︽ᠣᠳᠤᠭ ᠤᠨ ᠡᠮᠦᠨᠡᠳᠦ ᠬᠤᠰᠢᠭᠤᠨ ᠤ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ | ᠡᠵᠡᠩᠨᠡᠯᠳᠠ ᠶᠢᠨ ᠡᠷᠬᠡ ᠶᠢ ᠲᠣᠳᠣᠳᠭᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠴᠡᠭᠴᠡᠯᠡᠯᠳᠡ ᠶᠢᠨ | ᠲᠦᠰᠦᠯ︾ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ | ᠤᠷᠳᠤᠨ ᠤ ᠠᠯᠪᠠᠨ ᠬᠡᠷ ᠤᠨ ᠮᠡᠳᠡᠭᠳᠠᠯ | | | ᠡᠯ᠎ᠡ ᠪᠠᠯᠭᠠᠰᠤᠨ ᠤ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠡᠯ᠎ᠡ ᠰᠠᠯᠠᠭ᠎ᠠ ᠮᠦᠴᠢᠷ᠂ | ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠳᠤ᠄ | ︽ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠡᠵᠡᠩᠨᠡᠯᠳᠠ ᠶᠢᠨ ᠡᠷᠬᠡ ᠶᠢ | ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠴᠡᠭᠴᠡᠯᠡᠯᠳᠡ ᠶᠢᠨ ᠲᠦᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠪᠠ᠂ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠨᠠᠷᠢᠨ ᠬᠢᠨᠠᠮᠠᠭᠠᠢ ᠲᠣᠣᠱᠯᠠᠭᠤᠯᠤᠨ | ᠬᠡᠷᠡᠭᠵᠢᠭᠦᠯᠲᠤᠭᠡᠢ᠃ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ | 2020 ᠤᠨ ᠤ 8 ᠰᠠᠷ᠎ᠠ ᠶᠢᠨ 28 ᠤ ᠡᠳᠤᠷ | | ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠡᠵᠡᠩᠨᠡᠯᠳᠠ ᠶᠢᠨ ᠡᠷᠬᠡ ᠶᠢ | ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠴᠡᠭᠴᠡᠯᠡᠯᠳᠡ ᠶᠢᠨ ᠲᠦᠰᠦᠯ | ︽ᠣᠳᠤᠭ ᠤᠨ ᠡᠮᠦᠨᠡᠳᠦ ᠬᠤᠰᠢᠭᠤᠨ ᠤ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠡᠵᠡᠩᠨᠡᠯᠳᠠ ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠠᠬᠢᠭᠤᠯᠬᠤ | ᠲᠦᠰᠦᠯ︾ ︵ᠣᠳᠤᠭ ᠡᠮᠦᠨᠡᠳᠦ ᠵᠠᠰᠠᠭ ᠠᠯᠪᠠᠨ ᠲᠠᠷᠬᠠᠭᠠᠭᠰᠠᠨ ﹇2017﹈ 25 ᠲᠣᠭᠠᠳᠦ︶ ︵ᠲᠣᠷᠣᠭᠰᠢ | ︽ᠲᠦᠰᠦᠯ︾ ᠭᠡᠵᠣ ᠲᠦᠭᠦᠮᠴᠢᠯᠡᠨ᠎ᠡ︶ ᠤᠨ ᠱᠠᠭᠠᠷᠳᠠᠯᠭ᠎ᠠ ᠶᠣᠰᠣᠭᠠᠷ᠂ ᠮᠡᠨ ᠤ ᠬᠤᠰᠢᠭᠤᠨ ᠤ ᠭᠠᠵᠠᠷ ᠰᠢᠷᠣᠢ | ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠦᠨᠳᠦᠰᠦᠨ ᠳᠤ ᠪᠠᠨ ᠲᠠᠭᠤᠰᠬᠠᠪᠠ᠂ | ᠭᠡᠪᠡᠴᠦ ᠠᠵᠢᠯ ᠤᠨ ᠶᠠᠪᠣᠴᠠ ᠲᠣᠮᠳᠠ ᠭᠠᠵᠠᠷ ᠰᠢᠷᠣᠢ ᠶᠢᠨ ᠡᠷᠬᠡ ᠶᠢᠨ ᠲᠣᠳᠣᠳᠬᠠᠯ ᠪᠣᠯᠣᠨ ᠣᠢ ᠮᠣᠳᠦ ᠨᠣᠳᠤᠭ | ᠪᠡᠯᠴᠢᠭᠡᠷ ᠢ ᠡᠪᠳᠡᠭᠰᠡᠨ ᠲᠣᠯᠪᠣᠳᠦ ᠵᠢᠷᠤᠭ ᠵᠦᠷᠢᠴᠡᠯ ᠲᠠᠢ ᠪᠠᠶᠢᠬᠤ ᠠᠰᠠᠭᠤᠳᠠᠯ ᠨᠡᠯᠢᠶᠠᠳ ᠬᠡᠮᠵᠢᠶ᠎ᠡ ᠲᠠᠢ | ᠣᠷᠣᠰᠢᠵᠣ ᠪᠠᠶᠢᠬᠤ ᠪᠣᠯᠬᠤᠷ ᠭᠠᠵᠠᠷ ᠰᠢᠷᠣᠢ ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠠᠯ ᠣᠯᠭᠤᠬᠤ | ᠠᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠳᠣᠯᠠᠬᠤ ᠶᠢᠨ ᠲᠣᠰᠠᠳᠠ᠂ ᠮᠠᠨ ᠤ ᠬᠤᠰᠢᠭᠤᠨ ᠤ ᠭᠠᠵᠠᠷ ᠰᠢᠷᠣᠢ | ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠴᠡᠭᠴᠡᠯᠡᠯᠳᠡ ᠶᠢᠨ ᠲᠦᠰᠦᠯ ᠢ | ᠲᠣᠣᠷᠠᠬᠢ ᠮᠠᠳᠦ ᠲᠣᠭᠳᠠᠭᠠᠪᠠ᠃ | ᠨᠢᠭᠡ ᠡᠷᠬᠡ ᠶᠢᠨ ᠲᠣᠳᠣᠳᠬᠠᠯ ᠤᠨ ᠴᠡᠭᠴᠡᠯᠡᠯᠳᠡ ᠶᠢᠨ ᠵᠠᠷᠴᠢᠮ | ᠭᠤᠣᠯᠳᠠᠭᠤ 2009 ᠣᠨ ᠤ ᠠᠯᠣᠰ ᠡᠵᠡᠮᠰᠢᠯ ᠤᠨ ᠵᠢᠷᠤᠭ ᠪᠠ ᠬᠠᠮᠤᠭ ᠰᠢᠨ᠎ᠠ ᠡᠭᠦᠷᠢᠳᠡ ᠶᠢᠨ ᠴᠢᠨᠠᠷᠳᠦ | ᠲᠠᠷᠢᠶᠠᠨ ᠭᠠᠵᠠᠷ ᠤᠨ ᠬᠦᠷᠢᠶ᠎ᠡ ᠬᠡᠪᠴᠢᠶ᠎ᠡ ᠪᠠᠷ ᠦᠨᠳᠦᠰᠦᠯᠡᠯ ᠪᠣᠯᠭᠠᠨ ᠡᠷᠬᠡ ᠶᠢᠨ ᠲᠣᠳᠣᠳᠬᠠᠯ ᠳᠤ ᠴᠡᠭᠴᠡᠯᠡᠯᠳᠡ | ᠬᠢᠨ᠎ᠠ᠂ ᠡᠷᠬᠡ ᠶᠢᠨ ᠲᠣᠳᠣᠳᠬᠠᠯ ᠤᠨ ᠪᠣᠳᠠᠳᠠᠢ ᠵᠠᠷᠴᠢᠮ ᠢ ᠲᠣᠣᠷᠠᠬᠢ ᠮᠡᠳᠦ ᠲᠣᠭᠳᠠᠭᠠᠪᠠ᠄ | ︵ᠨᠢᠭᠡ︶ 2009 ᠣᠨ ᠤ ᠲᠠᠷᠢᠶᠠᠨ ᠭᠠᠵᠠᠷ | 1. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠦᠭᠡᠳ | ᠡᠳᠦᠭᠡ ᠮᠦᠨᠴᠦ ᠲᠠᠷᠢᠶᠠᠨ ᠭᠠᠵᠠᠷ ᠢᠶᠠᠷ ᠢᠶᠠᠨ ᠪᠠᠶᠢᠪᠠᠯ᠂ 2009 ᠣᠨ ᠤ ᠠᠯᠣᠰ ᠡᠵᠡᠮᠰᠢᠯ ᠤᠨ ᠵᠢᠷᠤᠭ ᠲᠤ | ᠢᠯᠡᠷᠡᠭᠰᠡᠨ ᠮᠡᠳᠡᠭᠡ ᠵᠠᠩᠬᠢ ᠶᠣᠰᠣᠭᠠᠷ ᠡᠷᠬᠡ ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ ᠵᠢᠴᠢ | ᠵᠠᠭᠠᠭ ᠢ ᠲᠣᠳᠣᠷᠬᠠᠶᠢᠯᠠᠵᠣ᠂ ᠡᠷᠬᠡ ᠶᠢᠨ ᠲᠣᠳᠣᠳᠬᠠᠯ ᠣᠯᠭᠤᠨ᠎ᠠ᠃ | ︵ᠬᠤᠶᠠᠷ︶ ᠬᠠᠮᠤᠭ ᠰᠢᠨ᠎ᠡ ᠡᠭᠦᠷᠢᠳᠡ ᠶᠢᠨ ᠴᠢᠨᠠᠷᠳᠦ ᠦᠨᠳᠦᠰᠦᠨ ᠲᠠᠷᠢᠶᠠᠨ ᠭᠠᠵᠠᠷ ᠲᠤ ᠬᠤᠯᠪᠣᠭᠳᠠᠬᠤ | ᠭᠠᠵᠠᠷ | 2. ᠬᠠᠮᠤᠭ ᠰᠢᠨ᠎ᠡ ᠡᠭᠦᠷᠢᠳᠡ ᠶᠢᠨ ᠴᠢᠨᠠᠷᠳᠠᠢ ᠰᠠᠭᠤᠷᠢ ᠲᠠᠷᠢᠶᠠᠨ ᠭᠠᠵᠠᠷ ᠤᠨ ᠬᠡᠪᠴᠢᠶᠡᠨ ᠳᠤ ᠪᠠᠭᠳᠠᠬᠤ | ᠭᠠᠵᠠᠷ ᠢ ᠬᠠᠮᠤᠭ ᠰᠢᠨ᠎ᠡ ᠡᠭᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠤᠨ ᠣᠷᠣᠨ ᠪᠠᠶᠢᠷᠢ᠂ ᠲᠠᠯᠠᠪᠠᠢ | ᠵᠢᠴᠢ ᠵᠠᠭᠠᠭ ᠶᠣᠰᠣᠭᠠᠷ ᠡᠷᠬᠡ ᠶᠢᠨ ᠲᠣᠳᠣᠳᠬᠠᠯ ᠣᠯᠭᠤᠨ᠎ᠠ᠃ | ︵ᠭᠤᠷᠪᠠ︶ ᠣᠢ ᠮᠣᠳᠦ ᠨᠣᠳᠤᠭ ᠪᠡᠯᠴᠢᠭᠡᠷ ᠢ ᠡᠪᠳᠡᠭᠰᠡᠨ᠂ ᠠᠳᠠᠷᠰᠢᠭᠤᠯᠣᠭᠰᠠᠨ ᠭᠠᠵᠠᠷ ᠲᠠᠢ | ᠬᠤᠯᠪᠣᠭᠳᠠᠬᠤ ᠭᠠᠵᠷ | 3. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠦᠭᠡᠳ | ᠡᠳᠦᠭᠡ ᠮᠦᠨ ᠲᠠᠷᠢᠶᠠᠨ ᠭᠠᠵᠠᠷ ᠪᠣᠯᠪᠠᠴᠦ ᠣᠢ ᠮᠣᠳᠦ ᠨᠣᠳᠤᠭ ᠪᠡᠯᠴᠢᠭᠡᠷ ᠢ ᠡᠪᠳᠡᠭᠰᠡᠨ ᠬᠠᠣᠯᠢ ᠵᠦᠷᠢᠴᠡᠭᠰᠡᠨ | ᠬᠠᠮᠤᠭ ᠰᠢᠨ᠎ᠡ ᠲᠣᠯᠪᠣᠳᠦ ᠵᠢᠷᠤᠭ ᠲᠠᠢ ᠲᠠᠪᠬᠤᠴᠠᠭᠰᠠᠨ ᠭᠠᠵᠠᠷ ᠢ 2009 ᠣᠨ ᠤ ᠠᠯᠣᠰ ᠡᠵᠡᠮᠰᠢᠯ ᠤᠨ ᠵᠢᠷᠤᠭ | ᠲᠤ ᠢᠯᠡᠷᠡᠭᠰᠡᠨ ᠮᠡᠳᠡᠭᠡ ᠵᠠᠩᠬᠢ ᠶᠣᠰᠣᠭᠠᠷ ᠡᠷᠬᠡ ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ | ᠵᠢᠴᠢ ᠵᠠᠭᠠᠭ ᠢ ᠲᠣᠳᠣᠷᠬᠠᠶᠢᠯᠠᠵᠣ ᠡᠷᠬᠡ ᠶᠢᠨ ᠲᠣᠳᠣᠳᠬᠠᠯ ᠣᠯᠭᠤᠵᠣ᠂ ᠣᠢ ᠮᠣᠳᠦ ᠨᠣᠳᠤᠭ ᠪᠡᠯᠴᠢᠭᠡᠷ ᠢ ᠡᠪᠳᠡᠨ | ᠬᠠᠣᠯᠢ ᠵᠦᠷᠢᠴᠡᠭᠰᠡᠨ ᠲᠣᠯᠪᠣᠳᠦ ᠵᠢᠷᠤᠭ ᠢᠶᠠᠷ ᠯᠡᠪᠯᠡᠯᠳᠡ ᠪᠣᠯᠭᠠᠬᠤ᠃ ᠨᠢᠭᠡᠨᠳᠡ ᠣᠢ ᠶᠢᠨ ᠭᠠᠵᠠᠷ ᠪᠣᠯᠭᠠᠨ | ᠰᠡᠷᠭᠦᠭᠡᠭᠰᠡᠨ ᠪᠣᠯ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ ᠲᠠᠢ ᠬᠠᠷᠢᠯᠴᠠᠵᠣ | ᠲᠣᠳᠣᠷᠬᠠᠶᠢᠯᠠᠭᠰᠠᠨ ᠤ ᠲᠠᠷᠠᠭ᠎ᠠ ᠰᠠᠶ᠋ᠢ ᠡᠷᠬᠡ ᠶᠢᠨ ᠲᠣᠳᠣᠳᠬᠠᠯ ᠣᠯᠭᠤᠨ᠎ᠠ᠃ | 4. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠣᠯᠪᠠᠴᠦ ᠣᠢ | ᠮᠣᠳᠦ ᠨᠣᠳᠤᠭ ᠪᠡᠯᠴᠢᠭᠡᠷ ᠡᠪᠳᠡᠨ ᠬᠠᠣᠯᠢ ᠵᠦᠷᠢᠴᠡᠭᠰᠡᠨ ᠲᠣᠯᠪᠣᠳᠦ ᠵᠢᠷᠤᠭ ᠲᠠᠢ ᠲᠠᠪᠬᠤᠴᠠᠭᠰᠠᠨ ᠮᠦᠷᠳᠡᠭᠡᠨ | ᠠᠳᠠᠷ ᠭᠠᠵᠠᠷ ︵ᠬᠤᠶᠠᠷ ᠵᠢᠯ ᠤᠨ ᠲᠣᠳᠣᠷ᠎ᠠ ᠲᠠᠷᠢᠶ᠎ᠠ ᠲᠠᠷᠢᠭᠰᠠᠨ ᠦᠭᠡᠢ︶ ᠪᠠᠶᠢᠪᠠᠯ 2009 ᠣᠨ ᠤ ᠠᠯᠣᠰ | ᠡᠵᠡᠮᠰᠢᠯ ᠤᠨ ᠵᠢᠷᠤᠭ ᠲᠤ ᠢᠯᠡᠷᠡᠭᠰᠡᠨ ᠮᠡᠳᠡᠭᠡ ᠵᠡᠩᠬᠢ ᠶᠣᠰᠣᠭᠠᠷ ᠡᠷᠬᠡ ᠶᠢᠨ ᠲᠣᠳᠣᠳᠬᠠᠯ ᠤᠨ ᠭᠠᠵᠠᠷ ᠤᠨ | ᠣᠷᠣᠨ ᠪᠠᠶᠢᠷᠢ᠂ ᠲᠠᠯᠠᠪᠠᠢ ᠵᠢᠴᠢ ᠵᠠᠭᠠᠭ ᠢ ᠲᠣᠳᠣᠷᠬᠠᠶᠢᠯᠠᠨ ᠡᠷᠬᠡ ᠶᠢᠨ ᠲᠣᠳᠣᠳᠬᠠᠯ ᠣᠯᠭᠤᠨ᠎ᠠ᠃ | 5. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠣᠯᠪᠠᠴᠦ | ᠡᠳᠦᠭᠡ ᠠᠳᠠᠷᠰᠢᠭᠤᠯᠣᠭᠰᠠᠨ ︵ᠬᠤᠶᠠᠷ ᠪᠣᠶᠣ ᠬᠤᠶᠠᠷ ᠠᠴᠠ ᠲᠡᠭᠡᠭᠰᠢ ᠵᠢᠯ ᠲᠠᠷᠢᠶ᠎ᠠ ᠲᠠᠷᠢᠭᠰᠠᠨ ᠦᠭᠡᠢ︶ ᠪᠣᠯ | ᠡᠷᠬᠡ ᠶᠢᠨ ᠲᠣᠳᠣᠳᠬᠠᠯ ᠣᠯᠭᠤᠬᠤ ᠦᠭᠡᠢ᠃ | ︵ᠲᠦᠷᠪᠡ︶ ᠲᠠᠷᠢᠮᠠᠯ ᠤᠨ ᠵᠣᠶᠢᠯᠠᠰ ᠲᠠᠢ ᠬᠤᠯᠪᠣᠭᠳᠠᠭᠰᠠᠨ ᠭᠠᠵᠠᠷ | 6. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠦᠭᠡᠳ | ᠡᠳᠦᠭᠡ ᠬᠤᠰᠢᠶᠠᠩᠭᠤᠷ ᠴᠠᠷᠭᠠᠰᠦ᠂ ᠵᠡᠭᠡᠷᠭᠡᠨ᠎ᠡ᠂ ᠰᠢᠬᠢᠷ ᠡᠪᠡᠰᠦ᠂ ᠬᠠᠷᠭᠠᠨ᠎ᠠ᠂ ᠲᠣᠷᠯᠤᠭ᠂ ᠪᠣᠷᠭᠠᠰᠦ᠂ ᠣᠯᠢᠶᠡᠰᠦ᠂ | ᠨᠠᠷᠠᠰᠦ᠂ ᠣᠯᠠᠶᠠᠰᠣᠨ ᠮᠣᠳᠣᠨ ᠴᠢᠬᠢ᠂ ᠨᠠᠷᠠᠰᠣᠨ ᠮᠣᠳᠣᠨ ᠴᠢᠬᠢ᠂ ᠴᠢᠪᠠᠭᠠᠨ ᠮᠣᠳᠦ ᠵᠡᠷᠭᠡ ᠶᠢ ᠲᠠᠷᠢᠭᠰᠠᠨ | ᠲᠠᠷᠢᠮᠠᠯ ᠤᠨ ᠭᠠᠵᠠᠷ ᠢ 2009 ᠣᠨ ᠤ ᠠᠯᠣᠰ ᠡᠵᠡᠮᠰᠢᠯ ᠤᠨ ᠵᠢᠷᠤᠭ ᠲᠤ ᠢᠯᠡᠷᠡᠭᠰᠡᠨ ᠮᠡᠳᠡᠭᠡ ᠵᠠᠩᠬᠢ ᠶᠣᠰᠣᠭᠠᠷ | ᠡᠷᠬᠡ ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ ᠵᠢᠴᠢ ᠵᠠᠭᠠᠭ ᠢ ᠲᠣᠳᠣᠷᠬᠠᠶᠢᠯᠠᠨ ᠡᠷᠬᠡ ᠶᠢᠨ | ᠲᠣᠳᠣᠳᠬᠠᠯ ᠣᠯᠭᠤᠨ᠎ᠠ᠃ | ︵ᠲᠠᠪᠤ︶ ᠰᠢᠭᠤᠳ ᠲᠠᠷᠢᠶᠠᠨ ᠭᠠᠵᠠᠷ ᠢᠶᠠᠷ ᠮᠠᠭᠠᠳᠯᠠᠨ ᠲᠣᠭᠳᠠᠭᠠᠵᠣ ᠪᠣᠯᠬᠤ ᠦᠭᠡᠢ ᠭᠠᠵᠠᠷ | 7. ᠲᠣᠬᠠᠢ ᠶᠢᠨ ᠵᠢᠯ ᠳᠤ ᠬᠤᠰᠢᠶᠠᠩᠭᠤᠷ᠂ ᠵᠡᠭᠡᠷᠭᠡᠨ᠎ᠡ᠂ ᠰᠢᠬᠢᠷ ᠡᠪᠡᠰᠦ᠂ ᠠᠮᠣ ᠵᠡᠷᠭᠡ ᠲᠠᠷᠢᠮᠠᠯ ᠤᠨ | ᠵᠣᠶᠢᠯᠠᠰ ᠢ ᠲᠠᠷᠢᠭᠠᠳ 2009 ᠣᠨ ᠤ ᠠᠯᠣᠰ ᠡᠵᠡᠮᠰᠢᠯ ᠤᠨ ᠵᠢᠷᠤᠭ ᠲᠤ ᠲᠣᠳᠣᠷᠬᠠᠢ ᠭᠠᠷᠣᠭᠰᠠᠨ ᠦᠭᠡᠢ ᠠᠴᠠ | ᠪᠣᠯᠵᠣ᠂ ᠲᠠᠷᠢᠶᠠᠨ ᠭᠠᠵᠠᠷ ᠢᠶᠠᠷ ᠰᠢᠭᠤᠳ ᠮᠠᠭᠠᠳᠯᠠᠨ ᠲᠣᠭᠳᠠᠭᠠᠵᠣ ᠪᠣᠯᠬᠤ ᠦᠭᠡᠢ ᠭᠠᠵᠠᠷ ᠲᠤ ᠡᠳᠦᠭᠡ ᠡᠷᠳᠡᠨᠢ | ᠰᠢᠰᠢ᠂ ᠬᠤᠰᠢᠶᠠᠩᠭᠤᠷ᠂ ᠵᠡᠭᠡᠷᠭᠡᠨ᠎ᠡ᠂ ᠰᠢᠬᠢᠷ ᠡᠪᠡᠰᠦ᠂ ᠠᠮᠣ ᠵᠡᠷᠭᠡ ᠲᠠᠷᠢᠮᠠᠯ ᠤᠨ ᠵᠣᠶᠢᠯᠠᠰ ᠢ ᠲᠠᠷᠢᠭᠰᠠᠨ ᠪᠣᠯ | ᠭᠠᠴᠠᠭ᠎ᠠ ᠲᠣᠰᠬᠤᠨ ᠤ ᠭᠡᠰᠢᠭᠦᠳ ᠤᠨ ᠲᠦᠯᠦᠭᠡᠯᠡᠭᠴᠢ ᠶᠢᠨ ᠬᠤᠷᠠᠯ ᠢᠶᠠᠷ ᠲᠠᠮᠵᠢᠭᠤᠯᠣᠨ᠂ ᠰᠣᠮᠣ ᠪᠠᠯᠭᠠᠰᠣᠨ ᠤ | ᠬᠠᠷᠢᠭᠤᠴᠠᠯᠭᠠᠳᠠᠨ ᠭᠠᠷ ᠤᠨ ᠦᠰᠦᠭ ᠵᠢᠷᠣᠭᠰᠠᠨ ᠤ ᠲᠠᠷᠠᠭ᠎ᠠ ᠰᠠᠶ᠋ᠢ 2009 ᠣᠨ ᠤ ᠠᠯᠣᠰ ᠡᠵᠡᠮᠰᠢᠯ ᠤᠨ | ᠵᠢᠷᠤᠭ ᠲᠤ ᠢᠯᠡᠷᠡᠭᠰᠡᠨ ᠮᠡᠳᠡᠭᠡ ᠵᠠᠩᠬᠢ ᠶᠣᠰᠣᠭᠠᠷ ᠡᠷᠬᠡ ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ | ᠲᠠᠯᠠᠪᠠᠢ ᠵᠢᠴᠢ ᠵᠠᠭᠠᠭ ᠢ ᠲᠣᠳᠣᠷᠬᠠᠶᠢᠯᠠᠨ ᠡᠷᠬᠡ ᠶᠢᠨ ᠲᠣᠳᠣᠳᠬᠠᠯ ᠣᠯᠭᠤᠨ᠎ᠠ︔ ᠡᠰᠡᠪᠡᠯ ᠡᠷᠬᠡ ᠶᠢᠨ | ᠲᠣᠳᠣᠳᠬᠠᠯ ᠣᠯᠭᠤᠬᠤ ᠦᠭᠡᠢ᠃ | ︵ᠵᠢᠷᠭᠤᠭ᠎ᠠ︶ 2008 ᠣᠨ ᠤ ᠠᠮᠣ ᠪᠣᠳᠠᠭᠠᠨ ᠤ ᠰᠢᠭᠤᠳ ᠨᠦᠬᠦᠪᠦᠷᠢ ᠲᠠᠢ ᠬᠤᠯᠪᠣᠭᠳᠠᠭᠰᠠᠨ ᠭᠠᠵᠠᠷ | 8. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠭᠠᠵᠠᠷ ᠤᠨ | ᠲᠠᠯᠠᠪᠠᠢ ᠪᠣᠯᠣᠨ 2008 ᠣᠨ ᠤ ᠠᠮᠣ ᠪᠣᠳᠠᠭᠠᠨ ᠤ ᠰᠢᠭᠤᠳ ᠨᠦᠬᠦᠪᠦᠷᠢ ᠶᠢᠨ ᠲᠠᠯᠠᠪᠠᠢ ᠬᠠᠷᠢᠯᠴᠠᠨ ᠨᠡᠶᠢᠴᠡᠬᠦ | ᠦᠭᠡᠢ ᠭᠠᠵᠠᠷ ᠢ 2009 ᠣᠨ ᠤ ᠠᠯᠣᠰ ᠡᠵᠡᠮᠰᠢᠯ ᠤᠨ ᠵᠢᠷᠤᠭ ᠲᠤ ᠢᠯᠡᠷᠡᠭᠰᠡᠨ ᠮᠡᠳᠡᠭᠡ ᠵᠠᠩᠬᠢ ᠶᠣᠰᠣᠭᠠᠷ ᠡᠷᠬᠡ | ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ ᠵᠢᠴᠢ ᠵᠠᠭᠠᠭ ᠢ ᠲᠣᠳᠣᠷᠬᠠᠶᠢᠯᠠᠨ ᠡᠷᠬᠡ ᠶᠢᠨ | ᠲᠣᠳᠣᠳᠬᠠᠯ ᠣᠯᠭᠤᠨ᠎ᠠ᠃ | 9. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠪᠦᠭᠡᠳ | ᠡᠳᠦᠭᠡ ᠮᠦᠨᠴᠦ ᠲᠠᠷᠢᠶᠠᠨ ᠭᠠᠵᠠᠷ ᠪᠣᠯᠪᠠᠴᠦ 2008 ᠣᠨ ᠤ ᠠᠮᠣ ᠪᠣᠳᠠᠭᠠᠨ ᠤ ᠰᠢᠭᠤᠳ ᠨᠦᠬᠦᠪᠦᠷᠢ ᠶᠢᠨ | ᠡᠷᠦᠬᠡ ᠶᠢᠨ ᠨᠡᠷᠡᠰ ᠤᠨ ᠪᠦᠷᠢᠳᠬᠡᠯ ᠦᠭᠡᠢ ᠪᠣᠯ᠂ 2009 ᠣᠨ ᠤ ᠠᠯᠣᠰ ᠡᠵᠡᠮᠰᠢᠯ ᠤᠨ ᠵᠢᠷᠤᠭ ᠲᠤ | ᠢᠯᠡᠷᠡᠭᠰᠡᠨ ᠮᠡᠳᠡᠭᠡ ᠵᠠᠩᠬᠢ ᠶᠣᠰᠣᠭᠠᠷ ᠡᠷᠬᠡ ᠶᠢᠨ ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ ᠵᠢᠴᠢ | ᠵᠠᠭᠠᠭ ᠢ ᠲᠣᠳᠣᠷᠬᠠᠶᠢᠯᠠᠨ ᠡᠷᠬᠡ ᠶᠢᠨ ᠲᠣᠳᠣᠳᠬᠠᠯ ᠣᠯᠭᠤᠨ᠎ᠠ᠃ | 10. 2009 ᠣᠨ ᠤ ᠠᠯᠣᠰ ᠡᠵᠡᠮᠰᠢᠯ ᠤᠨ ᠵᠢᠷᠤᠭ ᠲᠤ ᠲᠠᠷᠢᠶᠠᠨ ᠭᠠᠵᠠᠷ ᠢᠶᠠᠷ ᠢᠯᠡᠷᠡᠭᠰᠡᠨ ᠮᠦᠷᠳᠡᠭᠡᠨ | ᠠᠮᠣ ᠪᠣᠳᠠᠭᠠᠨ ᠤ ᠰᠢᠭᠤᠳ ᠨᠦᠬᠦᠪᠦᠷᠢ ᠶᠢᠨ ᠡᠷᠦᠬᠡ ᠶᠢᠨ ᠨᠡᠷᠡᠰ ᠤᠨ ᠪᠦᠷᠢᠳᠬᠡᠯ ᠳᠤ ᠪᠠᠶᠢᠭᠰᠠᠨ ᠪᠣᠯᠪᠠᠴᠦ | ᠡᠳᠦᠭᠡ ᠲᠠᠷᠢᠶᠠᠨ ᠭᠠᠵᠠᠷ ᠪᠢᠰᠢ ᠪᠣᠯ᠂ ᠡᠷᠬᠡ ᠶᠢᠨ ᠲᠣᠳᠣᠳᠬᠠᠯ ᠣᠯᠭᠤᠬᠤ ᠦᠭᠡᠢ᠃ | ᠬᠤᠶᠠᠷ᠂ ᠡᠷᠬᠡ ᠶᠢᠨ ᠲᠣᠳᠣᠳᠬᠠᠯ ᠤᠨ ᠴᠡᠭᠴᠡᠯᠡᠯᠳᠡ ᠶᠢᠨ ᠠᠭᠤᠯᠭ᠎ᠠ | ︵ᠨᠢᠭᠡ︶ ᠡᠷᠬᠡ ᠶᠢᠨ ᠲᠣᠳᠣᠳᠬᠠᠯ ᠤᠨ ᠬᠠᠷᠭᠤᠭᠤᠯᠬᠤ ᠠᠭᠤᠯᠭ᠎ᠠ | ᠡᠷᠬᠡ ᠶᠢᠨ ᠲᠣᠳᠣᠳᠬᠠᠯ ᠤᠨ ᠴᠡᠭᠴᠡᠯᠡᠯᠳᠡ ᠶᠢᠨ ᠵᠠᠷᠴᠢᠮ ᠶᠣᠰᠣᠭᠠᠷ᠂ ᠡᠷᠦᠬᠡ ᠲᠠᠷᠠᠭᠠᠯᠠᠨ ᠡᠷᠬᠡ ᠶᠢᠨ | ᠲᠣᠳᠣᠳᠬᠠᠯ ᠤᠨ ᠭᠠᠵᠠᠷ ᠤᠨ ᠣᠷᠣᠨ ᠪᠠᠶᠢᠷᠢ᠂ ᠲᠠᠯᠠᠪᠠᠢ᠂ ᠬᠡᠯᠪᠡᠷᠢ ᠪᠠᠶᠢᠳᠠᠯ᠂ ᠵᠠᠭᠠᠭ ᠢ ᠬᠠᠷᠭᠤᠭᠤᠯᠵᠣ᠂ ᠡᠷᠬᠡ | ᠲᠣᠳᠣᠳᠬᠠᠯ ᠤᠨ ᠡᠷᠦᠭᠡ ᠵᠦᠪᠰᠢᠶᠡᠷᠡᠭᠦᠯᠬᠦ ᠶᠢᠨ ᠬᠠᠮᠳᠦ ︽ᠭᠠᠵᠠᠷ ᠤᠨ ᠪᠠᠶᠢᠴᠠᠭᠠᠯᠳᠠ ᠶᠢᠨ ᠬᠦᠰᠦᠨᠦᠭᠳᠦ︾ | ᠲᠠᠭᠯᠠᠨ᠎ᠠ᠃ | ︵ᠬᠤᠶᠠᠷ︶ ᠡᠷᠬᠡ ᠶᠢᠨ ᠲᠣᠳᠣᠳᠬᠠᠯ ᠤᠨ ᠭᠠᠵᠠᠷ ᠤᠨ ᠵᠠᠩᠬᠢ ᠶᠢ ᠨᠡᠶᠢᠳᠡᠯᠡᠨ᠎ᠡ | ᠡᠷᠬᠡ ᠶᠢᠨ ᠬᠠᠷᠢᠶᠠᠯᠠᠯ ᠤᠨ ᠪᠠᠶᠢᠴᠠᠭᠠᠯᠳᠠ ᠶᠢᠨ ᠳ᠋ᠦᠩ ᠢ ᠦᠨᠳᠦᠰᠦᠯᠡᠨ᠂ ᠭᠠᠴᠠᠭ᠎ᠠ ᠲᠣᠰᠬᠤᠨ ᠤ ᠭᠠᠵᠠᠷ ᠰᠢᠷᠣᠢ | ᠶᠢᠨ ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ | ᠲᠣᠭᠤᠶᠢᠯᠠᠩ ᠠᠴᠠ ᠬᠢᠨᠠᠨ ᠬᠠᠷᠭᠤᠭᠤᠯᠣᠭᠠᠳ᠂ ︽ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ | ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢ ᠲᠣᠳᠣᠳᠬᠠᠨ ᠲᠠᠩᠰᠠᠯᠠᠵᠣ ᠨᠡᠶᠢᠳᠡᠯᠡᠭᠰᠡᠨ ᠨᠣᠳᠠᠯᠠᠯᠳᠠ ᠶᠢᠨ | ᠬᠦᠰᠦᠨᠦᠭᠳᠦ︾ ᠭᠠᠷᠭᠠᠵᠣ᠂ ᠲᠠᠭᠠᠭᠠᠴᠢᠯᠠᠭᠤᠯᠣᠭᠴᠢ ᠲᠠᠯ᠎ᠠ ᠪᠠᠷ ᠨᠢᠭᠡᠴᠢᠯᠠᠨ᠂ ᠲᠠᠭᠠᠭᠠᠴᠢᠯᠠᠭᠴᠢ ᠤᠨ ᠲᠡᠰ | ᠲᠠᠷᠠᠭᠠᠯᠠᠯ ᠢᠶᠠᠷ ᠭᠠᠴᠠᠭ᠎ᠠ ᠲᠣᠰᠬᠤᠨ ᠳᠤ ᠪᠠᠨ ᠪᠠᠶᠢᠴᠠᠭᠠᠯᠳᠠ ᠶᠢᠨ ᠦᠷ᠎ᠡ ᠳ᠋ᠦᠩ ᠢ ᠢᠯᠡ ᠨᠡᠶᠢᠳᠡᠯᠡᠵᠣ᠂ ᠢᠯᠡ | ᠨᠡᠶᠢᠳᠡᠯᠡᠯ ᠢ 7 ᠡᠳᠦᠷ ᠠᠴᠠ ᠣᠬᠤᠷ ᠪᠠᠶᠢᠯᠭᠠᠵᠣ ᠪᠣᠯᠬᠤ ᠦᠭᠡᠢ᠃ | ︵ᠭᠤᠷᠪᠠ︶ ᠡᠷᠬᠡ ᠶᠢᠨ ᠲᠣᠳᠣᠳᠬᠠᠯ ᠤᠨ ᠭᠠᠵᠠᠷ ᠤᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠨ᠎ᠠ | ᠢᠯᠡ ᠨᠡᠶᠢᠳᠡᠯᠡᠯ ᠳᠤ ᠣᠨᠳᠣᠣ ᠰᠠᠨᠠᠯ ᠦᠭᠡᠢ ᠪᠣᠯ᠂ ᠪᠠᠶᠢᠴᠠᠭᠠᠯᠳᠠ ᠵᠢᠴᠢ ᠨᠡᠶᠢᠳᠡᠯᠡᠯ ᠤᠨ ᠳ᠋ᠦᠩ ᠢ ᠦᠨᠳᠦᠰᠦᠯᠡᠨ᠂ | ᠲᠠᠭᠠᠭᠠᠴᠢᠯᠠᠭᠴᠢ ᠢᠶᠠᠷ ᠨᠢᠭᠡᠴᠢᠯᠡᠨ ︽ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠲᠠᠭᠠᠭᠠᠴᠢᠯᠠᠯᠳᠠ | ᠡᠵᠡᠩᠨᠡᠯᠳᠡ ᠶᠢᠨ ᠡᠷᠬᠡ ᠶᠢᠨ ᠢᠯᠡ ᠨᠡᠶᠢᠳᠡᠯᠡᠯ ᠤᠨ ᠳ᠋ᠦᠩ ᠢ ᠡᠷᠦᠬᠡ ᠳᠤ ᠪᠣᠴᠠᠭᠠᠬᠤ ᠬᠦᠰᠦᠨᠦᠭᠳᠦ︾ ᠭᠠᠷᠭᠠᠵᠣ᠂ | ᠲᠠᠭᠠᠭᠠᠴᠢᠯᠠᠭᠤᠯᠣᠭᠴᠢ ᠲᠠᠯ᠎ᠠ ᠶᠢᠨ ᠲᠦᠯᠦᠭᠡᠯᠡᠭᠴᠢ᠂ ᠲᠠᠭᠠᠭᠠᠴᠢᠯᠠᠨ ᠠᠪᠣᠭᠰᠠᠳ ᠤᠨ ᠲᠦᠯᠦᠭᠡᠯᠡᠭᠴᠢ ᠡᠰᠡᠭᠦᠯ᠎ᠡ | ᠨᠠᠶᠢᠳᠠᠭᠰᠠᠨ ᠣᠷᠣᠯᠠᠭᠴᠢ ᠭᠠᠷ ᠤᠨ ᠦᠰᠦᠭ ᠵᠢᠷᠣᠵᠣ ᠨᠣᠳᠠᠯᠠᠨ ᠲᠣᠳᠣᠷᠬᠠᠶᠢᠯᠠᠨ᠎ᠠ᠃ | ︵ᠲᠦᠷᠪᠡ︶ ᠡᠷᠬᠡ ᠶᠢᠨ ᠲᠣᠳᠣᠳᠬᠠᠯ ᠤᠨ ᠮᠡᠲ᠋ᠧᠷᠢᠶᠠᠯ ᠢ ᠪᠦᠷᠢᠳᠦᠭᠦᠯᠦᠨ᠂ ᠡᠷᠬᠡ ᠶᠢᠨ ᠲᠣᠳᠣᠳᠬᠠᠯ ᠤᠨ | ᠦᠨᠡᠮᠯᠡᠯ ᠣᠯᠭᠤᠨ᠎ᠠ | ᠭᠠᠴᠠᠭ᠎ᠠ ᠲᠣᠰᠬᠤᠨ ᠤ ᠭᠠᠵᠠᠷ ᠰᠢᠷᠣᠢ ᠶᠢᠨ ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢ ᠲᠣᠳᠣᠳᠬᠠᠨ | ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠲᠣᠭᠤᠶᠢᠯᠠᠩ ᠤᠨ ᠬᠠᠷᠢᠭᠤᠴᠠᠯᠭᠠᠳᠠᠨ ᠠᠴᠠ ᠲᠠᠭᠠᠭᠠᠴᠢᠯᠠᠭᠴᠢᠳ ᠤᠨ | ᠡᠷᠬᠡ ᠶᠢᠨ ᠲᠣᠳᠣᠳᠬᠠᠯ ᠤᠨ ᠵᠠᠩᠬᠢ ᠳᠤ ᠬᠢᠨᠠᠨ ᠬᠠᠷᠭᠤᠭᠤᠯᠣᠯᠳᠠ ᠬᠢᠵᠣ᠂ ᠡᠷᠦᠬᠡ ᠪᠦᠷᠢ ᠳᠤ ᠲᠠᠩᠰᠠ ᠡᠪᠬᠡᠮᠡᠯ | ᠪᠠᠶᠢᠭᠤᠯᠣᠨ᠂ ᠭᠠᠷ ᠤᠨ ᠦᠰᠦᠭ ᠵᠢᠷᠣᠭᠤᠯᠵᠣ ᠲᠠᠮᠠᠭ᠎ᠠ ᠲᠠᠷᠣᠨ᠎ᠠ᠃ | ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ ᠠᠴᠠ ᠲᠠᠭᠠᠭᠠᠴᠢᠯᠠᠭᠤᠯᠣᠭᠴᠢ ᠲᠠᠯ᠎ᠠ ᠪᠠᠷ ᠨᠢᠭᠡᠴᠢᠯᠡᠨ᠂ | ᠲᠠᠭᠠᠭᠠᠴᠢᠯᠠᠭᠴᠢᠳ ᠤᠨ ᠲᠡᠰ ᠲᠠᠷᠠᠭᠠᠯᠠᠯ ᠢᠶᠠᠷ ︽ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ | ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠭᠤᠶᠣᠴᠢᠯᠠᠯ ᠤᠨ | ᠪᠢᠴᠢᠭ︾ ᠢ ᠲᠠᠭᠯᠠᠨ ᠮᠡᠳᠡᠭᠦᠯᠵᠣ᠂ ᠡᠷᠦᠬᠡ ᠪᠦᠷᠢ ᠳᠤ ᠲᠠᠩᠰᠠ ᠡᠪᠬᠡᠮᠡᠯ ᠪᠦᠷᠢᠳᠦᠭᠦᠯᠦᠨ᠂ ᠲᠠᠮᠠᠭ᠎ᠠ ᠲᠠᠷᠣᠨ᠎ᠠ᠃ | ᠭᠤᠷᠪᠠᠳᠣᠭᠠᠷ ᠡᠳᠡᠭᠡᠳ ᠤᠨ ᠬᠡᠮᠵᠢᠨ ᠵᠢᠷᠣᠬᠤ ᠺᠣᠮᠫᠠᠨᠢ ᠠᠴᠠ ᠲᠠᠭᠠᠭᠠᠴᠢᠯᠠᠭᠤᠯᠣᠭᠴᠢ ᠲᠠᠯ᠎ᠠ ᠪᠠᠷ ᠨᠢᠭᠡᠴᠢᠯᠡᠨ᠂ | ᠲᠠᠭᠠᠭᠠᠴᠢᠯᠠᠭᠴᠢᠳ ᠤᠨ ᠲᠡᠰ ᠲᠠᠷᠠᠭᠠᠯᠠᠯ ᠢᠶᠠᠷ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ | ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢᠨ ᠦᠨᠡᠮᠯᠡᠯ ᠢ ᠲᠠᠷᠣᠮᠠᠯᠯᠠᠨ᠂ ᠡᠷᠬᠡ ᠶᠢ ᠲᠣᠳᠣᠳᠬᠠᠬᠤ ᠠᠵᠢᠯ ᠤᠨ | ᠶᠠᠪᠣᠴᠠ ᠳᠠᠬᠢ ᠬᠤᠯᠪᠣᠭᠳᠠᠯ ᠪᠦᠬᠦᠢ ᠲᠤᠭ᠎ᠠ ᠪᠠᠷᠢᠮᠳᠠ᠂ ᠪᠢᠴᠢᠭ ᠮᠡᠲ᠋ᠧᠷᠢᠶᠠᠯ᠂ ᠵᠢᠷᠤᠭ ᠬᠦᠰᠦᠨᠦᠭ ᠵᠡᠷᠭᠡ | ᠮᠡᠲ᠋ᠧᠷᠢᠶᠠᠯ ᠢ ᠬᠤᠷᠢᠶᠠᠨ ᠡᠮᠬᠢᠯᠡᠵᠣ᠂ ︽ᠭᠤᠷᠪᠠᠨ ᠲᠡᠰ ᠲᠦᠷᠪᠡᠨ ᠲᠦᠷᠦᠯ︾ ᠤᠨ ᠲᠠᠩᠰᠠ ᠡᠪᠬᠡᠮᠡᠯ ᠢ ᠡᠮᠬᠢᠯᠡᠬᠦ | ᠶᠢᠨ ᠬᠠᠮᠳᠦ ᠲᠠᠩᠰᠠ ᠡᠪᠬᠡᠮᠡᠯ ᠤᠨ ᠲᠣᠭᠠᠵᠢᠭᠤᠯᠣᠯᠳᠠ ᠶᠢ ᠲᠦᠷᠭᠡᠳᠬᠡᠨ᠂ ᠳ᠋ᠠᠶᠢᠲᠨ ᠬᠦᠮᠦᠷᠭᠡ ᠶᠢᠨ ᠵᠠᠩᠬᠢ ᠶᠢ | ᠲᠡᠭᠦᠯᠳᠡᠷᠵᠢᠭᠦᠯᠦᠨ᠎ᠡ᠃ | ︵ᠲᠠᠪᠤ︶ ᠪᠣᠰᠣᠳ ᠵᠣᠶᠢᠯᠠᠰ | ᠴᠡᠭᠴᠡᠯᠡᠯᠳᠡ ᠶᠢᠨ ᠲᠦᠰᠦᠯ ᠳᠤ ᠲᠣᠷᠠᠳᠣᠭᠰᠠᠨ ᠦᠭᠡᠢ ᠪᠣᠰᠣᠳ ᠠᠭᠤᠯᠭ᠎ᠠ ᠶᠢ ︽ᠣᠳᠤᠭ ᠤᠨ ᠡᠮᠦᠨᠡᠳᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠲᠠᠭᠠᠭᠠᠴᠢᠯᠠᠯᠳᠠ ᠡᠵᠡᠩᠨᠡᠯᠳᠡ ᠶᠢᠨ ᠡᠷᠬᠡ | ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠲᠦᠰᠦᠯ︾ ︵ᠣᠳᠤᠭ ᠡᠮᠦᠨᠡᠳᠦ ᠵᠠᠰᠠᠭ ᠠᠯᠪᠠᠨ | ᠲᠠᠷᠬᠠᠭᠠᠭᠰᠠᠨ ﹇2017﹈ 25 ᠲᠣᠭᠠᠳᠦ︶ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃ | | | ᠤᠲᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 8 ᠰᠠᠷ᠎ᠠ ᠶᠢᠨ 28 ᠤ ᠡᠳᠤᠷ ᠲᠠᠷᠤᠮᠠᠯᠯᠠᠨ ᠲᠠᠷᠬᠠᠭᠠᠪᠠ |