᠯᠲᠠ ᠳᠤ ᠬᠡᠷᠡᠭᠵᠢᠭᠦᠯᠦᠭᠰᠡᠨ ᠮᠦᠷᠲᠡᠭᠡᠨ ᠳᠡᠭᠡᠳᠦ ᠱᠠᠲᠤᠨ ᠤ | ᠲᠦᠷᠦᠯ ᠵᠦᠢᠯ ᠢ ᠦᠨᠳᠦᠰᠦᠯᠡᠨ ᠣᠰᠣᠨ ᠠᠰᠢᠭᠯᠠᠯᠲᠠ ᠶᠢᠨ ᠰᠠᠯᠠᠭ᠎ᠠ ᠮᠦᠴᠢᠷ ᠠᠴᠠ ᠨᠢᠭᠡᠳᠦᠯᠲᠡᠢ | ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠨ ᠠᠪᠤᠯᠲᠠ ᠪᠠᠷ ᠬᠤᠳᠠᠯᠳᠣᠨ ᠠᠪᠤᠭᠰᠠᠨ ᠡᠷᠦᠬᠡ ᠶᠢᠨ ᠣᠰᠤ | ᠰᠢᠢᠳᠪᠦᠷᠢᠯᠡᠬᠦ ᠳᠦᠬᠦᠭᠡᠷᠦᠮᠵᠢ ᠳᠤ ᠬᠡᠷᠡᠭᠯᠡᠨ᠎ᠡ᠃ | ᠬᠤᠶᠠᠳᠣᠭᠠᠷ ᠵᠦᠢᠯ᠂ ᠲᠣᠰ ᠳᠦᠷᠢᠮ ᠢ ᠬᠡᠷᠡᠭᠵᠢᠬᠦᠯᠬᠦ ᠡᠷᠦᠬᠡ ᠶᠢᠨ ᠣᠰᠣ ᠰᠢᠢᠳᠪᠦᠷᠢᠯᠡᠬᠦ ᠳᠦᠬᠦᠭᠡᠷᠦᠮᠵᠢ | ᠪᠣᠯ ᠣᠯᠣᠰ ᠤᠨ ᠡᠳ᠋ ᠬᠦᠷᠦᠩᠭᠡ ᠪᠤᠯᠤᠨ᠎ᠠ᠃ | ᠭᠤᠷᠪᠠᠳᠣᠭᠠᠷ ᠵᠦᠢᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠰᠣᠨ ᠠᠰᠢᠭᠯᠠᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠣᠯ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠣᠰᠣ | ᠰᠢᠢᠳᠪᠦᠷᠢᠯᠡᠬᠦ ᠳᠦᠬᠦᠭᠡᠷᠦᠮᠵᠢ ᠶᠢᠨ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠨᠢᠭᠡᠴᠡ | ᠪᠣᠯᠣᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠬᠠᠷᠢᠶ᠎ᠠ ᠭᠠᠵᠠᠷ ᠳᠠᠬᠢ ᠮᠠᠯᠵᠢᠬᠤ | ᠲᠠᠷᠢᠶᠠᠯᠠᠬᠤ ᠣᠷᠣᠨ ᠤ ᠡᠷᠦᠬᠡ ᠶᠢᠨ ᠣᠰᠣ ᠰᠢᠢᠳᠪᠦᠷᠢᠯᠡᠬᠦ ᠳᠦᠬᠦᠭᠡᠷᠦᠮᠵᠢ ᠶᠢᠨ ᠠᠵᠢᠯᠠᠮᠵᠢ ᠶᠢᠨ ᠬᠠᠮᠢᠶᠠᠷᠤᠯᠲᠠ | ᠶᠢᠨ ᠭᠤᠤᠯᠯᠠᠨ ᠬᠠᠮᠢᠶᠠᠷᠬᠤ ᠪᠠᠶᠢᠭᠤᠯᠭ᠎ᠠ ᠨᠢᠭᠡᠴᠡ ᠪᠤᠯᠤᠨ᠎ᠠ᠃ ᠡᠯ᠎ᠡ ᠭᠠᠴᠠᠭ᠎ᠠ ᠲᠤᠰᠬᠤᠨ ᠪᠠ ᠭᠠᠴᠠᠭ᠎ᠠ ᠲᠤᠰᠬᠤᠨ | ᠳᠤ ᠰᠠᠭᠤᠭ᠎ᠠ ᠠᠵᠢᠯᠯᠠᠬᠤ ᠳᠣᠭᠤᠶᠢᠯᠠᠩ ᠪᠣᠯ ᠬᠠᠷᠢᠶ᠎ᠠ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠣᠰᠣ | ᠣᠮᠳᠠ ᠶᠢᠨ ᠠᠶᠤᠯᠬᠦᠢ ᠶᠢᠨ ᠡᠷᠦᠬᠡ ᠶᠢᠨ ᠣᠰᠣ ᠰᠢᠢᠳᠪᠦᠷᠢᠯᠡᠬᠦ ᠳᠦᠬᠦᠭᠡᠷᠦᠮᠵᠢ ᠶᠢᠨ ᠪᠤᠲᠠᠲᠠᠢ ᠬᠠᠮᠢᠶᠠᠷᠤᠯᠲᠠ | ᠶᠢᠨ ᠪᠠᠶᠢᠭᠤᠯᠭ᠎ᠠ ᠨᠢᠭᠡᠴᠡ ᠪᠣᠯᠣᠨ᠎ᠠ᠃ ᠡᠷᠦᠬᠡ ᠶᠢᠨ ᠣᠰᠣ ᠰᠢᠢᠳᠪᠦᠷᠢᠯᠡᠬᠦ ᠳᠦᠬᠦᠭᠡᠷᠦᠮᠵᠢ ᠶᠢᠨ ᠠᠰᠢᠭ ᠬᠦᠷᠲᠡᠬᠦ | ᠡᠷᠦᠬᠡ ᠪᠣᠯ ᠳᠦᠬᠦᠭᠡᠷᠦᠮᠵᠢ ᠶᠢᠨ ᠬᠡᠷᠡᠭᠯᠡᠭᠴᠢ ᠪᠣᠯᠬᠤ ᠲᠤᠯᠠ ᠳᠦᠬᠦᠭᠡᠷᠦᠮᠵᠢ ᠶᠢᠨ ᠡᠳᠦᠷ ᠲᠤᠲᠤᠮ ᠤᠨ | ᠬᠠᠮᠢᠶᠠᠷᠤᠯᠲᠠ᠂ ᠬᠡᠷᠡᠭᠯᠡᠯᠲᠡ ᠪᠠ ᠬᠠᠮᠠᠭᠠᠯᠠᠯᠲᠠ ᠶᠢ ᠬᠠᠷᠢᠭᠤᠴᠠᠨ᠎ᠠ᠃ | ᠳᠦᠷᠪᠡᠳᠦᠭᠡᠷ ᠵᠦᠢᠯ᠂ ᠡᠷᠦᠬᠡ ᠶᠢᠨ ᠣᠰᠣ ᠴᠡᠪᠡᠷᠰᠢᠭᠦᠯᠬᠦ ᠳᠦᠬᠦᠭᠡᠷᠦᠮᠵᠢ ᠶᠢ ᠡᠷᠦᠬᠡ ᠳᠤ ᠣᠭᠰᠠᠷᠠᠭᠰᠠᠨ ᠤ | ᠳᠠᠷᠠᠭ᠎ᠠ᠂ ᠠᠰᠢᠭ ᠬᠦᠷᠲᠡᠬᠦ ᠡᠷᠦᠬᠡ ᠭᠠᠷ ᠤᠨ ᠦᠰᠦᠭ ᠵᠢᠷᠤᠵᠤ᠂ ᠣᠰᠣ ᠴᠡᠪᠡᠷᠰᠢᠭᠦᠯᠬᠦ ᠳᠦᠭᠦᠭᠡᠷᠦᠮᠵᠢ ᠶᠢ | ᠬᠠᠮᠢᠶᠠᠷᠴᠤ ᠬᠡᠷᠡᠭᠯᠡᠨ᠂ ᠳᠦᠬᠦᠭᠡᠷᠦᠮᠵᠢ ᠶᠢᠨ ᠴᠡᠪᠡᠷ ᠠᠷᠢᠭᠤᠨ ᠢ ᠪᠠᠲᠤᠯᠠᠬᠤ ᠶᠢᠨ ᠬᠠᠮᠲᠤ ᠳᠦᠬᠦᠭᠡᠷᠦᠮᠵᠢ ᠶᠢ | ᠪᠤᠰᠤᠳ ᠲᠤ ᠬᠦᠷᠭᠡᠨ ᠦᠭᠬᠦ ᠦᠭᠡᠢ᠂ ᠭᠠᠳᠠᠭᠰᠢ ᠬᠤᠳᠠᠯᠳᠣᠬᠤ ᠦᠭᠡᠢ᠂ ᠪᠣᠰᠣᠳ ᠭᠠᠵᠠᠷ ᠣᠭᠰᠠᠷᠠᠵᠤ ᠬᠡᠷᠡᠭᠯᠡᠬᠦ | ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | ᠲᠠᠪᠤᠳᠣᠭᠠᠷ ᠵᠦᠢᠯ᠂ ᠣᠰᠣ ᠴᠡᠪᠡᠷᠰᠢᠭᠦᠯᠬᠦ ᠳᠦᠬᠦᠭᠡᠷᠦᠮᠵᠢ ᠤᠭᠰᠠᠷᠠᠭᠰᠠᠨ ᠲᠦᠷᠦᠯ ᠵᠦᠢᠯ ᠤᠨ ᠠᠰᠢᠭ | ᠬᠦᠷᠲᠡᠭᠰᠡᠨ ᠡᠷᠦᠬᠡ ᠪᠦᠬᠦᠨ ᠡᠷᠬᠡᠪᠰᠢ ᠬᠡᠷᠡᠭᠯᠡᠬᠦ ᠲᠤᠲᠤᠷᠬᠠᠶᠢᠯᠠᠯᠲᠠ ᠶᠢᠨ ᠪᠢᠴᠢᠭ ᠶᠣᠰᠣᠭᠠᠷ ᠣᠨᠣᠪᠴᠢᠲᠡᠢ | ᠬᠡᠷᠡᠭᠯᠡᠵᠦ᠂ ᠲᠤᠭᠲᠠᠭᠰᠠᠨ ᠬᠤᠭᠤᠴᠭ᠎ᠠ ᠲᠠᠢ ᠪᠠᠷ ᠱᠦᠬᠦᠬᠦᠷ ᠰᠤᠯᠢᠬᠤ ᠵᠡᠷᠭᠡ ᠴᠢᠬᠤᠯᠠ ᠪᠦᠬᠦᠢ ᠠᠷᠠᠴᠢᠯᠠᠯᠲᠠ | ᠬᠠᠮᠠᠭᠠᠯᠠᠯᠲᠠ ︵ᠭᠤᠷᠪᠠᠨ ᠵᠢᠯ ᠤᠨ ᠲᠤᠲᠤᠷ᠎ᠠ ᠳᠦᠬᠦᠭᠡᠷᠦᠮᠵᠢ ᠶᠢᠨ ᠦᠢᠯᠡᠳᠪᠦᠷᠢ ᠠᠴᠠ ᠲᠦᠯᠦᠪᠦᠷᠢ ᠦᠭᠡᠢ ᠪᠠᠷ | ᠠᠷᠠᠴᠢᠯᠠᠯᠲᠠ ᠬᠠᠮᠠᠭᠠᠯᠠᠯᠲᠠ ᠬᠢᠨ᠎ᠡ︶ ᠬᠢᠨ᠂ ᠳᠦᠬᠦᠭᠡᠷᠦᠮᠵᠢ ᠶᠢᠨ ᠴᠡᠪᠡᠷᠰᠢᠬᠦᠯᠬᠦ ᠴᠢᠳᠠᠪᠤᠷᠢ ᠶᠢ ᠪᠠᠲᠤᠯᠠᠵᠤ᠂ | ᠬᠡᠷᠡᠭᠯᠡᠯᠲᠡ ᠶᠢᠨ ᠬᠤᠭᠤᠴᠠᠭ᠎ᠠ ᠶᠢ ᠣᠷᠲᠣᠳᠬᠠᠬᠤ ᠬᠡᠷᠡᠭᠲᠡᠢ᠃ | ᠵᠢᠷᠭᠤᠳᠤᠭᠠᠷ ᠵᠦᠢᠯ᠂ ᠡᠷᠦᠬᠡ ᠶᠢᠨ ᠣᠰᠣ ᠴᠡᠪᠡᠷᠰᠢᠭᠦᠯᠬᠦ ᠳᠦᠬᠦᠭᠡᠷᠦᠮᠵᠢ ᠶᠢᠨ ᠭᠤᠣᠯ ᠦᠢᠯᠡᠳᠦᠯ ᠪᠣᠯ | ᠣᠨᠳᠣᠣ ᠦᠩᠭᠡ ᠦᠨᠦᠷ᠂ ᠬᠦᠨᠳᠦ ᠲᠡᠮᠦᠷᠯᠢᠭ ᠵᠢᠴᠢ ᠬᠠᠯᠤᠭᠧᠨ᠋ᠲᠤ ᠮᠧᠲ᠋ᠡᠨ ᠵᠡᠷᠭᠡ ᠦᠮᠡᠨᠵᠢᠭᠦᠯᠬᠦ ᠪᠤᠳᠠᠰ ᠢ | ᠪᠦᠲᠦᠮᠵᠢᠲᠡᠢ ᠱᠦᠭᠦᠭᠦᠨ ᠠᠷᠢᠯᠭᠠᠵᠤ᠂ ᠪᠠᠺᠲ᠋ᠧᠷᠢ ᠦᠷᠡᠵᠢᠬᠦ ᠶᠢ ᠴᠢᠩᠭ᠎ᠠ ᠬᠤᠷᠢᠭᠯᠠᠨ᠂ ᠬᠡᠷᠡᠭᠯᠡᠬᠦ ᠣᠰᠣᠨ ᠤ | ᠴᠢᠨᠠᠷ ᠣᠣᠭᠤᠬᠤ ᠣᠰᠣ ᠤᠮᠳᠠ ᠶᠢᠨ ᠪᠠᠷᠢᠮᠵᠢᠶ᠎ᠠ ᠳᠤ ᠬᠦᠷᠭᠡᠳᠡᠭ᠃ ᠲᠦᠷᠦᠯ ᠵᠦᠢᠯ ᠤᠨ ᠠᠰᠢᠭ ᠬᠦᠷᠲᠡᠭᠰᠡᠨ | ᠡᠷᠦᠬᠡ ᠡᠷᠬᠡᠪᠰᠢ ᠲᠦᠬᠦᠭᠡᠷᠦᠮᠵᠢ ᠶᠢ ᠬᠡᠷᠡᠭᠯᠡᠬᠦ ᠪᠠᠨ ᠪᠠᠲᠤᠯᠠᠵᠤ᠂ ᠰᠣᠯᠠ ᠪᠠᠶᠢᠯᠭᠠᠵᠤ ᠪᠣᠯᠬᠤ ᠦᠭᠡᠢ᠃ | ᠳᠣᠯᠣᠳᠣᠭᠠᠷ ᠵᠦᠢᠯ᠂ ᠡᠯ᠎ᠡ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ᠂ ᠡᠯ᠎ᠡ ᠭᠠᠴᠠᠭ᠎ᠠ | ᠲᠤᠰᠬᠤᠨ ᠤ ᠬᠤᠶᠠᠷ ᠵᠦᠪᠯᠡᠯ ᠤᠨ ᠬᠢᠨ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ | ᠤᠯᠠᠨ ᠲᠦᠮᠡᠨ ᠳᠤ ᠡᠷᠦᠬᠡ ᠶᠢᠨ ᠣᠰᠣ ᠴᠡᠪᠡᠷᠰᠢᠭᠦᠯᠬᠦ ᠲᠦᠬᠦᠭᠡᠷᠦᠮᠵᠢ ᠶᠢᠨ ᠦᠢᠯᠡᠳᠦᠯ ᠢ ᠬᠦᠢᠴᠡᠳ | ᠲᠠᠨᠢᠯᠴᠠᠭᠤᠯᠤᠨ᠂ ᠣᠷᠲᠣ ᠬᠤᠭᠤᠴᠠᠭ᠎ᠠ ᠪᠠᠷ ᠪᠠᠷᠢᠮᠵᠢᠶ᠎ᠠ ᠠᠴᠠ ᠬᠡᠲᠦᠷᠡᠭᠰᠡᠨ ᠣᠰᠣ ᠣᠣᠭᠤᠪᠠᠯ ᠬᠦᠮᠦᠨ ᠤ ᠪᠡᠶ᠎ᠡ | ᠮᠠᠬᠠᠪᠤᠳ ᠳᠤ ᠬᠤᠤᠷ ᠬᠦᠨᠦᠭᠡᠯ ᠲᠠᠢ ᠪᠠᠶᠢᠳᠠᠭ ᠢ ᠲᠠᠨᠢᠯᠴᠠᠭᠤᠯᠬᠤ ᠬᠡᠷᠡᠭᠲᠡᠢ᠃ ᠢᠳᠡᠪᠬᠢᠲᠡᠢ ᠪᠠᠷ ᠤᠯᠠᠨ ᠲᠦᠮᠡᠨ | ᠳᠤ ᠤᠬᠠᠭᠤᠯᠭ᠎ᠠ ᠬᠢᠵᠦ᠂ ᠴᠡᠪᠡᠷᠰᠢᠭᠦᠯᠦᠯᠲᠡ ᠶᠢᠨ ᠳᠠᠷᠠᠭᠠᠬᠢ ᠦᠯᠡᠳᠡᠮᠡᠯ ᠣᠰᠣ ᠨᠢ ᠬᠠᠶᠠᠭᠳᠠᠮᠠᠯ ᠣᠰᠣ ᠪᠢᠰᠢ᠂ | ᠬᠤᠪᠴᠠᠰᠤ ᠤᠬᠢᠶᠠᠬᠤ᠂ ᠱᠠᠯᠠ ᠵᠦᠯᠭᠦᠬᠦ᠂ ᠵᠣᠷᠯᠣᠩ ᠵᠠᠶᠢᠯᠠᠬᠤ ᠵᠡᠷᠭᠡ ᠪᠣᠰᠣᠳ ᠵᠦᠢᠯ ᠳᠤ ᠬᠡᠷᠡᠭᠯᠡᠵᠦ ᠪᠣᠯᠬᠤ ᠶᠢ | ᠲᠠᠶᠢᠯᠪᠤᠷᠢᠯᠡᠵᠦ ᠦᠭᠭᠦᠨ᠎ᠡ᠃ | ᠨᠠᠢᠮᠠᠳᠣᠭᠠᠷ ᠵᠦᠢᠯ᠂ ᠡᠯ᠎ᠡ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠠᠴᠠ ᠠᠰᠢᠭ | ᠬᠦᠷᠲᠡᠭᠰᠡᠨ ᠡᠷᠦᠬᠡ ᠶᠢ ᠢᠳᠬᠠᠨ ᠳᠠᠶᠢᠴᠢᠯᠠᠵᠤ ᠳᠦᠬᠦᠭᠡᠷᠦᠮᠵᠢ ᠬᠡᠷᠡᠭᠯᠡᠭᠦᠯᠬᠦ ᠪᠠ ᠬᠡᠷᠡᠭᠯᠡᠭᠰᠡᠨ ᠪᠠᠶᠢᠳᠠᠯ ᠢ ᠰᠢᠪᠡᠳᠡᠨ | ᠪᠠᠶᠢᠴᠠᠭᠠᠬᠤ ᠶᠢ ᠬᠠᠷᠢᠭᠤᠴᠠᠵᠤ᠂ ᠡᠷᠦᠬᠡ ᠳᠤ ᠭᠦᠨᠵᠡᠭᠡᠶᠢᠷᠡᠬᠦ ᠪᠣᠯᠭᠠᠨ ᠣᠰᠣ ᠴᠡᠪᠡᠷᠰᠢᠭᠦᠯᠬᠦ ᠳᠦᠬᠦᠭᠡᠷᠦᠮᠵᠢ ᠶᠢᠨ | ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ᠂ ᠰᠣᠯᠠ ᠪᠠᠶᠢᠯᠭᠠᠭᠠᠳ ᠭᠡᠷᠡᠭᠯᠡᠭᠰᠡᠨ ᠦᠭᠡᠢ ᠠᠰᠠᠭᠤᠳᠠᠯ ᠢᠯᠡᠷᠡᠪᠡᠯ ᠴᠠᠭ | ᠲᠤᠬᠠᠢ ᠳᠤᠨᠢ ᠬᠡᠷᠡᠭᠯᠡᠬᠦ ᠶᠢ ᠳᠠᠶᠢᠴᠢᠯᠠᠵᠤ᠂ ᠰᠠᠷ᠎ᠠ ᠪᠤᠯᠭᠠᠨ ᠠᠲᠠᠭ ᠲᠠᠭᠠᠨ ᠨᠢᠭᠡ ᠤᠳᠠᠭ᠎ᠠ ᠪᠠᠶᠢᠴᠠᠭᠠᠨ᠂ ᠰᠢᠪᠡᠳᠡᠨ | ᠪᠠᠶᠢᠴᠠᠭᠠᠭᠰᠠᠨ ᠪᠠᠶᠢᠳᠠᠯ ᠢᠶᠠᠨ ᠬᠤᠰᠢᠭᠤ ᠣᠰᠣᠨ ᠠᠰᠢᠭᠯᠠᠯᠲᠠ ᠶᠢᠨ ᠲᠤᠪᠴᠢᠶᠠᠨ ᠳᠤ ᠬᠠᠷᠢᠭᠤ ᠲᠤᠰᠬᠠᠬᠤ | ᠬᠡᠷᠡᠭᠲᠡᠢ᠃ | ᠶᠢᠰᠦᠳᠦᠭᠡᠷ ᠵᠦᠢᠯ᠂ ᠬᠤᠰᠢᠭᠤ ᠣᠰᠣᠨ ᠠᠰᠢᠭᠯᠠᠯᠲᠠ ᠶᠢᠨ ᠲᠤᠪᠴᠢᠶᠠᠨ ᠠᠴᠠ ᠬᠠᠷᠢᠭᠤᠴᠠᠨ ᠲᠦᠬᠦᠭᠡᠷᠦᠮᠵᠢ | ᠶᠢᠨ ᠦᠢᠯᠡᠳᠪᠦᠷᠢ ᠲᠠᠢ ᠵᠣᠬᠢᠴᠠᠭᠤᠯᠭ᠎ᠠ ᠬᠢᠵᠦ᠂ ᠣᠲᠤᠭ ᠤᠨ ᠡᠮᠦᠨᠡᠲᠦ ᠬᠤᠰᠢᠭᠤᠨ ᠳᠤ 1 — 2 | ᠪᠤᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠦᠷᠲᠡᠭᠡ ᠪᠠᠶᠢᠭᠤᠯᠤᠨ᠂ ᠪᠠᠶᠢᠭᠤᠯᠤᠭᠰᠠᠨ ᠳᠦᠬᠦᠭᠡᠷᠦᠮᠵᠢ | ᠣᠭᠰᠠᠷᠠᠵᠤ ᠲᠣᠷᠰᠢᠬᠤ᠂ ᠠᠵᠢᠯᠲᠠᠨ ᠤ ᠪᠤᠯᠪᠠᠰᠤᠷᠠᠯ᠂ ᠮᠡᠷᠭᠡᠵᠢᠯ ᠤᠨ ᠳᠡᠮᠵᠢᠯᠭᠡ ᠵᠡᠷᠭᠡ ᠪᠤᠷᠤᠯᠠᠭᠤᠯᠭ᠎ᠠ ᠶᠢᠨ | ᠳᠠᠷᠠᠭᠠᠬᠢ ᠦᠢᠯᠡᠴᠢᠯᠡᠭᠡ ᠶᠢ ᠬᠠᠷᠢᠭᠤᠴᠠᠭᠤᠯᠵᠤ᠂ ᠠᠰᠢᠭ ᠬᠦᠷᠲᠡᠭᠰᠡᠨ ᠡᠷᠦᠬᠡ ᠳᠤ ᠪᠣᠷᠣᠯᠠᠭᠤᠯᠭ᠎ᠠ ᠶᠢᠨ ᠳᠠᠷᠠᠭᠠᠬᠢ | ᠦᠢᠯᠡᠴᠢᠯᠡᠭᠡᠨ ᠤ ᠣᠲᠠᠰᠤ ᠪᠠ ᠬᠢᠨᠠᠯᠲᠠ ᠲᠠᠯᠪᠢᠬᠤ ᠣᠲᠠᠰᠣ ᠶᠢ ᠮᠡᠳᠡᠭᠳᠡᠨ᠎ᠡ᠃ ᠪᠤᠷᠤᠯᠠᠭᠤᠯᠭ᠎ᠠ ᠶᠢᠨ ᠳᠠᠷᠠᠭᠠᠬᠢ | ᠦᠢᠯᠡᠴᠢᠯᠡᠭᠡᠨ ᠤ ᠦᠷᠲᠡᠭᠡ ᠠᠰᠢᠭ ᠬᠦᠷᠲᠡᠭᠰᠡᠨ ᠡᠷᠦᠬᠡ ᠶᠢᠨ ᠣᠰᠣ ᠴᠡᠪᠡᠷᠰᠢᠭᠦᠯᠬᠦ ᠲᠦᠬᠦᠭᠡᠷᠦᠮᠵᠢ ᠶᠢᠨ | ᠬᠡᠷᠡᠭᠯᠡᠭᠡᠨ ᠤ ᠬᠡᠪ ᠤᠨ ᠪᠤᠰᠤ ᠪᠠᠶᠢᠳᠠᠯ ᠤᠨ ᠲᠤᠰᠬᠠᠯᠲᠠ ᠶᠢ ᠬᠦᠯᠢᠶᠡᠨ ᠠᠪᠤᠭᠰᠠᠨ ᠤ ᠳᠠᠷᠠᠭ᠎ᠠ ᠡᠷᠬᠡᠪᠰᠢ 48 | ᠴᠠᠭ ᠤᠨ ᠲᠤᠲᠤᠷ᠎ᠠ ᠡᠷᠦᠬᠡ ᠳᠤ ᠨᠢ ᠬᠦᠷᠴᠦ ᠪᠠᠶᠢᠴᠠᠭᠠᠬᠤ᠂ ᠰᠡᠯᠪᠢᠬᠦ ᠪᠤᠶᠤ ᠠᠷᠠᠴᠢᠯᠠᠵᠤ ᠦᠭᠬᠦ ᠬᠡᠷᠡᠭᠲᠡᠢ᠃ | ᠠᠷᠪᠠᠳᠣᠭᠠᠷ ᠵᠦᠢᠯ᠂ ᠬᠤᠰᠢᠭᠤ ᠣᠰᠣᠨ ᠠᠰᠢᠭᠯᠠᠯᠲᠠ ᠶᠢᠨ ᠲᠤᠪᠴᠢᠶᠠᠨ ᠠᠴᠠ ᠤᠯᠠᠷᠢᠯ ᠪᠣᠯᠭᠠᠨ ᠨᠢᠭᠡ | ᠤᠳᠠᠭ᠎ᠠ ᠡᠷᠦᠬᠡ ᠶᠢᠨ ᠣᠰᠣ ᠴᠡᠪᠡᠷᠰᠢᠬᠦᠯᠬᠦ ᠳᠦᠬᠦᠭᠡᠷᠦᠮᠵᠢ ᠶᠢᠨ ᠬᠡᠷᠡᠭᠯᠡᠭᠡᠨ ᠤ ᠪᠠᠶᠢᠳᠠᠯ ᠪᠠ ᠳᠦᠬᠦᠭᠡᠷᠦᠮᠵᠢ ᠬᠡᠪ | ᠤᠨ ᠡᠰᠡᠬᠦ ᠶᠢ ᠪᠠᠶᠢᠴᠠᠭᠠᠵᠤ ᠦᠵᠡᠬᠦ ᠬᠡᠷᠡᠭᠲᠡᠢ᠃ ᠬᠡᠷᠪᠡ ᠮᠦᠨ ᠯᠠ ᠰᠣᠯᠠ ᠪᠠᠶᠢᠯᠭᠠᠭᠠᠳ ᠬᠡᠷᠡᠭᠯᠡᠭᠰᠡᠨ ᠦᠭᠡᠢ | ᠡᠷᠦᠬᠡ ᠪᠠᠶᠢᠪᠠᠯ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠠᠴᠠ ᠬᠠᠮᠢᠶ᠎ᠠ ᠪᠦᠬᠦᠢ | ᠬᠠᠷᠢᠭᠤᠴᠠᠯᠭ᠎ᠠ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ᠂ ᠲᠤᠰ ᠳᠦᠷᠢᠮ ᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ | ᠠᠴᠠ ᠨᠠᠶᠢᠲᠠᠪᠤᠷᠢᠵᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠰᠢᠭᠤ ᠣᠰᠣᠨ ᠠᠰᠢᠭᠯᠠᠯᠲᠠ ᠶᠢᠨ ᠲᠤᠪᠴᠢᠶᠠᠨ | ᠠᠴᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠠᠷᠪᠠᠨ ᠬᠤᠶᠠᠳᠣᠭᠠᠷ ᠵᠦᠢᠯ᠂ ᠲᠤᠰ ᠳᠦᠷᠢᠮ ᠢ ᠨᠠᠶᠢᠲᠠᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 5 ᠰᠠᠷ᠎ᠠ ᠶᠢᠨ 21 ᠤ ᠡᠳᠤᠷ ᠲᠠᠷᠤᠮᠠᠯᠯᠠᠨ ᠲᠠᠷᠬᠠᠭᠠᠪᠠ |