ᠣᠳᠤᠭ ᠡᠮᠦᠨᠡᠳᠦ ᠵᠠᠰᠠᠭ ᠠᠯᠪᠠᠨ ᠲᠠᠷᠬᠠᠭᠠᠭᠰᠠᠨ ﹇2020﹈ 66 ᠲᠣᠭᠠᠳᠦ
ᠨᠡᠶᠢᠲᠡᠯᠡᠭᠰᠡᠨ ᠴᠠᠭ᠄
2020/12/17
ᠪᠦᠬᠦ  ᠬᠤᠰᠢᠭᠤᠨ ᠤ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠨᠦᠬᠦᠪᠦᠷᠢᠯᠡᠨ ᠲᠣᠭᠳᠠᠭᠠᠬᠤ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄     ︽︿ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ  ᠶᠢᠨ ᠪᠠᠷᠢᠮᠵᠢᠶ᠎ᠠ ᠶᠢ ᠨᠦᠬᠦᠪᠦᠷᠢᠯᠡᠨ ᠲᠣᠭᠳᠠᠭᠠᠬᠤ ᠠᠵᠢᠯ ᠤᠨ ᠬᠡᠷᠡᠭᠵᠢᠭᠦᠯᠬᠦ ᠲᠦᠰᠦᠯ﹀ ᠢ ᠲᠠᠷᠣᠮᠠᠯᠯᠠᠨ ᠲᠠᠷᠬᠠᠭᠠᠬᠤ ᠲᠣᠬᠠᠢ ᠦᠪᠦᠷ ᠮᠣᠩᠭᠤᠯ ᠤᠨ ᠦᠪᠡᠷᠳᠡᠭᠡᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠠᠬᠢᠳᠠᠯ︾ ︵ᠦᠪᠦᠷ ᠪᠠᠶᠢᠭᠠᠯᠢ ᠡᠬᠢ ᠪᠠᠶᠠᠯᠢᠭ ᠵᠠᠬᠢᠳᠠᠯ ﹇2020﹈ 369 ᠲᠣᠭᠠᠳᠦ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠠᠷᠢᠶᠠᠨ ᠭᠠᠵᠠᠷ ᠢ ᠲᠠᠳᠠᠪᠦᠷᠢᠯᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠬᠠᠩᠰᠢ ᠳᠠᠬᠢ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ ᠶᠢᠨ ᠵᠠᠷᠣᠳᠠᠯ ᠪᠣᠯᠣᠨ ᠲᠦᠪᠬᠢᠨᠡᠭᠦᠯᠬᠦ ᠨᠦᠬᠦᠪᠦᠷᠢ ᠶᠢᠨ ᠵᠠᠷᠣᠳᠠᠯ ᠤᠨ ᠬᠤᠪᠢᠶᠠᠷᠢᠯᠠᠯᠳᠠ ᠶᠢᠨ ᠬᠠᠷᠢᠴᠠᠯ᠂ ᠲᠠᠷᠢᠶᠠᠨ ᠭᠠᠵᠠᠷ ᠠᠴᠠ ᠪᠣᠰᠣᠳ ᠭᠠᠵᠠᠷ ᠢ ᠲᠠᠳᠠᠪᠦᠷᠢᠯᠠᠬᠤ ᠨᠦᠬᠦᠪᠦᠷᠢ ᠶᠢᠨ ᠪᠠᠷᠢᠮᠵᠢᠶ᠎ᠠ᠂ ᠰᠣᠶᠤᠭ᠎ᠠ ᠴᠢᠬᠢ ᠪᠠ ᠭᠠᠵᠠᠷ ᠲᠡᠭᠡᠷᠡᠬᠢ ᠲᠠᠭᠠᠯᠳᠠ ᠪᠣᠳᠠᠰ ᠤᠨ ᠨᠦᠬᠦᠪᠦᠷᠢ ᠶᠢᠨ ᠪᠠᠷᠢᠮᠵᠢᠶ᠎ᠡ ᠶᠢ ᠲᠣᠳᠣᠷᠬᠠᠶᠢᠯᠠᠵᠣ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ ᠬᠡᠷᠡᠭᠵᠢᠭᠦᠯᠦᠨ᠎ᠡ᠂ ᠲᠣᠰ ᠲᠦᠷᠦᠯ ᠤᠨ ᠠᠵᠢᠯ ᠢ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠬᠤ ᠶᠢᠨ ᠲᠣᠰᠠᠳᠠ᠂ ᠰᠣᠳᠣᠯᠣᠨ ᠶᠠᠷᠢᠯᠴᠠᠬᠤ ᠪᠠᠷ ᠲᠠᠮᠵᠢᠭᠤᠯᠣᠨ ᠪᠦᠬᠦ ᠬᠤᠰᠢᠭᠤᠨ ᠤ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠨᠦᠬᠦᠪᠦᠷᠢᠯᠡᠨ ᠲᠣᠭᠳᠠᠭᠠᠬᠤ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠬᠤ ᠪᠠᠷ ᠲᠣᠭᠳᠠᠪᠠ᠃ ᠲᠣᠭᠤᠶᠢᠯᠠᠩ ᠤᠨ ᠪᠣᠳᠠᠳᠠᠢ ᠪᠦᠷᠢᠯᠳᠦᠭᠦᠨ ᠲᠣᠣᠷᠠᠬᠢ ᠮᠡᠳᠦ᠄     ᠲᠣᠭᠤᠶᠢᠯᠠᠩ ᠤᠨ ᠲᠠᠷᠤᠭ᠎ᠠ᠄ ᠯᠢᠦᠢ ᠶᠣᠣ ᠹᠧᠩ     ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ     ᠲᠡᠳ᠋ ᠲᠣᠭᠤᠶᠢᠯᠠᠩ ᠤᠨ ᠲᠠᠷᠤᠭ᠎ᠠ᠄ ᠸᠠᠩ ᠵᠢᠶᠠᠨ ᠫᠢᠩ     ᠬᠤᠰᠢᠭᠤ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠠᠷᠤᠭ᠎ᠠ     ᠸᠠᠩ ᠱᠤᠸᠠᠩ ᠰᠢ     ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ     ᠪᠦᠷᠢᠯᠳᠦᠭᠦᠨ᠄ ᠵᠠᠩ ᠶᠥᠩ ᠵᠢᠶᠦ᠋ᠨ     ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠡᠳ᠋ ᠲᠠᠷᠤᠭ᠎ᠠ     ᠾᠧ ᠰᠢᠶᠣᠣ ᠢᠦᠢ     ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠡᠳ᠋ ᠲᠠᠷᠤᠭ᠎ᠠ     ᠵᠠᠩ ᠬᠠᠢ ᠳ᠋ᠦᠩ     ᠪᠣᠷᠣᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠡᠳ᠋ ᠲᠠᠷᠤᠭ᠎ᠠ     ᠯᠢ ᠮᠢᠩ     ᠨᠠᠩᠰᠦ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ ᠲᠡᠳ᠋ ᠲᠠᠷᠤᠭ᠎ᠠ     ᠸᠠᠩ ᡁᠢ ᠰᠢ     ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ     ᠦ᠋ ᠪᠣᠣ ᠴᠢᠤᠸᠠᠨ     ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠡᠳ᠋ ᠲᠠᠷᠤᠭ᠎ᠠ     ᠰᠢᠤᠸᠠᠢ ᠶᠢᠨ ᠨᠠ     ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶᠠᠨ ᠤ ᠲᠡᠳ᠋ ᠲᠠᠷᠤᠭ᠎ᠠ     ᠮᠣᠣ ᠸᠠᠨ ᠱᠧᠩ     ᠬᠤᠰᠢᠭᠤ ᠮᠠᠯ ᠲᠠᠷᠢᠶᠠᠯᠠᠩ ᠤᠨ ᠲᠣᠪᠴᠢᠶᠠᠨ ᠤ ᠲᠡᠳ᠋ ᠲᠠᠷᠤᠭ᠎ᠠ     ᠳ᠋ᠠᠩ ᠷᠦᠢ ᠵᠦᠨ     ᠬᠤᠰᠢᠭᠤ ᠣᠢ ᠰᠢᠭᠤᠢ ᠪᠣᠯᠣᠨ ᠨᠣᠳᠤᠭ ᠪᠡᠯᠴᠢᠭᠡᠷ ᠤᠨ ᠲᠣᠪᠴᠢᠶᠠᠨ ᠤ ᠲᠡᠳ᠋ ᠲᠠᠷᠤᠭ᠎ᠠ     ᠭᠤᠣ ᠶᠠᠨ     ᠬᠤᠰᠢᠭᠤ ᠲᠤᠭ᠎ᠠ ᠪᠦᠷᠢᠳᠬᠡᠯ ᠤᠨ ᠲᠣᠪᠴᠢᠶᠠᠨ ᠤ ᠲᠡᠳ᠋ ᠲᠠᠷᠤᠭ᠎ᠠ     ᠠᠯᠳᠠᠨᠳᠦ᠋ᠰᠢ     ᠬᠤᠰᠢᠭᠤ ᠣᠰᠣᠨ ᠠᠰᠢᠭᠯᠠᠯᠳᠠ ᠶᠢᠨ ᠲᠣᠪᠴᠢᠶᠠᠨ ᠤ ᠲᠡᠳ᠋ ᠲᠠᠷᠤᠭ᠎ᠠ     ᠾᠧ ᠰᠢᠶᠣᠣ ᠮᠢᠩ     ᠬᠤᠰᠢᠭᠤ ᠬᠢᠨᠠᠨ ᠪᠣᠳᠣᠬᠤ ᠲᠣᠪᠴᠢᠶᠠᠨ ᠤ ᠲᠡᠳ᠋ ᠲᠠᠷᠤᠭ᠎ᠠ     ᠰᠡᠴᠡᠩᠭᠤᠸ᠎ᠠ     ᠬᠤᠰᠢᠭᠤ ᠠᠷᠠᠳ ᠤᠨ ᠶᠠᠪᠣᠳᠠᠯ ᠤᠨ ᠲᠣᠪᠴᠢᠶᠠᠨ ᠤ ᠲᠡᠳ᠋ ᠲᠠᠷᠤᠭ᠎ᠠ     ᠮᠢ ᠰᠢᠨ ᠸᠧᠨ     ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ     ᠣᠳᠣᠷᠢᠳᠬᠤ ᠲᠣᠭᠤᠶᠢᠯᠠᠩ ᠠᠴᠠ ᠪᠦᠬᠦ ᠬᠤᠰᠢᠭᠤᠨ ᠤ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠨᠦᠬᠦᠪᠦᠷᠢᠯᠠᠨ ᠲᠣᠭᠳᠠᠭᠠᠬᠤ ᠠᠵᠢᠯ ᠢ ᠵᠣᠬᠢᠶᠠᠨ ᠪᠠᠶᠢᠭᠤᠯᠣᠨ ᠣᠳᠣᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠂ ᠠᠵᠢᠯ ᠤᠨ ᠲᠣᠮᠳᠠᠬᠢ ᠴᠢᠬᠤᠯᠠ ᠶᠡᠭᠡ ᠠᠰᠠᠭᠤᠳᠠᠯ ᠢ ᠰᠣᠳᠣᠯᠣᠨ ᠰᠢᠢᠳᠪᠦᠷᠢᠯᠡᠨ᠎ᠡ᠃ ᠣᠳᠣᠷᠢᠳᠬᠤ ᠲᠣᠭᠤᠶᠢᠯᠠᠩ ᠤᠨ ᠠᠯᠪᠠᠨ ᠭᠡᠷ ᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠲᠣᠬᠢᠷᠠᠭᠤᠯᠣᠨ᠂ ᠸᠠᠩ ᠵᠢᠶᠠᠨ ᠫᠢᠩ ᠨᠦᠬᠦᠷ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠨ ᠡᠭᠦᠷᠭᠡᠯᠡᠵᠣ᠂ ᠣᠳᠣᠷᠢᠳᠬᠤ ᠲᠣᠭᠤᠶᠢᠯᠠᠩ ᠤᠨ ᠡᠳᠦᠷ ᠲᠣᠳᠣᠮ ᠤᠨ ᠠᠵᠢᠯ ᠢ ᠬᠠᠷᠢᠭᠤᠴᠠᠨ᠂ ᠡᠯ᠎ᠡ ᠪᠦᠷᠢᠯᠳᠦᠭᠦᠨ ᠪᠠᠶᠢᠭᠤᠯᠭ᠎ᠠ ᠨᠢᠭᠡᠴᠡ ᠶᠢᠨ ᠬᠠᠷᠢᠯᠴᠠᠭ᠎ᠠ ᠬᠠᠮᠳᠣᠷᠠᠯᠴᠠᠭ᠎ᠠ ᠶᠢ ᠵᠣᠬᠢᠴᠠᠭᠤᠯᠵᠣ᠂ ᠭᠠᠵᠠᠷ ᠰᠢᠷᠣᠢ ᠲᠠᠳᠠᠪᠦᠷᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠨᠦᠬᠦᠪᠦᠷᠢᠯᠡᠨ ᠲᠣᠭᠳᠠᠭᠠᠬᠤ ᠠᠵᠢᠯ ᠢ ᠵᠣᠬᠢᠶᠠᠨ ᠪᠠᠶᠢᠭᠤᠯᠣᠨ ᠣᠳᠣᠷᠢᠳᠣᠨ᠎ᠠ᠃                  ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2020 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号