︽ᠣᠲᠤᠭ ᠤᠨ ᠡᠮᠦᠨᠡᠲᠦ ᠬᠤᠰᠢᠭᠤᠨ ᠤ 2020 ᠣᠨ ᠤ ︿ᠪᠤᠬᠢᠷᠳᠣᠯ ᠢ ᠡᠷᠴᠢᠮᠲᠠᠢ ᠵᠠᠰᠠᠬᠤ﹀ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠤ ᠠᠯᠪᠠᠨ ᠭᠡᠷ ᠤᠨ ᠮᠡᠳᠡᠭᠳᠡᠯ | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄ | ︽ᠣᠲᠤᠭ ᠤᠨ ᠡᠮᠦᠨᠡᠲᠦ ᠬᠤᠰᠢᠭᠤᠨ ᠤ 2020 ᠣᠨ ᠤ ︿ᠪᠤᠬᠢᠷᠳᠣᠯ ᠢ ᠡᠷᠴᠢᠮᠲᠡᠢ ᠵᠠᠰᠠᠬᠤ﹀ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠤᠲᠠᠲᠠᠢ ᠲᠠᠢ ᠣᠶᠠᠯᠳᠣᠭᠤᠯᠵᠣ᠂ ᠨᠠᠷᠢᠨ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 11 ᠤ ᠡᠳᠦᠷ | | ᠣᠲᠤᠭ ᠤᠨ ᠡᠮᠦᠨᠡᠲᠦ ᠬᠤᠰᠢᠭᠤᠨ ᠤ 2020 ᠣᠨ ︿ᠪᠤᠬᠢᠷᠳᠣᠯ ᠢ ᠡᠷᠴᠢᠮᠲᠠᠢ ᠵᠠᠰᠠᠬᠤ﹀ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ | ᠬᠡᠷᠡᠭᠵᠢᠬᠦᠯᠦᠯᠲᠡ ᠶᠢᠨ ᠠᠵᠢᠯᠯᠠᠭᠠᠨ ᠤ ᠲᠦᠰᠦᠯ | | | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠮᠢ ᠠᠬᠤᠢ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢᠨ᠎ᠡ ᠴᠠᠭ ᠦᠶ᠎ᠡ᠂ ᠰᠢᠨ᠎ᠡ | ᠪᠠᠶᠢᠳᠠᠯ᠂ ᠰᠢᠨ᠎ᠡ ᠱᠠᠭᠠᠷᠳᠠᠯᠭ᠎ᠠ ᠳᠤ ᠵᠤᠬᠢᠴᠠᠨ᠂ ᠠᠮᠢ ᠠᠬᠤᠢ ᠣᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠬᠦᠴᠦᠯᠡᠴᠡ ᠶᠢ ᠣᠯᠠᠮ ᠨᠢᠭᠡ ᠠᠯᠬᠤᠮ | ᠴᠢᠩᠭᠠᠳᠬᠠᠵᠤ᠂ ᠠᠮᠢ ᠠᠬᠤᠢ ᠣᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠮᠠᠨ ᠤ ᠬᠤᠰᠢᠭᠤᠨ ᠤ ᠣᠷᠴᠢᠨ ᠲᠤᠭᠤᠷᠢᠨ ᠤ ᠶᠠᠰᠣ ᠴᠢᠨᠠᠷ | ᠪᠠ ᠠᠮᠤᠷ ᠳᠦᠪᠰᠢᠨ ᠢ ᠪᠠᠲᠤᠯᠠᠵᠤ᠂ ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠤᠨ ᠢᠯᠯᠠᠲᠠ ᠳᠤ ᠬᠦᠴᠦᠨ ᠨᠡᠮᠡᠷᠢᠯᠡᠨ᠂ ᠬᠠᠲᠤᠨ ᠭᠤᠤᠯ | ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠰᠣᠳᠣᠯᠣᠨ ᠶᠠᠷᠢᠯᠴᠠᠬᠤ ᠪᠠᠷ ᠳᠠᠮᠵᠢᠭᠠᠳ᠂ | ᠦᠨᠦ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ 2020 ᠤᠨ ᠤ ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ ᠤᠷᠴᠢᠨ ᠲᠤᠭᠤᠷᠢᠨ | ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠢ ᠦᠷᠨᠢᠭᠦᠯᠬᠦ ᠪᠠᠷ ᠲᠤᠭᠲᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠣᠮᠳᠠᠳᠣ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠤ᠂ ᠨᠠᠶᠢᠬᠡᠮ ᠵᠢᠷᠤᠮ ᠤᠨ ᠠᠮᠢ ᠠᠬᠤᠢ ᠶᠢᠨ ᠪᠣᠯᠪᠠᠰᠣᠨ ᠤ | ᠦᠵᠡᠯᠲᠡ ᠶᠢ ᠪᠠᠲᠤ ᠱᠤᠭᠤᠨ᠂ ︽ᠲᠠᠪᠤ ᠶᠢ ᠢᠵᠢ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠪᠠ ︽ | ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠠᠰᠠᠭᠤᠳᠠᠯ ᠢᠶᠠᠷ ᠣᠳᠣᠷᠢᠳᠣᠮᠵᠢ ᠪᠤᠯᠭᠠᠬᠤ᠂ | ᠬᠠᠤᠯᠢ ᠳᠦᠷᠢᠮ ᠶᠤᠰᠤᠭᠠᠷ ᠶᠠᠪᠤᠭᠳᠠᠭᠤᠯᠬᠤ᠂ ᠦᠩᠭᠡ ᠦᠨᠳᠦᠰᠦ ᠶᠢ ᠵᠡᠷᠭᠡᠪᠡᠷ ᠵᠠᠰᠠᠬᠤ ᠵᠠᠷᠴᠢᠮ ᠢ ᠪᠠᠷᠢᠮᠲᠠᠯᠠᠨ᠂ ᠠᠮᠢ ᠠᠬᠤᠢ ᠣᠷᠴᠢᠨ ᠲᠤᠭᠤᠷᠢᠨ ᠤ | ᠬᠠᠮᠠᠭᠠᠯᠠᠯᠲᠠ ᠶᠢᠨ ︽ᠨᠠᠮ ᠵᠠᠰᠠᠭ ᠢᠵᠢᠯ ᠬᠠᠷᠢᠭᠤᠴᠠᠯᠭ᠎ᠠ᠂ ᠨᠢᠭᠡ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠲᠠᠪᠤᠷᠢᠵᠢᠭᠤᠯᠵᠤ᠂ ᠠᠮᠢ ᠠᠬᠤᠢ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠳᠣᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠠᠯᠲᠠ ᠭᠡᠮ ᠢ ᠨᠠᠷᠢᠨ ᠬᠢᠨᠠᠮᠠᠭᠠᠢ ᠦᠯᠡᠳᠡᠭᠡᠯ ᠦᠭᠡᠢ ᠪᠠᠶᠢᠴᠠᠭᠠᠨ᠂ | ᠠᠮᠢ ᠠᠬᠤᠢ ᠣᠷᠴᠢᠨ ᠲᠤᠭᠤᠷᠢᠨ ᠤ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠢ ᠠᠬᠤᠢ ᠣᠷᠴᠢᠨ ᠲᠤᠭᠤᠷᠢᠨ ᠤ ᠶᠠᠰᠣ ᠴᠢᠨᠠᠷ ᠢ ᠴᠢᠷᠮᠠᠶᠢᠨ | ᠰᠠᠶᠢᠵᠢᠷᠠᠭᠤᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠳᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠬᠦᠯᠵᠦ᠂ ᠡᠬᠡ ᠤᠯᠤᠰ ᠤᠨ ᠣᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢᠨ ᠣᠲᠤᠭ ᠤᠨ ᠡᠮᠦᠨᠡᠲᠦ ᠬᠤᠰᠢᠭᠤᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠬᠤᠶᠠᠷ᠂ ᠶᠡᠷᠦᠩᠬᠡᠢ ᠬᠠᠷᠠᠯᠲᠠ | 2020 ᠣᠨ ᠤ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠢᠶᠠᠷ | ᠳᠠᠮᠵᠢᠭᠤᠯᠤᠨ᠂ ᠭᠤᠤᠯᠳᠠᠯᠭᠠᠲᠤ ᠣᠷᠣᠨ ᠬᠡᠪᠴᠢᠶ᠎ᠠ ᠠᠵᠢᠯ ᠲᠦᠷᠦᠯ ᠤᠨ ᠣᠷᠴᠢᠨ ᠲᠤᠭᠤᠷᠢᠨ ᠤ ᠶᠠᠰᠣ ᠴᠢᠨᠠᠷ ᠢ ᠢᠯᠡᠷᠬᠡᠢ ᠰᠠᠶᠢᠵᠢᠷᠠᠭᠤᠯᠤᠨ᠂ ᠠᠮᠢ ᠠᠬᠤᠢ | ᠣᠷᠴᠢᠨ ᠲᠤᠭᠤᠷᠢᠨ ᠤ ᠭᠤᠤᠯᠳᠠᠯᠭᠠᠲᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠮᠢ ᠠᠬᠤᠢ ᠣᠷᠴᠢᠨ ᠲᠤᠭᠤᠷᠢᠨ ᠤ ᠬᠦᠷᠢᠶ᠎ᠡ ᠴᠠᠷᠠᠭ᠎ᠠ ᠠᠵᠢᠯ ᠲᠦᠷᠦᠯ | ᠳᠠᠬᠢ ᠳᠦᠷᠢᠮᠵᠢᠬᠦᠨ ᠪᠤᠰᠤ ᠦᠵᠡᠭᠳᠡᠯ ᠢ ᠦᠨᠳᠦᠰᠦᠨ ᠠᠴᠠ ᠨᠢ ᠬᠢᠵᠠᠭᠠᠷᠯᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠠᠪᠤᠴᠠ ᠳᠤ ᠢᠯᠡᠷᠡᠭᠦᠯᠦᠭᠰᠡᠨ ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢᠨ ᠲᠤᠲᠠᠭᠤᠳᠠᠯ ᠢ ᠨᠦᠬᠦᠪᠦᠷᠢᠯᠡᠵᠦ᠂ ᠪᠣᠯᠪᠠᠰᠣᠷᠠᠩᠭᠤᠢ | ᠲᠤᠷᠰᠢᠯᠭ᠎ᠠ ᠠᠷᠭ᠎ᠠ ᠪᠠᠷᠢᠯ ᠢᠶᠠᠨ ᠳ᠋ᠦᠩᠨᠡᠵᠦ᠂ ᠳᠦᠷᠢᠮ ᠲᠤᠭᠲᠠᠭᠠᠯ ᠤᠨ ᠦᠷ᠎ᠡ ᠪᠦᠲᠦᠮᠵᠢ ᠶᠢ ᠬᠤᠪᠢᠷᠠᠭᠠᠨ᠂ ᠴᠤᠬᠢᠯᠲᠠ ᠦᠭᠭᠦ᠂ ᠴᠡᠭᠴᠡᠯᠡᠨ ᠵᠠᠰᠠᠬᠤ᠂ | ᠬᠠᠮᠢᠶᠠᠷᠬᠤ᠂ ᠪᠦᠲᠦᠭᠡᠨ ᠪᠠᠶᠢᠭᠤᠯᠬᠤ ᠳᠠᠭᠠᠭᠠᠮᠠᠭᠠᠢ ᠲᠤᠭᠲᠠᠴᠠ ᠶᠢ ᠪᠦᠷᠢᠯᠳᠦᠬᠦᠯᠵᠦ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠭ | ᠵᠠᠬᠢᠷᠭᠠᠨ ᠤ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠲᠦᠮᠡᠨ ᠤ ᠠᠮᠢ ᠠᠬᠤᠢ ᠣᠷᠴᠢᠨ | ᠲᠤᠭᠤᠷᠢᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠠᠭᠠᠷ ᠮᠠᠨᠳᠠᠯ ᠤᠨ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠬᠡ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠎ᠠ᠃ ︽2019 — | 2020 ᠤᠨ ᠤ ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠡᠭᠦᠷᠭᠡ ᠶᠢᠨ ᠨᠠᠷᠢᠨ ᠳᠠᠩᠰᠠ︾ ᠳᠤ ᠰᠠᠭᠤᠷᠢᠯᠠᠵᠤ᠂ ᠠᠭᠤᠷᠬᠠᠢ ᠶᠢᠨ | ᠣᠷᠣᠨ ᠤ ᠲᠤᠭᠤᠰᠤᠨ ᠪᠤᠬᠢᠷᠳᠤᠯ ᠤᠨ ᠴᠡᠭᠴᠡᠯᠡᠨ ᠵᠠᠰᠠᠯᠲᠠ᠂ ᠭᠤᠤᠯᠳᠠᠯᠭᠠᠲᠤ ᠣᠷᠣᠨ ᠬᠡᠪᠴᠢᠶᠡᠨ ᠤ ᠭᠠᠳᠠᠭᠰᠢᠯᠠᠭᠤᠯᠤᠯᠲᠠ᠂ ᠨᠣᠨᠲᠠᠭ ᠮᠠᠲ᠋ᠧᠷᠢᠶᠠᠯ ᠪᠠᠷᠠᠭ᠎ᠠ | ᠣᠪᠣᠭᠠᠯᠠᠬᠤ ᠲᠡᠯᠡᠪᠤᠷ ᠤᠨ ᠪᠢᠲᠡᠭᠦᠮᠵᠢᠯᠡᠯᠲᠡ᠂ ︽ ᠲᠦᠯᠦᠪᠵᠢᠬᠦᠯᠭᠡ ᠲᠤᠬᠢᠷᠠᠮᠵᠢ ᠦᠭᠡᠢ ᠳᠦᠷᠢᠮᠵᠢᠬᠦᠨ ᠪᠣᠰᠣ ᠪᠤᠬᠢᠷᠳᠣᠯ ᠲᠠᠢ︾ ᠠᠵᠤ ᠠᠬᠤᠶᠢᠯᠠᠯ ᠤᠨ | ᠴᠡᠭᠴᠡᠯᠡᠨ ᠵᠠᠰᠠᠯᠲᠠ᠂ ᠵᠢᠵᠢᠭ ᠬᠡᠯᠪᠡᠷᠢ ᠶᠢᠨ ᠨᠡᠭᠦᠷᠡᠰᠦᠨ ᠵᠤᠤᠬ᠎ᠠ ᠶᠢ ᠨᠤᠷᠠᠭᠠᠬᠤ᠂ ᠨᠡᠭᠦᠷᠡᠰᠦᠨ ᠵᠤᠤᠬ᠎ᠠ ᠶᠢᠨ ᠴᠡᠭᠴᠡᠯᠡᠨ ᠵᠠᠰᠠᠯᠲᠠ᠂ ᠳᠡᠭᠳᠡᠯᠲᠡ ᠶᠢᠨ ᠴᠢᠨᠠᠷᠲᠠᠢ | ᠣᠷᠭᠠᠨᠢᠭ ᠪᠤᠳᠠᠰ ᠤᠨ ᠵᠠᠰᠠᠯᠲᠠ᠂ ᠠᠵᠤ ᠦᠢᠯᠡᠳᠪᠤᠷᠢ ᠶᠢᠨ ᠵᠤᠤᠬ᠎ᠠ ᠶᠢᠨ ᠬᠠᠶᠠᠭᠳᠠᠮᠠᠯ ᠬᠡᠢ ᠶᠢᠨ ᠵᠠᠰᠠᠯᠲᠠ᠂ ᠮᠠᠰᠢᠨ ᠲᠡᠷᠭᠡ ᠶᠢᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠯᠭᠠᠨ ᠪᠠᠶᠢᠴᠠᠭᠠᠯᠲᠠ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠂ ᠭᠤᠤᠯᠳᠠᠯᠭᠠᠲᠤ ᠣᠷᠣᠨ ᠬᠡᠪᠴᠢᠶᠡᠨ ᠤ ᠪᠠᠶᠢᠴᠠᠭᠠᠯᠲᠠ | ᠶᠢ ᠪᠦᠬᠦ ᠵᠢᠯ ᠤᠨ ᠠᠵᠢᠯᠯᠠᠭᠠᠨ ᠳᠤ ᠣᠷᠣᠭᠤᠯᠵᠣ᠂ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ | ︵ᠬᠤᠶᠠᠷ︶ ᠣᠰᠣᠨ ᠤ ᠪᠣᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠎ᠠ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ ᠪᠠᠷ ᠭᠤᠤᠯ ᠪᠤᠯᠭᠠᠨ᠂ ᠬᠠᠲᠤᠨ ᠭᠤᠤᠯ ᠤᠨ ᠰᠠᠪᠠ ᠭᠠᠵᠠᠷ ᠤᠨ ᠮᠠᠨ ᠤ | ᠬᠤᠰᠢᠭᠤᠨ ᠳᠠᠬᠢ ᠰᠠᠯᠪᠤᠷᠢ ᠤᠷᠤᠰᠬᠠᠯ ᠪᠠ ᠭᠤᠤᠯ ᠣᠷᠣᠰᠬᠠᠯ ᠤᠨ ᠭᠤᠤᠯ ᠭᠤᠷᠤᠬ᠎ᠠ ᠨᠠᠭᠤᠷ ᠪᠦᠷᠢᠳᠦ ᠳᠤ ᠴᠢᠳᠬᠤᠬᠤ ᠬᠡᠰᠡᠭ ᠤᠨ ᠭᠠᠳᠠᠭᠰᠢᠯᠠᠭᠤᠯᠬᠤ ᠠᠮᠠᠰᠠᠷ | ᠢ ᠪᠦᠬᠦ ᠲᠠᠯ᠎ᠠ ᠪᠠᠷ ᠲᠤᠶᠢᠯᠪᠤᠷᠢᠲᠡᠢ ᠪᠠᠶᠢᠴᠠᠭᠠᠵᠤ᠂ ᠭᠤᠤᠯᠳᠠᠭᠤ ᠶᠡᠭᠡ ᠲᠤᠬᠤᠢ ᠶᠢᠨ ᠭᠤᠤᠯᠳᠠᠯᠭᠠᠲᠤ ᠣᠰᠣᠨ ᠴᠦᠬᠦᠷᠦᠮ᠂ ᠣᠶᠢᠷ᠎ᠠ ᠬᠠᠪᠢ ᠶᠢᠨ ᠣᠰᠣ ᠲᠠᠢ | ᠬᠤᠯᠪᠤᠭᠳᠠᠬᠤ ᠠᠵᠤ ᠠᠬᠤᠶᠢᠯᠠᠯ ᠳᠤ ᠬᠠᠤᠯᠢ ᠬᠡᠷᠡᠭᠵᠢᠬᠦᠯᠬᠦ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠨ᠂ ᠡᠬᠦᠨ ᠤ ᠬᠠᠮᠲᠤ ︽2019 — 2020 | ᠤᠨ ᠤ ᠪᠤᠬᠢᠷᠳᠣᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠡᠭᠦᠷᠭᠡ ᠶᠢᠨ ᠨᠠᠷᠢᠨ ᠳᠠᠩᠰᠠ︾ ᠳᠤ ᠰᠠᠭᠤᠷᠢᠯᠠᠵᠤ᠂ ᠲᠦᠪᠯᠡᠷᠡᠩᠭᠦᠢ ᠮᠠᠶ᠋ᠢᠭ ᠤᠨ | ᠤᠰᠤ ᠤᠮᠳᠠ ᠶᠢᠨ ᠡᠬᠢ ᠶᠢᠨ ᠬᠠᠮᠠᠭᠠᠯᠠᠯᠲᠠ᠂ ᠬᠤᠲᠠ ᠪᠠᠯᠭᠠᠰᠣᠨ ᠤ ᠪᠤᠬᠢᠷ ᠣᠰᠣ ᠰᠢᠢᠳᠪᠦᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠬᠦ | ᠦᠭᠡᠷᠡᠴᠢᠯᠠᠯᠲᠠ ᠶᠢᠨ ᠪᠠᠷᠢᠯᠭ᠎ᠠ ᠶᠢᠨ ᠠᠬᠢᠴᠠ᠂ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠬᠠᠶᠠᠭᠳᠠᠮᠠᠯ ᠣᠰᠣᠨ ᠤ ᠰᠢᠢᠳᠪᠦᠷᠢᠯᠡᠯᠲᠡ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠰᠣᠨ ᠤ ᠪᠣᠬᠢᠷᠳᠣᠯ ᠤᠨ ᠰᠡᠷᠭᠡᠶᠢᠯᠡᠨ ᠵᠠᠰᠠᠯᠲᠠ ᠵᠢᠴᠢ ᠳᠠᠪᠤᠰᠤᠯᠢᠭ ᠣᠰᠣᠨ ᠤ ᠲᠤᠰᠬᠠᠢ ᠵᠠᠰᠠᠯᠲᠠ ᠶᠢ | ᠠᠬᠢᠭᠤᠯᠬᠤ ᠵᠡᠷᠭᠡ ᠠᠭᠤᠯᠭ᠎ᠠ ᠳᠤ ᠴᠢᠭᠯᠡᠭᠦᠯᠦᠨ ᠪᠦᠬᠦ ᠲᠠᠯ᠎ᠠ ᠶᠢᠨ ᠪᠠᠶᠢᠴᠠᠭᠠᠯᠲᠠ ᠦᠷᠨᠢᠭᠦᠯᠦᠨ᠎ᠡ᠃ | ︵ᠭᠤᠷᠪᠠ︶ ᠬᠦᠷᠦᠰᠦᠨ ᠤ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠎ᠠ᠃ ᠰᠢᠶᠠᠩ ᠪᠠᠯᠭᠠᠰᠣ᠂ | ᠬᠦᠳᠡᠭᠡ ᠲᠤᠰᠬᠤᠨ ᠤ ᠨᠢᠭᠡᠨᠲᠡ ᠪᠠᠶᠢᠭᠤᠯᠤᠭᠳᠠᠭᠰᠠᠨ ᠪᠣᠬᠢᠷ ᠣᠰᠣᠨ ᠤ ᠵᠠᠰᠠᠯᠲᠠ ᠶᠢᠨ ᠳᠦᠬᠦᠭᠡᠷᠦᠮᠵᠢ ᠶᠢᠨ ᠪᠠᠷᠢᠮᠵᠢᠶᠠᠨ ᠳᠤ ᠨᠡᠶᠢᠴᠡᠭᠰᠡᠨ | ᠭᠠᠳᠠᠭᠰᠢᠯᠠᠭᠤᠯᠤᠯᠲᠠ ᠶᠢᠨ ᠪᠠᠶᠢᠳᠠᠯ᠂ ᠲᠣᠰᠣ ᠨᠡᠮᠡᠬᠦ ᠦᠷᠲᠡᠭᠡᠨ ᠤ ᠭᠠᠵᠠᠷ ᠳᠣᠣᠷᠠᠬᠢ ᠲᠤᠰᠤᠨ ᠰᠠᠪᠠ ᠶᠢᠨ ᠰᠢᠨᠡᠳᠬᠡᠨ ᠦᠭᠡᠷᠡᠴᠢᠯᠡᠯᠲᠡ᠂ ᠪᠦᠬᠦ ᠬᠤᠰᠢᠭᠤᠨ ᠤ | ᠬᠡᠪᠴᠢᠶᠡᠵᠢᠭᠰᠡᠨ ᠲᠡᠵᠢᠭᠡᠪᠤᠷᠢ ᠶᠢᠨ ᠲᠠᠯᠠᠪᠠᠢ ᠶᠢᠨ ᠣᠷᠴᠢᠨ ᠲᠤᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠬᠡᠷᠡᠭᠵᠢᠬᠦᠯᠦᠭᠰᠡᠨ ᠪᠠᠶᠢᠳᠠᠯ ᠪᠠ ᠪᠤᠬᠢᠷᠳᠣᠯ ᠢ | ᠰᠡᠷᠭᠡᠶᠢᠯᠡᠨ ᠵᠠᠰᠠᠬᠤ ᠳᠦᠬᠦᠭᠡᠷᠦᠮᠵᠢ ᠶᠢᠨ ᠨᠠᠶᠢᠶᠢᠲᠠᠪᠤᠷᠢᠵᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ᠎ᠠ᠃ | ︵ᠳᠦᠷᠪᠡ︶ ᠬᠠᠲᠠᠭᠤ ᠪᠡᠶᠡᠲᠦ ᠬᠶᠠᠭᠳᠠᠮᠠᠯ ᠪᠤᠳᠠᠰ ᠪᠠ ᠠᠶᠤᠯᠲᠠᠢ ᠬᠠᠶᠠᠭᠳᠠᠮᠠᠯ ᠪᠤᠳᠠᠰ ᠤᠨ ᠪᠤᠬᠢᠷᠳᠣᠯ ᠢ ᠰᠡᠷᠭᠡᠶᠢᠯᠡᠨ ᠵᠠᠰᠠᠬᠤ ᠡᠭᠦᠷᠭᠡ ᠶᠢᠨ | ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠎ᠠ᠃ ᠠᠶᠤᠯᠲᠠᠢ ᠬᠠᠶᠠᠭᠳᠠᠮᠠᠯ ᠪᠤᠳᠠᠰ ᠢ ᠰᠢᠯᠵᠢᠬᠦᠯᠬᠦ ︽ᠡᠯᠧᠺᠲᠷᠦᠨ ᠬᠤᠯᠪᠤᠭᠠᠲᠤ ᠲᠠᠰᠣᠯᠠᠪᠤᠷᠢ︾ ᠶᠢᠨ | ᠳᠦᠷᠢᠮ ᠲᠤᠭᠲᠠᠭᠠᠯ ᠢ ᠬᠡᠷᠡᠭᠵᠢᠬᠦᠯᠦᠭᠰᠡᠨ ᠪᠠᠶᠢᠳᠠᠯ᠂ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠤᠳᠠᠰ ᠤᠨ ᠲᠦᠯᠦᠪᠵᠢᠭᠦᠯᠭᠡ ᠬᠠᠮᠢᠶᠠᠷᠤᠯᠲᠠ ᠶᠢᠨ ᠪᠠᠶᠢᠳᠠᠯ | ︵ᠣᠨᠴᠠᠭᠠᠶᠢᠯᠠᠨ ᠡᠮᠴᠢᠯᠡᠭᠡᠨ ᠤ ᠬᠠᠶᠠᠭᠳᠠᠮᠠᠯ ᠪᠤᠳᠠᠰ ᠤᠨ ᠳᠦᠷᠢᠮᠵᠢᠭᠰᠡᠨ ᠬᠠᠮᠢᠶᠠᠷᠤᠯᠲᠠ ᠶᠢᠨ ᠪᠠᠶᠢᠳᠠᠯ︶᠂ ᠪᠠᠶᠢᠭᠠᠯᠢ ᠶᠢᠨ ᠰᠢᠲᠠᠮᠬᠠᠢ ᠬᠡᠢ ᠶᠢᠨ ᠨᠡᠭᠡᠭᠡᠯᠲᠡ ᠶᠢᠨ | ︽ᠰᠢᠩᠭᠡᠨ ᠰᠢᠪᠠᠷ ᠢ ᠭᠠᠵᠠᠷ ᠲᠤ ᠬᠦᠷᠭᠡᠯ ᠦᠭᠡᠢ ᠰᠢᠢᠳᠪᠦᠷᠢᠯᠡᠬᠦ︾ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ᠂ ᠪᠣᠬᠢᠷ ᠣᠰᠣ ᠰᠢᠢᠳᠪᠦᠷᠢᠯᠡᠬᠦ | ᠦᠢᠯᠡᠳᠪᠦᠷᠢ ᠶᠢᠨ ᠰᠢᠪᠡᠷ ᠤᠨ ᠰᠢᠢᠳᠪᠦᠷᠢᠯᠡᠯᠲᠡ ᠶᠢᠨ ᠪᠠᠶᠢᠳᠠᠯ᠂ ᠬᠤᠭ ᠨᠤᠪᠰᠢ ᠪᠤᠯᠠᠬᠤ ᠭᠠᠵᠠᠷ ᠤᠨ ᠠᠵᠢᠯᠯᠠᠮᠵᠢ ᠶᠢᠨ ᠪᠠᠶᠢᠳᠠᠯ᠂ ᠠᠭᠤᠷᠬᠠᠢ ᠶᠢᠨ ᠣᠷᠣᠨ ᠤ | ᠨᠡᠭᠦᠷᠡᠰᠦᠨ ᠴᠢᠯᠠᠭᠤ ᠶᠢ ᠳᠦᠷᠢᠮ ᠵᠦᠷᠢᠴᠡᠨ ᠭᠠᠳᠠᠭᠰᠢᠯᠠᠭᠤᠯᠤᠭᠰᠠᠨ ᠪᠠᠶᠢᠳᠠᠯ᠂ ᠠᠭᠤᠷᠬᠠᠢ ᠶᠢᠨ ᠣᠷᠣᠨ ᠤ ᠨᠡᠭᠦᠷᠡᠰᠦᠨ ᠴᠢᠯᠠᠭᠤ ᠠᠶᠠᠨᠳᠠᠭᠠᠨ ᠰᠢᠲᠠᠬᠤ ᠪᠠ | ᠨᠡᠭᠦᠷᠡᠰᠦᠨ ᠴᠢᠯᠠᠭᠤ ᠶᠢ ᠪᠤᠯᠠᠭᠰᠠᠨ ᠪᠠᠶᠢᠳᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠪᠤᠭᠠᠯᠠᠬᠤ ᠲᠠᠯᠠᠪᠠᠢ ᠶᠢᠨ ᠳᠦᠷᠢᠮᠵᠢᠬᠦᠨ ᠪᠠᠶᠢᠭᠤᠯᠤᠯᠲᠠ ᠵᠡᠷᠭᠡ | ᠠᠭᠤᠯᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠂ ᠣᠨᠴᠠᠭᠠᠶᠢᠯᠠᠨ ᠪᠠᠶᠢᠭᠠᠯᠢ ᠶᠢᠨ ᠰᠢᠲᠠᠮᠠᠬᠠᠢ ᠬᠡᠢ ᠶᠢᠨ ᠨᠡᠭᠡᠭᠡᠯᠲᠡ ᠶᠢᠨ ᠶᠠᠪᠤᠴᠠ ᠳᠤᠮᠳᠠᠬᠢ ︽ᠰᠢᠩᠭᠡᠨ | ᠰᠢᠪᠡᠷ ᠢ ᠭᠠᠵᠠᠷ ᠲᠤ ᠬᠦᠷᠭᠡᠯ ᠦᠭᠡᠢ ᠰᠢᠢᠳᠪᠦᠷᠢᠯᠡᠬᠦ︾ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠪᠠ ᠨᠡᠭᠦᠷᠡᠰᠦᠨ ᠴᠢᠯᠠᠭᠤ ᠶᠢᠨ | ᠭᠠᠳᠠᠭᠰᠢᠯᠠᠭᠤᠯᠤᠯᠲᠠ ᠶᠢᠨ ᠪᠠᠶᠢᠳᠠᠯ ᠳᠤ ᠴᠢᠭᠯᠡᠬᠦᠯᠵᠦ᠂ ᠪᠠᠶᠢᠴᠠᠭᠠᠯᠲᠠ ᠶᠢᠨ ᠬᠦᠴᠦᠯᠡᠴᠡ ᠪᠠᠨ ᠶᠡᠬᠡᠳᠬᠡᠬᠦ ᠬᠡᠷᠡᠭᠲᠡᠢ᠃ | ︵ᠲᠠᠪᠤ︶ ᠳᠡᠭᠡᠳᠦ ᠱᠠᠲᠤᠨ ᠤ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠨ ᠵᠠᠰᠠᠯᠲᠠ ᠶᠢᠨ ᠨᠠᠶᠢᠲᠠᠪᠤᠷᠢᠵᠢᠭᠤᠯᠤᠯᠲᠠ | ᠶᠢᠨ ᠪᠠᠶᠢᠳᠠᠯ ᠳᠤ ᠴᠢᠭᠯᠡᠭᠦᠯᠵᠦ ᠲᠠᠪᠲᠠᠨ ᠬᠢᠨᠠᠬᠤ ᠰᠢᠪᠡᠳᠡᠨ ᠪᠠᠶᠢᠴᠠᠭᠠᠯᠲᠠ ᠦᠷᠨᠢᠬᠦᠯᠦᠨ᠎ᠡ᠃ 2016 ᠣᠨ ᠤ ᠲᠦᠪ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠪᠡᠳᠡᠯᠲᠡ ᠪᠠᠶᠢᠴᠠᠭᠠᠯᠲᠠ᠂ 2017 ᠣᠨ ᠤ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠶᠡᠭᠡ ᠪᠠᠶᠢᠴᠠᠭᠠᠯᠲᠠ | ᠵᠢᠴᠢ 2018 ᠣᠨ ᠤ ᠲᠦᠪ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠪᠡᠳᠡᠯᠲᠡ ᠪᠠᠶᠢᠴᠠᠭᠠᠯᠲᠠ ᠶᠢᠨ ︽ᠲᠠᠪᠲᠠᠨ ᠬᠢᠨᠠᠬᠤ︾ ᠬᠤᠭᠤᠴᠠᠭᠠᠨ | ᠳᠠᠬᠢ ᠬᠠᠷᠢᠭᠤ ᠲᠤᠰᠬᠠᠭᠰᠠᠨ ᠠᠰᠠᠭᠤᠳᠠᠯ ᠪᠦᠬᠦᠨ ᠢ ᠬᠠᠷᠭᠤᠭᠤᠯᠤᠨ ᠪᠠᠶᠢᠴᠠᠭᠠᠵᠤ᠂ ᠳᠠᠬᠢᠬᠤ ᠦᠵᠡᠭᠳᠡᠯ ᠢ ᠡᠷᠡᠰ ᠬᠢᠵᠠᠭᠠᠷᠯᠠᠵᠤ᠂ ᠤᠳᠠᠯ ᠦᠭᠡᠢ ᠶᠠᠪᠤᠭᠳᠠᠬᠤ | ᠪᠠᠷ ᠪᠠᠶᠢᠭ᠎ᠠ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠬᠦᠯᠢᠶᠡᠨ ᠠᠪᠬᠤ ᠠᠵᠢᠯ ᠢ | ᠰᠠᠶᠢᠲᠤᠷ ᠬᠢᠬᠦ ᠬᠡᠷᠡᠭᠲᠡᠢ᠃ | ︵ᠵᠢᠷᠭᠤᠭ᠎ᠠ︶ ᠬᠠᠷ᠎ᠠ ᠪᠦᠯᠦᠭᠲᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠤᠨ ᠨᠠᠶᠢᠲᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠨ᠎ᠠ᠃ ︽ᠪᠤᠬᠢᠷᠳᠣᠯ ᠢ ᠡᠷᠴᠢᠮᠲᠠᠢ ᠵᠠᠰᠠᠬᠤ︾ ᠠᠵᠢᠯᠯᠠᠭ᠎ᠠ ᠪᠠ ᠬᠠᠷ᠎ᠠ ᠪᠦᠯᠦᠭᠲᠡᠨ ᠬᠠᠷᠬᠢᠰ ᠬᠦᠴᠦᠨ ᠢ ᠱᠦᠬᠦᠷᠳᠡᠨ ᠠᠷᠢᠯᠭᠠᠬᠤ ᠲᠤᠰᠬᠠᠢ ᠲᠡᠮᠡᠴᠡᠯ ᠢ | ᠨᠢᠭᠲᠠ ᠤᠶᠠᠯᠳᠤᠭᠤᠯᠤᠨ᠂ ᠣᠷᠴᠢᠨ ᠲᠤᠭᠤᠷᠢᠨ ᠤ ᠭᠤᠤᠯᠳᠠᠯᠭᠠᠲᠤ ᠠᠰᠠᠭᠤᠳᠠᠯ ᠪᠠ ᠠᠵᠢᠯ ᠲᠦᠷᠦᠯ ᠤᠨ ᠳᠦᠷᠢᠮᠵᠢᠬᠦᠨ ᠪᠤᠰᠤ ᠦᠵᠡᠭᠳᠡᠯ ᠢ ᠵᠡᠷᠭᠡᠪᠡᠷ | ᠪᠠᠶᠢᠴᠠᠭᠠᠬᠤ᠂ ᠢᠵᠢᠯ ᠠᠯᠬᠤᠮ ᠢᠶᠠᠷ ᠴᠡᠭᠴᠡᠯᠡᠨ ᠵᠰᠠᠬᠤ ᠶᠢ ᠪᠠᠷᠢᠮᠲᠠᠯᠠᠨ᠎ᠠ᠃ ᠬᠠᠷ᠎ᠡ ᠪᠦᠯᠦᠭᠲᠡᠨ ᠬᠠᠷᠬᠢᠰ ᠬᠦᠴᠦᠨ ᠲᠠᠢ ᠬᠤᠯᠪᠤᠭᠳᠠᠬᠤ ᠰᠦᠪᠡᠭᠴᠢ ᠶᠢ ᠮᠦᠷᠳᠡᠨ | ᠪᠠᠶᠢᠴᠠᠭᠠᠭᠰᠠᠨ ᠪᠠᠶᠢᠳᠠᠯ᠂ ᠠᠵᠢᠯ ᠲᠦᠷᠦᠯ ᠤᠨ ᠳᠦᠷᠢᠮᠵᠢᠬᠦᠨ ᠪᠤᠰᠤ ᠶᠢ ᠴᠡᠭᠴᠡᠯᠡᠨ ᠵᠠᠰᠠᠬᠤ ᠠᠵᠢᠯ ᠤᠨ ᠠᠬᠢᠭᠤᠯᠤᠯᠲᠠ ᠶᠢᠨ ᠪᠠᠶᠢᠳᠠᠯ ᠵᠢᠴᠢ ᠳᠠᠭᠠᠭᠠᠮᠠᠭᠠᠢ | ᠲᠤᠭᠲᠠᠴᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ︵ᠳᠦᠷᠢᠮ ᠲᠤᠭᠲᠠᠭᠠᠯ ᠤᠨ ᠪᠠᠶᠢᠭᠤᠯᠤᠯᠲᠠ ᠶᠢᠨ ᠨᠠᠷᠢᠨ ᠳᠠᠩᠰᠠ᠂ ᠳᠦᠷᠢᠮ ᠲᠤᠭᠲᠠᠭᠠᠯ ᠤᠨ | ᠬᠡᠷᠡᠭᠵᠢᠬᠦᠯᠦᠯᠲᠡ ᠶᠢᠨ ᠪᠠᠶᠢᠳᠠᠯ ᠪᠠ ᠡᠷᠡᠭᠦᠦ ᠰᠢᠢᠳᠬᠡᠯ ᠤᠨ ᠬᠦᠢᠴᠡᠳᠬᠡᠯ ᠤᠨ ᠠᠪᠴᠠᠯᠳᠤᠭᠤᠯᠤᠯ᠂ ᠬᠤᠯᠪᠤᠭᠠᠯᠠᠭᠰᠠᠨ ᠬᠠᠤᠯᠢ ᠬᠡᠷᠡᠭᠵᠢᠬᠦᠯᠦᠯᠲᠡ ᠶᠢᠨ ᠪᠠᠶᠢᠳᠠᠯ | ᠵᠡᠷᠭᠡ ᠪᠠᠭᠲᠠᠨ᠎ᠠ︶ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ︽ᠪᠤᠬᠢᠷᠳᠣᠯ ᠢ ᠡᠷᠴᠢᠮᠲᠠᠢ ᠵᠠᠰᠠᠬᠤ︾ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠢᠶᠠᠷ | ᠠᠴᠢᠶᠠᠯᠠᠭᠴᠢ ᠪᠤᠯᠭᠠᠵᠤ᠂ ᠪᠦᠬᠦ ᠵᠢᠯ ᠳᠤ ᠬᠤᠶᠠᠷ ᠡᠭᠡᠯᠵᠢ ᠠᠴᠠ ᠳᠡᠭᠡᠭᠰᠢ ᠰᠦᠪᠡᠭᠴᠢ ᠶᠢ ᠮᠦᠷᠳᠡᠨ ᠪᠠᠶᠢᠴᠠᠭᠠᠬᠤ ᠠᠵᠢᠯᠯᠠᠭ᠎ᠠ ᠶᠢ ᠦᠷᠨᠢᠭᠦᠯᠦᠨ᠂ ᠨᠢᠭᠡ ᠪᠦᠯᠦᠭ | ᠦᠷ᠎ᠡ ᠪᠦᠲᠦᠮᠵᠢᠲᠡᠢ ᠰᠢᠨ᠎ᠡ ᠰᠦᠪᠡᠭᠴᠢ ᠶᠢ ᠠᠭᠤᠲᠠᠯᠠᠨ ᠬᠠᠶᠢᠨ᠎ᠠ᠃ | ︵ᠳᠣᠯᠤᠭ᠎ᠠ︶ ᠠᠵᠦ ᠦᠢᠯᠳᠪᠦᠷᠢ ᠶᠢᠨ ᠬᠦᠷᠢᠶᠡᠯᠡᠩ ᠲᠤᠭᠤᠷᠢᠭ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠷᠭ᠎ᠠ ᠠᠪᠴᠠᠯ ᠤᠨ | ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠲᠤᠲᠤᠷᠬᠠᠶᠢᠯᠠᠨ ᠪᠠᠶᠢᠴᠠᠭᠠᠨ᠎ᠠ᠃ ᠮᠠᠨ ᠤ ᠬᠤᠰᠢᠭᠤᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ | ᠨᠡᠭᠡᠭᠡᠯᠲᠡ ᠶᠢᠨ ᠣᠷᠣᠨ︶ ᠤᠨ ᠪᠠᠶᠢᠴᠠᠭᠠᠯᠲᠠ ᠶᠢᠨ ᠪᠦᠬᠦ ᠪᠦᠷᠬᠦᠴᠡ ᠶᠢ ᠪᠡᠶᠡᠯᠡᠬᠦᠯᠦᠨ᠎ᠡ᠃ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠣᠷᠣᠨ︶ ᠤᠨ | ᠲᠦᠯᠦᠪᠵᠢᠬᠦᠯᠭᠡ ᠣᠷᠴᠢᠨ ᠲᠤᠭᠤᠷᠢᠨ ᠤ ᠨᠦᠯᠦᠭᠡᠯᠡᠯ ᠤᠨ ᠦᠨᠡᠯᠡᠯᠲᠡ ᠪᠠ ᠲᠦᠷᠦᠯ ᠵᠦᠢᠯ ᠤᠨ ᠣᠷᠴᠢᠨ ᠲᠤᠭᠤᠷᠢᠨ ᠤ ᠨᠦᠯᠦᠭᠡᠯᠡᠯ ᠤᠨ ᠦᠨᠡᠯᠡᠯᠲᠡ ᠶᠢᠨ | ᠬᠡᠷᠡᠭᠵᠢᠬᠦᠯᠦᠯᠲᠡ ᠶᠢᠨ ᠪᠠᠶᠢᠳᠠᠯ᠂ ᠲᠦᠪᠯᠡᠷᠡᠩᠭᠦᠢ ᠪᠠᠷ ᠢᠯᠴᠢ ᠬᠠᠩᠭᠠᠬᠤ ᠪᠠ ᠰᠢᠲᠠᠮᠠᠬᠠᠢ ᠬᠡᠢ ᠬᠠᠩᠭᠠᠬᠤ᠂ ᠪᠣᠬᠢᠷ ᠤᠰᠤ ᠶᠢ ᠲᠦᠪᠯᠡᠷᠡᠩᠭᠦᠢ ᠪᠠᠷ ᠰᠢᠢᠳᠪᠦᠷᠢᠯᠡᠬᠦ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠢᠢᠳᠪᠦᠷᠢᠡᠯᠡᠯᠲᠡ ᠵᠡᠷᠭᠡ ᠢᠵᠢ ᠪᠦᠷᠢᠳᠦᠬᠦᠯᠦᠭᠰᠡᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠤᠷᠢ | ᠳᠦᠬᠦᠭᠡᠷᠦᠮᠵᠢ ᠶᠢᠨ ᠪᠠᠶᠢᠭᠤᠯᠤᠯᠲᠠ ᠪᠠ ᠠᠵᠢᠯᠯᠠᠮᠵᠢ ᠶᠢᠨ ᠪᠠᠶᠢᠳᠠᠯ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠣᠷᠣᠨ︶ ᠤᠨ | ᠣᠷᠴᠢᠨ ᠲᠤᠭᠤᠷᠢᠨ ᠤ ᠳᠦᠭᠰᠢᠭᠦᠷᠢ ᠶᠢᠨ ᠰᠡᠷᠭᠡᠶᠢᠯᠡᠯᠲᠡ ᠪᠠ ᠪᠠᠴᠢᠮ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ | ᠪᠠᠶᠢᠴᠠᠭᠠᠨ᠎ᠠ᠃ | ︵ᠨᠠᠢᠮᠠ︶ ᠲᠤᠭᠲᠠᠮᠠᠯ ᠪᠣᠬᠢᠷᠳᠣᠯ ᠤᠨ ᠡᠬᠢ ᠶᠢᠨ ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠢ ᠪᠦᠬᠦ ᠲᠠᠯ᠎ᠠ ᠪᠠᠷ ᠲᠤᠲᠤᠷᠬᠠᠶᠢᠯᠠᠨ | ᠪᠠᠶᠢᠴᠠᠭᠠᠨ᠎ᠠ᠃ ᠮᠠᠨ ᠤ ᠬᠤᠰᠢᠭᠤᠨ ᠤ ᠲᠤᠭᠲᠠᠮᠠᠯ ᠪᠣᠬᠢᠷᠳᠣᠯ ᠤᠨ ᠡᠬᠢ ᠶᠢᠨ ᠪᠤᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠤᠨ ᠪᠠᠶᠢᠴᠠᠭᠠᠯᠲᠠ | ᠶᠢᠨ ᠨᠠᠷᠢᠨ ᠳᠠᠩᠰᠠ ᠶᠢ ᠦᠨᠳᠦᠰᠦᠯᠡᠨ᠂ ᠨᠢᠭᠡᠨᠲᠡ ᠲᠦᠷᠦᠯ ᠬᠤᠪᠢᠶᠠᠨ ᠰᠢᠢᠳᠪᠦᠷᠢᠯᠡᠭᠰᠡᠨ ᠪᠣᠬᠢᠷᠳᠣᠯ ᠢ ᠭᠠᠳᠠᠭᠰᠢᠯᠠᠭᠤᠯᠬᠤ ᠪᠠᠶᠢᠭᠤᠯᠭ᠎ᠠ ᠨᠢᠭᠡᠴᠡ ᠳᠤ ᠳᠠᠬᠢᠨᠲᠠ | ᠬᠢᠨᠠᠨ ᠬᠠᠷᠭᠤᠭᠤᠯᠤᠯᠲᠠ ᠬᠢᠵᠦ᠂ ᠡᠯ᠎ᠡ ᠲᠦᠷᠦᠯ ᠤᠨ ᠠᠷᠭ᠎ᠠ ᠪᠠᠷᠢᠯ ᠪᠠ ᠡᠬᠢ ᠰᠣᠷᠪᠣᠯᠵᠢ ᠶᠢ ᠬᠡᠷᠡᠭᠯᠡᠨ᠂ ᠵᠦᠪᠰᠢᠶᠡᠷᠡᠯ ᠤᠨ ᠬᠠᠮᠢᠶᠠᠷᠤᠯᠲᠠ ᠳᠤ ᠣᠷᠣᠭᠰᠠᠨ | ᠦᠭᠡᠢ ᠪᠤᠬᠢᠷᠳᠣᠯ ᠢ ᠭᠠᠳᠠᠭᠰᠢᠯᠠᠭᠤᠯᠬᠤ ᠪᠠᠶᠢᠭᠤᠯᠭ᠎ᠠ ᠨᠢᠭᠡᠴᠡ ᠶᠢ ᠬᠠᠶᠢᠵᠤ᠂ ᠦᠨᠡᠮᠯᠡᠯ ᠦᠭᠡᠢ ᠪᠠᠷ ᠪᠤᠬᠢᠷᠳᠣᠯ ᠢ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ | ᠬᠠᠨᠳᠤᠭᠤᠯᠤᠭᠰᠠᠨ ᠬᠠᠤᠯᠢ ᠬᠡᠷᠡᠭᠵᠢᠬᠦᠯᠦᠯᠲᠡ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ | ᠦᠨᠡᠮᠯᠡᠯ ᠲᠠᠢ ᠴᠡᠭᠴᠡᠯᠡᠨ ᠵᠠᠰᠠᠯᠲᠠ ᠶᠢᠨ ᠰᠢᠯᠵᠢᠯᠲᠠ ᠶᠢᠨ ᠬᠤᠭᠤᠴᠠᠭᠠᠨ ᠳᠠᠬᠢ ᠠᠵᠤ ᠠᠬᠤᠶᠢᠯᠠᠯ ᠳᠤ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢᠨ | ᠬᠦᠴᠦᠯᠡᠴᠡ ᠪᠠᠨ ᠴᠢᠩᠭᠠᠳᠬᠠᠨ᠎ᠠ᠃ | ︵ᠶᠢᠰᠦ︶ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ᠎ᠠ᠃ ᠨᠡᠭᠦᠷᠡᠰᠦᠨ ᠠᠭᠤᠷᠬᠠᠢ ᠵᠢᠴᠢ ᠨᠡᠭᠦᠷᠡᠰᠦᠨ | ᠤ ᠪᠤᠰᠤ ᠠᠭᠤᠷᠬᠠᠢ ᠶᠢᠨ ︵ᠲᠡᠮᠦᠷᠯᠢᠭ ᠪᠠ ᠲᠡᠮᠦᠷᠯᠢᠭ ᠪᠤᠰᠤ ᠵᠡᠷᠭᠡ ᠬᠠᠲᠠᠭᠤ ᠪᠡᠶᠡᠲᠦ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠭᠤᠷᠬᠠᠢ︶ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠷ ᠬᠦᠢᠴᠡᠳᠬᠡᠯ ᠢ ᠨᠠᠶᠢᠲᠠᠪᠤᠷᠢᠵᠢᠭᠤᠯᠤᠭᠰᠠᠨ ᠪᠠᠶᠢᠳᠠᠯ᠂ ᠪᠤᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ | ᠦᠨᠡᠮᠯᠡᠯ ᠢ ᠭᠤᠶᠤᠴᠢᠯᠠᠨ ᠠᠪᠤᠭᠰᠠᠨ ᠪᠠᠶᠢᠳᠠᠯ᠂ ᠠᠭᠠᠷ ᠮᠠᠨᠳᠠᠯ᠂ ᠣᠰᠣ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠪᠤᠬᠢᠷᠳᠣᠯ ᠢ ᠰᠡᠷᠭᠡᠶᠢᠯᠡᠨ ᠵᠠᠰᠠᠬᠤ | ᠳᠦᠬᠦᠭᠡᠷᠦᠮᠵᠢ ᠶᠢᠨ ᠪᠠᠶᠢᠭᠤᠯᠤᠯᠲᠠ ᠵᠢᠴᠢ ᠠᠵᠢᠯᠯᠠᠮᠵᠢ ᠶᠢᠨ ᠪᠠᠶᠢᠳᠠᠯ᠂ ᠡᠯ᠎ᠡ ᠲᠦᠷᠦᠯ ᠤᠨ ᠪᠤᠬᠢᠷᠳᠣᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶᠠᠨ ᠳᠤ | ᠬᠦᠷᠦᠭᠰᠡᠨ ᠪᠠᠶᠢᠳᠠᠯ ᠵᠢᠴᠢ ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠬᠢᠬᠡᠳ ᠰᠡᠷᠭᠦᠯᠲᠡ ᠶᠢᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ᠂ | ᠣᠨᠴᠠᠭᠠᠶᠢᠯᠠᠨ ᠠᠭᠤᠷᠬᠠᠢ ᠶᠢᠨ ᠣᠷᠣᠨ ᠤ ᠵᠠᠮ ᠬᠠᠷᠢᠯᠴᠠᠭᠠᠨ ᠤ ᠪᠠᠶᠢᠭᠤᠯᠤᠯᠲᠠ᠂ ᠬᠠᠲᠠᠭᠤᠵᠢᠭᠤᠯᠤᠯᠲᠠ ᠵᠢᠴᠢ ᠨᠣᠭᠤᠭᠠᠵᠢᠭᠤᠯᠤᠯᠲᠠ ᠵᠡᠷᠭᠡ ᠲᠠᠯ᠎ᠠ ᠪᠠᠷ | ᠪᠠᠶᠢᠴᠠᠭᠠᠯᠲᠠ ᠶᠢᠨ ᠣᠳᠠᠭ᠎ᠠ ᠳᠠᠷᠠᠭ᠎ᠠ ᠪᠠ ᠬᠦᠴᠦᠯᠡᠴᠡ ᠪᠠᠨ ᠴᠢᠩᠭᠠᠳᠬᠠᠨ᠎ᠠ᠃ | ︵ᠠᠷᠪᠠ︶ ᠣᠷᠴᠢᠨ ᠲᠤᠭᠤᠷᠢᠨ ᠤ ᠭᠤᠤᠯᠳᠠᠯᠭᠠᠲᠤ ᠠᠰᠠᠭᠤᠳᠠᠯ ᠤᠨ ᠰᠢᠢᠳᠪᠦᠷᠢᠯᠡᠯᠲᠡ ᠶᠢᠨ ᠪᠠᠶᠢᠳᠠᠯ ᠢ ᠪᠠᠶᠢᠴᠠᠭᠠᠨ᠎ᠠ᠃ ᠣᠯᠣᠰ᠂ ᠦᠪᠡᠷᠲᠡᠭᠡᠨ ᠵᠠᠰᠠᠬᠤ | ᠣᠷᠣᠨ᠂ ᠬᠤᠲᠠ ᠶᠢᠨ ᠲᠤᠪᠴᠢᠶ᠎ᠠ᠂ ᠬᠤᠰᠢᠭᠤᠨ ᠤ ᠣᠳᠣᠷᠢᠳᠣᠯᠭ᠎ᠠ ᠠᠴᠠ ᠴᠤᠬᠤᠯᠠᠪᠤᠷᠢᠯᠠᠨ ᠬᠦᠢᠴᠡᠳᠬᠡᠭᠦᠯᠦᠭᠰᠡᠨ᠂ ᠵᠠᠭᠤᠴᠢᠯᠠᠭᠤᠷ ᠤᠨ ᠬᠢᠨ ᠤ ᠠᠩᠬᠠᠷᠤᠯ ᠢ | ᠲᠠᠲᠠᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠵᠢᠴᠢ ᠳᠡᠭᠡᠳᠦ ᠱᠠᠲᠤᠨ ᠤ ᠰᠠᠯᠠᠭ᠎ᠠ ᠮᠦᠴᠢᠷ ᠠᠴᠠ ᠰᠢᠪᠡᠳᠡᠨ ᠬᠦᠢᠴᠡᠳᠬᠡᠭᠦᠯᠦᠭᠰᠡᠨ ᠣᠷᠴᠢᠨ ᠲᠤᠭᠤᠷᠢᠨ ᠤ | ᠴᠢᠬᠤᠯᠠ ᠶᠡᠭᠡ ᠠᠰᠠᠭᠤᠳᠠᠯ ᠤᠨ ᠰᠢᠢᠳᠪᠦᠷᠢᠯᠡᠯᠲᠡ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ᠃ | ᠳᠦᠷᠪᠡ᠂ ᠵᠣᠬᠢᠶᠠᠨ ᠪᠠᠶᠢᠭᠤᠯᠤᠨ ᠣᠳᠣᠷᠢᠳᠬᠤ | ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭ᠎ᠠ ᠠᠮᠵᠢᠯᠲᠠᠲᠠᠢ | ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠣᠲᠤᠭ ᠤᠨ ᠡᠮᠦᠨᠡᠲᠦ ᠬᠤᠰᠢᠭᠤᠨ ᠤ 2020 ᠣᠨ ᠤ ︽ᠪᠣᠬᠢᠷᠳᠣᠯ ᠢ ᠡᠷᠴᠢᠮᠲᠠᠢ ᠵᠠᠰᠠᠬᠤ︾ ᠠᠮᠢ ᠠᠬᠤᠢ | ᠤᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠣᠳᠣᠷᠢᠳᠬᠤ ᠳᠣᠭᠤᠶᠢᠯᠠᠩ ᠪᠠ ᠱᠠᠭᠠᠷᠳᠠᠨ ᠪᠠᠶᠢᠴᠠᠭᠠᠬᠤ ᠠᠵᠢᠯ ᠤᠨ | ᠳᠣᠭᠤᠶᠢᠯᠠᠩ ᠢ ᠪᠠᠶᠢᠭᠤᠯᠪᠠ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶᠠᠨ ᠳᠤ | ᠲᠤᠬᠢᠷᠠᠭᠤᠯᠵᠤ᠂ ᠯᠤ᠋ ᡁᠢ ᠵᠦᠩ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠭᠠᠨ᠎ᠠ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ ᠤᠨ ᠭᠤᠤᠯ | ᠬᠠᠷᠢᠭᠤᠴᠠᠯᠭ᠎ᠠ ᠪᠤᠯ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠤᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭᠠᠨ ᠤ ᠡᠯ᠎ᠡ | ᠲᠦᠷᠦᠯ ᠤᠨ ᠠᠵᠢᠯ ᠠᠮᠵᠢᠯᠲᠠᠲᠠᠢ ᠶᠠᠪᠤᠭᠳᠠᠬᠤ ᠶᠢ ᠵᠤᠬᠢᠴᠠᠭᠤᠯᠤᠨ ᠠᠬᠢᠭᠤᠯᠤᠨ᠎ᠠ᠃ ᠪᠣᠲᠠᠲᠠᠢ ᠪᠦᠷᠢᠯᠳᠦᠬᠦᠨ ᠳᠣᠣᠷᠠᠬᠢ ᠮᠡᠲᠦ᠄ | ᠳᠣᠭᠤᠶᠢᠯᠠᠩ ᠤᠨ ᠳᠠᠷᠤᠭ᠎ᠠ᠄ ᠯᠢᠦᠢ ᠶᠤᠤ ᠹᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤ ᠪᠢᠶᠠᠷᠢ ᠲᠤᠪᠴᠢᠶᠠᠨ ᠤ ᠳᠠᠷᠤᠭ᠎ᠠ | ᠪᠦᠷᠢᠯᠳᠣᠬᠦᠨ᠄ ᠰᠡᠷᠭᠦᠯᠡᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ | ᠶᠠᠨ ᠯᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ | ᠯᠤ᠋ ᡁᠢ ᠵᠦᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠣᠷᠴᠢᠨ ᠲᠤᠭᠤᠷᠢᠨ ᠢ ᠬᠢᠨᠠᠨ ᠪᠠᠶᠢᠴᠠᠭᠠᠬᠤ ᠶᠡᠭᠡ ᠠᠩᠭᠢ | ᠶᠢᠨ ᠳᠠᠷᠤᠭ᠎ᠠ | ᠭᠤᠤ ᠵᠢᠶᠧ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠯᠪᠠᠨ ᠭᠡᠷ ᠤᠨ ᠡᠷᠬᠢᠯᠡᠭᠴᠢ | ᠱᠢ ᠸᠧᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠭᠠᠷ ᠮᠠᠨᠳᠠᠯ ᠤᠨ ᠣᠷᠴᠢᠨ ᠲᠤᠭᠤᠷᠢᠨ ᠤ ᠬᠠᠮᠢᠶᠠᠷᠤᠯᠲᠠ ᠶᠢᠨ | ᠲᠠᠰᠤᠭ ᠤᠨ ᠡᠷᠬᠢᠯᠡᠭᠴᠢ | ᠵᠠᠢ ᠰᠢᠦᠸᠢ ᠪᠦᠸᠧ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠬᠠᠲᠠᠭᠤ ᠪᠡᠶᠡᠲᠦ ᠬᠠᠶᠠᠭᠳᠠᠮᠠᠯ ᠪᠤᠳᠠᠰ ᠪᠠ ᠪᠠᠶᠢᠭᠠᠯᠢ | ᠶᠢᠨ ᠰᠢᠲᠠᠮᠠᠬᠠᠢ ᠬᠡᠢ ᠶᠢᠨ ᠨᠡᠭᠡᠭᠡᠯᠲᠡ ᠶᠢᠨ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ | ᠯᠸᠢ ᠯᠤ᠋ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠣᠰᠣᠨ ᠤ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠠᠰᠤᠭ | ᠤᠨ ᠡᠷᠬᠢᠯᠡᠭᠴᠢ | ᠵᠠᠩ ᠢᠦᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠬᠦᠷᠦᠰᠦ ᠰᠢᠷᠦᠢ ᠶᠢᠨ ᠣᠷᠴᠢᠨ ᠲᠤᠭᠤᠷᠢᠨ ᠤ ᠬᠠᠮᠢᠶᠠᠷᠤᠯᠲᠠ | ᠶᠢᠨ ᠲᠠᠰᠤᠭ ᠤᠨ ᠡᠷᠬᠢᠯᠡᠭᠴᠢ | ᠠᠯᠲᠠᠨᠳᠠᠯᠠᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠲᠠᠰᠤᠭ ᠤᠨ | ᠡᠷᠬᠢᠯᠡᠭᠴᠢ | ᠯᠢ ᠷᠦᠨ ᠰᠢᠦᠸᠡᠨ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠠᠮᠢ ᠠᠬᠤᠢ ᠤᠷᠴᠢᠨ ᠲᠤᠭᠤᠷᠢᠨ ᠤ ᠬᠢᠨᠠᠨ | ᠬᠡᠮᠵᠢᠯᠲᠡ ᠶᠢᠨ ᠦᠷᠲᠡᠭᠡᠨ ᠤ ᠳᠠᠷᠤᠭ᠎ᠠ | ᠰᠦᠨ ᠵᠧᠩ ᠶᠠᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠪᠣᠬᠢᠷᠳᠣᠯ ᠤᠨ ᠪᠤᠳᠠᠰ ᠢ ᠰᠦᠯᠵᠢᠶ᠎ᠡ ᠪᠠᠷ ᠬᠢᠨᠠᠬᠤ | ᠲᠦᠪ ᠤᠨ ᠡᠷᠬᠢᠯᠡᠭᠴᠢ | ᠳᠡᠯᠡᠬᠡᠢ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶᠠᠨ ᠤ ᠲᠦᠷᠦ ᠶᠢᠨ ᠪᠣᠳᠣᠯᠭ᠎ᠠ ᠬᠠᠤᠯᠢ ᠳᠦᠷᠢᠮ ᠤᠨ ᠲᠠᠰᠤᠭ ᠤᠨ | ᠡᠷᠬᠢᠯᠡᠭᠴᠢ | ᠱᠠᠭᠠᠷᠳᠠᠨ ᠪᠠᠶᠢᠴᠠᠭᠠᠬᠤ ᠳᠤᠭᠤᠶᠢᠯᠠᠩ᠄ | ᠨᠢᠭᠡᠳᠦᠭᠡᠷ ᠳᠣᠭᠤᠶᠢᠯᠠᠩ ᠤᠨ ᠳᠠᠷᠤᠭ᠎ᠠ᠄ ᠰᠡᠷᠭᠦᠯᠡᠩ ︵ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ︶ | ᠪᠦᠷᠢᠯᠳᠦᠬᠦᠨ ᠨᠢᠭᠡᠴᠡ᠄ ᠱᠠᠩᠬᠠᠢ ᠶᠢᠨ ᠰᠦᠮ᠎ᠡ ᠠᠵᠦ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠣᠯᠵᠠᠴᠢ ᠪᠠᠯᠭᠠᠰᠣ᠂ | ᠱᠠᠩᠬᠠᠢ ᠶᠢᠨ ᠰᠦᠮ᠎ᠡ ᠪᠠᠯᠭᠠᠰᠣ᠂ ᠡᠨᠧᠷᠬᠢ ᠶᠢᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠭᠡᠷ | ᠪᠠᠶᠢᠰᠢᠩ ᠤᠨ ᠬᠠᠮᠢᠶᠠᠷᠤᠯᠲᠠ ᠶᠢᠨ ᠲᠦᠪ᠂ ᠣᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠤᠪᠴᠢᠶ᠎ᠠ᠃ | ᠬᠤᠶᠠᠳᠣᠭᠠᠷ ᠳᠣᠭᠤᠶᠢᠯᠠᠩ ᠤᠨ ᠳᠠᠷᠤᠭ᠎ᠠ᠄ ᠶᠠᠨ ᠯᠢ ︵ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠡᠷᠢ ᠲᠤᠪᠴᠢᠶᠠᠨ ᠤ ᠳᠡᠳ᠋ ᠳᠠᠷᠤᠭ᠎ᠠ︶ | ᠪᠦᠷᠢᠯᠳᠦᠬᠦᠨ ᠨᠢᠭᠡᠴᠡ᠄ ᠪᠤᠷᠤᠪᠠᠯᠭᠠᠰᠣ ᠪᠠᠯᠭᠠᠰᠣ᠂ ᠨᠠᠩᠰᠣ ᠪᠠᠯᠭᠠᠰᠣ᠂ ᠮᠠᠯ ᠲᠠᠷᠢᠶᠠᠯᠠᠩ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠃ | ᠲᠠᠪᠤ᠂ ᠴᠠᠭ ᠤᠨ ᠲᠤᠬᠢᠷᠠᠭᠤᠯᠤᠯᠲᠠ | 2020 ᠣᠨ ᠤ ︽ᠪᠣᠬᠢᠷᠳᠣᠯ ᠢ ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ | ᠶᠢᠨ ᠠᠵᠢᠯᠯᠠᠭ᠎ᠠ 2 ᠰᠠᠷ᠎ᠠ ᠶᠢᠨ 3 ᠤ ᠡᠳᠦᠷ ᠠᠴᠠ ᠡᠬᠢᠯᠡᠵᠦ᠂ 12 ᠰᠠᠷ᠎ᠠ ᠶᠢᠨ 3 ᠤ ᠡᠳᠦᠷ ᠳᠠᠭᠤᠰᠤᠨ᠂ 10 ᠰᠠᠷ᠎ᠠ ᠶᠢᠨ ᠬᠤᠭᠤᠴᠠᠭ᠎ᠠ ᠲᠠᠢ᠂ ᠳᠦᠷᠪᠡᠨ | ᠱᠠᠲᠤ ᠬᠤᠪᠢᠶᠠᠨ ᠶᠠᠪᠤᠭᠳᠠᠭᠤᠯᠵᠤ᠂ ᠨᠢᠭᠡᠳᠦᠭᠡᠷ ᠱᠠᠲᠤ 2 ᠰᠠᠷ᠎ᠠ ᠠᠴᠠ 5 ᠰᠠᠷ᠎ᠠ᠂ ᠬᠤᠶᠠᠳᠣᠭᠠᠷ ᠱᠠᠲᠤ 6 ᠰᠠᠷ᠎ᠠ ᠠᠴᠠ 8 ᠰᠠᠷ᠎ᠠ᠂ ᠭᠤᠷᠪᠠᠳᠣᠭᠠᠷ ᠱᠠᠲᠤ 9 | ᠰᠠᠷ᠎ᠠ ᠠᠴᠠ 11 ᠰᠠᠷ᠎ᠠ᠂ ᠳᠦᠷᠪᠡᠳᠦᠭᠡᠷ ᠱᠠᠲᠤ ᠪᠣᠯ 12 ᠰᠠᠷ᠎ᠠ ᠪᠣᠯᠣᠨ᠎ᠠ᠃ ᠡᠭᠦᠨ ᠳᠤ᠄ ᠡᠮᠦᠨ᠎ᠡ ᠭᠤᠷᠪᠠᠨ ᠱᠠᠲᠤᠨ ᠤ ᠪᠠᠶᠢᠴᠠᠭᠠᠯᠲᠠ ᠳᠤ ᠪᠦᠬᠦ ᠬᠤᠰᠢᠭᠤᠨ ᠤ | ᠪᠣᠬᠢᠷᠳᠣᠯ ᠢ ᠭᠠᠳᠠᠭᠰᠢᠯᠠᠭᠤᠯᠬᠤ ᠪᠠᠶᠢᠭᠤᠯᠭ᠎ᠠ ᠨᠢᠭᠡᠴᠡ ᠶᠢᠨ ᠪᠦᠬᠦ ᠪᠦᠷᠬᠦᠴᠡ ᠶᠢ ᠪᠡᠶᠡᠯᠡᠬᠦᠯᠦᠨ᠂ ᠳᠦᠷᠪᠡᠳᠦᠭᠡᠷ ᠱᠠᠲᠤᠨ ᠳᠤ ︽ᠲᠠᠪᠲᠠᠨ ᠬᠢᠨᠠᠨ ᠪᠠᠶᠢᠴᠠᠭᠠᠬᠤ︾ | ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠎ᠡ᠃ | ᠵᠢᠷᠭᠤᠭ᠎ᠠ᠂ ᠪᠠᠶᠢᠴᠠᠭᠠᠯᠲᠠ ᠶᠢᠨ ᠠᠷᠭ᠎ᠠ ᠮᠠᠶ᠋ᠢᠭ | ᠡᠯ᠎ᠡ ᠪᠠᠶᠢᠴᠭᠠᠯᠲᠠ ᠶᠢᠨ ᠳᠣᠭᠤᠶᠢᠯᠠᠩ ︽ᠭᠤᠷᠪᠠᠨ ᠰᠢᠭᠤᠳ ᠭᠤᠷᠪᠠᠨ ᠦᠭᠡᠢ︾ ︵ᠠᠬᠤᠢ ᠲᠠᠯᠠᠪᠡᠢ ᠳᠤ ᠰᠢᠭᠤᠳ ᠬᠦᠷᠬᠦ᠂ ᠰᠢᠭᠤᠳ ᠱᠠᠭᠠᠷᠳᠠᠨ | ᠪᠠᠶᠢᠴᠠᠭᠠᠬᠤ᠂ ᠰᠢᠭᠤᠳ ᠢᠯᠡᠴᠢᠯᠡᠬᠦ᠂ ᠲᠤᠭᠲᠠᠭᠰᠠᠨ ᠴᠠᠭ ᠦᠭᠡᠢ᠂ ᠮᠡᠳᠡᠭᠳᠡᠬᠦ ᠦᠭᠡᠢ᠂ ᠮᠡᠳᠡᠭᠦᠯᠦᠯᠲᠡ ᠰᠣᠨᠣᠰᠬᠤ ᠦᠭᠡᠢ︶ ᠱᠠᠭᠠᠷᠳᠠᠯᠭ᠎ᠠ ᠶᠢ ᠴᠢᠩᠭ᠎ᠠ | ᠨᠠᠶᠢᠲᠠᠪᠤᠷᠢᠵᠢᠭᠤᠯᠵᠤ᠂ ᠰᠣᠯᠪᠢᠴᠠᠨ ᠬᠠᠤᠯᠢ ᠬᠡᠷᠡᠭᠵᠢᠬᠦᠯᠬᠦ᠂ ᠬᠡᠨᠡᠳᠲᠡ ᠪᠠᠷ ᠰᠣᠩᠭᠤᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠨᠢᠭᠤᠴᠠ ᠪᠠᠷ ᠰᠣᠷᠪᠤᠯᠵᠢᠯᠠᠬᠤ | ᠵᠡᠷᠭᠡ ᠬᠠᠤᠯᠢ ᠬᠡᠷᠡᠭᠵᠢᠬᠦᠯᠦᠯᠲᠡ ᠶᠢᠨ ᠠᠷᠭ᠎ᠠ ᠮᠠᠶ᠋ᠢᠭ ᠢ ᠬᠡᠷᠡᠭᠯᠡᠨ᠂ ︽ᠨᠠᠶᠢᠲᠠᠮ︾ ᠵᠢᠴᠢ ︽ᠪᠡᠯᠴᠢᠷ ᠢ ᠨᠢ ᠤᠯᠬᠤ︾ ᠪᠠᠶᠢᠴᠠᠭᠠᠯᠲᠠ ᠶᠢᠨ ᠠᠷᠭ᠎ᠠ ᠮᠠᠶ᠋ᠢᠭ ᠢ | ᠠᠮᠢᠳᠤᠯᠢᠭ ᠬᠡᠷᠡᠭᠯᠡᠵᠦ᠂ ᠠᠵᠢᠯᠯᠠᠭ᠎ᠠ ᠶᠢ ᠳᠡᠭᠡᠳᠦ ᠪᠠᠷᠢᠮᠵᠢᠶ᠎ᠠ ᠲᠠᠢ᠂ ᠦᠨᠳᠦᠷ ᠪᠦᠲᠦᠮᠵᠢ ᠲᠠᠢ᠂ ᠴᠢᠨᠠᠷᠯᠢᠭ ᠰᠠᠶᠢᠨ ᠪᠡᠶᠡᠯᠡᠬᠦᠯᠬᠦ ᠶᠢ ᠪᠠᠲᠤᠯᠠᠨ᠎ᠠ᠃ ᠡᠬᠦᠨ ᠤ | ᠬᠠᠮᠲᠤ᠂ ᠨᠢᠭᠡᠨᠲᠡ ᠪᠠᠶᠢᠭᠤᠯᠤᠭᠳᠠᠭᠰᠠᠨ ᠠᠭᠠᠷ ᠤᠨ ᠠᠦ᠋ᠲ᠋ᠤ᠋ ᠬᠡᠮᠵᠢᠯᠲᠡ ᠶᠢᠨ ᠦᠷᠲᠡᠭᠡ ᠪᠠ ᠦᠵᠡᠭᠳᠡᠯᠲᠦ ᠬᠢᠨᠠᠨ ᠬᠠᠮᠢᠶᠠᠷᠤᠯᠲᠠ ᠶᠢᠨ ᠳᠠᠪᠴᠠᠩ ᠢ ᠬᠦᠢᠴᠡᠳ | ᠠᠰᠢᠭᠯᠠᠨ᠂ ᠬᠠᠷᠠᠭᠠᠨ ᠲᠠᠪᠲᠠᠮᠵᠢ ᠪᠠᠷ ᠬᠢᠨᠠᠨ ᠡᠵᠡᠮᠳᠡᠬᠦ ᠪᠠ ᠠᠯᠣᠰ ᠡᠵᠡᠮᠰᠢᠯᠲᠤ ᠨᠢᠰᠭᠡᠯ ᠵᠡᠷᠭᠡ ᠵᠠᠩᠬᠢᠴᠢᠯᠠᠭᠰᠠᠨ ᠠᠷᠭ᠎ᠠ ᠪᠠᠷᠢᠯ ᠳᠤ ᠲᠦᠰᠢᠭᠯᠡᠵᠦ᠂ ᠠᠬᠤᠢ | ᠲᠠᠯᠠᠪᠠᠢ ᠶᠢᠨ ᠪᠤᠰᠤ ᠬᠠᠤᠯᠢ ᠬᠡᠷᠡᠭᠵᠢᠬᠦᠯᠦᠯᠲᠡ ᠪᠠ ᠠᠬᠤᠢ ᠲᠠᠯᠠᠪᠡᠢ ᠶᠢᠨ ᠬᠡᠨᠡᠳᠲᠡ ᠶᠢᠨ ᠪᠠᠶᠢᠴᠠᠭᠠᠯᠲᠠ ᠶᠢ ᠣᠶᠠᠯᠳᠣᠭᠤᠯᠣᠭᠰᠠᠨ ᠵᠠᠩᠭᠢᠴᠢᠯᠠᠭᠰᠠᠨ ᠬᠢᠨᠠᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠳᠣᠪᠣᠶᠢᠮ᠎ᠠ ᠴᠢᠩᠭᠠᠳᠬᠠᠨ᠎ᠠ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯᠲᠡ ᠲᠠᠨᠢᠯᠲᠠ ᠪᠠᠨ ᠳᠡᠭᠡᠭᠰᠢᠯᠡᠬᠦᠯᠵᠦ᠂ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠱᠠᠩᠬᠠᠢ ᠶᠢᠨ ᠰᠦᠮ᠎ᠡ ᠠᠵᠤ | ᠠᠬᠤᠢ ᠶᠢᠨ ᠨᠡᠭᠡᠭᠡᠯᠲᠡ ᠶᠢᠨ ᠣᠷᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠢᠨ ︽ᠳᠦᠷᠪᠡᠨ ᠤᠬᠠᠮᠰᠠᠷ︾ ᠢ ᠪᠠᠲᠤ ᠱᠤᠭᠤᠵᠤ᠂ ᠠᠠᠮᠢ | ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠣᠯᠣᠰ ᠲᠦᠷᠦ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ 2020 ᠣᠨ ᠤ ︽ᠪᠤᠬᠢᠷᠳᠣᠯ ᠢ | ᠡᠷᠴᠢᠮᠲᠡᠢ ᠵᠠᠰᠠᠬᠤ︾ ᠠᠮᠢ ᠠᠬᠤᠢ ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠢᠬᠦᠯᠦᠯᠲᠡ ᠶᠢᠨ ᠠᠵᠢᠯᠯᠠᠭ᠎ᠠ ᠶᠢ ᠰᠢ ᠶᠢᠨ ᠫᠢᠩ ᠤᠨ ᠠᠮᠢ ᠠᠬᠤᠢ ᠣᠷᠴᠢᠨ | ᠲᠤᠭᠤᠷᠢᠨ ᠤ ᠪᠤᠯᠪᠠᠰᠣᠨ ᠤ ᠦᠵᠡᠯ ᠰᠠᠨᠠᠭ᠎ᠠ ᠶᠢ ᠲᠤᠤᠱᠯᠠᠭᠤᠯᠬᠤ ᠪᠤᠲᠠᠲᠠᠢ ᠠᠷᠭ᠎ᠠ ᠠᠪᠴᠠᠯ ᠪᠤᠯᠭᠠᠬᠤ ᠬᠡᠷᠡᠭᠲᠡᠢ︔ ᠪᠣᠬᠢᠷᠳᠣᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠠᠵᠢᠯ ᠤᠨ ᠢᠯᠠᠯᠲᠠ ᠶᠢ ᠣᠯᠬᠤ ᠪᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠴᠢᠨᠠᠷᠯᠢᠭ ᠬᠦᠭᠵᠢᠯᠲᠡ ᠶᠢ | ᠠᠬᠢᠭᠤᠯᠬᠤ ᠬᠦᠴᠦᠲᠦ ᠵᠡᠪᠰᠡᠭ ᠪᠤᠯᠭᠠᠨ᠂ ᠮᠠᠨ ᠤ ᠬᠤᠰᠢᠭᠤᠨ ᠤ ᠣᠷᠴᠢᠨ ᠲᠤᠭᠤᠷᠢᠨ ᠤ ᠶᠠᠰᠣ ᠴᠢᠨᠠᠷ ᠤᠨ ᠠᠮᠤᠷ ᠳᠦᠪᠰᠢᠨ ᠢ ᠪᠠᠲᠤᠯᠠᠬᠤ ᠴᠢᠬᠤᠯᠠ ᠭᠠᠷᠳᠠᠴᠠ | ᠪᠤᠯᠭᠠᠬᠤ ᠬᠡᠷᠡᠭᠲᠡᠢ︔ ᠭᠤᠤᠯ ᠣᠳᠣᠷᠢᠳᠣᠯᠭ᠎ᠠ ᠪᠡᠶᠡᠴᠢᠯᠡᠨ ᠠᠳᠬᠤᠵᠤ ᠪᠠᠶᠢᠷᠢᠯᠠᠭᠤᠯᠤᠯᠲᠠ ᠬᠢᠨ᠂ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠣᠲᠠᠲᠠᠢ | ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ᠂ ᠲᠤᠤᠱᠲᠠᠢ ᠪᠠᠶᠢᠴᠠᠭᠠᠬᠤ ᠬᠡᠷᠡᠭᠲᠡᠢ᠃ ᠡᠯ᠎ᠡ ᠪᠠᠶᠢᠴᠠᠭᠠᠯᠲᠠ ᠶᠢᠨ ᠳᠣᠭᠤᠶᠢᠯᠠᠩ ᠤᠨ ᠬᠢᠨ | ᠬᠤᠲᠠ ᠶᠢᠨ ᠱᠠᠲᠤᠨ ᠤ ᠠᠬᠤᠢ ᠲᠠᠯᠠᠪᠠᠢ ᠶᠢᠨ ᠪᠠᠶᠢᠴᠠᠭᠠᠯᠲᠠ ᠶᠢᠨ ᠳᠣᠭᠤᠶᠢᠯᠠᠩ ᠠᠴᠠ ᠰᠢᠯᠵᠢᠬᠦᠯᠦᠨ ᠬᠦᠢᠴᠡᠳᠭᠡᠭᠦᠯᠦᠭᠰᠡᠨ ᠠᠮᠢ ᠠᠬᠤᠢ ᠣᠷᠴᠢᠨ ᠲᠤᠭᠤᠷᠢᠨ ᠤ | ᠠᠰᠠᠭᠤᠳᠠᠯ ᠢ ᠮᠦᠷᠳᠡᠨ ᠴᠡᠭᠴᠡᠯᠡᠬᠦ ᠠᠵᠢᠯ ᠢ ᠬᠠᠷᠢᠭᠤᠴᠠᠵᠤ᠂ ᠲᠦᠷᠦᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠳᠠᠩᠰᠠ ᠪᠠᠶᠢᠭᠤᠯᠤᠨ᠂ ᠬᠠᠷᠢᠭᠤᠴᠠᠯᠭᠠᠲᠠᠨ ᠪᠠ | ᠪᠤᠲᠠᠲᠠᠢ ᠪᠡᠶᠡᠯᠡᠬᠦᠯᠬᠦ ᠴᠠᠭ ᠬᠤᠭᠤᠴᠠᠭ᠎ᠠ ᠶᠢ ᠲᠤᠲᠤᠷᠬᠠᠶᠢᠯᠠᠵᠤ᠂ ᠡᠯ᠎ᠡ ᠲᠦᠷᠦᠯ ᠤᠨ ᠣᠷᠴᠢᠨ ᠲᠤᠭᠤᠷᠢᠨ ᠤ ᠠᠰᠠᠭᠤᠳᠠᠯ ᠤᠨ ᠴᠡᠭᠴᠡᠯᠡᠨ ᠵᠠᠰᠠᠯᠲᠠ ᠶᠢ | ᠬᠤᠭᠤᠴᠠᠭ᠎ᠠ ᠶᠤᠰᠤᠭᠠᠷ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠯᠲᠠ ᠶᠢᠨ ᠨᠠᠶᠢᠲᠠᠪᠤᠷᠢᠵᠢᠭᠤᠯᠤᠯᠲᠠ ᠶᠢ ᠴᠢᠩᠭᠠᠳᠬᠠᠨ᠎ᠠ᠃ | ᠡᠯ᠎ᠡ ᠪᠠᠶᠢᠴᠠᠭᠠᠯᠲᠠ ᠶᠢᠨ ᠳᠣᠭᠤᠶᠢᠯᠠᠩ ᠳᠤ ᠳᠣᠭᠤᠶᠢᠯᠠᠩ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠦᠨ᠂ ᠠᠵᠢᠯ ᠤᠨ | ᠬᠤᠪᠢᠶᠠᠷᠢ ᠲᠤᠲᠤᠷᠬᠠᠢ᠂ ᠬᠠᠷᠢᠭᠤᠴᠠᠯᠭ᠎ᠠ ᠶᠢ ᠬᠦᠮᠦᠨ ᠳᠤ ᠨᠠᠶᠢᠲᠠᠪᠤᠷᠢᠵᠢᠭᠤᠯᠬᠤ᠂ ᠦᠨᠡᠨ ᠪᠤᠲᠠᠲᠠᠢ ᠦᠨᠳᠦᠷ ᠦᠷ᠎ᠡ ᠪᠦᠲᠦᠮᠵᠢᠲᠡᠢ᠂ ᠨᠠᠷᠢᠨ ᠨᠢᠮᠪᠠᠢ ᠪᠠᠶᠢᠬᠤ ᠶᠢ | ᠪᠡᠶᠡᠯᠡᠬᠦᠯᠬᠦ ᠬᠡᠷᠡᠭᠲᠡᠢ᠃ ᠪᠠᠶᠢᠴᠠᠭᠠᠯᠲᠠ ᠶᠢᠨ ᠠᠭᠤᠯᠭ᠎ᠠ ᠶᠢ ᠪᠦᠬᠦ ᠲᠠᠯ᠎ᠠ ᠶᠢᠨ ᠦᠯᠡᠳᠡᠭᠡᠯ ᠦᠭᠡᠢ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠡᠯ᠎ᠡ ᠱᠠᠲᠤᠨ ᠤ ᠠᠮᠢ | ᠠᠬᠤᠢ ᠣᠷᠴᠢᠨ ᠲᠤᠭᠤᠷᠢᠨ ᠤ ᠰᠠᠯᠠᠭ᠎ᠠ ᠮᠦᠴᠢᠷ ᠤᠨ 2020 ᠣᠨ ᠤ ᠬᠠᠮᠢᠶ᠎ᠠ ᠪᠦᠬᠦᠢ ᠲᠤᠰᠬᠠᠢ ᠪᠠᠶᠢᠴᠠᠭᠠᠯᠲᠠ ᠶᠢᠨ ᠱᠠᠭᠠᠷᠳᠠᠯᠭ᠎ᠠ ᠲᠠᠢ ᠣᠶᠠᠯᠳᠣᠭᠤᠯᠵᠣ᠂ | ᠭᠤᠤᠯᠳᠠᠯᠭ᠎ᠠ ᠶᠢ ᠳᠣᠪᠣᠶᠢᠯᠭᠠᠨ᠂ ᠨᠠᠷᠢᠯᠢᠭ ᠣᠨᠣᠪᠴᠢᠲᠠᠢ ᠪᠠᠷ ᠬᠦᠴᠦᠯᠡᠬᠦ ᠬᠡᠷᠡᠭᠲᠡᠢ᠃ ᠡᠯ᠎ᠡ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠬᠤᠲᠠ ᠶᠢᠨ | ᠲᠤᠪᠴᠢᠶᠠᠨ ᠤ ᠪᠠᠶᠢᠴᠠᠭᠠᠯᠲᠠ ᠶᠢᠨ ᠳᠣᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠲᠦᠷᠦᠯ ᠬᠤᠪᠢᠶᠠᠨ ᠡᠮᠬᠢᠯᠡᠵᠦ᠂ ᠬᠤᠭᠤᠴᠠᠭ᠎ᠠ ᠬᠢᠵᠠᠭᠠᠷᠯᠠᠭᠰᠠᠨ | ᠴᠡᠭᠴᠡᠯᠡᠨ ᠵᠠᠰᠠᠯᠲᠠ ᠶᠢᠨ ᠠᠰᠠᠭᠤᠳᠠᠯ ᠳᠤ ᠲᠤᠰᠬᠠᠢ ᠴᠡᠭᠴᠡᠯᠡᠨ ᠵᠠᠰᠠᠯᠲᠠ ᠶᠢᠨ ᠲᠦᠰᠦᠯ ᠲᠤᠭᠲᠠᠭᠠᠨ᠂ ᠴᠡᠭᠴᠡᠯᠡᠨ ᠵᠠᠰᠠᠯᠲᠠ ᠶᠢᠨ ᠠᠬᠢᠴᠠ ᠶᠢ ᠲᠤᠭᠲᠠᠮᠠᠯ | ᠬᠤᠭᠤᠴᠠᠭ᠎ᠠ ᠶᠤᠰᠤᠭᠠᠷ ᠮᠡᠳᠡᠭᠦᠯᠦᠨ ᠬᠦᠷᠭᠡᠵᠦ᠂ ᠣᠷᠴᠢᠨ ᠲᠤᠭᠤᠷᠢᠨ ᠤ ᠬᠠᠤᠯᠢ ᠵᠦᠷᠢᠴᠡᠭᠰᠡᠨ ᠬᠦᠨᠳᠦ ᠨᠤᠴᠢᠲᠠᠢ ᠠᠵᠢᠯᠯᠠᠭ᠎ᠠ ᠶᠢ ᠬᠢᠵᠠᠭᠠᠷᠯᠠᠭᠰᠠᠨ | ᠬᠤᠭᠤᠴᠠᠭ᠎ᠠ ᠲᠤᠲᠤᠷ᠎ᠠ ᠪᠠᠶᠢᠴᠠᠭᠠᠵᠤ ᠰᠢᠢᠳᠬᠡᠨ᠂ ᠬᠦᠢᠴᠡᠳᠬᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ᠂ ︽ᠬᠠᠷᠭᠤᠭᠤᠯᠤᠨ | ᠪᠠᠶᠢᠴᠠᠭᠠᠯᠲᠠ᠂ ᠬᠦᠢᠴᠡᠳᠬᠡᠯ᠂ ᠴᠡᠭᠴᠡᠯᠡᠨ ᠵᠠᠰᠠᠯᠲᠠ ᠶᠢ ᠣᠷᠣᠨᠵᠢᠭᠤᠯᠬᠤ︾ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠲᠠᠢ ᠠᠵᠤ ᠠᠬᠤᠶᠢᠯᠠᠯ ᠢ ᠲᠠᠪᠲᠠᠨ ᠬᠢᠨᠠᠬᠤ | ᠰᠢᠪᠡᠳᠡᠯᠲᠡ ᠪᠠᠶᠢᠴᠠᠭᠠᠯᠲᠠ ᠶᠢᠨ ᠬᠦᠴᠦᠯᠡᠴᠡ ᠪᠠ ᠣᠳᠠᠭ᠎ᠠ ᠳᠠᠷᠠᠭ᠎ᠠ ᠶᠢ ᠶᠡᠬᠡᠳᠬᠡᠨ᠂ ᠣᠷᠴᠢᠨ ᠲᠤᠭᠤᠷᠢᠨ ᠤ ᠡᠯ᠎ᠡ ᠲᠦᠷᠦᠯ ᠤᠨ ᠠᠰᠠᠭᠤᠳᠠᠯ ᠤᠨ ᠴᠡᠭᠴᠡᠯᠡᠨ | ᠵᠠᠰᠠᠯᠲᠠ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠢ ᠦᠨᠡᠨ ᠬᠦ ᠡᠵᠡᠮᠰᠢᠬᠦ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠡᠯ᠎ᠡ ᠪᠠᠶᠢᠴᠠᠭᠠᠯᠲᠠ ᠶᠢᠨ ᠳᠣᠭᠤᠶᠢᠯᠠᠩ ᠤᠨ | ᠬᠢᠨ ᠲᠦᠪ ᠬᠤᠷᠢᠶᠠᠨ ᠤ ᠨᠠᠢᠮᠠᠨ ᠲᠦᠷᠦᠯ ᠤᠨ ᠲᠤᠭᠲᠠᠭᠠᠯ ᠤᠨ ᠵᠤᠷᠢᠭ ᠰᠠᠨᠠᠭ᠎ᠠ ᠵᠢᠴᠢ ᠦᠪᠡᠷᠲᠡᠭᠡᠨ ᠵᠠᠰᠠᠬᠤ ᠤᠷᠤᠨ᠂ ᠬᠤᠲᠠ ᠪᠠ ᠮᠠᠨ ᠤ ᠬᠤᠰᠢᠭᠤᠨ ᠤ ᠡᠯ᠎ᠡ | ᠲᠦᠷᠦᠯ ᠤᠨ ᠲᠦᠭᠦᠷ ᠲᠤᠭᠲᠠᠭᠠᠯ ᠢ ᠴᠢᠩᠭ᠎ᠠ ᠬᠡᠷᠡᠭᠵᠢᠬᠦᠯᠦᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠯ᠎ᠡ ᠲᠦᠷᠦᠯ ᠤᠨ ᠠᠵᠢᠯ ᠤᠨ ᠲᠤᠭᠲᠠᠴᠠ ᠪᠠ | ᠲᠤᠭᠲᠠᠭᠠᠯ ᠢ ᠨᠠᠶᠢᠲᠠᠪᠤᠷᠢᠵᠢᠭᠤᠯᠵᠤ᠂ ᠠᠵᠢᠯᠯᠠᠭᠠᠨ ᠤ ᠴᠢᠨᠠᠷ ᠴᠢᠨᠰᠠᠭ᠎ᠠ ᠶᠢ ᠪᠠᠲᠤᠯᠠᠨ᠂ ᠰᠢᠯᠵᠢᠬᠦᠯᠦᠨ ᠬᠦᠢᠴᠡᠳᠭᠡᠬᠦᠯᠦᠭᠰᠡᠨ ᠠᠮᠢ ᠠᠬᠤᠢ ᠣᠷᠴᠢᠨ ᠲᠤᠭᠤᠷᠢᠨ ᠤ | ᠠᠰᠠᠭᠤᠳᠠᠯ ᠳᠤ ᠲᠦᠪ ᠴᠢᠩᠭ᠎ᠠ ᠨᠠᠷᠢᠨ ᠬᠢᠨᠠᠮᠠᠭᠠᠢ ᠪᠠᠷ ᠬᠠᠨᠳᠣᠵᠣ᠂ ᠠᠵᠢᠯᠲᠠᠨ ᠢᠶᠠᠨ ᠵᠤᠬᠢᠶᠠᠨ ᠪᠠᠶᠢᠭᠤᠯᠤᠨ ᠬᠠᠮᠤᠭ ᠤᠨ ᠲᠡᠷᠢᠬᠦᠨ ᠳᠤ ᠠᠬᠤᠢ ᠲᠡᠯᠡᠪᠡᠢ ᠲᠤ | ᠬᠦᠷᠴᠦ᠂ ᠬᠠᠷᠭᠤᠭᠤᠯᠤᠨ ᠪᠠᠶᠢᠴᠠᠭᠠᠬᠤ᠂ ᠪᠠᠶᠢᠴᠠᠭᠠᠯᠲᠠ ᠬᠢᠬᠦ ᠪᠠ ᠭᠡᠷᠡᠴᠢ ᠠᠪᠬᠤ ᠬᠡᠷᠡᠭᠲᠡᠢ᠃ ᠣᠷᠴᠢᠨ ᠲᠤᠭᠤᠷᠢᠨ ᠤ ᠬᠠᠤᠯᠢ ᠵᠦᠷᠢᠴᠡᠭᠰᠡᠨ ᠬᠦᠨᠳᠦ ᠨᠣᠴᠢᠲᠠᠢ | ᠳᠣᠪᠣᠶᠢᠮ᠎ᠠ ᠠᠰᠠᠭᠤᠳᠠᠯ ᠣᠷᠣᠰᠢᠵᠦ ᠪᠠᠶᠢᠭ᠎ᠠ ᠠᠵᠤ ᠠᠬᠤᠶᠢᠯᠠᠯ ︵ᠪᠠᠶᠢᠭᠤᠯᠭ᠎ᠠ ᠨᠢᠭᠡᠴᠡ︶ ᠳᠤ ᠬᠠᠤᠯᠢ ᠶᠢ ᠵᠠᠪᠠᠯ ᠴᠢᠩᠭ᠎ᠠ ᠬᠡᠷᠡᠭᠵᠢᠬᠦᠯᠵᠦ᠂ ᠬᠠᠤᠯᠢ ᠠᠴᠠ | ᠵᠦᠷᠢᠴᠡᠪᠡᠯ ᠵᠠᠪᠠᠯ ᠰᠢᠢᠳᠬᠡᠬᠦ ᠶᠢ ᠪᠠᠷᠢᠮᠲᠠᠯᠠᠬᠤ ᠬᠡᠷᠡᠭᠲᠡᠢ᠃ ᠬᠡᠷᠡᠭ ᠪᠤᠯᠭᠠᠭᠰᠠᠨ ᠦᠭᠡᠢ᠂ ᠰᠢᠢᠳᠬᠡᠭᠰᠡᠨ ᠦᠭᠡᠢ᠂ ᠴᠡᠭᠴᠡᠯᠡᠨ ᠵᠠᠰᠠᠯᠲᠠ ᠶᠢᠨ ᠡᠭᠦᠷᠭᠡ ᠶᠢ ᠴᠠᠭ | ᠬᠤᠭᠤᠴᠠᠭᠠᠨ ᠤ ᠱᠠᠭᠠᠷᠳᠠᠯᠭ᠎ᠠ ᠶᠤᠰᠤᠭᠠᠷ ᠠᠬᠢᠭᠤᠯᠤᠭᠰᠠᠨ ᠦᠭᠡᠢ ᠪᠤᠶᠤ ᠤᠯᠠᠨᠲᠠ ᠪᠠᠶᠢᠴᠠᠭᠠᠭᠰᠠᠨ ᠪᠤᠯᠪᠠᠴᠤ ᠵᠠᠯᠠᠭᠤᠷᠠᠭᠤᠯᠬᠤ ᠦᠭᠡᠢ᠂ ᠡᠰᠡᠭᠦᠯ᠎ᠡ ᠠᠵᠢᠯ ᠤᠨ | ᠶᠠᠪᠤᠴᠠ ᠳᠤ ᠠᠯᠪᠠ ᠬᠠᠰᠢᠵᠦ ᠠᠮᠠ ᠪᠦᠭᠯᠡᠭᠰᠡᠨ᠂ ᠰᠢᠯᠲᠠᠭᠯᠠᠵᠤ ᠵᠠᠶᠢᠯᠠᠭᠰᠠᠨ᠂ ᠬᠤᠳᠠᠯ ᠬᠠᠭᠤᠷᠮᠠᠭ ᠢᠶᠠᠷ ᠵᠤᠬᠢᠶᠠᠭᠰᠠᠨ ᠰᠠᠯᠠᠭ᠎ᠠ ᠮᠦᠴᠢᠷ ᠪᠠ ᠬᠤᠪᠢ ᠬᠦᠮᠦᠨ | ᠠᠴᠠ ᠬᠤᠯᠪᠤᠭᠳᠠᠯ ᠪᠦᠬᠦᠢ ᠬᠠᠤᠯᠢ ᠳᠦᠷᠢᠮ ᠶᠤᠰᠤᠭᠠᠷ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠳᠦᠷᠪᠡ︶ ᠤᠬᠠᠭᠤᠯᠭ᠎ᠠ ᠮᠡᠳᠡᠭᠡᠯᠡᠯ ᠢ ᠴᠢᠩᠭᠠᠳᠬᠠᠵᠤ᠂ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠤᠬᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷᠯᠢᠭ ᠬᠦᠭᠵᠢᠯᠲᠡ ᠶᠢᠨ ᠰᠠᠭᠤᠳᠠᠯ ᠤᠨ ᠬᠤᠷᠠᠯ ᠤᠨ ᠵᠤᠷᠢᠭ ᠰᠠᠨᠨᠠᠭᠠ ᠶᠢ ᠲᠤᠤᠱᠯᠠᠭᠤᠯᠵᠤ ᠨᠠᠶᠢᠲᠠᠪᠤᠷᠢᠵᠭᠤᠯᠤᠨ᠂ ︽ᠪᠣᠬᠢᠷᠳᠣᠯ ᠢ ᠡᠷᠴᠢᠮᠲᠠᠢ ᠵᠠᠰᠠᠬᠤ︾ | ᠣᠷᠴᠢᠨ ᠲᠤᠭᠤᠷᠢᠨ ᠤ ᠲᠤᠰᠬᠠᠢ ᠬᠠᠤᠯᠢ ᠬᠡᠷᠡᠭᠵᠬᠦᠯᠦᠯᠲᠡ ᠶᠢᠨ ᠠᠵᠢᠯᠯᠠᠭᠠᠨ ᠤ ᠳᠣᠮᠳᠠ ᠢᠯᠡᠷᠡᠭᠰᠡᠨ ᠰᠢᠯᠢᠳᠡᠭ ᠲᠤᠷᠰᠢᠯᠭ᠎ᠠ᠂ ᠰᠠᠶᠢᠨ ᠠᠷᠭ᠎ᠠ ᠬᠡᠮᠵᠢᠶ᠎ᠡ ᠶᠢ | ᠡᠷᠴᠢᠮᠲᠡᠢ ᠣᠬᠠᠭᠤᠯᠵᠤ᠂ ᠬᠤᠲᠠ᠂ ᠬᠤᠰᠢᠭᠤ ᠬᠤᠶᠠᠷ ᠱᠠᠲᠤᠨ ᠤ ᠭᠤᠤᠯᠯᠠᠭᠴᠢ ᠵᠠᠭᠤᠴᠢᠯᠠᠭᠤᠷ ᠢᠶᠠᠷ ᠲᠦᠪᠯᠡᠷᠡᠩᠭᠦᠢ ᠮᠡᠳᠡᠭᠡᠯᠡᠨ᠂ ᠪᠦᠬᠦ ᠨᠠᠶᠢᠬᠡᠮ ᠢᠶᠠᠷ ᠢᠶᠠᠨ | ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠳᠤ ᠣᠷᠣᠯᠴᠠᠬᠤ ᠤᠬᠢ ᠰᠠᠶᠢᠨ ᠣᠷᠴᠢᠨ ᠢ ᠪᠦᠷᠢᠯᠳᠦᠬᠦᠯᠬᠦ ᠬᠡᠷᠡᠭᠲᠡᠢ᠃ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 6 ᠰᠠᠷ᠎ᠠ ᠶᠢᠨ 11 ᠤ ᠡᠳᠤᠷ ᠲᠠᠷᠤᠮᠠᠯᠯᠠᠨ ᠲᠠᠷᠬᠠᠭᠠᠪᠠ |