︽ᠣᠲᠤᠭ ᠤᠨ ᠡᠮᠦᠨᠡᠲᠦ ᠬᠤᠰᠢᠭᠤᠨ ᠤ 2020 ᠣᠨ ᠤ ︿ᠪᠤᠬᠢᠷᠳᠣᠯ ᠢ ᠡᠷᠴᠢᠮᠲᠠᠢ ᠵᠠᠰᠠᠬᠤ﹀ ᠠᠮᠢ ᠠᠬᠤᠢ | ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ︾ ᠢ ᠳᠠᠷᠤᠮᠠᠯᠯᠠᠨ | ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ᠄ | ︽ᠣᠲᠤᠭ ᠤᠨ ᠡᠮᠦᠨᠡᠲᠦ ᠬᠤᠰᠢᠭᠤᠨ ᠤ 2020 ᠣᠨ ᠤ ︿ᠪᠤᠬᠢᠷᠳᠣᠯ ᠢ ᠡᠷᠴᠢᠮᠲᠡᠢ ᠵᠠᠰᠠᠬᠤ﹀ ᠠᠮᠢ | ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠤᠲᠠᠲᠠᠢ ᠲᠠᠢ ᠣᠶᠠᠯᠳᠣᠭᠤᠯᠵᠣ᠂ ᠨᠠᠷᠢᠨ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 11 ᠤ ᠡᠳᠦᠷ | | ᠣᠲᠤᠭ ᠤᠨ ᠡᠮᠦᠨᠡᠲᠦ ᠬᠤᠰᠢᠭᠤᠨ ᠤ 2020 ᠣᠨ ︿ᠪᠤᠬᠢᠷᠳᠣᠯ ᠢ ᠡᠷᠴᠢᠮᠲᠠᠢ ᠵᠠᠰᠠᠬᠤ﹀ ᠠᠮᠢ ᠠᠬᠤᠢ ᠣᠷᠴᠢᠨ | ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ | | | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠂ | ᠪᠦᠬᠦ ᠬᠤᠲᠠ ᠶᠢᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢᠨ᠎ᠡ ᠴᠠᠭ ᠦᠶ᠎ᠡ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ | ᠳᠤ ᠵᠤᠬᠢᠴᠠᠨ᠂ ᠠᠮᠢ ᠠᠬᠤᠢ ᠣᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠬᠦᠴᠦᠯᠡᠴᠡ ᠶᠢ ᠣᠯᠠᠮ ᠨᠢᠭᠡ | ᠠᠯᠬᠤᠮ ᠴᠢᠩᠭᠠᠳᠬᠠᠵᠤ᠂ ᠠᠮᠢ ᠠᠬᠤᠢ ᠣᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠮᠠᠨ ᠤ | ᠬᠤᠰᠢᠭᠤᠨ ᠤ ᠣᠷᠴᠢᠨ ᠲᠤᠭᠤᠷᠢᠨ ᠤ ᠶᠠᠰᠣ ᠴᠢᠨᠠᠷ ᠪᠠ ᠠᠮᠤᠷ ᠳᠦᠪᠰᠢᠨ ᠢ ᠪᠠᠲᠤᠯᠠᠵᠤ᠂ ᠪᠤᠬᠢᠷᠳᠣᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠤᠨ ᠢᠯᠯᠠᠲᠠ ᠳᠤ ᠬᠦᠴᠦᠨ ᠨᠡᠮᠡᠷᠢᠯᠡᠨ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ | ᠰᠣᠳᠣᠯᠣᠨ ᠶᠠᠷᠢᠯᠴᠠᠬᠤ ᠪᠠᠷ ᠳᠠᠮᠵᠢᠭᠠᠳ᠂ ᠦᠨᠦ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ | 2020 ᠤᠨ ᠤ ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ ᠤᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠢ ᠦᠷᠨᠢᠭᠦᠯᠬᠦ ᠪᠠᠷ ᠲᠤᠭᠲᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠣᠮᠳᠠᠳᠣ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ | ᠪᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠤ᠂ ᠨᠠᠶᠢᠬᠡᠮ ᠵᠢᠷᠤᠮ ᠤᠨ ᠠᠮᠢ | ᠠᠬᠤᠢ ᠶᠢᠨ ᠪᠣᠯᠪᠠᠰᠣᠨ ᠤ ᠦᠵᠡᠯᠲᠡ ᠶᠢ ᠪᠠᠲᠤ ᠱᠤᠭᠤᠨ᠂ ︽ᠲᠠᠪᠤ ᠶᠢ ᠢᠵᠢ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ | ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠠᠰᠠᠭᠤᠳᠠᠯ ᠢᠶᠠᠷ | ᠣᠳᠣᠷᠢᠳᠣᠮᠵᠢ ᠪᠤᠯᠭᠠᠬᠤ᠂ ᠬᠠᠤᠯᠢ ᠳᠦᠷᠢᠮ ᠶᠤᠰᠤᠭᠠᠷ ᠶᠠᠪᠤᠭᠳᠠᠭᠤᠯᠬᠤ᠂ ᠦᠩᠭᠡ ᠦᠨᠳᠦᠰᠦ ᠶᠢ ᠵᠡᠷᠭᠡᠪᠡᠷ | ᠵᠠᠰᠠᠬᠤ ᠵᠠᠷᠴᠢᠮ ᠢ ᠪᠠᠷᠢᠮᠲᠠᠯᠠᠨ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠢᠵᠢᠯ | ᠬᠠᠷᠢᠭᠤᠴᠠᠯᠭ᠎ᠠ᠂ ᠨᠢᠭᠡ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠲᠠᠪᠤᠷᠢᠵᠢᠭᠤᠯᠵᠤ᠂ ᠠᠮᠢ ᠠᠬᠤᠢ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠳᠣᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠠᠯᠲᠠ ᠭᠡᠮ ᠢ ᠨᠠᠷᠢᠨ | ᠬᠢᠨᠠᠮᠠᠭᠠᠢ ᠦᠯᠡᠳᠡᠭᠡᠯ ᠦᠭᠡᠢ ᠪᠠᠶᠢᠴᠠᠭᠠᠨ᠂ ᠠᠮᠢ ᠠᠬᠤᠢ ᠣᠷᠴᠢᠨ ᠲᠤᠭᠤᠷᠢᠨ ᠤ ᠳᠣᠪᠣᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠮᠢ ᠠᠬᠤᠢ ᠣᠷᠴᠢᠨ ᠲᠤᠭᠤᠷᠢᠨ ᠤ ᠶᠠᠰᠣ ᠴᠢᠨᠠᠷ ᠢ ᠴᠢᠷᠮᠠᠶᠢᠨ ᠰᠠᠶᠢᠵᠢᠷᠠᠭᠤᠯᠵᠤ᠂ | ᠮᠠᠨ ᠤ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠳᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠬᠦᠯᠵᠦ᠂ ᠡᠬᠡ ᠤᠯᠤᠰ ᠤᠨ ᠣᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠳᠦᠪᠰᠢᠨ ᠤ | ᠬᠠᠯᠬᠠᠪᠴᠢ ᠶᠢᠨ ᠣᠲᠤᠭ ᠤᠨ ᠡᠮᠦᠨᠡᠲᠦ ᠬᠤᠰᠢᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠬᠤᠶᠠᠷ᠂ ᠶᠡᠷᠦᠩᠬᠡᠢ ᠬᠠᠷᠠᠯᠲᠠ | 2020 ᠣᠨ ᠤ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠢᠶᠠᠷ ᠳᠠᠮᠵᠢᠭᠤᠯᠤᠨ᠂ ᠭᠤᠤᠯᠳᠠᠯᠭᠠᠲᠤ ᠣᠷᠣᠨ ᠬᠡᠪᠴᠢᠶ᠎ᠠ ᠠᠵᠢᠯ ᠲᠦᠷᠦᠯ ᠤᠨ | ᠣᠷᠴᠢᠨ ᠲᠤᠭᠤᠷᠢᠨ ᠤ ᠶᠠᠰᠣ ᠴᠢᠨᠠᠷ ᠢ ᠢᠯᠡᠷᠬᠡᠢ ᠰᠠᠶᠢᠵᠢᠷᠠᠭᠤᠯᠤᠨ᠂ ᠠᠮᠢ ᠠᠬᠤᠢ ᠣᠷᠴᠢᠨ ᠲᠤᠭᠤᠷᠢᠨ ᠤ | ᠭᠤᠤᠯᠳᠠᠯᠭᠠᠲᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠮᠢ ᠠᠬᠤᠢ ᠣᠷᠴᠢᠨ ᠲᠤᠭᠤᠷᠢᠨ ᠤ ᠬᠦᠷᠢᠶ᠎ᠡ | ᠴᠠᠷᠠᠭ᠎ᠠ ᠠᠵᠢᠯ ᠲᠦᠷᠦᠯ ᠳᠠᠬᠢ ᠳᠦᠷᠢᠮᠵᠢᠬᠦᠨ ᠪᠤᠰᠤ ᠦᠵᠡᠭᠳᠡᠯ ᠢ ᠦᠨᠳᠦᠰᠦᠨ ᠠᠴᠠ ᠨᠢ ᠬᠢᠵᠠᠭᠠᠷᠯᠠᠨ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ | ᠢᠯᠡᠷᠡᠭᠦᠯᠦᠭᠰᠡᠨ ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢᠨ ᠲᠤᠲᠠᠭᠤᠳᠠᠯ ᠢ ᠨᠦᠬᠦᠪᠦᠷᠢᠯᠡᠵᠦ᠂ | ᠪᠣᠯᠪᠠᠰᠣᠷᠠᠩᠭᠤᠢ ᠲᠤᠷᠰᠢᠯᠭ᠎ᠠ ᠠᠷᠭ᠎ᠠ ᠪᠠᠷᠢᠯ ᠢᠶᠠᠨ ᠳ᠋ᠦᠩᠨᠡᠵᠦ᠂ ᠳᠦᠷᠢᠮ ᠲᠤᠭᠲᠠᠭᠠᠯ ᠤᠨ ᠦᠷ᠎ᠡ ᠪᠦᠲᠦᠮᠵᠢ ᠶᠢ | ᠬᠤᠪᠢᠷᠠᠭᠠᠨ᠂ ᠴᠤᠬᠢᠯᠲᠠ ᠦᠭᠭᠦ᠂ ᠴᠡᠭᠴᠡᠯᠡᠨ ᠵᠠᠰᠠᠬᠤ᠂ ᠬᠠᠮᠢᠶᠠᠷᠬᠤ᠂ ᠪᠦᠲᠦᠭᠡᠨ ᠪᠠᠶᠢᠭᠤᠯᠬᠤ ᠳᠠᠭᠠᠭᠠᠮᠠᠭᠠᠢ | ᠲᠤᠭᠲᠠᠴᠠ ᠶᠢ ᠪᠦᠷᠢᠯᠳᠦᠬᠦᠯᠵᠦ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ | ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠣᠯᠠᠨ | ᠲᠦᠮᠡᠨ ᠤ ᠠᠮᠢ ᠠᠬᠤᠢ ᠣᠷᠴᠢᠨ ᠲᠤᠭᠤᠷᠢᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠠᠭᠠᠷ ᠮᠠᠨᠳᠠᠯ ᠤᠨ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠬᠡ ᠶᠢᠨ ᠨᠠᠶᠢᠲᠠᠪᠤᠷᠢᠵᠢᠭᠤᠯᠤᠯᠲᠠ ᠶᠢᠨ | ᠪᠠᠶᠢᠳᠠᠯ ᠢ ᠪᠠᠶᠢᠴᠠᠭᠠᠨ᠎ᠠ᠃ ︽2019 — 2020 ᠤᠨ ᠤ ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ | ᠶᠢᠨ ᠠᠵᠢᠯᠯᠠᠭᠠᠨ ᠤ ᠡᠭᠦᠷᠭᠡ ᠶᠢᠨ ᠨᠠᠷᠢᠨ ᠳᠠᠩᠰᠠ︾ ᠳᠤ ᠰᠠᠭᠤᠷᠢᠯᠠᠵᠤ᠂ ᠠᠭᠤᠷᠬᠠᠢ ᠶᠢᠨ ᠣᠷᠣᠨ ᠤ ᠲᠤᠭᠤᠰᠤᠨ | ᠪᠤᠬᠢᠷᠳᠤᠯ ᠤᠨ ᠴᠡᠭᠴᠡᠯᠡᠨ ᠵᠠᠰᠠᠯᠲᠠ᠂ ᠭᠤᠤᠯᠳᠠᠯᠭᠠᠲᠤ ᠣᠷᠣᠨ ᠬᠡᠪᠴᠢᠶᠡᠨ ᠤ ᠭᠠᠳᠠᠭᠰᠢᠯᠠᠭᠤᠯᠤᠯᠲᠠ᠂ ᠨᠣᠨᠲᠠᠭ | ᠮᠠᠲ᠋ᠧᠷᠢᠶᠠᠯ ᠪᠠᠷᠠᠭ᠎ᠠ ᠣᠪᠣᠭᠠᠯᠠᠬᠤ ᠲᠡᠯᠡᠪᠤᠷ ᠤᠨ ᠪᠢᠲᠡᠭᠦᠮᠵᠢᠯᠡᠯᠲᠡ᠂ ︽ ᠲᠦᠯᠦᠪᠵᠢᠬᠦᠯᠭᠡ ᠲᠤᠬᠢᠷᠠᠮᠵᠢ ᠦᠭᠡᠢ | ᠳᠦᠷᠢᠮᠵᠢᠬᠦᠨ ᠪᠣᠰᠣ ᠪᠤᠬᠢᠷᠳᠣᠯ ᠲᠠᠢ︾ ᠠᠵᠤ ᠠᠬᠤᠶᠢᠯᠠᠯ ᠤᠨ ᠴᠡᠭᠴᠡᠯᠡᠨ ᠵᠠᠰᠠᠯᠲᠠ᠂ ᠵᠢᠵᠢᠭ ᠬᠡᠯᠪᠡᠷᠢ ᠶᠢᠨ | ᠨᠡᠭᠦᠷᠡᠰᠦᠨ ᠵᠤᠤᠬ᠎ᠠ ᠶᠢ ᠨᠤᠷᠠᠭᠠᠬᠤ᠂ ᠨᠡᠭᠦᠷᠡᠰᠦᠨ ᠵᠤᠤᠬ᠎ᠠ ᠶᠢᠨ ᠴᠡᠭᠴᠡᠯᠡᠨ ᠵᠠᠰᠠᠯᠲᠠ᠂ ᠳᠡᠭᠳᠡᠯᠲᠡ ᠶᠢᠨ ᠴᠢᠨᠠᠷᠲᠠᠢ | ᠣᠷᠭᠠᠨᠢᠭ ᠪᠤᠳᠠᠰ ᠤᠨ ᠵᠠᠰᠠᠯᠲᠠ᠂ ᠠᠵᠤ ᠦᠢᠯᠡᠳᠪᠤᠷᠢ ᠶᠢᠨ ᠵᠤᠤᠬ᠎ᠠ ᠶᠢᠨ ᠬᠠᠶᠠᠭᠳᠠᠮᠠᠯ ᠬᠡᠢ ᠶᠢᠨ ᠵᠠᠰᠠᠯᠲᠠ᠂ | ᠮᠠᠰᠢᠨ ᠲᠡᠷᠭᠡ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠯᠲᠠ ᠵᠡᠷᠭᠡ ᠠᠭᠤᠯᠭ᠎ᠠ ᠳᠤ | ᠭᠤᠤᠯᠳᠠᠯᠭ᠎ᠠ ᠲᠠᠢ ᠪᠠᠶᠢᠴᠠᠭᠠᠯᠲᠠ ᠬᠢᠨ᠂ ᠭᠤᠤᠯᠳᠠᠯᠭᠠᠲᠤ ᠣᠷᠣᠨ ᠬᠡᠪᠴᠢᠶᠡᠨ ᠤ ᠪᠠᠶᠢᠴᠠᠭᠠᠯᠲᠠ ᠶᠢ ᠪᠦᠬᠦ ᠵᠢᠯ ᠤᠨ | ᠠᠵᠢᠯᠯᠠᠭᠠᠨ ᠳᠤ ᠣᠷᠣᠭᠤᠯᠵᠣ᠂ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ | ︵ᠬᠤᠶᠠᠷ︶ ᠣᠰᠣᠨ ᠤ ᠪᠣᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢᠨ ᠨᠠᠶᠢᠲᠠᠪᠤᠷᠢᠵᠢᠭᠤᠯᠤᠯᠲᠠ ᠶᠢᠨ | ᠪᠠᠶᠢᠳᠠᠯ ᠢ ᠪᠠᠶᠢᠴᠠᠭᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷᠯᠢᠭ ᠬᠦᠭᠵᠢᠯᠲᠡ ᠪᠠᠷ ᠭᠤᠤᠯ ᠪᠤᠯᠭᠠᠨ᠂ ᠬᠠᠲᠤᠨ ᠭᠤᠤᠯ ᠤᠨ ᠰᠠᠪᠠ ᠭᠠᠵᠠᠷ ᠤᠨ ᠮᠠᠨ ᠤ ᠬᠤᠰᠢᠭᠤᠨ ᠳᠠᠬᠢ | ᠰᠠᠯᠪᠤᠷᠢ ᠤᠷᠤᠰᠬᠠᠯ ᠪᠠ ᠭᠤᠤᠯ ᠣᠷᠣᠰᠬᠠᠯ ᠤᠨ ᠭᠤᠤᠯ ᠭᠤᠷᠤᠬ᠎ᠠ ᠨᠠᠭᠤᠷ ᠪᠦᠷᠢᠳᠦ ᠳᠤ ᠴᠢᠳᠬᠤᠬᠤ ᠬᠡᠰᠡᠭ ᠤᠨ | ᠭᠠᠳᠠᠭᠰᠢᠯᠠᠭᠤᠯᠬᠤ ᠠᠮᠠᠰᠠᠷ ᠢ ᠪᠦᠬᠦ ᠲᠠᠯ᠎ᠠ ᠪᠠᠷ ᠲᠤᠶᠢᠯᠪᠤᠷᠢᠲᠡᠢ ᠪᠠᠶᠢᠴᠠᠭᠠᠵᠤ᠂ ᠭᠤᠤᠯᠳᠠᠭᠤ ᠶᠡᠭᠡ ᠲᠤᠬᠤᠢ ᠶᠢᠨ | ᠭᠤᠤᠯᠳᠠᠯᠭᠠᠲᠤ ᠣᠰᠣᠨ ᠴᠦᠬᠦᠷᠦᠮ᠂ ᠣᠶᠢᠷ᠎ᠠ ᠬᠠᠪᠢ ᠶᠢᠨ ᠣᠰᠣ ᠲᠠᠢ ᠬᠤᠯᠪᠤᠭᠳᠠᠬᠤ ᠠᠵᠤ ᠠᠬᠤᠶᠢᠯᠠᠯ ᠳᠤ | ᠬᠠᠤᠯᠢ ᠬᠡᠷᠡᠭᠵᠢᠬᠦᠯᠬᠦ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠨ᠂ ᠡᠬᠦᠨ ᠤ ᠬᠠᠮᠲᠤ ︽2019 — | 2020 ᠤᠨ ᠤ ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠡᠭᠦᠷᠭᠡ ᠶᠢᠨ ᠨᠠᠷᠢᠨ | ᠳᠠᠩᠰᠠ︾ ᠳᠤ ᠰᠠᠭᠤᠷᠢᠯᠠᠵᠤ᠂ ᠲᠦᠪᠯᠡᠷᠡᠩᠭᠦᠢ ᠮᠠᠶ᠋ᠢᠭ ᠤᠨ ᠤᠰᠤ ᠤᠮᠳᠠ ᠶᠢᠨ ᠡᠬᠢ ᠶᠢᠨ ᠬᠠᠮᠠᠭᠠᠯᠠᠯᠲᠠ᠂ ᠬᠤᠲᠠ | ᠪᠠᠯᠭᠠᠰᠣᠨ ᠤ ᠪᠤᠬᠢᠷ ᠣᠰᠣ ᠰᠢᠢᠳᠪᠦᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠬᠦ ᠦᠭᠡᠷᠡᠴᠢᠯᠠᠯᠲᠠ | ᠶᠢᠨ ᠪᠠᠷᠢᠯᠭ᠎ᠠ ᠶᠢᠨ ᠠᠬᠢᠴᠠ᠂ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠬᠠᠶᠠᠭᠳᠠᠮᠠᠯ | ᠣᠰᠣᠨ ᠤ ᠰᠢᠢᠳᠪᠦᠷᠢᠯᠡᠯᠲᠡ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠰᠣᠨ ᠤ ᠪᠣᠬᠢᠷᠳᠣᠯ ᠤᠨ | ᠰᠡᠷᠭᠡᠶᠢᠯᠡᠨ ᠵᠠᠰᠠᠯᠲᠠ ᠵᠢᠴᠢ ᠳᠠᠪᠤᠰᠤᠯᠢᠭ ᠣᠰᠣᠨ ᠤ ᠲᠤᠰᠬᠠᠢ ᠵᠠᠰᠠᠯᠲᠠ ᠶᠢ ᠠᠬᠢᠭᠤᠯᠬᠤ ᠵᠡᠷᠭᠡ ᠠᠭᠤᠯᠭ᠎ᠠ ᠳᠤ | ᠴᠢᠭᠯᠡᠭᠦᠯᠦᠨ ᠪᠦᠬᠦ ᠲᠠᠯ᠎ᠠ ᠶᠢᠨ ᠪᠠᠶᠢᠴᠠᠭᠠᠯᠲᠠ ᠦᠷᠨᠢᠭᠦᠯᠦᠨ᠎ᠡ᠃ | ︵ᠭᠤᠷᠪᠠ︶ ᠬᠦᠷᠦᠰᠦᠨ ᠤ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢᠨ ᠨᠠᠶᠢᠲᠠᠪᠤᠷᠢᠵᠢᠭᠤᠯᠤᠯᠲᠠ ᠶᠢᠨ | ᠪᠠᠶᠢᠳᠠᠯ ᠢ ᠪᠠᠶᠢᠴᠠᠭᠠᠨ᠎ᠠ᠃ ᠰᠢᠶᠠᠩ ᠪᠠᠯᠭᠠᠰᠣ᠂ ᠬᠦᠳᠡᠭᠡ ᠲᠤᠰᠬᠤᠨ ᠤ ᠨᠢᠭᠡᠨᠲᠡ ᠪᠠᠶᠢᠭᠤᠯᠤᠭᠳᠠᠭᠰᠠᠨ ᠪᠣᠬᠢᠷ | ᠣᠰᠣᠨ ᠤ ᠵᠠᠰᠠᠯᠲᠠ ᠶᠢᠨ ᠳᠦᠬᠦᠭᠡᠷᠦᠮᠵᠢ ᠶᠢᠨ ᠪᠠᠷᠢᠮᠵᠢᠶᠠᠨ ᠳᠤ ᠨᠡᠶᠢᠴᠡᠭᠰᠡᠨ ᠭᠠᠳᠠᠭᠰᠢᠯᠠᠭᠤᠯᠤᠯᠲᠠ ᠶᠢᠨ ᠪᠠᠶᠢᠳᠠᠯ᠂ | ᠲᠣᠰᠣ ᠨᠡᠮᠡᠬᠦ ᠦᠷᠲᠡᠭᠡᠨ ᠤ ᠭᠠᠵᠠᠷ ᠳᠣᠣᠷᠠᠬᠢ ᠲᠤᠰᠤᠨ ᠰᠠᠪᠠ ᠶᠢᠨ ᠰᠢᠨᠡᠳᠬᠡᠨ ᠦᠭᠡᠷᠡᠴᠢᠯᠡᠯᠲᠡ᠂ ᠪᠦᠬᠦ | ᠬᠤᠰᠢᠭᠤᠨ ᠤ ᠬᠡᠪᠴᠢᠶᠡᠵᠢᠭᠰᠡᠨ ᠲᠡᠵᠢᠭᠡᠪᠤᠷᠢ ᠶᠢᠨ ᠲᠠᠯᠠᠪᠠᠢ ᠶᠢᠨ ᠣᠷᠴᠢᠨ ᠲᠤᠭᠤᠷᠢᠨ ᠤ ᠨᠦᠯᠦᠭᠡᠯᠡᠯ ᠤᠨ | ᠦᠨᠡᠯᠡᠯᠲᠡ ᠶᠢᠨ ᠬᠡᠷᠡᠭᠵᠢᠬᠦᠯᠦᠭᠰᠡᠨ ᠪᠠᠶᠢᠳᠠᠯ ᠪᠠ ᠪᠤᠬᠢᠷᠳᠣᠯ ᠢ ᠰᠡᠷᠭᠡᠶᠢᠯᠡᠨ ᠵᠠᠰᠠᠬᠤ ᠳᠦᠬᠦᠭᠡᠷᠦᠮᠵᠢ ᠶᠢᠨ | ᠨᠠᠶᠢᠶᠢᠲᠠᠪᠤᠷᠢᠵᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ᠎ᠠ᠃ | ︵ᠳᠦᠷᠪᠡ︶ ᠬᠠᠲᠠᠭᠤ ᠪᠡᠶᠡᠲᠦ ᠬᠶᠠᠭᠳᠠᠮᠠᠯ ᠪᠤᠳᠠᠰ ᠪᠠ ᠠᠶᠤᠯᠲᠠᠢ ᠬᠠᠶᠠᠭᠳᠠᠮᠠᠯ ᠪᠤᠳᠠᠰ ᠤᠨ ᠪᠤᠬᠢᠷᠳᠣᠯ ᠢ | ᠰᠡᠷᠭᠡᠶᠢᠯᠡᠨ ᠵᠠᠰᠠᠬᠤ ᠡᠭᠦᠷᠭᠡ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠎ᠠ᠃ ᠠᠶᠤᠯᠲᠠᠢ | ᠬᠠᠶᠠᠭᠳᠠᠮᠠᠯ ᠪᠤᠳᠠᠰ ᠢ ᠰᠢᠯᠵᠢᠬᠦᠯᠬᠦ ︽ᠡᠯᠧᠺᠲᠷᠦᠨ ᠬᠤᠯᠪᠤᠭᠠᠲᠤ ᠲᠠᠰᠣᠯᠠᠪᠤᠷᠢ︾ ᠶᠢᠨ ᠳᠦᠷᠢᠮ ᠲᠤᠭᠲᠠᠭᠠᠯ ᠢ | ᠬᠡᠷᠡᠭᠵᠢᠬᠦᠯᠦᠭᠰᠡᠨ ᠪᠠᠶᠢᠳᠠᠯ᠂ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠤᠳᠠᠰ ᠤᠨ ᠲᠦᠯᠦᠪᠵᠢᠭᠦᠯᠭᠡ | ᠬᠠᠮᠢᠶᠠᠷᠤᠯᠲᠠ ᠶᠢᠨ ᠪᠠᠶᠢᠳᠠᠯ ︵ᠣᠨᠴᠠᠭᠠᠶᠢᠯᠠᠨ ᠡᠮᠴᠢᠯᠡᠭᠡᠨ ᠤ ᠬᠠᠶᠠᠭᠳᠠᠮᠠᠯ ᠪᠤᠳᠠᠰ ᠤᠨ ᠳᠦᠷᠢᠮᠵᠢᠭᠰᠡᠨ | ᠬᠠᠮᠢᠶᠠᠷᠤᠯᠲᠠ ᠶᠢᠨ ᠪᠠᠶᠢᠳᠠᠯ︶᠂ ᠪᠠᠶᠢᠭᠠᠯᠢ ᠶᠢᠨ ᠰᠢᠲᠠᠮᠬᠠᠢ ᠬᠡᠢ ᠶᠢᠨ ᠨᠡᠭᠡᠭᠡᠯᠲᠡ ᠶᠢᠨ ︽ᠰᠢᠩᠭᠡᠨ ᠰᠢᠪᠠᠷ ᠢ | ᠭᠠᠵᠠᠷ ᠲᠤ ᠬᠦᠷᠭᠡᠯ ᠦᠭᠡᠢ ᠰᠢᠢᠳᠪᠦᠷᠢᠯᠡᠬᠦ︾ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ᠂ ᠪᠣᠬᠢᠷ | ᠣᠰᠣ ᠰᠢᠢᠳᠪᠦᠷᠢᠯᠡᠬᠦ ᠦᠢᠯᠡᠳᠪᠦᠷᠢ ᠶᠢᠨ ᠰᠢᠪᠡᠷ ᠤᠨ ᠰᠢᠢᠳᠪᠦᠷᠢᠯᠡᠯᠲᠡ ᠶᠢᠨ ᠪᠠᠶᠢᠳᠠᠯ᠂ ᠬᠤᠭ ᠨᠤᠪᠰᠢ ᠪᠤᠯᠠᠬᠤ | ᠭᠠᠵᠠᠷ ᠤᠨ ᠠᠵᠢᠯᠯᠠᠮᠵᠢ ᠶᠢᠨ ᠪᠠᠶᠢᠳᠠᠯ᠂ ᠠᠭᠤᠷᠬᠠᠢ ᠶᠢᠨ ᠣᠷᠣᠨ ᠤ ᠨᠡᠭᠦᠷᠡᠰᠦᠨ ᠴᠢᠯᠠᠭᠤ ᠶᠢ ᠳᠦᠷᠢᠮ ᠵᠦᠷᠢᠴᠡᠨ | ᠭᠠᠳᠠᠭᠰᠢᠯᠠᠭᠤᠯᠤᠭᠰᠠᠨ ᠪᠠᠶᠢᠳᠠᠯ᠂ ᠠᠭᠤᠷᠬᠠᠢ ᠶᠢᠨ ᠣᠷᠣᠨ ᠤ ᠨᠡᠭᠦᠷᠡᠰᠦᠨ ᠴᠢᠯᠠᠭᠤ ᠠᠶᠠᠨᠳᠠᠭᠠᠨ ᠰᠢᠲᠠᠬᠤ ᠪᠠ | ᠨᠡᠭᠦᠷᠡᠰᠦᠨ ᠴᠢᠯᠠᠭᠤ ᠶᠢ ᠪᠤᠯᠠᠭᠰᠠᠨ ᠪᠠᠶᠢᠳᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠪᠤᠭᠠᠯᠠᠬᠤ ᠲᠠᠯᠠᠪᠠᠢ | ᠶᠢᠨ ᠳᠦᠷᠢᠮᠵᠢᠬᠦᠨ ᠪᠠᠶᠢᠭᠤᠯᠤᠯᠲᠠ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠂ ᠣᠨᠴᠠᠭᠠᠶᠢᠯᠠᠨ | ᠪᠠᠶᠢᠭᠠᠯᠢ ᠶᠢᠨ ᠰᠢᠲᠠᠮᠠᠬᠠᠢ ᠬᠡᠢ ᠶᠢᠨ ᠨᠡᠭᠡᠭᠡᠯᠲᠡ ᠶᠢᠨ ᠶᠠᠪᠤᠴᠠ ᠳᠤᠮᠳᠠᠬᠢ ︽ᠰᠢᠩᠭᠡᠨ ᠰᠢᠪᠡᠷ ᠢ ᠭᠠᠵᠠᠷ ᠲᠤ | ᠬᠦᠷᠭᠡᠯ ᠦᠭᠡᠢ ᠰᠢᠢᠳᠪᠦᠷᠢᠯᠡᠬᠦ︾ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠪᠠ ᠨᠡᠭᠦᠷᠡᠰᠦᠨ | ᠴᠢᠯᠠᠭᠤ ᠶᠢᠨ ᠭᠠᠳᠠᠭᠰᠢᠯᠠᠭᠤᠯᠤᠯᠲᠠ ᠶᠢᠨ ᠪᠠᠶᠢᠳᠠᠯ ᠳᠤ ᠴᠢᠭᠯᠡᠬᠦᠯᠵᠦ᠂ ᠪᠠᠶᠢᠴᠠᠭᠠᠯᠲᠠ ᠶᠢᠨ ᠬᠦᠴᠦᠯᠡᠴᠡ ᠪᠠᠨ | ᠶᠡᠬᠡᠳᠬᠡᠬᠦ ᠬᠡᠷᠡᠭᠲᠡᠢ᠃ | ︵ᠲᠠᠪᠤ︶ ᠳᠡᠭᠡᠳᠦ ᠱᠠᠲᠤᠨ ᠤ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ | ᠴᠡᠭᠴᠡᠯᠡᠨ ᠵᠠᠰᠠᠯᠲᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠳᠤ ᠴᠢᠭᠯᠡᠭᠦᠯᠵᠦ ᠲᠠᠪᠲᠠᠨ ᠬᠢᠨᠠᠬᠤ ᠰᠢᠪᠡᠳᠡᠨ | ᠪᠠᠶᠢᠴᠠᠭᠠᠯᠲᠠ ᠦᠷᠨᠢᠬᠦᠯᠦᠨ᠎ᠡ᠃ 2016 ᠣᠨ ᠤ ᠲᠦᠪ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠰᠢᠪᠡᠳᠡᠯᠲᠡ ᠪᠠᠶᠢᠴᠠᠭᠠᠯᠲᠠ᠂ 2017 ᠣᠨ ᠤ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠣᠷᠴᠢᠨ ᠲᠤᠭᠤᠷᠢᠨ | ᠤ ᠶᠡᠭᠡ ᠪᠠᠶᠢᠴᠠᠭᠠᠯᠲᠠ ᠵᠢᠴᠢ 2018 ᠣᠨ ᠤ ᠲᠦᠪ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠰᠢᠪᠡᠳᠡᠯᠲᠡ ᠪᠠᠶᠢᠴᠠᠭᠠᠯᠲᠠ ᠶᠢᠨ ︽ᠲᠠᠪᠲᠠᠨ ᠬᠢᠨᠠᠬᠤ︾ ᠬᠤᠭᠤᠴᠠᠭᠠᠨ ᠳᠠᠬᠢ ᠬᠠᠷᠢᠭᠤ ᠲᠤᠰᠬᠠᠭᠰᠠᠨ ᠠᠰᠠᠭᠤᠳᠠᠯ | ᠪᠦᠬᠦᠨ ᠢ ᠬᠠᠷᠭᠤᠭᠤᠯᠤᠨ ᠪᠠᠶᠢᠴᠠᠭᠠᠵᠤ᠂ ᠳᠠᠬᠢᠬᠤ ᠦᠵᠡᠭᠳᠡᠯ ᠢ ᠡᠷᠡᠰ ᠬᠢᠵᠠᠭᠠᠷᠯᠠᠵᠤ᠂ ᠤᠳᠠᠯ ᠦᠭᠡᠢ ᠶᠠᠪᠤᠭᠳᠠᠬᠤ | ᠪᠠᠷ ᠪᠠᠶᠢᠭ᠎ᠠ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃ | ︵ᠵᠢᠷᠭᠤᠭ᠎ᠠ︶ ᠬᠠᠷ᠎ᠠ ᠪᠦᠯᠦᠭᠲᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠤᠰᠬᠠᠢ ᠲᠡᠮᠡᠴᠡᠯ ᠢ | ᠠᠬᠢᠭᠤᠯᠤᠨ ᠨᠠᠶᠢᠲᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ᠎ᠠ᠃ ︽ᠪᠤᠬᠢᠷᠳᠣᠯ ᠢ ᠡᠷᠴᠢᠮᠲᠠᠢ ᠵᠠᠰᠠᠬᠤ︾ | ᠠᠵᠢᠯᠯᠠᠭ᠎ᠠ ᠪᠠ ᠬᠠᠷ᠎ᠠ ᠪᠦᠯᠦᠭᠲᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠤᠰᠬᠠᠢ ᠲᠡᠮᠡᠴᠡᠯ ᠢ ᠨᠢᠭᠲᠠ | ᠤᠶᠠᠯᠳᠤᠭᠤᠯᠤᠨ᠂ ᠣᠷᠴᠢᠨ ᠲᠤᠭᠤᠷᠢᠨ ᠤ ᠭᠤᠤᠯᠳᠠᠯᠭᠠᠲᠤ ᠠᠰᠠᠭᠤᠳᠠᠯ ᠪᠠ ᠠᠵᠢᠯ ᠲᠦᠷᠦᠯ ᠤᠨ ᠳᠦᠷᠢᠮᠵᠢᠬᠦᠨ | ᠪᠤᠰᠤ ᠦᠵᠡᠭᠳᠡᠯ ᠢ ᠵᠡᠷᠭᠡᠪᠡᠷ ᠪᠠᠶᠢᠴᠠᠭᠠᠬᠤ᠂ ᠢᠵᠢᠯ ᠠᠯᠬᠤᠮ ᠢᠶᠠᠷ ᠴᠡᠭᠴᠡᠯᠡᠨ ᠵᠰᠠᠬᠤ ᠶᠢ ᠪᠠᠷᠢᠮᠲᠠᠯᠠᠨ᠎ᠠ᠃ ᠬᠠᠷ᠎ᠡ | ᠪᠦᠯᠦᠭᠲᠡᠨ ᠬᠠᠷᠬᠢᠰ ᠬᠦᠴᠦᠨ ᠲᠠᠢ ᠬᠤᠯᠪᠤᠭᠳᠠᠬᠤ ᠰᠦᠪᠡᠭᠴᠢ ᠶᠢ ᠮᠦᠷᠳᠡᠨ ᠪᠠᠶᠢᠴᠠᠭᠠᠭᠰᠠᠨ ᠪᠠᠶᠢᠳᠠᠯ᠂ ᠠᠵᠢᠯ | ᠲᠦᠷᠦᠯ ᠤᠨ ᠳᠦᠷᠢᠮᠵᠢᠬᠦᠨ ᠪᠤᠰᠤ ᠶᠢ ᠴᠡᠭᠴᠡᠯᠡᠨ ᠵᠠᠰᠠᠬᠤ ᠠᠵᠢᠯ ᠤᠨ ᠠᠬᠢᠭᠤᠯᠤᠯᠲᠠ ᠶᠢᠨ ᠪᠠᠶᠢᠳᠠᠯ ᠵᠢᠴᠢ | ᠳᠠᠭᠠᠭᠠᠮᠠᠭᠠᠢ ᠲᠤᠭᠲᠠᠴᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ︵ᠳᠦᠷᠢᠮ ᠲᠤᠭᠲᠠᠭᠠᠯ ᠤᠨ ᠪᠠᠶᠢᠭᠤᠯᠤᠯᠲᠠ | ᠶᠢᠨ ᠨᠠᠷᠢᠨ ᠳᠠᠩᠰᠠ᠂ ᠳᠦᠷᠢᠮ ᠲᠤᠭᠲᠠᠭᠠᠯ ᠤᠨ ᠬᠡᠷᠡᠭᠵᠢᠬᠦᠯᠦᠯᠲᠡ ᠶᠢᠨ ᠪᠠᠶᠢᠳᠠᠯ ᠪᠠ ᠡᠷᠡᠭᠦᠦ ᠰᠢᠢᠳᠬᠡᠯ ᠤᠨ | ᠬᠦᠢᠴᠡᠳᠬᠡᠯ ᠤᠨ ᠠᠪᠴᠠᠯᠳᠤᠭᠤᠯᠤᠯ᠂ ᠬᠤᠯᠪᠤᠭᠠᠯᠠᠭᠰᠠᠨ ᠬᠠᠤᠯᠢ ᠬᠡᠷᠡᠭᠵᠢᠬᠦᠯᠦᠯᠲᠡ ᠶᠢᠨ ᠪᠠᠶᠢᠳᠠᠯ ᠵᠡᠷᠭᠡ ᠪᠠᠭᠲᠠᠨ᠎ᠠ︶ | ᠶᠢ ᠭᠤᠤᠯᠳᠠᠯᠭ᠎ᠠ ᠲᠠᠢ ᠪᠠᠶᠢᠴᠠᠭᠠᠨ᠎ᠠ᠃ ︽ᠪᠤᠬᠢᠷᠳᠣᠯ ᠢ ᠡᠷᠴᠢᠮᠲᠠᠢ ᠵᠠᠰᠠᠬᠤ︾ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠢᠶᠠᠷ ᠠᠴᠢᠶᠠᠯᠠᠭᠴᠢ ᠪᠤᠯᠭᠠᠵᠤ᠂ ᠪᠦᠬᠦ ᠵᠢᠯ ᠳᠤ ᠬᠤᠶᠠᠷ ᠡᠭᠡᠯᠵᠢ ᠠᠴᠠ | ᠳᠡᠭᠡᠭᠰᠢ ᠰᠦᠪᠡᠭᠴᠢ ᠶᠢ ᠮᠦᠷᠳᠡᠨ ᠪᠠᠶᠢᠴᠠᠭᠠᠬᠤ ᠠᠵᠢᠯᠯᠠᠭ᠎ᠠ ᠶᠢ ᠦᠷᠨᠢᠭᠦᠯᠦᠨ᠂ ᠨᠢᠭᠡ ᠪᠦᠯᠦᠭ ᠦᠷ᠎ᠡ | ᠪᠦᠲᠦᠮᠵᠢᠲᠡᠢ ᠰᠢᠨ᠎ᠡ ᠰᠦᠪᠡᠭᠴᠢ ᠶᠢ ᠠᠭᠤᠲᠠᠯᠠᠨ ᠬᠠᠶᠢᠨ᠎ᠠ᠃ | ︵ᠳᠣᠯᠤᠭ᠎ᠠ︶ ᠠᠵᠦ ᠦᠢᠯᠳᠪᠦᠷᠢ ᠶᠢᠨ ᠬᠦᠷᠢᠶᠡᠯᠡᠩ ᠲᠤᠭᠤᠷᠢᠭ ᠤᠨ ᠣᠷᠴᠢᠨ ᠲᠤᠭᠤᠷᠢᠨ ᠤ ᠬᠠᠮᠠᠭᠠᠯᠠᠯᠲᠠ | ᠶᠢᠨ ᠠᠷᠭ᠎ᠠ ᠠᠪᠴᠠᠯ ᠤᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠲᠤᠲᠤᠷᠬᠠᠶᠢᠯᠠᠨ ᠪᠠᠶᠢᠴᠠᠭᠠᠨ᠎ᠠ᠃ ᠮᠠᠨ ᠤ | ᠬᠤᠰᠢᠭᠤᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠣᠷᠣᠨ︶ ᠤᠨ ᠪᠠᠶᠢᠴᠠᠭᠠᠯᠲᠠ | ᠶᠢᠨ ᠪᠦᠬᠦ ᠪᠦᠷᠬᠦᠴᠡ ᠶᠢ ᠪᠡᠶᠡᠯᠡᠬᠦᠯᠦᠨ᠎ᠡ᠃ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠣᠷᠣᠨ︶ ᠤᠨ | ᠲᠦᠯᠦᠪᠵᠢᠬᠦᠯᠭᠡ ᠣᠷᠴᠢᠨ ᠲᠤᠭᠤᠷᠢᠨ ᠤ ᠨᠦᠯᠦᠭᠡᠯᠡᠯ ᠤᠨ ᠦᠨᠡᠯᠡᠯᠲᠡ ᠪᠠ ᠲᠦᠷᠦᠯ ᠵᠦᠢᠯ ᠤᠨ ᠣᠷᠴᠢᠨ | ᠲᠤᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠬᠡᠷᠡᠭᠵᠢᠬᠦᠯᠦᠯᠲᠡ ᠶᠢᠨ ᠪᠠᠶᠢᠳᠠᠯ᠂ ᠲᠦᠪᠯᠡᠷᠡᠩᠭᠦᠢ ᠪᠠᠷ ᠢᠯᠴᠢ | ᠬᠠᠩᠭᠠᠬᠤ ᠪᠠ ᠰᠢᠲᠠᠮᠠᠬᠠᠢ ᠬᠡᠢ ᠬᠠᠩᠭᠠᠬᠤ᠂ ᠪᠣᠬᠢᠷ ᠤᠰᠤ ᠶᠢ ᠲᠦᠪᠯᠡᠷᠡᠩᠭᠦᠢ ᠪᠠᠷ ᠰᠢᠢᠳᠪᠦᠷᠢᠯᠡᠬᠦ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠰᠢᠢᠳᠪᠦᠷᠢᠡᠯᠡᠯᠲᠡ ᠵᠡᠷᠭᠡ ᠢᠵᠢ ᠪᠦᠷᠢᠳᠦᠬᠦᠯᠦᠭᠰᠡᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠪᠠ ᠠᠵᠢᠯᠯᠠᠮᠵᠢ ᠶᠢᠨ ᠪᠠᠶᠢᠳᠠᠯ ᠵᠢᠴᠢ ᠠᠵᠤ | ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠣᠷᠣᠨ︶ ᠤᠨ ᠣᠷᠴᠢᠨ ᠲᠤᠭᠤᠷᠢᠨ ᠤ | ᠳᠦᠭᠰᠢᠭᠦᠷᠢ ᠶᠢᠨ ᠰᠡᠷᠭᠡᠶᠢᠯᠡᠯᠲᠡ ᠪᠠ ᠪᠠᠴᠢᠮ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠨ᠎ᠠ᠃ | ︵ᠨᠠᠢᠮᠠ︶ ᠲᠤᠭᠲᠠᠮᠠᠯ ᠪᠣᠬᠢᠷᠳᠣᠯ ᠤᠨ ᠡᠬᠢ ᠶᠢᠨ ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ | ᠦᠨᠡᠮᠯᠡᠯ ᠢ ᠪᠦᠬᠦ ᠲᠠᠯ᠎ᠠ ᠪᠠᠷ ᠲᠤᠲᠤᠷᠬᠠᠶᠢᠯᠠᠨ ᠪᠠᠶᠢᠴᠠᠭᠠᠨ᠎ᠠ᠃ ᠮᠠᠨ ᠤ ᠬᠤᠰᠢᠭᠤᠨ ᠤ ᠲᠤᠭᠲᠠᠮᠠᠯ ᠪᠣᠬᠢᠷᠳᠣᠯ ᠤᠨ | ᠡᠬᠢ ᠶᠢᠨ ᠪᠤᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠤᠨ ᠪᠠᠶᠢᠴᠠᠭᠠᠯᠲᠠ ᠶᠢᠨ ᠨᠠᠷᠢᠨ ᠳᠠᠩᠰᠠ | ᠶᠢ ᠦᠨᠳᠦᠰᠦᠯᠡᠨ᠂ ᠨᠢᠭᠡᠨᠲᠡ ᠲᠦᠷᠦᠯ ᠬᠤᠪᠢᠶᠠᠨ ᠰᠢᠢᠳᠪᠦᠷᠢᠯᠡᠭᠰᠡᠨ ᠪᠣᠬᠢᠷᠳᠣᠯ ᠢ ᠭᠠᠳᠠᠭᠰᠢᠯᠠᠭᠤᠯᠬᠤ ᠪᠠᠶᠢᠭᠤᠯᠭ᠎ᠠ | ᠨᠢᠭᠡᠴᠡ ᠳᠤ ᠳᠠᠬᠢᠨᠲᠠ ᠬᠢᠨᠠᠨ ᠬᠠᠷᠭᠤᠭᠤᠯᠤᠯᠲᠠ ᠬᠢᠵᠦ᠂ ᠡᠯ᠎ᠡ ᠲᠦᠷᠦᠯ ᠤᠨ ᠠᠷᠭ᠎ᠠ ᠪᠠᠷᠢᠯ ᠪᠠ ᠡᠬᠢ ᠰᠣᠷᠪᠣᠯᠵᠢ | ᠶᠢ ᠬᠡᠷᠡᠭᠯᠡᠨ᠂ ᠵᠦᠪᠰᠢᠶᠡᠷᠡᠯ ᠤᠨ ᠬᠠᠮᠢᠶᠠᠷᠤᠯᠲᠠ ᠳᠤ ᠣᠷᠣᠭᠰᠠᠨ ᠦᠭᠡᠢ ᠪᠤᠬᠢᠷᠳᠣᠯ ᠢ ᠭᠠᠳᠠᠭᠰᠢᠯᠠᠭᠤᠯᠬᠤ | ᠪᠠᠶᠢᠭᠤᠯᠭ᠎ᠠ ᠨᠢᠭᠡᠴᠡ ᠶᠢ ᠬᠠᠶᠢᠵᠤ᠂ ᠦᠨᠡᠮᠯᠡᠯ ᠦᠭᠡᠢ ᠪᠠᠷ ᠪᠤᠬᠢᠷᠳᠣᠯ ᠢ ᠭᠠᠳᠠᠭᠰᠢᠯᠠᠭᠤᠯᠬᠤ ᠦᠢᠯᠡ ᠠᠵᠢᠯᠯᠠᠭ᠎ᠠ | ᠳᠤ ᠬᠠᠨᠳᠤᠭᠤᠯᠤᠭᠰᠠᠨ ᠬᠠᠤᠯᠢ ᠬᠡᠷᠡᠭᠵᠢᠬᠦᠯᠦᠯᠲᠡ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠵᠤ᠂ | ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠲᠠᠢ ᠴᠡᠭᠴᠡᠯᠡᠨ ᠵᠠᠰᠠᠯᠲᠠ ᠶᠢᠨ ᠰᠢᠯᠵᠢᠯᠲᠠ ᠶᠢᠨ | ᠬᠤᠭᠤᠴᠠᠭᠠᠨ ᠳᠠᠬᠢ ᠠᠵᠤ ᠠᠬᠤᠶᠢᠯᠠᠯ ᠳᠤ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ | ᠴᠢᠩᠭᠠᠳᠬᠠᠨ᠎ᠠ᠃ | ︵ᠶᠢᠰᠦ︶ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ᠎ᠠ᠃ | ᠨᠡᠭᠦᠷᠡᠰᠦᠨ ᠠᠭᠤᠷᠬᠠᠢ ᠵᠢᠴᠢ ᠨᠡᠭᠦᠷᠡᠰᠦᠨ ᠤ ᠪᠤᠰᠤ ᠠᠭᠤᠷᠬᠠᠢ ᠶᠢᠨ ︵ᠲᠡᠮᠦᠷᠯᠢᠭ ᠪᠠ ᠲᠡᠮᠦᠷᠯᠢᠭ ᠪᠤᠰᠤ ᠵᠡᠷᠭᠡ | ᠬᠠᠲᠠᠭᠤ ᠪᠡᠶᠡᠲᠦ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠭᠤᠷᠬᠠᠢ︶ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠠᠷ ᠬᠦᠢᠴᠡᠳᠬᠡᠯ ᠢ ᠨᠠᠶᠢᠲᠠᠪᠤᠷᠢᠵᠢᠭᠤᠯᠤᠭᠰᠠᠨ ᠪᠠᠶᠢᠳᠠᠯ᠂ ᠪᠤᠬᠢᠷᠳᠣᠯ ᠢ ᠭᠠᠳᠠᠭᠰᠢᠯᠠᠭᠤᠯᠬᠤ | ᠵᠦᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠤᠭᠰᠠᠨ ᠪᠠᠶᠢᠳᠠᠯ᠂ ᠠᠭᠠᠷ ᠮᠠᠨᠳᠠᠯ᠂ ᠣᠰᠣ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠵᠡᠷᠭᠡ ᠪᠤᠬᠢᠷᠳᠣᠯ ᠢ ᠰᠡᠷᠭᠡᠶᠢᠯᠡᠨ ᠵᠠᠰᠠᠬᠤ ᠳᠦᠬᠦᠭᠡᠷᠦᠮᠵᠢ ᠶᠢᠨ ᠪᠠᠶᠢᠭᠤᠯᠤᠯᠲᠠ ᠵᠢᠴᠢ | ᠠᠵᠢᠯᠯᠠᠮᠵᠢ ᠶᠢᠨ ᠪᠠᠶᠢᠳᠠᠯ᠂ ᠡᠯ᠎ᠡ ᠲᠦᠷᠦᠯ ᠤᠨ ᠪᠤᠬᠢᠷᠳᠣᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶᠠᠨ ᠳᠤ | ᠬᠦᠷᠦᠭᠰᠡᠨ ᠪᠠᠶᠢᠳᠠᠯ ᠵᠢᠴᠢ ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠬᠢᠬᠡᠳ ᠰᠡᠷᠭᠦᠯᠲᠡ ᠶᠢᠨ ᠪᠠᠶᠢᠳᠠᠯ ᠵᠡᠷᠭᠡ | ᠶᠢ ᠭᠤᠤᠯᠳᠠᠯᠭ᠎ᠠ ᠲᠠᠢ ᠪᠠᠶᠢᠴᠠᠭᠠᠨ᠂ ᠣᠨᠴᠠᠭᠠᠶᠢᠯᠠᠨ ᠠᠭᠤᠷᠬᠠᠢ ᠶᠢᠨ ᠣᠷᠣᠨ ᠤ ᠵᠠᠮ ᠬᠠᠷᠢᠯᠴᠠᠭᠠᠨ ᠤ | ᠪᠠᠶᠢᠭᠤᠯᠤᠯᠲᠠ᠂ ᠬᠠᠲᠠᠭᠤᠵᠢᠭᠤᠯᠤᠯᠲᠠ ᠵᠢᠴᠢ ᠨᠣᠭᠤᠭᠠᠵᠢᠭᠤᠯᠤᠯᠲᠠ ᠵᠡᠷᠭᠡ ᠲᠠᠯ᠎ᠠ ᠪᠠᠷ ᠪᠠᠶᠢᠴᠠᠭᠠᠯᠲᠠ ᠶᠢᠨ | ᠣᠳᠠᠭ᠎ᠠ ᠳᠠᠷᠠᠭ᠎ᠠ ᠪᠠ ᠬᠦᠴᠦᠯᠡᠴᠡ ᠪᠠᠨ ᠴᠢᠩᠭᠠᠳᠬᠠᠨ᠎ᠠ᠃ | ︵ᠠᠷᠪᠠ︶ ᠣᠷᠴᠢᠨ ᠲᠤᠭᠤᠷᠢᠨ ᠤ ᠭᠤᠤᠯᠳᠠᠯᠭᠠᠲᠤ ᠠᠰᠠᠭᠤᠳᠠᠯ ᠤᠨ ᠰᠢᠢᠳᠪᠦᠷᠢᠯᠡᠯᠲᠡ ᠶᠢᠨ ᠪᠠᠶᠢᠳᠠᠯ ᠢ | ᠪᠠᠶᠢᠴᠠᠭᠠᠨ᠎ᠠ᠃ ᠣᠯᠣᠰ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠪᠴᠢᠶ᠎ᠠ᠂ ᠬᠤᠰᠢᠭᠤᠨ ᠤ | ᠣᠳᠣᠷᠢᠳᠣᠯᠭ᠎ᠠ ᠠᠴᠠ ᠴᠤᠬᠤᠯᠠᠪᠤᠷᠢᠯᠠᠨ ᠬᠦᠢᠴᠡᠳᠬᠡᠭᠦᠯᠦᠭᠰᠡᠨ᠂ ᠵᠠᠭᠤᠴᠢᠯᠠᠭᠤᠷ ᠤᠨ ᠬᠢᠨ ᠤ ᠠᠩᠬᠠᠷᠤᠯ ᠢ | ᠲᠠᠲᠠᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠵᠢᠴᠢ ᠳᠡᠭᠡᠳᠦ ᠱᠠᠲᠤᠨ ᠤ ᠰᠠᠯᠠᠭ᠎ᠠ ᠮᠦᠴᠢᠷ ᠠᠴᠠ ᠰᠢᠪᠡᠳᠡᠨ | ᠬᠦᠢᠴᠡᠳᠬᠡᠭᠦᠯᠦᠭᠰᠡᠨ ᠣᠷᠴᠢᠨ ᠲᠤᠭᠤᠷᠢᠨ ᠤ ᠴᠢᠬᠤᠯᠠ ᠶᠡᠭᠡ ᠠᠰᠠᠭᠤᠳᠠᠯ ᠤᠨ ᠰᠢᠢᠳᠪᠦᠷᠢᠯᠡᠯᠲᠡ ᠶᠢᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠨ᠎ᠠ᠃ | ᠳᠦᠷᠪᠡ᠂ ᠵᠣᠬᠢᠶᠠᠨ ᠪᠠᠶᠢᠭᠤᠯᠤᠨ ᠣᠳᠣᠷᠢᠳᠬᠤ | ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭ᠎ᠠ ᠠᠮᠵᠢᠯᠲᠠᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠣᠲᠤᠭ ᠤᠨ | ᠡᠮᠦᠨᠡᠲᠦ ᠬᠤᠰᠢᠭᠤᠨ ᠤ 2020 ᠣᠨ ᠤ ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ ᠤᠷᠴᠢᠨ | ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠣᠳᠣᠷᠢᠳᠬᠤ ᠳᠣᠭᠤᠶᠢᠯᠠᠩ ᠪᠠ ᠱᠠᠭᠠᠷᠳᠠᠨ | ᠪᠠᠶᠢᠴᠠᠭᠠᠬᠤ ᠠᠵᠢᠯ ᠤᠨ ᠳᠣᠭᠤᠶᠢᠯᠠᠩ ᠢ ᠪᠠᠶᠢᠭᠤᠯᠪᠠ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ | ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶᠠᠨ ᠳᠤ ᠲᠤᠬᠢᠷᠠᠭᠤᠯᠵᠤ᠂ ᠯᠤ᠋ ᡁᠢ ᠵᠦᠩ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠭᠠᠨ᠎ᠠ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ | ᠤᠨ ᠭᠤᠤᠯ ᠬᠠᠷᠢᠭᠤᠴᠠᠯᠭ᠎ᠠ ᠪᠤᠯ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠤᠷᠴᠢᠨ ᠲᠤᠭᠤᠷᠢᠨ ᠤ | ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠡᠯ᠎ᠡ ᠲᠦᠷᠦᠯ ᠤᠨ ᠠᠵᠢᠯ ᠠᠮᠵᠢᠯᠲᠠᠲᠠᠢ ᠶᠠᠪᠤᠭᠳᠠᠬᠤ ᠶᠢ | ᠵᠤᠬᠢᠴᠠᠭᠤᠯᠤᠨ ᠠᠬᠢᠭᠤᠯᠤᠨ᠎ᠠ᠃ ᠪᠣᠲᠠᠲᠠᠢ ᠪᠦᠷᠢᠯᠳᠦᠬᠦᠨ ᠳᠣᠣᠷᠠᠬᠢ ᠮᠡᠲᠦ᠄ | ᠳᠣᠭᠤᠶᠢᠯᠠᠩ ᠤᠨ ᠳᠠᠷᠤᠭ᠎ᠠ᠄ ᠯᠢᠦᠢ ᠶᠤᠤ ᠹᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠤᠭᠤᠷᠢᠨ ᠤ | ᠬᠤ ᠪᠢᠶᠠᠷᠢ ᠲᠤᠪᠴᠢᠶᠠᠨ ᠤ ᠳᠠᠷᠤᠭ᠎ᠠ | ᠪᠦᠷᠢᠯᠳᠣᠬᠦᠨ᠄ ᠰᠡᠷᠭᠦᠯᠡᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ | ᠳᠡᠳ᠋ ᠳᠠᠷᠤᠭ᠎ᠠ | ᠶᠠᠨ ᠯᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ | ᠯᠤ᠋ ᡁᠢ ᠵᠦᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠣᠷᠴᠢᠨ | ᠲᠤᠭᠤᠷᠢᠨ ᠢ ᠬᠢᠨᠠᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ | ᠭᠤᠤ ᠵᠢᠶᠧ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠯᠪᠠᠨ ᠭᠡᠷ | ᠤᠨ ᠡᠷᠬᠢᠯᠡᠭᠴᠢ | ᠱᠢ ᠸᠧᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠭᠠᠷ ᠮᠠᠨᠳᠠᠯ | ᠤᠨ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠵᠠᠢ ᠰᠢᠦᠸᠢ ᠪᠦᠸᠧ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ | ᠬᠠᠲᠠᠭᠤ ᠪᠡᠶᠡᠲᠦ ᠬᠠᠶᠠᠭᠳᠠᠮᠠᠯ ᠪᠤᠳᠠᠰ ᠪᠠ ᠪᠠᠶᠢᠭᠠᠯᠢ ᠶᠢᠨ ᠰᠢᠲᠠᠮᠠᠬᠠᠢ ᠬᠡᠢ ᠶᠢᠨ ᠨᠡᠭᠡᠭᠡᠯᠲᠡ ᠶᠢᠨ ᠣᠷᠴᠢᠨ | ᠲᠤᠭᠤᠷᠢᠨ ᠤ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠯᠸᠢ ᠯᠤ᠋ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠣᠰᠣᠨ ᠤ | ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠵᠠᠩ ᠢᠦᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠬᠦᠷᠦᠰᠦ | ᠰᠢᠷᠦᠢ ᠶᠢᠨ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠠᠯᠲᠠᠨᠳᠠᠯᠠᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠵᠠᠰᠠᠭ | ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠯᠢ ᠷᠦᠨ ᠰᠢᠦᠸᠡᠨ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠮᠢ | ᠠᠬᠤᠢ ᠤᠷᠴᠢᠨ ᠲᠤᠭᠤᠷᠢᠨ ᠤ ᠬᠢᠨᠠᠨ ᠬᠡᠮᠵᠢᠯᠲᠡ ᠶᠢᠨ ᠦᠷᠲᠡᠭᠡᠨ ᠤ ᠳᠠᠷᠤᠭ᠎ᠠ | ᠰᠦᠨ ᠵᠧᠩ ᠶᠠᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ | ᠪᠣᠬᠢᠷᠳᠣᠯ ᠤᠨ ᠪᠤᠳᠠᠰ ᠢ ᠰᠦᠯᠵᠢᠶ᠎ᠡ ᠪᠠᠷ ᠬᠢᠨᠠᠬᠤ ᠲᠦᠪ ᠤᠨ ᠡᠷᠬᠢᠯᠡᠭᠴᠢ | ᠳᠡᠯᠡᠬᠡᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶᠠᠨ ᠤ ᠲᠦᠷᠦ ᠶᠢᠨ | ᠪᠣᠳᠣᠯᠭ᠎ᠠ ᠬᠠᠤᠯᠢ ᠳᠦᠷᠢᠮ ᠤᠨ ᠲᠠᠰᠤᠭ ᠤᠨ ᠡᠷᠬᠢᠯᠡᠭᠴᠢ | ᠱᠠᠭᠠᠷᠳᠠᠨ ᠪᠠᠶᠢᠴᠠᠭᠠᠬᠤ ᠳᠤᠭᠤᠶᠢᠯᠠᠩ᠄ | ᠨᠢᠭᠡᠳᠦᠭᠡᠷ ᠳᠣᠭᠤᠶᠢᠯᠠᠩ ᠤᠨ ᠳᠠᠷᠤᠭ᠎ᠠ᠄ ᠰᠡᠷᠭᠦᠯᠡᠩ ︵ᠬᠤᠰᠢᠭᠤ ᠠᠮᠢ ᠠᠬᠤᠢ ᠣᠷᠴᠢᠨ ᠲᠤᠭᠤᠷᠢᠨ ᠤ | ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ︶ | ᠪᠦᠷᠢᠯᠳᠦᠬᠦᠨ ᠨᠢᠭᠡᠴᠡ᠄ ᠱᠠᠩᠬᠠᠢ ᠶᠢᠨ ᠰᠦᠮ᠎ᠡ ᠠᠵᠦ ᠠᠬᠤᠢ ᠶᠢᠨ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠦᠪᠯᠡᠯ᠂ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣ᠂ ᠡᠨᠧᠷᠬᠢ ᠶᠢᠨ ᠲᠤᠪᠴᠢᠶ᠎ᠠ᠂ | ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠭᠡᠷ ᠪᠠᠶᠢᠰᠢᠩ ᠤᠨ | ᠬᠠᠮᠢᠶᠠᠷᠤᠯᠲᠠ ᠶᠢᠨ ᠲᠦᠪ᠂ ᠣᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠤᠪᠴᠢᠶ᠎ᠠ᠃ | ᠬᠤᠶᠠᠳᠣᠭᠠᠷ ᠳᠣᠭᠤᠶᠢᠯᠠᠩ ᠤᠨ ᠳᠠᠷᠤᠭ᠎ᠠ᠄ ᠶᠠᠨ ᠯᠢ ︵ᠬᠤᠰᠢᠭᠤ ᠠᠮᠢ ᠠᠬᠤᠢ ᠣᠷᠴᠢᠨ ᠲᠤᠭᠤᠷᠢᠨ ᠤ | ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ︶ | ᠪᠦᠷᠢᠯᠳᠦᠬᠦᠨ ᠨᠢᠭᠡᠴᠡ᠄ ᠪᠤᠷᠤᠪᠠᠯᠭᠠᠰᠣ ᠪᠠᠯᠭᠠᠰᠣ᠂ ᠨᠠᠩᠰᠣ ᠪᠠᠯᠭᠠᠰᠣ᠂ ᠮᠠᠯ ᠲᠠᠷᠢᠶᠠᠯᠠᠩ ᠤᠨ ᠲᠤᠪᠴᠢᠶ᠎ᠠ᠂ | ᠡᠳ᠋ ᠤᠨ ᠵᠠᠰᠠᠭ ᠤᠨ ᠲᠤᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠪᠴᠢᠶ᠎ᠠ᠃ | ᠲᠠᠪᠤ᠂ ᠴᠠᠭ ᠤᠨ ᠲᠤᠬᠢᠷᠠᠭᠤᠯᠤᠯᠲᠠ | 2020 ᠣᠨ ᠤ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ | ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ 2 ᠰᠠᠷ᠎ᠠ ᠶᠢᠨ 3 ᠤ ᠡᠳᠦᠷ ᠠᠴᠠ ᠡᠬᠢᠯᠡᠵᠦ᠂ | 12 ᠰᠠᠷ᠎ᠠ ᠶᠢᠨ 3 ᠤ ᠡᠳᠦᠷ ᠳᠠᠭᠤᠰᠤᠨ᠂ 10 ᠰᠠᠷ᠎ᠠ ᠶᠢᠨ ᠬᠤᠭᠤᠴᠠᠭ᠎ᠠ ᠲᠠᠢ᠂ ᠳᠦᠷᠪᠡᠨ ᠱᠠᠲᠤ ᠬᠤᠪᠢᠶᠠᠨ | ᠶᠠᠪᠤᠭᠳᠠᠭᠤᠯᠵᠤ᠂ ᠨᠢᠭᠡᠳᠦᠭᠡᠷ ᠱᠠᠲᠤ 2 ᠰᠠᠷ᠎ᠠ ᠠᠴᠠ 5 ᠰᠠᠷ᠎ᠠ᠂ ᠬᠤᠶᠠᠳᠣᠭᠠᠷ ᠱᠠᠲᠤ 6 ᠰᠠᠷ᠎ᠠ ᠠᠴᠠ 8 ᠰᠠᠷ᠎ᠠ᠂ | ᠭᠤᠷᠪᠠᠳᠣᠭᠠᠷ ᠱᠠᠲᠤ 9 ᠰᠠᠷ᠎ᠠ ᠠᠴᠠ 11 ᠰᠠᠷ᠎ᠠ᠂ ᠳᠦᠷᠪᠡᠳᠦᠭᠡᠷ ᠱᠠᠲᠤ ᠪᠣᠯ 12 ᠰᠠᠷ᠎ᠠ ᠪᠣᠯᠣᠨ᠎ᠠ᠃ ᠡᠭᠦᠨ ᠳᠤ᠄ | ᠡᠮᠦᠨ᠎ᠡ ᠭᠤᠷᠪᠠᠨ ᠱᠠᠲᠤᠨ ᠤ ᠪᠠᠶᠢᠴᠠᠭᠠᠯᠲᠠ ᠳᠤ ᠪᠦᠬᠦ ᠬᠤᠰᠢᠭᠤᠨ ᠤ ᠪᠣᠬᠢᠷᠳᠣᠯ ᠢ ᠭᠠᠳᠠᠭᠰᠢᠯᠠᠭᠤᠯᠬᠤ | ᠪᠠᠶᠢᠭᠤᠯᠭ᠎ᠠ ᠨᠢᠭᠡᠴᠡ ᠶᠢᠨ ᠪᠦᠬᠦ ᠪᠦᠷᠬᠦᠴᠡ ᠶᠢ ᠪᠡᠶᠡᠯᠡᠬᠦᠯᠦᠨ᠂ ᠳᠦᠷᠪᠡᠳᠦᠭᠡᠷ ᠱᠠᠲᠤᠨ ᠳᠤ ︽ᠲᠠᠪᠲᠠᠨ ᠬᠢᠨᠠᠨ | ᠪᠠᠶᠢᠴᠠᠭᠠᠬᠤ︾ ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠎ᠡ᠃ | ᠵᠢᠷᠭᠤᠭ᠎ᠠ᠂ ᠪᠠᠶᠢᠴᠠᠭᠠᠯᠲᠠ ᠶᠢᠨ ᠠᠷᠭ᠎ᠠ ᠮᠠᠶ᠋ᠢᠭ | ᠡᠯ᠎ᠡ ᠪᠠᠶᠢᠴᠭᠠᠯᠲᠠ ᠶᠢᠨ ᠳᠣᠭᠤᠶᠢᠯᠠᠩ ︽ᠭᠤᠷᠪᠠᠨ ᠰᠢᠭᠤᠳ ᠭᠤᠷᠪᠠᠨ ᠦᠭᠡᠢ︾ ︵ᠠᠬᠤᠢ ᠲᠠᠯᠠᠪᠡᠢ ᠳᠤ | ᠰᠢᠭᠤᠳ ᠬᠦᠷᠬᠦ᠂ ᠰᠢᠭᠤᠳ ᠱᠠᠭᠠᠷᠳᠠᠨ ᠪᠠᠶᠢᠴᠠᠭᠠᠬᠤ᠂ ᠰᠢᠭᠤᠳ ᠢᠯᠡᠴᠢᠯᠡᠬᠦ᠂ ᠲᠤᠭᠲᠠᠭᠰᠠᠨ ᠴᠠᠭ ᠦᠭᠡᠢ᠂ | ᠮᠡᠳᠡᠭᠳᠡᠬᠦ ᠦᠭᠡᠢ᠂ ᠮᠡᠳᠡᠭᠦᠯᠦᠯᠲᠡ ᠰᠣᠨᠣᠰᠬᠤ ᠦᠭᠡᠢ︶ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ | ᠰᠣᠯᠪᠢᠴᠠᠨ ᠬᠠᠤᠯᠢ ᠬᠡᠷᠡᠭᠵᠢᠬᠦᠯᠬᠦ᠂ ᠬᠡᠨᠡᠳᠲᠡ ᠪᠠᠷ ᠰᠣᠩᠭᠤᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠨᠢᠭᠤᠴᠠ | ᠪᠠᠷ ᠰᠣᠷᠪᠤᠯᠵᠢᠯᠠᠬᠤ ᠵᠡᠷᠭᠡ ᠬᠠᠤᠯᠢ ᠬᠡᠷᠡᠭᠵᠢᠬᠦᠯᠦᠯᠲᠡ ᠶᠢᠨ ᠠᠷᠭ᠎ᠠ ᠮᠠᠶ᠋ᠢᠭ ᠢ ᠬᠡᠷᠡᠭᠯᠡᠨ᠂ ︽ᠨᠠᠶᠢᠲᠠᠮ︾ ᠵᠢᠴᠢ | ︽ᠪᠡᠯᠴᠢᠷ ᠢ ᠨᠢ ᠤᠯᠬᠤ︾ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠮᠢᠳᠤᠯᠢᠭ ᠬᠡᠷᠡᠭᠯᠡᠵᠦ᠂ ᠠᠵᠢᠯᠯᠠᠭ᠎ᠠ ᠶᠢ | ᠳᠡᠭᠡᠳᠦ ᠪᠠᠷᠢᠮᠵᠢᠶ᠎ᠠ ᠲᠠᠢ᠂ ᠦᠨᠳᠦᠷ ᠪᠦᠲᠦᠮᠵᠢ ᠲᠠᠢ᠂ ᠴᠢᠨᠠᠷᠯᠢᠭ ᠰᠠᠶᠢᠨ ᠪᠡᠶᠡᠯᠡᠬᠦᠯᠬᠦ ᠶᠢ ᠪᠠᠲᠤᠯᠠᠨ᠎ᠠ᠃ ᠡᠬᠦᠨ ᠤ | ᠬᠠᠮᠲᠤ᠂ ᠨᠢᠭᠡᠨᠲᠡ ᠪᠠᠶᠢᠭᠤᠯᠤᠭᠳᠠᠭᠰᠠᠨ ᠠᠭᠠᠷ ᠤᠨ ᠠᠦ᠋ᠲ᠋ᠤ᠋ ᠬᠡᠮᠵᠢᠯᠲᠡ ᠶᠢᠨ ᠦᠷᠲᠡᠭᠡ ᠪᠠ ᠦᠵᠡᠭᠳᠡᠯᠲᠦ ᠬᠢᠨᠠᠨ | ᠬᠠᠮᠢᠶᠠᠷᠤᠯᠲᠠ ᠶᠢᠨ ᠳᠠᠪᠴᠠᠩ ᠢ ᠬᠦᠢᠴᠡᠳ ᠠᠰᠢᠭᠯᠠᠨ᠂ ᠬᠠᠷᠠᠭᠠᠨ ᠲᠠᠪᠲᠠᠮᠵᠢ ᠪᠠᠷ ᠬᠢᠨᠠᠨ ᠡᠵᠡᠮᠳᠡᠬᠦ ᠪᠠ ᠠᠯᠣᠰ | ᠡᠵᠡᠮᠰᠢᠯᠲᠤ ᠨᠢᠰᠭᠡᠯ ᠵᠡᠷᠭᠡ ᠵᠠᠩᠬᠢᠴᠢᠯᠠᠭᠰᠠᠨ ᠠᠷᠭ᠎ᠠ ᠪᠠᠷᠢᠯ ᠳᠤ ᠲᠦᠰᠢᠭᠯᠡᠵᠦ᠂ ᠠᠬᠤᠢ ᠲᠠᠯᠠᠪᠠᠢ ᠶᠢᠨ ᠪᠤᠰᠤ | ᠬᠠᠤᠯᠢ ᠬᠡᠷᠡᠭᠵᠢᠬᠦᠯᠦᠯᠲᠡ ᠪᠠ ᠠᠬᠤᠢ ᠲᠠᠯᠠᠪᠡᠢ ᠶᠢᠨ ᠬᠡᠨᠡᠳᠲᠡ ᠶᠢᠨ ᠪᠠᠶᠢᠴᠠᠭᠠᠯᠲᠠ ᠶᠢ ᠣᠶᠠᠯᠳᠣᠭᠤᠯᠣᠭᠰᠠᠨ | ᠵᠠᠩᠭᠢᠴᠢᠯᠠᠭᠰᠠᠨ ᠬᠢᠨᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠳᠣᠪᠣᠶᠢᠮ᠎ᠠ ᠴᠢᠩᠭᠠᠳᠬᠠᠨ᠎ᠠ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯᠲᠡ ᠲᠠᠨᠢᠯᠲᠠ ᠪᠠᠨ ᠳᠡᠭᠡᠭᠰᠢᠯᠡᠬᠦᠯᠵᠦ᠂ ᠵᠤᠬᠢᠶᠠᠨ ᠪᠠᠶᠢᠭᠤᠯᠤᠨ ᠤᠳᠤᠷᠢᠳᠬᠤ ᠪᠠᠨ | ᠴᠢᠩᠭᠠᠳᠬᠠᠨ᠎ᠠ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠢᠨ ︽ᠳᠦᠷᠪᠡᠨ ᠤᠬᠠᠮᠰᠠᠷ︾ ᠢ ᠪᠠᠲᠤ ᠱᠤᠭᠤᠵᠤ᠂ ᠠᠠᠮᠢ ᠠᠬᠤᠢ ᠶᠢᠨ | ᠪᠤᠯᠪᠠᠰᠣᠨ ᠤ ᠪᠠᠶᠢᠭᠤᠯᠤᠯᠲᠠ ᠶᠢᠨ ᠣᠯᠣᠰ ᠲᠦᠷᠦ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ | 2020 ᠣᠨ ᠤ ︽ᠪᠤᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭ᠎ᠠ ᠶᠢ ᠰᠢ ᠶᠢᠨ ᠫᠢᠩ ᠤᠨ ᠠᠮᠢ ᠠᠬᠤᠢ ᠣᠷᠴᠢᠨ ᠲᠤᠭᠤᠷᠢᠨ ᠤ ᠪᠤᠯᠪᠠᠰᠣᠨ ᠤ | ᠦᠵᠡᠯ ᠰᠠᠨᠠᠭ᠎ᠠ ᠶᠢ ᠲᠤᠤᠱᠯᠠᠭᠤᠯᠬᠤ ᠪᠤᠲᠠᠲᠠᠢ ᠠᠷᠭ᠎ᠠ ᠠᠪᠴᠠᠯ ᠪᠤᠯᠭᠠᠬᠤ ᠬᠡᠷᠡᠭᠲᠡᠢ︔ ᠪᠣᠬᠢᠷᠳᠣᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠠᠵᠢᠯ ᠤᠨ ᠢᠯᠠᠯᠲᠠ ᠶᠢ ᠣᠯᠬᠤ ᠪᠠ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠴᠢᠨᠠᠷᠯᠢᠭ ᠬᠦᠭᠵᠢᠯᠲᠡ ᠶᠢ ᠠᠬᠢᠭᠤᠯᠬᠤ ᠬᠦᠴᠦᠲᠦ ᠵᠡᠪᠰᠡᠭ ᠪᠤᠯᠭᠠᠨ᠂ ᠮᠠᠨ ᠤ | ᠬᠤᠰᠢᠭᠤᠨ ᠤ ᠣᠷᠴᠢᠨ ᠲᠤᠭᠤᠷᠢᠨ ᠤ ᠶᠠᠰᠣ ᠴᠢᠨᠠᠷ ᠤᠨ ᠠᠮᠤᠷ ᠳᠦᠪᠰᠢᠨ ᠢ ᠪᠠᠲᠤᠯᠠᠬᠤ ᠴᠢᠬᠤᠯᠠ ᠭᠠᠷᠳᠠᠴᠠ | ᠪᠤᠯᠭᠠᠬᠤ ᠬᠡᠷᠡᠭᠲᠡᠢ︔ ᠭᠤᠤᠯ ᠣᠳᠣᠷᠢᠳᠣᠯᠭ᠎ᠠ ᠪᠡᠶᠡᠴᠢᠯᠡᠨ ᠠᠳᠬᠤᠵᠤ ᠪᠠᠶᠢᠷᠢᠯᠠᠭᠤᠯᠤᠯᠲᠠ ᠬᠢᠨ᠂ ᠬᠤᠪᠢᠳᠠᠨ | ᠬᠠᠮᠢᠶᠠᠷᠬᠤ ᠣᠳᠣᠷᠢᠳᠣᠯᠭ᠎ᠠ ᠪᠣᠲᠠᠲᠠᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ᠂ | ᠲᠤᠤᠱᠲᠠᠢ ᠪᠠᠶᠢᠴᠠᠭᠠᠬᠤ ᠬᠡᠷᠡᠭᠲᠡᠢ᠃ ᠡᠯ᠎ᠡ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠬᠤᠲᠠ ᠶᠢᠨ ᠱᠠᠲᠤᠨ ᠤ | ᠠᠬᠤᠢ ᠲᠠᠯᠠᠪᠠᠢ ᠶᠢᠨ ᠪᠠᠶᠢᠴᠠᠭᠠᠯᠲᠠ ᠶᠢᠨ ᠳᠣᠭᠤᠶᠢᠯᠠᠩ ᠠᠴᠠ ᠰᠢᠯᠵᠢᠬᠦᠯᠦᠨ ᠬᠦᠢᠴᠡᠳᠭᠡᠭᠦᠯᠦᠭᠰᠡᠨ ᠠᠮᠢ ᠠᠬᠤᠢ | ᠣᠷᠴᠢᠨ ᠲᠤᠭᠤᠷᠢᠨ ᠤ ᠠᠰᠠᠭᠤᠳᠠᠯ ᠢ ᠮᠦᠷᠳᠡᠨ ᠴᠡᠭᠴᠡᠯᠡᠬᠦ ᠠᠵᠢᠯ ᠢ ᠬᠠᠷᠢᠭᠤᠴᠠᠵᠤ᠂ ᠲᠦᠷᠦᠯ ᠳᠠᠷᠠᠭᠠᠯᠠᠨ | ᠴᠡᠭᠴᠡᠯᠡᠨ ᠰᠠᠶᠢᠵᠢᠷᠠᠭᠤᠯᠬᠤ ᠳᠠᠩᠰᠠ ᠪᠠᠶᠢᠭᠤᠯᠤᠨ᠂ ᠬᠠᠷᠢᠭᠤᠴᠠᠯᠭᠠᠲᠠᠨ ᠪᠠ ᠪᠤᠲᠠᠲᠠᠢ ᠪᠡᠶᠡᠯᠡᠬᠦᠯᠬᠦ ᠴᠠᠭ | ᠬᠤᠭᠤᠴᠠᠭ᠎ᠠ ᠶᠢ ᠲᠤᠲᠤᠷᠬᠠᠶᠢᠯᠠᠵᠤ᠂ ᠡᠯ᠎ᠡ ᠲᠦᠷᠦᠯ ᠤᠨ ᠣᠷᠴᠢᠨ ᠲᠤᠭᠤᠷᠢᠨ ᠤ ᠠᠰᠠᠭᠤᠳᠠᠯ ᠤᠨ ᠴᠡᠭᠴᠡᠯᠡᠨ | ᠵᠠᠰᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠯᠲᠠ ᠶᠢᠨ | ᠨᠠᠶᠢᠲᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠪᠠᠶᠢᠴᠠᠭᠠᠯᠲᠠ ᠶᠢᠨ ᠳᠣᠭᠤᠶᠢᠯᠠᠩ ᠳᠤ ᠳᠣᠭᠤᠶᠢᠯᠠᠩ ᠤᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠦᠨ᠂ ᠠᠵᠢᠯ ᠤᠨ ᠬᠤᠪᠢᠶᠠᠷᠢ ᠲᠤᠲᠤᠷᠬᠠᠢ᠂ | ᠬᠠᠷᠢᠭᠤᠴᠠᠯᠭ᠎ᠠ ᠶᠢ ᠬᠦᠮᠦᠨ ᠳᠤ ᠨᠠᠶᠢᠲᠠᠪᠤᠷᠢᠵᠢᠭᠤᠯᠬᠤ᠂ ᠦᠨᠡᠨ ᠪᠤᠲᠠᠲᠠᠢ ᠦᠨᠳᠦᠷ ᠦᠷ᠎ᠡ ᠪᠦᠲᠦᠮᠵᠢᠲᠡᠢ᠂ ᠨᠠᠷᠢᠨ | ᠨᠢᠮᠪᠠᠢ ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠪᠠᠶᠢᠴᠠᠭᠠᠯᠲᠠ ᠶᠢᠨ ᠠᠭᠤᠯᠭ᠎ᠠ ᠶᠢ ᠪᠦᠬᠦ ᠲᠠᠯ᠎ᠠ ᠶᠢᠨ ᠦᠯᠡᠳᠡᠭᠡᠯ | ᠦᠭᠡᠢ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠡᠯ᠎ᠡ ᠱᠠᠲᠤᠨ ᠤ ᠠᠮᠢ ᠠᠬᠤᠢ ᠣᠷᠴᠢᠨ ᠲᠤᠭᠤᠷᠢᠨ ᠤ ᠰᠠᠯᠠᠭ᠎ᠠ | ᠮᠦᠴᠢᠷ ᠤᠨ 2020 ᠣᠨ ᠤ ᠬᠠᠮᠢᠶ᠎ᠠ ᠪᠦᠬᠦᠢ ᠲᠤᠰᠬᠠᠢ ᠪᠠᠶᠢᠴᠠᠭᠠᠯᠲᠠ ᠶᠢᠨ ᠱᠠᠭᠠᠷᠳᠠᠯᠭ᠎ᠠ ᠲᠠᠢ ᠣᠶᠠᠯᠳᠣᠭᠤᠯᠵᠣ᠂ | ᠭᠤᠤᠯᠳᠠᠯᠭ᠎ᠠ ᠶᠢ ᠳᠣᠪᠣᠶᠢᠯᠭᠠᠨ᠂ ᠨᠠᠷᠢᠯᠢᠭ ᠣᠨᠣᠪᠴᠢᠲᠠᠢ ᠪᠠᠷ ᠬᠦᠴᠦᠯᠡᠬᠦ ᠬᠡᠷᠡᠭᠲᠡᠢ᠃ ᠡᠯ᠎ᠡ ᠪᠠᠶᠢᠴᠠᠭᠠᠯᠲᠠ ᠶᠢᠨ | ᠳᠣᠭᠤᠶᠢᠯᠠᠩ ᠤᠨ ᠬᠢᠨ ᠬᠤᠲᠠ ᠶᠢᠨ ᠲᠤᠪᠴᠢᠶᠠᠨ ᠤ ᠪᠠᠶᠢᠴᠠᠭᠠᠯᠲᠠ ᠶᠢᠨ ᠳᠣᠭᠤᠶᠢᠯᠠᠩ ᠤᠨ ᠬᠠᠷᠢᠭᠤ ᠲᠤᠰᠬᠠᠭᠰᠠᠨ | ᠠᠰᠠᠭᠤᠳᠠᠯ ᠢ ᠲᠦᠷᠦᠯ ᠬᠤᠪᠢᠶᠠᠨ ᠡᠮᠬᠢᠯᠡᠵᠦ᠂ ᠬᠤᠭᠤᠴᠠᠭ᠎ᠠ ᠬᠢᠵᠠᠭᠠᠷᠯᠠᠭᠰᠠᠨ ᠴᠡᠭᠴᠡᠯᠡᠨ ᠵᠠᠰᠠᠯᠲᠠ ᠶᠢᠨ | ᠠᠰᠠᠭᠤᠳᠠᠯ ᠳᠤ ᠲᠤᠰᠬᠠᠢ ᠴᠡᠭᠴᠡᠯᠡᠨ ᠵᠠᠰᠠᠯᠲᠠ ᠶᠢᠨ ᠲᠦᠰᠦᠯ ᠲᠤᠭᠲᠠᠭᠠᠨ᠂ ᠴᠡᠭᠴᠡᠯᠡᠨ ᠵᠠᠰᠠᠯᠲᠠ ᠶᠢᠨ ᠠᠬᠢᠴᠠ | ᠶᠢ ᠲᠤᠭᠲᠠᠮᠠᠯ ᠬᠤᠭᠤᠴᠠᠭ᠎ᠠ ᠶᠤᠰᠤᠭᠠᠷ ᠮᠡᠳᠡᠭᠦᠯᠦᠨ ᠬᠦᠷᠭᠡᠵᠦ᠂ ᠣᠷᠴᠢᠨ ᠲᠤᠭᠤᠷᠢᠨ ᠤ ᠬᠠᠤᠯᠢ ᠵᠦᠷᠢᠴᠡᠭᠰᠡᠨ | ᠬᠦᠨᠳᠦ ᠨᠤᠴᠢᠲᠠᠢ ᠠᠵᠢᠯᠯᠠᠭ᠎ᠠ ᠶᠢ ᠬᠢᠵᠠᠭᠠᠷᠯᠠᠭᠰᠠᠨ ᠬᠤᠭᠤᠴᠠᠭ᠎ᠠ ᠲᠤᠲᠤᠷ᠎ᠠ ᠪᠠᠶᠢᠴᠠᠭᠠᠵᠤ ᠰᠢᠢᠳᠬᠡᠨ᠂ | ᠬᠦᠢᠴᠡᠳᠬᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ᠂ ︽ᠬᠠᠷᠭᠤᠭᠤᠯᠤᠨ ᠪᠠᠶᠢᠴᠠᠭᠠᠯᠲᠠ᠂ | ᠬᠦᠢᠴᠡᠳᠬᠡᠯ᠂ ᠴᠡᠭᠴᠡᠯᠡᠨ ᠵᠠᠰᠠᠯᠲᠠ ᠶᠢ ᠣᠷᠣᠨᠵᠢᠭᠤᠯᠬᠤ︾ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠲᠠᠢ | ᠠᠵᠤ ᠠᠬᠤᠶᠢᠯᠠᠯ ᠢ ᠲᠠᠪᠲᠠᠨ ᠬᠢᠨᠠᠬᠤ ᠰᠢᠪᠡᠳᠡᠯᠲᠡ ᠪᠠᠶᠢᠴᠠᠭᠠᠯᠲᠠ ᠶᠢᠨ ᠬᠦᠴᠦᠯᠡᠴᠡ ᠪᠠ ᠣᠳᠠᠭ᠎ᠠ ᠳᠠᠷᠠᠭ᠎ᠠ ᠶᠢ | ᠶᠡᠬᠡᠳᠬᠡᠨ᠂ ᠣᠷᠴᠢᠨ ᠲᠤᠭᠤᠷᠢᠨ ᠤ ᠡᠯ᠎ᠡ ᠲᠦᠷᠦᠯ ᠤᠨ ᠠᠰᠠᠭᠤᠳᠠᠯ ᠤᠨ ᠴᠡᠭᠴᠡᠯᠡᠨ ᠵᠠᠰᠠᠯᠲᠠ ᠶᠢ | ᠨᠠᠶᠢᠲᠠᠪᠤᠷᠢᠵᠢᠭᠤᠯᠤᠭᠰᠠᠨ ᠪᠠᠶᠢᠳᠠᠯ ᠢ ᠦᠨᠡᠨ ᠬᠦ ᠡᠵᠡᠮᠰᠢᠬᠦ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ | ᠡᠯ᠎ᠡ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠲᠦᠪ ᠬᠤᠷᠢᠶᠠᠨ ᠤ ᠨᠠᠢᠮᠠᠨ ᠲᠦᠷᠦᠯ ᠤᠨ | ᠲᠤᠭᠲᠠᠭᠠᠯ ᠤᠨ ᠵᠤᠷᠢᠭ ᠰᠠᠨᠠᠭ᠎ᠠ ᠵᠢᠴᠢ ᠦᠪᠡᠷᠲᠡᠭᠡᠨ ᠵᠠᠰᠠᠬᠤ ᠤᠷᠤᠨ᠂ ᠬᠤᠲᠠ ᠪᠠ ᠮᠠᠨ ᠤ ᠬᠤᠰᠢᠭᠤᠨ ᠤ ᠡᠯ᠎ᠡ | ᠲᠦᠷᠦᠯ ᠤᠨ ᠲᠦᠭᠦᠷ ᠲᠤᠭᠲᠠᠭᠠᠯ ᠢ ᠴᠢᠩᠭ᠎ᠠ ᠬᠡᠷᠡᠭᠵᠢᠬᠦᠯᠦᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ | ᠡᠯ᠎ᠡ ᠲᠦᠷᠦᠯ ᠤᠨ ᠠᠵᠢᠯ ᠤᠨ ᠲᠤᠭᠲᠠᠴᠠ ᠪᠠ ᠲᠤᠭᠲᠠᠭᠠᠯ ᠢ ᠨᠠᠶᠢᠲᠠᠪᠤᠷᠢᠵᠢᠭᠤᠯᠵᠤ᠂ ᠠᠵᠢᠯᠯᠠᠭᠠᠨ ᠤ ᠴᠢᠨᠠᠷ | ᠴᠢᠨᠰᠠᠭ᠎ᠠ ᠶᠢ ᠪᠠᠲᠤᠯᠠᠨ᠂ ᠰᠢᠯᠵᠢᠬᠦᠯᠦᠨ ᠬᠦᠢᠴᠡᠳᠭᠡᠬᠦᠯᠦᠭᠰᠡᠨ ᠠᠮᠢ ᠠᠬᠤᠢ ᠣᠷᠴᠢᠨ ᠲᠤᠭᠤᠷᠢᠨ ᠤ ᠠᠰᠠᠭᠤᠳᠠᠯ | ᠳᠤ ᠲᠦᠪ ᠴᠢᠩᠭ᠎ᠠ ᠨᠠᠷᠢᠨ ᠬᠢᠨᠠᠮᠠᠭᠠᠢ ᠪᠠᠷ ᠬᠠᠨᠳᠣᠵᠣ᠂ ᠠᠵᠢᠯᠲᠠᠨ ᠢᠶᠠᠨ ᠵᠤᠬᠢᠶᠠᠨ ᠪᠠᠶᠢᠭᠤᠯᠤᠨ ᠬᠠᠮᠤᠭ ᠤᠨ | ᠲᠡᠷᠢᠬᠦᠨ ᠳᠤ ᠠᠬᠤᠢ ᠲᠡᠯᠡᠪᠡᠢ ᠲᠤ ᠬᠦᠷᠴᠦ᠂ ᠬᠠᠷᠭᠤᠭᠤᠯᠤᠨ ᠪᠠᠶᠢᠴᠠᠭᠠᠬᠤ᠂ ᠪᠠᠶᠢᠴᠠᠭᠠᠯᠲᠠ ᠬᠢᠬᠦ ᠪᠠ ᠭᠡᠷᠡᠴᠢ | ᠠᠪᠬᠤ ᠬᠡᠷᠡᠭᠲᠡᠢ᠃ ᠣᠷᠴᠢᠨ ᠲᠤᠭᠤᠷᠢᠨ ᠤ ᠬᠠᠤᠯᠢ ᠵᠦᠷᠢᠴᠡᠭᠰᠡᠨ ᠬᠦᠨᠳᠦ ᠨᠣᠴᠢᠲᠠᠢ ᠳᠣᠪᠣᠶᠢᠮ᠎ᠠ ᠠᠰᠠᠭᠤᠳᠠᠯ | ᠣᠷᠣᠰᠢᠵᠦ ᠪᠠᠶᠢᠭ᠎ᠠ ᠠᠵᠤ ᠠᠬᠤᠶᠢᠯᠠᠯ ︵ᠪᠠᠶᠢᠭᠤᠯᠭ᠎ᠠ ᠨᠢᠭᠡᠴᠡ︶ ᠳᠤ ᠬᠠᠤᠯᠢ ᠶᠢ ᠵᠠᠪᠠᠯ ᠴᠢᠩᠭ᠎ᠠ ᠬᠡᠷᠡᠭᠵᠢᠬᠦᠯᠵᠦ᠂ | ᠬᠠᠤᠯᠢ ᠠᠴᠠ ᠵᠦᠷᠢᠴᠡᠪᠡᠯ ᠵᠠᠪᠠᠯ ᠰᠢᠢᠳᠬᠡᠬᠦ ᠶᠢ ᠪᠠᠷᠢᠮᠲᠠᠯᠠᠬᠤ ᠬᠡᠷᠡᠭᠲᠡᠢ᠃ ᠬᠡᠷᠡᠭ ᠪᠤᠯᠭᠠᠭᠰᠠᠨ ᠦᠭᠡᠢ᠂ | ᠰᠢᠢᠳᠬᠡᠭᠰᠡᠨ ᠦᠭᠡᠢ᠂ ᠴᠡᠭᠴᠡᠯᠡᠨ ᠵᠠᠰᠠᠯᠲᠠ ᠶᠢᠨ ᠡᠭᠦᠷᠭᠡ ᠶᠢ ᠴᠠᠭ ᠬᠤᠭᠤᠴᠠᠭᠠᠨ ᠤ ᠱᠠᠭᠠᠷᠳᠠᠯᠭ᠎ᠠ ᠶᠤᠰᠤᠭᠠᠷ | ᠠᠬᠢᠭᠤᠯᠤᠭᠰᠠᠨ ᠦᠭᠡᠢ ᠪᠤᠶᠤ ᠤᠯᠠᠨᠲᠠ ᠪᠠᠶᠢᠴᠠᠭᠠᠭᠰᠠᠨ ᠪᠤᠯᠪᠠᠴᠤ ᠵᠠᠯᠠᠭᠤᠷᠠᠭᠤᠯᠬᠤ ᠦᠭᠡᠢ᠂ ᠡᠰᠡᠭᠦᠯ᠎ᠡ ᠠᠵᠢᠯ ᠤᠨ | ᠶᠠᠪᠤᠴᠠ ᠳᠤ ᠠᠯᠪᠠ ᠬᠠᠰᠢᠵᠦ ᠠᠮᠠ ᠪᠦᠭᠯᠡᠭᠰᠡᠨ᠂ ᠰᠢᠯᠲᠠᠭᠯᠠᠵᠤ ᠵᠠᠶᠢᠯᠠᠭᠰᠠᠨ᠂ ᠬᠤᠳᠠᠯ ᠬᠠᠭᠤᠷᠮᠠᠭ ᠢᠶᠠᠷ | ᠵᠤᠬᠢᠶᠠᠭᠰᠠᠨ ᠰᠠᠯᠠᠭ᠎ᠠ ᠮᠦᠴᠢᠷ ᠪᠠ ᠬᠤᠪᠢ ᠬᠦᠮᠦᠨ ᠠᠴᠠ ᠬᠤᠯᠪᠤᠭᠳᠠᠯ ᠪᠦᠬᠦᠢ ᠬᠠᠤᠯᠢ ᠳᠦᠷᠢᠮ ᠶᠤᠰᠤᠭᠠᠷ ᠲᠦᠪ | ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠳᠦᠷᠪᠡ︶ ᠤᠬᠠᠭᠤᠯᠭ᠎ᠠ ᠮᠡᠳᠡᠭᠡᠯᠡᠯ ᠢ ᠴᠢᠩᠭᠠᠳᠬᠠᠵᠤ᠂ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠤᠬᠠᠭᠤᠯᠵᠤ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ ᠶᠢᠨ | ᠰᠠᠭᠤᠳᠠᠯ ᠤᠨ ᠬᠤᠷᠠᠯ ᠤᠨ ᠵᠤᠷᠢᠭ ᠰᠠᠨᠨᠠᠭᠠ ᠶᠢ ᠲᠤᠤᠱᠯᠠᠭᠤᠯᠵᠤ ᠨᠠᠶᠢᠲᠠᠪᠤᠷᠢᠵᠭᠤᠯᠤᠨ᠂ ︽ᠪᠣᠬᠢᠷᠳᠣᠯ ᠢ | ᠡᠷᠴᠢᠮᠲᠠᠢ ᠵᠠᠰᠠᠬᠤ︾ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠬᠦᠯᠦᠯᠲᠡ ᠶᠢᠨ ᠠᠵᠢᠯᠯᠠᠭᠠᠨ ᠤ ᠳᠣᠮᠳᠠ | ᠢᠯᠡᠷᠡᠭᠰᠡᠨ ᠰᠢᠯᠢᠳᠡᠭ ᠲᠤᠷᠰᠢᠯᠭ᠎ᠠ᠂ ᠰᠠᠶᠢᠨ ᠠᠷᠭ᠎ᠠ ᠬᠡᠮᠵᠢᠶ᠎ᠡ ᠶᠢ ᠡᠷᠴᠢᠮᠲᠡᠢ ᠣᠬᠠᠭᠤᠯᠵᠤ᠂ ᠬᠤᠲᠠ᠂ ᠬᠤᠰᠢᠭᠤ | ᠬᠤᠶᠠᠷ ᠱᠠᠲᠤᠨ ᠤ ᠭᠤᠤᠯᠯᠠᠭᠴᠢ ᠵᠠᠭᠤᠴᠢᠯᠠᠭᠤᠷ ᠢᠶᠠᠷ ᠲᠦᠪᠯᠡᠷᠡᠩᠭᠦᠢ ᠮᠡᠳᠡᠭᠡᠯᠡᠨ᠂ ᠪᠦᠬᠦ ᠨᠠᠶᠢᠬᠡᠮ ᠢᠶᠠᠷ ᠢᠶᠠᠨ ᠠᠮᠢ | ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠳᠤ ᠣᠷᠣᠯᠴᠠᠬᠤ ᠤᠬᠢ ᠰᠠᠶᠢᠨ ᠣᠷᠴᠢᠨ ᠢ ᠪᠦᠷᠢᠯᠳᠦᠬᠦᠯᠬᠦ ᠬᠡᠷᠡᠭᠲᠡᠢ᠃ | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 6 ᠰᠠᠷ᠎ᠠ ᠶᠢᠨ 11 ᠤ ᠡᠳᠤᠷ ᠲᠠᠷᠤᠮᠠᠯᠯᠠᠨ ᠲᠠᠷᠬᠠᠭᠠᠪᠠ |