︽ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | ︽ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ | ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ ᠶᠢᠨ ᠲᠦᠰᠦᠯ︾ ᠢ ᠡᠳᠦᠭᠡ ᠲᠠᠨᠠᠷ ᠲᠤ ᠲᠠᠷᠣᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠣᠨ ᠬᠡᠷᠡᠭᠵᠢᠭᠦᠯᠰᠦᠭᠡᠢ᠃ | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 8 ᠰᠠᠷ᠎ᠠ ᠶᠢᠨ 11 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ | ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ | | | ᠣᠳᠤᠭ ᠤᠨ ᠡᠮᠦᠨᠡᠳᠦ ᠬᠤᠰᠢᠭᠤᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ | ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠠᠵᠢᠯ ᠢ ᠣᠷᠣᠭᠰᠢᠳᠠᠢ ᠠᠬᠢᠭᠤᠯᠣᠨ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠵᠣ᠂ ᠬᠢᠨᠠᠯᠳᠠ ᠬᠠᠮᠢᠶᠠᠷᠣᠯᠳᠠ ᠶᠢᠨ ᠡᠭᠦᠷᠭᠡ | ᠬᠠᠷᠢᠭᠤᠴᠠᠯᠭ᠎ᠠ ᠶᠢᠨ ᠨᠠᠶᠢᠳᠠᠪᠦᠷᠵᠢᠭᠤᠯᠣᠯᠳᠠ ᠶᠢ ᠴᠢᠩᠭᠠᠳᠬᠠᠨ᠂ ᠮᠡᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠬᠦᠢ ᠶᠢᠨ ᠪᠦᠬᠦ ᠶᠠᠪᠣᠴᠠ ᠶᠢᠨ | ᠬᠢᠨᠠᠯᠳᠠ ᠬᠠᠮᠢᠶᠠᠷᠣᠯᠳᠠ ᠶᠢᠨ ᠣᠷᠳᠦ ᠬᠤᠭᠤᠴᠠᠭᠠᠳᠦ ᠲᠣᠭᠳᠠᠴᠠ ᠪᠠᠶᠢᠭᠤᠯᠬᠤ ᠶᠢᠨ ᠲᠣᠰᠠᠳᠠ᠂ ᠮᠠᠨ ᠬᠤᠰᠢᠭᠤᠨ ᠤ ᠪᠣᠳᠠᠳᠦ ᠪᠠᠶᠢᠳᠠᠯ ᠲᠠᠢ ᠪᠠᠨ | ᠣᠶᠠᠯᠳᠣᠭᠤᠯᠣᠨ᠂ ᠣᠨᠴᠠᠭᠠᠶᠢᠯᠠᠨ ᠲᠣᠰ ᠲᠦᠰᠦᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠠᠨ | ᠪᠣᠯᠭᠠᠵᠣ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠣᠮᠳᠠᠭᠠᠨ ᠤ ᠠᠶᠣᠯᠭᠦᠢ ᠶᠢᠨ ᠠᠵᠢᠯ ᠤᠨ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠪᠣᠯᠣᠨ ︽ | ᠢᠳᠡᠭᠡᠨ ᠣᠮᠳᠠᠭᠠᠨ ᠤ ᠠᠶᠣᠯᠭᠦᠢ ᠶᠢ ᠪᠠᠳᠣᠯᠠᠬᠤ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2016﹈ 65 ᠲᠣᠭᠠᠳᠦ︶ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ | ᠶᠢ ᠭᠦᠨᠵᠡᠭᠡᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ︽ᠵᠠᠰᠠᠭ ᠤᠨ ᠣᠷᠳᠣᠨ ᠭᠤᠣᠯᠯᠠᠨ ᠣᠳᠣᠷᠢᠳᠬᠤ᠂ ᠬᠠᠣᠯᠢ ᠶᠣᠰᠣ ᠪᠠᠷ ᠬᠠᠷᠢᠭᠤᠴᠠᠯᠭ᠎ᠠ ᠪᠠᠨ | ᠭᠦᠢᠴᠡᠳᠬᠡᠬᠦ᠂ ᠠᠶᠣᠯᠭᠦᠢ ᠶᠢ ᠪᠠᠳᠣᠯᠠᠬᠤ᠂ ᠠᠵᠣ ᠣᠶᠢᠯᠠᠰ ᠳᠤ ᠣᠶᠢᠯᠡᠴᠢᠯᠡᠬᠦ︾ ᠠᠵᠢᠯ ᠤᠨ ᠴᠢᠭᠯᠡᠯᠳᠡ ᠶᠢ ᠵᠢᠷᠣᠮᠯᠠᠨ᠂ ᠣᠷᠣᠨ ᠭᠠᠵᠠᠷ ᠤ ᠵᠠᠰᠠᠭ ᠤᠨ ᠣᠷᠳᠣᠨ | ᠤ ᠬᠠᠷᠢᠶ᠎ᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠪᠠᠷ ᠭᠤᠣᠯᠳᠠᠯᠭ᠎ᠠ ᠪᠣᠯᠭᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠶᠣᠯᠭᠦᠢ ᠶᠢ ᠡᠵᠡᠮᠳᠡᠬᠦ ᠲᠣᠭᠳᠠᠯᠴᠠᠭ᠎ᠠ ᠶᠢ ᠪᠠᠶᠢᠭᠤᠯᠣᠨ ᠲᠡᠭᠦᠯᠳᠡᠷᠵᠢᠭᠦᠯᠬᠦ ᠪᠠᠷ ᠴᠦᠮ᠎ᠡ ᠪᠣᠯᠭᠠᠵᠣ᠂ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ | ᠪᠣᠯᠣᠨ ᠣᠶᠢᠯᠠᠳᠪᠦᠷᠢᠯᠡᠭᠴᠢ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠪᠠᠷ ᠭᠠᠷᠳᠠᠴᠠ ᠪᠣᠯᠭᠠᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠲᠦᠪᠰᠢᠨ ᠪᠠ ᠦᠨᠳᠦᠰᠦᠨ ᠱᠠᠳᠣᠨ ᠤ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠶᠢ ᠲᠡᠭᠡᠭᠰᠢᠯᠡᠭᠦᠯᠬᠦ ᠪᠠᠷ | ᠬᠠᠷᠠᠯᠳᠠ ᠪᠠᠨ ᠪᠣᠯᠭᠠᠵᠣ᠂ ᠦᠨᠳᠦᠷ ᠪᠠᠷᠢᠮᠵᠢᠶ᠎ᠡ ᠲᠠᠢ ᠪᠠᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠶᠣᠯᠬᠦᠢ ᠬᠤᠰᠢᠭᠤ ᠶᠢ ᠴᠣᠭᠴᠠᠯᠠᠨ᠎ᠠ᠃ | ᠬᠤᠶᠠᠷ᠂ ᠬᠠᠷᠠᠯᠳᠠ ᠡᠭᠦᠷᠭᠡ | ︵ᠨᠢᠭᠡ︶ ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢ ᠴᠢᠬᠤᠯᠠ ᠵᠦᠪᠯᠡᠬᠦ ᠵᠣᠶᠢᠯ ᠳᠤ ᠪᠠᠨ ᠣᠷᠣᠭᠤᠯᠣᠨ᠂ ᠲᠦᠯᠦᠪᠵᠢᠭᠦᠯᠭᠡ | ᠲᠣᠭᠳᠠᠭᠠᠬᠤ᠂ ᠠᠵᠢᠯᠳᠠᠨ ᠲᠣᠬᠢᠷᠠᠭᠤᠯᠬᠤ᠂ ᠨᠦᠭᠦᠴᠡᠯ ᠤᠨ ᠪᠠᠳᠣᠯᠠᠭ᠎ᠠ ᠵᠡᠷᠭᠡ ᠲᠠᠯ᠎ᠠ ᠶᠢᠨ ᠡᠷᠴᠢᠮ ᠢᠶᠠᠨ ᠴᠢᠩᠭᠠᠳᠬᠠᠨ᠎ᠠ᠃ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠠᠵᠢᠯ ᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠬᠢᠷᠢ ᠪᠦᠳᠦᠮᠵᠢ ᠶᠢᠨ ᠬᠢᠨᠠᠨ ᠰᠢᠯᠭᠠᠯᠳᠠ | ᠬᠦᠷᠢᠶ᠎ᠡ ᠶᠢᠨ ᠬᠡᠪᠴᠢᠶᠡᠨ ᠳᠤ ᠣᠷᠣᠭᠤᠯᠵᠣ᠂ ᠬᠢᠨᠠᠨ ᠰᠢᠯᠭᠠᠯᠳᠠ ᠶᠢᠨ ᠦᠨᠡᠯᠡᠯᠭᠡᠨ ᠤ ᠵᠢᠭᠠᠯᠳᠠ ᠶᠢ ᠲᠣᠳᠣᠷᠬᠠᠶᠢᠯᠠᠨ᠂ ᠱᠠᠭᠠᠷᠳᠠᠨ ᠪᠠᠶᠢᠴᠠᠭᠠᠬᠤ ᠠᠷᠭ᠎ᠠ ᠠᠪᠴᠠᠯ | ᠢ ᠲᠣᠭᠳᠠᠭᠠᠨ᠎ᠠ᠃ | ︵ᠬᠤᠶᠠᠷ︶ ᠬᠢᠨᠠᠨ ᠬᠠᠮᠢᠶᠠᠷᠣᠯᠳᠠ ᠶᠢᠨ ᠴᠢᠳᠠᠪᠬᠢ ᠪᠠᠨ ᠢᠯᠡᠷᠬᠡᠢ ᠲᠡᠭᠡᠭᠰᠢᠯᠡᠭᠦᠯᠦᠨ᠎ᠡ᠃ ᠬᠤᠰᠢᠭᠤ᠂ ᠪᠠᠯᠭᠠᠰᠣ ᠬᠢᠨᠠᠨ ᠬᠠᠮᠢᠶᠠᠷᠣᠯᠳᠠ ᠶᠢᠨ ᠪᠠᠶᠢᠭᠤᠯᠣᠮᠵᠢ | ᠪᠠᠶᠢᠭᠤᠯᠣᠨ᠂ ᠡᠩᠨᠡᠭᠡ ᠪᠠᠨ ᠲᠡᠭᠦᠯᠳᠡᠷᠵᠢᠭᠦᠯᠵᠣ᠂ ᠭᠠᠴᠠᠭ᠎ᠠ ᠲᠣᠰᠬᠤᠨ ᠬᠤᠷᠰᠢᠶ᠎ᠠ ᠶᠢᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭᠠᠳᠠᠨ ᠤ ᠬᠦᠴᠦᠨ ᠢ | ᠨᠠᠶᠢᠳᠠᠪᠦᠷᠢᠵᠢᠭᠤᠯᠣᠨ᠎ᠠ᠃ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠣᠷᠣᠨᠵᠢᠭᠤᠯᠵᠣ᠂ ᠭᠤᠣᠯᠳᠠᠯᠭ᠎ᠠ ᠲᠠᠢ ᠪᠠᠷ ᠬᠢᠨᠠᠨ ᠬᠠᠮᠢᠶᠠᠷᠬᠤ ᠡᠳᠡᠭᠡᠳ ᠤᠨ | ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠂ ᠬᠢᠨᠠᠯᠳᠠ ᠬᠠᠮᠢᠶᠠᠷᠣᠯᠳᠠ ᠶᠢ ᠲᠦᠷᠢᠮᠵᠢᠭᠦᠨ ᠡᠷᠴᠢᠮᠳᠠᠢ ᠪᠣᠯᠭᠠᠵᠣ᠂ ᠬᠠᠣᠯᠢ ᠬᠡᠷᠡᠭᠵᠢᠭᠦᠯᠦᠯᠳᠡ ᠶᠢ ᠣᠷᠣᠨᠵᠢᠭᠤᠯᠣᠨ᠎ᠠ᠃ | ᠬᠦᠮᠦᠵᠢᠯ ᠪᠣᠯᠪᠠᠰᠣᠷᠠᠯ ᠤᠨ ᠲᠦᠯᠦᠪᠯᠡᠭᠡ ᠵᠣᠬᠢᠰᠳᠠᠢ᠂ ᠪᠦᠷᠢᠨ ᠲᠡᠭᠦᠯᠳᠡᠷ ᠪᠠᠶᠢᠬᠤ ᠶᠢ ᠪᠠᠳᠣᠯᠠᠵᠣ᠂ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠᠨ ᠲᠠᠰᠣᠷᠠᠯᠳᠠ | ᠦᠭᠡᠢ ᠲᠡᠭᠡᠭᠰᠢᠯᠡᠭᠦᠯᠦᠨ᠎ᠡ᠃ | ︵ᠭᠤᠷᠪᠠ︶ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ ᠪᠦᠷᠢᠳᠦᠭᠦᠯᠦᠨ᠎ᠡ᠃ ᠣᠷᠣᠭᠤᠯᠣᠯᠳᠠ ᠪᠣᠳᠠᠰ | ᠤᠨ ᠬᠢᠨᠠᠯᠳᠠ ᠬᠠᠮᠢᠶᠠᠷᠣᠯᠳᠠ᠂ ᠣᠶᠢᠯᠠᠳᠪᠦᠷᠢᠯᠡᠭᠦ ᠶᠠᠪᠣᠴᠠ ᠶᠢᠨ ᠬᠠᠮᠢᠶᠠᠷᠣᠯᠳᠠ ᠡᠵᠡᠮᠰᠢᠯ᠂ ᠭᠠᠷᠣᠯᠳᠠ ᠶᠢᠨ ᠣᠷᠣᠨ ᠤ ᠬᠢᠷᠢ ᠲᠡᠩᠴᠡᠭᠰᠡᠨ ᠭᠡᠷᠡᠴᠢ ᠶᠢᠨ | ᠬᠠᠮᠢᠶᠠᠷᠣᠯᠳᠠ᠂ ᠰᠢᠯᠭᠠᠨ ᠪᠠᠶᠢᠴᠠᠭᠠᠯᠳᠠ᠂ ᠶᠠᠰᠣ ᠴᠢᠨᠠᠷ ᠤᠨ ᠮᠦᠷᠳᠡᠯᠳᠡ᠂ ᠣᠷᠢᠳᠴᠢᠯᠠᠨ ᠰᠡᠷᠡᠮᠵᠢᠯᠡᠭᠦᠯᠵᠣ᠂ ᠪᠠᠴᠢᠮ ᠢ ᠠᠷᠭᠠᠴᠠᠭᠠᠬᠤ᠂ ᠨᠡᠶᠢᠭᠡᠮ ᠤᠨ ᠬᠢᠨᠠᠯᠳᠠ | ᠵᠡᠷᠭᠡ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠦᠷᠢᠮ ᠢ ᠲᠡᠭᠦᠯᠳᠡᠷᠵᠢᠭᠦᠯᠣᠨᠡ᠃ | ᠣᠷᠣᠭᠤᠯᠣᠯᠳᠠ ᠪᠣᠳᠠᠰ ᠬᠤᠳᠠᠯᠳᠣᠨ ᠠᠪᠣᠭᠰᠠᠨ ᠪᠠ ᠪᠣᠷᠣᠯᠠᠭᠤᠯᠣᠭᠰᠠᠨ ᠲᠠᠩᠰᠠ᠂ ᠣᠶᠢᠯᠠᠳᠪᠦᠷᠢᠯᠡᠭᠰᠡᠨ ᠲᠡᠮᠳᠡᠭᠯᠡᠯ ᠤᠨ ᠬᠠᠮᠢᠶᠠᠷᠣᠯᠳᠠ᠂᠂ ᠪᠣᠬᠢᠷᠳᠣᠯ ᠦᠭᠡᠢ | ᠡᠵᠡᠮᠳᠡᠯ ᠵᠡᠷᠭᠡ ᠢᠳᠡᠭᠡᠨ ᠳᠤ ᠬᠡᠷᠡᠭᠯᠡᠬᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ | ᠲᠡᠭᠦᠯᠳᠡᠷᠵᠢᠭᠦᠯᠦᠨ᠎ᠡ᠃ | ︵ᠲᠦᠷᠪᠡ︶ ᠶᠠᠰᠣ ᠴᠢᠨᠠᠷ ᠤᠨ ᠠᠶᠣᠯᠭᠦᠢ ᠶᠢᠨ ᠲᠦᠪᠰᠢᠨ ᠢ ᠢᠯᠡᠷᠭᠡᠢ ᠲᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢᠨ ᠨᠡᠶᠢᠳᠡ ᠶᠢᠨ ᠣᠶᠢᠯᠡᠴᠢᠯᠡᠭᠡᠨ ᠤ ᠲᠦᠪᠰᠢᠨ ᠢ ᠢᠯᠡᠷᠭᠡᠢ ᠴᠢᠩᠭᠠᠳᠬᠠᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠣᠬᠠᠮᠰᠠᠷ᠂ ᠲᠣᠬᠠᠶᠢᠯᠠᠭᠰᠠᠨ ᠠᠵᠢᠯ ᠤᠨ ᠦᠪᠡᠷ ᠢ ᠪᠠᠨ ᠱᠠᠭᠠᠷᠳᠠᠬᠤ ᠣᠬᠠᠮᠰᠠᠷ ᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ ᠬᠡᠪᠴᠢᠶᠡᠵᠢᠯ | ᠣᠶᠢᠯᠠᠳᠪᠦᠷᠢᠯᠡᠭᠴᠢ ᠪᠦᠬᠦ ᠲᠠᠯ᠎ᠠ ᠶᠢᠨ ᠪᠠᠷᠢᠮᠵᠢᠶᠠᠵᠢᠭᠰᠠᠨ ᠣᠶᠢᠯᠠᠳᠪᠦᠷᠢᠯᠠᠯ ᠢ ᠬᠡᠷᠡᠭᠵᠢᠭᠦᠯᠦᠨ᠂ ᠮᠠᠯ ᠲᠠᠷᠢᠶᠠᠯᠠᠩ ᠤᠨ ᠣᠷᠣᠭᠤᠯᠣᠯᠳᠠ ᠪᠣᠳᠠᠰ ᠤᠨ ᠠᠶᠣᠯᠭᠦᠢ | ᠬᠡᠷᠡᠭᠯᠡᠯᠳᠡ ᠶᠢ ᠪᠠᠳᠣᠯᠠᠵᠣ᠂ ᠲᠠᠷᠢᠶᠠᠨ ᠡᠮ᠂ ᠮᠠᠯ ᠤᠨ ᠡᠮ ᠪᠣᠯᠣᠨ ᠬᠠᠣᠯᠢ ᠪᠣᠰᠣ ᠨᠡᠮᠡᠯᠳᠡ ᠡᠳ᠋ ᠬᠡᠷᠡᠭᠯᠡᠬᠦ ᠵᠡᠷᠭᠡ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠶᠢ | ᠪᠦᠬᠦ ᠲᠠᠯ᠎ᠠ ᠪᠠᠷ ᠡᠷᠡᠰ ᠴᠠᠭᠠᠵᠠᠯᠠᠵᠣ᠂ ︽ᠢᠳᠡᠰᠢᠨ ᠨᠣᠭᠤᠭ᠎ᠠ︾ ᠶᠢᠨ ᠪᠦᠳᠦᠭᠡᠭᠳᠡᠭᠦᠨ ᠤ ᠰᠣᠭᠤᠯᠣᠨ ᠪᠠᠶᠢᠴᠠᠭᠠᠯᠳᠠ ᠶᠢᠨ ᠬᠢᠷᠢ ᠲᠡᠩᠴᠡᠯᠳᠡ ᠶᠢᠨ ᠨᠣᠷᠮ᠎ᠠ ᠶᠢ | ᠦᠨᠳᠦᠷ ᠲᠦᠪᠰᠢᠨ ᠳᠤ ᠬᠦᠷᠭᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠬᠦᠨᠳᠦ ᠶᠡᠭᠡ ᠠᠰᠠᠭᠤᠳᠠᠯ ᠶᠢᠨ ᠬᠡᠷᠡᠭ ᠣᠴᠢᠷ ᠭᠠᠷᠬᠤ ᠦᠭᠡᠢ | ᠶᠢ ᠪᠠᠳᠣᠯᠠᠵᠣ᠂ ᠣᠯᠠᠨ ᠲᠦᠮᠡᠨ ᠤ ᠣᠷᠣᠯᠴᠠᠯᠭ᠎ᠠ᠂ ᠨᠡᠶᠢᠭᠡᠮ ᠤᠨ ᠬᠠᠮᠳᠦ ᠶᠢᠨ ᠵᠠᠰᠠᠯᠳᠠ ᠶᠢᠨ ᠲᠦᠪᠰᠢᠨ ᠪᠠ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ ᠶᠢ | ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ᠭᠤᠷᠪᠠ᠂ ᠦᠨᠳᠦᠰᠦᠨ ᠵᠠᠷᠴᠢᠮ | ︵ᠨᠢᠭᠡ︶ ᠬᠠᠷᠢᠶ᠎ᠠ ᠣᠷᠣᠨ ᠠᠴᠠ ᠬᠠᠮᠢᠶᠠᠷᠬᠤ᠂ ᠠᠵᠢᠯ ᠬᠤᠪᠢᠶᠠᠷᠯᠠᠨ ᠬᠠᠮᠢᠶᠠᠷᠬᠤ᠂ ᠨᠠᠶᠢᠭᠡᠮ ᠤᠨ ᠬᠢᠨ ᠬᠠᠮᠳᠦ ᠪᠠᠷ ᠵᠠᠰᠠᠬᠤ ᠵᠠᠷᠴᠢᠮ ᠢ ᠪᠠᠷᠢᠮᠳᠠᠯᠠᠨ᠎ᠠ᠃ | ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ᠂ ᠲᠦᠯᠦᠪᠵᠢᠭᠦᠯᠭᠡ ᠲᠣᠭᠳᠠᠭᠠᠯᠳᠠ᠂ ᠵᠠᠷᠣᠳᠠᠯ ᠤᠨ ᠪᠡᠯᠡ ᠣᠷᠣᠭᠤᠯᠣᠯᠳᠠ᠂ | ᠲᠣᠭᠳᠠᠴᠠ ᠶᠢᠨ ᠪᠠᠶᠢᠭᠤᠯᠣᠯᠳᠠ᠂ ᠰᠠᠯᠠᠭ᠎ᠠ ᠮᠦᠴᠢᠷ ᠤᠨ ᠵᠣᠬᠢᠴᠠᠭᠤᠯᠣᠯᠳᠠ᠂ ᠬᠢᠨᠠᠯᠳᠠ ᠰᠢᠯᠭᠠᠯᠳᠠ ᠵᠡᠷᠭᠡ ᠲᠠᠯ᠎ᠠ ᠪᠠᠷ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ | ᠶᠢᠨ ᠣᠶᠢᠯᠠᠳᠣᠯ ᠢᠶᠠᠨ ᠪᠠᠳᠠᠷᠠᠭᠤᠯᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠲᠣᠰᠢᠶᠠᠯ ᠢ ᠴᠡᠭᠴᠡᠯᠡᠨ᠂ | ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠴᠢᠩᠭᠠᠳᠬᠠᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠨᠠᠶᠢᠳᠠᠪᠦᠷᠢᠵᠢᠭᠤᠯᠣᠯᠳᠠ ᠶᠢ ᠵᠢᠯᠣᠭᠤᠳᠣᠨ᠎ᠠ︔ ᠡᠯ᠎ᠡ ᠰᠠᠯᠠᠭ᠎ᠠ ᠮᠦᠴᠢᠷ᠂ ᠡᠯ᠎ᠡ ᠪᠠᠯᠭᠠᠰᠦ ᠲᠦᠷᠦ ᠶᠢᠨ ᠪᠣᠳᠣᠯᠭ᠎ᠠ ᠶᠢᠨ ᠣᠳᠣᠷᠢᠳᠣᠮᠵᠢ ᠶᠢᠨ ᠣᠶᠢᠯᠠᠳᠣᠯ ᠢ | ᠭᠦᠢᠴᠡᠳ ᠪᠠᠳᠠᠷᠠᠭᠤᠯᠣᠨ᠂ ᠲᠦᠷᠦᠯ ᠵᠣᠶᠢᠯ ᠤᠨ ᠪᠡᠯᠡ ᠮᠦᠩᠭᠦ ᠶᠢ ᠲᠦᠪᠯᠡᠷᠡᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ | ᠪᠠᠳᠣᠯᠠᠭ᠎ᠠ ᠶᠢᠨ ᠲᠦᠪᠰᠢᠨ ᠢ ᠦᠨᠡᠨ ᠬᠦ ᠲᠡᠭᠡᠭᠰᠢᠯᠡᠭᠦᠯᠦᠨ᠎ᠡ᠃ | ︵ᠬᠤᠶᠠᠷ︶ ᠪᠣᠳᠠᠳᠦ ᠪᠦᠳᠦᠮᠵᠢ ᠶᠢ ᠡᠷᠬᠢᠮᠯᠡᠬᠦ᠂ ᠰᠢᠨᠡᠴᠢᠯᠡᠯᠳᠡ ᠶᠢ ᠴᠢᠬᠤᠯᠠᠴᠢᠯᠠᠬᠤ᠂ ᠲᠣᠭᠳᠠᠯᠴᠠᠭ᠎ᠠ ᠶᠢ ᠲᠡᠭᠦᠯᠳᠡᠷᠵᠢᠭᠦᠯᠬᠦ ᠵᠠᠷᠴᠢᠮ ᠢ ᠪᠠᠷᠢᠮᠳᠠᠯᠠᠨ᠎ᠠ᠃ | ᠪᠣᠳᠠᠳᠠᠢ ᠲᠠᠢ ᠪᠠᠨ ᠣᠶᠠᠯᠳᠣᠭᠤᠯᠬᠤ ᠶᠢ ᠪᠠᠷᠢᠮᠳᠠᠯᠠᠵᠣ᠂ ᠠᠵᠣ ᠣᠶᠢᠯᠠᠰ ᠤᠨ ᠣᠨᠴᠠᠯᠢᠭ ᠤᠨ ᠲᠣᠭᠤᠷᠢᠨ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠶᠣᠯᠭᠦᠢ ᠶᠢ ᠪᠠᠳᠣᠯᠠᠬᠤ ᠪᠣᠳᠠᠳᠠᠢ ᠪᠦᠳᠦᠮᠵᠢᠳᠡᠢ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠰᠦᠪᠡᠭᠴᠢᠯᠡᠨ ᠪᠠᠶᠢᠭᠤᠯᠵᠣ᠂ ᠪᠦᠬᠦ ᠶᠠᠪᠣᠴᠠ ᠶᠢᠨ | ᠬᠢᠨᠠᠯᠳᠠ ᠬᠠᠮᠢᠶᠠᠷᠣᠯᠳᠠ ᠶᠢᠨ ᠣᠶᠢᠯᠭᠠᠭᠳᠠᠬᠤᠨ ᠢ ᠲᠣᠪᠣᠶᠢᠯᠭᠠᠨ᠂ ︽ᠢᠨᠲ᠋ᠧᠷ ᠰᠦᠯᠵᠢᠶ᠎ᠡ +︾᠂ PPP ᠵᠡᠷᠭᠡ ᠪᠣᠳᠠᠳᠦ ᠪᠠᠶᠢᠳᠠᠯ ᠲᠠᠢ ᠨᠡᠶᠢᠴᠡᠬᠦ᠂ ᠦᠨᠳᠦᠷ | ᠪᠦᠳᠦᠮᠵᠢᠳᠡᠢ ᠰᠢᠨ᠎ᠡ ᠠᠷᠭ᠎ᠠ ᠠᠪᠴᠠᠯ ᠪᠠ ᠰᠢᠨ᠎ᠡ ᠵᠠᠭᠪᠣᠷ ᠢ ᠰᠦᠪᠡᠭᠴᠢᠯᠡᠵᠣ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠪᠣᠷᠣᠯᠠᠭᠤᠯᠣᠯᠳᠠ ᠶᠢᠨ ᠪᠣᠳᠠᠳᠦ ᠪᠠᠶᠢᠳᠠᠯ ᠲᠠᠢ ᠣᠶᠠᠯᠳᠣᠭᠤᠯᠣᠭᠰᠠᠨ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠦᠷᠢᠮ ᠲᠣᠭᠳᠠᠯᠴᠠᠭ᠎ᠠ ᠶᠢ | ᠪᠠᠶᠢᠭᠤᠯᠣᠨ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ᠂ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠠᠨ ᠲᠠᠰᠣᠷᠠᠯᠳᠠ ᠦᠭᠡᠢ ᠲᠡᠭᠦᠯᠳᠡᠷᠵᠢᠭᠦᠯᠵᠣ᠂ ᠪᠦᠬᠦ | ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠦᠪᠰᠢᠨ ᠤ ᠪᠦᠬᠦᠯᠢ ᠴᠣᠭᠴᠠ ᠶᠢᠨ | ᠲᠡᠭᠡᠭᠰᠢᠯᠡᠭᠦᠯᠦᠯᠳᠡ ᠶᠢ ᠠᠬᠢᠭᠤᠯᠣᠨ᠎ᠠ᠃ | ︵ᠭᠤᠷᠪᠠ︶ ᠪᠣᠰᠣᠳᠴᠢ ᠲᠦᠪ ᠭᠤᠣᠯᠴᠢ ᠵᠠᠷᠴᠢᠮ ᠢ ᠪᠠᠷᠢᠮᠳᠠᠯᠠᠨ᠎ᠠ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠡᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠰᠢᠶᠠᠨ ᠤ ᠬᠢᠨᠠᠨ ᠰᠢᠯᠭᠠᠯᠳᠠ ᠶᠢᠨ ᠠᠷᠭ᠎ᠠ︾ ᠶᠢᠨ | ᠨᠠᠷᠢᠵᠢᠭᠵᠢᠭᠤᠯᠣᠭᠰᠠᠨ ᠵᠢᠭᠠᠯᠳᠠ ᠶᠣᠰᠣᠭᠠᠷ᠂ ᠪᠣᠰᠣᠳᠴᠢ ᠦᠨᠡᠨ ᠪᠣᠳᠠᠳᠠᠢ᠂ ᠡᠷᠬᠡ ᠲᠡᠭᠰᠢ ᠲᠦᠪ ᠭᠤᠣᠯᠴᠢ ᠵᠠᠷᠴᠢᠮ ᠢ ᠪᠠᠷᠢᠮᠳᠠᠯᠠᠵᠣ᠂ ᠬᠢᠨᠠᠨ ᠰᠢᠯᠭᠠᠷᠠᠭᠤᠯᠵᠣ | ᠦᠨᠡᠯᠡᠬᠦ ᠠᠵᠢᠯ ᠢ ᠰᠠᠶᠢᠳᠦᠷ ᠵᠣᠬᠢᠶᠠᠨ ᠪᠠᠶᠢᠭᠤᠯᠣᠨ᠂ ᠰᠢᠯᠭᠠᠨ ᠲᠣᠭᠳᠠᠭᠠᠯᠳᠠ ᠶᠢ ᠰᠠᠶᠢᠳᠦᠷ ᠠᠳᠬᠤᠵᠣ᠂ ᠴᠣᠭᠴᠠᠯᠠᠯᠳᠠ ᠶᠢᠨ ᠠᠵᠢᠯᠯᠭᠠᠨ ᠢ ᠦᠨᠳᠦᠷ | ᠪᠠᠷᠢᠮᠵᠢᠶ᠎ᠡ ᠪᠠᠷ ᠠᠬᠢᠭᠤᠯᠣᠨ᠎ᠠ᠃ | ᠲᠦᠷᠪᠡ᠂ ᠭᠤᠣᠯᠳᠠᠯᠭᠠᠳᠦ ᠡᠭᠦᠷᠭᠡ | ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠬᠤᠰᠢᠭᠤ ᠶᠢ ᠴᠣᠭᠴᠠᠯᠠᠬᠤ ᠳᠤ᠂ ᠮᠠᠨ ᠤ | ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠤᠨ ᠬᠠᠮᠤᠭ ᠰᠠᠶᠢᠨ ᠲᠦᠪᠰᠢᠨ ᠢ | ᠲᠣᠪᠣᠶᠢᠯᠭᠠᠵᠣ᠂ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠨᠠᠶᠢᠳᠠᠪᠦᠷᠵᠢᠭᠤᠯᠣᠨ᠂ ᠲᠣᠭᠳᠠᠴᠠ ᠶᠢᠨ ᠪᠠᠶᠢᠭᠤᠯᠣᠯᠳᠠ ᠶᠢ ᠲᠡᠭᠦᠯᠳᠡᠷᠵᠢᠭᠦᠯᠵᠣ᠂ ᠬᠢᠨᠠᠯᠳᠠ | ᠬᠠᠮᠢᠶᠠᠷᠣᠯᠳᠠ ᠶᠢᠨ ᠲᠣᠭᠳᠠᠯᠴᠠᠭ᠎ᠠ ᠶᠢ ᠪᠦᠷᠢᠳᠦᠭᠦᠯᠦᠨ᠂ ᠬᠠᠣᠯᠢ ᠬᠡᠷᠡᠭᠵᠢᠭᠦᠯᠦᠯᠳᠡ ᠬᠢᠨᠠᠯᠳᠠ ᠬᠠᠮᠢᠶᠠᠷᠣᠯᠳᠠ ᠶᠢ ᠡᠷᠴᠢᠮᠵᠢᠭᠦᠯᠵᠣ᠂ ᠲᠣᠣᠷᠠᠬᠢ ᠬᠡᠳᠦᠨ ᠲᠦᠷᠦᠯ | ᠤᠨ ᠡᠭᠦᠷᠭᠡ ᠶᠢ ᠭᠤᠣᠯᠳᠠᠯᠭ᠎ᠠ ᠲᠠᠢ ᠨᠠᠶᠢᠳᠠᠪᠦᠷᠢᠵᠢᠭᠤᠯᠣᠨ᠎ᠠ᠃ | ︵ᠨᠢᠭᠡ︶ ᠬᠠᠷᠢᠶ᠎ᠠ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠲᠣᠰ | ᠭᠠᠵᠠᠷ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠣ᠂ ᠵᠠᠰᠠᠭ ᠤᠨ ᠣᠷᠳᠣᠨ | ᠤ ᠭᠤᠣᠯ ᠣᠳᠣᠷᠢᠳᠣᠯᠭ᠎ᠠ ᠪᠠᠷ ᠲᠣᠯᠣᠭᠠᠶᠢᠯᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠠᠵᠢᠯ ᠤᠨ ᠣᠳᠣᠷᠢᠳᠬᠤ | ᠪᠠᠶᠢᠭᠤᠯᠣᠮᠵᠢ ᠪᠠᠶᠢᠭᠤᠯᠣᠨ᠂ ᠣᠳᠣᠷᠢᠳᠬᠤ ᠪᠠᠶᠢᠭᠤᠯᠣᠮᠵᠢ ᠶᠢᠨ ᠲᠣᠳᠣᠭᠠᠳᠦ ᠳᠠᠬᠢ ᠡᠯ᠎ᠡ ᠰᠠᠯᠠᠭ᠎ᠠ ᠮᠦᠴᠢᠷ ᠤᠨ ᠡᠭᠦᠷᠭᠡ ᠲᠣᠰᠢᠶᠠᠯ ᠢ ᠲᠣᠳᠣᠷᠬᠠᠶᠢᠯᠠᠵᠣ᠂ | ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠴᠢᠩᠭᠠᠳᠬᠠᠨ᠂ ᠵᠢᠯ ᠤᠨ ᠠᠵᠢᠯ ᠤᠨ ᠲᠦᠯᠦᠪᠯᠡᠯᠭᠡ ᠲᠣᠭᠳᠠᠭᠠᠨ ᠬᠡᠷᠡᠭᠵᠢᠭᠦᠯᠦᠨ᠎ᠡ᠃ ᠬᠢᠨᠠᠨ ᠰᠢᠯᠭᠠᠯᠳᠠ ᠶᠢᠨ | ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠡᠯ᠎ᠡ ᠪᠠᠯᠭᠠᠰᠦ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠵᠢᠯ ᠤᠨ ᠡᠴᠦᠰ ᠤᠨ ᠬᠢᠨᠠᠨ ᠰᠢᠯᠭᠠᠯᠳᠠ | ᠳᠤ ᠣᠷᠣᠭᠤᠯᠵᠣ᠂ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠣᠨ᠎ᠠ︔ ᠡᠳ᠋ ᠤᠨ ᠵᠠᠰᠠᠭ ᠤᠨ | ᠪᠡᠯᠡ ᠣᠷᠣᠭᠤᠯᠣᠯᠳᠠ ᠶᠢᠨ ᠪᠠᠳᠣᠯᠠᠭ᠎ᠠ ᠶᠢᠨ ᠲᠣᠭᠳᠠᠯᠴᠠᠭ᠎ᠠ ᠶᠢ ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ | ᠬᠢᠨᠠᠯᠳᠠ ᠬᠠᠮᠢᠶᠠᠷᠣᠯᠳᠠ᠂ ᠰᠢᠯᠭᠠᠨ ᠬᠡᠮᠵᠢᠯᠳᠡ᠂ ᠬᠠᠣᠯᠢ ᠬᠡᠷᠡᠭᠵᠢᠭᠦᠯᠦᠯᠳᠡ ᠵᠡᠷᠭᠡ ᠠᠵᠢᠯ ᠤᠨ ᠵᠠᠷᠣᠳᠠᠯ ᠢ ᠲᠤᠭ᠎ᠠ ᠶᠣᠰᠣᠭᠠᠷ ᠡᠳ᠋ ᠤᠨ ᠵᠠᠰᠠᠭ ᠤᠨ ᠲᠦᠰᠦᠪ ᠲᠤ | ᠣᠷᠣᠭᠤᠯᠵᠣ᠂ ᠵᠢᠯ ᠤᠨ ᠲᠦᠰᠦᠪ ᠤᠨ ᠨᠡᠮᠡᠭᠳᠡᠯ ᠤᠨ ᠬᠡᠮᠵᠢᠶ᠎ᠡ ᠶᠢ ᠡᠩ ᠤᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠠᠴᠠ ᠦᠨᠳᠦᠷ ᠪᠠᠶᠢᠯᠭᠠᠨ᠂ ᠮᠡᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠠᠵᠢᠯ ᠤᠨ ᠡᠮᠬᠢ ᠲᠠᠢ ᠶᠠᠪᠣᠭᠳᠠᠬᠤ ᠶᠢ ᠪᠠᠳᠣᠯᠠᠨ᠎ᠠ᠃ | ︵ᠬᠤᠶᠠᠷ︶ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ ᠨᠡᠷᠡᠰ ᠤᠨ ᠪᠦᠷᠢᠳᠬᠡᠯ ᠤᠨ ᠲᠦᠷᠢᠮ ᠢ ᠲᠣᠭᠳᠠᠭᠠᠨ᠂ | ᠬᠢᠨᠠᠯᠳᠠ ᠬᠠᠮᠢᠶᠠᠷᠣᠯᠳᠠ ᠶᠢᠨ ᠨᠡᠷᠡᠰ ᠲᠤ ᠣᠷᠣᠭᠰᠠᠨ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠠᠶᠣᠯᠭᠦᠢ ᠶᠢᠨ ᠬᠦᠮᠦᠵᠢᠯ ᠪᠣᠯᠪᠠᠰᠣᠷᠠᠯ ᠪᠠ | ᠬᠠᠷᠢᠭᠤᠴᠠᠯᠭ᠎ᠠ ᠶᠢ ᠴᠢᠩᠭᠠᠳᠬᠠᠵᠣ᠂ ᠶᠠᠰᠣ ᠴᠢᠨᠠᠷ ᠤᠨ ᠠᠮᠠᠯᠠᠯᠳᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠣ᠂ ᠣᠶᠢᠯᠠᠳᠪᠦᠷᠢᠯᠠᠯ ᠡᠵᠡᠩᠨᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠵᠣ ᠠᠬᠤᠶᠢᠯᠠᠯ ᠪᠣᠯᠣᠨ ᠮᠠᠯᠴᠢᠨ ᠲᠠᠷᠢᠶᠠᠴᠢᠨ | ᠤ ᠲᠣᠰᠬᠠᠢ ᠬᠠᠮᠳᠣᠷᠠᠯ ᠬᠤᠷᠰᠢᠶᠠᠵᠢᠯ ᠲᠣᠬᠠᠶᠢᠯᠠᠭᠰᠠᠨ ᠠᠵᠢᠯ ᠤᠨ ᠠᠵᠢᠯᠳᠠᠨ ᠤ ᠪᠣᠯᠪᠠᠰᠣᠷᠠᠯ ᠢᠶᠠᠨ ᠴᠢᠩᠭᠠᠳᠬᠠᠨ᠂ ᠣᠶᠢᠯᠠᠳᠪᠦᠷᠢᠯᠠᠯ ᠤᠨ ᠲᠡᠮᠳᠡᠭᠯᠡᠯ ᠤᠨ | ᠲᠦᠷᠢᠮ ᠢ ᠨᠠᠶᠢᠳᠠᠪᠦᠷᠢᠵᠢᠭᠤᠯᠵᠣ᠂ ᠮᠠᠯ ᠲᠠᠷᠢᠶᠠᠨ ᠤ ᠡᠮ ᠤᠨ ᠬᠡᠷᠡᠭᠯᠡᠯᠳᠡ ᠶᠢ ᠬᠤᠷᠢᠭᠯᠠᠨ ᠬᠢᠵᠠᠭᠠᠷᠯᠠᠬᠤ ᠬᠠᠮᠢᠶᠠᠷᠣᠯᠳᠠ᠂ ᠮᠠᠯ ᠲᠠᠷᠢᠶᠠᠨ ᠡᠮ ᠬᠡᠷᠡᠭᠯᠡᠭᠰᠡᠨ ᠤ | ᠲᠠᠷᠠᠭᠠᠬᠢ ᠠᠶᠣᠯᠭᠦᠢ ᠬᠤᠭᠤᠴᠠᠭᠠᠨ ᠤ ᠲᠣᠭᠳᠠᠭᠠᠯ ᠢ ᠴᠢᠩᠭ᠎ᠠ ᠬᠡᠷᠡᠭᠵᠢᠭᠦᠯᠦᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠣᠷᠣᠯᠠᠭᠤᠯᠣᠯᠳᠠ ᠶᠢᠨ ᠦᠪᠡᠷ ᠤᠨ | ᠪᠠᠶᠢᠴᠠᠭᠠᠯᠳᠠ ᠪᠣᠶᠣ ᠨᠠᠶᠢᠳᠠᠯᠠᠭ᠎ᠠ ᠶᠢᠨ ᠪᠠᠶᠢᠴᠠᠭᠠᠯᠳᠠ ᠶᠢ ᠶᠠᠪᠣᠭᠳᠠᠭᠤᠯᠣᠨ᠎ᠠ᠃ ᠨᠢᠳᠦᠯᠭᠠᠨ ᠤ ᠠᠵᠣ ᠠᠬᠤᠶᠢᠯᠠᠯ ᠠᠯᠠᠰᠢᠨ ᠲᠠᠯᠠᠪᠠᠢ ᠳᠤ ᠣᠷᠣᠬᠤ ᠪᠠᠶᠢᠴᠠᠭᠠᠯᠳᠠ᠂ | ᠮᠢᠬᠠᠨ ᠤ ᠴᠢᠨᠠᠷ ᠤᠨ ᠪᠠᠶᠢᠴᠠᠭᠠᠯᠳᠠ᠂ ︽ᠬᠠᠷ᠎ᠠ ᠮᠢᠬᠠᠨ ᠤ ᠣᠬᠢ︾ ᠶᠢᠨ ᠰᠢᠯᠭᠠᠨ ᠪᠠᠶᠢᠴᠠᠭᠠᠯᠳᠠ᠂ ᠪᠦᠳᠦᠭᠡᠭᠳᠡᠭᠦᠨ ᠤ ᠪᠣᠷᠣᠯᠠᠭᠤᠯᠣᠯᠳᠠ ᠶᠢᠨ ᠲᠠᠩᠰᠠᠯᠠᠯᠳᠠ | ᠶᠢᠨ ᠲᠦᠷᠢᠮ ᠢ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠬᠦᠨ ᠢ ᠬᠤᠳᠠᠯᠳᠣᠨ ᠠᠪᠴᠦ ᠬᠠᠳᠠᠭᠠᠯᠠᠨ ᠵᠦᠭᠡᠭᠡᠪᠦᠷᠢᠯᠡᠬᠦ ᠠᠵᠣ ᠠᠬᠤᠶᠢᠯᠠᠯ ᠪᠠ ᠮᠠᠯ | ᠲᠠᠷᠢᠶᠠᠯᠠᠩ ᠤᠨ ᠪᠦᠳᠦᠭᠡᠭᠳᠡᠭᠦᠨ ᠢ ᠪᠦᠭᠡᠮ ᠢᠶᠠᠷ ᠬᠤᠳᠠᠯᠳᠣᠬᠤ ᠵᠠᠬ᠎ᠠ ᠲᠡᠯᠭᠡᠭᠦᠷ ᠪᠠᠷᠠᠭ᠎ᠠ ᠣᠷᠣᠭᠤᠯᠬᠤ ᠪᠠᠶᠢᠴᠠᠭᠠᠯᠳᠠ᠂ ᠰᠣᠭᠤᠯᠣᠨ ᠪᠠᠶᠢᠴᠠᠭᠠᠵᠣ ᠬᠡᠮᠵᠢᠬᠦ | ᠲᠦᠷᠢᠮ ᠲᠣᠭᠳᠠᠭᠠᠬᠤ ᠶᠢᠨ ᠬᠠᠮᠳᠦ ᠡᠪᠡᠳᠴᠢᠨ ᠢᠶᠠᠷ ᠦᠬᠦᠭᠰᠡᠨ ᠮᠠᠯ ᠵᠢᠭᠦᠷᠳᠡᠨ ᠵᠢᠴᠢ ᠬᠢᠷᠢ ᠲᠡᠩᠴᠡᠬᠦ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠢ ᠬᠦᠨᠦᠭᠡᠯ | ᠦᠭᠡᠢ ᠪᠠᠷ ᠰᠢᠢᠳᠪᠦᠷᠢᠯᠡᠬᠦ ᠲᠣᠭᠳᠠᠯᠴᠠᠭ᠎ᠠ ᠶᠢ ᠪᠠᠶᠢᠭᠤᠯᠣᠨ᠎ᠠ᠃ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ︽ᠬᠠᠷ᠎ᠠ ᠲᠠᠩᠰᠠ︾ ᠶᠢᠨ ᠲᠦᠷᠢᠮ | ᠲᠣᠭᠳᠠᠭᠠᠨ᠂ ᠬᠠᠣᠯᠢ ᠵᠦᠷᠢᠴᠡᠭᠰᠡᠨ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠮᠡᠳᠡᠭᠡ ᠵᠠᠩᠬᠢ ᠶᠢ ᠬᠠᠣᠯᠢ ᠶᠣᠰᠣᠭᠠᠷ ᠨᠡᠶᠢᠳᠡᠯᠡᠨ᠎ᠡ᠃ | ︵ᠭᠤᠷᠪᠠ︶ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ ᠵᠢᠴᠢ | ᠲᠡᠵᠢᠭᠡᠯ ᠪᠣᠷᠳᠣᠭᠠᠨ ᠤ ᠨᠡᠮᠡᠯᠳᠡ ᠡᠳ᠋ ᠵᠡᠷᠭᠡ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠢ ᠵᠠᠬ᠎ᠠ ᠲᠡᠯᠭᠡᠭᠦᠷ ᠳᠤ ᠣᠷᠣᠭᠤᠯᠬᠤ ᠵᠦᠪᠰᠢᠶᠡᠷᠡᠯ ᠤᠨ | ᠬᠠᠮᠢᠶᠠᠷᠣᠯᠳᠠ ᠪᠠ ᠣᠶᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ ᠨᠡᠷᠡᠰ ᠤᠨ ᠪᠦᠷᠢᠳᠬᠡᠯ ᠤᠨ ᠲᠦᠷᠢᠮ ᠢ | ᠴᠢᠩᠭᠠᠳᠬᠠᠵᠣ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠬᠤᠳᠠᠯᠳᠣᠨ ᠠᠪᠣᠭᠰᠠᠨ ᠪᠠᠷᠢᠮᠳᠠ᠂ ᠡᠵᠡᠩᠨᠡᠯᠳᠡ ᠶᠢᠨ ᠲᠠᠩᠰᠠ ᠬᠠᠮᠢᠶᠠᠷᠣᠯᠳᠠ ᠶᠢᠨ | ᠲᠦᠷᠢᠮ ᠢ ᠨᠠᠶᠢᠳᠠᠪᠦᠷᠢᠵᠢᠭᠤᠯᠣᠨ᠎ᠠ᠃ ᠲᠠᠷᠢᠶᠠᠨ ᠡᠮ ᠤᠨ ᠣᠭᠤᠳᠠ ᠪᠣᠭᠤᠳᠠᠯ ᠬᠠᠶᠠᠭᠳᠠᠮᠠᠯ ᠪᠣᠳᠠᠰ ᠢ ᠬᠤᠷᠢᠶᠠᠨ ᠴᠣᠭᠯᠠᠭᠤᠯᠵᠣ ᠰᠢᠢᠳᠪᠦᠷᠢᠯᠡᠭᠦ ᠲᠣᠭᠳᠠᠯᠴᠠᠭ᠎ᠠ | ᠶᠢ ᠪᠠᠶᠢᠭᠤᠯᠣᠨ᠂ ᠬᠤᠣᠷᠳᠦ ᠲᠠᠷᠢᠶᠠᠨ ᠡᠮ ᠢ ᠲᠣᠭᠳᠠᠭᠰᠠᠨ ᠭᠠᠵᠠᠷ ᠲᠤ ᠡᠵᠡᠩᠨᠡᠬᠦ᠂ ᠦᠨᠡᠨ ᠨᠡᠷ᠎ᠡ ᠪᠠᠷ ᠬᠤᠳᠠᠯᠳᠣᠨ ᠠᠪᠬᠤ ᠲᠦᠷᠢᠮ ᠢ 100% ᠪᠠᠷ | ᠨᠠᠶᠢᠳᠠᠪᠦᠷᠢᠵᠢᠭᠤᠯᠵᠣ᠂ ᠮᠠᠯ ᠤᠨ ᠡᠮ ᠤᠨ ᠣᠬᠢ ᠰᠠᠶᠢᠨ ᠣᠶᠢᠯᠠᠳᠪᠦᠷᠢᠯᠠᠯ ᠪᠠ ᠡᠵᠡᠩᠨᠡᠯᠳᠡ ᠶᠢᠨ ᠲᠦᠷᠢᠮᠵᠢᠯ ᠢ ᠬᠡᠷᠡᠭᠵᠢᠭᠦᠯᠦᠨ᠂ ᠲᠡᠵᠢᠭᠡᠨ ᠦᠷᠡᠵᠢᠭᠦᠯᠭᠡ ᠶᠢᠨ | ᠬᠤᠭᠤᠴᠠᠭᠠᠨ ᠳᠠᠬᠢ ᠦᠪᠡᠷ ᠢᠶᠠᠨ ᠲᠣᠬᠢᠷᠠᠭᠤᠯᠬᠤ ᠬᠤᠯᠢᠰᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠮᠠᠯ ᠲᠠᠷᠢᠶᠠᠯᠠᠩ ᠤᠨ ᠣᠶᠢᠯᠠᠰ ᠤᠨ ᠠᠮᠣᠷ | ᠲᠦᠪᠰᠢᠨ ᠣᠷᠣᠭᠤᠯᠣᠯᠳᠠ ᠪᠣᠳᠠᠰ ᠤᠨ ᠡᠵᠡᠩᠨᠡᠯᠳᠡ ᠪᠠ ᠲᠣᠬᠢᠷᠠᠭᠤᠯᠣᠨ ᠬᠦᠷᠭᠡᠭᠦ ᠲᠣᠣᠷᠵᠢᠯ ᠢ ᠪᠠᠶᠢᠭᠤᠯᠣᠨ᠂ ᠬᠡᠯᠬᠢᠶᠡᠳᠦ ᠲᠡᠯᠭᠡᠭᠦᠷ᠂ ᠨᠢᠭᠡᠳᠦᠯᠳᠡᠢ ᠬᠤᠳᠠᠯᠳᠣᠨ | ᠠᠪᠬᠤ᠂ ᠲᠣᠬᠢᠷᠠᠭᠤᠯᠣᠨ ᠬᠦᠷᠭᠡᠬᠦ ᠵᠡᠷᠭᠡ ᠡᠵᠡᠩᠨᠡᠯᠳᠡ ᠪᠣᠷᠣᠯᠠᠭᠤᠯᠣᠯᠳᠠ ᠶᠢᠨ ᠵᠠᠭᠪᠣᠷ ᠢ ᠬᠡᠷᠡᠭᠵᠢᠭᠦᠯᠦᠭᠰᠡᠨ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ | ᠪᠣᠳᠠᠰ ᠢ ᠲᠣᠰ ᠭᠠᠵᠠᠷ ᠤᠨ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠶᠡᠷᠦᠩᠬᠡᠢ ᠬᠡᠮᠵᠢᠶᠡᠨ ᠤ 70% ᠠᠴᠠ ᠲᠡᠭᠡᠭᠰᠢ ᠶᠢ ᠡᠵᠡᠯᠡᠭᠦᠯᠦᠨ᠎ᠡ | ᠃ ᠵᠠᠩᠬᠢᠴᠢᠯᠠᠭᠰᠠᠨ ᠬᠢᠨᠠᠯᠳᠠ ᠬᠠᠮᠢᠶᠠᠷᠣᠯᠳᠠ ᠶᠢᠨ ᠠᠷᠭ᠎ᠠ ᠶᠢ ᠠᠰᠢᠭᠯᠠᠨ᠂ ᠣᠷᠣᠭᠤᠯᠣᠯᠳᠠ ᠪᠣᠳᠠᠰ ᠤᠨ ᠡᠵᠡᠩᠨᠡᠯᠳᠡ ᠳᠤ ᠪᠠᠶᠢᠴᠠᠭᠠᠯᠳᠠ᠂ ᠬᠢᠨᠠᠨ | ᠬᠠᠷᠭᠤᠭᠤᠯᠣᠯᠳᠠ᠂ ᠲᠠᠩᠰᠠᠯᠠᠯᠳᠠ᠂ ᠮᠦᠷᠳᠡᠯᠳᠡ ᠬᠢᠵᠣ᠂ 100% ᠪᠠᠷ ᠲᠠᠪᠴᠠᠩ ᠤᠨ ᠬᠠᠮᠢᠶᠠᠷᠣᠯᠳᠠ ᠳᠤ ᠣᠷᠣᠭᠤᠯᠬᠤ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ | ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠶᠠᠰᠣ ᠴᠢᠨᠠᠷ ᠤᠨ ᠪᠠᠶᠢᠩᠭᠤᠵᠢᠭᠰᠠᠨ ᠬᠢᠨᠠᠨ ᠬᠡᠮᠵᠢᠯᠳᠡ ᠶᠢᠨ ᠲᠦᠷᠢᠮ ᠢ ᠲᠣᠭᠳᠠᠭᠠᠨ᠂ ᠲᠣᠭᠳᠠᠭᠰᠠᠨ | ᠬᠤᠭᠤᠴᠠᠭ᠎ᠠ ᠲᠠᠢ ᠪᠠᠷ ᠬᠤᠰᠢᠭᠤᠨ ᠤ ᠭᠤᠣᠯ ᠣᠶᠢᠯᠠᠳᠪᠦᠷᠢᠯᠠᠯ ᠤᠨ ᠰᠠᠭᠤᠷᠢᠨ ᠭᠠᠵᠠᠷ᠂ ᠠᠷᠠᠯᠵᠢᠶᠠᠨ ᠤ ᠵᠠᠬ᠎ᠠ ᠲᠡᠯᠭᠡᠭᠦᠷ ᠤᠨ ᠣᠷᠣᠭᠤᠯᠣᠯᠳᠠ ᠪᠣᠳᠠᠰ ᠲᠤ | ᠬᠢᠨᠠᠯᠳᠠ ᠰᠣᠭᠤᠯᠣᠨ ᠪᠠᠶᠢᠴᠠᠭᠠᠯᠳᠠ ᠪᠠ ᠮᠡᠷᠭᠡᠵᠢᠯ ᠤᠨ ᠵᠢᠯᠣᠭᠤᠳᠣᠯᠭ᠎ᠠ ᠬᠢᠵᠣ᠂ ᠮᠠᠯ ᠲᠠᠷᠢᠶᠠᠨ ᠡᠮ᠂ ᠲᠡᠵᠢᠭᠡᠯ ᠪᠣᠷᠳᠤᠭ᠎ᠠ ᠪᠠ ᠲᠡᠵᠢᠭᠡᠯ ᠪᠣᠷᠳᠣᠭᠠᠨ ᠤ ᠨᠡᠮᠡᠯᠳᠡ | ᠡᠳ᠋ ᠤᠨ ᠬᠡᠷᠡᠭᠯᠡᠯᠳᠡ ᠶᠢ ᠬᠤᠷᠢᠭᠯᠠᠨ ᠬᠢᠵᠠᠭᠠᠷᠯᠠᠬᠤ ᠵᠡᠷᠭᠡ ᠬᠤᠯᠪᠣᠭᠳᠠᠯ ᠪᠦᠬᠦᠢ ᠲᠦᠷᠢᠮ ᠲᠣᠭᠳᠠᠭᠠᠯ ᠢ ᠡᠷᠡᠰ ᠴᠢᠩᠭ᠎ᠠ ᠬᠡᠷᠡᠭᠵᠢᠭᠦᠯᠦᠨ᠎ᠡ᠃ ᠮᠠᠯ ᠲᠠᠷᠢᠶᠠᠯᠠᠩ ᠤᠨ | ᠣᠶᠢᠯᠠᠰ ᠤᠨ ᠣᠷᠣᠭᠤᠯᠣᠯᠳᠠ ᠪᠣᠳᠠᠰ ᠢ ᠣᠶᠢᠯᠠᠳᠪᠦᠷᠢᠯᠠᠯ ᠤᠨ ᠭᠤᠭᠴᠣᠭᠠᠨ ᠳᠤ ᠬᠠᠣᠯᠢ ᠪᠣᠰᠣ ᠪᠠᠷ ᠨᠡᠮᠡᠯᠳᠡ ᠬᠢᠬᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ | ᠂ ᠭᠡᠷᠡᠴᠢ ᠦᠨᠡᠮᠯᠡᠯ ᠦᠭᠡᠢ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠣᠶᠢᠯᠠᠳᠪᠦᠷᠢᠯᠡᠭᠰᠡᠨ ᠠᠵᠣ ᠠᠬᠤᠶᠢᠯᠠᠯ ᠢ ᠬᠠᠣᠯᠢ ᠶᠣᠰᠣᠭᠠᠷ ᠬᠠᠭᠠᠨ᠎ᠠ᠃ | ︵ᠲᠦᠷᠪᠡ︶ ᠰᠢᠯᠭᠠᠨ ᠪᠠᠶᠢᠴᠠᠭᠠᠬᠤ ᠠᠵᠢᠯ ᠢ ᠭᠦᠨᠵᠡᠭᠡᠢ ᠦᠷᠨᠢᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ | ᠬᠢᠨᠠᠨ ᠬᠡᠮᠵᠢᠯᠳᠡ ᠶᠢᠨ ᠲᠦᠯᠦᠪᠯᠡᠭᠡ ᠶᠢ ᠲᠣᠭᠳᠠᠭᠠᠨ ᠬᠡᠷᠡᠭᠵᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠣᠶᠢᠯᠠᠳᠪᠦᠷᠢᠯᠡᠨ ᠪᠣᠷᠣᠯᠠᠭᠤᠯᠬᠤ ᠠᠵᠣ | ᠠᠬᠤᠶᠢᠯᠠᠯ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ᠂ ᠣᠶᠢᠯᠠᠳᠪᠦᠷᠢᠯᠠᠯ ᠤᠨ ᠰᠠᠭᠤᠷᠢᠨ ᠭᠠᠵᠠᠷ᠂ | ᠲᠠᠷᠢᠵᠣ ᠲᠡᠵᠢᠭᠡᠬᠦ ᠲᠣᠰᠬᠠᠢ ᠡᠷᠦᠬᠡ ᠪᠠ ᠬᠤᠳᠠᠯᠳᠣᠨ ᠠᠪᠴᠦ ᠬᠠᠳᠠᠭᠠᠯᠠᠨ ᠵᠦᠭᠡᠭᠡᠪᠦᠷᠢᠯᠠᠬᠦ ᠠᠵᠣ ᠠᠬᠤᠶᠢᠯᠠᠯ ᠵᠢᠴᠢ ᠪᠦᠭᠡᠮ ᠢᠶᠠᠷ ᠪᠣᠷᠣᠯᠠᠭᠤᠯᠬᠤ᠂ ᠵᠢᠵᠢᠭᠯᠡᠨ | ᠪᠣᠷᠣᠯᠠᠭᠤᠯᠬᠤ ᠵᠠᠬ᠎ᠠ ᠲᠡᠯᠭᠡᠭᠦᠷ ᠢ ᠪᠦᠬᠦᠨ ᠢ ᠬᠠᠮᠣᠷᠠᠭᠤᠯᠣᠨᠠ᠃ ᠬᠤᠰᠢᠭᠤ ᠱᠠᠳᠣᠨ ᠤ ᠪᠦᠬᠦ ᠵᠢᠯ ᠤᠨ ᠰᠢᠯᠭᠠᠨ ᠪᠠᠶᠢᠴᠠᠭᠠᠭᠰᠠᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠲᠤᠭ᠎ᠠ ᠨᠣᠷᠮ᠎ᠠ ᠶᠢ 3000 ᠳᠤ ᠬᠦᠷᠭᠡᠵᠣ᠂ ᠲᠣᠭᠳᠠᠭᠰᠠᠨ ᠬᠡᠮᠵᠢᠶ᠎ᠡ ᠲᠠᠢ ᠰᠣᠭᠤᠯᠣᠨ ᠪᠠᠶᠢᠴᠠᠭᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠬᠡᠪ ᠶᠠᠩᠵᠣ ᠶᠢᠨ ᠬᠡᠮᠵᠢᠶ᠎ᠡ ᠶᠢ 300 ᠬᠦᠷᠭᠡᠨ᠂ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠡᠵᠡᠩᠨᠡᠯᠳᠡ ᠶᠢᠨ ᠠᠵᠣ | ᠠᠬᠤᠶᠢᠯᠠᠯ ᠪᠠ ᠮᠠᠯᠴᠢᠨ ᠲᠠᠷᠢᠶᠠᠴᠢᠳ ᠤᠨ ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠦᠪᠡᠷ ᠤᠨ ᠪᠠᠶᠢᠴᠠᠭᠠᠯᠳᠠ ᠶᠢᠨ | ᠲᠦᠷᠢᠮ ᠤᠨ ᠨᠠᠶᠢᠳᠠᠪᠦᠷᠢᠵᠢᠭᠤᠯᠣᠯᠳᠠ ᠶᠢ 100% ᠳᠤ ᠬᠦᠷᠭᠡᠨ᠎ᠡ᠃ ᠡᠯ᠎ᠡ ᠪᠠᠯᠭᠠᠰᠣᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠡᠳᠦᠷ ᠲᠣᠳᠣᠮ ᠤᠨ | ᠲᠣᠭᠤᠷᠢᠨ ᠪᠠᠶᠢᠴᠠᠭᠠᠯᠳᠠ᠂ ᠲᠦᠷᠬᠡᠨ ᠬᠡᠮᠵᠢᠯᠳᠡ ᠪᠣᠯᠣᠨ ᠵᠢᠯᠣᠭᠤᠳᠬᠤ ᠣᠶᠢᠯᠡᠴᠢᠯᠡᠭᠡ ᠵᠡᠷᠭᠡ ᠠᠵᠢᠯ ᠢᠶᠠᠨ ᠨᠠᠶᠢᠳᠠᠪᠦᠷᠢᠵᠢᠭᠤᠯᠣᠨ᠂ ᠡᠯ᠎ᠡ ᠪᠠᠯᠭᠠᠰᠣᠨ ᠤ ᠬᠢᠨᠠᠯᠳᠠ | ᠬᠠᠮᠢᠶᠠᠷᠣᠯᠳᠠ ᠶᠢᠨ ᠪᠠᠶᠢᠭᠤᠯᠣᠮᠵᠢ ᠶᠢᠨ ᠪᠦᠬᠦ ᠵᠢᠯ ᠤᠨ ᠲᠦᠷᠭᠡᠨ ᠪᠠᠶᠢᠴᠠᠭᠠᠨ ᠬᠡᠮᠵᠢᠭᠰᠡᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠪ ᠶᠠᠩᠵᠣ ᠶᠢᠨ ᠬᠡᠮᠵᠢᠶ᠎ᠡ | ᠶᠢ 2400 ᠳᠤ ᠬᠦᠷᠭᠡᠨ᠎ᠡ᠃ | ︵ᠲᠠᠪᠤ︶ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠦᠯᠳᠡ ᠶᠢ ᠴᠢᠩᠭᠠᠳᠬᠠᠵᠣ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ | ᠣᠶᠢᠯᠠᠳᠪᠦᠷᠢᠯᠠᠯ ᠡᠵᠡᠩᠨᠡᠯᠳᠡ ᠪᠠ ᠮᠠᠯ ᠲᠠᠷᠢᠶᠠᠯᠠᠩ ᠤᠨ ᠪᠦᠳᠦᠭᠡᠭᠳᠡᠭᠦᠨ ᠢ ᠣᠶᠢᠯᠠᠳᠪᠦᠷᠢᠯᠡᠭᠦ᠂ ᠬᠤᠳᠠᠯᠳᠣᠨ ᠠᠪᠬᠤ᠂ ᠬᠠᠳᠠᠭᠠᠯᠠᠨ ᠵᠦᠭᠡᠭᠡᠪᠦᠷᠢᠯᠡᠭᠦ᠂ ᠨᠢᠳᠣᠯᠬᠤ᠂ | ᠪᠦᠭᠡᠮ ᠢᠶᠠᠷ ᠪᠣᠷᠣᠯᠠᠭᠤᠯᠬᠤ᠂ ᠵᠢᠵᠢᠭᠯᠡᠨ ᠪᠣᠷᠣᠯᠠᠭᠤᠯᠬᠤ ᠵᠠᠬ᠎ᠠ ᠲᠡᠯᠭᠡᠭᠦᠷ ᠵᠡᠷᠭᠡ ᠭᠤᠣᠯᠳᠠᠯᠭᠠᠳᠦ ᠭᠤᠭᠴᠣᠭᠠᠨ ᠳᠤ ᠪᠠᠶᠢᠩᠭᠤ ᠶᠢᠨ ᠴᠢᠨᠠᠷᠳᠠᠢ ᠬᠠᠣᠯᠢ | ᠬᠡᠷᠡᠭᠵᠢᠭᠦᠯᠬᠦ ᠪᠠᠶᠢᠴᠠᠭᠠᠯᠳᠠ ᠶᠠᠪᠣᠭᠳᠠᠭᠤᠯᠣᠨ᠎ᠠ᠃ ᠮᠠᠯ ᠲᠠᠷᠢᠶᠠᠯᠠᠩ ᠤᠨ ᠬᠤᠳᠠᠯ ᠬᠠᠭᠤᠷᠮᠠᠭ ᠡᠳ᠋ ᠪᠠᠷᠠᠭ᠎ᠠ ᠣᠶᠢᠯᠳᠣᠨ ᠪᠣᠷᠣᠯᠠᠭᠤᠯᠬᠤ᠂ ᠣᠶᠢᠯᠠᠳᠪᠦᠷᠢᠯᠠᠯ | ᠪᠣᠷᠣᠯᠠᠭᠤᠯᠣᠯᠳᠠ ᠳᠤ ᠬᠤᠷᠢᠭ᠎ᠠ ᠲᠠᠢ ᠮᠠᠯ ᠲᠠᠷᠢᠶᠠᠨ ᠡᠮ ᠬᠡᠷᠡᠭᠯᠡᠬᠦ᠂ ᠬᠠᠣᠯᠢ ᠪᠣᠰᠣ ᠪᠠᠷ ᠬᠤᠣᠷ ᠬᠦᠨᠦᠭᠡᠯ ᠲᠠᠢ ᠪᠣᠳᠠᠰ ᠨᠡᠮᠡᠭᠦ᠂ ᠡᠪᠡᠳᠴᠢᠨ ᠲᠠᠢ ᠠᠮᠢᠳᠠᠨ ᠢ | ᠨᠢᠳᠦᠯᠡᠨ ᠡᠪᠡᠳᠴᠢᠨ ᠢᠶᠠᠷ ᠦᠬᠦᠭᠰᠡᠨ ᠠᠮᠢᠳᠠᠨ ᠢ ᠬᠤᠷᠢᠶᠠᠨ ᠠᠪᠴᠣ ᠪᠣᠷᠣᠯᠠᠭᠤᠯᠬᠤ᠂ ᠣᠰᠣ ᠲᠠᠷᠢᠬᠤ᠂ ᠲᠣᠷ᠎ᠠ ᠲᠠᠪᠠ ᠪᠠᠷ ᠠᠯᠠᠵᠣ ᠨᠢᠳᠦᠯᠡᠬᠤ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠭᠡᠷᠡᠴᠢᠯᠡᠭᠡ ᠶᠢ ᠬᠠᠭᠤᠷᠮᠠᠭᠯᠠᠨ ᠵᠣᠬᠢᠶᠠᠬᠤ᠂ ︽ᠭᠤᠷᠪᠠᠨ ᠪᠦᠳᠦᠭᠡᠭᠳᠡᠭᠦᠨ ᠨᠢᠭᠡ ᠲᠡᠮᠳᠡᠭᠳᠦ | ︾ ᠪᠦᠳᠦᠭᠡᠭᠳᠡᠭᠦᠨ ᠤ ᠲᠡᠮᠳᠡᠭ ᠵᠡᠷᠭᠡ ᠶᠢ ᠬᠠᠭᠤᠷᠮᠠᠭ ᠢᠶᠠᠷ ᠵᠣᠬᠢᠶᠠᠨ ᠬᠡᠷᠡᠭᠯᠡᠭᠦ ᠵᠡᠷᠭᠡ ᠬᠠᠣᠯᠢ ᠲᠦᠷᠢᠮ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ | ᠦᠭᠭᠦᠨ᠎ᠡ᠃ ᠬᠡᠷᠡᠭ ᠢ ᠪᠠᠶᠢᠴᠠᠭᠠᠬᠤ ᠪᠠ ᠰᠢᠢᠳᠬᠡᠬᠦ ᠡᠷᠴᠢᠮ ᠢᠶᠠᠨ ᠴᠢᠩᠭᠠᠷᠠᠭᠤᠯᠣᠨ᠂ ᠰᠦᠪᠡᠭᠴᠢ ᠢᠯᠡᠷᠡᠭᠦᠯᠬᠦ ᠪᠠ ᠨᠡᠶᠢᠳᠡᠯᠡᠭᠦ᠂ ᠬᠡᠷᠡᠭ ᠢ ᠬᠠᠮᠵᠢᠨ ᠪᠠᠶᠢᠴᠠᠭᠠᠬᠤ᠂ | ᠬᠤᠯᠪᠣᠭᠠᠯᠠᠨ ᠰᠢᠢᠳᠬᠡᠬᠦ᠂ ᠬᠦᠨᠳᠦ ᠶᠡᠭᠡ ᠬᠡᠷᠡᠭ ᠢ ᠢᠯᠡᠷᠡᠭᠦᠯᠦᠭᠰᠡᠳ ᠢ ᠬᠦᠬᠢᠭᠦᠯᠦᠨ ᠱᠠᠩᠨᠠᠬᠤ ᠵᠡᠷᠭᠡ ᠲᠣᠭᠳᠠᠴᠠ ᠶᠢ ᠪᠠᠶᠢᠭᠤᠯᠵᠣ᠂ ᠬᠠᠣᠯᠢ ᠵᠦᠷᠢᠴᠡᠭᠰᠡᠨ | ᠠᠵᠢᠯᠯᠠᠭ᠎ᠠ ᠶᠠᠯᠠᠳᠦ ᠠᠵᠢᠯᠯᠠᠭ᠎ᠠ ᠶᠢ ᠴᠠᠭ ᠲᠣᠬᠠᠢ ᠳᠤ ᠨᠢ ᠲᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠣᠰᠢᠶᠠᠵᠣ᠂ ᠬᠡᠷᠡᠭ ᠢ ᠰᠢᠯᠵᠢᠭᠦᠯᠦᠨ | ᠲᠣᠰᠢᠶᠠᠬᠤ ᠨᠣᠷᠮ᠎ᠠ ᠶᠢ 100% ᠳᠤ ᠬᠦᠷᠭᠡᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠪᠠ ᠡᠷᠡᠭᠦᠣ ᠶᠢᠨ ᠬᠡᠷᠡᠭ ᠬᠠᠣᠯᠢ ᠴᠠᠭᠠᠵᠠ ᠶᠢᠨ ᠮᠡᠳᠡᠭᠡ ᠵᠠᠩᠬᠢ | ᠶᠢ ᠬᠠᠮᠳᠦ ᠡᠳ᠋ᠯᠡᠬᠦ ᠲᠠᠪᠴᠠᠩ ᠢ ᠭᠦᠢᠴᠡᠳ ᠠᠰᠢᠭᠯᠠᠨ᠎ᠠ᠃ ᠪᠠᠴᠢᠮ ᠢ ᠠᠷᠭᠠᠴᠠᠨ ᠰᠢᠢᠳᠪᠦᠷᠢᠯᠡᠬᠦ ᠲᠣᠭᠳᠠᠴᠠ ᠶᠢ ᠲᠡᠭᠦᠯᠳᠡᠷᠵᠢᠭᠦᠯᠦᠨ᠂ ᠭᠡᠨᠡᠳᠳᠡ ᠶᠢᠨ ᠬᠡᠷᠡᠭ ᠢ | ᠲᠣᠬᠢᠳᠠᠢ ᠰᠢᠢᠳᠪᠦᠷᠢᠯᠡᠨ᠎ᠡ᠃ | ︵ᠵᠢᠷᠭᠤᠭ᠎ᠠ︶ ᠪᠠᠷᠢᠮᠵᠢᠶᠠᠵᠢᠭᠰᠠᠨ ᠣᠶᠢᠯᠠᠳᠪᠦᠷᠢᠯᠠᠯ ᠤᠨ ᠲᠦᠪᠰᠢᠨ ᠢ ᠲᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠣᠶᠢᠯᠠᠰ ᠤᠨ ᠪᠠᠷᠢᠮᠵᠢᠶᠠᠵᠢᠯᠳᠡ ᠶᠢ | ᠲᠦᠷᠭᠡᠳᠬᠡᠵᠣ᠂ ᠨᠢᠭᠡᠳᠦᠯᠳᠡᠢ ᠰᠡᠷᠭᠡᠶᠢᠯᠡᠨ ᠵᠠᠰᠠᠬᠤ᠂ ᠪᠣᠬᠢᠷᠳᠣᠯ ᠢ ᠰᠡᠷᠭᠡᠶᠢᠯᠡᠨ ᠡᠵᠡᠮᠳᠡᠬᠦ᠂ ᠪᠣᠷᠳᠣᠭᠤᠷ ᠲᠣᠬᠢᠷᠠᠭᠤᠯᠣᠨ ᠨᠠᠶᠢᠷᠠᠭᠤᠯᠬᠤ᠂ ᠡᠷᠡᠭᠦᠯ ᠢᠶᠠᠷ ᠲᠡᠵᠢᠭᠡᠨ | ᠦᠷᠡᠵᠢᠭᠦᠯᠬᠦ ᠪᠣᠯᠣᠨ ᠬᠤᠣᠷ ᠬᠦᠨᠦᠭᠡᠯ ᠪᠠᠭ᠎ᠠ ᠦᠨᠳᠦᠷ ᠠᠰᠢᠭᠳᠦ ᠲᠠᠷᠢᠶᠠᠨ ᠡᠮ ᠬᠡᠷᠡᠭᠯᠡᠬᠦ ᠵᠡᠷᠭᠡ ᠮᠡᠷᠭᠡᠵᠢᠯ ᠢ ᠬᠡᠷᠡᠭᠯᠡᠨ᠂ ᠣᠯᠣᠰ ᠤᠨ ᠪᠠᠷᠢᠮᠵᠢᠶ᠎ᠠ᠂ | ᠲᠣᠬᠠᠶᠢᠯᠠᠭᠰᠠᠨ ᠠᠵᠢᠯ ᠤᠨ ᠪᠠᠷᠢᠮᠵᠢᠶ᠎ᠡ ᠲᠠᠢ ᠬᠠᠷᠠᠭᠠᠯᠵᠠᠭᠰᠠᠨ ᠭᠠᠵᠠᠷ ᠣᠷᠣᠨ ᠤ ᠭᠤᠣᠯᠳᠠᠭᠠᠳᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ | ᠲᠦᠷᠢᠮᠵᠢᠯ ᠢ ᠵᠠᠰᠠᠪᠦᠷᠢᠯᠠᠨ ᠲᠣᠭᠳᠠᠭᠠᠵᠣ᠂ 100% ᠪᠠᠷ ᠡᠷᠦᠬᠡ ᠳᠤ ᠬᠦᠷᠭᠡᠨ᠎ᠡ᠃ ᠪᠣᠬᠢᠷᠳᠣᠯ ᠦᠭᠡᠢ ᠢᠳᠡᠭᠡᠨ ᠣᠮᠳᠠᠭᠠᠨ ᠤ ᠣᠭ ᠮᠡᠲ᠋ᠧᠷᠢᠶᠠᠯ ᠤᠨ | ᠪᠠᠷᠢᠮᠵᠢᠶᠠᠵᠢᠭᠰᠠᠨ ᠰᠠᠭᠤᠷᠢᠨ ᠢ ᠢᠳᠡᠪᠬᠢᠳᠡᠢ ᠪᠠᠶᠢᠭᠤᠯᠣᠨ᠂ ᠨᠣᠭᠤᠭ᠎ᠠ ᠵᠢᠮᠢᠰ ᠤᠨ ᠪᠠᠷᠢᠮᠵᠢᠶᠠᠵᠢᠭᠰᠠᠨ ᠬᠦᠷᠢᠶᠡᠯᠡᠩ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ | ᠶᠢᠨ ᠪᠠᠷᠢᠮᠵᠢᠶᠠᠵᠢᠭᠰᠠᠨ ᠲᠠᠭᠤᠷᠢᠶᠠᠯ ᠲᠠᠯᠠᠪᠣᠷ᠂ ᠣᠰᠣᠨ ᠭᠠᠷᠣᠯᠳᠠ ᠶᠢᠨ ᠪᠠᠷᠢᠮᠵᠢᠶᠠᠵᠢᠭᠰᠠᠨ ᠡᠷᠡᠭᠦᠯ ᠲᠡᠵᠢᠭᠡᠨ ᠦᠷᠡᠵᠢᠭᠦᠯᠭᠡ ᠶᠢᠨ ᠲᠠᠭᠤᠷᠢᠶᠠᠯ ᠲᠠᠯᠠᠪᠣᠷ | ᠪᠠᠶᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠭᠡᠷᠡᠴᠢᠯᠡᠯ ᠢ ᠬᠡᠷᠡᠭᠵᠢᠭᠦᠯᠦᠨ᠂ ᠭᠡᠷᠡᠴᠢᠯᠡᠯ ᠤᠨ ᠬᠢᠨᠠᠯᠳᠠ | ᠬᠠᠮᠢᠶᠠᠷᠣᠯᠳᠠ ᠪᠠ ᠨᠦᠬᠦᠪᠦᠷᠢ ᠱᠠᠩᠨᠠᠯ ᠤᠨ ᠲᠣᠭᠳᠠᠯᠴᠠᠭ᠎ᠠ ᠶᠢ ᠪᠦᠷᠢᠳᠦᠭᠦᠯᠵᠣ᠂ ᠮᠠᠯ ᠲᠠᠷᠢᠶᠠᠯᠠᠩ ᠤᠨ ᠰᠢᠯᠢᠳᠡᠭ ᠴᠢᠨᠠᠷ ᠤᠨ ᠠᠶᠣᠯᠭᠦᠢ ᠪᠦᠳᠦᠭᠡᠭᠳᠡᠭᠦᠨ ᠤ | ᠨᠡᠷᠡᠳᠦ ᠲᠡᠮᠳᠡᠭ ᠢ ᠪᠣᠶᠢᠵᠢᠭᠤᠯᠣᠨ᠂ ᠬᠤᠣᠷ ᠬᠦᠨᠦᠭᠡᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ᠂ ᠪᠣᠬᠢᠷᠳᠣᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ | ᠪᠦᠳᠦᠭᠡᠭᠳᠡᠭᠦᠨ᠂ ᠣᠬᠢ ᠰᠠᠶᠢᠨ ᠲᠠᠷᠢᠶᠠᠯᠠᠩ ᠤᠨ ᠲᠦᠷᠢᠮᠵᠢᠯ ᠵᠡᠷᠭᠡ ᠭᠡᠷᠡᠴᠢᠯᠡᠭᠡ ᠦᠨᠡᠯᠡᠯᠳᠡ ᠣᠯᠣᠭᠰᠠᠨ ᠲᠣᠰ ᠭᠠᠵᠠᠷ ᠤᠨ ᠢᠳᠡᠰᠢᠨ ᠬᠡᠷᠡᠭᠯᠡᠭᠡᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠶᠡᠷᠦᠩᠬᠡᠢ ᠬᠡᠮᠵᠢᠶ᠎ᠡ ᠪᠣᠶᠣ ᠲᠠᠯᠠᠪᠠᠢ ᠶᠢᠨ ᠬᠠᠷᠢᠴᠠᠯ ᠢ ᠤ 40% ᠶᠢ ᠡᠵᠡᠯᠡᠭᠦᠯᠦᠨ᠎ᠡ᠃ | ᠭᠡᠷᠡᠴᠢᠯᠡᠭᠦᠯᠦᠭᠰᠡᠨ ᠤ ᠬᠤᠶᠢᠨᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠪᠣᠭᠤᠳᠠᠯ ᠲᠡᠮᠳᠡᠭ ᠤᠨ ᠬᠠᠮᠢᠶᠠᠷᠣᠯᠳᠠ ᠶᠢ ᠲᠦᠷᠢᠮᠵᠢᠭᠦᠯᠵᠣ᠂ ︽ᠭᠤᠷᠪᠠᠨ | ᠪᠦᠳᠦᠭᠡᠭᠳᠡᠭᠦᠨ ᠨᠢᠭᠡ ᠲᠡᠮᠳᠡᠭ︾ ᠤᠨ ᠨᠡᠶᠢᠭᠡᠮ ᠨᠡᠶᠢᠳᠡ ᠶᠢᠨ ᠢᠳᠡᠭᠡᠮᠵᠢ ᠪᠠ ᠨᠡᠷᠡᠳᠦ ᠲᠡᠮᠳᠡᠭ ᠤᠨ ᠠᠯᠳᠠᠷᠰᠢᠯ ᠢ ᠣᠯᠠᠮ ᠨᠢᠭᠡ ᠠᠯᠬᠤᠮ ᠬᠠᠮᠠᠭᠠᠯᠠᠨ᠎ᠠ᠃ | ᠭᠠᠷᠣᠯᠳᠠ ᠶᠢᠨ ᠣᠷᠣᠨ ᠤ ᠣᠷᠴᠢᠨ ᠠᠬᠤᠢ ᠪᠠ ᠪᠣᠬᠢᠷᠳᠣᠯ ᠤᠨ ᠪᠠᠶᠢᠳᠠᠯ ᠳᠤ ᠬᠢᠨᠠᠨ ᠬᠡᠮᠵᠢᠯᠳᠡ ᠬᠢᠵᠣ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ ᠶᠢᠨ | ᠢᠯᠠᠭᠠᠳᠠᠰᠦ ᠶᠢᠨ ᠪᠣᠬᠢᠷᠳᠣᠯ ᠤᠨ ᠰᠡᠷᠭᠡᠶᠢᠯᠡᠨ ᠵᠠᠰᠠᠯᠳᠠ ᠶᠢ ᠴᠢᠩᠭᠠᠳᠬᠠᠨ᠎ᠠ᠃ | ︵ᠲᠣᠯᠤᠭ᠎ᠠ︶ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ | ᠠᠶᠣᠯᠭᠦᠢ ᠶᠢᠨ ᠬᠢᠨᠠᠯᠳᠠ ᠬᠠᠮᠢᠶᠠᠷᠣᠯᠳᠠ᠂ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠦᠯᠳᠡ᠂ ᠰᠢᠯᠭᠠᠨ ᠪᠠᠶᠢᠴᠠᠭᠠᠯᠳᠠ ᠪᠠ ᠢᠳᠡᠭᠡᠨ ᠣᠮᠳᠠᠭᠠᠨ ᠤ ᠠᠶᠣᠯᠭᠦᠢ ᠶᠢᠨ | ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠦᠯᠳᠡ ᠵᠢᠴᠢ ᠬᠤᠯᠪᠣᠭᠳᠠᠯ ᠪᠦᠬᠦᠢ ᠪᠠᠶᠢᠴᠠᠭᠠᠯᠳᠠ ᠬᠡᠮᠵᠢᠯᠳᠡ ᠶᠢ ᠭᠦᠢᠴᠡᠳᠬᠡᠬᠦ ᠰᠠᠯᠠᠭ᠎ᠠ ᠮᠦᠴᠢᠷ ᠤᠨ ᠲᠣᠰᠢᠶᠠᠯ | ᠬᠠᠷᠢᠭᠤᠴᠠᠯᠭ᠎ᠠ ᠶᠢ ᠲᠣᠳᠣᠷᠬᠠᠢ ᠨᠠᠶᠢᠳᠠᠪᠦᠷᠢᠵᠢᠭᠤᠯᠣᠨ᠂ ᠠᠵᠢᠯᠳᠠᠨ ᠠᠵᠢᠯ ᠤᠨ ᠬᠦᠴᠦᠯᠠᠴᠡ ᠶᠢ ᠨᠡᠮᠡᠭᠳᠡᠭᠦᠯᠵᠣ᠂ ᠵᠠᠷᠣᠳᠠᠯ ᠢ ᠪᠠᠳᠣᠯᠠᠨ᠂ ᠠᠵᠢᠯ ᠤᠨ ᠪᠠᠶᠢᠷᠢ | ᠶᠢᠨ ᠬᠠᠷᠢᠭᠤᠴᠠᠯᠭ᠎ᠠ ᠲᠣᠳᠣᠷᠬᠠᠶᠢᠯᠠᠵᠣ᠂ ᠬᠠᠮᠢᠶᠠᠷᠣᠯᠳᠠ ᠶᠢᠨ ᠲᠦᠷᠢᠮ ᠢ ᠪᠦᠷᠢᠨᠰᠢᠭᠦᠯᠦᠨ᠎ᠡ᠃ ᠮᠠᠯ ᠲᠠᠷᠢᠶᠠᠯᠠᠩ ᠪᠠ ᠣᠰᠣᠨ ᠤ ᠶᠠᠪᠣᠳᠠᠯ ᠤᠨ ᠶᠡᠷᠦᠩᠬᠡᠶᠢᠯᠡᠭᠰᠡᠨ | ᠬᠠᠣᠯᠢ ᠬᠡᠷᠡᠭᠵᠢᠭᠦᠯᠬᠦ ᠲᠣᠪᠴᠢᠶᠠᠨ ᠤ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠂ ᠪᠠᠶᠢᠩᠭᠤᠵᠢᠭᠰᠠᠨ ᠬᠠᠣᠯᠢ ᠬᠡᠷᠡᠭᠵᠢᠭᠦᠯᠬᠦ | ᠪᠠᠶᠢᠴᠠᠭᠠᠯᠳᠠ ᠶᠢᠨ ᠲᠦᠷᠢᠮ ᠲᠣᠭᠳᠠᠭᠠᠨ᠎ᠠ᠃ ᠪᠠᠯᠭᠠᠰᠣᠨ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ | ᠬᠠᠮᠢᠶᠠᠷᠣᠯᠳᠠ ᠶᠢᠨ ᠪᠠᠶᠢᠭᠤᠯᠣᠮᠵᠢ ᠪᠠᠶᠢᠭᠤᠯᠣᠨ᠂ ︽ᠪᠠᠶᠢᠭᠤᠯᠣᠮᠵᠢ ᠲᠠᠢ᠂ ᠡᠭᠦᠷᠭᠡ ᠲᠣᠰᠢᠶᠠᠯ ᠲᠠᠢ᠂ ᠠᠵᠢᠯᠳᠠᠨ ᠲᠠᠢ᠂ ᠨᠦᠭᠦᠴᠡᠯ ᠲᠠᠢ᠂ ᠵᠠᠷᠣᠳᠠᠯ ᠲᠠᠢ︾ | ᠱᠠᠭᠠᠷᠳᠠᠯᠭ᠎ᠠ ᠶᠣᠰᠣᠭᠠᠷ ᠠᠵᠢᠯ ᠢᠶᠠᠨ ᠦᠷᠨᠢᠭᠦᠯᠵᠣ᠂ ᠮᠠᠯᠴᠢᠨ ᠲᠠᠷᠢᠶᠠᠴᠢᠳ ᠲᠤ ᠪᠣᠯᠪᠠᠰᠣᠷᠠᠯ ᠬᠦᠷᠳᠡᠭᠡᠭᠦ᠂ ᠶᠠᠰᠣ ᠴᠢᠨᠠᠷ ᠤᠨ ᠠᠶᠣᠯᠭᠦᠢ ᠶᠢᠨ ᠮᠡᠷᠭᠡᠵᠢᠯ ᠢ | ᠲᠦᠭᠡᠮᠡᠯᠵᠢᠭᠦᠯᠬᠦ᠂ ᠪᠠᠷᠢᠮᠵᠢᠶᠠᠵᠢᠭᠤᠯᠣᠯᠳᠠ ᠶᠢᠨ ᠣᠬᠠᠭᠤᠯᠭ᠎ᠠ ᠪᠣᠯᠪᠠᠰᠣᠷᠠᠯ᠂ ᠬᠢᠨᠠᠨ ᠵᠢᠯᠣᠭᠤᠳᠣᠯᠭ᠎ᠠ᠂ ᠲᠣᠭᠤᠷᠢᠨ ᠪᠠᠶᠢᠴᠠᠭᠠᠯᠳᠠ᠂ ᠬᠢᠨᠠᠯᠳᠠ ᠬᠠᠮᠢᠶᠠᠷᠣᠯᠳᠠ ᠶᠢᠨ | ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠵᠡᠷᠭᠡ ᠠᠵᠢᠯ ᠢ ᠰᠠᠶᠢᠳᠦᠷ ᠬᠢᠨ᠎ᠠ᠃ ᠣᠳᠣᠬᠠᠨ ᠤ ᠡᠬᠢ ᠪᠠᠶᠠᠯᠢᠭ ᠢᠶᠠᠨ ᠨᠢᠭᠡᠳᠬᠡᠨ᠂ ᠬᠤᠰᠢᠭᠤ ᠪᠠᠯᠭᠠᠰᠦ ᠬᠤᠶᠠᠷ | ᠱᠠᠳᠣᠨ ᠳᠤ ᠬᠡᠷᠡᠭᠴᠡᠭᠡ ᠪᠦᠬᠦᠢ ᠪᠠᠶᠢᠴᠠᠭᠠᠯᠳᠠ ᠬᠡᠮᠵᠢᠯᠳᠡ᠂ ᠬᠠᠣᠯᠢ ᠬᠡᠷᠡᠭᠵᠢᠭᠦᠯᠦᠨ ᠭᠡᠷᠡᠴᠢ ᠠᠪᠬᠤ᠂ ᠦᠯᠢᠭᠡᠷ ᠶᠠᠩᠵᠣ ᠴᠣᠭᠯᠠᠭᠤᠯᠬᠤ᠂ ᠶᠠᠰᠣ ᠴᠢᠨᠠᠷ ᠢ | ᠮᠦᠷᠳᠡᠬᠦ ᠵᠡᠷᠬᠡ ᠲᠦᠬᠦᠭᠡᠷᠦᠮᠵᠢ ᠵᠢᠴᠢ ᠵᠠᠮ ᠬᠠᠷᠢᠯᠴᠠᠭᠠᠨ ᠤ ᠪᠠᠭᠠᠵᠢ ᠲᠣᠬᠢᠷᠠᠭᠤᠯᠣᠨ᠎ᠠ᠃ ᠡᠭᠦᠷᠭᠡ ᠬᠠᠷᠢᠭᠤᠯᠴᠠᠭ᠎ᠠ ᠲᠣᠳᠣᠷᠬᠠᠢ᠂ ᠬᠢᠨᠠᠨ ᠰᠢᠯᠭᠠᠯᠳᠠ ᠶᠢᠨ | ᠲᠣᠭᠳᠠᠴᠠᠯᠭᠠ ᠪᠦᠷᠢᠨ ᠭᠠᠴᠠᠭ᠎ᠠ ᠲᠣᠰᠬᠤᠨ ᠤ ᠲᠡᠰ ᠤᠨ ᠶᠠᠰᠣ ᠴᠢᠨᠠᠷ ᠤᠨ ᠠᠶᠣᠯᠭᠦᠢ ᠶᠢᠨ ᠬᠢᠨᠠᠨ ᠬᠠᠮᠢᠶᠠᠷᠣᠯᠳᠠ ᠶᠢᠨ ᠡᠩᠨᠡᠭᠡ ᠪᠠᠶᠢᠭᠤᠯᠣᠨ᠂ ᠭᠠᠴᠠᠭ᠎ᠠ | ᠲᠣᠰᠬᠤᠨ ᠤ ᠮᠠᠯ ᠤᠨ ᠡᠮᠴᠢ ᠲᠣᠰᠢᠶᠠᠯ ᠬᠠᠪᠰᠣᠷᠭᠠᠨ ᠬᠠᠮᠢᠶᠠᠷᠴᠦ᠂ ᠭᠠᠴᠠᠭ᠎ᠠ ᠲᠣᠰᠬᠤᠨ ᠤ ᠣᠶᠢᠯᠡᠴᠢᠯᠡᠭᠡᠨ ᠤ ᠦᠷᠳᠡᠭᠡ ᠶᠢ ᠪᠠᠶᠢᠭᠤᠯᠣᠨ᠎ᠠ᠃ ᠬᠤᠰᠢᠭᠤ᠂ | ᠪᠠᠯᠭᠠᠰᠦ᠂ ᠭᠠᠴᠠᠭ᠎ᠠ ᠲᠣᠰᠬᠤᠨ ᠭᠤᠷᠪᠠᠨ ᠱᠠᠳᠣᠨ ᠤ ᠬᠢᠨᠠᠯᠳᠠ ᠬᠠᠮᠢᠶᠠᠷᠣᠯᠳᠠ ᠶᠢᠨ ᠠᠵᠢᠯᠳᠠᠨ ᠳᠤ ᠲᠣᠰᠬᠠᠢ ᠪᠣᠯᠪᠠᠰᠣᠷᠠᠯ ᠬᠦᠷᠳᠡᠭᠡᠬᠦ ᠲᠦᠯᠦᠪᠯᠡᠭᠡ ᠲᠣᠭᠳᠠᠭᠠᠨ | ᠬᠡᠷᠡᠭᠵᠢᠭᠦᠯᠵᠣ᠂ ᠪᠦᠬᠦ ᠠᠵᠢᠯᠳᠠ ᠢᠶᠠᠨ ᠪᠣᠯᠪᠠᠰᠣᠷᠠᠭᠤᠯᠣᠨ ᠬᠢᠨᠠᠨ ᠬᠠᠮᠢᠶᠠᠷᠣᠭᠴᠢ ᠪᠦᠬᠦᠨ ᠤ ᠵᠢᠯ ᠪᠣᠯᠭᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠶᠣᠯᠭᠦᠢ ᠶᠢᠨ ᠲᠠᠯ᠎ᠠ ᠶᠢᠨ ᠲᠦᠪᠯᠡᠷᠡᠩᠬᠦᠢ ᠲᠣᠰᠬᠠᠢ ᠪᠣᠯᠪᠠᠰᠣᠷᠠᠯ ᠢ 40 ᠴᠠᠭ ᠠᠴᠠ ᠲᠣᠣᠷ᠎ᠠ ᠪᠠᠶᠢᠯᠭᠠᠵᠣ ᠪᠣᠯᠬᠤ ᠦᠭᠡᠢ᠃ | ︵ᠨᠠᠢᠮᠠ︶ ᠬᠢᠨᠠᠯᠳᠠ ᠬᠠᠮᠢᠶᠠᠷᠣᠯᠳᠠ ᠶᠢᠨ ᠲᠦᠷᠢᠮ ᠲᠣᠭᠳᠠᠴᠠ ᠶᠢ ᠪᠦᠷᠢᠳᠦᠭᠦᠯᠦᠨ᠎ᠡ᠃ ᠠᠵᠣ ᠣᠶᠢᠯᠠᠰ ᠤᠨ ᠣᠨᠴᠠᠯᠢᠭ ᠲᠠᠢ ᠣᠶᠠᠯᠳᠣᠭᠤᠯᠣᠨ᠂ | ᠰᠠᠨᠠᠭᠠᠴᠢᠯᠭᠠᠳᠦ ᠴᠢᠨᠠᠷ ᠪᠣᠯᠣᠨ ᠪᠦᠳᠦᠭᠡᠯᠴᠢ ᠴᠢᠨᠠᠷ ᠢᠶᠠᠨ ᠪᠠᠳᠠᠷᠠᠭᠤᠯᠵᠣ᠂ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠵᠠᠭᠪᠣᠷ ᠢ ᠬᠡᠷᠡᠭᠵᠢᠭᠦᠯᠦᠨ᠂ | ᠣᠶᠢᠯᠠᠳᠪᠦᠷᠢᠯᠠᠯ ᠤᠨ ᠣᠷᠴᠢᠨ ᠲᠣᠭᠤᠷᠢᠨ ᠤ ᠬᠠᠮᠠᠶᠠᠷᠣᠯᠳᠠ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ᠂ | ᠣᠶᠢᠯᠠᠳᠪᠦᠷᠢᠯᠡᠬᠦ ᠶᠠᠪᠣᠴᠠ ᠳᠠᠬᠢ ᠬᠠᠮᠢᠶᠠᠷᠣᠯᠳᠠ ᠡᠵᠡᠮᠰᠢᠯ᠂ ᠬᠤᠳᠠᠯᠳᠣᠨ ᠠᠪᠴᠦ ᠬᠠᠳᠠᠭᠠᠯᠠᠨ ᠵᠦᠭᠡᠭᠡᠪᠦᠷᠢᠯᠡᠬᠦ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ᠂ | ᠪᠣᠳᠣᠳᠠᠯ ᠲᠡᠮᠳᠡᠭ ᠤᠨ ᠬᠠᠮᠢᠶᠠᠷᠣᠯᠳᠠ ᠵᠡᠷᠭᠡ ᠦᠨᠳᠦᠰᠦᠨ ᠲᠦᠷᠢᠮ ᠲᠣᠭᠳᠠᠭᠠᠯ ᠢ ᠪᠦᠷᠢᠳᠦᠭᠦᠯᠦᠨ᠎ᠡ᠃ ᠭᠠᠵᠠᠷ ᠣᠷᠣᠨ ᠳᠤ ᠨᠢ ᠲᠣᠬᠢᠷᠠᠭᠰᠠᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠮᠦᠷᠳᠡᠯᠳᠡ ᠶᠢᠨ ᠲᠣᠭᠳᠠᠯᠴᠠᠭ᠎ᠠ ᠪᠠᠶᠢᠭᠤᠯᠣᠨ᠂ ᠪᠣᠯᠪᠠᠰᠣᠷᠠᠭᠤᠯᠣᠯᠳᠠ ᠪᠠ ᠭᠦᠢᠯᠭᠡᠭᠡᠨ ᠤ ᠬᠦᠷᠢᠶ᠎ᠡ | ᠴᠠᠷᠠᠭᠠᠨ ᠳᠠᠬᠢ ᠮᠦᠷᠳᠡᠯᠳᠡ ᠶᠢᠨ ᠲᠣᠭᠳᠠᠯᠴᠠᠭ᠎ᠠ ᠯᠤᠭ᠎ᠠ ᠶᠢᠨ ᠠᠪᠴᠠᠯᠳᠣᠭᠤᠯᠣᠯ ᠢ ᠪᠡᠶᠡᠯᠡᠭᠦᠯᠣᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠣᠶᠢᠯᠠᠳᠪᠦᠷᠢᠯᠡᠬᠦ | ᠠᠵᠣ ᠠᠬᠤᠶᠢᠯᠠᠯ᠂ ᠮᠠᠯᠴᠢᠨ ᠲᠠᠷᠢᠶᠠᠴᠢᠳ ᠤ ᠲᠣᠰᠬᠠᠢ ᠬᠠᠮᠳᠣᠷᠠᠯ ᠠᠵᠣ ᠠᠬᠤᠢ ᠶᠢᠨ ᠵᠣᠬᠢᠶᠠᠨ ᠪᠠᠶᠢᠭᠤᠯᠣᠯᠳᠠ᠂ ᠬᠤᠳᠠᠯᠳᠣᠨ ᠠᠪᠴᠦ ᠬᠠᠳᠠᠭᠠᠯᠠᠨ | ᠵᠦᠭᠡᠭᠡᠪᠦᠷᠢᠯᠡᠬᠦ ᠠᠵᠣ ᠠᠬᠤᠶᠢᠯᠠᠯ ᠤᠳ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠠᠷᠣᠯᠳᠠ ᠶᠢᠨ ᠣᠷᠣᠨ ᠤ ᠭᠡᠷᠡᠴᠢ ᠲᠡᠮᠳᠡᠭ᠂ ᠦᠪᠡᠷ ᠤᠨ ᠪᠠᠶᠢᠴᠠᠭᠠᠯᠳᠠ᠂ | ᠣᠷᠣᠭᠤᠯᠣᠭᠰᠠᠨ ᠪᠠᠷᠠᠭᠠᠨ ᠤ ᠰᠢᠯᠭᠠᠨ ᠪᠠᠶᠢᠴᠠᠭᠠᠯᠳᠠ ᠪᠠᠷ ᠰᠠᠭᠤᠷᠢᠯᠠᠭᠤᠯᠣᠭᠰᠠᠨ ᠶᠠᠰᠣ ᠴᠢᠨᠠᠷ ᠤᠨ ᠠᠶᠣᠯᠭᠦᠢ ᠶᠢᠨ ᠬᠠᠮᠢᠶᠠᠷᠣᠯᠳᠠ ᠡᠵᠡᠮᠳᠡᠯ ᠤᠨ ᠲᠦᠷᠢᠮ ᠢ | ᠬᠡᠷᠡᠭᠵᠢᠭᠦᠯᠵᠣ᠂ ᠢᠳᠡᠭᠡᠨ ᠣᠮᠳᠠᠭᠠᠨ ᠳᠤ ᠬᠡᠷᠡᠭᠯᠡᠬᠦ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠭᠴᠡᠭᠰᠡᠨ ᠦᠨᠡᠮᠯᠡᠯ ᠤᠨ ᠲᠦᠷᠢᠮ ᠢᠶᠠᠷ ᠮᠠᠯ ᠲᠠᠷᠢᠶᠠᠯᠠᠩ | ᠤᠨ ᠪᠦᠳᠦᠭᠡᠭᠳᠡᠭᠦᠨ ᠢ ᠭᠠᠷᠣᠯᠳᠠ ᠶᠢᠨ ᠣᠷᠣᠨ ᠠᠴᠠ ᠭᠠᠳᠠᠭᠰᠢ ᠭᠠᠷᠭᠠᠬᠤ ᠪᠠ ᠵᠠᠬ᠎ᠠ ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠲᠣᠭᠳᠠᠴᠠ ᠶᠢ ᠠᠰᠢᠭᠳᠦ | ᠠᠵᠢᠯᠯᠠᠮᠵᠢ ᠶᠢ ᠪᠠᠳᠣᠯᠠᠨ᠎ᠠ᠃ ᠨᠡᠶᠢᠭᠡᠮ ᠤᠨ ᠬᠠᠮᠳᠦ ᠶᠢᠨ ᠵᠠᠰᠠᠯᠳᠠ ᠶᠢ ᠬᠡᠷᠡᠭᠵᠢᠭᠦᠯᠦᠨ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠭᠡᠷᠡᠴᠢᠯᠡᠬᠦ ᠪᠠᠶᠢᠭᠤᠯᠣᠮᠵᠢ ᠶᠢᠨ | ᠣᠶᠢᠯᠠᠳᠣᠯ ᠢ ᠪᠠᠳᠠᠷᠠᠭᠤᠯᠵᠣ᠂ ᠢᠯᠡᠴᠢᠯᠡᠨ ᠮᠡᠳᠡᠭᠦᠯᠬᠦ ᠱᠠᠩᠨᠠᠯ ᠬᠦᠬᠢᠬᠦᠯᠦᠯ ᠤᠨ ᠲᠦᠷᠢᠮ ᠲᠣᠭᠳᠠᠭᠠᠨ᠂ ᠲᠠᠷᠬᠠᠢ ᠪᠣᠳᠠᠷᠬᠠᠢ ᠮᠠᠯᠴᠢᠨ ᠲᠠᠷᠢᠶᠠᠴᠢᠨ ᠡᠷᠦᠭᠡ ᠪᠣᠯᠣᠨ | ᠬᠤᠳᠠᠯᠳᠣᠨ ᠠᠪᠴᠦ ᠬᠠᠳᠠᠭᠠᠯᠠᠨ ᠵᠦᠭᠡᠭᠡᠪᠦᠷᠢᠯᠡᠬᠦ ᠭᠤᠣᠯ ᠴᠣᠭᠴᠠ ᠳᠤ ᠶᠠᠰᠣ ᠴᠢᠨᠠᠷ ᠤᠨ ᠠᠶᠣᠯᠭᠦᠢ ᠶᠢᠨ ᠬᠠᠷᠢᠭᠤᠴᠠᠯᠭ᠎ᠠ ᠶᠢᠨ ᠠᠷᠭ᠎ᠠ ᠠᠪᠴᠠᠯ ᠢ | ᠨᠠᠶᠢᠳᠠᠪᠦᠷᠢᠵᠢᠭᠤᠯᠣᠨ᠎ᠠ᠃ | ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ᠂ ᠡᠯ᠎ᠡ ᠪᠠᠯᠭᠠᠰᠦ ᠦᠪᠡᠷᠳᠡᠭᠡᠨ ᠵᠠᠰᠠᠬᠤ ᠣᠷᠣᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠶᠢ ᠴᠣᠭᠴᠠᠯᠠᠬᠤ ᠠᠵᠢᠯᠯᠠᠭ᠎ᠠ ᠶᠢ | ᠴᠢᠬᠤᠯᠠᠴᠢᠯᠠᠵᠣ᠂ ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠵᠣᠬᠢᠴᠠᠭᠤᠯᠣᠯᠳᠠ ᠶᠢ ᠴᠢᠩᠭᠠᠳᠬᠠᠵᠣ᠂ ᠡᠯ᠎ᠡ | ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠳᠬᠠᠨ᠂ ᠵᠣᠬᠢᠴᠠᠭᠤᠯᠣᠯᠳᠠ ᠶᠢ ᠨᠢᠭᠡᠳᠦᠯᠳᠡᠢ ᠰᠠᠶᠢᠳᠦᠷ ᠠᠳᠬᠤᠵᠣ᠂ | ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠦᠪᠡᠷ ᠤᠨ ᠪᠠᠶᠢᠴᠠᠭᠠᠯᠳᠠ ᠦᠷᠨᠢᠭᠦᠯᠵᠣ᠂ ᠣᠷᠬᠢᠭᠳᠠᠯ ᠲᠣᠳᠠᠭᠳᠠᠯ | ᠢᠶᠠᠨ ᠨᠦᠬᠦᠪᠦᠷᠢᠯᠡᠨ᠂ ᠡᠯ᠎ᠡ ᠲᠦᠷᠦᠯ ᠠᠵᠢᠯ ᠤᠨ ᠡᠭᠦᠷᠭᠡ ᠪᠠᠨ ᠲᠡᠭᠦᠯᠳᠡᠷᠵᠢᠭᠦᠯᠦᠨ᠎ᠡ᠃ | ︵ᠬᠤᠶᠠᠷ︶ ᠪᠠᠶᠢᠴᠠᠭᠠᠯᠳᠠ ᠵᠢᠯᠣᠭᠤᠳᠣᠯᠭ᠎ᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ ᠵᠣᠬᠢᠴᠠᠭᠤᠯᠣᠯᠳᠠ ᠬᠠᠮᠵᠢᠯᠴᠠᠭ᠎ᠠ ᠪᠠᠨ ᠴᠢᠩᠭᠠᠳᠬᠠᠨ᠂ | ᠲᠣᠬᠢᠷᠠᠯᠴᠠᠭᠰᠠᠨ ᠠᠵᠢᠯ ᠤᠨ ᠲᠣᠭᠳᠠᠴᠠ ᠪᠠᠶᠢᠭᠤᠯᠣᠨ᠂ ᠭᠤᠣᠯᠳᠠᠯᠭᠠᠳᠦ ᠠᠵᠢᠯ ᠢᠶᠠᠨ ᠰᠣᠳᠣᠯᠣᠨ ᠪᠠᠶᠢᠷᠢᠯᠠᠭᠤᠯᠵᠣ᠂ ᠴᠣᠭᠴᠠᠯᠠᠯᠳᠠ ᠶᠢᠨ ᠠᠵᠢᠯ ᠲᠣᠮᠳᠠ | ᠣᠷᠣᠰᠢᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠴᠣᠭᠴᠠᠯᠠᠯᠳᠠ ᠶᠢᠨ ᠠᠵᠢᠯ ᠳᠤ ᠬᠦᠴᠦᠨ ᠪᠦᠬᠦᠢ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ ᠬᠠᠩᠭᠠᠵᠣ᠂ | ᠪᠣᠳᠠᠳᠠᠢ ᠪᠠᠶᠢᠳᠠᠯ ᠢᠶᠠᠨ ᠦᠨᠳᠦᠰᠦᠯᠡᠨ᠂ ᠲᠦᠷᠦᠯ ᠬᠤᠪᠢᠶᠠᠷᠢᠯᠠᠨ ᠵᠢᠯᠣᠭᠤᠳᠣᠯᠭ᠎ᠠ ᠬᠢᠵᠣ᠂ ᠦᠷᠭᠦᠯᠵᠢ ᠪᠠᠯᠭᠠᠰᠦ᠂ ᠭᠠᠴᠠᠭ᠎ᠠ ᠲᠣᠰᠬᠤᠨ ᠪᠣᠯᠣᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠨ᠂ ᠬᠢᠨᠠᠨ ᠪᠠᠶᠢᠴᠠᠭᠠᠯᠳᠠ ᠪᠠᠨ ᠴᠢᠩᠭᠠᠳᠬᠠᠵᠣ᠂ ᠡᠯ᠎ᠡ ᠲᠦᠷᠦᠯ ᠤᠨ ᠬᠢᠨᠠᠯᠳᠠ | ᠬᠠᠮᠢᠶᠠᠷᠣᠯᠳᠠ ᠶᠢᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢ ᠪᠠᠳᠣᠯᠠᠨ᠎ᠠ᠃ | ︵ᠭᠤᠷᠪᠠ︶ ᠮᠡᠳᠡᠭᠡ ᠵᠠᠩᠬᠢ ᠶᠢ ᠴᠠᠭ ᠲᠣᠬᠠᠢ ᠳᠤᠨᠢ ᠮᠡᠳᠡᠭᠦᠯᠦᠨ᠎ᠡ᠃ ᠮᠡᠳᠡᠭᠡ ᠵᠠᠩᠬᠢ ᠶᠢᠨ ᠮᠡᠳᠡᠭᠦᠯᠦᠯᠳᠡ ᠶᠢᠨ ᠲᠦᠷᠢᠮ ᠲᠣᠭᠳᠠᠭᠠᠨ᠂ ᠣᠳᠣᠷᠢᠳᠬᠤ | ᠲᠣᠭᠤᠶᠢᠯᠠᠩ ᠤᠨ ᠠᠯᠪᠠᠨ ᠭᠡᠷ ᠲᠤ ᠨᠢᠭᠡ ᠨᠡᠷ᠎ᠡ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ ᠮᠡᠳᠡᠭᠡᠯᠡᠭᠴᠢ ᠲᠣᠬᠢᠷᠠᠭᠤᠯᠵᠣ᠂ ᠡᠯ᠎ᠡ | ᠬᠤᠯᠪᠣᠭᠳᠠᠯ ᠪᠦᠬᠦᠢ ᠪᠠᠶᠢᠭᠤᠯᠭ᠎ᠠ ᠶᠢᠨ ᠠᠵᠢᠯ ᠤᠨ ᠪᠠᠶᠢᠳᠠᠯ ᠢ ᠬᠤᠷᠢᠶᠠᠨ ᠴᠣᠭᠯᠠᠭᠤᠯᠵᠣ᠂ ᠰᠠᠷ᠎ᠠ ᠪᠣᠯᠭᠠᠨ ᠬᠤᠳᠠ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠣ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠳᠤ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ᠂ ᠠᠵᠢᠯ ᠤᠨ ᠲᠣᠮᠳᠠ | ᠣᠷᠣᠰᠢᠵᠣ ᠪᠠᠶᠢᠭ᠎ᠠ ᠬᠦᠴᠢᠷᠳᠡᠯ ᠵᠢᠴᠢ ᠨᠡᠶᠢᠳᠡᠯᠢᠭ ᠲᠣᠷᠰᠢᠯᠭ᠎ᠠ ᠪᠠ ᠴᠣᠭᠴᠠᠯᠠᠯᠳᠠ ᠶᠢᠨ ᠦᠷ᠎ᠡ ᠪᠦᠳᠦᠮᠵᠢ ᠶᠢᠨ ᠪᠠᠶᠢᠳᠠᠯ ᠢᠶᠠᠨ ᠮᠡᠳᠡᠭᠦᠯᠦᠨ᠂ ᠬᠤᠯᠪᠣᠭᠳᠠᠯ | ᠪᠦᠬᠦᠢ ᠮᠡᠲ᠋ᠧᠷᠢᠶᠠᠯ ᠢᠶᠠᠨ ᠬᠤᠷᠢᠶᠠᠩᠭᠤᠶᠢᠯᠠᠨ ᠡᠮᠬᠢᠳᠬᠡᠵᠣ ᠬᠠᠳᠠᠭᠠᠯᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠡᠯ᠎ᠡ ᠪᠠᠯᠭᠠᠰᠦ ᠴᠣ᠋ ᠨᠢᠭᠡ ᠨᠡᠷ᠎ᠡ | ᠬᠠᠷᠢᠯᠴᠠᠭᠴᠢ ᠲᠣᠬᠢᠷᠠᠭᠤᠯᠣᠨ᠂ ᠦᠪᠡᠷ ᠦᠪᠡᠷ ᠤᠨ ᠬᠦᠷᠢᠶ᠎ᠠ ᠴᠠᠷᠠᠭᠠᠨ ᠳᠠᠬᠢ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠳᠠᠭᠰᠠᠨ | ᠬᠤᠭᠤᠴᠠᠭ᠎ᠠ ᠲᠠᠢ ᠪᠠᠷ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ ︵ᠰᠠᠷ᠎ᠠ ᠪᠣᠯᠭᠠᠨ ᠠᠳᠠᠭ ᠲᠤ ᠪᠠᠨ 1 ᠣᠳᠠᠭ᠎ᠠ︶᠃ | ︵ᠲᠦᠷᠪᠡ︶ ᠣᠬᠠᠭᠤᠯᠭ᠎ᠠ ᠬᠦᠮᠦᠵᠢᠯ ᠢᠶᠠᠨ ᠴᠢᠩᠭᠠᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ | ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠠᠵᠢᠯᠯᠠᠭᠠᠨ ᠤ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠣᠯᠠᠨ ᠲᠦᠮᠡᠨ ᠤ ᠮᠡᠳᠡᠴᠡ ᠪᠣᠯᠣᠨ | ᠣᠷᠣᠯᠴᠠᠯᠠᠭᠠ ᠶᠢ ᠲᠡᠭᠡᠭᠰᠢᠯᠡᠭᠦᠯᠵᠣ᠂ ᠵᠠᠰᠠᠭ ᠤᠨ ᠣᠷᠳᠣᠨ ᠠᠴᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢ ᠴᠢᠬᠤᠯᠠᠴᠢᠯᠠᠬᠤ᠂ | ᠣᠶᠢᠯᠠᠳᠪᠦᠷᠢᠯᠠᠯ ᠡᠵᠡᠩᠨᠡᠭᠴᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢ ᠡᠷᠬᠢᠮᠯᠡᠬᠦ᠂ ᠬᠦᠮᠦᠨ ᠪᠦᠬᠦᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢ ᠠᠩᠬᠠᠷᠬᠤ ᠣᠬᠢ ᠰᠠᠶᠢᠨ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃ | ᠲᠠᠭᠠᠯᠳᠣᠭᠤᠯᠣᠯ᠄ 1. ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ | ᠬᠤᠰᠢᠭᠤ ᠶᠢᠨ ᠴᠣᠭᠴᠠᠯᠠᠯᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 2. ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠶᠢᠨ ᠬᠢᠨᠠᠯᠳᠠ | ᠬᠠᠮᠢᠶᠠᠷᠣᠯᠳᠠ ᠶᠢᠨ ᠲᠠᠭᠤᠷᠢᠶᠠᠯ ᠬᠤᠰᠢᠭᠤ ᠶᠢᠨ ᠴᠣᠭᠴᠠᠯᠠᠯᠳᠠ ᠠᠵᠢᠯ ᠤᠨ ᠬᠢᠨᠠᠨ ᠰᠢᠯᠭᠠᠯᠳᠠ ᠶᠢᠨ ᠬᠤᠪᠢ ᠣᠯᠭᠤᠬᠤ ᠪᠠᠷᠢᠮᠵᠢᠶ᠎ᠠ ᠲᠣᠪᠴᠢᠯᠠᠪᠠ | | | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠡᠰᠦ ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠯᠠᠯ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ᠄ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠬᠦᠢ ᠶᠢᠨ ᠬᠢᠨᠠᠯᠳᠠ ᠬᠠᠮᠢᠶᠠᠷᠣᠯᠳᠠ ᠶᠢᠨ ᠲᠣᠰᠢᠶᠠᠯ ᠬᠠᠷᠢᠭᠤᠴᠠᠯᠭ᠎ᠠ ᠶᠢᠨ ᠪᠠᠶᠢᠳᠠᠯ ᠳᠤ ᠬᠢᠨᠠᠨ | ᠰᠢᠯᠭᠠᠯᠳᠠ ᠬᠢᠵᠣ᠂ ᠡᠯ᠎ᠡ ᠪᠠᠯᠭᠠᠰᠣᠨ ᠤ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ | ᠠᠵᠢᠯ ᠤᠨ ᠬᠤᠪᠢ ᠶᠢ 5% ᠠᠴᠠ ᠲᠣᠣᠷ᠎ᠠ ᠪᠠᠶᠢᠯᠭᠠᠵᠣ ᠪᠣᠯᠬᠤ ᠦᠭᠡᠢ᠃ | ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠄ 1. ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠶᠣᠯᠭᠦᠢ ᠶᠢᠨ ᠮᠡᠳᠡᠭᠡᠯᠡᠯ ᠪᠠ ᠨᠠᠶᠢᠳᠠᠭᠴᠢ ᠣᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠣ ᠣᠳᠣᠷᠢᠳᠣᠨ ᠵᠣᠬᠢᠴᠠᠭᠤᠯᠣᠨ᠎ᠠ︔ 2. ᠰᠣᠨᠢᠨ | ᠮᠡᠳᠡᠭᠡᠨ ᠤ ᠵᠠᠭᠤᠴᠢᠯᠠᠭᠤᠷ ᠢᠶᠠᠷ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠤᠯᠪᠣᠭᠳᠠᠯ ᠪᠦᠬᠦᠢ ᠬᠠᠣᠯᠢ ᠴᠠᠭᠠᠵᠠ ᠲᠦᠷᠢᠮ | ᠲᠣᠭᠳᠠᠭᠠᠯ ᠢ ᠶᠡᠭᠡ ᠪᠠᠷ ᠣᠬᠠᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠰᠢᠨᠵᠢᠯᠡᠬᠦ ᠣᠬᠠᠭᠠᠨ ᠤ ᠮᠡᠳᠡᠯᠭᠡ ᠶᠢ | ᠲᠦᠭᠡᠮᠠᠯᠵᠢᠭᠦᠯᠦᠨ᠂ ᠣᠯᠠᠨ ᠲᠦᠮᠡᠨ ᠢ ᠲᠠᠶᠢᠴᠢᠯᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠢᠶᠠᠷᠣᠯᠳᠠ ᠶᠢᠨ | ᠠᠵᠢᠯ ᠳᠤ ᠢᠳᠡᠪᠬᠢᠳᠠᠢ ᠣᠷᠣᠯᠴᠠᠭᠤᠯᠣᠨ᠎ᠠ︔ 3. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠦᠨᠳᠦ ᠶᠡᠭᠡ ᠠᠰᠠᠭᠤᠳᠠᠯ ᠵᠢᠴᠢ | ᠬᠡᠨᠡᠳᠳᠡ ᠶᠢᠨ ᠬᠡᠷᠡᠭ ᠣᠴᠢᠷ ᠤᠨ ᠮᠡᠳᠡᠭᠡ ᠵᠠᠩᠬᠢ ᠶᠢ ᠨᠡᠶᠢᠳᠡᠯᠡᠬᠦ ᠪᠣᠯᠣᠨ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢᠨ ᠠᠵᠢᠯ ᠳᠤ ᠰᠠᠶᠢᠳᠦᠷ ᠬᠠᠮᠵᠢᠯᠴᠠᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠳᠤ ᠪᠦᠬᠦ ᠬᠦᠴᠦᠨ ᠢᠶᠠᠷ ᠬᠠᠪᠰᠣᠷᠣᠯᠴᠠᠨᠠ᠃ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠄ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠣᠶᠣ ᠬᠤᠰᠢᠭᠤ ᠲᠠᠷᠤᠭ᠎ᠠ | ᠶᠢᠨ ᠠᠯᠪᠠᠯᠠᠬᠤ ᠬᠤᠷᠠᠯ ᠲᠡᠭᠡᠷ᠎ᠡ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠤᠨ ᠮᠡᠳᠡᠭᠦᠯᠦᠯᠳᠡ ᠰᠣᠨᠣᠰᠬᠤ | ᠲᠣᠬᠢᠷᠠᠭᠤᠯᠭ᠎ᠠ ᠭᠠᠷᠭᠠᠬᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠢ ᠰᠣᠳᠣᠯᠣᠨ ᠪᠠᠶᠢᠷᠢᠯᠠᠭᠤᠯᠵᠣ᠂ ᠲᠠᠯᠳᠠ | ᠲᠦᠭᠰᠢᠭᠦᠷᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠡᠭᠦᠷᠭᠡ ᠲᠣᠰᠢᠶᠠᠯ ᠶᠣᠰᠣᠭᠠᠷ ᠠᠵᠢᠯ | ᠢᠶᠠᠨ ᠦᠷᠨᠢᠭᠦᠯᠬᠦ ᠶᠢ ᠵᠣᠬᠢᠴᠠᠭᠤᠯᠣᠨ᠎ᠠ᠃ | ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ | ᠴᠢᠨᠠᠷ ᠤᠨ ᠠᠶᠣᠯᠭᠦᠢ ᠬᠤᠰᠢᠭᠤ ᠶᠢᠨ ᠴᠣᠭᠴᠠᠯᠠᠯᠳᠠ ᠶᠢᠨ ᠬᠡᠷᠡᠭᠵᠢᠭᠦᠯᠦᠯᠳᠡ ᠶᠢᠨ ᠲᠦᠰᠦᠯ ᠲᠣᠭᠳᠠᠭᠠᠬᠤ ᠶᠢ ᠬᠠᠷᠢᠭᠤᠴᠠᠨ᠂ ᠴᠣᠭᠴᠠᠯᠠᠯᠳᠠ ᠶᠢᠨ ᠠᠵᠢᠯ ᠪᠠ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠲᠣᠯᠣᠭᠠᠶᠢᠯᠠᠨ ᠵᠣᠬᠢᠶᠠᠨ ᠪᠠᠶᠢᠭᠤᠯᠣᠨ᠎ᠠ᠃ | ᠬᠤᠰᠢᠭᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠠᠵᠢᠯ ᠢ | ᠲᠣᠰ ᠭᠠᠵᠠᠷ ᠤᠨ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠣᠨ᠎ᠠ᠃ | ᠬᠤᠰᠢᠭᠤ ᠡᠳ᠋ ᠤᠨ ᠵᠠᠰᠠᠭ ᠤᠨ ᠲᠣᠪᠴᠢᠶ᠎ᠠ᠄ 1. ︽ᠢᠳᠡᠭᠡᠨ ᠤ ᠠᠶᠣᠯᠭᠦᠢ ᠶᠢᠨ ᠪᠠᠳᠣᠯᠠᠭ᠎ᠠ ᠶᠢᠨ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ | ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2016﹈ | 65 ᠲᠣᠭᠠᠳᠦ︶ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ | ᠬᠠᠮᠢᠶᠠᠷᠣᠯᠳᠠ ᠶᠢᠨ ᠵᠠᠷᠣᠳᠠᠯ ᠢ ᠲᠤᠭ᠎ᠠ ᠶᠣᠰᠣᠭᠠᠷ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ | ᠤᠨ ᠠᠶᠣᠯᠭᠦᠢ ᠶᠢᠨ ᠠᠵᠢᠯ ᠤᠨ ᠪᠡᠯᠡ ᠮᠦᠩᠭᠦᠨ ᠤ ᠪᠠᠳᠣᠯᠠᠭ᠎ᠠ ᠶᠢᠨ ᠡᠷᠴᠢᠮ ᠢ ᠨᠡᠮᠡᠭᠳᠡᠭᠦᠯᠦᠨ᠎ᠡ︔ 2. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ | ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠵᠠᠷᠣᠳᠠᠯ ᠪᠠ ᠰᠢᠯᠭᠠᠨ ᠪᠠᠶᠢᠴᠠᠭᠠᠯᠳᠠ ᠬᠡᠮᠵᠢᠯᠳᠡ ᠶᠢᠨ ᠵᠠᠷᠣᠳᠠᠯ ᠤᠨ ᠵᠦᠢ ᠵᠣᠬᠢᠰᠳᠠᠢ ᠲᠣᠭᠳᠠᠭᠤᠨ ᠨᠡᠮᠡᠭᠳᠡᠯ | ᠤᠨ ᠲᠣᠭᠳᠠᠴᠠ ᠶᠢ ᠠᠩᠬ᠎ᠠ ᠠᠯᠬᠤᠮ ᠪᠠᠶᠢᠭᠤᠯᠣᠨ᠂ ᠡᠳ᠋ ᠤᠨ ᠵᠠᠰᠠᠭ ᠤᠨ ᠣᠷᠣᠭᠤᠯᠣᠯᠳᠠ ᠪᠠᠨ ᠵᠢᠯ ᠲᠠᠷᠠᠭᠠᠯᠠᠨ ᠨᠡᠮᠡᠭᠳᠡᠭᠦᠯᠦᠨ᠎ᠡ᠃ | ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠄ 1. ᠬᠠᠷᠢᠶᠠᠳᠣ ᠣᠷᠣᠨ ᠤ ᠵᠠᠬ᠎ᠠ ᠲᠡᠯᠭᠡᠭᠦᠷ ᠤᠨ ᠪᠣᠷᠣᠯᠠᠭᠤᠯᠣᠯᠳᠠ ᠶᠢᠨ | ᠭᠤᠬᠴᠣᠭᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠵᠢᠯ ᠤᠨ ᠰᠣᠭᠤᠯᠣᠨ ᠪᠠᠶᠢᠴᠠᠭᠠᠯᠳᠠ ᠶᠢᠨ ᠲᠦᠯᠦᠪᠯᠡᠭᠡ ᠲᠣᠭᠳᠠᠭᠠᠨ᠂ ᠰᠠᠷ᠎ᠠ ᠪᠣᠯᠭᠠᠨ ᠰᠣᠭᠤᠯᠣᠨ | ᠪᠠᠶᠢᠴᠠᠭᠠᠬᠤ ᠬᠡᠪ ᠶᠠᠩᠵᠣ ᠶᠢᠨ ᠬᠡᠮᠵᠢᠶᠡᠨ ᠤ ᠲᠠᠩᠰᠠ ᠪᠠᠶᠢᠭᠤᠯᠣᠨ᠎ᠠ︔ 2. ᠮᠠᠯ ᠲᠠᠷᠢᠶᠠᠯᠠᠩ ᠤᠨ ᠲᠣᠪᠴᠢᠶ᠎ᠠ ᠲᠠᠢ ᠬᠠᠮᠵᠢᠯᠴᠠᠨ ᠢᠳᠡᠭᠡᠨ ᠤ ᠬᠡᠷᠡᠭᠯᠡᠭᠡᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠬᠦ ᠦᠨᠡᠮᠯᠡᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠢᠳᠡᠭᠡᠨ ᠳᠤ ᠬᠡᠷᠡᠭᠯᠡᠬᠦ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠮᠦᠷᠳᠡᠯᠳᠡ ᠶᠢᠨ ᠲᠣᠭᠳᠠᠴᠠ ᠶᠢ ᠪᠠᠶᠢᠭᠤᠯᠵᠣ᠂ ᠪᠣᠯᠪᠠᠰᠣᠷᠠᠭᠤᠯᠣᠯᠳᠠ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠮᠦᠷᠳᠡᠯᠳᠡ ᠶᠢᠨ | ᠲᠣᠭᠳᠠᠴᠠ ᠯᠤᠭ᠎ᠠ ᠠᠪᠴᠠᠯᠳᠣᠭᠤᠯᠬᠤ ᠶᠢ ᠪᠡᠶᠡᠯᠡᠭᠦᠯᠦᠨ᠎ᠡ︔ 3. ᠵᠠᠬ᠎ᠠ ᠲᠡᠯᠭᠡᠭᠦᠷ ᠲᠤ ᠣᠷᠣᠬᠤ ᠵᠦᠪᠰᠢᠶᠡᠷᠡᠯ ᠤᠨ ᠲᠦᠷᠢᠮ ᠢ ᠲᠣᠭᠳᠠᠭᠠᠨ᠂ ᠮᠠᠯ ᠲᠠᠷᠢᠶᠠᠯᠠᠩ | ᠤᠨ ᠪᠦᠳᠦᠭᠡᠭᠳᠡᠭᠦᠨ ᠢ ᠭᠠᠷᠣᠯᠳᠠ ᠶᠢᠨ ᠣᠷᠣᠨ ᠠᠴᠠ ᠭᠠᠷᠭᠠᠬᠤ ᠪᠠ ᠵᠠᠬ᠎ᠠ ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠲᠣᠭᠳᠠᠴᠠ ᠶᠢᠨ ᠠᠰᠢᠭᠳᠦ | ᠠᠵᠢᠯᠯᠠᠮᠵᠢ ᠶᠢ ᠪᠠᠳᠣᠯᠠᠨ᠎ᠠ︔ 4. ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠶᠢ ᠬᠠᠷᠢᠭᠤᠴᠠᠨ᠂ | ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢ ᠬᠢᠨᠠᠨ ᠬᠠᠮᠢᠶᠠᠷᠣᠨ᠎ᠠ︔ 5. ᠮᠠᠯ ᠲᠠᠷᠢᠶᠠᠯᠠᠩ ᠤᠨ ᠣᠶᠢᠯᠠᠰ ᠤᠨ ᠭᠠᠵᠠᠷ ᠣᠷᠣᠨ ᠤ | ᠪᠠᠷᠢᠮᠵᠢᠶ᠎ᠠ ᠶᠢ ᠨᠡᠶᠢᠳᠡᠯᠡᠬᠦ ᠠᠵᠢᠯ ᠢ ᠵᠣᠬᠢᠶᠠᠨ ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠬᠡᠷᠡᠭ ᠲᠤ ᠬᠤᠯᠪᠣᠭᠠᠯᠠᠨ ᠬᠠᠣᠯᠢ | ᠬᠡᠷᠡᠭᠵᠢᠭᠦᠯᠬᠦ ᠠᠵᠢᠯ ᠳᠤ ᠣᠷᠣᠯᠴᠠᠨ᠎ᠠ᠃ | ᠬᠤᠰᠢᠭᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠄ ᠭᠠᠷᠣᠯᠳᠠ ᠶᠢᠨ ᠣᠷᠣᠨ ᠤ ᠣᠷᠴᠢᠨ ᠲᠣᠭᠤᠷᠢᠨ ᠪᠠ ᠪᠣᠬᠢᠷᠳᠣᠯ ᠤᠨ ᠪᠠᠶᠢᠳᠠᠯ ᠢ ᠬᠢᠨᠠᠨ | ᠬᠡᠮᠵᠢᠵᠣ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ ᠶᠢᠨ ᠢᠯᠭᠠᠳᠠᠰᠦ ᠶᠢᠨ ᠪᠣᠬᠢᠷᠳᠣᠯ ᠢ ᠬᠢᠨᠠᠨ ᠬᠠᠮᠢᠶᠠᠷᠴᠦ ᠰᠡᠷᠭᠡᠶᠢᠯᠡᠨ ᠵᠠᠰᠠᠨ᠎ᠠ᠃ | ᠬᠤᠰᠢᠭᠤ ᠣᠢ ᠰᠢᠭᠤᠢ ᠪᠣᠯᠣᠨ ᠨᠣᠳᠤᠭ ᠪᠡᠯᠴᠢᠭᠡᠷ ᠤᠨ ᠲᠣᠪᠴᠢᠶ᠎ᠠ᠄ ᠣᠢ ᠰᠢᠭᠤᠢ ᠵᠢᠮᠢᠰ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠶᠣᠯᠭᠦᠢ ᠶᠢᠨ | ᠬᠢᠨᠠᠯᠳᠠ ᠬᠠᠮᠢᠶᠠᠷᠣᠯᠳᠠ ᠶᠢ ᠬᠠᠷᠢᠭᠤᠴᠠᠨ᠎ᠠ᠃ | ᠬᠤᠰᠢᠭᠤ ᠬᠠᠩᠭᠠᠨ ᠪᠣᠷᠣᠯᠠᠭᠤᠯᠭ᠎ᠠ ᠶᠢᠨ ᠬᠤᠷᠰᠢᠶ᠎ᠠ᠄ ᠮᠠᠯ ᠲᠠᠷᠢᠶᠠᠯᠠᠩ ᠤᠨ ᠣᠶᠢᠯᠠᠰ ᠤᠨ ᠠᠮᠦᠷ ᠲᠦᠪᠰᠢᠨ ᠣᠷᠣᠭᠤᠯᠣᠯᠳᠠ ᠪᠣᠳᠠᠰ ᠤᠨ ᠡᠵᠡᠩᠨᠡᠯᠳᠡ ᠪᠠ | ᠲᠣᠬᠢᠷᠠᠭᠤᠯᠣᠨ ᠬᠦᠷᠭᠡᠬᠦ ᠲᠣᠣᠷᠵᠢᠯ ᠤᠨ ᠪᠠᠶᠢᠭᠤᠯᠣᠯᠳᠠ ᠶᠢ ᠬᠠᠷᠢᠭᠤᠴᠠᠵᠣ᠂ ᠬᠡᠯᠬᠢᠶᠡᠳᠦ ᠲᠡᠯᠭᠡᠭᠦᠷ᠂ ᠲᠦᠪᠯᠡᠷᠡᠭᠦᠯᠦᠨ ᠬᠤᠳᠠᠯᠳᠣᠵᠣ ᠲᠣᠬᠢᠷᠠᠭᠤᠯᠣᠨ ᠬᠦᠷᠭᠡᠬᠦ | ᠵᠡᠷᠭᠡ ᠡᠵᠡᠩᠨᠡᠯᠳᠡ ᠪᠣᠷᠣᠯᠠᠭᠤᠯᠣᠯᠳᠠ ᠶᠢᠨ ᠵᠠᠭᠪᠦᠷ ᠢ ᠬᠡᠷᠡᠭᠵᠢᠭᠦᠯᠦᠨ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠢᠷᠡᠯᠳᠡ ᠶᠢᠨ ᠠᠶᠣᠯᠭᠦᠢ | ᠶᠢᠨ ᠲᠦᠪᠰᠢᠨ ᠢ ᠪᠠᠳᠣᠯᠠᠨ᠎ᠠ᠃ | ᠬᠤᠰᠢᠭᠤ ᠮᠠᠯ ᠲᠠᠷᠢᠶᠠᠯᠠᠩ ᠪᠠ ᠣᠰᠣᠨ ᠤ ᠶᠠᠪᠣᠳᠠᠯ ᠤᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶ᠎ᠠ᠄ 1. ᠮᠠᠯ ᠲᠠᠷᠢᠶᠠᠯᠠᠩ ᠤᠨ ᠪᠦᠳᠦᠭᠡᠭᠳᠡᠭᠦᠨ | ᠤ ᠶᠠᠰᠦ ᠴᠢᠨᠠᠷ ᠤᠨ ᠠᠶᠣᠯᠭᠦᠢ ᠶᠢᠨ ᠬᠠᠣᠯᠢ ᠬᠡᠷᠡᠭᠵᠢᠭᠦᠯᠬᠦ ᠠᠵᠢᠯ ᠢ ᠬᠠᠷᠢᠭᠤᠴᠠᠨ᠂ ᠬᠠᠮᠢᠶ᠎ᠠ ᠪᠦᠬᠦᠢ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠲᠠᠢ ᠬᠤᠯᠪᠣᠭᠠᠯᠠᠨ | ᠬᠠᠣᠯᠢ ᠭᠡᠷᠡᠭᠵᠢᠭᠦᠯᠬᠦ ᠠᠵᠢᠯᠯᠠᠭ᠎ᠠ ᠶᠠᠪᠣᠭᠳᠠᠭᠤᠯᠣᠨ᠎ᠠ︔ 2. ᠡᠯ᠎ᠡ ᠪᠠᠯᠭᠠᠰᠦᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶ᠎ᠠ ᠶᠢ ᠵᠢᠯᠣᠭᠤᠳᠣᠨ | ᠵᠣᠬᠢᠴᠠᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠠᠣᠯᠢ ᠭᠡᠷᠡᠭᠵᠢᠭᠦᠯᠬᠦ ᠠᠵᠢᠯ ᠢ ᠦᠷᠨᠢᠭᠦᠯᠦᠨ᠎ᠡ᠃ | ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ᠄ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠤ᠊ ᠴᠣᠭᠴᠠᠯᠠᠯᠳᠠ ᠶᠢᠨ ᠠᠵᠢᠯ ᠤᠨ | ᠠᠬᠢᠴᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠄ 1. ᠬᠠᠷᠢᠶᠠᠳᠦ ᠣᠷᠣᠨ ᠤ ᠬᠡᠪᠴᠢᠶᠡᠨ ᠳᠠᠬᠢ ᠴᠣᠭᠴᠠᠯᠠᠯᠳᠠ ᠶᠢᠨ ᠠᠵᠢᠯ ᠪᠣᠯᠣᠨ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠶᠢ ᠬᠠᠷᠢᠭᠤᠴᠠᠨ᠎ᠠ︔ 2. | ᠬᠠᠷᠢᠶᠠᠳᠦ ᠣᠷᠣᠨ ᠤ ᠬᠡᠪᠴᠢᠶᠡᠨ ᠳᠠᠬᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠳᠠ᠂ ᠮᠠᠯ ᠲᠠᠷᠢᠶᠠᠯᠠᠩ | ᠤᠨ ᠣᠶᠢᠯᠠᠰ ᠤᠨ ᠣᠷᠣᠭᠤᠯᠣᠯᠳᠠ ᠪᠣᠳᠠᠰ ᠤᠨ ᠬᠢᠨᠠᠯᠳᠠ ᠬᠠᠮᠢᠶᠠᠷᠣᠯᠳᠠ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠰᠢᠯᠭᠠᠨ ᠬᠡᠮᠵᠢᠯᠳᠡ | ᠶᠢ ᠬᠠᠷᠢᠭᠤᠴᠠᠨ᠎ᠠ︔ 3. ᠬᠠᠷᠢᠶᠠᠳᠦ ᠣᠷᠣᠨ ᠤ ᠬᠡᠪᠴᠢᠶᠡᠨ ᠳᠠᠬᠢ ᠮᠠᠯ ᠲᠠᠷᠢᠶᠠᠯᠠᠩ ᠤᠨ ᠣᠶᠢᠯᠠᠰ ᠤᠨ ᠪᠠᠷᠢᠮᠵᠢᠶᠡᠵᠢᠭᠰᠡᠨ ᠣᠶᠢᠯᠠᠳᠪᠦᠷᠢᠯᠠᠯ᠂ | ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠮᠠᠯᠴᠢᠨ ᠲᠠᠷᠢᠶᠠᠴᠢᠨ ᠡᠷᠦᠭᠡ᠂ ᠠᠵᠣ ᠠᠬᠤᠶᠢᠯᠠᠯ᠂ ᠬᠤᠷᠰᠢᠶᠠᠵᠢᠯ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠣ ᠴᠢᠨᠠᠷ ᠤᠨ ᠠᠶᠣᠯᠭᠦᠢ ᠶᠢ ᠮᠦᠷᠳᠡᠬᠦ᠂ ᠭᠠᠷᠣᠯᠳᠠ ᠶᠢᠨ ᠣᠷᠣᠨ ᠠᠴᠠ ᠭᠠᠷᠭᠠᠬᠤ ᠶᠢ ᠵᠦᠪᠰᠢᠶᠡᠷᠡᠬᠦ ᠣᠶᠢᠯᠠᠳᠪᠦᠷᠢᠯᠠᠬᠦ ᠪᠣᠷᠣᠯᠠᠭᠤᠯᠬᠤ ᠶᠢ ᠬᠠᠷᠢᠯᠴᠠᠬᠤ ᠶᠢ | ᠬᠠᠷᠢᠭᠤᠴᠠᠨ᠎ᠠ︔ 4. ᠬᠠᠷᠢᠶᠠᠳᠦ ᠣᠷᠣᠨ ᠤ ᠬᠡᠪᠴᠢᠶᠡᠨ ᠳᠠᠬᠢ ᠣᠷᠴᠢᠨ ᠲᠣᠭᠤᠷᠢᠨ ᠤ ᠪᠣᠬᠢᠷᠳᠣᠯ᠂ ᠮᠠᠯ ᠲᠠᠷᠢᠶᠠᠯᠠᠩ ᠤᠨ ᠣᠶᠢᠯᠠᠰ ᠤᠨ ᠣᠷᠣᠭᠤᠯᠣᠯᠳᠠ ᠪᠣᠳᠠᠰ | ᠤᠨ ᠬᠡᠷᠡᠭ ᠣᠴᠢᠷ ᠪᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠣ ᠴᠢᠨᠠᠷ ᠤᠨ ᠬᠡᠷᠡᠭ ᠢ ᠵᠣᠬᠢᠴᠠᠭᠤᠯᠣᠨ ᠰᠢᠢᠳᠪᠦᠷᠢᠯᠡᠨ᠎ᠡ᠃ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 8 ᠰᠠᠷ᠎ᠠ ᠶᠢᠨ 11 ᠤ ᠡᠳᠤᠷ ᠲᠠᠷᠤᠮᠠᠯᠯᠠᠨ ᠲᠠᠷᠬᠠᠭᠠᠪᠠ |