︽ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ | ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ | ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | ︽ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ | ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ | ᠶᠢᠨ ᠲᠦᠰᠦᠯ︾ ᠢ ᠡᠳᠦᠭᠡ ᠲᠠᠨᠠᠷ ᠲᠤ ᠲᠠᠷᠣᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠨᠠᠶᠢᠳᠠᠪᠦᠷᠢᠵᠢᠭᠤᠯᠣᠨ | ᠬᠡᠷᠡᠭᠵᠢᠭᠦᠯᠰᠦᠭᠡᠢ᠃ | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 8 ᠰᠠᠷ᠎ᠠ ᠶᠢᠨ 11 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ | ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ | | | ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ | ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠠᠵᠢᠯ ᠢ | ᠣᠷᠣᠭᠰᠢᠳᠠᠢ ᠠᠬᠢᠭᠤᠯᠣᠨ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠵᠣ᠂ ᠬᠢᠨᠠᠯᠳᠠ | ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢᠨ ᠨᠠᠶᠢᠳᠠᠪᠦᠷᠵᠢᠭᠤᠯᠣᠯᠳᠠ ᠶᠢ ᠴᠢᠩᠭᠠᠳᠬᠠᠨ᠂ ᠮᠡᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠬᠦᠢ ᠶᠢᠨ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ | ᠣᠷᠳᠦ ᠬᠤᠭᠤᠴᠠᠭᠠᠳᠦ ᠲᠣᠭᠳᠠᠴᠠ ᠪᠠᠶᠢᠭᠤᠯᠬᠤ ᠶᠢᠨ ᠲᠣᠰᠠᠳᠠ᠂ ᠮᠠᠨ ᠬᠤᠰᠢᠭᠤᠨ ᠤ ᠪᠣᠳᠠᠳᠦ ᠪᠠᠶᠢᠳᠠᠯ ᠲᠠᠢ ᠪᠠᠨ | ᠣᠶᠠᠯᠳᠣᠭᠤᠯᠣᠨ᠂ ᠣᠨᠴᠠᠭᠠᠶᠢᠯᠠᠨ ᠲᠣᠰ ᠲᠦᠰᠦᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠠᠨ ᠪᠣᠯᠭᠠᠵᠣ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠣᠮᠳᠠᠭᠠᠨ | ᠤ ᠠᠶᠣᠯᠭᠦᠢ ᠶᠢᠨ ᠠᠵᠢᠯ ᠤᠨ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠪᠣᠯᠣᠨ ︽ᠢᠳᠡᠭᠡᠨ ᠣᠮᠳᠠᠭᠠᠨ ᠤ | ᠠᠶᠣᠯᠭᠦᠢ ᠶᠢ ᠪᠠᠳᠣᠯᠠᠬᠤ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ ᠲᠣᠬᠠᠢ ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ | ᠲᠠᠷᠬᠠᠭᠠᠭᠰᠠᠨ ﹇2016﹈ 65 ᠲᠣᠭᠠᠳᠦ︶ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠣᠣᠱᠯᠠᠭᠤᠯᠣᠨ ᠨᠠᠶᠢᠳᠠᠪᠦᠷᠢᠵᠢᠭᠤᠯᠵᠣ᠂ ︽ᠵᠠᠰᠠᠭ ᠤᠨ ᠣᠷᠳᠣᠨ ᠭᠤᠣᠯᠯᠠᠨ ᠣᠳᠣᠷᠢᠳᠬᠤ᠂ ᠬᠠᠣᠯᠢ ᠶᠣᠰᠣ ᠪᠠᠷ | ᠬᠠᠷᠢᠭᠤᠴᠠᠯᠭ᠎ᠠ ᠪᠠᠨ ᠭᠦᠢᠴᠡᠳᠬᠡᠬᠦ᠂ ᠠᠶᠣᠯᠭᠦᠢ ᠶᠢ ᠪᠠᠳᠣᠯᠠᠬᠤ᠂ ᠠᠵᠣ ᠣᠶᠢᠯᠠᠰ ᠳᠤ ᠣᠶᠢᠯᠡᠴᠢᠯᠡᠬᠦ︾ ᠠᠵᠢᠯ ᠤᠨ | ᠴᠢᠭᠯᠡᠯᠳᠡ ᠶᠢ ᠵᠢᠷᠣᠮᠯᠠᠨ᠂ ᠣᠷᠣᠨ ᠭᠠᠵᠠᠷ ᠤ ᠵᠠᠰᠠᠭ ᠤᠨ ᠣᠷᠳᠣᠨ ᠤ ᠬᠠᠷᠢᠶ᠎ᠠ ᠬᠠᠮᠢᠶᠠᠷᠣᠯᠳᠠ ᠶᠢᠨ | ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠪᠠᠷ ᠭᠤᠣᠯᠳᠠᠯᠭ᠎ᠠ ᠪᠣᠯᠭᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠶᠠᠰᠣ ᠴᠢᠨᠠᠷ ᠤᠨ ᠠᠶᠣᠯᠭᠦᠢ ᠶᠢ ᠡᠵᠡᠮᠳᠡᠬᠦ ᠲᠣᠭᠳᠠᠯᠴᠠᠭ᠎ᠠ ᠶᠢ ᠪᠠᠶᠢᠭᠤᠯᠣᠨ ᠲᠡᠭᠦᠯᠳᠡᠷᠵᠢᠭᠦᠯᠬᠦ ᠪᠠᠷ ᠴᠦᠮ᠎ᠡ | ᠪᠣᠯᠭᠠᠵᠣ᠂ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠣᠯᠣᠨ ᠣᠶᠢᠯᠠᠳᠪᠦᠷᠢᠯᠡᠭᠴᠢ ᠨᠢᠭᠡᠴᠡ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠪᠠᠷ ᠭᠠᠷᠳᠠᠴᠠ ᠪᠣᠯᠭᠠᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠲᠦᠪᠰᠢᠨ ᠪᠠ ᠦᠨᠳᠦᠰᠦᠨ ᠱᠠᠳᠣᠨ ᠤ ᠬᠢᠨᠠᠯᠳᠠ | ᠬᠠᠮᠢᠶᠠᠷᠣᠯᠳᠠ ᠶᠢᠨ ᠴᠢᠳᠠᠪᠬᠢ ᠶᠢ ᠲᠡᠭᠡᠭᠰᠢᠯᠡᠭᠦᠯᠬᠦ ᠪᠠᠷ ᠬᠠᠷᠠᠯᠳᠠ ᠪᠠᠨ ᠪᠣᠯᠭᠠᠵᠣ᠂ ᠦᠨᠳᠦᠷ ᠪᠠᠷᠢᠮᠵᠢᠶ᠎ᠡ ᠲᠠᠢ ᠪᠠᠷ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠬᠦᠢ ᠬᠤᠰᠢᠭᠤ ᠶᠢ ᠴᠣᠭᠴᠠᠯᠠᠨ᠎ᠠ᠃ | ᠬᠤᠶᠠᠷ᠂ ᠬᠠᠷᠠᠯᠳᠠ ᠡᠭᠦᠷᠭᠡ | ︵ᠨᠢᠭᠡ︶ ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠬᠤᠰᠢᠭᠤ | ᠠᠷᠠᠳ ᠤᠨ ᠵᠠᠰᠠᠭ ᠤᠨ ᠣᠷᠳᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ | ᠬᠢᠨᠠᠯᠳᠠ ᠬᠠᠮᠢᠶᠠᠷᠣᠯᠳᠠ ᠶᠢ ᠴᠢᠬᠤᠯᠠ ᠵᠦᠪᠯᠡᠬᠦ ᠵᠣᠶᠢᠯ ᠳᠤ ᠪᠠᠨ ᠣᠷᠣᠭᠤᠯᠣᠨ᠂ ᠲᠦᠯᠦᠪᠵᠢᠭᠦᠯᠭᠡ ᠲᠣᠭᠳᠠᠭᠠᠬᠤ᠂ | ᠠᠵᠢᠯᠳᠠᠨ ᠲᠣᠬᠢᠷᠠᠭᠤᠯᠬᠤ᠂ ᠨᠦᠭᠦᠴᠡᠯ ᠤᠨ ᠪᠠᠳᠣᠯᠠᠭ᠎ᠠ ᠵᠡᠷᠭᠡ ᠲᠠᠯ᠎ᠠ ᠶᠢᠨ ᠡᠷᠴᠢᠮ ᠢᠶᠠᠨ ᠴᠢᠩᠭᠠᠳᠬᠠᠨ᠎ᠠ᠃ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠠᠵᠢᠯ ᠢ ᠪᠠᠯᠭᠠᠰᠣᠨ ᠤ ᠠᠷᠠᠳ ᠤᠨ ᠵᠠᠰᠠᠭ | ᠤᠨ ᠣᠷᠳᠣᠨ ᠤ ᠬᠢᠷᠢ ᠪᠦᠳᠦᠮᠵᠢ ᠶᠢᠨ ᠬᠢᠨᠠᠨ ᠰᠢᠯᠭᠠᠯᠳᠠ ᠬᠦᠷᠢᠶ᠎ᠡ ᠶᠢᠨ ᠬᠡᠪᠴᠢᠶᠡᠨ ᠳᠤ ᠣᠷᠣᠭᠤᠯᠵᠣ᠂ ᠬᠢᠨᠠᠨ | ᠰᠢᠯᠭᠠᠯᠳᠠ ᠶᠢᠨ ᠦᠨᠡᠯᠡᠯᠭᠡᠨ ᠤ ᠵᠢᠭᠠᠯᠳᠠ ᠶᠢ ᠲᠣᠳᠣᠷᠬᠠᠶᠢᠯᠠᠨ᠂ ᠱᠠᠭᠠᠷᠳᠠᠨ ᠪᠠᠶᠢᠴᠠᠭᠠᠬᠤ ᠠᠷᠭ᠎ᠠ ᠠᠪᠴᠠᠯ ᠢ | ᠲᠣᠭᠳᠠᠭᠠᠨ᠎ᠠ᠃ | ︵ᠬᠤᠶᠠᠷ︶ ᠬᠢᠨᠠᠨ ᠬᠠᠮᠢᠶᠠᠷᠣᠯᠳᠠ ᠶᠢᠨ ᠴᠢᠳᠠᠪᠬᠢ ᠪᠠᠨ ᠢᠯᠡᠷᠬᠡᠢ ᠲᠡᠭᠡᠭᠰᠢᠯᠡᠭᠦᠯᠦᠨ᠎ᠡ᠃ ᠬᠤᠰᠢᠭᠤ᠂ | ᠪᠠᠯᠭᠠᠰᠣ ᠬᠢᠨᠠᠨ ᠬᠠᠮᠢᠶᠠᠷᠣᠯᠳᠠ ᠶᠢᠨ ᠪᠠᠶᠢᠭᠤᠯᠣᠮᠵᠢ ᠪᠠᠶᠢᠭᠤᠯᠣᠨ᠂ ᠡᠩᠨᠡᠭᠡ ᠪᠠᠨ ᠲᠡᠭᠦᠯᠳᠡᠷᠵᠢᠭᠦᠯᠵᠣ᠂ ᠭᠠᠴᠠᠭ᠎ᠠ | ᠲᠣᠰᠬᠤᠨ ᠬᠤᠷᠰᠢᠶ᠎ᠠ ᠶᠢᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭᠠᠳᠠᠨ ᠤ ᠬᠦᠴᠦᠨ ᠢ ᠨᠠᠶᠢᠳᠠᠪᠦᠷᠢᠵᠢᠭᠤᠯᠣᠨ᠎ᠠ᠃ | ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠣᠷᠣᠨᠵᠢᠭᠤᠯᠵᠣ᠂ ᠭᠤᠣᠯᠳᠠᠯᠭ᠎ᠠ ᠲᠠᠢ ᠪᠠᠷ ᠬᠢᠨᠠᠨ ᠬᠠᠮᠢᠶᠠᠷᠬᠤ | ᠡᠳᠡᠭᠡᠳ ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠂ ᠬᠢᠨᠠᠯᠳᠠ ᠬᠠᠮᠢᠶᠠᠷᠣᠯᠳᠠ ᠶᠢ ᠲᠦᠷᠢᠮᠵᠢᠭᠦᠨ ᠡᠷᠴᠢᠮᠳᠠᠢ | ᠪᠣᠯᠭᠠᠵᠣ᠂ ᠬᠠᠣᠯᠢ ᠬᠡᠷᠡᠭᠵᠢᠭᠦᠯᠦᠯᠳᠡ ᠶᠢ ᠣᠷᠣᠨᠵᠢᠭᠤᠯᠣᠨ᠎ᠠ᠃ ᠬᠦᠮᠦᠵᠢᠯ ᠪᠣᠯᠪᠠᠰᠣᠷᠠᠯ ᠤᠨ ᠲᠦᠯᠦᠪᠯᠡᠭᠡ | ᠵᠣᠬᠢᠰᠳᠠᠢ᠂ ᠪᠦᠷᠢᠨ ᠲᠡᠭᠦᠯᠳᠡᠷ ᠪᠠᠶᠢᠬᠤ ᠶᠢ ᠪᠠᠳᠣᠯᠠᠵᠣ᠂ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠᠨ | ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ︵ᠭᠤᠷᠪᠠ︶ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ | ᠪᠦᠷᠢᠳᠦᠭᠦᠯᠦᠨ᠎ᠡ᠃ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ᠂ ᠣᠶᠢᠯᠠᠳᠪᠦᠷᠢᠯᠡᠭᠦ ᠶᠠᠪᠣᠴᠠ ᠶᠢᠨ | ᠬᠠᠮᠢᠶᠠᠷᠣᠯᠳᠠ ᠡᠵᠡᠮᠰᠢᠯ᠂ ᠭᠠᠷᠣᠯᠳᠠ ᠶᠢᠨ ᠣᠷᠣᠨ ᠤ ᠬᠢᠷᠢ ᠲᠡᠩᠴᠡᠭᠰᠡᠨ ᠭᠡᠷᠡᠴᠢ ᠶᠢᠨ ᠬᠠᠮᠢᠶᠠᠷᠣᠯᠳᠠ᠂ ᠰᠢᠯᠭᠠᠨ | ᠪᠠᠶᠢᠴᠠᠭᠠᠯᠳᠠ᠂ ᠶᠠᠰᠣ ᠴᠢᠨᠠᠷ ᠤᠨ ᠮᠦᠷᠳᠡᠯᠳᠡ᠂ ᠣᠷᠢᠳᠴᠢᠯᠠᠨ ᠰᠡᠷᠡᠮᠵᠢᠯᠡᠭᠦᠯᠵᠣ᠂ ᠪᠠᠴᠢᠮ ᠢ ᠠᠷᠭᠠᠴᠠᠭᠠᠬᠤ᠂ | ᠨᠡᠶᠢᠭᠡᠮ ᠤᠨ ᠬᠢᠨᠠᠯᠳᠠ ᠵᠡᠷᠭᠡ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ | ᠬᠠᠮᠢᠶᠠᠷᠣᠯᠳᠠ ᠶᠢᠨ ᠲᠦᠷᠢᠮ ᠢ ᠲᠡᠭᠦᠯᠳᠡᠷᠵᠢᠭᠦᠯᠣᠨᠡ᠃ ᠣᠷᠣᠭᠤᠯᠣᠯᠳᠠ ᠪᠣᠳᠠᠰ ᠬᠤᠳᠠᠯᠳᠣᠨ ᠠᠪᠣᠭᠰᠠᠨ ᠪᠠ | ᠪᠣᠷᠣᠯᠠᠭᠤᠯᠣᠭᠰᠠᠨ ᠲᠠᠩᠰᠠ᠂ ᠣᠶᠢᠯᠠᠳᠪᠦᠷᠢᠯᠡᠭᠰᠡᠨ ᠲᠡᠮᠳᠡᠭᠯᠡᠯ ᠤᠨ ᠬᠠᠮᠢᠶᠠᠷᠣᠯᠳᠠ᠂᠂ ᠪᠣᠬᠢᠷᠳᠣᠯ ᠦᠭᠡᠢ ᠡᠵᠡᠮᠳᠡᠯ | ᠵᠡᠷᠭᠡ ᠢᠳᠡᠭᠡᠨ ᠳᠤ ᠬᠡᠷᠡᠭᠯᠡᠬᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠦᠬᠦ ᠶᠠᠪᠣᠴᠠ ᠶᠢᠨ ᠬᠢᠨᠠᠯᠳᠠ | ᠬᠠᠮᠢᠶᠠᠷᠣᠯᠳᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ | ︵ᠲᠦᠷᠪᠡ︶ ᠶᠠᠰᠣ ᠴᠢᠨᠠᠷ ᠤᠨ ᠠᠶᠣᠯᠭᠦᠢ ᠶᠢᠨ ᠲᠦᠪᠰᠢᠨ ᠢ ᠢᠯᠡᠷᠭᠡᠢ ᠲᠡᠭᠡᠭᠰᠢᠯᠡᠭᠦᠯᠦᠨ᠎ᠡ᠃ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠨᠡᠶᠢᠳᠡ ᠶᠢᠨ ᠣᠶᠢᠯᠡᠴᠢᠯᠡᠭᠡᠨ ᠤ ᠲᠦᠪᠰᠢᠨ | ᠢ ᠢᠯᠡᠷᠭᠡᠢ ᠴᠢᠩᠭᠠᠳᠬᠠᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠣᠬᠠᠮᠰᠠᠷ᠂ ᠲᠣᠬᠠᠶᠢᠯᠠᠭᠰᠠᠨ ᠠᠵᠢᠯ ᠤᠨ ᠦᠪᠡᠷ ᠢ ᠪᠠᠨ ᠱᠠᠭᠠᠷᠳᠠᠬᠤ ᠣᠬᠠᠮᠰᠠᠷ ᠢ ᠲᠠᠰᠣᠷᠠᠯᠳᠠ ᠦᠭᠡᠢ | ᠲᠡᠭᠡᠭᠰᠢᠯᠡᠭᠦᠯᠦᠨ᠎ᠡ᠃ ᠬᠡᠪᠴᠢᠶᠡᠵᠢᠯ ᠣᠶᠢᠯᠠᠳᠪᠦᠷᠢᠯᠡᠭᠴᠢ ᠪᠦᠬᠦ ᠲᠠᠯ᠎ᠠ ᠶᠢᠨ ᠪᠠᠷᠢᠮᠵᠢᠶᠠᠵᠢᠭᠰᠠᠨ ᠣᠶᠢᠯᠠᠳᠪᠦᠷᠢᠯᠠᠯ ᠢ | ᠬᠡᠷᠡᠭᠵᠢᠭᠦᠯᠦᠨ᠂ ᠮᠠᠯ ᠲᠠᠷᠢᠶᠠᠯᠠᠩ ᠤᠨ ᠣᠷᠣᠭᠤᠯᠣᠯᠳᠠ ᠪᠣᠳᠠᠰ ᠤᠨ ᠠᠶᠣᠯᠭᠦᠢ ᠬᠡᠷᠡᠭᠯᠡᠯᠳᠡ ᠶᠢ ᠪᠠᠳᠣᠯᠠᠵᠣ᠂ | ᠲᠠᠷᠢᠶᠠᠨ ᠡᠮ᠂ ᠮᠠᠯ ᠤᠨ ᠡᠮ ᠪᠣᠯᠣᠨ ᠬᠠᠣᠯᠢ ᠪᠣᠰᠣ ᠨᠡᠮᠡᠯᠳᠡ ᠡᠳ᠋ ᠬᠡᠷᠡᠭᠯᠡᠬᠦ ᠵᠡᠷᠭᠡ ᠬᠠᠣᠯᠢ ᠲᠦᠷᠢᠮ ᠵᠦᠷᠢᠴᠡᠭᠰᠡᠨ | ᠠᠵᠢᠯᠯᠠᠭ᠎ᠠ ᠶᠢ ᠪᠦᠬᠦ ᠲᠠᠯ᠎ᠠ ᠪᠠᠷ ᠡᠷᠡᠰ ᠴᠠᠭᠠᠵᠠᠯᠠᠵᠣ᠂ ︽ᠢᠳᠡᠰᠢᠨ ᠨᠣᠭᠤᠭ᠎ᠠ︾ ᠶᠢᠨ ᠪᠦᠳᠦᠭᠡᠭᠳᠡᠭᠦᠨ ᠤ | ᠰᠣᠭᠤᠯᠣᠨ ᠪᠠᠶᠢᠴᠠᠭᠠᠯᠳᠠ ᠶᠢᠨ ᠬᠢᠷᠢ ᠲᠡᠩᠴᠡᠯᠳᠡ ᠶᠢᠨ ᠨᠣᠷᠮ᠎ᠠ ᠶᠢ ᠦᠨᠳᠦᠷ ᠲᠦᠪᠰᠢᠨ ᠳᠤ ᠬᠦᠷᠭᠡᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠬᠦᠨᠳᠦ ᠶᠡᠭᠡ ᠠᠰᠠᠭᠤᠳᠠᠯ ᠶᠢᠨ ᠬᠡᠷᠡᠭ ᠣᠴᠢᠷ ᠭᠠᠷᠬᠤ | ᠦᠭᠡᠢ ᠶᠢ ᠪᠠᠳᠣᠯᠠᠵᠣ᠂ ᠣᠯᠠᠨ ᠲᠦᠮᠡᠨ ᠤ ᠣᠷᠣᠯᠴᠠᠯᠭ᠎ᠠ᠂ ᠨᠡᠶᠢᠭᠡᠮ ᠤᠨ ᠬᠠᠮᠳᠦ ᠶᠢᠨ ᠵᠠᠰᠠᠯᠳᠠ ᠶᠢᠨ ᠲᠦᠪᠰᠢᠨ | ᠪᠠ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ᠭᠤᠷᠪᠠ᠂ ᠦᠨᠳᠦᠰᠦᠨ ᠵᠠᠷᠴᠢᠮ | ︵ᠨᠢᠭᠡ︶ ᠬᠠᠷᠢᠶ᠎ᠠ ᠣᠷᠣᠨ ᠠᠴᠠ ᠬᠠᠮᠢᠶᠠᠷᠬᠤ᠂ ᠠᠵᠢᠯ ᠬᠤᠪᠢᠶᠠᠷᠯᠠᠨ ᠬᠠᠮᠢᠶᠠᠷᠬᠤ᠂ ᠨᠠᠶᠢᠭᠡᠮ ᠤᠨ ᠬᠢᠨ | ᠬᠠᠮᠳᠦ ᠪᠠᠷ ᠵᠠᠰᠠᠬᠤ ᠵᠠᠷᠴᠢᠮ ᠢ ᠪᠠᠷᠢᠮᠳᠠᠯᠠᠨ᠎ᠠ᠃ ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠵᠣ᠂ ᠲᠦᠯᠦᠪᠵᠢᠭᠦᠯᠭᠡ ᠲᠣᠭᠳᠠᠭᠠᠯᠳᠠ᠂ ᠵᠠᠷᠣᠳᠠᠯ ᠤᠨ ᠪᠡᠯᠡ ᠣᠷᠣᠭᠤᠯᠣᠯᠳᠠ᠂ ᠲᠣᠭᠳᠠᠴᠠ | ᠶᠢᠨ ᠪᠠᠶᠢᠭᠤᠯᠣᠯᠳᠠ᠂ ᠰᠠᠯᠠᠭ᠎ᠠ ᠮᠦᠴᠢᠷ ᠤᠨ ᠵᠣᠬᠢᠴᠠᠭᠤᠯᠣᠯᠳᠠ᠂ ᠬᠢᠨᠠᠯᠳᠠ ᠰᠢᠯᠭᠠᠯᠳᠠ ᠵᠡᠷᠭᠡ ᠲᠠᠯ᠎ᠠ ᠪᠠᠷ ᠵᠣᠬᠢᠶᠠᠨ | ᠪᠠᠶᠢᠭᠤᠯᠣᠯᠳᠠ ᠶᠢᠨ ᠪᠠᠳᠣᠯᠠᠭ᠎ᠠ ᠶᠢᠨ ᠣᠶᠢᠯᠠᠳᠣᠯ ᠢᠶᠠᠨ ᠪᠠᠳᠠᠷᠠᠭᠤᠯᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ | ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠲᠣᠰᠢᠶᠠᠯ ᠢ ᠴᠡᠭᠴᠡᠯᠡᠨ᠂ ᠬᠠᠷᠢᠭᠤᠴᠠᠯᠭ᠎ᠠ ᠶᠢᠨ | ᠨᠠᠶᠢᠳᠠᠪᠦᠷᠢᠵᠢᠭᠤᠯᠣᠯᠳᠠ ᠶᠢ ᠴᠢᠩᠭᠠᠳᠬᠠᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠵᠢᠯᠣᠭᠤᠳᠣᠨ᠎ᠠ︔ ᠡᠯ᠎ᠡ ᠰᠠᠯᠠᠭ᠎ᠠ ᠮᠦᠴᠢᠷ᠂ ᠡᠯ᠎ᠡ ᠪᠠᠯᠭᠠᠰᠦ | ᠲᠦᠷᠦ ᠶᠢᠨ ᠪᠣᠳᠣᠯᠭ᠎ᠠ ᠶᠢᠨ ᠣᠳᠣᠷᠢᠳᠣᠮᠵᠢ ᠶᠢᠨ ᠣᠶᠢᠯᠠᠳᠣᠯ ᠢ ᠭᠦᠢᠴᠡᠳ ᠪᠠᠳᠠᠷᠠᠭᠤᠯᠣᠨ᠂ ᠲᠦᠷᠦᠯ ᠵᠣᠶᠢᠯ ᠤᠨ | ᠪᠡᠯᠡ ᠮᠦᠩᠭᠦ ᠶᠢ ᠲᠦᠪᠯᠡᠷᠡᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ | ᠪᠠᠳᠣᠯᠠᠭ᠎ᠠ ᠶᠢᠨ ᠲᠦᠪᠰᠢᠨ ᠢ ᠦᠨᠡᠨ ᠬᠦ ᠲᠡᠭᠡᠭᠰᠢᠯᠡᠭᠦᠯᠦᠨ᠎ᠡ᠃ | ︵ᠬᠤᠶᠠᠷ︶ ᠪᠣᠳᠠᠳᠦ ᠪᠦᠳᠦᠮᠵᠢ ᠶᠢ ᠡᠷᠬᠢᠮᠯᠡᠬᠦ᠂ ᠰᠢᠨᠡᠴᠢᠯᠡᠯᠳᠡ ᠶᠢ ᠴᠢᠬᠤᠯᠠᠴᠢᠯᠠᠬᠤ᠂ ᠲᠣᠭᠳᠠᠯᠴᠠᠭ᠎ᠠ ᠶᠢ | ᠲᠡᠭᠦᠯᠳᠡᠷᠵᠢᠭᠦᠯᠬᠦ ᠵᠠᠷᠴᠢᠮ ᠢ ᠪᠠᠷᠢᠮᠳᠠᠯᠠᠨ᠎ᠠ᠃ ᠪᠣᠳᠠᠳᠠᠢ ᠲᠠᠢ ᠪᠠᠨ ᠣᠶᠠᠯᠳᠣᠭᠤᠯᠬᠤ ᠶᠢ ᠪᠠᠷᠢᠮᠳᠠᠯᠠᠵᠣ᠂ ᠠᠵᠣ | ᠣᠶᠢᠯᠠᠰ ᠤᠨ ᠣᠨᠴᠠᠯᠢᠭ ᠤᠨ ᠲᠣᠭᠤᠷᠢᠨ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢ ᠪᠠᠳᠣᠯᠠᠬᠤ ᠪᠣᠳᠠᠳᠠᠢ ᠪᠦᠳᠦᠮᠵᠢᠳᠡᠢ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠰᠦᠪᠡᠭᠴᠢᠯᠡᠨ | ᠪᠠᠶᠢᠭᠤᠯᠵᠣ᠂ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠣᠶᠢᠯᠭᠠᠭᠳᠠᠬᠤᠨ ᠢ ᠲᠣᠪᠣᠶᠢᠯᠭᠠᠨ᠂ ︽ᠢᠨᠲ᠋ᠧᠷ | ᠰᠦᠯᠵᠢᠶ᠎ᠡ +︾᠂ PPP ᠵᠡᠷᠭᠡ ᠪᠣᠳᠠᠳᠦ ᠪᠠᠶᠢᠳᠠᠯ ᠲᠠᠢ ᠨᠡᠶᠢᠴᠡᠬᠦ᠂ ᠦᠨᠳᠦᠷ ᠪᠦᠳᠦᠮᠵᠢᠳᠡᠢ ᠰᠢᠨ᠎ᠡ ᠠᠷᠭ᠎ᠠ | ᠠᠪᠴᠠᠯ ᠪᠠ ᠰᠢᠨ᠎ᠡ ᠵᠠᠭᠪᠣᠷ ᠢ ᠰᠦᠪᠡᠭᠴᠢᠯᠡᠵᠣ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠪᠣᠷᠣᠯᠠᠭᠤᠯᠣᠯᠳᠠ ᠶᠢᠨ ᠪᠣᠳᠠᠳᠦ ᠪᠠᠶᠢᠳᠠᠯ ᠲᠠᠢ ᠣᠶᠠᠯᠳᠣᠭᠤᠯᠣᠭᠰᠠᠨ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ | ᠬᠠᠮᠢᠶᠠᠷᠣᠯᠳᠠ ᠶᠢᠨ ᠲᠦᠷᠢᠮ ᠲᠣᠭᠳᠠᠯᠴᠠᠭ᠎ᠠ ᠶᠢ ᠪᠠᠶᠢᠭᠤᠯᠣᠨ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ᠂ | ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠᠨ ᠲᠠᠰᠣᠷᠠᠯᠳᠠ ᠦᠭᠡᠢ ᠲᠡᠭᠦᠯᠳᠡᠷᠵᠢᠭᠦᠯᠵᠣ᠂ ᠪᠦᠬᠦ ᠬᠤᠰᠢᠭᠤᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠦᠪᠰᠢᠨ ᠤ | ᠪᠦᠬᠦᠯᠢ ᠴᠣᠭᠴᠠ ᠶᠢᠨ ᠲᠡᠭᠡᠭᠰᠢᠯᠡᠭᠦᠯᠦᠯᠳᠡ ᠶᠢ ᠠᠬᠢᠭᠤᠯᠣᠨ᠎ᠠ᠃ | ︵ᠭᠤᠷᠪᠠ︶ ᠪᠣᠰᠣᠳᠴᠢ ᠲᠦᠪ ᠭᠤᠣᠯᠴᠢ ᠵᠠᠷᠴᠢᠮ ᠢ ᠪᠠᠷᠢᠮᠳᠠᠯᠠᠨ᠎ᠠ᠃ ︽ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠮᠡᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ | ᠬᠢᠨᠠᠯᠳᠠ ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠰᠢᠶᠠᠨ ᠤ ᠬᠢᠨᠠᠨ ᠰᠢᠯᠭᠠᠯᠳᠠ ᠶᠢᠨ ᠠᠷᠭ᠎ᠠ︾ ᠶᠢᠨ | ᠨᠠᠷᠢᠵᠢᠭᠵᠢᠭᠤᠯᠣᠭᠰᠠᠨ ᠵᠢᠭᠠᠯᠳᠠ ᠶᠣᠰᠣᠭᠠᠷ᠂ ᠪᠣᠰᠣᠳᠴᠢ ᠦᠨᠡᠨ ᠪᠣᠳᠠᠳᠠᠢ᠂ ᠡᠷᠬᠡ ᠲᠡᠭᠰᠢ ᠲᠦᠪ ᠭᠤᠣᠯᠴᠢ | ᠵᠠᠷᠴᠢᠮ ᠢ ᠪᠠᠷᠢᠮᠳᠠᠯᠠᠵᠣ᠂ ᠬᠢᠨᠠᠨ ᠰᠢᠯᠭᠠᠷᠠᠭᠤᠯᠵᠣ ᠦᠨᠡᠯᠡᠬᠦ ᠠᠵᠢᠯ ᠢ ᠰᠠᠶᠢᠳᠦᠷ ᠵᠣᠬᠢᠶᠠᠨ ᠪᠠᠶᠢᠭᠤᠯᠣᠨ᠂ ᠰᠢᠯᠭᠠᠨ | ᠲᠣᠭᠳᠠᠭᠠᠯᠳᠠ ᠶᠢ ᠰᠠᠶᠢᠳᠦᠷ ᠠᠳᠬᠤᠵᠣ᠂ ᠴᠣᠭᠴᠠᠯᠠᠯᠳᠠ ᠶᠢᠨ ᠠᠵᠢᠯᠯᠭᠠᠨ ᠢ ᠦᠨᠳᠦᠷ ᠪᠠᠷᠢᠮᠵᠢᠶ᠎ᠡ ᠪᠠᠷ | ᠠᠬᠢᠭᠤᠯᠣᠨ᠎ᠠ᠃ | ᠲᠦᠷᠪᠡ᠂ ᠭᠤᠣᠯᠳᠠᠯᠭᠠᠳᠦ ᠡᠭᠦᠷᠭᠡ | ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ | ᠬᠤᠰᠢᠭᠤ ᠶᠢ ᠴᠣᠭᠴᠠᠯᠠᠬᠤ ᠳᠤ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ | ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠤᠨ ᠬᠠᠮᠤᠭ ᠰᠠᠶᠢᠨ ᠲᠦᠪᠰᠢᠨ ᠢ ᠲᠣᠪᠣᠶᠢᠯᠭᠠᠵᠣ᠂ | ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠨᠠᠶᠢᠳᠠᠪᠦᠷᠵᠢᠭᠤᠯᠣᠨ᠂ ᠲᠣᠭᠳᠠᠴᠠ ᠶᠢᠨ ᠪᠠᠶᠢᠭᠤᠯᠣᠯᠳᠠ ᠶᠢ | ᠲᠡᠭᠦᠯᠳᠡᠷᠵᠢᠭᠦᠯᠵᠣ᠂ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠪᠦᠷᠢᠳᠦᠭᠦᠯᠦᠨ᠂ ᠬᠠᠣᠯᠢ ᠬᠡᠷᠡᠭᠵᠢᠭᠦᠯᠦᠯᠳᠡ | ᠬᠢᠨᠠᠯᠳᠠ ᠬᠠᠮᠢᠶᠠᠷᠣᠯᠳᠠ ᠶᠢ ᠡᠷᠴᠢᠮᠵᠢᠭᠦᠯᠵᠣ᠂ ᠲᠣᠣᠷᠠᠬᠢ ᠬᠡᠳᠦᠨ ᠲᠦᠷᠦᠯ ᠤᠨ ᠡᠭᠦᠷᠭᠡ ᠶᠢ ᠭᠤᠣᠯᠳᠠᠯᠭ᠎ᠠ ᠲᠠᠢ | ᠨᠠᠶᠢᠳᠠᠪᠦᠷᠢᠵᠢᠭᠤᠯᠣᠨ᠎ᠠ᠃ | ︵ᠨᠢᠭᠡ︶ ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ ᠬᠤᠰᠢᠭᠤ | ᠠᠷᠠᠳ ᠤᠨ ᠵᠠᠰᠠᠭ ᠤᠨ ᠣᠷᠳᠣᠨ ᠲᠣᠰ ᠭᠠᠵᠠᠷ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ | ᠤᠨ ᠠᠶᠣᠯᠭᠦᠢ ᠶᠢᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠣ᠂ ᠵᠠᠰᠠᠭ ᠤᠨ ᠣᠷᠳᠣᠨ ᠤ ᠭᠤᠣᠯ ᠣᠳᠣᠷᠢᠳᠣᠯᠭ᠎ᠠ | ᠪᠠᠷ ᠲᠣᠯᠣᠭᠠᠶᠢᠯᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠠᠵᠢᠯ ᠤᠨ | ᠣᠳᠣᠷᠢᠳᠬᠤ ᠪᠠᠶᠢᠭᠤᠯᠣᠮᠵᠢ ᠪᠠᠶᠢᠭᠤᠯᠣᠨ᠂ ᠣᠳᠣᠷᠢᠳᠬᠤ ᠪᠠᠶᠢᠭᠤᠯᠣᠮᠵᠢ ᠶᠢᠨ ᠲᠣᠳᠣᠭᠠᠳᠦ ᠳᠠᠬᠢ ᠡᠯ᠎ᠡ ᠰᠠᠯᠠᠭ᠎ᠠ | ᠮᠦᠴᠢᠷ ᠤᠨ ᠡᠭᠦᠷᠭᠡ ᠲᠣᠰᠢᠶᠠᠯ ᠢ ᠲᠣᠳᠣᠷᠬᠠᠶᠢᠯᠠᠵᠣ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ | ᠴᠢᠩᠭᠠᠳᠬᠠᠨ᠂ ᠵᠢᠯ ᠤᠨ ᠠᠵᠢᠯ ᠤᠨ ᠲᠦᠯᠦᠪᠯᠡᠯᠭᠡ ᠲᠣᠭᠳᠠᠭᠠᠨ ᠬᠡᠷᠡᠭᠵᠢᠭᠦᠯᠦᠨ᠎ᠡ᠃ ᠬᠢᠨᠠᠨ ᠰᠢᠯᠭᠠᠯᠳᠠ ᠶᠢᠨ | ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠡᠯ᠎ᠡ ᠪᠠᠯᠭᠠᠰᠦ | ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠣᠷᠣᠭᠤᠯᠵᠣ᠂ | ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠣᠨ᠎ᠠ︔ | ᠡᠳ᠋ ᠤᠨ ᠵᠠᠰᠠᠭ ᠤᠨ ᠪᠡᠯᠡ ᠣᠷᠣᠭᠤᠯᠣᠯᠳᠠ ᠶᠢᠨ ᠪᠠᠳᠣᠯᠠᠭ᠎ᠠ ᠶᠢᠨ ᠲᠣᠭᠳᠠᠯᠴᠠᠭ᠎ᠠ ᠶᠢ ᠪᠠᠶᠢᠭᠤᠯᠣᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ᠂ ᠰᠢᠯᠭᠠᠨ | ᠬᠡᠮᠵᠢᠯᠳᠡ᠂ ᠬᠠᠣᠯᠢ ᠬᠡᠷᠡᠭᠵᠢᠭᠦᠯᠦᠯᠳᠡ ᠵᠡᠷᠭᠡ ᠠᠵᠢᠯ ᠤᠨ ᠵᠠᠷᠣᠳᠠᠯ ᠢ ᠲᠤᠭ᠎ᠠ ᠶᠣᠰᠣᠭᠠᠷ ᠡᠳ᠋ ᠤᠨ ᠵᠠᠰᠠᠭ ᠤᠨ | ᠲᠦᠰᠦᠪ ᠲᠤ ᠣᠷᠣᠭᠤᠯᠵᠣ᠂ ᠵᠢᠯ ᠤᠨ ᠲᠦᠰᠦᠪ ᠤᠨ ᠨᠡᠮᠡᠭᠳᠡᠯ ᠤᠨ ᠬᠡᠮᠵᠢᠶ᠎ᠡ ᠶᠢ ᠡᠩ ᠤᠨ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠠᠴᠠ ᠦᠨᠳᠦᠷ ᠪᠠᠶᠢᠯᠭᠠᠨ᠂ ᠮᠡᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠭᠦᠢ ᠶᠢᠨ ᠬᠢᠨᠠᠯᠳᠠ ᠬᠠᠮᠢᠶᠠᠷᠣᠯᠳᠠ ᠠᠵᠢᠯ ᠤᠨ ᠡᠮᠬᠢ ᠲᠠᠢ ᠶᠠᠪᠣᠭᠳᠠᠬᠤ ᠶᠢ ᠪᠠᠳᠣᠯᠠᠨ᠎ᠠ᠃ | ︵ᠬᠤᠶᠠᠷ︶ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ | ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ ᠨᠡᠷᠡᠰ ᠤᠨ ᠪᠦᠷᠢᠳᠬᠡᠯ ᠤᠨ ᠲᠦᠷᠢᠮ ᠢ ᠲᠣᠭᠳᠠᠭᠠᠨ᠂ ᠬᠢᠨᠠᠯᠳᠠ | ᠬᠠᠮᠢᠶᠠᠷᠣᠯᠳᠠ ᠶᠢᠨ ᠨᠡᠷᠡᠰ ᠲᠤ ᠣᠷᠣᠭᠰᠠᠨ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠠᠶᠣᠯᠭᠦᠢ | ᠶᠢᠨ ᠬᠦᠮᠦᠵᠢᠯ ᠪᠣᠯᠪᠠᠰᠣᠷᠠᠯ ᠪᠠ ᠬᠠᠷᠢᠭᠤᠴᠠᠯᠭ᠎ᠠ ᠶᠢ ᠴᠢᠩᠭᠠᠳᠬᠠᠵᠣ᠂ ᠶᠠᠰᠣ ᠴᠢᠨᠠᠷ ᠤᠨ ᠠᠮᠠᠯᠠᠯᠳᠠ ᠶᠢ ᠵᠣᠬᠢᠶᠠᠨ | ᠪᠠᠶᠢᠭᠤᠯᠣᠨ ᠬᠡᠷᠡᠭᠵᠢᠭᠦᠯᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠵᠣ ᠠᠬᠤᠶᠢᠯᠠᠯ ᠪᠣᠯᠣᠨ ᠮᠠᠯᠴᠢᠨ | ᠲᠠᠷᠢᠶᠠᠴᠢᠨ ᠤ ᠲᠣᠰᠬᠠᠢ ᠬᠠᠮᠳᠣᠷᠠᠯ ᠬᠤᠷᠰᠢᠶᠠᠵᠢᠯ ᠲᠣᠬᠠᠶᠢᠯᠠᠭᠰᠠᠨ ᠠᠵᠢᠯ ᠤᠨ ᠠᠵᠢᠯᠳᠠᠨ ᠤ ᠪᠣᠯᠪᠠᠰᠣᠷᠠᠯ ᠢᠶᠠᠨ | ᠴᠢᠩᠭᠠᠳᠬᠠᠨ᠂ ᠣᠶᠢᠯᠠᠳᠪᠦᠷᠢᠯᠠᠯ ᠤᠨ ᠲᠡᠮᠳᠡᠭᠯᠡᠯ ᠤᠨ ᠲᠦᠷᠢᠮ ᠢ ᠨᠠᠶᠢᠳᠠᠪᠦᠷᠢᠵᠢᠭᠤᠯᠵᠣ᠂ ᠮᠠᠯ ᠲᠠᠷᠢᠶᠠᠨ ᠤ ᠡᠮ | ᠤᠨ ᠬᠡᠷᠡᠭᠯᠡᠯᠳᠡ ᠶᠢ ᠬᠤᠷᠢᠭᠯᠠᠨ ᠬᠢᠵᠠᠭᠠᠷᠯᠠᠬᠤ ᠬᠠᠮᠢᠶᠠᠷᠣᠯᠳᠠ᠂ ᠮᠠᠯ ᠲᠠᠷᠢᠶᠠᠨ ᠡᠮ ᠬᠡᠷᠡᠭᠯᠡᠭᠰᠡᠨ ᠤ ᠲᠠᠷᠠᠭᠠᠬᠢ | ᠠᠶᠣᠯᠭᠦᠢ ᠬᠤᠭᠤᠴᠠᠭᠠᠨ ᠤ ᠲᠣᠭᠳᠠᠭᠠᠯ ᠢ ᠴᠢᠩᠭ᠎ᠠ ᠬᠡᠷᠡᠭᠵᠢᠭᠦᠯᠦᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠪᠣᠷᠣᠯᠠᠭᠤᠯᠣᠯᠳᠠ ᠶᠢᠨ ᠦᠪᠡᠷ ᠤᠨ ᠪᠠᠶᠢᠴᠠᠭᠠᠯᠳᠠ ᠪᠣᠶᠣ ᠨᠠᠶᠢᠳᠠᠯᠠᠭ᠎ᠠ ᠶᠢᠨ ᠪᠠᠶᠢᠴᠠᠭᠠᠯᠳᠠ ᠶᠢ ᠶᠠᠪᠣᠭᠳᠠᠭᠤᠯᠣᠨ᠎ᠠ᠃ | ᠨᠢᠳᠦᠯᠭᠠᠨ ᠤ ᠠᠵᠣ ᠠᠬᠤᠶᠢᠯᠠᠯ ᠠᠯᠠᠰᠢᠨ ᠲᠠᠯᠠᠪᠠᠢ ᠳᠤ ᠣᠷᠣᠬᠤ ᠪᠠᠶᠢᠴᠠᠭᠠᠯᠳᠠ᠂ ᠮᠢᠬᠠᠨ ᠤ ᠴᠢᠨᠠᠷ ᠤᠨ | ᠪᠠᠶᠢᠴᠠᠭᠠᠯᠳᠠ᠂ ︽ᠬᠠᠷ᠎ᠠ ᠮᠢᠬᠠᠨ ᠤ ᠣᠬᠢ︾ ᠶᠢᠨ ᠰᠢᠯᠭᠠᠨ ᠪᠠᠶᠢᠴᠠᠭᠠᠯᠳᠠ᠂ ᠪᠦᠳᠦᠭᠡᠭᠳᠡᠭᠦᠨ ᠤ | ᠪᠣᠷᠣᠯᠠᠭᠤᠯᠣᠯᠳᠠ ᠶᠢᠨ ᠲᠠᠩᠰᠠᠯᠠᠯᠳᠠ ᠶᠢᠨ ᠲᠦᠷᠢᠮ ᠢ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ | ᠪᠦᠳᠦᠭᠡᠭᠳᠡᠬᠦᠨ ᠢ ᠬᠤᠳᠠᠯᠳᠣᠨ ᠠᠪᠴᠦ ᠬᠠᠳᠠᠭᠠᠯᠠᠨ ᠵᠦᠭᠡᠭᠡᠪᠦᠷᠢᠯᠡᠬᠦ ᠠᠵᠣ ᠠᠬᠤᠶᠢᠯᠠᠯ ᠪᠠ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠪᠦᠭᠡᠮ ᠢᠶᠠᠷ ᠬᠤᠳᠠᠯᠳᠣᠬᠤ ᠵᠠᠬ᠎ᠠ ᠲᠡᠯᠭᠡᠭᠦᠷ ᠪᠠᠷᠠᠭ᠎ᠠ ᠣᠷᠣᠭᠤᠯᠬᠤ ᠪᠠᠶᠢᠴᠠᠭᠠᠯᠳᠠ᠂ ᠰᠣᠭᠤᠯᠣᠨ | ᠪᠠᠶᠢᠴᠠᠭᠠᠵᠣ ᠬᠡᠮᠵᠢᠬᠦ ᠲᠦᠷᠢᠮ ᠲᠣᠭᠳᠠᠭᠠᠬᠤ ᠶᠢᠨ ᠬᠠᠮᠳᠦ ᠡᠪᠡᠳᠴᠢᠨ ᠢᠶᠠᠷ ᠦᠬᠦᠭᠰᠡᠨ ᠮᠠᠯ ᠵᠢᠭᠦᠷᠳᠡᠨ ᠵᠢᠴᠢ ᠬᠢᠷᠢ | ᠲᠡᠩᠴᠡᠬᠦ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠢ ᠬᠦᠨᠦᠭᠡᠯ ᠦᠭᠡᠢ ᠪᠠᠷ ᠰᠢᠢᠳᠪᠦᠷᠢᠯᠡᠬᠦ ᠲᠣᠭᠳᠠᠯᠴᠠᠭ᠎ᠠ ᠶᠢ | ᠪᠠᠶᠢᠭᠤᠯᠣᠨ᠎ᠠ᠃ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ︽ᠬᠠᠷ᠎ᠠ ᠲᠠᠩᠰᠠ︾ ᠶᠢᠨ ᠲᠦᠷᠢᠮ | ᠲᠣᠭᠳᠠᠭᠠᠨ᠂ ᠬᠠᠣᠯᠢ ᠵᠦᠷᠢᠴᠡᠭᠰᠡᠨ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠮᠡᠳᠡᠭᠡ ᠵᠠᠩᠬᠢ ᠶᠢ | ᠬᠠᠣᠯᠢ ᠶᠣᠰᠣᠭᠠᠷ ᠨᠡᠶᠢᠳᠡᠯᠡᠨ᠎ᠡ᠃ | ︵ᠭᠤᠷᠪᠠ︶ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠲᠠᠷᠢᠶᠠᠨ ᠡᠮ᠂ | ᠮᠠᠯ ᠤᠨ ᠡᠮ᠂ ᠲᠡᠵᠢᠭᠡᠯ ᠪᠣᠷᠳᠤᠭ᠎ᠠ ᠵᠢᠴᠢ ᠲᠡᠵᠢᠭᠡᠯ ᠪᠣᠷᠳᠣᠭᠠᠨ ᠤ ᠨᠡᠮᠡᠯᠳᠡ ᠡᠳ᠋ ᠵᠡᠷᠭᠡ ᠮᠠᠯ ᠲᠠᠷᠢᠶᠠᠯᠠᠩ ᠤᠨ | ᠣᠶᠢᠯᠠᠰ ᠤᠨ ᠣᠷᠣᠭᠤᠯᠣᠯᠳᠠ ᠪᠣᠳᠠᠰ ᠢ ᠵᠠᠬ᠎ᠠ ᠲᠡᠯᠭᠡᠭᠦᠷ ᠳᠤ ᠣᠷᠣᠭᠤᠯᠬᠤ ᠵᠦᠪᠰᠢᠶᠡᠷᠡᠯ ᠤᠨ ᠬᠠᠮᠢᠶᠠᠷᠣᠯᠳᠠ ᠪᠠ | ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ ᠨᠡᠷᠡᠰ ᠤᠨ ᠪᠦᠷᠢᠳᠬᠡᠯ | ᠤᠨ ᠲᠦᠷᠢᠮ ᠢ ᠴᠢᠩᠭᠠᠳᠬᠠᠵᠣ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠬᠤᠳᠠᠯᠳᠣᠨ | ᠠᠪᠣᠭᠰᠠᠨ ᠪᠠᠷᠢᠮᠳᠠ᠂ ᠡᠵᠡᠩᠨᠡᠯᠳᠡ ᠶᠢᠨ ᠲᠠᠩᠰᠠ ᠬᠠᠮᠢᠶᠠᠷᠣᠯᠳᠠ ᠶᠢᠨ ᠲᠦᠷᠢᠮ ᠢ ᠨᠠᠶᠢᠳᠠᠪᠦᠷᠢᠵᠢᠭᠤᠯᠣᠨ᠎ᠠ᠃ | ᠲᠠᠷᠢᠶᠠᠨ ᠡᠮ ᠤᠨ ᠣᠭᠤᠳᠠ ᠪᠣᠭᠤᠳᠠᠯ ᠬᠠᠶᠠᠭᠳᠠᠮᠠᠯ ᠪᠣᠳᠠᠰ ᠢ ᠬᠤᠷᠢᠶᠠᠨ ᠴᠣᠭᠯᠠᠭᠤᠯᠵᠣ ᠰᠢᠢᠳᠪᠦᠷᠢᠯᠡᠭᠦ | ᠲᠣᠭᠳᠠᠯᠴᠠᠭ᠎ᠠ ᠶᠢ ᠪᠠᠶᠢᠭᠤᠯᠣᠨ᠂ ᠬᠤᠣᠷᠳᠦ ᠲᠠᠷᠢᠶᠠᠨ ᠡᠮ ᠢ ᠲᠣᠭᠳᠠᠭᠰᠠᠨ ᠭᠠᠵᠠᠷ ᠲᠤ ᠡᠵᠡᠩᠨᠡᠬᠦ᠂ ᠦᠨᠡᠨ ᠨᠡᠷ᠎ᠡ | ᠪᠠᠷ ᠬᠤᠳᠠᠯᠳᠣᠨ ᠠᠪᠬᠤ ᠲᠦᠷᠢᠮ ᠢ 100% ᠪᠠᠷ ᠨᠠᠶᠢᠳᠠᠪᠦᠷᠢᠵᠢᠭᠤᠯᠵᠣ᠂ ᠮᠠᠯ ᠤᠨ ᠡᠮ ᠤᠨ ᠣᠬᠢ ᠰᠠᠶᠢᠨ | ᠣᠶᠢᠯᠠᠳᠪᠦᠷᠢᠯᠠᠯ ᠪᠠ ᠡᠵᠡᠩᠨᠡᠯᠳᠡ ᠶᠢᠨ ᠲᠦᠷᠢᠮᠵᠢᠯ ᠢ ᠬᠡᠷᠡᠭᠵᠢᠭᠦᠯᠦᠨ᠂ ᠲᠡᠵᠢᠭᠡᠨ ᠦᠷᠡᠵᠢᠭᠦᠯᠭᠡ ᠶᠢᠨ | ᠬᠤᠭᠤᠴᠠᠭᠠᠨ ᠳᠠᠬᠢ ᠦᠪᠡᠷ ᠢᠶᠠᠨ ᠲᠣᠬᠢᠷᠠᠭᠤᠯᠬᠤ ᠬᠤᠯᠢᠰᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ | ᠮᠠᠯ ᠲᠠᠷᠢᠶᠠᠯᠠᠩ ᠤᠨ ᠣᠶᠢᠯᠠᠰ ᠤᠨ ᠠᠮᠣᠷ ᠲᠦᠪᠰᠢᠨ ᠣᠷᠣᠭᠤᠯᠣᠯᠳᠠ ᠪᠣᠳᠠᠰ ᠤᠨ ᠡᠵᠡᠩᠨᠡᠯᠳᠡ ᠪᠠ ᠲᠣᠬᠢᠷᠠᠭᠤᠯᠣᠨ | ᠬᠦᠷᠭᠡᠭᠦ ᠲᠣᠣᠷᠵᠢᠯ ᠢ ᠪᠠᠶᠢᠭᠤᠯᠣᠨ᠂ ᠬᠡᠯᠬᠢᠶᠡᠳᠦ ᠲᠡᠯᠭᠡᠭᠦᠷ᠂ ᠨᠢᠭᠡᠳᠦᠯᠳᠡᠢ ᠬᠤᠳᠠᠯᠳᠣᠨ ᠠᠪᠬᠤ᠂ ᠲᠣᠬᠢᠷᠠᠭᠤᠯᠣᠨ | ᠬᠦᠷᠭᠡᠬᠦ ᠵᠡᠷᠭᠡ ᠡᠵᠡᠩᠨᠡᠯᠳᠡ ᠪᠣᠷᠣᠯᠠᠭᠤᠯᠣᠯᠳᠠ ᠶᠢᠨ ᠵᠠᠭᠪᠣᠷ ᠢ ᠬᠡᠷᠡᠭᠵᠢᠭᠦᠯᠦᠭᠰᠡᠨ ᠮᠠᠯ ᠲᠠᠷᠢᠶᠠᠯᠠᠩ ᠤᠨ ᠣᠶᠢᠯᠠᠰ | ᠤᠨ ᠣᠷᠣᠭᠤᠯᠣᠯᠳᠠ ᠪᠣᠳᠠᠰ ᠢ ᠲᠣᠰ ᠭᠠᠵᠠᠷ ᠤᠨ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ | ᠶᠡᠷᠦᠩᠬᠡᠢ ᠬᠡᠮᠵᠢᠶᠡᠨ ᠤ 70% ᠠᠴᠠ ᠲᠡᠭᠡᠭᠰᠢ ᠶᠢ ᠡᠵᠡᠯᠡᠭᠦᠯᠦᠨ᠎ᠡ᠃ ᠵᠠᠩᠬᠢᠴᠢᠯᠠᠭᠰᠠᠨ ᠬᠢᠨᠠᠯᠳᠠ ᠬᠠᠮᠢᠶᠠᠷᠣᠯᠳᠠ | ᠶᠢᠨ ᠠᠷᠭ᠎ᠠ ᠶᠢ ᠠᠰᠢᠭᠯᠠᠨ᠂ ᠣᠷᠣᠭᠤᠯᠣᠯᠳᠠ ᠪᠣᠳᠠᠰ ᠤᠨ ᠡᠵᠡᠩᠨᠡᠯᠳᠡ ᠳᠤ ᠪᠠᠶᠢᠴᠠᠭᠠᠯᠳᠠ᠂ ᠬᠢᠨᠠᠨ | ᠬᠠᠷᠭᠤᠭᠤᠯᠣᠯᠳᠠ᠂ ᠲᠠᠩᠰᠠᠯᠠᠯᠳᠠ᠂ ᠮᠦᠷᠳᠡᠯᠳᠡ ᠬᠢᠵᠣ᠂ 100% ᠪᠠᠷ ᠲᠠᠪᠴᠠᠩ ᠤᠨ ᠬᠠᠮᠢᠶᠠᠷᠣᠯᠳᠠ ᠳᠤ | ᠣᠷᠣᠭᠤᠯᠬᠤ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠶᠠᠰᠣ ᠴᠢᠨᠠᠷ | ᠤᠨ ᠪᠠᠶᠢᠩᠭᠤᠵᠢᠭᠰᠠᠨ ᠬᠢᠨᠠᠨ ᠬᠡᠮᠵᠢᠯᠳᠡ ᠶᠢᠨ ᠲᠦᠷᠢᠮ ᠢ ᠲᠣᠭᠳᠠᠭᠠᠨ᠂ ᠲᠣᠭᠳᠠᠭᠰᠠᠨ ᠬᠤᠭᠤᠴᠠᠭ᠎ᠠ ᠲᠠᠢ ᠪᠠᠷ | ᠬᠤᠰᠢᠭᠤᠨ ᠤ ᠭᠤᠣᠯ ᠣᠶᠢᠯᠠᠳᠪᠦᠷᠢᠯᠠᠯ ᠤᠨ ᠰᠠᠭᠤᠷᠢᠨ ᠭᠠᠵᠠᠷ᠂ ᠠᠷᠠᠯᠵᠢᠶᠠᠨ ᠤ ᠵᠠᠬ᠎ᠠ ᠲᠡᠯᠭᠡᠭᠦᠷ ᠤᠨ | ᠣᠷᠣᠭᠤᠯᠣᠯᠳᠠ ᠪᠣᠳᠠᠰ ᠲᠤ ᠬᠢᠨᠠᠯᠳᠠ ᠰᠣᠭᠤᠯᠣᠨ ᠪᠠᠶᠢᠴᠠᠭᠠᠯᠳᠠ ᠪᠠ ᠮᠡᠷᠭᠡᠵᠢᠯ ᠤᠨ ᠵᠢᠯᠣᠭᠤᠳᠣᠯᠭ᠎ᠠ ᠬᠢᠵᠣ᠂ ᠮᠠᠯ | ᠲᠠᠷᠢᠶᠠᠨ ᠡᠮ᠂ ᠲᠡᠵᠢᠭᠡᠯ ᠪᠣᠷᠳᠤᠭ᠎ᠠ ᠪᠠ ᠲᠡᠵᠢᠭᠡᠯ ᠪᠣᠷᠳᠣᠭᠠᠨ ᠤ ᠨᠡᠮᠡᠯᠳᠡ ᠡᠳ᠋ ᠤᠨ ᠬᠡᠷᠡᠭᠯᠡᠯᠳᠡ ᠶᠢ ᠬᠤᠷᠢᠭᠯᠠᠨ | ᠬᠢᠵᠠᠭᠠᠷᠯᠠᠬᠤ ᠵᠡᠷᠭᠡ ᠬᠤᠯᠪᠣᠭᠳᠠᠯ ᠪᠦᠬᠦᠢ ᠲᠦᠷᠢᠮ ᠲᠣᠭᠳᠠᠭᠠᠯ ᠢ ᠡᠷᠡᠰ ᠴᠢᠩᠭ᠎ᠠ ᠬᠡᠷᠡᠭᠵᠢᠭᠦᠯᠦᠨ᠎ᠡ᠃ ᠮᠠᠯ | ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠢ ᠣᠶᠢᠯᠠᠳᠪᠦᠷᠢᠯᠠᠯ ᠤᠨ ᠭᠤᠭᠴᠣᠭᠠᠨ ᠳᠤ ᠬᠠᠣᠯᠢ ᠪᠣᠰᠣ | ᠪᠠᠷ ᠨᠡᠮᠡᠯᠳᠡ ᠬᠢᠬᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠭᠡᠷᠡᠴᠢ ᠦᠨᠡᠮᠯᠡᠯ ᠦᠭᠡᠢ ᠮᠠᠯ ᠲᠠᠷᠢᠶᠠᠯᠠᠩ ᠤᠨ | ᠣᠶᠢᠯᠠᠰ ᠤᠨ ᠣᠷᠣᠭᠤᠯᠣᠯᠳᠠ ᠪᠣᠳᠠᠰ ᠣᠶᠢᠯᠠᠳᠪᠦᠷᠢᠯᠡᠭᠰᠡᠨ ᠠᠵᠣ ᠠᠬᠤᠶᠢᠯᠠᠯ ᠢ ᠬᠠᠣᠯᠢ ᠶᠣᠰᠣᠭᠠᠷ ᠬᠠᠭᠠᠨ᠎ᠠ᠃ | ︵ᠲᠦᠷᠪᠡ︶ ᠰᠢᠯᠭᠠᠨ ᠪᠠᠶᠢᠴᠠᠭᠠᠬᠤ ᠠᠵᠢᠯ ᠢ ᠭᠦᠨᠵᠡᠭᠡᠢ ᠦᠷᠨᠢᠭᠦᠯᠦᠨ᠎ᠡ᠃ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠨ ᠬᠡᠮᠵᠢᠯᠳᠡ ᠶᠢᠨ ᠲᠦᠯᠦᠪᠯᠡᠭᠡ ᠶᠢ ᠲᠣᠭᠳᠠᠭᠠᠨ | ᠬᠡᠷᠡᠭᠵᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠣᠶᠢᠯᠠᠳᠪᠦᠷᠢᠯᠡᠨ ᠪᠣᠷᠣᠯᠠᠭᠤᠯᠬᠤ ᠠᠵᠣ ᠠᠬᠤᠶᠢᠯᠠᠯ᠂ | ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ᠂ | ᠣᠶᠢᠯᠠᠳᠪᠦᠷᠢᠯᠠᠯ ᠤᠨ ᠰᠠᠭᠤᠷᠢᠨ ᠭᠠᠵᠠᠷ᠂ ᠲᠠᠷᠢᠵᠣ ᠲᠡᠵᠢᠭᠡᠬᠦ ᠲᠣᠰᠬᠠᠢ ᠡᠷᠦᠬᠡ ᠪᠠ ᠬᠤᠳᠠᠯᠳᠣᠨ ᠠᠪᠴᠦ | ᠬᠠᠳᠠᠭᠠᠯᠠᠨ ᠵᠦᠭᠡᠭᠡᠪᠦᠷᠢᠯᠠᠬᠦ ᠠᠵᠣ ᠠᠬᠤᠶᠢᠯᠠᠯ ᠵᠢᠴᠢ ᠪᠦᠭᠡᠮ ᠢᠶᠠᠷ ᠪᠣᠷᠣᠯᠠᠭᠤᠯᠬᠤ᠂ ᠵᠢᠵᠢᠭᠯᠡᠨ ᠪᠣᠷᠣᠯᠠᠭᠤᠯᠬᠤ | ᠵᠠᠬ᠎ᠠ ᠲᠡᠯᠭᠡᠭᠦᠷ ᠢ ᠪᠦᠬᠦᠨ ᠢ ᠬᠠᠮᠣᠷᠠᠭᠤᠯᠣᠨᠠ᠃ ᠬᠤᠰᠢᠭᠤ ᠱᠠᠳᠣᠨ ᠤ ᠪᠦᠬᠦ ᠵᠢᠯ ᠤᠨ ᠰᠢᠯᠭᠠᠨ ᠪᠠᠶᠢᠴᠠᠭᠠᠭᠰᠠᠨ | ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠤᠭ᠎ᠠ ᠨᠣᠷᠮ᠎ᠠ ᠶᠢ 3000 ᠳᠤ ᠬᠦᠷᠭᠡᠵᠣ᠂ ᠲᠣᠭᠳᠠᠭᠰᠠᠨ ᠬᠡᠮᠵᠢᠶ᠎ᠡ | ᠲᠠᠢ ᠰᠣᠭᠤᠯᠣᠨ ᠪᠠᠶᠢᠴᠠᠭᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠪ ᠶᠠᠩᠵᠣ ᠶᠢᠨ ᠬᠡᠮᠵᠢᠶ᠎ᠡ ᠶᠢ 300 | ᠬᠦᠷᠭᠡᠨ᠂ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠡᠵᠡᠩᠨᠡᠯᠳᠡ ᠶᠢᠨ ᠠᠵᠣ | ᠠᠬᠤᠶᠢᠯᠠᠯ ᠪᠠ ᠮᠠᠯᠴᠢᠨ ᠲᠠᠷᠢᠶᠠᠴᠢᠳ ᠤᠨ ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ | ᠪᠠᠶᠢᠭᠤᠯᠣᠯᠳᠠ ᠶᠢᠨ ᠦᠪᠡᠷ ᠤᠨ ᠪᠠᠶᠢᠴᠠᠭᠠᠯᠳᠠ ᠶᠢᠨ ᠲᠦᠷᠢᠮ ᠤᠨ ᠨᠠᠶᠢᠳᠠᠪᠦᠷᠢᠵᠢᠭᠤᠯᠣᠯᠳᠠ ᠶᠢ 100% ᠳᠤ | ᠬᠦᠷᠭᠡᠨ᠎ᠡ᠃ ᠡᠯ᠎ᠡ ᠪᠠᠯᠭᠠᠰᠣᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠡᠳᠦᠷ ᠲᠣᠳᠣᠮ ᠤᠨ ᠲᠣᠭᠤᠷᠢᠨ | ᠪᠠᠶᠢᠴᠠᠭᠠᠯᠳᠠ᠂ ᠲᠦᠷᠬᠡᠨ ᠬᠡᠮᠵᠢᠯᠳᠡ ᠪᠣᠯᠣᠨ ᠵᠢᠯᠣᠭᠤᠳᠬᠤ ᠣᠶᠢᠯᠡᠴᠢᠯᠡᠭᠡ ᠵᠡᠷᠭᠡ ᠠᠵᠢᠯ ᠢᠶᠠᠨ | ᠨᠠᠶᠢᠳᠠᠪᠦᠷᠢᠵᠢᠭᠤᠯᠣᠨ᠂ ᠡᠯ᠎ᠡ ᠪᠠᠯᠭᠠᠰᠣᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠪᠦᠬᠦ ᠵᠢᠯ ᠤᠨ | ᠲᠦᠷᠭᠡᠨ ᠪᠠᠶᠢᠴᠠᠭᠠᠨ ᠬᠡᠮᠵᠢᠭᠰᠡᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠪ ᠶᠠᠩᠵᠣ ᠶᠢᠨ ᠬᠡᠮᠵᠢᠶ᠎ᠡ ᠶᠢ | 2400 ᠳᠤ ᠬᠦᠷᠭᠡᠨ᠎ᠡ᠃ | ︵ᠲᠠᠪᠤ︶ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠬᠠᠣᠯᠢ | ᠬᠡᠷᠡᠭᠵᠢᠭᠦᠯᠦᠯᠳᠡ ᠶᠢ ᠴᠢᠩᠭᠠᠳᠬᠠᠵᠣ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ | ᠣᠶᠢᠯᠠᠳᠪᠦᠷᠢᠯᠠᠯ ᠡᠵᠡᠩᠨᠡᠯᠳᠡ ᠪᠠ ᠮᠠᠯ ᠲᠠᠷᠢᠶᠠᠯᠠᠩ ᠤᠨ ᠪᠦᠳᠦᠭᠡᠭᠳᠡᠭᠦᠨ ᠢ ᠣᠶᠢᠯᠠᠳᠪᠦᠷᠢᠯᠡᠭᠦ᠂ ᠬᠤᠳᠠᠯᠳᠣᠨ | ᠠᠪᠬᠤ᠂ ᠬᠠᠳᠠᠭᠠᠯᠠᠨ ᠵᠦᠭᠡᠭᠡᠪᠦᠷᠢᠯᠡᠭᠦ᠂ ᠨᠢᠳᠣᠯᠬᠤ᠂ ᠪᠦᠭᠡᠮ ᠢᠶᠠᠷ ᠪᠣᠷᠣᠯᠠᠭᠤᠯᠬᠤ᠂ ᠵᠢᠵᠢᠭᠯᠡᠨ ᠪᠣᠷᠣᠯᠠᠭᠤᠯᠬᠤ | ᠵᠠᠬ᠎ᠠ ᠲᠡᠯᠭᠡᠭᠦᠷ ᠵᠡᠷᠭᠡ ᠭᠤᠣᠯᠳᠠᠯᠭᠠᠳᠦ ᠭᠤᠭᠴᠣᠭᠠᠨ ᠳᠤ ᠪᠠᠶᠢᠩᠭᠤ ᠶᠢᠨ ᠴᠢᠨᠠᠷᠳᠠᠢ ᠬᠠᠣᠯᠢ ᠬᠡᠷᠡᠭᠵᠢᠭᠦᠯᠬᠦ | ᠪᠠᠶᠢᠴᠠᠭᠠᠯᠳᠠ ᠶᠠᠪᠣᠭᠳᠠᠭᠤᠯᠣᠨ᠎ᠠ᠃ ᠮᠠᠯ ᠲᠠᠷᠢᠶᠠᠯᠠᠩ ᠤᠨ ᠬᠤᠳᠠᠯ ᠬᠠᠭᠤᠷᠮᠠᠭ ᠡᠳ᠋ ᠪᠠᠷᠠᠭ᠎ᠠ ᠣᠶᠢᠯᠳᠣᠨ | ᠪᠣᠷᠣᠯᠠᠭᠤᠯᠬᠤ᠂ ᠣᠶᠢᠯᠠᠳᠪᠦᠷᠢᠯᠠᠯ ᠪᠣᠷᠣᠯᠠᠭᠤᠯᠣᠯᠳᠠ ᠳᠤ ᠬᠤᠷᠢᠭ᠎ᠠ ᠲᠠᠢ ᠮᠠᠯ ᠲᠠᠷᠢᠶᠠᠨ ᠡᠮ ᠬᠡᠷᠡᠭᠯᠡᠬᠦ᠂ ᠬᠠᠣᠯᠢ | ᠪᠣᠰᠣ ᠪᠠᠷ ᠬᠤᠣᠷ ᠬᠦᠨᠦᠭᠡᠯ ᠲᠠᠢ ᠪᠣᠳᠠᠰ ᠨᠡᠮᠡᠭᠦ᠂ ᠡᠪᠡᠳᠴᠢᠨ ᠲᠠᠢ ᠠᠮᠢᠳᠠᠨ ᠢ ᠨᠢᠳᠦᠯᠡᠨ ᠡᠪᠡᠳᠴᠢᠨ ᠢᠶᠠᠷ | ᠦᠬᠦᠭᠰᠡᠨ ᠠᠮᠢᠳᠠᠨ ᠢ ᠬᠤᠷᠢᠶᠠᠨ ᠠᠪᠴᠣ ᠪᠣᠷᠣᠯᠠᠭᠤᠯᠬᠤ᠂ ᠣᠰᠣ ᠲᠠᠷᠢᠬᠤ᠂ ᠲᠣᠷ᠎ᠠ ᠲᠠᠪᠠ ᠪᠠᠷ ᠠᠯᠠᠵᠣ | ᠨᠢᠳᠦᠯᠡᠬᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠭᠡᠷᠡᠴᠢᠯᠡᠭᠡ ᠶᠢ | ᠬᠠᠭᠤᠷᠮᠠᠭᠯᠠᠨ ᠵᠣᠬᠢᠶᠠᠬᠤ᠂ ︽ᠭᠤᠷᠪᠠᠨ ᠪᠦᠳᠦᠭᠡᠭᠳᠡᠭᠦᠨ ᠨᠢᠭᠡ ᠲᠡᠮᠳᠡᠭᠳᠦ︾ ᠪᠦᠳᠦᠭᠡᠭᠳᠡᠭᠦᠨ ᠤ ᠲᠡᠮᠳᠡᠭ ᠵᠡᠷᠭᠡ | ᠶᠢ ᠬᠠᠭᠤᠷᠮᠠᠭ ᠢᠶᠠᠷ ᠵᠣᠬᠢᠶᠠᠨ ᠬᠡᠷᠡᠭᠯᠡᠭᠦ ᠵᠡᠷᠭᠡ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ | ᠦᠭᠭᠦᠨ᠎ᠡ᠃ ᠬᠡᠷᠡᠭ ᠢ ᠪᠠᠶᠢᠴᠠᠭᠠᠬᠤ ᠪᠠ ᠰᠢᠢᠳᠬᠡᠬᠦ ᠡᠷᠴᠢᠮ ᠢᠶᠠᠨ ᠴᠢᠩᠭᠠᠷᠠᠭᠤᠯᠣᠨ᠂ ᠰᠦᠪᠡᠭᠴᠢ ᠢᠯᠡᠷᠡᠭᠦᠯᠬᠦ ᠪᠠ | ᠨᠡᠶᠢᠳᠡᠯᠡᠭᠦ᠂ ᠬᠡᠷᠡᠭ ᠢ ᠬᠠᠮᠵᠢᠨ ᠪᠠᠶᠢᠴᠠᠭᠠᠬᠤ᠂ ᠬᠤᠯᠪᠣᠭᠠᠯᠠᠨ ᠰᠢᠢᠳᠬᠡᠬᠦ᠂ ᠬᠦᠨᠳᠦ ᠶᠡᠭᠡ ᠬᠡᠷᠡᠭ ᠢ | ᠢᠯᠡᠷᠡᠭᠦᠯᠦᠭᠰᠡᠳ ᠢ ᠬᠦᠬᠢᠭᠦᠯᠦᠨ ᠱᠠᠩᠨᠠᠬᠤ ᠵᠡᠷᠭᠡ ᠲᠣᠭᠳᠠᠴᠠ ᠶᠢ ᠪᠠᠶᠢᠭᠤᠯᠵᠣ᠂ ᠬᠠᠣᠯᠢ ᠵᠦᠷᠢᠴᠡᠭᠰᠡᠨ ᠠᠵᠢᠯᠯᠠᠭ᠎ᠠ | ᠶᠠᠯᠠᠳᠦ ᠠᠵᠢᠯᠯᠠᠭ᠎ᠠ ᠶᠢ ᠴᠠᠭ ᠲᠣᠬᠠᠢ ᠳᠤ ᠨᠢ ᠲᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ | ᠲᠣᠰᠢᠶᠠᠵᠣ᠂ ᠬᠡᠷᠡᠭ ᠢ ᠰᠢᠯᠵᠢᠭᠦᠯᠦᠨ ᠲᠣᠰᠢᠶᠠᠬᠤ ᠨᠣᠷᠮ᠎ᠠ ᠶᠢ 100% ᠳᠤ ᠬᠦᠷᠭᠡᠨ᠂ ᠵᠠᠰᠠᠭ ᠵᠠᠬᠢᠷᠭᠠᠨ ᠤ | ᠬᠠᠣᠯᠢ ᠬᠡᠷᠡᠭᠵᠢᠭᠦᠯᠦᠯᠳᠡ ᠪᠠ ᠡᠷᠡᠭᠦᠣ ᠶᠢᠨ ᠬᠡᠷᠡᠭ ᠬᠠᠣᠯᠢ ᠴᠠᠭᠠᠵᠠ ᠶᠢᠨ ᠮᠡᠳᠡᠭᠡ ᠵᠠᠩᠬᠢ ᠶᠢ ᠬᠠᠮᠳᠦ ᠡᠳ᠋ᠯᠡᠬᠦ | ᠲᠠᠪᠴᠠᠩ ᠢ ᠭᠦᠢᠴᠡᠳ ᠠᠰᠢᠭᠯᠠᠨ᠎ᠠ᠃ ᠪᠠᠴᠢᠮ ᠢ ᠠᠷᠭᠠᠴᠠᠨ ᠰᠢᠢᠳᠪᠦᠷᠢᠯᠡᠬᠦ ᠲᠣᠭᠳᠠᠴᠠ ᠶᠢ ᠲᠡᠭᠦᠯᠳᠡᠷᠵᠢᠭᠦᠯᠦᠨ᠂ | ᠭᠡᠨᠡᠳᠳᠡ ᠶᠢᠨ ᠬᠡᠷᠡᠭ ᠢ ᠲᠣᠬᠢᠳᠠᠢ ᠰᠢᠢᠳᠪᠦᠷᠢᠯᠡᠨ᠎ᠡ᠃ | ︵ᠵᠢᠷᠭᠤᠭ᠎ᠠ︶ ᠪᠠᠷᠢᠮᠵᠢᠶᠠᠵᠢᠭᠰᠠᠨ ᠣᠶᠢᠯᠠᠳᠪᠦᠷᠢᠯᠠᠯ ᠤᠨ ᠲᠦᠪᠰᠢᠨ ᠢ ᠲᠡᠭᠡᠭᠰᠢᠯᠡᠭᠦᠯᠦᠨ᠎ᠡ᠃ ᠮᠠᠯ | ᠲᠠᠷᠢᠶᠠᠯᠠᠩ ᠤᠨ ᠣᠶᠢᠯᠠᠰ ᠤᠨ ᠪᠠᠷᠢᠮᠵᠢᠶᠠᠵᠢᠯᠳᠡ ᠶᠢ ᠲᠦᠷᠭᠡᠳᠬᠡᠵᠣ᠂ ᠨᠢᠭᠡᠳᠦᠯᠳᠡᠢ ᠰᠡᠷᠭᠡᠶᠢᠯᠡᠨ ᠵᠠᠰᠠᠬᠤ᠂ | ᠪᠣᠬᠢᠷᠳᠣᠯ ᠢ ᠰᠡᠷᠭᠡᠶᠢᠯᠡᠨ ᠡᠵᠡᠮᠳᠡᠬᠦ᠂ ᠪᠣᠷᠳᠣᠭᠤᠷ ᠲᠣᠬᠢᠷᠠᠭᠤᠯᠣᠨ ᠨᠠᠶᠢᠷᠠᠭᠤᠯᠬᠤ᠂ ᠡᠷᠡᠭᠦᠯ ᠢᠶᠠᠷ ᠲᠡᠵᠢᠭᠡᠨ | ᠦᠷᠡᠵᠢᠭᠦᠯᠬᠦ ᠪᠣᠯᠣᠨ ᠬᠤᠣᠷ ᠬᠦᠨᠦᠭᠡᠯ ᠪᠠᠭ᠎ᠠ ᠦᠨᠳᠦᠷ ᠠᠰᠢᠭᠳᠦ ᠲᠠᠷᠢᠶᠠᠨ ᠡᠮ ᠬᠡᠷᠡᠭᠯᠡᠬᠦ ᠵᠡᠷᠭᠡ ᠮᠡᠷᠭᠡᠵᠢᠯ ᠢ | ᠬᠡᠷᠡᠭᠯᠡᠨ᠂ ᠣᠯᠣᠰ ᠤᠨ ᠪᠠᠷᠢᠮᠵᠢᠶ᠎ᠠ᠂ ᠲᠣᠬᠠᠶᠢᠯᠠᠭᠰᠠᠨ ᠠᠵᠢᠯ ᠤᠨ ᠪᠠᠷᠢᠮᠵᠢᠶ᠎ᠡ ᠲᠠᠢ ᠬᠠᠷᠠᠭᠠᠯᠵᠠᠭᠰᠠᠨ ᠭᠠᠵᠠᠷ | ᠣᠷᠣᠨ ᠤ ᠭᠤᠣᠯᠳᠠᠭᠠᠳᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠲᠦᠷᠢᠮᠵᠢᠯ ᠢ | ᠵᠠᠰᠠᠪᠦᠷᠢᠯᠠᠨ ᠲᠣᠭᠳᠠᠭᠠᠵᠣ᠂ 100% ᠪᠠᠷ ᠡᠷᠦᠬᠡ ᠳᠤ ᠬᠦᠷᠭᠡᠨ᠎ᠡ᠃ ᠪᠣᠬᠢᠷᠳᠣᠯ ᠦᠭᠡᠢ ᠢᠳᠡᠭᠡᠨ ᠣᠮᠳᠠᠭᠠᠨ ᠤ | ᠣᠭ ᠮᠡᠲ᠋ᠧᠷᠢᠶᠠᠯ ᠤᠨ ᠪᠠᠷᠢᠮᠵᠢᠶᠠᠵᠢᠭᠰᠠᠨ ᠰᠠᠭᠤᠷᠢᠨ ᠢ ᠢᠳᠡᠪᠬᠢᠳᠡᠢ ᠪᠠᠶᠢᠭᠤᠯᠣᠨ᠂ ᠨᠣᠭᠤᠭ᠎ᠠ ᠵᠢᠮᠢᠰ ᠤᠨ | ᠪᠠᠷᠢᠮᠵᠢᠶᠠᠵᠢᠭᠰᠠᠨ ᠬᠦᠷᠢᠶᠡᠯᠡᠩ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ ᠶᠢᠨ ᠪᠠᠷᠢᠮᠵᠢᠶᠠᠵᠢᠭᠰᠠᠨ ᠲᠠᠭᠤᠷᠢᠶᠠᠯ | ᠲᠠᠯᠠᠪᠣᠷ᠂ ᠣᠰᠣᠨ ᠭᠠᠷᠣᠯᠳᠠ ᠶᠢᠨ ᠪᠠᠷᠢᠮᠵᠢᠶᠠᠵᠢᠭᠰᠠᠨ ᠡᠷᠡᠭᠦᠯ ᠲᠡᠵᠢᠭᠡᠨ ᠦᠷᠡᠵᠢᠭᠦᠯᠭᠡ ᠶᠢᠨ ᠲᠠᠭᠤᠷᠢᠶᠠᠯ ᠲᠠᠯᠠᠪᠣᠷ | ᠪᠠᠶᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠭᠡᠷᠡᠴᠢᠯᠡᠯ ᠢ | ᠬᠡᠷᠡᠭᠵᠢᠭᠦᠯᠦᠨ᠂ ᠭᠡᠷᠡᠴᠢᠯᠡᠯ ᠤᠨ ᠬᠢᠨᠠᠯᠳᠠ ᠬᠠᠮᠢᠶᠠᠷᠣᠯᠳᠠ ᠪᠠ ᠨᠦᠬᠦᠪᠦᠷᠢ ᠱᠠᠩᠨᠠᠯ ᠤᠨ ᠲᠣᠭᠳᠠᠯᠴᠠᠭ᠎ᠠ ᠶᠢ | ᠪᠦᠷᠢᠳᠦᠭᠦᠯᠵᠣ᠂ ᠮᠠᠯ ᠲᠠᠷᠢᠶᠠᠯᠠᠩ ᠤᠨ ᠰᠢᠯᠢᠳᠡᠭ ᠴᠢᠨᠠᠷ ᠤᠨ ᠠᠶᠣᠯᠭᠦᠢ ᠪᠦᠳᠦᠭᠡᠭᠳᠡᠭᠦᠨ ᠤ ᠨᠡᠷᠡᠳᠦ ᠲᠡᠮᠳᠡᠭ ᠢ | ᠪᠣᠶᠢᠵᠢᠭᠤᠯᠣᠨ᠂ ᠬᠤᠣᠷ ᠬᠦᠨᠦᠭᠡᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ᠂ ᠪᠣᠬᠢᠷᠳᠣᠯ ᠦᠭᠡᠢ ᠢᠳᠡᠭᠡᠨ᠂ | ᠣᠷᠭᠠᠨᠢᠭ ᠲᠠᠷᠢᠶᠠᠯᠠᠩ ᠤᠨ ᠪᠦᠳᠦᠭᠡᠭᠳᠡᠭᠦᠨ᠂ ᠣᠬᠢ ᠰᠠᠶᠢᠨ ᠲᠠᠷᠢᠶᠠᠯᠠᠩ ᠤᠨ ᠲᠦᠷᠢᠮᠵᠢᠯ ᠵᠡᠷᠭᠡ ᠭᠡᠷᠡᠴᠢᠯᠡᠭᠡ | ᠦᠨᠡᠯᠡᠯᠳᠡ ᠣᠯᠣᠭᠰᠠᠨ ᠲᠣᠰ ᠭᠠᠵᠠᠷ ᠤᠨ ᠢᠳᠡᠰᠢᠨ ᠬᠡᠷᠡᠭᠯᠡᠭᠡᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠣᠶᠢᠯᠠᠳᠪᠦᠷᠢᠯᠠᠯ ᠤᠨ ᠶᠡᠷᠦᠩᠬᠡᠢ ᠬᠡᠮᠵᠢᠶ᠎ᠡ ᠪᠣᠶᠣ ᠲᠠᠯᠠᠪᠠᠢ ᠶᠢᠨ ᠬᠠᠷᠢᠴᠠᠯ ᠢ ᠤ 40% ᠶᠢ ᠡᠵᠡᠯᠡᠭᠦᠯᠦᠨ᠎ᠡ᠃ | ᠭᠡᠷᠡᠴᠢᠯᠡᠭᠦᠯᠦᠭᠰᠡᠨ ᠤ ᠬᠤᠶᠢᠨᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠪᠣᠭᠤᠳᠠᠯ ᠲᠡᠮᠳᠡᠭ ᠤᠨ | ᠬᠠᠮᠢᠶᠠᠷᠣᠯᠳᠠ ᠶᠢ ᠲᠦᠷᠢᠮᠵᠢᠭᠦᠯᠵᠣ᠂ ︽ᠭᠤᠷᠪᠠᠨ ᠪᠦᠳᠦᠭᠡᠭᠳᠡᠭᠦᠨ ᠨᠢᠭᠡ ᠲᠡᠮᠳᠡᠭ︾ ᠤᠨ ᠨᠡᠶᠢᠭᠡᠮ ᠨᠡᠶᠢᠳᠡ ᠶᠢᠨ | ᠢᠳᠡᠭᠡᠮᠵᠢ ᠪᠠ ᠨᠡᠷᠡᠳᠦ ᠲᠡᠮᠳᠡᠭ ᠤᠨ ᠠᠯᠳᠠᠷᠰᠢᠯ ᠢ ᠣᠯᠠᠮ ᠨᠢᠭᠡ ᠠᠯᠬᠤᠮ ᠬᠠᠮᠠᠭᠠᠯᠠᠨ᠎ᠠ᠃ ᠭᠠᠷᠣᠯᠳᠠ ᠶᠢᠨ ᠣᠷᠣᠨ | ᠤ ᠣᠷᠴᠢᠨ ᠠᠬᠤᠢ ᠪᠠ ᠪᠣᠬᠢᠷᠳᠣᠯ ᠤᠨ ᠪᠠᠶᠢᠳᠠᠯ ᠳᠤ ᠬᠢᠨᠠᠨ ᠬᠡᠮᠵᠢᠯᠳᠡ ᠬᠢᠵᠣ᠂ ᠮᠠᠯ ᠵᠢᠭᠦᠷᠳᠡᠨ ᠤ ᠲᠡᠵᠢᠭᠡᠨ | ᠦᠷᠡᠵᠢᠭᠦᠯᠭᠡ ᠶᠢᠨ ᠢᠯᠠᠭᠠᠳᠠᠰᠦ ᠶᠢᠨ ᠪᠣᠬᠢᠷᠳᠣᠯ ᠤᠨ ᠰᠡᠷᠭᠡᠶᠢᠯᠡᠨ ᠵᠠᠰᠠᠯᠳᠠ ᠶᠢ ᠴᠢᠩᠭᠠᠳᠬᠠᠨ᠎ᠠ᠃ | ︵ᠲᠣᠯᠤᠭ᠎ᠠ︶ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ᠂ ᠶᠡᠷᠦᠩᠬᠡᠶᠢᠯᠡᠭᠰᠡᠨ ᠬᠠᠣᠯᠢ | ᠬᠡᠷᠡᠭᠵᠢᠭᠦᠯᠦᠯᠳᠡ᠂ ᠰᠢᠯᠭᠠᠨ ᠪᠠᠶᠢᠴᠠᠭᠠᠯᠳᠠ ᠪᠠ ᠢᠳᠡᠭᠡᠨ ᠣᠮᠳᠠᠭᠠᠨ ᠤ ᠠᠶᠣᠯᠭᠦᠢ ᠶᠢᠨ ᠬᠢᠨᠠᠯᠳᠠ ᠬᠠᠮᠢᠶᠠᠷᠣᠯᠳᠠ | ᠶᠢᠨ ᠬᠠᠣᠯᠢ ᠬᠡᠷᠡᠭᠵᠢᠭᠦᠯᠦᠯᠳᠡ ᠵᠢᠴᠢ ᠬᠤᠯᠪᠣᠭᠳᠠᠯ ᠪᠦᠬᠦᠢ ᠪᠠᠶᠢᠴᠠᠭᠠᠯᠳᠠ ᠬᠡᠮᠵᠢᠯᠳᠡ ᠶᠢ ᠭᠦᠢᠴᠡᠳᠬᠡᠬᠦ ᠰᠠᠯᠠᠭ᠎ᠠ | ᠮᠦᠴᠢᠷ ᠤᠨ ᠲᠣᠰᠢᠶᠠᠯ ᠬᠠᠷᠢᠭᠤᠴᠠᠯᠭ᠎ᠠ ᠶᠢ ᠲᠣᠳᠣᠷᠬᠠᠢ ᠨᠠᠶᠢᠳᠠᠪᠦᠷᠢᠵᠢᠭᠤᠯᠣᠨ᠂ ᠠᠵᠢᠯᠳᠠᠨ ᠠᠵᠢᠯ ᠤᠨ | ᠬᠦᠴᠦᠯᠠᠴᠡ ᠶᠢ ᠨᠡᠮᠡᠭᠳᠡᠭᠦᠯᠵᠣ᠂ ᠵᠠᠷᠣᠳᠠᠯ ᠢ ᠪᠠᠳᠣᠯᠠᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ | ᠲᠣᠳᠣᠷᠬᠠᠶᠢᠯᠠᠵᠣ᠂ ᠬᠠᠮᠢᠶᠠᠷᠣᠯᠳᠠ ᠶᠢᠨ ᠲᠦᠷᠢᠮ ᠢ ᠪᠦᠷᠢᠨᠰᠢᠭᠦᠯᠦᠨ᠎ᠡ᠃ ᠮᠠᠯ ᠲᠠᠷᠢᠶᠠᠯᠠᠩ ᠪᠠ ᠣᠰᠣᠨ ᠤ ᠶᠠᠪᠣᠳᠠᠯ | ᠤᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶᠠᠨ ᠤ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠣᠨ᠂ ᠪᠠᠶᠢᠩᠭᠤᠵᠢᠭᠰᠠᠨ ᠬᠠᠣᠯᠢ ᠬᠡᠷᠡᠭᠵᠢᠭᠦᠯᠬᠦ ᠪᠠᠶᠢᠴᠠᠭᠠᠯᠳᠠ ᠶᠢᠨ ᠲᠦᠷᠢᠮ ᠲᠣᠭᠳᠠᠭᠠᠨ᠎ᠠ᠃ | ᠪᠠᠯᠭᠠᠰᠣᠨ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ | ᠶᠢᠨ ᠪᠠᠶᠢᠭᠤᠯᠣᠮᠵᠢ ᠪᠠᠶᠢᠭᠤᠯᠣᠨ᠂ ︽ᠪᠠᠶᠢᠭᠤᠯᠣᠮᠵᠢ ᠲᠠᠢ᠂ ᠡᠭᠦᠷᠭᠡ ᠲᠣᠰᠢᠶᠠᠯ ᠲᠠᠢ᠂ ᠠᠵᠢᠯᠳᠠᠨ ᠲᠠᠢ᠂ | ᠨᠦᠭᠦᠴᠡᠯ ᠲᠠᠢ᠂ ᠵᠠᠷᠣᠳᠠᠯ ᠲᠠᠢ︾ ᠱᠠᠭᠠᠷᠳᠠᠯᠭ᠎ᠠ ᠶᠣᠰᠣᠭᠠᠷ ᠠᠵᠢᠯ ᠢᠶᠠᠨ ᠦᠷᠨᠢᠭᠦᠯᠵᠣ᠂ ᠮᠠᠯᠴᠢᠨ ᠲᠠᠷᠢᠶᠠᠴᠢᠳ | ᠲᠤ ᠪᠣᠯᠪᠠᠰᠣᠷᠠᠯ ᠬᠦᠷᠳᠡᠭᠡᠭᠦ᠂ ᠶᠠᠰᠣ ᠴᠢᠨᠠᠷ ᠤᠨ ᠠᠶᠣᠯᠭᠦᠢ ᠶᠢᠨ ᠮᠡᠷᠭᠡᠵᠢᠯ ᠢ ᠲᠦᠭᠡᠮᠡᠯᠵᠢᠭᠦᠯᠬᠦ᠂ | ᠪᠠᠷᠢᠮᠵᠢᠶᠠᠵᠢᠭᠤᠯᠣᠯᠳᠠ ᠶᠢᠨ ᠣᠬᠠᠭᠤᠯᠭ᠎ᠠ ᠪᠣᠯᠪᠠᠰᠣᠷᠠᠯ᠂ ᠬᠢᠨᠠᠨ ᠵᠢᠯᠣᠭᠤᠳᠣᠯᠭ᠎ᠠ᠂ ᠲᠣᠭᠤᠷᠢᠨ ᠪᠠᠶᠢᠴᠠᠭᠠᠯᠳᠠ᠂ | ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠵᠡᠷᠭᠡ ᠠᠵᠢᠯ ᠢ ᠰᠠᠶᠢᠳᠦᠷ ᠬᠢᠨ᠎ᠠ᠃ | ᠣᠳᠣᠬᠠᠨ ᠤ ᠡᠬᠢ ᠪᠠᠶᠠᠯᠢᠭ ᠢᠶᠠᠨ ᠨᠢᠭᠡᠳᠬᠡᠨ᠂ ᠬᠤᠰᠢᠭᠤ ᠪᠠᠯᠭᠠᠰᠦ ᠬᠤᠶᠠᠷ ᠱᠠᠳᠣᠨ ᠳᠤ ᠬᠡᠷᠡᠭᠴᠡᠭᠡ ᠪᠦᠬᠦᠢ | ᠪᠠᠶᠢᠴᠠᠭᠠᠯᠳᠠ ᠬᠡᠮᠵᠢᠯᠳᠡ᠂ ᠬᠠᠣᠯᠢ ᠬᠡᠷᠡᠭᠵᠢᠭᠦᠯᠦᠨ ᠭᠡᠷᠡᠴᠢ ᠠᠪᠬᠤ᠂ ᠦᠯᠢᠭᠡᠷ ᠶᠠᠩᠵᠣ ᠴᠣᠭᠯᠠᠭᠤᠯᠬᠤ᠂ ᠶᠠᠰᠣ | ᠴᠢᠨᠠᠷ ᠢ ᠮᠦᠷᠳᠡᠬᠦ ᠵᠡᠷᠬᠡ ᠲᠦᠬᠦᠭᠡᠷᠦᠮᠵᠢ ᠵᠢᠴᠢ ᠵᠠᠮ ᠬᠠᠷᠢᠯᠴᠠᠭᠠᠨ ᠤ ᠪᠠᠭᠠᠵᠢ ᠲᠣᠬᠢᠷᠠᠭᠤᠯᠣᠨ᠎ᠠ᠃ ᠡᠭᠦᠷᠭᠡ | ᠬᠠᠷᠢᠭᠤᠯᠴᠠᠭ᠎ᠠ ᠲᠣᠳᠣᠷᠬᠠᠢ᠂ ᠬᠢᠨᠠᠨ ᠰᠢᠯᠭᠠᠯᠳᠠ ᠶᠢᠨ ᠲᠣᠭᠳᠠᠴᠠᠯᠭᠠ ᠪᠦᠷᠢᠨ ᠭᠠᠴᠠᠭ᠎ᠠ ᠲᠣᠰᠬᠤᠨ ᠤ ᠲᠡᠰ ᠤᠨ | ᠶᠠᠰᠣ ᠴᠢᠨᠠᠷ ᠤᠨ ᠠᠶᠣᠯᠭᠦᠢ ᠶᠢᠨ ᠬᠢᠨᠠᠨ ᠬᠠᠮᠢᠶᠠᠷᠣᠯᠳᠠ ᠶᠢᠨ ᠡᠩᠨᠡᠭᠡ ᠪᠠᠶᠢᠭᠤᠯᠣᠨ᠂ ᠭᠠᠴᠠᠭ᠎ᠠ ᠲᠣᠰᠬᠤᠨ ᠤ ᠮᠠᠯ | ᠤᠨ ᠡᠮᠴᠢ ᠲᠣᠰᠢᠶᠠᠯ ᠬᠠᠪᠰᠣᠷᠭᠠᠨ ᠬᠠᠮᠢᠶᠠᠷᠴᠦ᠂ ᠭᠠᠴᠠᠭ᠎ᠠ ᠲᠣᠰᠬᠤᠨ ᠤ ᠣᠶᠢᠯᠡᠴᠢᠯᠡᠭᠡᠨ ᠤ ᠦᠷᠳᠡᠭᠡ ᠶᠢ | ᠪᠠᠶᠢᠭᠤᠯᠣᠨ᠎ᠠ᠃ ᠬᠤᠰᠢᠭᠤ᠂ ᠪᠠᠯᠭᠠᠰᠦ᠂ ᠭᠠᠴᠠᠭ᠎ᠠ ᠲᠣᠰᠬᠤᠨ ᠭᠤᠷᠪᠠᠨ ᠱᠠᠳᠣᠨ ᠤ ᠬᠢᠨᠠᠯᠳᠠ ᠬᠠᠮᠢᠶᠠᠷᠣᠯᠳᠠ ᠶᠢᠨ | ᠠᠵᠢᠯᠳᠠᠨ ᠳᠤ ᠲᠣᠰᠬᠠᠢ ᠪᠣᠯᠪᠠᠰᠣᠷᠠᠯ ᠬᠦᠷᠳᠡᠭᠡᠬᠦ ᠲᠦᠯᠦᠪᠯᠡᠭᠡ ᠲᠣᠭᠳᠠᠭᠠᠨ ᠬᠡᠷᠡᠭᠵᠢᠭᠦᠯᠵᠣ᠂ ᠪᠦᠬᠦ ᠠᠵᠢᠯᠳᠠ | ᠢᠶᠠᠨ ᠪᠣᠯᠪᠠᠰᠣᠷᠠᠭᠤᠯᠣᠨ ᠬᠢᠨᠠᠨ ᠬᠠᠮᠢᠶᠠᠷᠣᠭᠴᠢ ᠪᠦᠬᠦᠨ ᠤ ᠵᠢᠯ ᠪᠣᠯᠭᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠶᠠᠰᠣ ᠴᠢᠨᠠᠷ ᠤᠨ ᠠᠶᠣᠯᠭᠦᠢ ᠶᠢᠨ ᠲᠠᠯ᠎ᠠ ᠶᠢᠨ ᠲᠦᠪᠯᠡᠷᠡᠩᠬᠦᠢ ᠲᠣᠰᠬᠠᠢ ᠪᠣᠯᠪᠠᠰᠣᠷᠠᠯ ᠢ 40 ᠴᠠᠭ ᠠᠴᠠ ᠲᠣᠣᠷ᠎ᠠ | ᠪᠠᠶᠢᠯᠭᠠᠵᠣ ᠪᠣᠯᠬᠤ ᠦᠭᠡᠢ᠃ | ︵ᠨᠠᠢᠮᠠ︶ ᠬᠢᠨᠠᠯᠳᠠ ᠬᠠᠮᠢᠶᠠᠷᠣᠯᠳᠠ ᠶᠢᠨ ᠲᠦᠷᠢᠮ ᠲᠣᠭᠳᠠᠴᠠ ᠶᠢ ᠪᠦᠷᠢᠳᠦᠭᠦᠯᠦᠨ᠎ᠡ᠃ ᠠᠵᠣ ᠣᠶᠢᠯᠠᠰ ᠤᠨ | ᠣᠨᠴᠠᠯᠢᠭ ᠲᠠᠢ ᠣᠶᠠᠯᠳᠣᠭᠤᠯᠣᠨ᠂ ᠰᠠᠨᠠᠭᠠᠴᠢᠯᠭᠠᠳᠦ ᠴᠢᠨᠠᠷ ᠪᠣᠯᠣᠨ ᠪᠦᠳᠦᠭᠡᠯᠴᠢ ᠴᠢᠨᠠᠷ ᠢᠶᠠᠨ ᠪᠠᠳᠠᠷᠠᠭᠤᠯᠵᠣ᠂ | ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠵᠠᠭᠪᠣᠷ ᠢ ᠬᠡᠷᠡᠭᠵᠢᠭᠦᠯᠦᠨ᠂ ᠣᠶᠢᠯᠠᠳᠪᠦᠷᠢᠯᠠᠯ ᠤᠨ ᠣᠷᠴᠢᠨ | ᠲᠣᠭᠤᠷᠢᠨ ᠤ ᠬᠠᠮᠠᠶᠠᠷᠣᠯᠳᠠ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠬᠢᠨᠠᠯᠳᠠ | ᠬᠠᠮᠢᠶᠠᠷᠣᠯᠳᠠ᠂ ᠣᠶᠢᠯᠠᠳᠪᠦᠷᠢᠯᠡᠬᠦ ᠶᠠᠪᠣᠴᠠ ᠳᠠᠬᠢ ᠬᠠᠮᠢᠶᠠᠷᠣᠯᠳᠠ ᠡᠵᠡᠮᠰᠢᠯ᠂ ᠬᠤᠳᠠᠯᠳᠣᠨ ᠠᠪᠴᠦ ᠬᠠᠳᠠᠭᠠᠯᠠᠨ | ᠵᠦᠭᠡᠭᠡᠪᠦᠷᠢᠯᠡᠬᠦ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ᠂ ᠪᠣᠳᠣᠳᠠᠯ ᠲᠡᠮᠳᠡᠭ ᠤᠨ ᠬᠠᠮᠢᠶᠠᠷᠣᠯᠳᠠ ᠵᠡᠷᠭᠡ | ᠦᠨᠳᠦᠰᠦᠨ ᠲᠦᠷᠢᠮ ᠲᠣᠭᠳᠠᠭᠠᠯ ᠢ ᠪᠦᠷᠢᠳᠦᠭᠦᠯᠦᠨ᠎ᠡ᠃ ᠭᠠᠵᠠᠷ ᠣᠷᠣᠨ ᠳᠤ ᠨᠢ ᠲᠣᠬᠢᠷᠠᠭᠰᠠᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠮᠦᠷᠳᠡᠯᠳᠡ ᠶᠢᠨ ᠲᠣᠭᠳᠠᠯᠴᠠᠭ᠎ᠠ ᠪᠠᠶᠢᠭᠤᠯᠣᠨ᠂ | ᠪᠣᠯᠪᠠᠰᠣᠷᠠᠭᠤᠯᠣᠯᠳᠠ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠮᠦᠷᠳᠡᠯᠳᠡ ᠶᠢᠨ ᠲᠣᠭᠳᠠᠯᠴᠠᠭ᠎ᠠ ᠯᠤᠭ᠎ᠠ ᠶᠢᠨ | ᠠᠪᠴᠠᠯᠳᠣᠭᠤᠯᠣᠯ ᠢ ᠪᠡᠶᠡᠯᠡᠭᠦᠯᠣᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠣᠶᠢᠯᠠᠳᠪᠦᠷᠢᠯᠡᠬᠦ ᠠᠵᠣ ᠠᠬᠤᠶᠢᠯᠠᠯ᠂ | ᠮᠠᠯᠴᠢᠨ ᠲᠠᠷᠢᠶᠠᠴᠢᠳ ᠤ ᠲᠣᠰᠬᠠᠢ ᠬᠠᠮᠳᠣᠷᠠᠯ ᠠᠵᠣ ᠠᠬᠤᠢ ᠶᠢᠨ ᠵᠣᠬᠢᠶᠠᠨ ᠪᠠᠶᠢᠭᠤᠯᠣᠯᠳᠠ᠂ ᠬᠤᠳᠠᠯᠳᠣᠨ | ᠠᠪᠴᠦ ᠬᠠᠳᠠᠭᠠᠯᠠᠨ ᠵᠦᠭᠡᠭᠡᠪᠦᠷᠢᠯᠡᠬᠦ ᠠᠵᠣ ᠠᠬᠤᠶᠢᠯᠠᠯ ᠤᠳ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠠᠷᠣᠯᠳᠠ | ᠶᠢᠨ ᠣᠷᠣᠨ ᠤ ᠭᠡᠷᠡᠴᠢ ᠲᠡᠮᠳᠡᠭ᠂ ᠦᠪᠡᠷ ᠤᠨ ᠪᠠᠶᠢᠴᠠᠭᠠᠯᠳᠠ᠂ ᠣᠷᠣᠭᠤᠯᠣᠭᠰᠠᠨ ᠪᠠᠷᠠᠭᠠᠨ ᠤ ᠰᠢᠯᠭᠠᠨ | ᠪᠠᠶᠢᠴᠠᠭᠠᠯᠳᠠ ᠪᠠᠷ ᠰᠠᠭᠤᠷᠢᠯᠠᠭᠤᠯᠣᠭᠰᠠᠨ ᠶᠠᠰᠣ ᠴᠢᠨᠠᠷ ᠤᠨ ᠠᠶᠣᠯᠭᠦᠢ ᠶᠢᠨ ᠬᠠᠮᠢᠶᠠᠷᠣᠯᠳᠠ ᠡᠵᠡᠮᠳᠡᠯ ᠤᠨ ᠲᠦᠷᠢᠮ | ᠢ ᠬᠡᠷᠡᠭᠵᠢᠭᠦᠯᠵᠣ᠂ ᠢᠳᠡᠭᠡᠨ ᠣᠮᠳᠠᠭᠠᠨ ᠳᠤ ᠬᠡᠷᠡᠭᠯᠡᠬᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠭᠴᠡᠭᠰᠡᠨ | ᠦᠨᠡᠮᠯᠡᠯ ᠤᠨ ᠲᠦᠷᠢᠮ ᠢᠶᠠᠷ ᠮᠠᠯ ᠲᠠᠷᠢᠶᠠᠯᠠᠩ ᠤᠨ ᠪᠦᠳᠦᠭᠡᠭᠳᠡᠭᠦᠨ ᠢ ᠭᠠᠷᠣᠯᠳᠠ ᠶᠢᠨ ᠣᠷᠣᠨ ᠠᠴᠠ ᠭᠠᠳᠠᠭᠰᠢ | ᠭᠠᠷᠭᠠᠬᠤ ᠪᠠ ᠵᠠᠬ᠎ᠠ ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠲᠣᠭᠳᠠᠴᠠ ᠶᠢ ᠠᠰᠢᠭᠳᠦ ᠠᠵᠢᠯᠯᠠᠮᠵᠢ ᠶᠢ | ᠪᠠᠳᠣᠯᠠᠨ᠎ᠠ᠃ ᠨᠡᠶᠢᠭᠡᠮ ᠤᠨ ᠬᠠᠮᠳᠦ ᠶᠢᠨ ᠵᠠᠰᠠᠯᠳᠠ ᠶᠢ ᠬᠡᠷᠡᠭᠵᠢᠭᠦᠯᠦᠨ᠂ ᠠᠵᠢᠯ ᠲᠦᠷᠦᠯ ᠤᠨ ᠨᠡᠶᠢᠭᠡᠮᠯᠢᠭ ᠪᠣᠯᠣᠨ | ᠭᠡᠷᠡᠴᠢᠯᠡᠬᠦ ᠪᠠᠶᠢᠭᠤᠯᠣᠮᠵᠢ ᠶᠢᠨ ᠣᠶᠢᠯᠠᠳᠣᠯ ᠢ ᠪᠠᠳᠠᠷᠠᠭᠤᠯᠵᠣ᠂ ᠢᠯᠡᠴᠢᠯᠡᠨ ᠮᠡᠳᠡᠭᠦᠯᠬᠦ ᠱᠠᠩᠨᠠᠯ ᠬᠦᠬᠢᠬᠦᠯᠦᠯ ᠤᠨ | ᠲᠦᠷᠢᠮ ᠲᠣᠭᠳᠠᠭᠠᠨ᠂ ᠲᠠᠷᠬᠠᠢ ᠪᠣᠳᠠᠷᠬᠠᠢ ᠮᠠᠯᠴᠢᠨ ᠲᠠᠷᠢᠶᠠᠴᠢᠨ ᠡᠷᠦᠭᠡ ᠪᠣᠯᠣᠨ ᠬᠤᠳᠠᠯᠳᠣᠨ ᠠᠪᠴᠦ ᠬᠠᠳᠠᠭᠠᠯᠠᠨ | ᠵᠦᠭᠡᠭᠡᠪᠦᠷᠢᠯᠡᠬᠦ ᠭᠤᠣᠯ ᠴᠣᠭᠴᠠ ᠳᠤ ᠶᠠᠰᠣ ᠴᠢᠨᠠᠷ ᠤᠨ ᠠᠶᠣᠯᠭᠦᠢ ᠶᠢᠨ ᠬᠠᠷᠢᠭᠤᠴᠠᠯᠭ᠎ᠠ ᠶᠢᠨ ᠠᠷᠭ᠎ᠠ ᠠᠪᠴᠠᠯ ᠢ | ᠨᠠᠶᠢᠳᠠᠪᠦᠷᠢᠵᠢᠭᠤᠯᠣᠨ᠎ᠠ᠃ | ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ᠂ ᠡᠯ᠎ᠡ | ᠪᠠᠯᠭᠠᠰᠦ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ | ᠶᠢᠨ ᠬᠢᠨᠠᠯᠳᠠ ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠶᠢ ᠴᠣᠭᠴᠠᠯᠠᠬᠤ ᠠᠵᠢᠯᠯᠠᠭ᠎ᠠ ᠶᠢ ᠴᠢᠬᠤᠯᠠᠴᠢᠯᠠᠵᠣ᠂ | ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠵᠣᠬᠢᠴᠠᠭᠤᠯᠣᠯᠳᠠ | ᠶᠢ ᠴᠢᠩᠭᠠᠳᠬᠠᠵᠣ᠂ ᠡᠯ᠎ᠡ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠳᠬᠠᠨ᠂ ᠵᠣᠬᠢᠴᠠᠭᠤᠯᠣᠯᠳᠠ ᠶᠢ ᠨᠢᠭᠡᠳᠦᠯᠳᠡᠢ ᠰᠠᠶᠢᠳᠦᠷ ᠠᠳᠬᠤᠵᠣ᠂ ᠬᠢᠨᠠᠨ ᠰᠢᠯᠭᠠᠬᠤ ᠭᠦᠢᠴᠡᠳᠬᠡᠯ ᠲᠤᠭ᠎ᠠ | ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠦᠪᠡᠷ ᠤᠨ ᠪᠠᠶᠢᠴᠠᠭᠠᠯᠳᠠ ᠦᠷᠨᠢᠭᠦᠯᠵᠣ᠂ ᠣᠷᠬᠢᠭᠳᠠᠯ | ᠲᠣᠳᠠᠭᠳᠠᠯ ᠢᠶᠠᠨ ᠨᠦᠬᠦᠪᠦᠷᠢᠯᠡᠨ᠂ ᠡᠯ᠎ᠡ ᠲᠦᠷᠦᠯ ᠠᠵᠢᠯ ᠤᠨ ᠡᠭᠦᠷᠭᠡ ᠪᠠᠨ ᠲᠡᠭᠦᠯᠳᠡᠷᠵᠢᠭᠦᠯᠦᠨ᠎ᠡ᠃ | ︵ᠬᠤᠶᠠᠷ︶ ᠪᠠᠶᠢᠴᠠᠭᠠᠯᠳᠠ ᠵᠢᠯᠣᠭᠤᠳᠣᠯᠭ᠎ᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ | ᠵᠣᠬᠢᠴᠠᠭᠤᠯᠣᠯᠳᠠ ᠬᠠᠮᠵᠢᠯᠴᠠᠭ᠎ᠠ ᠪᠠᠨ ᠴᠢᠩᠭᠠᠳᠬᠠᠨ᠂ ᠲᠣᠬᠢᠷᠠᠯᠴᠠᠭᠰᠠᠨ ᠠᠵᠢᠯ ᠤᠨ ᠲᠣᠭᠳᠠᠴᠠ ᠪᠠᠶᠢᠭᠤᠯᠣᠨ᠂ | ᠭᠤᠣᠯᠳᠠᠯᠭᠠᠳᠦ ᠠᠵᠢᠯ ᠢᠶᠠᠨ ᠰᠣᠳᠣᠯᠣᠨ ᠪᠠᠶᠢᠷᠢᠯᠠᠭᠤᠯᠵᠣ᠂ ᠴᠣᠭᠴᠠᠯᠠᠯᠳᠠ ᠶᠢᠨ ᠠᠵᠢᠯ ᠲᠣᠮᠳᠠ ᠣᠷᠣᠰᠢᠵᠣ | ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠴᠣᠭᠴᠠᠯᠠᠯᠳᠠ ᠶᠢᠨ ᠠᠵᠢᠯ ᠳᠤ ᠬᠦᠴᠦᠨ ᠪᠦᠬᠦᠢ ᠵᠣᠬᠢᠶᠠᠨ | ᠪᠠᠶᠢᠭᠤᠯᠣᠯᠳᠠ ᠶᠢᠨ ᠪᠠᠳᠣᠯᠠᠭ᠎ᠠ ᠬᠠᠩᠭᠠᠵᠣ᠂ ᠪᠣᠳᠠᠳᠠᠢ ᠪᠠᠶᠢᠳᠠᠯ ᠢᠶᠠᠨ ᠦᠨᠳᠦᠰᠦᠯᠡᠨ᠂ ᠲᠦᠷᠦᠯ ᠬᠤᠪᠢᠶᠠᠷᠢᠯᠠᠨ | ᠵᠢᠯᠣᠭᠤᠳᠣᠯᠭ᠎ᠠ ᠬᠢᠵᠣ᠂ ᠦᠷᠭᠦᠯᠵᠢ ᠪᠠᠯᠭᠠᠰᠦ᠂ ᠭᠠᠴᠠᠭ᠎ᠠ ᠲᠣᠰᠬᠤᠨ ᠪᠣᠯᠣᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠣᠶᠢᠯᠠᠳᠪᠦᠷᠢᠯᠠᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠨ᠂ ᠬᠢᠨᠠᠨ ᠪᠠᠶᠢᠴᠠᠭᠠᠯᠳᠠ ᠪᠠᠨ | ᠴᠢᠩᠭᠠᠳᠬᠠᠵᠣ᠂ ᠡᠯ᠎ᠡ ᠲᠦᠷᠦᠯ ᠤᠨ ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ | ᠶᠢ ᠪᠠᠳᠣᠯᠠᠨ᠎ᠠ᠃ | ︵ᠭᠤᠷᠪᠠ︶ ᠮᠡᠳᠡᠭᠡ ᠵᠠᠩᠬᠢ ᠶᠢ ᠴᠠᠭ ᠲᠣᠬᠠᠢ ᠳᠤᠨᠢ ᠮᠡᠳᠡᠭᠦᠯᠦᠨ᠎ᠡ᠃ ᠮᠡᠳᠡᠭᠡ ᠵᠠᠩᠬᠢ ᠶᠢᠨ ᠮᠡᠳᠡᠭᠦᠯᠦᠯᠳᠡ | ᠶᠢᠨ ᠲᠦᠷᠢᠮ ᠲᠣᠭᠳᠠᠭᠠᠨ᠂ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠤ ᠨᠢᠭᠡ ᠨᠡᠷ᠎ᠡ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠮᠡᠳᠡᠭᠡᠯᠡᠭᠴᠢ ᠲᠣᠬᠢᠷᠠᠭᠤᠯᠵᠣ᠂ ᠡᠯ᠎ᠡ ᠬᠤᠯᠪᠣᠭᠳᠠᠯ ᠪᠦᠬᠦᠢ | ᠪᠠᠶᠢᠭᠤᠯᠭ᠎ᠠ ᠶᠢᠨ ᠠᠵᠢᠯ ᠤᠨ ᠪᠠᠶᠢᠳᠠᠯ ᠢ ᠬᠤᠷᠢᠶᠠᠨ ᠴᠣᠭᠯᠠᠭᠤᠯᠵᠣ᠂ ᠰᠠᠷ᠎ᠠ ᠪᠣᠯᠭᠠᠨ ᠬᠤᠳᠠ ᠶᠢᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠳᠤ | ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ᠂ ᠠᠵᠢᠯ ᠤᠨ ᠲᠣᠮᠳᠠ ᠣᠷᠣᠰᠢᠵᠣ ᠪᠠᠶᠢᠭ᠎ᠠ ᠬᠦᠴᠢᠷᠳᠡᠯ | ᠵᠢᠴᠢ ᠨᠡᠶᠢᠳᠡᠯᠢᠭ ᠲᠣᠷᠰᠢᠯᠭ᠎ᠠ ᠪᠠ ᠴᠣᠭᠴᠠᠯᠠᠯᠳᠠ ᠶᠢᠨ ᠦᠷ᠎ᠡ ᠪᠦᠳᠦᠮᠵᠢ ᠶᠢᠨ ᠪᠠᠶᠢᠳᠠᠯ ᠢᠶᠠᠨ ᠮᠡᠳᠡᠭᠦᠯᠦᠨ᠂ | ᠬᠤᠯᠪᠣᠭᠳᠠᠯ ᠪᠦᠬᠦᠢ ᠮᠡᠲ᠋ᠧᠷᠢᠶᠠᠯ ᠢᠶᠠᠨ ᠬᠤᠷᠢᠶᠠᠩᠭᠤᠶᠢᠯᠠᠨ ᠡᠮᠬᠢᠳᠬᠡᠵᠣ ᠬᠠᠳᠠᠭᠠᠯᠠᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠪᠣᠯᠣᠨ ᠡᠯ᠎ᠡ ᠪᠠᠯᠭᠠᠰᠦ ᠴᠣ᠋ ᠨᠢᠭᠡ ᠨᠡᠷ᠎ᠡ ᠬᠠᠷᠢᠯᠴᠠᠭᠴᠢ ᠲᠣᠬᠢᠷᠠᠭᠤᠯᠣᠨ᠂ ᠦᠪᠡᠷ ᠦᠪᠡᠷ ᠤᠨ | ᠬᠦᠷᠢᠶ᠎ᠠ ᠴᠠᠷᠠᠭᠠᠨ ᠳᠠᠬᠢ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠳᠠᠭᠰᠠᠨ ᠬᠤᠭᠤᠴᠠᠭ᠎ᠠ | ᠲᠠᠢ ᠪᠠᠷ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ ︵ᠰᠠᠷ᠎ᠠ ᠪᠣᠯᠭᠠᠨ ᠠᠳᠠᠭ ᠲᠤ ᠪᠠᠨ 1 | ᠣᠳᠠᠭ᠎ᠠ︶᠃ | ︵ᠲᠦᠷᠪᠡ︶ ᠣᠬᠠᠭᠤᠯᠭ᠎ᠠ ᠬᠦᠮᠦᠵᠢᠯ ᠢᠶᠠᠨ ᠴᠢᠩᠭᠠᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠮᠠᠯ | ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠠᠵᠢᠯᠯᠠᠭᠠᠨ | ᠤ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠣᠯᠠᠨ ᠲᠦᠮᠡᠨ ᠤ ᠮᠡᠳᠡᠴᠡ ᠪᠣᠯᠣᠨ ᠣᠷᠣᠯᠴᠠᠯᠠᠭᠠ ᠶᠢ | ᠲᠡᠭᠡᠭᠰᠢᠯᠡᠭᠦᠯᠵᠣ᠂ ᠵᠠᠰᠠᠭ ᠤᠨ ᠣᠷᠳᠣᠨ ᠠᠴᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢ ᠴᠢᠬᠤᠯᠠᠴᠢᠯᠠᠬᠤ᠂ ᠣᠶᠢᠯᠠᠳᠪᠦᠷᠢᠯᠠᠯ ᠡᠵᠡᠩᠨᠡᠭᠴᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠶᠣᠯᠭᠦᠢ ᠶᠢ ᠡᠷᠬᠢᠮᠯᠡᠬᠦ᠂ ᠬᠦᠮᠦᠨ ᠪᠦᠬᠦᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢ ᠠᠩᠬᠠᠷᠬᠤ ᠣᠬᠢ ᠰᠠᠶᠢᠨ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃ | ᠲᠠᠭᠠᠯᠳᠣᠭᠤᠯᠣᠯ᠄ 1. ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 2. ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ | ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠶᠢᠨ ᠴᠣᠭᠴᠠᠯᠠᠯᠳᠠ ᠠᠵᠢᠯ ᠤᠨ | ᠬᠢᠨᠠᠨ ᠰᠢᠯᠭᠠᠯᠳᠠ ᠶᠢᠨ ᠬᠤᠪᠢ ᠣᠯᠭᠤᠬᠤ ᠪᠠᠷᠢᠮᠵᠢᠶ᠎ᠠ ᠲᠣᠪᠴᠢᠯᠠᠪᠠ | | | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ | ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ | ᠶᠢᠨ ᠬᠤᠪᠢᠶᠠᠷᠯᠠᠯ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ᠄ ᠡᠯ᠎ᠡ ᠪᠠᠯᠭᠠᠰᠦ᠂ ᠬᠤᠰᠢᠭᠤ ᠰᠢᠭᠤᠳ | ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠬᠦᠢ ᠶᠢᠨ ᠬᠢᠨᠠᠯᠳᠠ ᠬᠠᠮᠢᠶᠠᠷᠣᠯᠳᠠ ᠶᠢᠨ ᠲᠣᠰᠢᠶᠠᠯ ᠬᠠᠷᠢᠭᠤᠴᠠᠯᠭ᠎ᠠ ᠶᠢᠨ ᠪᠠᠶᠢᠳᠠᠯ ᠳᠤ ᠬᠢᠨᠠᠨ ᠰᠢᠯᠭᠠᠯᠳᠠ | ᠬᠢᠵᠣ᠂ ᠡᠯ᠎ᠡ ᠪᠠᠯᠭᠠᠰᠣᠨ ᠤ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠶᠣᠯᠭᠦᠢ ᠶᠢᠨ ᠠᠵᠢᠯ ᠤᠨ ᠬᠤᠪᠢ ᠶᠢ 5% ᠠᠴᠠ ᠲᠣᠣᠷ᠎ᠠ ᠪᠠᠶᠢᠯᠭᠠᠵᠣ ᠪᠣᠯᠬᠤ ᠦᠭᠡᠢ᠃ | ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠄ 1. ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ | ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠮᠡᠳᠡᠭᠡᠯᠡᠯ ᠪᠠ ᠨᠠᠶᠢᠳᠠᠭᠴᠢ | ᠣᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠣ ᠣᠳᠣᠷᠢᠳᠣᠨ ᠵᠣᠬᠢᠴᠠᠭᠤᠯᠣᠨ᠎ᠠ︔ 2. ᠰᠣᠨᠢᠨ ᠮᠡᠳᠡᠭᠡᠨ ᠤ | ᠵᠠᠭᠤᠴᠢᠯᠠᠭᠤᠷ ᠢᠶᠠᠷ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠤᠯᠪᠣᠭᠳᠠᠯ | ᠪᠦᠬᠦᠢ ᠬᠠᠣᠯᠢ ᠴᠠᠭᠠᠵᠠ ᠲᠦᠷᠢᠮ ᠲᠣᠭᠳᠠᠭᠠᠯ ᠢ ᠶᠡᠭᠡ ᠪᠠᠷ ᠣᠬᠠᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠶᠠᠰᠦ ᠴᠢᠨᠠᠷ ᠤᠨ ᠠᠶᠣᠯᠭᠦᠢ ᠶᠢᠨ ᠰᠢᠨᠵᠢᠯᠡᠬᠦ ᠣᠬᠠᠭᠠᠨ ᠤ ᠮᠡᠳᠡᠯᠭᠡ ᠶᠢ ᠲᠦᠭᠡᠮᠠᠯᠵᠢᠭᠦᠯᠦᠨ᠂ ᠣᠯᠠᠨ ᠲᠦᠮᠡᠨ ᠢ | ᠲᠠᠶᠢᠴᠢᠯᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠢᠶᠠᠷᠣᠯᠳᠠ | ᠶᠢᠨ ᠠᠵᠢᠯ ᠳᠤ ᠢᠳᠡᠪᠬᠢᠳᠠᠢ ᠣᠷᠣᠯᠴᠠᠭᠤᠯᠣᠨ᠎ᠠ︔ 3. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠭᠦᠢ ᠶᠢᠨ ᠬᠦᠨᠳᠦ ᠶᠡᠭᠡ ᠠᠰᠠᠭᠤᠳᠠᠯ ᠵᠢᠴᠢ ᠬᠡᠨᠡᠳᠳᠡ ᠶᠢᠨ ᠬᠡᠷᠡᠭ ᠣᠴᠢᠷ ᠤᠨ ᠮᠡᠳᠡᠭᠡ ᠵᠠᠩᠬᠢ ᠶᠢ ᠨᠡᠶᠢᠳᠡᠯᠡᠬᠦ | ᠪᠣᠯᠣᠨ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢᠨ ᠠᠵᠢᠯ ᠳᠤ ᠰᠠᠶᠢᠳᠦᠷ ᠬᠠᠮᠵᠢᠯᠴᠠᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠳᠤ ᠪᠦᠬᠦ ᠬᠦᠴᠦᠨ | ᠢᠶᠠᠷ ᠬᠠᠪᠰᠣᠷᠣᠯᠴᠠᠨᠠ᠃ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠄ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠪᠣᠶᠣ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠲᠡᠭᠡᠷ᠎ᠡ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠤᠨ ᠮᠡᠳᠡᠭᠦᠯᠦᠯᠳᠡ ᠰᠣᠨᠣᠰᠬᠤ ᠲᠣᠬᠢᠷᠠᠭᠤᠯᠭ᠎ᠠ | ᠭᠠᠷᠭᠠᠬᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠢ ᠰᠣᠳᠣᠯᠣᠨ | ᠪᠠᠶᠢᠷᠢᠯᠠᠭᠤᠯᠵᠣ᠂ ᠲᠠᠯᠳᠠ ᠲᠦᠭᠰᠢᠭᠦᠷᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠣᠳᠣᠷᠢᠳᠬᠤ | ᠲᠣᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠡᠭᠦᠷᠭᠡ ᠲᠣᠰᠢᠶᠠᠯ ᠶᠣᠰᠣᠭᠠᠷ ᠠᠵᠢᠯ ᠢᠶᠠᠨ ᠦᠷᠨᠢᠭᠦᠯᠬᠦ ᠶᠢ | ᠵᠣᠬᠢᠴᠠᠭᠤᠯᠣᠨ᠎ᠠ᠃ | ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ | ᠬᠡᠷᠡᠭᠵᠢᠭᠦᠯᠦᠯᠳᠡ ᠶᠢᠨ ᠲᠦᠰᠦᠯ ᠲᠣᠭᠳᠠᠭᠠᠬᠤ ᠶᠢ ᠬᠠᠷᠢᠭᠤᠴᠠᠨ᠂ ᠴᠣᠭᠴᠠᠯᠠᠯᠳᠠ ᠶᠢᠨ ᠠᠵᠢᠯ ᠪᠠ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠲᠣᠯᠣᠭᠠᠶᠢᠯᠠᠨ | ᠵᠣᠬᠢᠶᠠᠨ ᠪᠠᠶᠢᠭᠤᠯᠣᠨ᠎ᠠ᠃ | ᠬᠤᠰᠢᠭᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠶᠣᠯᠭᠦᠢ ᠶᠢᠨ ᠠᠵᠢᠯ ᠢ ᠲᠣᠰ ᠭᠠᠵᠠᠷ ᠤᠨ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ | ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠣᠨ᠎ᠠ᠃ | ᠬᠤᠰᠢᠭᠤ ᠡᠳ᠋ ᠤᠨ ᠵᠠᠰᠠᠭ ᠤᠨ ᠲᠣᠪᠴᠢᠶ᠎ᠠ᠄ 1. ︽ᠢᠳᠡᠭᠡᠨ ᠤ ᠠᠶᠣᠯᠭᠦᠢ ᠶᠢᠨ ᠪᠠᠳᠣᠯᠠᠭ᠎ᠠ ᠶᠢᠨ ᠠᠵᠢᠯ ᠢ | ᠣᠯᠠᠮ ᠨᠢᠭᠡ ᠠᠯᠬᠤᠮ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2016﹈ 65 ᠲᠣᠭᠠᠳᠦ︶ ᠪᠢᠴᠢᠭ | ᠮᠡᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠵᠠᠷᠣᠳᠠᠯ ᠢ ᠲᠤᠭ᠎ᠠ ᠶᠣᠰᠣᠭᠠᠷ ᠡᠳ᠋ ᠤᠨ ᠵᠠᠰᠠᠭ ᠤᠨ ᠲᠦᠰᠦᠪ ᠲᠤ | ᠣᠷᠣᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠤᠨ ᠪᠡᠯᠡ | ᠮᠦᠩᠭᠦᠨ ᠤ ᠪᠠᠳᠣᠯᠠᠭ᠎ᠠ ᠶᠢᠨ ᠡᠷᠴᠢᠮ ᠢ ᠨᠡᠮᠡᠭᠳᠡᠭᠦᠯᠦᠨ᠎ᠡ︔ 2. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ | ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠵᠠᠷᠣᠳᠠᠯ ᠪᠠ ᠰᠢᠯᠭᠠᠨ ᠪᠠᠶᠢᠴᠠᠭᠠᠯᠳᠠ ᠬᠡᠮᠵᠢᠯᠳᠡ ᠶᠢᠨ | ᠵᠠᠷᠣᠳᠠᠯ ᠤᠨ ᠵᠦᠢ ᠵᠣᠬᠢᠰᠳᠠᠢ ᠲᠣᠭᠳᠠᠭᠤᠨ ᠨᠡᠮᠡᠭᠳᠡᠯ ᠤᠨ ᠲᠣᠭᠳᠠᠴᠠ ᠶᠢ ᠠᠩᠬ᠎ᠠ ᠠᠯᠬᠤᠮ ᠪᠠᠶᠢᠭᠤᠯᠣᠨ᠂ ᠡᠳ᠋ | ᠤᠨ ᠵᠠᠰᠠᠭ ᠤᠨ ᠣᠷᠣᠭᠤᠯᠣᠯᠳᠠ ᠪᠠᠨ ᠵᠢᠯ ᠲᠠᠷᠠᠭᠠᠯᠠᠨ ᠨᠡᠮᠡᠭᠳᠡᠭᠦᠯᠦᠨ᠎ᠡ᠃ | ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠄ 1. ᠬᠠᠷᠢᠶᠠᠳᠣ ᠣᠷᠣᠨ ᠤ ᠵᠠᠬ᠎ᠠ | ᠲᠡᠯᠭᠡᠭᠦᠷ ᠤᠨ ᠪᠣᠷᠣᠯᠠᠭᠤᠯᠣᠯᠳᠠ ᠶᠢᠨ ᠭᠤᠬᠴᠣᠭᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠵᠢᠯ ᠤᠨ | ᠰᠣᠭᠤᠯᠣᠨ ᠪᠠᠶᠢᠴᠠᠭᠠᠯᠳᠠ ᠶᠢᠨ ᠲᠦᠯᠦᠪᠯᠡᠭᠡ ᠲᠣᠭᠳᠠᠭᠠᠨ᠂ ᠰᠠᠷ᠎ᠠ ᠪᠣᠯᠭᠠᠨ ᠰᠣᠭᠤᠯᠣᠨ ᠪᠠᠶᠢᠴᠠᠭᠠᠬᠤ ᠬᠡᠪ ᠶᠠᠩᠵᠣ | ᠶᠢᠨ ᠬᠡᠮᠵᠢᠶᠡᠨ ᠤ ᠲᠠᠩᠰᠠ ᠪᠠᠶᠢᠭᠤᠯᠣᠨ᠎ᠠ︔ 2. ᠮᠠᠯ ᠲᠠᠷᠢᠶᠠᠯᠠᠩ ᠤᠨ ᠲᠣᠪᠴᠢᠶ᠎ᠠ ᠲᠠᠢ ᠬᠠᠮᠵᠢᠯᠴᠠᠨ ᠢᠳᠡᠭᠡᠨ ᠤ | ᠬᠡᠷᠡᠭᠯᠡᠭᠡᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠬᠦ ᠦᠨᠡᠮᠯᠡᠯ ᠤᠨ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠂ ᠢᠳᠡᠭᠡᠨ ᠳᠤ ᠬᠡᠷᠡᠭᠯᠡᠬᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠮᠦᠷᠳᠡᠯᠳᠡ ᠶᠢᠨ ᠲᠣᠭᠳᠠᠴᠠ | ᠶᠢ ᠪᠠᠶᠢᠭᠤᠯᠵᠣ᠂ ᠪᠣᠯᠪᠠᠰᠣᠷᠠᠭᠤᠯᠣᠯᠳᠠ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠮᠦᠷᠳᠡᠯᠳᠡ ᠶᠢᠨ ᠲᠣᠭᠳᠠᠴᠠ | ᠯᠤᠭ᠎ᠠ ᠠᠪᠴᠠᠯᠳᠣᠭᠤᠯᠬᠤ ᠶᠢ ᠪᠡᠶᠡᠯᠡᠭᠦᠯᠦᠨ᠎ᠡ︔ 3. ᠵᠠᠬ᠎ᠠ ᠲᠡᠯᠭᠡᠭᠦᠷ ᠲᠤ ᠣᠷᠣᠬᠤ ᠵᠦᠪᠰᠢᠶᠡᠷᠡᠯ ᠤᠨ ᠲᠦᠷᠢᠮ ᠢ | ᠲᠣᠭᠳᠠᠭᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠭᠠᠷᠣᠯᠳᠠ ᠶᠢᠨ ᠣᠷᠣᠨ ᠠᠴᠠ ᠭᠠᠷᠭᠠᠬᠤ ᠪᠠ ᠵᠠᠬ᠎ᠠ | ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠲᠣᠭᠳᠠᠴᠠ ᠶᠢᠨ ᠠᠰᠢᠭᠳᠦ ᠠᠵᠢᠯᠯᠠᠮᠵᠢ ᠶᠢ ᠪᠠᠳᠣᠯᠠᠨ᠎ᠠ︔ 4. ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠶᠢ | ᠬᠠᠷᠢᠭᠤᠴᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢ ᠬᠢᠨᠠᠨ ᠬᠠᠮᠢᠶᠠᠷᠣᠨ᠎ᠠ︔ | 5. ᠮᠠᠯ ᠲᠠᠷᠢᠶᠠᠯᠠᠩ ᠤᠨ ᠣᠶᠢᠯᠠᠰ ᠤᠨ ᠭᠠᠵᠠᠷ ᠣᠷᠣᠨ ᠤ ᠪᠠᠷᠢᠮᠵᠢᠶ᠎ᠠ ᠶᠢ ᠨᠡᠶᠢᠳᠡᠯᠡᠬᠦ ᠠᠵᠢᠯ ᠢ ᠵᠣᠬᠢᠶᠠᠨ | ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠬᠡᠷᠡᠭ ᠲᠤ ᠬᠤᠯᠪᠣᠭᠠᠯᠠᠨ ᠬᠠᠣᠯᠢ | ᠬᠡᠷᠡᠭᠵᠢᠭᠦᠯᠬᠦ ᠠᠵᠢᠯ ᠳᠤ ᠣᠷᠣᠯᠴᠠᠨ᠎ᠠ᠃ | ᠬᠤᠰᠢᠭᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠄ ᠭᠠᠷᠣᠯᠳᠠ ᠶᠢᠨ ᠣᠷᠣᠨ ᠤ ᠣᠷᠴᠢᠨ | ᠲᠣᠭᠤᠷᠢᠨ ᠪᠠ ᠪᠣᠬᠢᠷᠳᠣᠯ ᠤᠨ ᠪᠠᠶᠢᠳᠠᠯ ᠢ ᠬᠢᠨᠠᠨ ᠬᠡᠮᠵᠢᠵᠣ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ ᠶᠢᠨ | ᠢᠯᠭᠠᠳᠠᠰᠦ ᠶᠢᠨ ᠪᠣᠬᠢᠷᠳᠣᠯ ᠢ ᠬᠢᠨᠠᠨ ᠬᠠᠮᠢᠶᠠᠷᠴᠦ ᠰᠡᠷᠭᠡᠶᠢᠯᠡᠨ ᠵᠠᠰᠠᠨ᠎ᠠ᠃ | ᠬᠤᠰᠢᠭᠤ ᠣᠢ ᠰᠢᠭᠤᠢ ᠪᠣᠯᠣᠨ ᠨᠣᠳᠤᠭ ᠪᠡᠯᠴᠢᠭᠡᠷ ᠤᠨ ᠲᠣᠪᠴᠢᠶ᠎ᠠ᠄ ᠣᠢ ᠰᠢᠭᠤᠢ ᠵᠢᠮᠢᠰ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢ ᠬᠠᠷᠢᠭᠤᠴᠠᠨ᠎ᠠ᠃ | ᠬᠤᠰᠢᠭᠤ ᠬᠠᠩᠭᠠᠨ ᠪᠣᠷᠣᠯᠠᠭᠤᠯᠭ᠎ᠠ ᠶᠢᠨ ᠬᠤᠷᠰᠢᠶ᠎ᠠ᠄ ᠮᠠᠯ ᠲᠠᠷᠢᠶᠠᠯᠠᠩ ᠤᠨ ᠣᠶᠢᠯᠠᠰ ᠤᠨ ᠠᠮᠦᠷ ᠲᠦᠪᠰᠢᠨ | ᠣᠷᠣᠭᠤᠯᠣᠯᠳᠠ ᠪᠣᠳᠠᠰ ᠤᠨ ᠡᠵᠡᠩᠨᠡᠯᠳᠡ ᠪᠠ ᠲᠣᠬᠢᠷᠠᠭᠤᠯᠣᠨ ᠬᠦᠷᠭᠡᠬᠦ ᠲᠣᠣᠷᠵᠢᠯ ᠤᠨ ᠪᠠᠶᠢᠭᠤᠯᠣᠯᠳᠠ ᠶᠢ | ᠬᠠᠷᠢᠭᠤᠴᠠᠵᠣ᠂ ᠬᠡᠯᠬᠢᠶᠡᠳᠦ ᠲᠡᠯᠭᠡᠭᠦᠷ᠂ ᠲᠦᠪᠯᠡᠷᠡᠭᠦᠯᠦᠨ ᠬᠤᠳᠠᠯᠳᠣᠵᠣ ᠲᠣᠬᠢᠷᠠᠭᠤᠯᠣᠨ ᠬᠦᠷᠭᠡᠬᠦ ᠵᠡᠷᠭᠡ | ᠡᠵᠡᠩᠨᠡᠯᠳᠡ ᠪᠣᠷᠣᠯᠠᠭᠤᠯᠣᠯᠳᠠ ᠶᠢᠨ ᠵᠠᠭᠪᠦᠷ ᠢ ᠬᠡᠷᠡᠭᠵᠢᠭᠦᠯᠦᠨ᠂ ᠮᠠᠯ ᠲᠠᠷᠢᠶᠠᠯᠠᠩ ᠤᠨ ᠣᠶᠢᠯᠠᠰ ᠤᠨ | ᠣᠷᠣᠭᠤᠯᠣᠯᠳᠠ ᠪᠣᠳᠠᠰ ᠤᠨ ᠢᠷᠡᠯᠳᠡ ᠶᠢᠨ ᠠᠶᠣᠯᠭᠦᠢ ᠶᠢᠨ ᠲᠦᠪᠰᠢᠨ ᠢ ᠪᠠᠳᠣᠯᠠᠨ᠎ᠠ᠃ | ᠬᠤᠰᠢᠭᠤ ᠮᠠᠯ ᠲᠠᠷᠢᠶᠠᠯᠠᠩ ᠪᠠ ᠣᠰᠣᠨ ᠤ ᠶᠠᠪᠣᠳᠠᠯ ᠤᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ | ᠲᠣᠪᠴᠢᠶ᠎ᠠ᠄ 1. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠠᠣᠯᠢ ᠬᠡᠷᠡᠭᠵᠢᠭᠦᠯᠬᠦ | ᠠᠵᠢᠯ ᠢ ᠬᠠᠷᠢᠭᠤᠴᠠᠨ᠂ ᠬᠠᠮᠢᠶ᠎ᠠ ᠪᠦᠬᠦᠢ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠲᠠᠢ ᠬᠤᠯᠪᠣᠭᠠᠯᠠᠨ ᠬᠠᠣᠯᠢ | ᠭᠡᠷᠡᠭᠵᠢᠭᠦᠯᠬᠦ ᠠᠵᠢᠯᠯᠠᠭ᠎ᠠ ᠶᠠᠪᠣᠭᠳᠠᠭᠤᠯᠣᠨ᠎ᠠ︔ 2. ᠡᠯ᠎ᠡ ᠪᠠᠯᠭᠠᠰᠦᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ | ᠲᠣᠪᠴᠢᠶ᠎ᠠ ᠶᠢ ᠵᠢᠯᠣᠭᠤᠳᠣᠨ ᠵᠣᠬᠢᠴᠠᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠭᠦᠢ ᠶᠢᠨ ᠬᠠᠣᠯᠢ ᠭᠡᠷᠡᠭᠵᠢᠭᠦᠯᠬᠦ ᠠᠵᠢᠯ ᠢ ᠦᠷᠨᠢᠭᠦᠯᠦᠨ᠎ᠡ᠃ | ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ᠄ ᠡᠯ᠎ᠡ ᠪᠠᠯᠭᠠᠰᠦ᠂ ᠡᠯ᠎ᠡ ᠰᠠᠯᠠᠭ᠎ᠠ | ᠮᠦᠴᠢᠷ ᠤ᠊ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠄ 1. ᠬᠠᠷᠢᠶᠠᠳᠦ ᠣᠷᠣᠨ ᠤ ᠬᠡᠪᠴᠢᠶᠡᠨ ᠳᠠᠬᠢ | ᠴᠣᠭᠴᠠᠯᠠᠯᠳᠠ ᠶᠢᠨ ᠠᠵᠢᠯ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ | ᠬᠢᠨᠠᠯᠳᠠ ᠬᠠᠮᠢᠶᠠᠷᠣᠯᠳᠠ ᠶᠢᠨ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠶᠢ ᠬᠠᠷᠢᠭᠤᠴᠠᠨ᠎ᠠ︔ 2. ᠬᠠᠷᠢᠶᠠᠳᠦ | ᠣᠷᠣᠨ ᠤ ᠬᠡᠪᠴᠢᠶᠡᠨ ᠳᠠᠬᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠣᠷᠴᠢᠨ ᠲᠣᠭᠤᠷᠢᠨ | ᠤ ᠬᠠᠮᠠᠭᠠᠯᠠᠯᠳᠠ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ | ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠰᠢᠯᠭᠠᠨ ᠬᠡᠮᠵᠢᠯᠳᠡ ᠶᠢ ᠬᠠᠷᠢᠭᠤᠴᠠᠨ᠎ᠠ︔ | 3. ᠬᠠᠷᠢᠶᠠᠳᠦ ᠣᠷᠣᠨ ᠤ ᠬᠡᠪᠴᠢᠶᠡᠨ ᠳᠠᠬᠢ ᠮᠠᠯ ᠲᠠᠷᠢᠶᠠᠯᠠᠩ ᠤᠨ ᠣᠶᠢᠯᠠᠰ ᠤᠨ ᠪᠠᠷᠢᠮᠵᠢᠶᠡᠵᠢᠭᠰᠡᠨ | ᠣᠶᠢᠯᠠᠳᠪᠦᠷᠢᠯᠠᠯ᠂ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠮᠠᠯᠴᠢᠨ ᠲᠠᠷᠢᠶᠠᠴᠢᠨ ᠡᠷᠦᠭᠡ᠂ ᠠᠵᠣ ᠠᠬᠤᠶᠢᠯᠠᠯ᠂ | ᠬᠤᠷᠰᠢᠶᠠᠵᠢᠯ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢ ᠮᠦᠷᠳᠡᠬᠦ᠂ | ᠭᠠᠷᠣᠯᠳᠠ ᠶᠢᠨ ᠣᠷᠣᠨ ᠠᠴᠠ ᠭᠠᠷᠭᠠᠬᠤ ᠶᠢ ᠵᠦᠪᠰᠢᠶᠡᠷᠡᠬᠦ ᠣᠶᠢᠯᠠᠳᠪᠦᠷᠢᠯᠠᠬᠦ ᠪᠣᠷᠣᠯᠠᠭᠤᠯᠬᠤ ᠶᠢ ᠬᠠᠷᠢᠯᠴᠠᠬᠤ ᠶᠢ | ᠬᠠᠷᠢᠭᠤᠴᠠᠨ᠎ᠠ︔ 4. ᠬᠠᠷᠢᠶᠠᠳᠦ ᠣᠷᠣᠨ ᠤ ᠬᠡᠪᠴᠢᠶᠡᠨ ᠳᠠᠬᠢ ᠣᠷᠴᠢᠨ ᠲᠣᠭᠤᠷᠢᠨ ᠤ ᠪᠣᠬᠢᠷᠳᠣᠯ᠂ ᠮᠠᠯ | ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠬᠡᠷᠡᠭ ᠣᠴᠢᠷ ᠪᠠ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠬᠡᠷᠡᠭ ᠢ ᠵᠣᠬᠢᠴᠠᠭᠤᠯᠣᠨ ᠰᠢᠢᠳᠪᠦᠷᠢᠯᠡᠨ᠎ᠡ᠃ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 8 ᠰᠠᠷ᠎ᠠ ᠶᠢᠨ 11 ᠤ ᠡᠳᠤᠷ ᠲᠠᠷᠤᠮᠠᠯᠯᠠᠨ ᠲᠠᠷᠬᠠᠭᠠᠪᠠ |