ᠠᠵᠣ ᠠᠬᠤᠢ ᠶᠢᠨ ᠡᠷᠬᠢᠯᠳᠡ ᠶᠢ ᠬᠢᠨᠠᠨ ᠲᠣᠬᠢᠷᠠᠭᠤᠯᠬᠤ ᠠᠵᠢᠯ ᠤᠨ ᠲᠣᠰᠬᠠᠢ ᠪᠠᠭ ᠢ ᠪᠠᠶᠢᠭᠤᠯᠬᠤ ᠲᠣᠬᠠᠢ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠦᠴᠢᠷ ᠲᠤ᠄ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠣᠯᠣᠭᠰᠠᠨ ᠨᠦᠯᠦᠭᠡᠯᠡᠯ ᠢ ᠪᠦᠳᠦᠮᠵᠢᠳᠠᠢ | ᠠᠷᠭᠠᠴᠠᠵᠣ᠂ ᠮᠠᠨ ᠤ ᠬᠤᠰᠢᠭᠤᠨ ᠤ ᠠᠵᠣ ᠠᠬᠤᠢ ᠶᠢᠨ ᠡᠷᠬᠢᠯᠳᠡ ᠲᠣᠮᠳᠠ ᠣᠷᠣᠰᠢᠵᠣ ᠪᠠᠶᠢᠭ᠎ᠠ ᠲᠣᠪᠣᠶᠢᠮ᠎ᠠ | ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠬᠦ ᠶᠢᠨ ᠲᠣᠰᠠᠳᠠ᠂ ᠣᠳᠤᠭ ᠤᠨ ᠡᠮᠦᠨᠡᠳᠦ ᠬᠤᠰᠢᠭᠤᠨ ᠤ ᠠᠵᠣ | ᠠᠬᠤᠢ ᠶᠢᠨ ᠡᠷᠬᠢᠯᠳᠡ ᠶᠢ ᠬᠢᠨᠠᠨ ᠲᠣᠭᠢᠷᠠᠭᠤᠯᠬᠤ ᠠᠵᠢᠯ ᠤᠨ ᠲᠣᠰᠬᠠᠢ ᠪᠠᠭ ᠪᠠᠶᠢᠭᠤᠯᠬᠤ ᠪᠠᠷ ᠰᠣᠳᠣᠯᠣᠨ | ᠲᠣᠭᠳᠠᠭᠠᠵᠣ᠂ ᠪᠦᠬᠦ ᠬᠤᠰᠢᠭᠤᠨ ᠤ ᠠᠵᠣ ᠠᠬᠤᠢ ᠶᠢᠨ ᠬᠢᠨᠠᠨ ᠲᠣᠬᠢᠷᠠᠭᠤᠯᠬᠤ ᠬᠤᠯᠪᠣᠭᠠᠳᠦ ᠲᠣᠭᠳᠠᠯᠴᠠᠭ᠎ᠠ ᠶᠢ | ᠪᠦᠬᠦ ᠲᠠᠯ᠎ᠠ ᠪᠠᠷ ᠴᠢᠩᠭᠠᠳᠬᠠᠨ ᠲᠡᠭᠦᠯᠳᠡᠷᠵᠢᠭᠦᠯᠵᠣ᠂ ᠭᠤᠣᠯᠳᠠᠯᠭᠠᠳᠦ ᠬᠦᠷᠢᠶ᠎ᠡ ᠴᠠᠷᠠᠭ᠎ᠠ᠂ ᠭᠤᠣᠯᠳᠠᠯᠭᠠᠳᠦ ᠠᠵᠢᠯ | ᠲᠦᠷᠦᠯ᠂ ᠭᠤᠣᠯᠳᠠᠯᠭᠠᠳᠦ ᠲᠦᠷᠦᠯ ᠵᠣᠶᠢᠯ ᠤᠨ ᠬᠢᠨᠡᠨ ᠵᠠᠳᠠᠯᠣᠯᠳᠠ ᠪᠠ ᠨᠢᠭᠡᠳᠦᠯᠳᠡᠢ ᠲᠣᠬᠢᠷᠭᠤᠯᠣᠯᠳᠠ ᠶᠢ | ᠴᠢᠩᠭᠠᠳᠬᠠᠨ᠂ ᠪᠦᠬᠦ ᠵᠢᠯ ᠤᠨ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠳᠠ ᠪᠠᠨ ᠣᠷᠣᠭᠰᠢᠳᠠᠢ | ᠪᠡᠶᠡᠯᠡᠭᠦᠯᠬᠦ ᠶᠢ ᠪᠠᠳᠣᠯᠠᠨ᠎ᠠ᠃ | ᠨᠢᠭᠡ᠂ ᠠᠵᠢᠯ ᠤᠨ ᠲᠣᠰᠬᠠᠢ ᠪᠠᠭ | ᠲᠣᠭᠤᠶᠢᠯᠠᠩ ᠤᠨ ᠲᠠᠷᠤᠭ᠎ᠠ᠄ ᠪᠦᠷᠢᠨᠴᠢᠮᠡᠭ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ | ᠤᠨ ᠣᠷᠳᠣᠨ ᠤ ᠬᠤᠰᠢᠭᠤ ᠲᠠᠷᠤᠭ᠎ᠠ | ᠲᠣᠭᠤᠶᠢᠯᠠᠩ ᠤᠨ ᠲᠡᠳ᠋ ᠲᠠᠷᠤᠭ᠎ᠠ᠄ ᠯᠢᠦ ᠱᠦ ᠯᠦ ᠱᠠᠩᠬᠠᠢ ᠶᠢᠨ ᠰᠦᠮ᠎ᠡ ᠠᠵᠣ ᠠᠬᠤᠢ ᠶᠢᠨ | ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ | ᠶᠢᠣ ᠵᠢᠶᠦ᠋ᠨ ᠪᠣᠣ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ | ᠠᠵᠢᠯᠯᠠᠬᠤ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ | ᠮᠠ ᠵᠢᠶᠠ ᠰᠢᠨ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠰᠢᠭᠤ ᠲᠡᠳ᠋ ᠲᠠᠷᠤᠭ᠎ᠠ | ᠰᠦᠨ ᠶᠧᠦ ᠵᠢᠶᠦ᠋ᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ᠯᠢᠦᠢ ᠶᠣᠣ ᠹᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ︵ᠪᠠᠶᠢᠩᠭᠤ ᠶᠢᠨ ᠲᠡᠳ᠋ ᠲᠣᠭᠤᠶᠢᠯᠠᠩ ᠤᠨ ᠲᠠᠷᠤᠭ᠎ᠠ︶ | ᠬᠡᠰᠢᠭᠦᠳ᠄ ᠶᠢᠣ ᠵᠢᠶᠠᠨ ᠪᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠡᠷᠬᠢᠯᠡᠭᠴᠢ | ᠪᠦᠷᠢᠨᠪᠠᠶᠠᠷ ᠬᠤᠰᠢᠭᠤ ᠬᠦᠭᠵᠢᠭᠦᠯᠦᠯᠳᠡ ᠪᠣᠯᠣᠨ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠯᠢᠦ ᠱᠦ ᠭᠥᠸᠧ ᠬᠤᠰᠢᠭᠤ ᠲᠤᠭ᠎ᠠ ᠪᠦᠷᠢᠳᠬᠡᠯ ᠤᠨ ᠲᠣᠪᠴᠢᠶᠠᠨ ᠤ ᠲᠠᠷᠤᠭ᠎ᠠ | ᠵᠢᠶᠠ ᠰᠢᠶᠠᠩ ᠪᠢᠩ ᠬᠤᠰᠢᠭᠤ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ | ᠲᠧᠭᠨᠢᠭ ᠮᠡᠷᠭᠡᠵᠢᠯ ᠤᠨ ᠲᠣᠪᠴᠢᠶᠠᠨ ᠤ ᠲᠠᠷᠤᠭ᠎ᠠ | ᠠᠯᠳᠠᠬᠠᠭᠤᠯᠠ ᠬᠤᠰᠢᠭᠤ ᠡᠨᠧᠷᠬᠢ ᠶᠢᠨ ᠲᠣᠪᠴᠢᠶᠠᠨ ᠤ ᠲᠠᠷᠤᠭ᠎ᠠ | ᠠᠶᠣᠰᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠠᠷᠤᠭ᠎ᠠ | ᠰᠦ᠋ ᠵᠠᠨ ᠴᠢᠶᠠᠨ ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ ᠤ | ᠲᠠᠷᠤᠭ᠎ᠠ | ᠸᠠᠩ ᠵᠢᠶᠠᠨ ᠫᠢᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠠᠷᠤᠭ᠎ᠠ | ᠴᠢᠨ ᠯᠢᠩ ᠹᠧᠩ ᠬᠤᠰᠢᠭᠤ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶᠠᠨ ᠤ ᠲᠠᠷᠤᠭ᠎ᠠ | ᠴᠢ ᠵᠢᠶᠦ᠋ᠨ ᠬᠤᠰᠢᠭᠤ ᠣᠰᠣᠨ ᠠᠰᠢᠭᠯᠠᠯᠳᠠ ᠶᠢᠨ ᠲᠣᠪᠴᠢᠶᠠᠨ ᠤ ᠲᠠᠷᠤᠭ᠎ᠠ | ᠪᠢᠶᠠᠨ ᠽᠢ ᠸᠧᠨ ᠬᠤᠰᠢᠭᠤ ᠵᠠᠮ ᠬᠠᠷᠢᠯᠴᠠᠭᠠᠨ ᠤ ᠲᠣᠪᠴᠢᠶᠠᠨ ᠤ ᠲᠠᠷᠤᠭ᠎ᠠ | ᠴᠢᠨ ᠶᠧᠦ ᠭᠥᠸᠧ ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ | ᠶᠢᠨ ᠲᠣᠪᠴᠢᠶᠠᠨ ᠲᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ | ᠲᠠᠷᠤᠭ᠎ᠠ | ᠹᠦ᠋ ᠯᠠᠢ ᠪᠢᠨ ᠬᠤᠰᠢᠭᠤ ᠭᠠᠶᠢᠯᠢ ᠶᠢᠨ ᠶᠠᠪᠣᠳᠠᠯ ᠤᠨ ᠲᠣᠪᠴᠢᠶᠠᠨ ᠤ ᠲᠠᠷᠤᠭ᠎ᠠ | ᠸᠠᠩ ᠬᠤ᠋ ᠱᠤᠸᠠᠨ ᠬᠤᠰᠢᠭᠤ ᠭᠡᠷ ᠪᠠᠶᠢᠰᠢᠩ ᠤᠨ ᠲᠠᠳᠠᠪᠦᠷᠢᠯᠠᠯᠳᠠ ᠪᠠ ᠵᠠᠰᠠᠭ ᠤᠨ ᠣᠷᠳᠣᠨ ᠤ | ᠢᠨᠵᠧᠨᠧᠷᠢᠩ ᠤᠨ ᠲᠦᠷᠦᠯ ᠵᠣᠶᠢᠯ ᠤᠨ ᠪᠠᠶᠢᠭᠤᠯᠣᠯᠳᠠ ᠬᠠᠮᠢᠶᠠᠷᠣᠯᠳᠠ ᠶᠢᠨ ᠲᠦᠪ ᠤᠨ ᠡᠷᠬᠢᠯᠡᠭᠴᠢ | ᠴᠧᠨ ᠰᠢᠶᠣᠣ ᠬᠤᠢ ᠬᠤᠰᠢᠭᠤ ᠮᠦᠩᠭᠦᠨ ᠭᠦᠢᠯᠭᠡᠭᠡ ᠶᠢᠨ ᠣᠶᠢᠯᠡᠴᠢᠯᠡᠭᠡᠨ ᠤ ᠲᠦᠪ ᠤᠨ ᠡᠷᠬᠢᠯᠡᠭᠴᠢ | ᠰᠢᠶᠠᠩ ᡁᠢ ᠫᠢᠩ ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠲᠠᠷᠤᠭ᠎ᠠ | ᠯᠢᠦ ᠶᠥᠩ ᠵᠢᠶᠦ᠋ᠨ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠭᠠᠶᠢᠯᠢ | ᠶᠢᠨ ᠶᠠᠪᠣᠳᠠᠯ ᠤᠨ ᠲᠣᠪᠴᠢᠶᠠᠨ ᠤ ᠲᠠᠷᠤᠭ᠎ᠠ | ᠭᠤᠸᠠᠨ ᠫᠢᠩ ᠣᠯᠵᠠᠴᠢ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ | ᠯᠢᠦ ᠲᠢᠶᠠᠨ ᠶᠦᠨ ᠱᠠᠩᠬᠠᠢ ᠶᠢᠨ ᠰᠦᠮ᠎ᠡ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ | ᠶᠢᠣ ᠵᠢᠶᠠᠨ ᠴᠢᠩ ᠪᠣᠷᠣᠪᠠᠯᠭᠠᠰᠦ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ | ᠷᠠᠰᠢ ᠨᠠᠩᠰᠣ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ | ᠡᠷᠳᠡᠨᠢᠪᠢᠯᠢᠭ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠠᠷᠤᠭ᠎ᠠ | ᠪᠠᠶᠠᠨᠮᠦ᠋ᠩᠬᠡ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ | ᠲᠠᠷᠤᠭ᠎ᠠ | ᠷᠡᠳᠨᠠ ᠪᠣᠷᠣᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠠᠷᠤᠭ᠎ᠠ | ᠹᠧᠩ ᠴᠦᠨ ᠬᠤᠸᠠ ᠨᠠᠩᠰᠦ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠠᠷᠤᠭ᠎ᠠ | ᠠᠵᠢᠯ ᠤᠨ ᠲᠣᠰᠬᠠᠢ ᠪᠠᠭ ᠪᠦᠬᠦ ᠬᠤᠰᠢᠭᠤᠨ ᠤ ᠠᠵᠣ ᠠᠬᠤᠢ ᠶᠢᠨ ᠡᠷᠬᠢᠯᠳᠡ ᠶᠢᠨ ᠠᠵᠢᠯ ᠢ ᠬᠠᠷᠢᠭᠤᠴᠠᠨ | ᠵᠢᠯᠣᠭᠤᠳᠴᠦ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ ᠪᠠᠶᠢᠳᠠᠯ᠂ ᠭᠤᠣᠯᠳᠠᠯᠭᠠᠳᠦ ᠠᠵᠣ | ᠠᠬᠤᠶᠢᠯᠠᠯ ᠤᠨ ᠣᠶᠢᠯᠠᠳᠪᠦᠷᠢᠯᠠᠯ ᠡᠵᠡᠩᠨᠡᠯᠳᠡ ᠶᠢᠨ ᠪᠠᠶᠢᠳᠠᠯ ᠤᠨ ᠬᠢᠨᠡᠨ ᠬᠡᠮᠵᠢᠯᠳᠡ᠂ ᠪᠡᠯᠡ ᠣᠷᠣᠭᠤᠯᠣᠯᠳᠠ ᠶᠢᠨ | ᠡᠷᠬᠢᠯᠳᠡ ᠪᠠ ᠭᠤᠣᠯᠳᠠᠯᠭᠠᠳᠦ ᠲᠦᠷᠦᠯ ᠵᠣᠶᠢᠯ ᠤᠨ ᠪᠠᠶᠢᠭᠤᠯᠣᠯᠳᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠣ᠂ | ᠠᠵᠣ ᠠᠬᠤᠢ ᠶᠢᠨ ᠡᠷᠭᠢᠯᠳᠡ ᠲᠣᠮᠳᠠᠬᠢ ᠡᠯ᠎ᠡ ᠲᠦᠷᠦᠯ ᠤᠨ ᠪᠠᠴᠢᠮ ᠰᠢᠢᠳᠪᠦᠷᠢᠯᠡᠭᠦ ᠴᠢᠬᠤᠯᠠ ᠲᠠᠢ ᠠᠰᠠᠭᠤᠳᠠᠯ ᠢ | ᠰᠣᠳᠣᠯᠵᠣ ᠵᠣᠬᠢᠴᠠᠭᠤᠯᠣᠨ ᠰᠢᠢᠳᠪᠦᠷᠢᠯᠡᠨ᠎ᠡ᠃ ᠠᠵᠢᠯ ᠤᠨ ᠲᠣᠰᠬᠠᠢ ᠪᠠᠭ 5 ᠲᠣᠭᠤᠶᠢᠯᠠᠩ ᠢᠶᠠᠷ ᠪᠦᠷᠢᠯᠳᠣᠨᠡ᠃ | ︵ᠨᠢᠭᠡ︶ ᠲᠦᠷᠦᠯ ᠵᠣᠶᠢᠯ ᠤᠨ ᠠᠬᠢᠭᠤᠯᠣᠯᠳᠠ ᠶᠢᠨ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠪᠦᠷᠢᠨᠪᠠᠶᠠᠷ | ᠭᠡᠰᠢᠭᠦᠨ᠄ ᠵᠢᠶᠠ ᠰᠢᠶᠠᠩ ᠪᠢᠩ᠂ ᠠᠯᠳᠠᠬᠠᠭᠤᠯᠠ᠂ ᠸᠠᠩ ᠵᠢᠶᠠᠨ ᠫᠢᠩ᠂ ᠴᠢ᠊ ᠠᠷᠪᠢᠨ᠂ ᠴᠢᠨ ᠯᠢᠩ ᠹᠧᠩ᠂ | ᠴᠢ ᠵᠢᠶᠦ᠋ᠨ᠂ ᠪᠢᠶᠠᠨ ᠽᠢ ᠸᠧᠨ᠂ ᠴᠢᠨ ᠶᠧᠦ ᠭᠥᠸᠧ᠂ ᠯᠢᠦᠢ ᠰᠢᠶᠦ᠋ᠨ ᠶᠢᠩ᠂ ᠸᠠᠩ ᠬᠤ᠋ ᠱᠤᠸᠠᠨ᠂ ᠰᠢᠶᠠᠩ | ᡁᠢ ᠫᠢᠩ᠂ ᠭᠤᠸᠠᠨ ᠫᠢᠩ᠂ ᠯᠢᠦ ᠲᠢᠶᠠᠨ ᠶᠦᠨ᠂ ᠶᠢᠣ ᠵᠢᠶᠠᠨ ᠴᠢᠩ᠂ ᠷᠠᠰᠢ᠂ ᠡᠷᠳᠡᠨᠢᠪᠢᠯᠢᠭ᠂ ᠪᠠᠶᠠᠨᠮᠦ᠋ᠩᠬᠡ᠂ | ᠷᠡᠳᠨᠠ᠂ ᠹᠧᠩ ᠴᠦᠨ ᠬᠤᠸᠠ᠃ | ᠭᠤᠣᠯ ᠡᠭᠦᠷᠭᠡ ᠬᠠᠷᠢᠭᠤᠴᠠᠯᠭ᠎ᠠ᠄ | 1. ᠪᠠᠷᠢᠯᠭ᠎ᠠ ᠡᠬᠢᠯᠡᠭᠰᠡᠨ ᠦᠭᠡᠢ ᠲᠦᠷᠦᠯ ᠵᠣᠶᠢᠯ ᠤᠨ ᠴᠣᠬᠤᠯᠪᠦᠷᠢᠯᠠᠯᠳᠠ ᠶᠢᠨ ᠭᠠᠷ ᠭᠦᠢᠴᠡᠳᠬᠡᠯ ᠢ | ᠬᠠᠷᠢᠭᠤᠴᠠᠨ᠂ ᠲᠦᠷᠦᠯ ᠵᠣᠶᠢᠯ ᠤᠨ ᠡᠮᠦᠨᠡᠬᠢ ᠬᠤᠭᠤᠴᠠᠭᠠᠨ ᠤ ᠴᠣᠬᠤᠯᠪᠦᠷᠢᠯᠠᠯᠳᠠ ᠶᠢ ᠲᠦᠷᠭᠡᠳᠬᠡᠵᠣ᠂ ᠭᠠᠵᠠᠷ | ᠰᠣᠩᠭᠤᠬᠤ᠂ ᠭᠠᠵᠠᠷ ᠰᠢᠷᠣᠢ ᠣᠷᠴᠢᠨ ᠬᠠᠮᠠᠭᠠᠯᠠᠯᠳᠠ ᠶᠢᠨ ᠦᠨᠡᠯᠡᠯᠳᠡ᠂ ᠪᠡᠯᠡ ᠮᠦᠩᠭᠦ ᠵᠡᠷᠭᠡ ᠶᠢᠨ ᠪᠠᠳᠣᠯᠠᠭ᠎ᠠ | ᠪᠣᠯᠣᠨ ᠭᠠᠵᠠᠷ ᠲᠠᠳᠠᠪᠦᠷᠢᠯᠠᠨ ᠨᠡᠭᠦᠯᠭᠡᠨ ᠰᠢᠯᠵᠢᠬᠦᠯᠬᠦ ᠵᠡᠷᠭᠡ ᠶᠠᠪᠣᠳᠠᠯ ᠢ ᠰᠢᠢᠳᠪᠦᠷᠢᠯᠡᠵᠣ᠂ ᠲᠦᠷᠦᠯ ᠵᠣᠶᠢᠯ ᠤᠨ | ᠪᠠᠷᠢᠯᠭ᠎ᠠ ᠶᠢ ᠡᠷᠳᠡᠬᠡᠨ ᠡᠬᠢᠯᠡᠭᠦᠯᠬᠦ ᠶᠢ ᠲᠦᠷᠭᠡᠳᠬᠡᠨ᠎ᠡ᠃ | 2. ᠪᠠᠶᠢᠭᠤᠯᠵᠣ ᠪᠠᠶᠢᠭ᠎ᠠ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢᠨ ᠡᠷᠴᠢᠮ ᠢ ᠰᠢᠪᠳᠠᠭᠤᠯᠣᠨ | ᠴᠢᠩᠭᠠᠳᠬᠠᠵᠣ᠂ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠎ᠠ᠃ ᠱᠠᠩᠬᠠᠢ ᠶᠢᠨ ᠰᠦᠮ᠎ᠡ ᠠᠵᠣ ᠠᠬᠤᠢ | ᠶᠢᠨ ᠨᠡᠭᠡᠭᠡᠯᠳᠡ ᠶᠢᠨ ᠣᠷᠣᠨ ᠬᠠᠷᠢᠶ᠎ᠠ ᠬᠡᠪᠴᠢᠶᠡᠨ ᠳᠠᠬᠢ ᠨᠡᠭᠦᠷᠡᠰᠣᠨ ᠠᠭᠤᠷᠬᠠᠢ ᠠᠴᠠ ᠭᠠᠳᠠᠨᠠᠬᠢ ᠠᠯᠢᠪᠠ ᠲᠦᠷᠦᠯ | ᠵᠣᠶᠢᠯ ᠢ ᠪᠣᠳᠠᠳᠠᠢ ᠬᠠᠷᠢᠭᠤᠴᠠᠨ᠎ᠠ︔ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠣᠯᠵᠠᠴᠢ ᠪᠠᠯᠭᠠᠰᠣᠨ ᠳᠠᠬᠢ ᠶᠡᠷᠦᠩᠬᠡᠶᠢᠯᠡᠭᠰᠡᠨ ᠠᠵᠣ ᠣᠶᠢᠯᠠᠰ ᠤᠨ | ᠬᠦᠷᠢᠶᠡᠯᠡᠩ ᠤᠨ ᠠᠯᠢᠪᠠ ᠲᠦᠷᠦᠯ ᠵᠣᠶᠢᠯ ᠢ ᠪᠣᠳᠠᠳᠠᠢ ᠬᠠᠷᠢᠭᠤᠴᠠᠨ᠎ᠠ︔ ᠡᠨᠧᠷᠬᠢ ᠶᠢᠨ ᠲᠣᠪᠴᠢᠶ᠎ᠠ ᠱᠠᠩᠬᠠᠢ ᠶᠢᠨ | ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠬᠠᠷᠢᠭᠤᠴᠠᠵᠣ ᠪᠠᠶᠢᠭ᠎ᠠ ᠡᠨᠧᠷᠬᠢ ᠶᠢᠨ ᠬᠦᠷᠢᠶ᠎ᠡ ᠴᠠᠷᠠᠭ᠎ᠠ ᠠᠴᠠ | ᠭᠠᠳᠠᠨᠠᠬᠢ ᠪᠣᠰᠣᠳ ᠲᠦᠷᠦᠯ ᠵᠣᠶᠢᠯ ᠢ ᠬᠠᠷᠢᠭᠤᠴᠠᠨ᠎ᠠ︔ ᠵᠠᠮ ᠬᠠᠷᠢᠯᠴᠠᠭᠠᠨ ᠤ ᠲᠣᠪᠴᠢᠶ᠎ᠠ ᠵᠠᠮ ᠬᠠᠷᠢᠯᠴᠠᠭᠠᠨ ᠤ | ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠢ ᠬᠠᠷᠢᠭᠤᠴᠠᠨ᠎ᠠ︔ ᠤᠷᠤᠨ ᠰᠠᠭᠤᠴᠠ ᠪᠠ ᠬᠤᠳᠠ ᠬᠦᠳᠡᠭᠡ ᠶᠢᠨ | ᠪᠦᠳᠤᠬᠡᠨ ᠪᠠᠶᠢᠭᠤᠯᠤᠯᠳᠠ ᠶᠢᠨ ᠲᠣᠪᠴᠢᠶ᠎ᠠ ᠬᠤᠳᠠ ᠶᠢᠨ ᠶᠠᠪᠣᠳᠠᠯ ᠤᠨ ᠰᠠᠭᠤᠷᠢ ᠲᠦᠬᠦᠭᠡᠷᠦᠮᠵᠢ ᠶᠢᠨ ᠲᠦᠷᠦᠯ | ᠵᠣᠶᠢᠯ ᠢ ᠪᠣᠳᠠᠳᠠᠢ ᠬᠠᠷᠢᠭᠤᠴᠠᠨ᠎ᠠ︔ ᠭᠡᠷ ᠪᠠᠶᠢᠰᠢᠩ ᠤᠨ ᠲᠠᠳᠠᠪᠦᠷᠢᠯᠠᠯᠳᠠ ᠪᠠ ᠵᠠᠰᠠᠭ ᠤᠨ ᠣᠷᠳᠣᠨ ᠤ | ᠢᠨᠵᠧᠨᠧᠷᠢᠩ ᠤᠨ ᠲᠦᠷᠦᠯ ᠵᠣᠶᠢᠯ ᠤᠨ ᠪᠠᠶᠢᠭᠤᠯᠣᠯᠳᠠ ᠬᠠᠮᠢᠶᠠᠷᠣᠯᠳᠠ ᠶᠢᠨ ᠲᠦᠪ ᠭᠡᠷ ᠪᠠᠶᠢᠰᠢᠩ ᠤᠨ | ᠪᠠᠶᠢᠭᠤᠯᠣᠯᠳᠠ ᠶᠢᠨ ᠲᠦᠷᠦᠯ ᠵᠣᠶᠢᠯ ᠢ ᠪᠣᠳᠠᠳᠢ ᠬᠠᠷᠢᠭᠤᠴᠠᠨ᠎ᠠ︔ ᠬᠦᠭᠵᠢᠭᠦᠯᠦᠯᠳᠡ ᠦᠭᠡᠷᠡᠴᠢᠯᠡᠯᠳᠡ ᠶᠢᠨ | ᠵᠦᠪᠯᠡᠯ ᠲᠡᠮᠦᠷ ᠵᠠᠮ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠢ ᠪᠣᠳᠠᠳᠠᠢ ᠬᠠᠷᠢᠭᠤᠴᠠᠨ᠎ᠠ︔ ᠮᠠᠯ | ᠲᠠᠷᠢᠶᠠᠯᠠᠩ ᠤᠨ ᠲᠣᠪᠴᠢᠶ᠎ᠠ ᠮᠠᠯ ᠲᠠᠷᠢᠶᠠᠯᠠᠩ ᠤᠨ ᠣᠶᠢᠯᠠᠰ ᠤᠨ ᠬᠦᠷᠢᠶ᠎ᠡ ᠴᠠᠷᠠᠭᠠᠨ ᠳᠠᠬᠢ ᠪᠦᠳᠦᠭᠡᠨ | ᠪᠠᠶᠢᠭᠤᠯᠣᠯᠳᠠ ᠶᠢᠨ ᠲᠦᠷᠦᠯ ᠵᠣᠶᠢᠯ ᠢ ᠪᠣᠳᠠᠳᠠᠢ ᠬᠠᠷᠢᠭᠤᠴᠠᠨ᠎ᠠ᠃ ᠲᠡᠭᠡᠷᠡᠭᠢ ᠪᠠᠶᠢᠭᠤᠯᠭ᠎ᠠ ᠡᠷᠬᠡᠪᠰᠢ ᠠᠵᠣ | ᠠᠬᠤᠶᠢᠯᠠᠯ ᠳᠤ ᠬᠠᠷᠢᠯᠴᠠᠭᠴᠢ ᠲᠣᠮᠢᠯᠠᠨ᠂ ᠴᠠᠭ ᠢᠮᠠᠭᠳᠠ ᠲᠦᠷᠦᠯ ᠵᠣᠶᠢᠯ ᠤᠨ ᠪᠣᠳᠠᠳᠦ ᠠᠬᠢᠴᠠ ᠪᠠ ᠪᠡᠯᠡ | ᠣᠷᠣᠭᠤᠯᠣᠯᠳᠠ ᠶᠢᠨ ᠠᠬᠢᠴᠠ ᠶᠢ ᠡᠵᠡᠮᠳᠡᠨ᠎ᠡ᠃ ᠡᠯ᠎ᠡ ᠪᠠᠯᠭᠠᠰᠦ ᠲᠦᠷᠦᠯ ᠵᠣᠶᠢᠯ ᠤᠨ ᠭᠠᠵᠠᠷ ᠰᠢᠷᠣᠢ | ᠲᠠᠳᠠᠪᠦᠷᠢᠯᠠᠨ ᠨᠣᠷᠭᠠᠨ ᠨᠡᠭᠦᠯᠭᠡᠬᠦ᠂ ᠰᠠᠭᠤᠭᠠᠯᠢ ᠠᠷᠠᠳ ᠢ ᠲᠦᠪᠬᠢᠨᠡᠭᠦᠯᠬᠦ ᠪᠠ ᠵᠦᠷᠢᠴᠡᠯ ᠵᠢᠭᠤᠷᠭᠠᠨ ᠢ ᠪᠠᠶᠢᠴᠠᠭᠠᠨ | ᠰᠢᠢᠳᠪᠦᠷᠢᠯᠡᠬᠦ ᠵᠡᠷᠭᠡ ᠠᠵᠢᠯ ᠢ ᠪᠣᠳᠠᠳᠠᠢ ᠬᠠᠷᠢᠭᠤᠴᠠᠨ᠎ᠠ᠃ | 3. ᠭᠠᠷᠠᠭ ᠪᠣᠯᠭᠠᠨ ᠨᠢᠭᠡ ᠣᠳᠠᠭᠠᠨ ᠤ ᠲᠦᠷᠦᠯ ᠵᠣᠶᠢᠯ ᠤᠨ ᠠᠬᠢᠭᠤᠯᠣᠯᠳᠠ ᠲᠣᠬᠢᠷᠠᠭᠤᠯᠣᠯᠳᠠ ᠶᠢᠨ ᠬᠤᠷᠠᠯ | ᠬᠤᠷᠠᠯᠳᠣᠨ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠪᠠᠶᠢᠳᠠᠯ ᠪᠠ ᠲᠦᠷᠦᠯ ᠵᠣᠶᠢᠯ ᠤᠨ ᠪᠠᠶᠢᠭᠤᠯᠣᠯᠳᠠ | ᠳᠤ ᠲᠣᠬᠢᠶᠠᠯᠳᠣᠭᠰᠠᠨ ᠠᠰᠠᠭᠤᠳᠠᠯ ᠢ ᠰᠣᠳᠣᠯᠣᠨ ᠶᠠᠷᠢᠯᠴᠠᠵᠣ᠂ ᠰᠢᠢᠳᠪᠦᠷᠢᠯᠡᠵᠣ ᠲᠡᠶᠢᠯᠬᠦ ᠶᠢ ᠨᠢ ᠲᠣᠬᠠᠢ ᠶᠢᠨ | ᠲᠠᠯᠠᠪᠠᠢ ᠳᠤ ᠵᠣᠬᠢᠴᠠᠭᠤᠯᠣᠨ ᠰᠢᠢᠳᠪᠦᠷᠢᠯᠡᠵᠣ᠂ ᠰᠢᠢᠳᠪᠦᠷᠢᠯᠡᠵᠣ ᠲᠡᠶᠢᠯᠭᠦ ᠦᠭᠡᠢ ᠠᠰᠠᠭᠤᠳᠠᠯ ᠢ ᠴᠠᠭ ᠲᠣᠬᠠᠢ ᠳᠤ | ᠨᠢ ᠠᠵᠢᠯ ᠤᠨ ᠲᠣᠰᠬᠠᠢ ᠪᠠᠭ ᠳᠤ ᠮᠡᠳᠡᠭᠦᠯᠦᠨ ᠰᠢᠢᠳᠪᠦᠷᠢᠯᠡᠭᠦᠯᠦᠨ᠎ᠡ᠃ | ︵ᠬᠤᠶᠠᠷ︶ ᠲᠤᠭ᠎ᠠ ᠪᠦᠷᠢᠳᠬᠡᠯ ᠤᠨ ᠵᠢᠯᠣᠭᠤᠳᠣᠯᠭ᠎ᠠ ᠶᠢᠨ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠯᠢᠦ ᠱᠦ ᠭᠥᠸᠧ | ᠭᠡᠰᠢᠭᠦᠨ᠄ ᠪᠦᠷᠢᠨᠪᠠᠶᠠᠷ᠂ ᠵᠢᠶᠠ ᠰᠢᠶᠠᠩ ᠪᠢᠩ᠂ ᠠᠯᠳᠠᠬᠠᠭᠤᠯᠠ᠂ ᠪᠢᠶᠠᠨ ᠽᠢ ᠸᠧᠨ᠂ ᠴᠢᠨ ᠶᠧᠦ ᠭᠥᠸᠧ᠂ | ᠸᠠᠩ ᠬᠤ᠋ ᠱᠤᠸᠠᠨ | ᠭᠤᠣᠯ ᠡᠭᠦᠷᠭᠡ ᠬᠠᠷᠢᠭᠤᠴᠠᠯᠭ᠎ᠠ᠄ | 1. ᠠᠵᠣ ᠠᠬᠤᠢ ᠶᠢᠨ ᠡᠷᠬᠢᠯᠳᠡ ᠶᠢᠨ ᠣᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠯᠳᠡ ᠶᠢ ᠰᠠᠶᠢᠳᠦᠷ ᠬᠢᠨ᠂ | ᠰᠠᠷ᠎ᠠ᠂ ᠣᠯᠠᠷᠢᠯ ᠤᠨ ᠠᠵᠣ ᠠᠬᠤᠢ ᠶᠢᠨ ᠡᠷᠬᠢᠯᠳᠡ ᠶᠢᠨ ᠪᠠᠶᠢᠳᠠᠯ ᠳᠤ ᠠᠩᠬᠠᠷᠣᠯ ᠲᠦᠪᠯᠡᠷᠡᠭᠦᠯᠦᠨ᠂ ᠠᠵᠣ | ᠠᠬᠤᠢ ᠶᠢᠨ ᠬᠦᠭᠵᠢᠯᠳᠡ ᠶᠢᠨ ᠬᠠᠨᠳᠣᠰᠢ ᠵᠢᠴᠢ ᠬᠤᠪᠷᠠᠯᠳᠠ ᠶᠢᠨ ᠬᠠᠨᠳᠣᠰᠢ ᠶᠢ ᠬᠢᠨᠠᠨ ᠬᠡᠮᠵᠢᠵᠣ᠂ ᠬᠤᠷᠸ᠎ᠠ ᠠᠵᠣ | ᠠᠬᠤᠢ ᠶᠢᠨ ᠪᠠᠶᠢᠳᠠᠯ ᠤᠨ ᠵᠠᠳᠠᠯᠣᠯᠳᠠ ᠰᠣᠳᠣᠯᠣᠯᠳᠠ ᠶᠢ ᠴᠢᠩᠭᠠᠳᠬᠠᠵᠣ᠂ ᠲᠤᠭ᠎ᠠ ᠪᠦᠷᠢᠳᠬᠡᠯ ᠤᠨ ᠬᠢᠨᠠᠨ | ᠬᠡᠮᠵᠢᠯᠳᠡ ᠶᠢᠨ ᠣᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠳᠡ ᠶᠢ ᠴᠠᠭ ᠲᠣᠬᠠᠢ ᠳᠤᠨᠢ ᠬᠠᠩᠭᠠᠨ᠎ᠠ᠃ | 2. ᠲᠦᠷᠦᠯ ᠵᠣᠶᠢᠯ ᠤᠨ ᠲᠣᠯᠣᠭᠠᠶᠢᠯᠠᠭᠴᠢ ᠰᠠᠯᠠᠭ᠎ᠠ ᠮᠦᠴᠢᠷ ᠪᠠ ᠭᠤᠣᠯᠳᠠᠯᠭᠠᠳᠦ ᠠᠵᠣ ᠠᠬᠤᠶᠢᠯᠠᠯ ᠳᠤ | ᠭᠦᠨᠵᠡᠭᠡᠶᠢᠷᠡᠨ᠂ ᠲᠦᠷᠦᠯ ᠵᠣᠶᠢᠯ ᠤᠨ ᠪᠠᠶᠢᠭᠤᠯᠣᠯᠳᠠ ᠶᠢᠨ ᠠᠬᠢᠴᠠ᠂ ᠠᠵᠣ ᠠᠬᠤᠶᠢᠯᠠᠯ ᠤᠨ ᠣᠶᠢᠯᠠᠳᠪᠦᠷᠢᠯᠠᠯ | ᠡᠵᠡᠩᠨᠡᠯᠳᠡ ᠶᠢᠨ ᠪᠠᠶᠢᠳᠠᠯ ᠢ ᠣᠶᠢᠯᠠᠭᠠᠵᠣ᠂ ᠠᠵᠣ ᠠᠬᠤᠶᠢᠯᠠᠯ ᠤᠨ ᠪᠡᠯᠡ ᠣᠷᠣᠭᠤᠯᠣᠯᠳᠠ ᠶᠢᠨ ᠲᠤᠭ᠎ᠠ ᠪᠦᠷᠢᠳᠬᠡᠯ | ᠤᠨ ᠮᠡᠳᠡᠭᠦᠯᠦᠯᠳᠡ ᠲᠣᠮᠳᠠ ᠲᠣᠬᠢᠶᠠᠯᠳᠣᠭᠰᠠᠨ ᠠᠰᠠᠭᠤᠳᠠᠯ ᠳᠤ ᠲᠣᠬᠠᠢ ᠲᠠᠯᠠᠪᠠᠢ ᠳᠤ ᠨᠢ ᠬᠠᠷᠢᠭᠤᠯᠳᠠ ᠦᠭᠴᠦ᠂ | ᠮᠡᠳᠡᠭᠦᠯᠬᠦ ᠶᠢ ᠲᠡᠪᠴᠢᠬᠦ᠂ ᠬᠠᠭᠤᠷᠮᠠᠭ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠣᠷᠬᠢᠭᠳᠠᠭᠤᠯᠣᠨ | ᠮᠡᠳᠡᠭᠦᠯᠬᠦ ᠠᠴᠠ ᠰᠡᠷᠭᠡᠶᠢᠯᠡᠨ᠂ ᠪᠦᠷᠢᠨ ᠭᠦᠢᠴᠡᠳ ᠪᠦᠷᠢᠳᠬᠡᠬᠦ ᠶᠢ ᠪᠠᠳᠣᠯᠠᠨ᠎ᠠ᠃ | 3. ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠰᠠᠷ᠎ᠠ ᠶᠢᠨ ᠲᠣᠬᠢᠷᠠᠭᠤᠯᠣᠯᠳᠠ ᠶᠢᠨ ᠠᠵᠢᠯ ᠤᠨ | ᠲᠣᠭᠳᠠᠴᠠ ᠶᠢ ᠪᠠᠶᠢᠭᠤᠯᠣᠨ᠂ ᠰᠠᠷ᠎ᠠ ᠪᠣᠯᠭᠠᠨ ᠤ 25 ᠠᠴᠠ ᠡᠮᠦᠨ᠎ᠡ ᠠᠵᠢᠯ ᠤᠨ ᠲᠣᠰᠬᠠᠢ ᠪᠠᠭ ᠳᠤ ᠲᠣᠭᠳᠠᠮᠠᠯ | ᠬᠦᠷᠦᠩᠭᠡ ᠶᠢᠨ ᠪᠡᠯᠡ ᠣᠷᠣᠭᠤᠯᠣᠯᠳᠠ ᠶᠢᠨ ᠪᠡᠶᠡᠯᠡᠭᠦᠯᠦᠯᠳᠡ ᠶᠢᠨ ᠪᠠᠶᠢᠳᠠᠯ ᠢᠶᠠᠨ ᠮᠡᠳᠡᠭᠦᠯᠦᠨ᠎ᠡ᠃ | ︵ᠭᠤᠷᠪᠠ︶ ᠬᠡᠷᠡᠭᠯᠡᠭᠡ ᠪᠣᠯᠣᠨ ᠵᠠᠬ᠎ᠠ ᠲᠡᠯᠭᠡᠭᠦᠷ ᠤᠨ ᠵᠣᠬᠢᠴᠠᠭᠤᠯᠣᠯᠳᠠ ᠶᠢᠨ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠰᠦ᠋ ᠵᠠᠨ ᠴᠢᠶᠠᠨ | ᠭᠡᠰᠢᠭᠦᠨ᠄ ᠪᠦᠷᠢᠨᠪᠠᠶᠠᠷ᠂ ᠹᠦ᠋ ᠯᠠᠢ ᠪᠢᠨ᠂ ᠯᠢ ᠶᠦᠨ ᠯᠥᠩ᠂ ᠵᠢᠶᠠ ᠰᠢᠶᠠᠩ ᠪᠢᠩ᠂ ᠴᠧᠨ ᠰᠢᠶᠣᠣ ᠬᠤᠢ᠂ | ᠲᠡᠯᠭᠡᠷᠮᠠ | ᠭᠤᠣᠯ ᠡᠭᠦᠷᠭᠡ ᠬᠠᠷᠢᠭᠤᠴᠠᠯᠭ᠎ᠠ᠄ | 1. ᠬᠡᠪᠴᠢᠶᠡᠵᠢᠯ ᠠᠴᠠ ᠲᠡᠭᠡᠭᠰᠢᠬᠢ ᠣᠶᠢᠯᠡᠴᠢᠯᠡᠭᠡᠨ ᠤ ᠭᠤᠣᠯᠳᠠᠯᠭᠠᠳᠦ ᠠᠵᠣ ᠠᠬᠤᠶᠢᠯᠠᠯ᠂ ᠬᠢᠵᠠᠭᠠᠷ ᠠᠴᠠ | ᠲᠡᠭᠡᠭᠰᠢᠬᠢ ᠪᠦᠭᠡᠮ ᠢᠶᠠᠷ ᠬᠤᠳᠠᠯᠳᠣᠬᠤ ᠪᠠ ᠵᠢᠵᠢᠭᠯᠡᠨ ᠬᠤᠳᠠᠯᠳᠣᠬᠤ ᠬᠤᠨᠤᠭ ᠪᠠᠭᠤᠳᠠᠯ ᠢᠳᠡᠭᠡᠨ ᠣᠮᠳᠠᠭᠠᠨ ᠤ | ᠠᠵᠣ ᠠᠬᠤᠶᠢᠯᠠᠯ ᠤᠨ ᠡᠵᠡᠩᠨᠡᠯᠳᠡ ᠶᠢᠨ ᠪᠠᠶᠢᠳᠠᠯ ᠢ ᠨᠠᠷᠢᠨ ᠨᠢᠮᠪᠠᠢ ᠬᠢᠨᠡᠨ ᠬᠡᠮᠵᠢᠵᠣ᠂ ᠴᠠᠭ ᠲᠣᠬᠠᠢ ᠳᠤᠨᠢ ᠨᠠᠶᠢᠭᠡᠮ | ᠤᠨ ᠬᠡᠷᠡᠭᠯᠡᠭᠡᠨ ᠤ ᠪᠠᠶᠢᠳᠠᠯ ᠢ ᠰᠣᠳᠣᠯᠣᠨ ᠮᠠᠭᠠᠳᠯᠠᠨ᠎ᠠ᠃ | 2. ᠠᠷᠠᠯᠵᠢᠶ᠎ᠠ ᠬᠤᠳᠠᠯᠳᠤᠭ᠎ᠠ ᠭᠦᠢᠯᠭᠡᠭᠡ᠂ ᠰᠣᠶᠣᠯ ᠵᠢᠭᠤᠯᠴᠢᠯᠠᠯ᠂ ᠬᠤᠨᠤᠭ ᠪᠠᠭᠤᠳᠠᠯ ᠢᠳᠡᠭᠡᠨ ᠣᠮᠳᠠᠭᠠᠨ᠂ | ᠰᠣᠷᠭᠠᠨ ᠬᠦᠮᠦᠵᠢᠯ ᠪᠣᠯᠪᠠᠰᠣᠷᠠᠯ ᠵᠡᠷᠭᠡ ᠬᠦᠷᠢᠶ᠎ᠡ ᠴᠠᠷᠠᠭᠠᠨ ᠤ ᠬᠡᠷᠡᠭᠯᠡᠭᠡ ᠶᠢ ᠰᠡᠷᠭᠦᠭᠡᠬᠦ ᠲᠡᠮᠵᠢᠯᠭᠡ ᠶᠢᠨ ᠲᠦᠷᠦ | ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠂ ᠬᠡᠷᠡᠭᠯᠡᠭᠡᠨ ᠤ ᠪᠦᠳᠦᠴᠡ ᠪᠠ ᠬᠡᠯᠪᠡᠷᠢ ᠶᠢᠨ ᠲᠡᠰ ᠲᠠᠪᠰᠢᠯᠳᠠ ᠶᠢ | ᠠᠬᠢᠭᠤᠯᠣᠨ᠎ᠠ᠃ | 3. ᠭᠠᠶᠢᠯᠢ ᠬᠦᠩᠭᠡᠯᠡᠨ ᠵᠠᠷᠣᠳᠠᠯ ᠪᠠᠭᠠᠰᠬᠠᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠦᠷᠢᠵᠢᠭᠤᠯᠣᠨ᠂ ᠲᠣᠮᠳᠠ ᠪᠠᠭ᠎ᠠ ᠠᠵᠣ ᠠᠬᠤᠶᠢᠯᠠᠯ ᠤᠨ ᠠᠵᠢᠯ ᠢᠶᠠᠨ ᠰᠡᠷᠭᠦᠭᠡᠵᠣ | ᠣᠶᠢᠯᠠᠳᠪᠦᠷᠢᠯᠠᠯ ᠢᠶᠠᠨ ᠰᠡᠷᠭᠦᠭᠡᠬᠦ ᠶᠢ ᠠᠬᠢᠭᠤᠯᠵᠣ᠂ ᠠᠵᠣ ᠠᠬᠤᠶᠢᠯᠠᠯ ᠢ ᠬᠠᠷᠠᠭᠠᠯᠵᠠᠬᠤ ᠡᠯ᠎ᠡ ᠲᠦᠷᠦᠯ ᠤᠨ ᠲᠦᠷᠦ | ᠶᠢᠨ ᠪᠣᠳᠣᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠲᠦᠷᠭᠡᠳᠬᠡᠨ᠂ ᠭᠠᠶᠢᠯᠢ ᠬᠦᠩᠭᠡᠯᠡᠨ ᠵᠠᠷᠣᠳᠠᠯ ᠪᠠᠭᠠᠰᠬᠠᠬᠤ | ᠬᠦᠴᠦᠯᠡᠴᠡ ᠪᠠᠨ ᠴᠢᠩᠭᠠᠳᠬᠠᠵᠣ᠂ ︽ᠳᠠᠯᠪᠢᠬᠤ ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠣ᠂ ᠲᠣᠮᠳᠠ ᠪᠠᠭ᠎ᠠ | ᠠᠵᠣ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠠᠪᠰᠣᠷᠣᠨ ᠲᠡᠮᠵᠢᠨ᠎ᠡ᠃ | 4. ᠮᠦᠩᠭᠦᠨ ᠭᠦᠢᠯᠭᠡᠭᠡᠨ ᠤ ᠬᠦᠷᠢᠶ᠎ᠠ ᠴᠠᠷᠠᠭᠠᠨ ᠳᠠᠬᠢ ᠠᠵᠣ ᠠᠬᠤᠶᠢᠯᠠᠯ ᠢ ᠬᠠᠷᠠᠭᠠᠯᠵᠠᠬᠤ ᠲᠦᠷᠦ ᠶᠢᠨ | ᠪᠣᠳᠣᠯᠭ᠎ᠠ ᠪᠠ ᠬᠢᠨᠠᠨ ᠬᠠᠮᠢᠶᠠᠷᠬᠤ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠨᠠᠶᠢᠳᠠᠪᠦᠷᠢᠵᠢᠭᠤᠯᠣᠯᠳᠠ ᠶᠢ | ᠴᠢᠩᠭᠠᠳᠬᠠᠨ᠂ ᠬᠤᠯᠪᠣᠭᠳᠠᠯ ᠪᠦᠬᠦᠢ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠪᠦᠳᠦᠮᠵᠢ ᠲᠠᠢ ᠵᠣᠬᠢᠴᠠᠭᠤᠯᠵᠣ᠂ | ᠲᠣᠮᠳᠠᠳᠦ ᠣᠯᠣᠰ ᠤᠨ ᠠᠷᠠᠳ ᠤᠨ ᠪᠠᠩᠬᠢ ᠶᠢᠨ ᠲᠣᠰᠬᠠᠢ ᠲᠦᠷᠦᠯ ᠤᠨ ᠲᠠᠬᠢᠯᠳᠠ ᠵᠢᠭᠡᠯᠡᠯᠭᠡ᠂ ᠪᠠᠭ᠎ᠠ ᠶᠢ ᠲᠡᠮᠵᠢᠬᠦ | ᠲᠠᠬᠢᠯᠳᠠ ᠵᠢᠭᠡᠯᠡᠯᠭᠡ᠂ ᠰᠠᠭᠤᠳᠬᠠᠯ ᠲᠠᠢ ᠪᠡᠯᠡᠨ ᠵᠣᠭᠤᠰ ᠲᠠᠬᠢᠨ ᠣᠯᠭᠤᠬᠤ ᠲᠤᠭ᠎ᠠ ᠨᠣᠷᠮ᠎ᠠ ᠶᠢ ᠴᠠᠷᠮᠠᠶᠢᠨ ᠣᠯᠵᠣ᠂ | ᠰᠦᠷᠭᠡᠣ ᠦᠶᠡᠯᠡᠯ ᠤᠨ ᠲᠣᠬᠢᠷᠠᠭᠤᠯᠣᠯᠳᠠ ᠶᠢ ᠴᠢᠩᠭᠠᠳᠬᠠᠵᠣ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ | ᠶᠡᠭᠡ ᠬᠡᠮᠵᠢᠶᠡᠨ ᠤ ᠢᠳᠡᠭᠡᠮᠵᠢᠳᠦ ᠵᠢᠭᠡᠯᠡᠯᠭᠡ ᠲᠠᠷᠬᠠᠭᠠᠬᠤ ᠶᠢ ᠵᠢᠯᠣᠭᠤᠳᠣᠨ᠎ᠠ᠃ | ︵ᠲᠦᠷᠪᠡ︶ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠲᠣᠬᠢᠷᠠᠭᠤᠯᠣᠯᠳᠠ ᠶᠢᠨ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠠᠶᠣᠰᠢ | ᠭᠡᠰᠢᠭᠦᠨ᠄ ᠹᠦ᠋ ᠯᠠᠢ ᠪᠢᠨ᠂ ᠯᠢᠦ ᠶᠥᠩ ᠵᠢᠶᠦ᠋ᠨ | ᠭᠤᠣᠯ ᠡᠭᠦᠷᠭᠡ ᠬᠠᠷᠢᠭᠤᠴᠠᠯᠭ᠎ᠠ᠄ | 1. ᠡᠳ᠋ ᠤᠨ ᠢᠷᠡᠯᠳᠡ ᠶᠢᠨ ᠪᠠᠶᠢᠭᠤᠯᠣᠯᠳᠠ ᠳᠤ ᠦᠷᠭᠦᠯᠵᠢᠯᠡᠨ ᠬᠦᠴᠦᠯᠡᠵᠣ᠂ ᠭᠠᠶᠢᠯᠢ ᠶᠢᠨ ᠣᠷᠣᠯᠭ᠎ᠠ ᠶᠢᠨ | ᠲᠠᠳᠠᠪᠦᠷᠢᠯᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠂ ᠬᠤᠷᠢᠶᠠᠪᠠᠰᠣ ᠵᠣᠬᠢᠬᠤ ᠪᠦᠬᠦᠨ ᠢ ᠴᠦᠮ ᠬᠠᠣᠯᠢ ᠶᠣᠰᠣᠭᠠᠷ | ᠬᠤᠷᠢᠶᠠᠬᠤ ᠶᠢᠨ ᠬᠠᠮᠳᠦ᠂ ᠠᠵᠣ ᠠᠬᠤᠶᠢᠯᠠᠯ ᠲᠠᠢ ᠨᠢᠭᠳᠠ ᠬᠠᠷᠢᠯᠴᠠᠵᠣ᠂ ᠠᠵᠣ ᠠᠬᠤᠶᠢᠯᠠᠯ ᠤᠨ ᠠᠵᠢᠯᠯᠠᠮᠵᠢ ᠶᠢᠨ | ᠪᠠᠶᠢᠳᠠᠯ ᠢ ᠴᠠᠭ ᠲᠣᠬᠠᠢ ᠳᠤᠨᠢ ᠡᠵᠡᠮᠳᠡᠨ᠂ ᠬᠦᠭᠵᠢᠯᠳᠡ ᠲᠣᠮᠳᠠ ᠲᠣᠬᠢᠶᠠᠯᠳᠣᠭᠰᠠᠨ ᠬᠦᠴᠢᠷᠳᠡᠯ ᠢ ᠵᠣᠬᠢᠴᠠᠭᠤᠯᠣᠨ | ᠰᠢᠢᠳᠪᠦᠷᠢᠯᠡᠨ᠎ᠡ᠃ | 2. ᠣᠷᠣᠯᠭ᠎ᠠ ᠶᠢᠨ ᠡᠭᠦᠷᠭᠡ ᠶᠢ ᠣᠯᠠᠮ ᠨᠢᠭᠡ ᠠᠯᠬᠤᠮ ᠨᠠᠷᠢᠯᠢᠭᠵᠢᠭᠤᠯᠣᠨ᠂ ᠬᠦᠮᠦᠨ ᠪᠦᠬᠦᠨ ᠳᠤ | ᠨᠠᠶᠢᠳᠠᠪᠦᠷᠢᠵᠢᠭᠤᠯᠵᠣ᠂ ᠬᠠᠷᠠᠯᠳᠠ ᠡᠭᠦᠷᠭᠡ ᠪᠠᠨ ᠬᠤᠭᠤᠴᠠᠭᠠᠯᠠᠨ ᠲᠣᠭᠳᠠᠭᠠᠵᠣ ᠪᠦᠬᠦ ᠬᠦᠴᠦᠨ ᠢᠶᠠᠷ | ᠪᠡᠶᠡᠯᠡᠭᠦᠯᠦᠨ᠎ᠡ᠃ | 3. ᠬᠤᠯᠪᠣᠭᠠᠳᠦ ᠬᠤᠷᠠᠯ ᠤᠨ ᠲᠦᠷᠢᠮ ᠲᠣᠭᠳᠠᠭᠠᠨ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ | ᠪᠠᠶᠢᠳᠠᠯ ᠳᠤ ᠲᠣᠭᠳᠠᠭᠰᠠᠨ ᠬᠤᠭᠤᠴᠠᠭ᠎ᠠ ᠲᠠᠢ ᠵᠠᠳᠠᠯᠣᠯᠳᠠ ᠬᠢᠵᠣ᠂ ᠪᠣᠳᠠᠳᠠᠢ ᠠᠵᠢᠯ ᠤᠨ ᠠᠷᠭ᠎ᠠ ᠠᠪᠴᠠᠯ ᠢ | ᠰᠣᠳᠣᠯᠣᠨ ᠨᠠᠶᠢᠳᠠᠪᠦᠷᠢᠵᠢᠭᠤᠯᠵᠣ᠂ ᠡᠳ᠋ ᠤᠨ ᠵᠠᠰᠠᠭ ᠤᠨ ᠣᠷᠣᠯᠭ᠎ᠠ ᠶᠢᠨ ᠲᠠᠳᠠᠪᠦᠷᠢᠯᠠᠯᠳᠠ ᠬᠠᠮᠢᠶᠠᠷᠣᠯᠳᠠ ᠶᠢᠨ | ᠲᠦᠪᠰᠢᠨ ᠢ ᠲᠡᠭᠡᠭᠰᠢᠯᠡᠭᠦᠯᠦᠨ᠎ᠡ᠃ | ︵ᠲᠠᠪᠤ︶ ᠲᠣᠰᠬᠠᠢ ᠱᠠᠭᠠᠷᠳᠠᠨ ᠪᠠᠶᠢᠴᠠᠭᠠᠬᠤ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠶᠢᠣ ᠵᠢᠶᠠᠨ ᠪᠢᠩ | ᠭᠡᠰᠢᠭᠦᠨ᠄ ᠪᠦᠷᠢᠨᠪᠠᠶᠠᠷ᠂ ᠾᠧ ᠹᠦ᠋ ᠶᠦᠨ᠂ ᠸᠠᠩ ᠱᠤᠸᠠᠩ ᠰᠢ᠂ ᠹᠧᠩ ᠢᠦᠢ ᠲᠢᠩ | ᠭᠤᠣᠯ ᠡᠭᠦᠷᠭᠡ ᠬᠠᠷᠢᠭᠤᠴᠠᠯᠭ᠎ᠠ᠄ | 1. ᠭᠠᠷᠠᠭ ᠪᠣᠯᠭᠠᠨ ᠨᠢᠭᠡ ᠣᠳᠠᠭ᠎ᠠ ᠪᠡᠯᠡ ᠣᠷᠣᠭᠤᠯᠣᠯᠳᠠ ᠪᠠ ᠭᠤᠣᠯᠳᠠᠯᠭᠠᠳᠦ ᠲᠦᠷᠦᠯ ᠵᠣᠶᠢᠯ ᠤᠨ | ᠲᠣᠰᠬᠠᠢ ᠲᠦᠷᠦᠯ ᠤᠨ ᠱᠠᠭᠠᠷᠳᠠᠨ ᠪᠠᠶᠢᠴᠠᠭᠠᠯᠳᠠ ᠦᠷᠨᠢᠭᠦᠯᠣᠨ᠂ ᠱᠠᠭᠠᠷᠳᠠᠨ ᠪᠠᠶᠢᠴᠠᠭᠠᠭᠰᠠᠨ ᠵᠠᠳᠠᠯᠣᠯᠳᠠ ᠶᠢᠨ | ᠮᠡᠳᠡᠭᠦᠯᠦᠯᠳᠡ ᠪᠢᠴᠢᠵᠣ᠂ ᠴᠠᠭ ᠲᠣᠬᠠᠢ ᠳᠤᠨᠢ ᠠᠵᠢᠯ ᠤᠨ ᠲᠣᠰᠬᠠᠢ ᠪᠠᠭ ᠳᠤ ᠮᠡᠳᠡᠭᠦᠯᠦᠨ᠎ᠡ᠃ | 2. ᠱᠠᠭᠠᠷᠳᠠᠨ ᠪᠠᠶᠢᠴᠠᠭᠠᠯᠳᠠ ᠶᠢᠨ ᠨᠡᠶᠢᠳᠡᠯᠡᠯ ᠤᠨ ᠲᠣᠭᠳᠠᠴᠠ ᠪᠠᠶᠢᠭᠤᠯᠣᠨ᠂ ᠰᠠᠷ᠎ᠠ ᠪᠣᠯᠭᠠᠨ ᠡᠯ᠎ᠡ ᠠᠵᠢᠯ | ᠲᠦᠷᠦᠯ ᠤᠨ ᠪᠡᠯᠡ ᠣᠷᠣᠭᠤᠯᠣᠯᠳᠠ ᠶᠢᠨ ᠪᠠᠶᠢᠳᠠᠯ᠂ ᠡᠯ᠎ᠡ ᠭᠤᠣᠯᠳᠠᠯᠭᠠᠳᠦ ᠲᠦᠷᠦᠯ ᠵᠣᠶᠢᠯ ᠤᠨ ᠪᠠᠶᠢᠭᠤᠯᠣᠯᠳᠠ | ᠶᠢᠨ ᠠᠬᠢᠴᠠ ᠶᠢᠨ ᠪᠠᠶᠢᠳᠠᠯ ᠢ ᠨᠠᠶᠢᠳᠡᠯᠡᠨ᠎ᠡ᠃ | 3. ᠭᠤᠣᠯᠳᠠᠯᠭᠠᠳᠦ ᠠᠵᠢᠯ ᠪᠣᠯᠣᠨ ᠬᠦᠴᠢᠷᠳᠠᠢ ᠠᠰᠠᠭᠤᠳᠠᠯ ᠢ ᠬᠤᠯᠪᠣᠭᠠᠯᠠᠨ ᠱᠠᠭᠠᠷᠳᠠᠨ ᠭᠦᠢᠴᠡᠳᠬᠡᠭᠦᠯᠵᠣ᠂ | ᠪᠠᠶᠢᠴᠠᠭᠠᠯᠳᠠ ᠪᠠᠷ ᠢᠯᠡᠷᠡᠭᠦᠯᠦᠭᠰᠡᠨ ᠠᠵᠢᠯ ᠬᠢᠬᠦ ᠦᠭᠡᠢ᠂ ᠠᠵᠢᠯ ᠳᠤ ᠪᠠᠨ ᠨᠠᠵᠠᠭᠠᠶᠢᠷᠠᠬᠤ᠂ ᠲᠠᠪᠠ ᠪᠠᠷ ᠢᠶᠠᠨ | ᠣᠶᠢᠯᠡᠳᠬᠦ ᠵᠡᠷᠭᠡ ᠠᠰᠠᠭᠤᠳᠠᠯ ᠢ ᠴᠠᠭ ᠲᠣᠬᠠᠢ ᠳᠤᠨᠢ ᠠᠵᠢᠯ ᠤᠨ ᠲᠣᠰᠬᠠᠢ ᠪᠠᠭ ᠳᠤ ᠮᠡᠳᠡᠭᠦᠯᠦᠨ᠎ᠡ᠃ | ᠬᠤᠶᠠᠷ᠂ ᠠᠵᠢᠯ ᠤᠨ ᠱᠠᠭᠠᠷᠳᠠᠯᠭ᠎ᠠ | ︵ᠨᠢᠭᠡ︶ ᠬᠤᠯᠪᠣᠭᠠᠯᠠᠯ ᠤᠨ ᠲᠣᠭᠳᠠᠯᠴᠠᠭ᠎ᠠ ᠪᠠᠶᠢᠭᠤᠯᠣᠨ᠎ᠠ᠃ ᠡᠯ᠎ᠡ ᠠᠵᠢᠯᠯᠠᠬᠤ ᠲᠣᠭᠤᠶᠢᠯᠠᠩ ᠬᠠᠷᠢᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠨ᠂ ᠰᠣᠷᠠᠭ ᠵᠠᠩᠬᠢ ᠣᠨᠣᠪᠴᠢᠳᠠᠢ᠂ ᠢᠵᠢᠯ ᠪᠠᠶᠢᠬᠤ ᠶᠢ ᠪᠠᠳᠣᠯᠠᠨ᠎ᠠ᠃ ᠪᠦᠬᠦ | ᠲᠠᠯ᠎ᠠ ᠶᠢᠨ ᠬᠤᠯᠪᠣᠭᠠᠯᠠᠯ ᠲᠣᠭᠳᠠᠴᠠ ᠶᠢ ᠪᠠᠶᠢᠭᠤᠯᠣᠨ᠎ᠠ᠃ ᠲᠦᠷᠦᠯ ᠵᠣᠶᠢᠯ ᠤᠨ ᠠᠬᠢᠴᠠ ᠶᠢ ᠲᠣᠳᠣᠷᠬᠠᠢ ᠮᠡᠳᠡᠵᠣ᠂ | ᠭᠦᠢᠴᠡᠳᠬᠡᠵᠣ ᠲᠡᠶᠢᠯᠬᠦ᠂ ᠰᠢᠢᠳᠪᠦᠷᠢᠯᠡᠵᠣ ᠲᠡᠶᠢᠯᠬᠦ ᠠᠰᠠᠭᠤᠳᠠᠯ ᠢ ᠴᠠᠭ ᠲᠣᠬᠠᠢ ᠳᠤᠨᠢ ᠭᠦᠢᠴᠡᠳᠬᠡᠨ | ᠰᠢᠢᠳᠪᠦᠷᠢᠯᠡᠨ᠎ᠡ︔ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠴᠠ ᠵᠣᠬᠢᠴᠠᠭᠤᠯᠣᠨ ᠰᠢᠢᠳᠪᠦᠷᠢᠯᠡᠬᠦ ᠴᠢᠬᠤᠯᠠᠳᠠᠢ | ᠠᠰᠠᠭᠤᠳᠠᠯ ᠢ ᠣᠷᠣᠯᠠᠨ ᠭᠦᠢᠴᠡᠳᠬᠡᠬᠦ ᠪᠠ ᠣᠳᠣᠷᠢᠳᠣᠨ ᠭᠦᠢᠴᠡᠳᠬᠡᠬᠦ ᠶᠢ ᠦᠨᠡᠨ ᠬᠦ ᠪᠠᠳᠣᠯᠠᠨ᠎ᠠ︔ | ᠰᠢᠢᠳᠪᠦᠷᠢᠯᠡᠵᠣ ᠲᠡᠶᠢᠯᠬᠦ ᠦᠭᠡᠢ ᠬᠦᠴᠢᠷᠳᠡᠯ ᠪᠣᠯᠣᠨ ᠠᠰᠠᠭᠤᠳᠠᠯ ᠢ ᠴᠠᠭ ᠲᠣᠬᠠᠢ ᠳᠤᠨᠢ ᠬᠤᠰᠢᠭᠤ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠬᠤ ᠣᠳᠣᠷᠢᠳᠣᠯᠭ᠎ᠠ ᠳᠤ ᠬᠠᠷᠢᠭᠤ ᠮᠡᠳᠡᠭᠦᠯᠦᠨ ᠰᠢᠢᠳᠪᠦᠷᠢᠯᠡᠭᠦᠯᠵᠣ᠂ ᠬᠤᠪᠢᠳᠠᠨ | ᠬᠠᠮᠢᠶᠠᠷᠬᠤ ᠣᠳᠣᠷᠢᠳᠣᠯᠭ᠎ᠠ ᠰᠢᠢᠳᠪᠦᠷᠢᠯᠡᠵᠣ ᠲᠡᠶᠢᠯᠬᠦ ᠦᠭᠡᠢ ᠪᠣᠯ ᠬᠤᠰᠢᠭᠤ ᠵᠠᠰᠠᠭ ᠤᠨ ᠣᠷᠳᠣᠨ ᠤ ᠭᠤᠣᠯ | ᠣᠳᠣᠷᠢᠳᠣᠯᠭ᠎ᠠ ᠳᠤ ᠮᠡᠳᠡᠭᠦᠯᠦᠨ᠂ ᠭᠤᠣᠯᠳᠠᠯᠭᠠᠳᠦ ᠲᠦᠷᠦᠯ ᠵᠣᠶᠢᠯ ᠤᠨ ᠪᠠᠶᠢᠭᠤᠯᠣᠯᠳᠠ ᠶᠢᠨ ᠡᠯ᠎ᠡ ᠠᠵᠢᠯ ᠡᠮᠬᠢ | ᠲᠠᠢ ᠶᠠᠪᠣᠭᠳᠠᠬᠤ ᠶᠢ ᠪᠠᠳᠣᠯᠠᠨ᠎ᠠ᠃ | ︵ᠬᠤᠶᠠᠷ︶ ᠬᠢᠵᠠᠭᠠᠷᠯᠠᠯ ᠤᠨ ᠲᠣᠭᠳᠠᠯᠴᠠᠭ᠎ᠠ ᠪᠠᠶᠢᠭᠤᠯᠣᠨ᠎ᠠ᠃ ᠡᠯ᠎ᠡ ᠠᠵᠢᠯᠯᠠᠬᠤ ᠲᠣᠭᠤᠶᠢᠯᠠᠩ ᠦᠪᠡᠷᠰᠠᠳ | ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠢᠶᠠᠨ ᠨᠠᠷᠢᠨ ᠬᠢᠨᠠᠮᠠᠭᠠᠢ ᠬᠢᠵᠣ᠂ ᠠᠵᠢᠯ ᠤᠨ ᠲᠣᠮᠳᠠ | ᠢᠯᠡᠷᠡᠭᠰᠡᠨ ᠢᠳᠡᠭᠡᠯ ᠦᠭᠡᠢ᠂ ᠬᠠᠮᠵᠢᠯᠴᠠᠬᠤ ᠦᠭᠡᠢ ᠠᠵᠣ ᠠᠬᠤᠶᠢᠯᠠᠯ ︵ᠵᠢᠱᠢᠶᠡᠯᠡᠪᠡᠯ ᠭᠠᠵᠠᠷ ᠰᠢᠷᠦᠢ ᠶᠢ | ᠴᠣᠬᠤᠯᠪᠦᠷᠢᠯᠡᠨ ᠮᠡᠳᠡᠭᠦᠯᠦᠭᠡᠳ ᠫᠠᠶᠢᠰᠠ ᠪᠠᠨ ᠪᠠᠭᠤᠯᠭᠠᠬᠤ ᠦᠭᠡᠢ᠂ ᠣᠰᠣᠨ ᠤ ᠭᠦᠢᠴᠡᠳᠬᠡᠯ ᠵᠢᠭᠠᠯᠳᠠ ᠶᠢᠨ | ᠵᠣᠭᠤᠰ ᠢᠶᠠᠨ ᠲᠣᠰᠢᠶᠠᠭᠰᠠᠨ ᠦᠭᠡᠢ᠂ ᠭᠠᠶᠢᠯᠢ ᠵᠠᠷᠣᠳᠠᠯ ᠦᠷᠢᠳᠦᠭᠰᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠠᠵᠢᠯ ᠳᠤ ᠬᠠᠮᠵᠢᠯᠴᠠᠭᠰᠠᠨ ᠦᠭᠡᠢ ᠵᠡᠷᠭᠡ ᠪᠠᠶᠢᠳᠠᠯ︶ ᠢ ᠴᠠᠭ ᠲᠣᠬᠠᠢ ᠳᠤᠨᠢ ᠬᠤᠰᠢᠭᠤ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ ᠳᠤ ᠮᠡᠳᠡᠭᠦᠯᠦᠨ᠎ᠡ᠃ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ | ᠠᠴᠠ ᠢᠳᠡᠭᠡᠮᠵᠢ ᠶᠢᠨ ᠲᠣᠭᠳᠠᠴᠠ ᠶᠢᠨ ᠪᠠᠶᠢᠭᠤᠯᠣᠯᠳᠠ ᠶᠢᠨ ᠣᠶᠢᠯᠠᠳᠣᠯ ᠢᠶᠠᠨ ᠭᠦᠢᠴᠡᠳ ᠪᠠᠳᠠᠷᠠᠭᠤᠯᠣᠨ᠂ ᠠᠵᠣ | ᠠᠬᠤᠶᠢᠯᠠᠯ ᠤᠨ ᠢᠳᠡᠭᠡᠯ ᠦᠭᠡᠢ ᠠᠵᠢᠯᠯᠠᠭ᠎ᠠ ᠶᠢ ᠲᠡᠮᠳᠡᠭᠯᠡᠬᠦ᠂ ᠪᠢᠴᠢᠭ ᠤᠨ ᠬᠡᠯᠪᠡᠷᠢ ᠪᠠᠷ ᠮᠡᠳᠡᠭᠳᠡᠭᠦ ᠵᠡᠷᠭᠡ ᠠᠷᠭ᠎ᠠ | ᠪᠠᠷ ᠠᠵᠣ ᠠᠬᠤᠶᠢᠯᠠᠯ ᠠᠴᠠ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠨ᠎ᠠ︔ ᠢᠳᠡᠭᠡᠯ ᠢᠶᠠᠨ ᠨᠣᠴᠢᠳᠠᠢ ᠠᠯᠳᠠᠭᠰᠠᠨ | ᠠᠵᠣ ᠠᠬᠤᠶᠢᠯᠠᠯ ᠢ ︽ᠬᠠᠷ᠎ᠠ ᠲᠠᠩᠰᠠᠨ ᠳᠤ ᠣᠷᠣᠭᠤᠯᠬᠤ︾᠂ ᠠᠯᠪᠠᠨ ᠤ ᠰᠦᠯᠵᠢᠶᠡᠨ ᠲᠡᠭᠡᠷ᠎ᠡ ᠨᠡᠶᠢᠳᠡᠯᠡᠬᠦ᠂ ᠪᠡᠯᠡ | ᠣᠷᠣᠭᠤᠯᠬᠤ ᠶᠢ ᠬᠢᠵᠠᠭᠠᠷᠯᠠᠬᠤ᠂ ᠪᠠᠩᠬᠢ ᠶᠢᠨ ᠪᠡᠯᠡ ᠬᠤᠷᠠᠮᠳᠣᠭᠤᠯᠭ᠎ᠠ ᠳᠤ ᠣᠷᠣᠯᠴᠠᠬᠤ ᠶᠢ ᠬᠤᠷᠢᠭᠯᠠᠬᠤ᠂ | ᠬᠠᠣᠯᠢ ᠶᠢᠨ ᠡᠷᠬᠡᠳᠡᠨ ᠤ ᠨᠢᠰᠬᠡᠯ᠂ ᠬᠤᠷᠳᠣᠨ ᠤ ᠲᠡᠷᠭᠡᠨ ᠳᠤ ᠰᠠᠭᠤᠬᠤ᠂ ᠦᠨᠳᠦᠷ ᠬᠡᠷᠡᠭᠯᠡᠭᠡ ᠶᠢ ᠬᠢᠵᠠᠭᠠᠷᠯᠠᠬᠤ | ᠵᠡᠷᠭᠡ ᠬᠤᠯᠪᠣᠭᠠᠳᠦ ᠴᠡᠭᠡᠷᠯᠡᠭᠦᠯᠦᠯ ᠤᠨ ᠠᠷᠭ᠎ᠠ ᠪᠠᠷ ᠬᠢᠵᠠᠭᠠᠷᠯᠠᠨ ᠡᠭᠦᠷᠭᠡ ᠶᠢ ᠨᠢ ᠭᠦᠢᠴᠡᠳᠬᠡᠭᠦᠯᠦᠨ᠎ᠡ᠃ | ︵ᠭᠤᠷᠪᠠ︶ ᠱᠠᠭᠠᠷᠳᠠᠨ ᠪᠠᠶᠢᠴᠠᠭᠠᠯᠳᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠰᠢᠭᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠲᠣᠭᠳᠠᠭᠰᠠᠨ ᠬᠤᠭᠤᠴᠠᠭ᠎ᠠ ᠲᠠᠢ | ᠪᠠᠷ ᠪᠠᠶᠢᠴᠠᠭᠠᠬᠤ ᠶᠠᠪᠣᠴᠠ ᠳᠤ᠂ ᠭᠤᠣᠯᠳᠠᠭᠤ ᠡᠯ᠎ᠡ ᠰᠠᠯᠠᠭ᠎ᠠ ᠮᠦᠴᠢᠷ ᠤᠨ ᠠᠵᠢᠯ ᠤᠨ ᠰᠣᠷᠳᠠᠯ ᠪᠠ ᠪᠦᠳᠦᠮᠵᠢ | ᠶᠢᠨ ᠠᠰᠠᠭᠤᠳᠠᠯ ᠢ ᠪᠠᠶᠢᠴᠠᠭᠠᠨ᠂ ᠲᠦᠷᠦᠯ ᠵᠣᠶᠢᠯ ᠤᠨ ᠭᠠᠷ ᠭᠦᠢᠴᠡᠳᠬᠡᠯ ᠤᠨ ᠠᠬᠢᠯᠳᠠ᠂ ᠢᠨᠵᠧᠨᠧᠷᠢᠩ ᠤᠨ | ᠪᠠᠶᠢᠭᠤᠯᠣᠯᠳᠠ᠂ ᠪᠡᠯᠡ ᠣᠷᠣᠭᠤᠯᠣᠯᠳᠠ ᠶᠢᠨ ᠠᠬᠢᠴᠠ ᠵᠡᠷᠭᠡ ᠪᠠᠶᠢᠳᠠᠯ ᠢ ᠪᠠᠶᠢᠴᠠᠭᠠᠨ᠎ᠠ᠃ ᠱᠠᠭᠠᠷᠳᠠᠨ ᠪᠠᠶᠢᠴᠠᠭᠠᠯᠳᠠ | ᠶᠢᠨ ᠨᠡᠶᠢᠳᠡᠯᠡᠯ ᠢ ᠵᠡᠷᠭᠡ ᠳᠤᠨᠢ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠳᠤ | ᠮᠡᠳᠡᠭᠦᠯᠦᠨ᠎ᠡ᠃ | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 7 ᠰᠠᠷ᠎ᠠ ᠶᠢᠨ 29 ᠤ ᠡᠳᠦᠷ |