︽ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠄ | ︽ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠰᠦᠯ︾ ᠢ ᠡᠳᠦᠭᠡ ᠲᠠᠨᠠᠷ ᠲᠤ | ᠲᠠᠷᠣᠮᠠᠯᠯᠠᠨ ᠲᠠᠷᠬᠠᠭᠠᠪᠠ᠂ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠨᠠᠷᠢᠨ ᠬᠢᠨᠠᠮᠠᠭᠠᠢ ᠲᠣᠣᠱᠯᠠᠭᠤᠯᠣᠨ ᠬᠡᠷᠡᠭᠵᠢᠭᠦᠯᠳᠦᠭᠡᠢ᠃ | ᠲᠠᠭᠠᠯᠳᠣᠭᠤᠯᠣᠯ᠄ ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠠᠵᠢᠯ ᠤᠨ ᠣᠳᠣᠷᠢᠳᠬᠤ | ᠲᠣᠭᠤᠶᠢᠯᠠᠩ ᠤᠨ ᠪᠦᠷᠢᠯᠳᠦᠭᠦᠨ ᠤ ᠨᠡᠷᠡᠰ | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 9 ᠰᠠᠷ᠎ᠠ ᠶᠢᠨ 16 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠰᠦᠯ | | | ᠮᠠᠨ ᠤ ᠬᠤᠰᠢᠭᠤᠨ ᠤ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠠ ᠪᠣᠯᠣᠨ ᠶᠡᠷᠦᠩᠬᠡᠶᠢᠯᠡᠭᠰᠠᠨ ᠵᠠᠰᠠᠯᠳᠠ ᠶᠢ ᠣᠯᠠᠮ ᠨᠢᠭᠡ ᠠᠯᠬᠤᠮ | ᠴᠢᠩᠭᠠᠳᠬᠠᠨ᠂ ᠠᠭᠤᠷᠬᠠᠢ ᠶᠢᠨ ᠭᠠᠷᠣᠯᠳᠠ ᠶᠢᠨ ᠡᠬᠢ ᠰᠣᠷᠪᠣᠯᠵᠢ ᠶᠢᠨ ᠨᠡᠭᠡᠭᠡᠯᠳᠡ ᠬᠢᠭᠡᠳ ᠠᠮᠢ ᠠᠬᠤᠢ ᠣᠷᠴᠢᠨ ᠲᠣᠭᠤᠷᠢᠨ ᠤ ᠵᠣᠬᠢᠴᠠᠯ ᠢ ᠠᠬᠢᠭᠤᠯᠵᠣ᠂ | ᠣᠳᠤᠭ ᠤᠨ ᠡᠮᠦᠨᠡᠳᠦ ᠬᠤᠰᠢᠭᠤᠨ ᠤ ᠠᠭᠤᠷᠬᠠᠢ ᠶᠢᠨ ᠣᠶᠢᠯᠠᠰ ᠤᠨ ᠨᠡᠭᠡᠭᠡᠯᠳᠡ ᠶᠢᠨ ᠪᠣᠬᠢᠷᠳᠣᠯ ᠦᠭᠡᠢ᠂ ᠡᠷᠡᠭᠦᠯ᠂ ᠦᠷᠭᠦᠯᠵᠢᠭᠦᠶᠢᠴᠡ ᠬᠦᠭᠵᠢᠯᠳᠡ ᠶᠢ | ᠪᠡᠶᠡᠯᠡᠭᠦᠯᠬᠦ ᠶᠢᠨ ᠲᠣᠰᠠᠳᠠ᠂ ︽ᠦᠪᠡᠷᠳᠡᠭᠡᠨ ᠵᠠᠰᠠᠬᠤ ᠣᠷᠣᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠰᠦᠯ ᠢ ᠲᠠᠷᠣᠮᠠᠯᠯᠠᠨ | ᠲᠠᠷᠬᠠᠭᠠᠬᠤ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ | ﹇2017﹈ 111 ᠲᠣᠭᠠᠳᠦ︶᠂ ︽ᠣᠷᠳᠣᠰ ᠬᠤᠳᠠ ᠶᠢᠨ ᠪᠦᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠬᠡᠷᠡᠭᠵᠢᠭᠦᠯᠬᠦ ᠲᠦᠰᠦᠯ ᠢ | ᠲᠠᠷᠣᠮᠠᠯᠯᠠᠨ ᠲᠠᠷᠬᠠᠭᠠᠬᠤ ᠲᠣᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠵᠠᠰᠠᠭ ᠠᠯᠪᠠᠨ | ᠲᠠᠷᠬᠠᠭᠠᠭᠰᠠᠨ ﹇2018﹈ 64 ᠲᠣᠭᠠᠳᠦ︶ ᠤᠨ ᠵᠣᠷᠢᠭ ᠰᠠᠨᠠᠭ᠎ᠠ ᠶᠢ ᠦᠨᠳᠦᠰᠦᠯᠡᠵᠣ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ | ᠲᠣᠰ ᠲᠦᠰᠦᠯ ᠢ ᠲᠣᠭᠳᠠᠭᠠᠪᠠ᠃ | ᠨᠢᠭᠡ᠂ ᠴᠢᠬᠤᠯᠠ ᠠᠴᠢ ᠬᠤᠯᠪᠣᠭᠳᠣᠯ | ᠮᠠᠨ ᠤ ᠬᠤᠰᠢᠭᠤᠨ ᠤ ᠠᠭᠤᠷᠬᠠᠢ ᠶᠢᠨ ᠭᠠᠷᠣᠯᠳᠠ ᠶᠢᠨ ᠡᠬᠢ ᠰᠣᠷᠪᠣᠯᠵᠢ ᠡᠯᠪᠡᠭ ᠪᠠᠶᠠᠯᠢᠭ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ | ᠪᠣᠯ ᠣᠯᠣᠰ ᠤᠨ ᠲᠡᠰ ᠤᠨ ᠡᠨᠧᠷᠬᠢ ᠬᠢᠮᠢ ᠶᠢᠨ ᠴᠢᠬᠤᠯᠠ ᠰᠠᠭᠤᠷᠢᠨ ᠭᠠᠵᠠᠷ ᠪᠣᠯᠣᠨ᠎ᠠ᠃ ᠮᠠᠨ ᠤ ᠬᠤᠰᠢᠭᠤᠨ ᠤ ᠠᠭᠤᠷᠬᠠᠢ ᠶᠢᠨ ᠣᠶᠢᠯᠠᠰ ᠤᠨ ᠠᠵᠣ ᠠᠬᠤᠢ | ᠠᠯᠬᠤᠮ ᠠᠯᠬᠤᠮ ᠢᠶᠠᠷ ᠬᠦᠭᠵᠢᠨ ᠪᠣᠵᠠᠭᠠᠶᠢᠷᠠᠬᠤ ᠶᠢ ᠲᠠᠭᠠᠯᠳᠣᠨ᠂ ᠠᠭᠤᠷᠬᠠᠢ ᠶᠢᠨ ᠭᠠᠷᠣᠯᠳᠠ ᠶᠢᠨ ᠡᠬᠢ ᠰᠣᠷᠪᠣᠯᠵᠢ ᠨᠢ ᠮᠠᠨ ᠤ ᠬᠤᠰᠢᠭᠤᠨ ᠤ ᠠᠵᠣ ᠠᠬᠤᠢ | ᠶᠢᠨ ᠬᠦᠭᠵᠢᠯᠳᠡ ᠳᠤ ᠴᠢᠬᠤᠯᠠ ᠶᠡᠭᠡ ᠨᠡᠮᠡᠷᠢ ᠦᠵᠡᠭᠦᠯᠦᠭᠰᠡᠨ ᠪᠠᠶᠢᠨ᠎ᠠ᠃ ᠢᠯᠠᠩᠭᠤᠶ᠎ᠠ ︽ᠠᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠠᠴᠠ ᠨᠠᠭᠠᠰᠢ᠂ | ᠪᠦᠬᠦ ᠬᠤᠰᠢᠭᠤᠨ ᠤ ᠠᠵᠣ ᠠᠬᠤᠢ ᠶᠢᠨ ᠬᠦᠭᠵᠢᠯᠳᠡ ᠨᠡᠩ ᠴᠢᠩᠭᠠᠷᠠᠨ᠂ ᠬᠦᠭᠵᠢᠯᠳᠡ ᠶᠢᠨ ᠴᠢᠨᠠᠷ ᠴᠢᠨᠰᠠᠭ᠎ᠠ ᠢᠯᠡᠷᠡᠭᠡᠢ ᠲᠡᠭᠡᠭᠰᠢᠯᠡᠵᠣ᠂ ᠠᠭᠤᠷᠬᠠᠢ ᠶᠢᠨ | ᠭᠠᠷᠣᠯᠳᠠ ᠶᠢᠨ ᠡᠬᠢ ᠰᠣᠷᠪᠣᠯᠵᠢ ᠶᠢᠨ ᠬᠡᠷᠡᠭᠴᠡᠭᠡ ᠨᠡᠩ ᠶᠡᠬᠡᠪᠡᠷ ᠱᠠᠭᠠᠷᠳᠠᠭᠳᠠᠪᠠ᠃ ᠭᠡᠪᠡᠴᠦ ᠮᠠᠨ ᠤ ᠬᠤᠰᠢᠭᠤᠨ ᠳᠤ ᠠᠭᠤᠷᠬᠠᠢ ᠶᠢᠨ ᠭᠠᠷᠣᠯᠳᠠ ᠶᠢᠨ ᠡᠬᠢ | ᠰᠣᠷᠪᠣᠯᠵᠢ ᠶᠢᠨ ᠨᠡᠭᠡᠭᠡᠯᠳᠡ ᠠᠰᠢᠭᠯᠠᠯᠳᠠ ᠶᠡᠷᠦᠩᠬᠡᠢ ᠳᠤ ᠪᠠᠨ ᠬᠤᠴᠣᠷᠣᠩᠭᠤᠢ ᠪᠦᠳᠦᠭᠦᠯᠢᠭ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠲᠣᠪᠣᠶᠢᠮ᠎ᠠ᠂ | ᠠᠭᠤᠷᠬᠠᠢ ᠶᠢᠨ ᠣᠶᠢᠯᠠᠳᠪᠦᠷᠢᠯᠠᠯ ᠡᠵᠡᠯᠡᠭᠰᠡᠨ ᠲᠠᠯᠠᠪᠠᠢ᠂ ᠬᠦᠷᠦᠰᠦ ᠰᠢᠷᠣᠢ ᠶᠢ ᠡᠪᠳᠡᠭᠰᠡᠨ ᠲᠠᠯᠠᠪᠠᠢ ᠪᠣᠯᠣᠨ ᠬᠠᠳᠠᠭᠤ ᠪᠡᠶᠡᠳᠦ ᠬᠠᠶᠠᠭᠳᠠᠮᠠᠯ ᠪᠣᠳᠠᠰ | ᠣᠪᠣᠭᠠᠯᠠᠭᠰᠠᠨ ᠬᠡᠮᠵᠢᠶ᠎ᠡ ᠶᠡᠭᠡ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠭᠤᠷᠬᠠᠢ ᠶᠢᠨ ᠣᠶᠢᠯᠠᠰ ᠤᠨ ᠦᠷᠭᠦᠯᠵᠢᠭᠦᠶᠢᠴᠡ | ᠬᠦᠭᠵᠢᠯᠳᠡ ᠳᠤ ᠨᠦᠯᠦᠭᠡᠯᠡᠯ ᠶᠡᠬᠡᠳᠡᠢ ᠵᠡᠷᠭᠡ ᠰᠢᠷᠢᠰ ᠠᠰᠠᠭᠤᠳᠠᠯ ᠣᠷᠣᠰᠢᠵᠣ ᠪᠣᠢ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠢ ᠪᠦᠬᠦ ᠲᠠᠯ᠎ᠠ ᠪᠠᠷ ᠪᠠᠶᠢᠭᠤᠯᠬᠤ | ᠪᠣᠯ ᠠᠭᠤᠷᠬᠠᠢ ᠶᠢᠨ ᠣᠶᠢᠯᠠᠰ ᠤᠨ ᠬᠡᠯᠪᠡᠷᠢ ᠶᠢ ᠬᠤᠪᠢᠷᠠᠭᠤᠯᠬᠤ ᠬᠦᠭᠵᠢᠯᠳᠡ᠂ ᠦᠷᠭᠦᠯᠵᠢᠭᠦᠶᠢᠴᠡ ᠬᠦᠭᠵᠢᠯᠳᠡ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠠᠭᠤᠷᠬᠠᠢ | ᠶᠢᠨ ᠣᠶᠢᠯᠠᠰ ᠤᠨ ᠬᠦᠷᠢᠶ᠎ᠠ ᠴᠠᠷᠠᠭᠠᠨ ᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠣᠯᠬᠤ ᠲᠣᠯᠠ ᠮᠡᠨ ᠤ | ᠬᠤᠰᠢᠭᠤᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠭᠤᠷᠬᠠᠢ ᠶᠢᠨ ᠣᠷᠣᠨ ᠤ ᠠᠵᠣ ᠠᠬᠤᠶᠢᠯᠠᠯ | ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ᠂ ᠠᠵᠣ ᠠᠬᠤᠶᠢᠯᠠᠯ ᠤᠨ ᠡᠷᠡᠭᠦᠯ ᠬᠦᠭᠵᠢᠯᠳᠡ ᠶᠢ ᠠᠬᠢᠭᠤᠯᠬᠤ ᠳᠤ ᠴᠢᠬᠤᠯᠠ ᠶᠡᠭᠡ ᠪᠠᠶᠢᠳᠣᠯᠬᠤ ᠪᠣᠳᠣᠯᠭ᠎ᠠ ᠶᠢᠨ | ᠠᠴᠢ ᠬᠤᠯᠪᠣᠭᠳᠠᠯ ᠪᠠ ᠠᠬᠤᠶᠢᠴᠢ ᠠᠴᠢ ᠬᠤᠯᠪᠣᠭᠳᠠᠯ ᠲᠠᠢ ᠶᠣᠮ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠣᠯᠣᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠠ ᠦᠪᠦᠷ ᠮᠣᠩᠭᠤᠯ ᠳᠤ ᠲᠣᠭᠤᠷᠢᠨ ᠪᠠᠶᠢᠴᠠᠭᠠᠭᠰᠠᠨ ᠴᠢᠬᠤᠯᠠ ᠶᠡᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠣ᠂ ︽ᠲᠠᠪᠦ ᠶᠢ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠦᠯᠳᠡᠢ ᠠᠬᠢᠭᠤᠯᠣᠨ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ | ᠪᠠᠶᠢᠷᠢᠯᠠᠭᠤᠯᠣᠯᠳᠠ ᠶᠢ ᠵᠣᠬᠢᠴᠠᠩᠭᠤᠢ ᠠᠬᠢᠭᠤᠯᠵᠣ᠂ ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡ ᠲᠠᠢ᠂ ᠬᠠᠮᠳᠦ ᠪᠠᠷ ᠡᠳ᠋ᠯᠡᠬᠦ | ᠬᠦᠭᠵᠢᠯᠳᠡ ᠶᠢᠨ ᠦᠵᠡᠯᠳᠡ ᠶᠢ ᠡᠷᠡᠰ ᠪᠠᠳᠦ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠯᠳᠡᠢ ᠪᠠᠶᠢᠷᠢᠯᠠᠭᠤᠯᠣᠯᠳᠠ ᠶᠣᠰᠣᠭᠠᠷ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠶᠡᠷᠦᠩᠬᠡᠢ | ᠱᠠᠭᠠᠷᠳᠠᠯᠭ᠎ᠠ ᠶᠢ ᠪᠠᠳᠣ ᠡᠵᠡᠮᠳᠡᠨ᠂ ᠭᠤᠣᠯ ᠴᠣᠭᠴᠠ ᠶᠢᠨ ᠴᠢᠳᠠᠪᠬᠢ ᠶᠢᠨ ᠣᠷᠣᠨ ᠤ ᠲᠦᠯᠦᠪᠵᠢᠭᠦᠯᠭᠡ ᠶᠢ ᠴᠢᠩᠭ᠎ᠠ ᠨᠠᠶᠢᠳᠠᠪᠦᠷᠢᠵᠢᠭᠤᠯᠵᠣ᠂ ︽ᠬᠦᠭᠵᠢᠯᠳᠡ᠂ | ᠠᠷᠠᠳ ᠤᠨ ᠠᠮᠢᠳᠣᠷᠠᠯ᠂ ᠠᠮᠢ ᠠᠬᠤᠢ︾ ᠶᠢᠨ ᠬᠤᠷᠢᠭ᠎ᠠ ᠱᠣᠭᠤᠮ ᠢ ᠪᠠᠳᠦ ᠰᠠᠬᠢᠨ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠪᠣᠯᠪᠠᠰᠣᠨ ᠤ | ᠪᠠᠶᠢᠭᠤᠯᠣᠯᠳᠠ ᠶᠢᠨ ᠠᠬᠢᠴᠠ ᠶᠢ ᠲᠦᠷᠭᠡᠳᠬᠡᠵᠣ᠂ ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠤᠨ ᠲᠦᠯᠦᠪᠵᠢᠭᠦᠯᠭᠡ᠂ ᠬᠠᠶᠢᠨ ᠪᠠᠶᠢᠴᠠᠭᠠᠯᠳᠠ᠂ ᠨᠡᠭᠡᠭᠡᠨ | ᠠᠰᠢᠭᠯᠠᠯᠳᠠ ᠪᠣᠯᠣᠨ ᠬᠠᠮᠠᠭᠠᠯᠠᠯᠳᠠ ᠶᠢᠨ ᠪᠦᠬᠦ ᠶᠠᠪᠣᠴᠠ ᠳᠤ ᠪᠣᠬᠢᠷᠳᠣᠯ ᠦᠭᠡᠢ ᠬᠦᠭᠵᠢᠯᠳᠡ ᠶᠢᠨ ᠦᠵᠡᠯᠳᠡ ᠶᠢ ᠲᠣᠣᠱᠯᠠᠭᠤᠯᠣᠨ᠂ ᠪᠣᠬᠢᠷᠳᠣᠯ ᠦᠭᠡᠢ ᠠᠭᠤᠷᠬᠠᠢ | ᠶᠢᠨ ᠣᠷᠣᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠠᠭᠤᠷᠬᠠᠢ ᠶᠢᠨ ᠣᠶᠢᠯᠠᠰ ᠢ ᠪᠣᠬᠢᠷᠳᠣᠯ ᠦᠭᠡᠢ ᠬᠦᠭᠵᠢᠯᠳᠡ ᠶᠢᠨ ᠵᠠᠮ ᠢᠶᠠᠷ ᠣᠳᠣᠷᠢᠳᠣᠨ | ᠲᠠᠭᠠᠭᠤᠯᠵᠣ᠂ ᠮᠠᠨ ᠤ ᠣᠯᠣᠰ ᠤᠨ ᠣᠮᠠᠷᠠᠳᠦ ᠣᠷᠣᠨ ᠤ ᠠᠮᠢ ᠠᠬᠤᠢ ᠶᠢᠨ ᠴᠢᠬᠤᠯᠠ ᠬᠠᠯᠬᠠᠪᠴᠢ ᠶᠢᠨ ᠪᠠᠶᠢᠭᠤᠯᠣᠯᠳᠠ ᠳᠤ ᠬᠤᠪᠢ ᠨᠡᠮᠡᠷᠢ ᠪᠠᠨ ᠦᠵᠡᠭᠦᠯᠬᠦ | ᠬᠡᠷᠡᠭᠳᠡᠢ᠃ | ᠬᠤᠶᠠᠷ᠂ ᠶᠡᠷᠦᠩᠬᠡᠢ ᠬᠠᠷᠠᠯᠳᠠ | ᠮᠠᠨ ᠤ ᠬᠤᠰᠢᠭᠤᠨ ᠳᠤ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠣᠷᠣᠨ ᠤ ᠠᠵᠣ ᠠᠬᠤᠶᠢᠯᠠᠯ ᠪᠦᠬᠦᠨ ᠢ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠶᠢᠨ ᠱᠠᠭᠠᠷᠳᠠᠯᠭ᠎ᠠ ᠶᠣᠰᠣᠭᠠᠷ ᠪᠠᠶᠢᠭᠤᠯᠣᠨ᠂ ᠨᠡᠭᠦᠷᠡᠰᠣᠨ ᠠᠭᠤᠷᠬᠠᠢ ᠶᠢ ᠰᠢᠨ᠎ᠡ ᠪᠠᠷ ᠪᠠᠶᠢᠭᠤᠯᠬᠤ ᠳᠤ ᠣᠯᠣᠰ ᠤᠨ ᠲᠡᠰ ᠤᠨ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠦᠯᠵᠣ᠂ ᠵᠦᠪᠰᠢᠶᠡᠷᠡᠯ ᠤᠨ ᠨᠦᠬᠦᠴᠡᠯ ᠢ ᠴᠢᠩᠭ᠎ᠠ ᠵᠢᠷᠣᠮᠯᠠᠬᠤ ᠬᠡᠷᠡᠭᠳᠡᠢ᠃ ᠨᠡᠭᠦᠷᠡᠰᠣᠨ ᠤ ᠪᠣᠰᠣ | ᠪᠣᠰᠣᠳ ᠠᠭᠤᠷᠬᠠᠢ ᠶᠢᠨ ᠣᠷᠣᠨ ᠢ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠦᠭᠦᠴᠡᠯ ᠶᠣᠰᠣᠭᠠᠷ ᠲᠦᠷᠢᠮᠵᠢᠭᠦᠨ ᠴᠢᠩᠭ᠎ᠠ ᠬᠠᠮᠢᠶᠠᠷᠴᠦ᠂ ᠡᠬᠢ ᠪᠠᠶᠠᠯᠢᠭ | ᠤᠨ ᠡᠷᠴᠢᠮᠵᠢᠭᠰᠡᠨ ᠠᠰᠢᠭᠯᠠᠯᠳᠠ ᠶᠢᠨ ᠲᠦᠪᠰᠢᠨ ᠢ ᠢᠯᠡᠷᠬᠡᠢ ᠲᠡᠭᠡᠭᠰᠢᠯᠡᠭᠦᠯᠬᠦ ᠶᠢ ᠪᠡᠶᠡᠯᠡᠭᠦᠯᠣᠨ᠂ ᠠᠭᠤᠷᠬᠠᠢ ᠶᠢᠨ ᠣᠷᠣᠨ ᠤ ᠭᠠᠵᠠᠷ ᠰᠢᠯᠵᠢᠯᠡᠭᠡᠨ ᠤ ᠣᠷᠴᠢᠨ | ᠲᠣᠭᠤᠷᠢᠨ ᠢ ᠪᠦᠳᠦᠮᠵᠢᠳᠡᠢ ᠬᠠᠮᠠᠭᠠᠯᠠᠨ ᠵᠠᠰᠠᠵᠣ᠂ ᠠᠭᠤᠷᠬᠠᠢ ᠶᠢᠨ ᠣᠷᠣᠨ ᠤ ᠭᠠᠵᠠᠷ ᠰᠢᠷᠣᠢ ᠶᠢᠨ ᠲᠠᠬᠢᠨ ᠬᠠᠭᠠᠯᠪᠦᠷᠢᠯᠠᠯᠳᠠ ᠶᠢᠨ ᠲᠦᠪᠰᠢᠨ ᠢ ᠪᠦᠬᠦ ᠲᠠᠯ᠎ᠠ ᠪᠠᠷ | ᠲᠡᠭᠡᠭᠰᠢᠯᠡᠭᠦᠯᠦᠨ᠂ ᠠᠭᠤᠷᠬᠠᠢ ᠶᠢᠨ ᠣᠷᠣᠨ ᠤ ᠠᠵᠣ ᠠᠬᠤᠶᠢᠯᠠᠯ ᠪᠣᠯᠣᠨ ᠭᠠᠵᠠᠷ ᠣᠷᠣᠨ ᠤ ᠵᠣᠬᠢᠴᠠᠩᠭᠤᠢ ᠬᠦᠭᠵᠢᠯᠳᠡ ᠵᠡᠷᠭᠡ ᠪᠠᠷᠢᠮᠵᠢᠶ᠎ᠡ ᠨᠢ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠪᠠᠷᠢᠮᠵᠢᠶᠡᠨ ᠳᠤ ᠬᠦᠷᠦᠭᠰᠡᠨ ᠦᠭᠡᠢ ᠶᠢ ᠨᠢ ᠵᠠᠬ᠎ᠠ ᠲᠡᠯᠭᠡᠭᠦᠷ ᠠᠴᠠ ᠭᠠᠷᠭᠠᠨ᠎ᠠ᠃ 2025 ᠣᠨ ᠪᠣᠯᠬᠤ ᠳᠤ | ᠪᠦᠬᠦ ᠬᠤᠰᠢᠭᠤᠨ ᠤ ᠠᠭᠤᠷᠬᠠᠢ ᠶᠢᠨ ᠣᠷᠣᠨ ᠢ ᠶᠡᠷᠦᠩᠬᠡᠢ ᠳᠤ ᠪᠠᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠭᠡᠨ | ᠂ ᠡᠬᠢ ᠪᠠᠶᠠᠯᠢᠭ ᠤᠨ ᠡᠷᠴᠢᠮᠵᠢᠭᠰᠡᠨ ᠠᠷᠪᠢᠳᠠᠢ ᠠᠰᠢᠭᠯᠠᠯᠳᠠ ᠶᠢᠨ ᠲᠦᠪᠰᠢᠨ ᠢ ᠢᠯᠡᠷᠬᠡᠢ ᠲᠡᠭᠡᠭᠰᠢᠯᠡᠭᠦᠯᠵᠣ᠂ ᠠᠭᠤᠷᠬᠠᠢ ᠶᠢᠨ ᠣᠷᠣᠨ ᠤ ᠠᠮᠢ ᠠᠬᠤᠢ ᠶᠢ | ᠪᠦᠳᠦᠮᠵᠢᠳᠠᠢ ᠬᠠᠮᠠᠭᠠᠯᠠᠨ᠂ ᠠᠭᠤᠷᠬᠠᠢ ᠶᠢᠨ ᠣᠷᠣᠨ ᠤ ᠭᠠᠵᠠᠷ ᠰᠢᠷᠣᠢ ᠶᠢᠨ ᠲᠠᠬᠢᠨ ᠬᠠᠭᠠᠯᠪᠦᠷᠢᠯᠠᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ | ᠠᠭᠤᠷᠬᠠᠢ ᠶᠢᠨ ᠣᠶᠢᠯᠠᠰ ᠢ ᠪᠣᠬᠢᠷᠳᠣᠯ ᠦᠭᠡᠢ ᠦᠷᠭᠦᠯᠵᠢᠬᠦᠶᠢᠴᠡ ᠬᠦᠭᠵᠢᠯᠳᠡ ᠶᠢᠨ ᠣᠬᠢ ᠰᠠᠶᠢᠨ ᠡᠷᠬᠢᠯᠳᠡ ᠶᠢᠨ ᠵᠠᠮ ᠳᠤ ᠣᠷᠣᠭᠤᠯᠣᠨ᠂ ᠠᠷᠪᠢᠳᠠᠢ ᠦᠨᠳᠦᠷ | ᠪᠦᠳᠦᠮᠵᠢᠳᠡᠢ᠂ ᠣᠷᠴᠢᠨ ᠲᠣᠭᠤᠷᠢᠨ ᠲᠣᠬᠢᠯᠢᠭ ᠰᠠᠶᠢᠬᠠᠨ᠂ ᠠᠭᠤᠷᠬᠠᠢ ᠣᠷᠣᠨ ᠨᠣᠳᠤᠭ ᠡᠶ᠎ᠡ ᠵᠣᠬᠢᠴᠠᠯ ᠲᠠᠢ ᠪᠣᠬᠢᠷᠳᠣᠯ ᠦᠭᠡᠢ ᠠᠭᠤᠷᠬᠠᠢ ᠶᠢᠨ ᠣᠶᠢᠯᠠᠰ ᠤᠨ | ᠬᠦᠭᠵᠢᠯᠳᠡ ᠶᠢᠨ ᠰᠢᠨ᠎ᠡ ᠵᠠᠭᠪᠣᠷ ᠢ ᠪᠦᠷᠢᠯᠳᠦᠭᠦᠯᠦᠨ᠎ᠡ᠃ | ᠭᠤᠷᠪᠠ᠂ ᠭᠤᠣᠯᠳᠠᠯᠭᠠᠳᠦ ᠡᠭᠦᠷᠭᠡ | ︵ᠨᠢᠭᠡ︶ ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠲᠦᠯᠦᠪᠵᠢᠭᠦᠯᠭᠡ ᠶᠢᠨ ᠲᠣᠭᠳᠠᠯᠴᠠᠭ᠎ᠠ ᠶᠢ ᠪᠠᠶᠢᠭᠤᠯᠣᠨ᠎ᠠ᠃ | | ᠪᠦᠬᠦ ᠬᠤᠰᠢᠭᠤᠨ ᠤ ᠠᠭᠤᠷᠬᠠᠢ ᠶᠢᠨ ᠣᠶᠢᠯᠠᠳᠪᠦᠷᠢᠯᠠᠯ᠂ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠣᠷᠣᠨ ᠪᠦᠬᠦᠨ ᠢ ᠪᠣᠬᠢᠷᠳᠣᠯ ᠦᠭᠡᠢ ᠠᠭᠤᠷᠬᠠᠢ ᠶᠢᠨ | ᠣᠷᠣᠨ ᠤ ᠪᠠᠶᠢᠭᠤᠯᠣᠯᠳᠠ ᠶᠢᠨ ᠲᠦᠯᠦᠪᠵᠢᠭᠦᠯᠭᠡ ᠳᠤ ᠣᠷᠣᠭᠤᠯᠣᠨ᠎ᠠ᠃ ᠠᠭᠤᠷᠬᠠᠢ ᠶᠢᠨ ᠣᠷᠣᠨ ᠤ ᠠᠵᠣ ᠠᠬᠤᠶᠢᠯᠠᠯ ᠤᠨ ᠬᠠᠣᠯᠢ ᠶᠣᠰᠣᠭᠠᠷ ᠠᠭᠤᠷᠬᠠᠢ | ᠨᠡᠭᠡᠭᠡᠬᠦ᠂ ᠲᠦᠷᠢᠮᠵᠢᠯ ᠬᠠᠮᠢᠶᠠᠷᠣᠯᠳᠠ᠂ ᠶᠠᠷᠦᠩᠬᠡᠶᠢᠯᠡᠭᠰᠡᠨ ᠠᠰᠢᠭᠯᠠᠯᠳᠠ᠂ ᠮᠡᠷᠭᠡᠵᠢᠯ ᠤᠨ ᠰᠢᠨᠡᠴᠢᠯᠡᠯᠳᠡ᠂ ᠡᠨᠧᠷᠬᠢ ᠠᠷᠪᠢᠯᠠᠨ ᠭᠠᠳᠠᠭᠰᠢᠭᠤᠯᠣᠯᠳᠠ ᠶᠢ | ᠪᠠᠭᠠᠰᠬᠠᠬᠤ᠂ ᠣᠷᠴᠢᠨ ᠲᠣᠭᠤᠷᠢᠨ ᠤ ᠬᠠᠮᠠᠭᠠᠯᠠᠯᠳᠠ᠂ ᠭᠠᠵᠠᠷ ᠰᠢᠷᠣᠢ ᠶᠢᠨ ᠲᠠᠬᠢᠨ ᠬᠠᠭᠠᠯᠪᠦᠷᠢᠯᠠᠯᠳᠠ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ᠂ ᠠᠵᠣ | ᠠᠬᠤᠶᠢᠯᠠᠯ ᠤᠨ ᠰᠣᠶᠣᠯ ᠵᠡᠷᠭᠡ ᠪᠠᠷ ᠭᠤᠣᠯ ᠠᠭᠤᠯᠭ᠎ᠠ ᠪᠠᠯ ᠪᠣᠯᠭᠠᠭᠰᠠᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠯᠦᠪᠵᠢᠭᠦᠯᠭᠡ | ᠲᠣᠭᠤᠷᠪᠢᠨ ᠨᠠᠶᠢᠷᠠᠭᠤᠯᠬᠤ ᠬᠡᠷᠡᠭᠳᠡᠢ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ | ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ︵ᠬᠤᠶᠠᠷ︶ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢᠨ ᠲᠣᠭᠳᠠᠴᠠ ᠶᠢᠨ ᠦᠭᠡᠷᠡᠴᠢᠯᠡᠯᠳᠡ ᠶᠢ | ᠨᠠᠶᠢᠳᠠᠪᠦᠷᠢᠵᠢᠭᠤᠯᠣᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠳᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠲᠣᠭᠳᠠᠭᠠᠯ ᠢ ᠴᠢᠩᠭ᠎ᠠ ᠨᠠᠶᠢᠳᠠᠪᠦᠷᠢᠵᠢᠭᠤᠯᠣᠨ᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠵᠠᠰᠠᠯᠳᠠ ᠶᠢᠨ ᠪᠠᠳᠣᠯᠠᠭ᠎ᠠ ᠶᠢᠨ ᠮᠦᠩᠭᠦ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠣᠨ᠎ᠠ᠃ ᠦᠪᠡᠷᠳᠡᠭᠡᠨ ᠵᠠᠰᠠᠬᠤ ᠣᠷᠣᠨ ᠤ | ᠣᠳᠣᠬᠠᠨ ᠤ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠠᠳᠣᠯᠠᠭ᠎ᠠ ᠶᠢᠨ ᠮᠦᠩᠭᠦ ᠶᠢ ᠠᠮᠢᠳᠣᠯᠢᠭᠵᠢᠭᠤᠯᠬᠤ | ᠲᠦᠷᠦ ᠶᠢᠨ ᠪᠣᠳᠣᠯᠭ᠎ᠠ ᠶᠢ ᠦᠨᠳᠦᠰᠦᠯᠡᠨ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢᠨ ᠪᠠᠳᠣᠯᠠᠭ᠎ᠠ ᠶᠢᠨ ᠮᠦᠩᠭᠦ ᠶᠢ ᠵᠣᠬᠢᠬᠤ ᠬᠡᠮᠵᠢᠶ᠎ᠡ ᠪᠠᠷ | ᠭᠠᠷᠭᠠᠨ ᠠᠪᠬᠤ ᠪᠠ ᠪᠣᠴᠠᠭᠠᠬᠤ ᠠᠵᠢᠯ ᠢ ᠰᠠᠶᠢᠳᠦᠷ ᠬᠢᠵᠣ᠂ ᠠᠭᠤᠷᠬᠠᠢ ᠶᠢᠨ ᠣᠷᠣᠨ ᠤ ᠠᠵᠣ ᠠᠬᠤᠶᠢᠯᠠᠯ ᠳᠤ ᠪᠣᠴᠠᠭᠠᠭᠰᠠᠨ ᠪᠠᠳᠣᠯᠠᠭ᠎ᠠ ᠶᠢᠨ ᠮᠦᠩᠭᠦ ᠶᠢ | ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠳᠠ ᠪᠠ ᠵᠠᠰᠠᠯᠳᠠ ᠶᠢᠨ ᠠᠵᠢᠯ ᠳᠤ ᠬᠡᠷᠡᠭᠯᠡᠭᠰᠡᠨ ᠡᠰᠡᠬᠦ ᠳᠤ ᠬᠢᠨᠠᠯᠳᠠ | ᠲᠠᠯᠪᠢᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ︵ᠭᠤᠷᠪᠠ︶ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠲᠠᠭᠤᠷᠢᠶᠠᠯ ᠴᠡᠭ ᠢ ᠴᠣᠭᠴᠠᠯᠠᠨ᠎ᠠ᠃ ᠮᠠᠨ ᠤ ᠬᠤᠰᠢᠭᠤᠨ ᠤ ᠬᠡᠪᠴᠢᠶᠡᠨ ᠳᠤ ᠣᠳᠣᠬᠠᠨ ᠳᠤ | ᠣᠳᠤᠭ ᠤᠨ ᠡᠮᠦᠨᠡᠳᠦ ᠬᠤᠰᠢᠭᠤᠨ ᠤ ᠴᠠᠩ ᠴᠧᠩ ᠨᠡᠭᠦᠷᠡᠰᠣᠨ ᠠᠭᠤᠷᠬᠠᠢ ᠶᠢᠨ ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ᠂ ᠦᠪᠦᠷ ᠮᠣᠩᠭᠤᠯ ᠤᠨ ᠹᠦ᠋ ᠴᠧᠩ | ᠠᠭᠤᠷᠬᠠᠢ ᠶᠢᠨ ᠣᠶᠢᠯᠠᠰ ᠤᠨ ᠬᠢᠵᠠᠭᠠᠷᠳᠦ ᠺᠣᠮᠫᠠᠨᠢ ᠶᠢᠨ ᠵᠡᠭᠡᠷᠭᠡᠨ᠎ᠡ ᠶᠢᠨ ᠬᠤᠳᠳᠤᠭ ᠨᠡᠭᠦᠷᠡᠰᠣᠨ ᠠᠭᠤᠷᠬᠠᠢ ᠪᠣᠯᠣᠨ ᠦᠪᠦᠷ ᠮᠣᠩᠭᠤᠯ ᠤᠨ ᠱᠠᠩᠬᠠᠢ ᠶᠢᠨ | ᠰᠦᠮ᠎ᠡ ᠠᠭᠤᠷᠬᠠᠢ ᠶᠢᠨ ᠣᠶᠢᠯᠠᠰ ᠤᠨ ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ ᠶᠢᠨ ᠬᠠᠶᠢᠯᠠᠰᠣᠨ ᠬᠤᠳᠳᠤᠭ ᠨᠡᠭᠦᠷᠡᠰᠣᠨ ᠠᠭᠤᠷᠬᠠᠢ ᠵᠡᠷᠭᠡ 3 ᠠᠭᠤᠷᠬᠠᠢ | ᠶᠢᠨ ᠣᠶᠢᠯᠠᠳᠪᠦᠷᠢᠯᠠᠯ ᠤᠨ ᠠᠵᠣ ᠠᠬᠤᠶᠢᠯᠠᠯ ᠬᠤᠳᠳᠤᠭ ᠮᠠᠯᠳᠠᠬᠤ ᠬᠡᠯᠡᠪᠷᠢ ᠪᠠᠷ ᠨᠡᠭᠡᠭᠡᠨ ᠮᠠᠯᠳᠠᠵᠣ᠂ ᠣᠯᠣᠰ ᠤᠨ ᠲᠡᠰ ᠤᠨ ᠪᠣᠬᠢᠷᠳᠣᠯ ᠦᠭᠡᠢ ᠠᠭᠤᠷᠬᠠᠢ ᠶᠢᠨ | ᠣᠷᠣᠨ ᠤ ᠪᠠᠷᠢᠮᠵᠢᠶ᠎ᠠ ᠶᠣᠰᠣᠭᠠᠷ ᠪᠦᠳᠦᠭᠡᠨ ᠪᠠᠶᠢᠭᠤᠯᠵᠣ ᠪᠠᠶᠢᠭ᠎ᠠ ᠪᠣᠯᠬᠤᠷ ᠠᠵᠣ ᠠᠬᠤᠶᠢᠯᠠᠯ ᠢ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ | ᠶᠢᠨ ᠲᠠᠭᠤᠷᠢᠶᠠᠯ ᠴᠡᠭ ᠪᠣᠯᠭᠠᠵᠣ᠂ ᠠᠭᠤᠷᠬᠠᠢ ᠶᠢᠨ ᠣᠶᠢᠯᠠᠰ ᠤᠨ ᠬᠦᠭᠵᠢᠯᠳᠡ ᠶᠢᠨ ᠰᠢᠨ᠎ᠡ ᠵᠠᠭᠪᠣᠷ᠂ ᠰᠢᠨ᠎ᠡ ᠲᠣᠭᠳᠠᠯᠴᠠᠭ᠎ᠠ ᠶᠢ ᠲᠦᠭᠡᠮᠡᠯᠵᠢᠭᠦᠯᠦᠨ᠎ᠡ᠃ | ᠲᠠᠭᠤᠷᠢᠶᠠᠯ ᠠᠭᠤᠷᠬᠠᠢ ᠶᠢᠨ ᠣᠷᠣᠨ ᠢ ᠪᠦᠬᠦᠨ ᠢ ︽ᠣᠷᠳᠣᠰ ᠬᠤᠳᠠ ᠶᠢᠨ ᠭᠤᠷᠪᠠᠳᠣᠭᠠᠷ ᠡᠭᠡᠯᠵᠢ ᠶᠢᠨ ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠤᠨ | ᠶᠡᠷᠦᠩᠬᠡᠢ ᠲᠦᠯᠦᠪᠵᠢᠭᠦᠯᠭᠡ︾ ᠳᠤ ᠣᠷᠣᠭᠤᠯᠣᠨ᠂ ᠠᠮᠢ ᠠᠬᠤᠢ ᠶᠢᠨ ᠬᠤᠷᠢᠭ᠎ᠠ ᠱᠣᠭᠤᠮ ᠢ ᠴᠢᠩᠭ᠎ᠠ ᠰᠠᠬᠢᠵᠣ᠂ ᠠᠭᠤᠷᠬᠠᠢ ᠶᠢᠨ ᠣᠶᠢᠯᠠᠰ ᠤᠨ ᠡᠷᠬᠡ ᠶᠢ | ᠵᠣᠬᠢᠰᠳᠠᠢ ᠪᠠᠶᠢᠷᠢᠯᠠᠭᠤᠯᠣᠨ᠂ ᠠᠭᠤᠷᠬᠠᠢ ᠶᠢᠨ ᠠᠵᠣ ᠣᠶᠢᠯᠠᠰ ᠤᠨ ᠪᠦᠳᠦᠴᠡ ᠶᠢ ᠲᠣᠬᠢᠷᠠᠭᠤᠯᠣᠨ᠎ᠠ᠃ ᠠᠭᠤᠷᠬᠠᠢ ᠣᠷᠣᠨ ᠨᠣᠳᠤᠭ ᠤᠨ ᠵᠣᠬᠢᠴᠠᠩᠭᠤᠢ | ᠬᠦᠭᠵᠢᠯᠳᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠂ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠶᠢᠨ ᠠᠰᠢᠭ ᠲᠣᠰᠠ ᠶᠢᠨ ᠬᠤᠪᠢᠶᠠᠷᠢᠯᠠᠯᠳᠠ ᠶᠢᠨ ᠲᠣᠭᠳᠠᠴᠠ | ᠶᠢ ᠰᠣᠳᠣᠯᠣᠨ ᠲᠡᠭᠦᠯᠳᠡᠷᠵᠢᠭᠦᠯᠵᠣ᠂ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠤᠨ ᠠᠰᠢᠭ ᠲᠣᠰᠠ ᠪᠣᠯᠣᠨ ᠠᠭᠤᠷᠬᠠᠢ ᠶᠢᠨ ᠣᠷᠣᠨ ᠤ ᠠᠵᠣ ᠠᠬᠤᠶᠢᠯᠠᠯ | ᠤᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ ᠠᠵᠣ ᠣᠶᠢᠯᠠᠳᠪᠦᠷᠢ ᠮᠡᠳᠡᠭᠡ | ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠠᠮᠢ ᠠᠬᠤᠢ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ︵ᠲᠦᠷᠪᠡ︶ ᠪᠣᠬᠢᠷᠳᠣᠯ ᠦᠭᠡᠢ ᠬᠠᠶᠢᠨ ᠪᠠᠶᠢᠴᠠᠭᠠᠯᠳᠠ ᠶᠢᠨ ᠲᠠᠭᠤᠷᠢᠶᠠᠯ ᠲᠣᠭᠳᠠᠯᠴᠠᠭᠠᠨ ᠤ ᠪᠠᠶᠢᠭᠤᠯᠣᠯᠳᠠ ᠶᠢ ᠠᠬᠢᠭᠤᠯᠣᠨ᠎ᠠ᠃ ᠪᠣᠬᠢᠷᠳᠣᠯ ᠦᠭᠡᠢ | ᠲᠦᠷᠦᠯ ᠵᠣᠶᠢᠯ ᠢ ᠬᠡᠷᠡᠭᠵᠢᠭᠦᠯᠵᠣ᠂ ᠡᠳ᠋ ᠤᠨ ᠵᠠᠰᠠᠭ ᠠᠴᠠ ᠪᠡᠯᠡ ᠣᠷᠣᠭᠤᠯᠣᠭᠰᠠᠨ ᠭᠠᠵᠠᠷ ᠰᠢᠨᠵᠢᠯᠡᠭᠡ ᠶᠢᠨ ᠬᠠᠶᠢᠨ ᠪᠠᠶᠢᠴᠠᠭᠠᠯᠳᠠ ᠶᠢᠨ ᠲᠦᠷᠦᠯ ᠵᠣᠶᠢᠯ ᠤᠨ | ᠲᠣᠯᠣᠭᠠᠶᠢᠯᠠᠭᠴᠢ ᠣᠶᠢᠯᠠᠳᠣᠯ ᠢ ᠪᠠᠳᠠᠷᠠᠭᠤᠯᠣᠨ᠂ ᠪᠣᠬᠢᠷᠳᠣᠯ ᠦᠭᠡᠢ ᠬᠠᠶᠢᠨ ᠪᠠᠶᠢᠴᠠᠭᠠᠯᠳᠠ ᠶᠢᠨ ᠲᠠᠯ᠎ᠠ ᠪᠠᠷ ᠲᠠᠭᠤᠷᠢᠶᠠᠯ ᠦᠵᠡᠭᠦᠯᠦᠨ ᠰᠢᠨᠡᠴᠢᠯᠡᠯᠳᠡ ᠬᠢᠵᠣ᠂ | ᠨᠡᠶᠢᠭᠡᠮ ᠤᠨ ᠬᠢᠨ ᠭᠠᠵᠠᠷ ᠰᠢᠨᠵᠢᠯᠡᠭᠡᠨ ᠤ ᠲᠦᠷᠦᠯ ᠵᠣᠶᠢᠯ ᠳᠤ ᠪᠡᠯᠡ ᠣᠷᠣᠭᠤᠯᠬᠤ ᠶᠢ ᠵᠣᠷᠢᠭᠵᠢᠭᠤᠯᠣᠨ ᠲᠡᠮᠵᠢᠵᠣ᠂ ᠪᠣᠬᠢᠷᠳᠣᠯ ᠦᠭᠡᠢ ᠬᠠᠶᠢᠨ ᠪᠠᠶᠢᠴᠠᠭᠠᠯᠳᠠ | ᠶᠢᠨ ᠰᠢᠨᠡᠴᠢᠯᠡᠯᠳᠡ ᠶᠢ ᠠᠬᠢᠭᠤᠯᠣᠨ᠎ᠠ᠃ ᠭᠠᠵᠠᠷ ᠰᠢᠨᠵᠢᠯᠡᠭᠡᠨ ᠤ ᠪᠠᠶᠢᠴᠠᠭᠠᠯᠳᠠ ᠶᠢᠨ ᠲᠣᠬᠠᠶᠢᠯᠠᠭᠰᠠᠨ ᠠᠵᠢᠯ ᠲᠦᠷᠦᠯ ᠤᠨ ᠬᠢᠨ ᠣᠷᠴᠢᠨ ᠬᠠᠮᠠᠭᠠᠯᠠᠬᠤ ᠪᠣᠬᠢᠷᠳᠣᠯ | ᠦᠭᠡᠢ ᠬᠠᠶᠢᠨ ᠪᠠᠶᠢᠴᠠᠭᠠᠯᠳᠠ ᠶᠢᠨ ᠮᠡᠷᠭᠡᠵᠢᠯ᠂ ᠣᠷ᠎ᠠ ᠮᠡᠷᠭᠡᠰᠢᠯ ᠪᠣᠯᠣᠨ ᠠᠷᠭ᠎ᠠ ᠠᠪᠴᠠᠯ ᠤᠨ ᠰᠣᠳᠣᠯᠣᠯᠳᠠ ᠲᠦᠭᠡᠮᠡᠯᠵᠢᠯᠡᠯᠳᠡ ᠪᠠᠨ ᠴᠢᠩᠭᠠᠳᠬᠠᠵᠣ᠂ ᠣᠷᠭᠤᠮᠠᠯ | ᠤᠨ ᠪᠦᠷᠬᠦᠪᠴᠢ ᠶᠢᠨ ᠡᠪᠳᠡᠭᠳᠡᠯ ᠢ ᠪᠠᠭᠠᠰᠬᠠᠨ᠂ ᠪᠣᠬᠢᠷᠳᠣᠯ ᠦᠭᠡᠢ ᠬᠠᠶᠢᠨ ᠪᠠᠶᠢᠴᠠᠭᠠᠯᠳᠠ ᠶᠢᠨ ᠮᠡᠷᠭᠡᠵᠢᠯ ᠶᠢᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ | ᠪᠠᠶᠢᠭᠤᠯᠬᠤ ᠬᠡᠷᠡᠭᠳᠡᠢ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ︵ᠲᠠᠪᠤ︶ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠣᠷᠣᠨ ᠤ ᠵᠦᠪᠰᠢᠶᠡᠷᠡᠯ ᠤᠨ ᠪᠠᠷᠢᠮᠵᠢᠶ᠎ᠡ ᠶᠢ ᠴᠢᠩᠭᠠᠳᠬᠠᠨ᠎ᠠ᠃ 2019 ᠣᠨ ᠠᠴᠠ ᠡᠬᠢᠯᠡᠨ᠂ ᠰᠢᠨ᠎ᠡ | ᠪᠠᠷ ᠪᠠᠶᠢᠭᠤᠯᠬᠤ ᠠᠭᠤᠷᠬᠠᠢ ᠶᠢᠨ ᠣᠷᠣᠨ ᠳᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠷᠢᠮᠵᠢᠶ᠎ᠠ ᠪᠠᠶᠢᠭᠤᠯᠣᠯᠳᠠ ᠶᠢ ᠬᠡᠷᠡᠭᠵᠢᠭᠦᠯᠪᠡ᠃ ᠦᠪᠡᠷᠳᠡᠭᠡᠨ | ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ᠂ ᠠᠭᠤᠷᠬᠠᠢ ᠶᠢᠨ ᠣᠷᠣᠨ ᠤ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠵᠢᠴᠢ ᠭᠠᠵᠠᠷ ᠰᠢᠷᠣᠢ ᠶᠢᠨ ᠲᠠᠬᠢᠨ ᠬᠠᠭᠠᠯᠪᠦᠷᠢᠯᠠᠯᠳᠠ ᠶᠢᠨ ᠲᠦᠰᠦᠯ ᠢ ᠨᠢᠭᠡᠳᠬᠡᠨ᠂ ᠪᠣᠬᠢᠷᠳᠣᠯ ᠦᠬᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠪᠠᠷᠢᠮᠵᠢᠶ᠎ᠡ ᠶᠢ ᠨᠢᠭᠡᠳᠭᠡᠭᠰᠡᠨ ᠤ ᠲᠠᠷᠠᠭᠠᠬᠢ ᠲᠦᠰᠦᠯ ᠳᠤ ᠣᠷᠣᠭᠤᠯᠵᠣ᠂ ᠨᠢᠭᠡᠳᠦᠯᠳᠡᠢ ᠨᠠᠶᠢᠷᠠᠭᠤᠯᠣᠨ᠂ | ᠨᠢᠭᠡᠳᠦᠯᠳᠡᠢ ᠬᠢᠨᠠᠵᠣ᠂ ᠨᠢᠭᠡᠳᠦᠯᠳᠡᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠡᠪᠳᠡᠭᠳᠡᠯ ᠢᠶᠠᠷ ᠬᠠᠷᠢᠴᠠᠩᠭᠤᠢ ᠪᠠᠭ᠎ᠠ ᠨᠡᠭᠡᠭᠡᠨ ᠠᠰᠢᠭᠯᠠᠬᠤ ᠠᠷᠭ᠎ᠠ᠂ ᠠᠭᠤᠷᠬᠠᠢ | ᠮᠠᠯᠳᠠᠬᠤ ᠮᠡᠷᠭᠡᠵᠢᠯ ᠪᠠ ᠠᠭᠤᠷᠬᠠᠢ ᠰᠣᠩᠭᠤᠬᠤ ᠠᠷᠭ᠎ᠠ ᠠᠪᠴᠠᠯ ᠢ ᠰᠣᠩᠭᠤᠵᠣ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ᠎ᠠ᠃ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠰᠣᠨ ᠠᠰᠢᠭᠯᠠᠯᠳᠠ ᠶᠢᠨ ᠰᠠᠯᠠᠭ᠎ᠠ ᠮᠦᠴᠢᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠪᠣᠯᠣᠨ ᠰᠡᠷᠭᠦᠭᠡᠨ ᠵᠠᠰᠠᠬᠤ ᠲᠦᠰᠦᠯ ᠵᠢᠴᠢ ᠬᠦᠷᠦᠰᠦ ᠰᠢᠷᠣᠢ ᠶᠢᠨ ᠢᠳᠡᠭᠳᠡᠯ ᠢ ᠵᠠᠰᠠᠬᠤ ᠲᠦᠰᠦᠯ ᠤᠨ ᠬᠢᠨᠠᠨ ᠪᠠᠶᠢᠴᠠᠭᠠᠯᠳᠠ ᠪᠠᠨ ᠴᠢᠩᠭᠠᠳᠬᠠᠨ᠂ ᠠᠵᠣ | ᠠᠬᠤᠶᠢᠯᠠᠯ ᠤᠨ ᠬᠠᠮᠠᠭᠠᠯᠠᠯᠳᠠ ᠶᠢᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠳᠤ ᠬᠢᠨᠠᠯᠳᠠ ᠲᠠᠯᠪᠢᠵᠣ᠂ ᠠᠮᠢ ᠠᠬᠤᠢ ᠶᠢᠨ ᠬᠠᠮᠠᠭᠠᠯᠠᠯᠳᠠ ᠶᠢᠨ | ᠨᠠᠶᠢᠳᠠᠪᠦᠷᠢᠵᠢᠭᠤᠯᠣᠯᠳᠠ ᠶᠢ ᠪᠠᠳᠣᠯᠠᠨ᠂ ᠠᠭᠤᠷᠬᠠᠢ ᠶᠢᠨ ᠣᠷᠣᠨ ᠤ ︽ᠭᠤᠷᠪᠠᠨ ᠬᠠᠶᠠᠭᠳᠠᠮᠠᠯ︾ ᠢ ᠪᠦᠳᠦᠮᠵᠢᠳᠡᠢ ᠰᠢᠢᠳᠪᠦᠷᠢᠯᠡᠵᠣ᠂ ᠪᠣᠬᠢᠷᠳᠣᠯ ᠪᠣᠳᠠᠰ ᠤᠨ | ᠭᠠᠳᠠᠭᠰᠢᠯᠠᠭᠤᠯᠣᠯᠳᠠ ᠶᠢ ᠪᠠᠷᠢᠮᠵᠢᠶᠠᠨ ᠳᠤ ᠬᠦᠷᠭᠡᠨ᠎ᠡ᠃ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠠᠶᠣᠯᠭᠦᠢ ᠶᠢᠨ ᠲᠣᠨᠤᠭ ᠲᠦᠬᠦᠭᠡᠷᠣᠮᠵᠢ | ᠶᠢᠨ ᠪᠠᠶᠢᠴᠠᠭᠠᠯᠳᠠ ᠶᠢ ᠴᠢᠩᠭᠠᠳᠬᠠᠨ᠂ ᠠᠵᠣ ᠠᠬᠤᠶᠢᠯᠠᠯ ᠤᠨ ᠠᠶᠣᠯᠭᠦᠢ ᠶᠢᠨ ᠠᠷᠭ᠎ᠠ ᠪᠠᠷᠢᠯ ᠤᠨ ᠨᠠᠶᠢᠳᠠᠪᠦᠷᠢᠵᠢᠭᠤᠯᠣᠯᠳᠠ ᠳᠤ ᠬᠢᠨᠠᠯᠳᠠ ᠲᠠᠯᠪᠢᠵᠣ᠂ ᠠᠭᠤᠷᠬᠠᠢ | ᠶᠢᠨ ᠣᠷᠣᠨ ᠤ ᠪᠣᠬᠢᠷᠳᠣᠯ ᠦᠭᠡᠢ ᠠᠶᠣᠯᠭᠦᠢ ᠣᠶᠢᠯᠠᠳᠪᠦᠷᠢᠯᠠᠯ ᠢ ᠪᠠᠳᠣᠯᠠᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ | ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠣᠰᠣᠨ ᠠᠰᠢᠭᠯᠠᠯᠳᠠ ᠶᠢᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠭᠠᠶᠢᠯᠢ ᠶᠢᠨ ᠶᠠᠪᠣᠳᠠᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠮᠦᠩᠭᠦᠨ ᠭᠦᠢᠯᠭᠡᠭᠡᠨ ᠤ ᠣᠶᠢᠯᠡᠴᠢᠯᠡᠭᠡᠨ ᠤ ᠲᠦᠪ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ︵ᠵᠢᠷᠭᠤᠭ᠎ᠠ︶ ᠠᠭᠤᠷᠬᠠᠢ ᠶᠢᠨ ᠣᠶᠢᠯᠠᠳᠪᠦᠷᠢᠯᠠᠯ ᠤᠨ ᠣᠷᠣᠨ ᠤ ᠪᠠᠷᠢᠮᠵᠢᠶᠡᠳᠦ ᠪᠠᠶᠢᠭᠤᠯᠣᠯᠳᠠ ᠶᠢ ᠠᠬᠢᠭᠤᠯᠣᠨ᠎ᠠ᠃ ᠡᠯ᠎ᠡ ᠠᠭᠤᠷᠬᠠᠢ ᠶᠢᠨ ᠣᠷᠣᠨ ︽ᠬᠡᠨ | ᠡᠪᠳᠡᠪᠡᠯ ᠬᠡᠨ ᠰᠡᠷᠭᠦᠭᠡᠨ ᠬᠠᠭᠠᠯᠪᠦᠷᠢᠯᠠᠬᠤ︾ ᠵᠠᠷᠴᠢᠮ ᠶᠣᠰᠣᠭᠠᠷ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠳᠠ ᠪᠣᠯᠣᠨ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠦᠷᠢᠵᠢᠭᠤᠯᠵᠣ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠣᠨ᠎ᠠ᠃ ᠣᠳᠣᠬᠠᠨ ᠤ ᠪᠠᠶᠢᠭ᠎ᠠ 3 ᠨᠡᠭᠦᠷᠡᠰᠣᠨ ᠠᠭᠤᠷᠬᠠᠢ ᠶᠢᠨ ᠠᠵᠣ ᠠᠬᠤᠶᠢᠯᠠᠯ ᠪᠣᠬᠢᠷᠳᠣᠯ ᠦᠭᠡᠢ ᠠᠭᠤᠷᠬᠠᠢ | ᠶᠢᠨ ᠣᠷᠣᠨ ᠤ ᠱᠠᠭᠠᠷᠳᠠᠯᠭ᠎ᠠ ᠪᠠᠷ ᠪᠠᠶᠢᠭᠤᠯᠣᠯᠳᠠ ᠪᠠᠨ ᠴᠢᠩᠭᠠᠳᠬᠠᠨ᠂ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠤᠭᠤᠴᠠᠭ᠎ᠠ | ᠬᠤᠪᠢᠶᠠᠭᠰᠠᠨ ᠵᠠᠰᠠᠯᠳᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠦᠨ᠎ᠡ᠃ ᠨᠡᠭᠡᠭᠡᠨ ᠮᠠᠯᠳᠠᠬᠤ ᠲᠠᠬᠢᠨ ᠮᠠᠯᠳᠠᠬᠤ ᠨᠣᠷᠮ᠎ᠠ᠂ ᠠᠭᠤᠷᠬᠠᠢ ᠰᠣᠩᠭᠤᠬᠤ ᠬᠤᠷᠢᠶᠠᠨ | ᠠᠪᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢᠨ ᠰᠣᠭᠤᠴᠠᠨ ᠪᠠᠶᠢᠴᠠᠭᠠᠯᠳᠠ ᠪᠠ ᠬᠢᠨᠠᠯᠳᠠ ᠬᠠᠮᠢᠶᠠᠷᠣᠯᠳᠠ ᠶᠢᠨ ᠡᠷᠴᠢᠮ ᠢᠶᠠᠨ ᠴᠢᠩᠭᠠᠳᠬᠠᠨ᠂ ᠠᠵᠣ | ᠠᠬᠤᠶᠢᠯᠠᠯ ᠢ ᠱᠠᠯᠪᠠᠳᠠᠭᠤᠯᠣᠨ ᠦᠳᠳᠦᠷ ᠲᠦᠷᠭᠡᠨ ᠢᠶᠠᠷ ᠣᠯᠣᠰ ᠤᠨ ᠲᠣᠭᠳᠠᠭᠠᠯ ᠤᠨ ᠪᠠᠷᠢᠮᠵᠢᠶᠠᠨ ᠳᠤ ᠬᠦᠷᠭᠡᠨ᠎ᠡ᠃ ᠪᠣᠬᠢᠷᠳᠣᠯ ᠦᠭᠡᠢ ᠠᠭᠤᠷᠬᠠᠢ ᠶᠢᠨ ᠣᠷᠣᠨ | ᠤ ᠪᠠᠶᠢᠭᠤᠯᠣᠯᠳᠠ ᠶᠢᠨ ᠲᠦᠯᠦᠪᠵᠢᠭᠦᠯᠭᠡ ᠵᠢᠴᠢ ᠪᠠᠷᠢᠮᠵᠢᠶ᠎ᠠ ᠶᠣᠰᠣᠭᠠᠷ᠂ ᠠᠵᠣ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠳᠡ ᠦᠭᠡᠷᠡᠴᠢᠯᠡᠯᠳᠡ ᠶᠢ ᠲᠦᠷᠭᠡᠳᠬᠡᠨ᠎ᠡ᠃ | ︽ᠭᠤᠷᠪᠠᠨ ᠬᠠᠶᠠᠭᠳᠠᠮᠠᠯ︾ ᠤᠨ ᠬᠠᠮᠢᠶᠠᠷᠣᠯᠳᠠ ᠪᠠᠨ ᠴᠢᠩᠭᠠᠳᠬᠠᠨ᠂ ᠠᠶᠣᠯᠭᠦᠢ ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠲᠦᠪᠰᠢᠨ ᠢᠶᠠᠨ ᠲᠡᠭᠡᠭᠰᠢᠯᠡᠭᠦᠯᠵᠣ᠂ | ᠦᠯᠡᠳᠡᠭᠳᠡᠯ ᠬᠦᠳᠡᠷ ᠪᠠ ᠬᠠᠶᠠᠭᠳᠠᠮᠠᠯ ᠴᠢᠯᠠᠭᠤᠨ ᠤ ᠶᠡᠷᠦᠩᠬᠡᠶᠢᠯᠡᠭᠰᠡᠨ ᠠᠰᠢᠭᠯᠠᠯᠳᠠ ᠶᠢ ᠠᠬᠢᠭᠤᠯᠣᠨ᠎ᠠ᠃ ᠠᠵᠣ ᠠᠬᠤᠶᠢᠯᠠᠯ ᠤᠨ ᠠᠭᠤᠷᠬᠠᠢ ᠮᠠᠯᠳᠠᠬᠤ ᠲᠡᠷᠢᠭᠦᠨ ᠤ | ᠮᠡᠷᠭᠡᠵᠢᠯ ᠪᠣᠯᠣᠨ ᠨᠡᠭᠡᠭᠡᠨ ᠮᠠᠯᠳᠠᠬᠤ ᠠᠷᠭ᠎ᠠ ᠪᠠᠷᠢᠯ ᠢ ᠬᠡᠷᠡᠭᠯᠡᠭᠦ ᠶᠢ ᠵᠣᠷᠢᠭᠵᠢᠭᠤᠯᠣᠨ᠂ ᠠᠮᠢ ᠠᠬᠤᠢ ᠣᠷᠴᠢᠨ ᠲᠣᠭᠤᠷᠢᠨ ᠳᠤ ᠦᠵᠡᠭᠦᠯᠬᠦ ᠨᠦᠯᠦᠭᠡ ᠶᠢ | ᠪᠠᠭᠠᠰᠬᠠᠨ᠎ᠠ᠃ 2025 ᠣᠨ ᠠᠴᠠ ᠡᠮᠦᠨ᠎ᠡ 3 ᠨᠡᠭᠦᠷᠡᠰᠣᠨ ᠠᠭᠤᠷᠬᠠᠢ ᠶᠢᠨ ᠠᠵᠣ ᠠᠬᠤᠶᠢᠯᠠᠯ ᠢ ᠦᠪᠡᠷᠳᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ ᠦᠭᠡᠢ | ᠠᠭᠤᠷᠬᠠᠢ ᠶᠢᠨ ᠣᠷᠣᠨ ᠪᠣᠯᠭᠠᠨ ᠪᠠᠶᠢᠭᠤᠯᠣᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠯᠣᠭᠠᠶᠢᠯᠠᠨ᠂ ᠣᠰᠣᠨ ᠠᠰᠢᠭᠯᠠᠯᠳᠠ ᠶᠢᠨ ᠲᠣᠪᠴᠢᠶ᠎ᠠ᠂ | ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠬᠡ ᠰᠠᠯᠠᠭ᠎ᠠ | ᠮᠦᠴᠢᠷ ᠬᠠᠮᠵᠢᠯᠴᠠᠨ᠎ᠠ︶ | ︵ᠲᠣᠯᠤᠭ᠎ᠠ︶ ᠠᠭᠤᠷᠬᠠᠢ ᠣᠷᠣᠨ ᠨᠣᠳᠤᠭ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃ ᠣᠷᠣᠨ ᠨᠣᠳᠤᠭ ᠤᠨ ᠵᠠᠰᠠᠭ ᠤᠨ ᠣᠷᠳᠣᠨ᠂ ᠣᠯᠠᠨ | ᠲᠦᠮᠡᠨ ᠤ ᠲᠦᠯᠦᠭᠡᠯᠡᠭᠴᠢ ᠬᠢᠭᠡᠳ ᠠᠵᠣ ᠠᠬᠤᠶᠢᠯᠠᠯ ᠤᠨ ᠬᠢᠨ ᠤ ᠵᠦᠪᠳᠡᠯᠴᠡᠨ ᠵᠣᠬᠢᠴᠠᠭᠤᠯᠬᠤ ᠲᠣᠭᠳᠠᠴᠠ ᠶᠢ ᠰᠦᠪᠡᠭᠴᠢᠯᠡᠨ ᠪᠠᠶᠢᠭᠤᠯᠵᠣ᠂ ᠠᠭᠤᠷᠬᠠᠢ ᠣᠷᠣᠨ | ᠨᠣᠳᠤᠭ ᠤᠨ ᠵᠦᠷᠢᠴᠡᠯ ᠢ ᠪᠠᠶᠢᠴᠠᠭᠠᠬᠤ᠂ ᠵᠣᠬᠢᠴᠠᠭᠤᠯᠣᠨ ᠰᠢᠢᠳᠪᠦᠷᠢᠯᠡᠬᠦ ᠪᠠᠶᠢᠭᠤᠯᠣᠮᠵᠢ ᠪᠣᠯᠣᠨ ᠠᠵᠢᠯᠳᠠᠨ ᠲᠣᠬᠢᠷᠠᠭᠤᠯᠣᠨ᠂ ᠡᠯ᠎ᠡ ᠲᠦᠷᠦᠯ ᠤᠨ ᠵᠦᠷᠢᠴᠡᠯ ᠢ | ᠴᠠᠭ ᠲᠣᠬᠠᠢ ᠳᠤ ᠨᠢ ᠰᠠᠶᠢᠳᠦᠷ ᠰᠢᠢᠳᠪᠦᠷᠢᠯᠡᠨ᠎ᠡ︔ ᠠᠭᠤᠷᠬᠠᠢ ᠶᠢᠨ ᠣᠷᠣᠨ ᠤ ᠠᠵᠣ ᠠᠬᠤᠶᠢᠯᠠᠯ ᠬᠠᠣᠯᠢ ᠲᠦᠷᠢᠮᠵᠢᠯ ᠶᠣᠰᠣᠭᠠᠷ ᠨᠡᠭᠡᠭᠡᠨ ᠮᠠᠯᠳᠠᠵᠣ᠂ ᠠᠭᠤᠷᠬᠠᠢ | ᠣᠷᠣᠨ ᠨᠣᠳᠤᠭ ᠤᠨ ᠵᠦᠷᠢᠴᠡᠯ ᠢ ᠵᠣᠬᠢᠴᠠᠭᠤᠯᠣᠨ ᠰᠢᠢᠳᠪᠦᠷᠢᠯᠡᠭᠦ ᠲᠣᠭᠳᠠᠴᠠ ᠪᠠᠶᠢᠭᠤᠯᠵᠣ᠂ ᠣᠬᠠᠮᠰᠠᠷ ᠠᠴᠠ ᠪᠠᠨ ᠬᠠᠣᠯᠢ ᠶᠣᠰᠣᠨ ᠤ ᠡᠭᠦᠷᠭᠡ ᠪᠣᠯᠣᠨ ᠨᠡᠶᠢᠭᠡᠮ | ᠤᠨ ᠬᠠᠷᠢᠭᠤᠴᠠᠯᠭ᠎ᠠ ᠪᠠᠨ ᠭᠦᠢᠴᠡᠳᠬᠡᠨ᠂ ᠠᠵᠣ ᠠᠬᠤᠶᠢᠯᠠᠯ ᠤᠨ ᠣᠬᠢ ᠰᠠᠶᠢᠨ ᠲᠦᠷᠢ ᠲᠦᠷᠬᠦ ᠶᠢ ᠪᠣᠢ ᠪᠣᠯᠭᠠᠨ᠎ᠠ︔ ᠣᠷᠣᠨ ᠨᠣᠳᠤᠭ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠣᠯᠳᠠ ᠶᠢ ᠪᠦᠬᠦ ᠬᠦᠴᠦᠨ ᠢᠶᠠᠷ ᠲᠡᠮᠵᠢᠨ᠂ ᠠᠭᠤᠷᠬᠠᠢ ᠶᠢᠨ ᠣᠷᠣᠨ ᠵᠢᠴᠢ ᠣᠶᠢᠷ᠎ᠠ ᠬᠠᠪᠢ ᠶᠢᠨ ᠣᠶᠢᠯᠠᠳᠪᠦᠷᠢᠯᠠᠯ ᠠᠮᠢᠳᠣᠷᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠣᠨ᠎ᠠ︔ ᠠᠵᠢᠯ ᠣᠯᠭᠤᠯᠳᠠ ᠶᠢᠨ ᠪᠣᠯᠪᠠᠰᠣᠷᠠᠯ ᠢ ᠵᠣᠬᠢᠶᠠᠨ ᠪᠠᠶᠢᠭᠤᠯᠣᠨ᠂ ᠠᠭᠤᠷᠠᠬᠠᠢ ᠶᠢᠨ ᠣᠷᠣᠨ ᠤ ᠣᠶᠢᠷ᠎ᠠ ᠬᠠᠪᠢ ᠶᠢᠨ | ᠰᠠᠭᠤᠭᠠᠯᠠᠢ ᠠᠷᠠᠳ ᠤᠨ ᠦᠷ᠎ᠡ ᠬᠡᠣᠭᠡᠳ ᠲᠤ ᠣᠷᠢᠳᠠᠪᠡᠷ ᠠᠵᠢᠯ ᠣᠯᠭᠤᠵᠣ᠂ ᠶᠠᠳᠠᠭᠤ ᠶᠢ ᠲᠡᠳᠬᠦᠬᠦ ᠠᠪᠣᠷᠠᠨ ᠲᠣᠰᠠᠯᠠᠯᠳᠠ ᠵᠡᠷᠭᠡ ᠠᠷᠠᠳ ᠤᠨ ᠠᠮᠢᠳᠣᠷᠠᠯ ᠢ | ᠬᠠᠷᠠᠭᠠᠯᠵᠠᠬᠤ ᠠᠵᠢᠯᠯᠠᠭᠠᠨ ᠢ ᠢᠳᠡᠪᠬᠢᠳᠡᠢ ᠦᠷᠨᠢᠭᠦᠯᠦᠨ᠎ᠡ︔ ᠬᠦᠳᠡᠯᠮᠦᠷᠢ ᠶᠢᠨ ᠨᠠᠶᠢᠳᠠᠯᠭ᠎ᠠ᠂ ᠪᠠᠷᠢᠯᠭ᠎ᠠ ᠶᠢᠨ ᠲᠠᠭᠠᠭᠠᠴᠢᠯᠠᠯᠳᠠ ᠵᠡᠷᠭᠡ ᠠᠷᠭ᠎ᠠ ᠬᠡᠮᠵᠢᠶ᠎ᠡ ᠠᠪᠴᠣ᠂ | ᠰᠠᠭᠤᠭ᠎ᠠ ᠭᠠᠵᠠᠷ ᠤᠨ ᠪᠠᠯᠭᠠᠰᠦ᠂ ᠭᠠᠴᠠᠭ᠎ᠠ ᠲᠣᠰᠬᠤᠨ ᠢ ᠲᠠᠮᠵᠢᠨ ᠬᠠᠮᠳᠦ ᠶᠢᠨ ᠠᠵᠣ ᠠᠬᠤᠢ ᠶᠢᠨ ᠬᠦᠭᠵᠢᠯᠳᠡ ᠶᠢ ᠪᠣᠵᠠᠭᠠᠶᠢᠷᠠᠭᠤᠯᠣᠨ᠎ᠠ᠃ ᠠᠭᠤᠷᠬᠠᠢ ᠶᠢᠨ | ᠣᠷᠣᠨ ᠤ ᠣᠶᠢᠯᠠᠳᠪᠦᠷᠢᠯᠡᠯ ᠤᠨ ᠶᠠᠪᠣᠴᠠ ᠳᠤ ᠨᠡᠶᠢᠭᠡᠮ ᠤᠨ ᠠᠮᠢᠳᠣᠷᠠᠯ ᠢ ᠨᠦᠯᠦᠭᠡᠯᠡᠬᠦ ᠣᠶᠢᠯᠠᠳᠪᠦᠷᠢᠯᠡᠯ ᠳᠤ ᠴᠠᠭ ᠲᠣᠬᠠᠢ ᠳᠤ ᠨᠢ ᠵᠣᠬᠢᠰᠳᠠᠢ ᠲᠣᠬᠢᠷᠠᠭᠤᠯᠣᠯᠳᠠ | ᠬᠢᠨ᠂ ᠴᠦᠭᠡᠨ ᠲᠣᠭᠠᠳᠦ ᠦᠨᠳᠦᠰᠦᠳᠡᠨ ᠤ ᠣᠷᠣᠨ ᠤ ᠰᠣᠶᠣᠯ ᠠᠮᠢᠳᠣᠷᠠᠯ ᠤᠨ ᠵᠠᠩ ᠲᠠᠳᠬᠠᠯ ᠢ ᠬᠦᠨᠳᠦᠳᠬᠡᠬᠦ ᠬᠡᠷᠡᠭᠳᠡᠢ᠃ ︵ᠪᠠᠶᠢᠭᠠᠯᠢ ᠶᠢᠨ ᠡᠬᠢ ᠪᠠᠶᠠᠯᠢᠭ | ᠤᠨ ᠲᠣᠪᠴᠢᠶ᠎ᠠ ᠲᠣᠯᠣᠭᠠᠶᠢᠯᠠᠨ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠠᠮᠢ | ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠵᠢᠯᠴᠠᠨ᠎ᠠ︶ | ᠲᠦᠷᠪᠡ᠂ ᠲᠦᠬᠦᠷ ᠲᠦᠷᠦ ᠶᠢᠨ ᠪᠣᠳᠣᠯᠭ᠎ᠠ | ︵ᠨᠢᠭᠡ︶ ᠲᠦᠷᠦ ᠶᠢᠨ ᠪᠣᠳᠣᠯᠭ᠎ᠠ ᠪᠠᠷ ᠲᠡᠮᠵᠢᠨ᠎ᠡ᠃ ᠠᠭᠤᠷᠬᠠᠢ ᠶᠢᠨ ᠣᠷᠣᠨ ᠤ ᠠᠵᠣ ᠠᠬᠤᠶᠢᠯᠠᠯ ᠤᠨ ᠣᠯᠣᠰ ᠤᠨ ᠲᠡᠰ ᠤᠨ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠴᠣᠭᠴᠠᠯᠠᠯᠳᠠ ᠳᠤ ᠬᠦᠴᠦᠯᠡᠬᠦ ᠶᠢ ᠵᠣᠷᠢᠭᠵᠢᠭᠤᠯᠣᠨ ᠵᠢᠯᠣᠭᠤᠳᠴᠦ᠂ ᠣᠯᠣᠰ ᠤᠨ ᠲᠡᠰ ᠤᠨ ᠪᠣᠬᠢᠷᠳᠣᠯ ᠦᠭᠡᠢ ᠠᠭᠤᠷᠬᠠᠢ ᠶᠢᠨ | ᠣᠷᠣᠨ ᠤ ᠨᠡᠷᠡᠰ ᠲᠤ ᠣᠷᠣᠭᠰᠠᠨ ᠠᠵᠣ ᠠᠬᠤᠶᠢᠯᠠᠯ ᠳᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠬᠠᠷᠠᠭᠠᠯᠠᠵᠠᠯ ᠢ ᠬᠦᠷᠳᠡᠭᠡᠨ᠎ᠡ᠃ | 1. ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠤᠨ ᠲᠦᠷᠦ ᠶᠢᠨ ᠪᠣᠳᠣᠯᠭ᠎ᠠ ᠪᠠᠷ ᠲᠡᠮᠵᠢᠨ᠎ᠡ᠃ ᠶᠡᠷᠦᠩᠬᠡᠢ ᠬᠡᠮᠵᠢᠶ᠎ᠡ ᠶᠢ ᠲᠣᠬᠢᠷᠠᠭᠤᠯᠣᠨ ᠡᠵᠡᠮᠳᠡᠬᠦ | ᠠᠭᠤᠷᠬᠠᠢ ᠶᠢᠨ ᠲᠦᠷᠦᠯ ᠤᠨ ᠨᠡᠭᠡᠭᠡᠨ ᠮᠠᠯᠳᠠᠯᠳᠠ ᠶᠢᠨ ᠭᠦᠢᠴᠡᠳᠬᠡᠯ᠂ ᠠᠭᠤᠷᠬᠠᠢ ᠶᠢᠨ ᠣᠶᠢᠯᠠᠰ ᠤᠨ ᠵᠡᠷᠭᠡ ᠲᠡᠯᠪᠢᠯᠳᠡ ᠶᠢ ᠬᠡᠷᠡᠭᠵᠢᠭᠦᠯᠦᠨ᠂ ᠠᠵᠣ ᠣᠶᠢᠯᠠᠰ | ᠤᠨ ᠲᠦᠷᠦ ᠶᠢᠨ ᠪᠣᠳᠣᠯᠭ᠎ᠠ ᠪᠣᠯᠣᠨ ᠠᠭᠤᠷᠬᠠᠢ ᠶᠢᠨ ᠣᠷᠣᠨ ᠤ ᠬᠦᠭᠵᠢᠯᠳᠡ ᠶᠢᠨ ᠲᠦᠯᠦᠪᠵᠢᠭᠦᠯᠭᠡ ᠳᠤ ᠨᠡᠶᠢᠴᠡᠭᠰᠡᠨ ᠪᠠᠶᠢᠪᠠᠯ᠂ ᠡᠩ ᠲᠡᠷᠢᠭᠦᠨ ᠳᠤ ᠪᠣᠬᠢᠷᠳᠣᠯ | ᠦᠭᠡᠢ ᠠᠭᠤᠷᠬᠠᠢ ᠶᠢᠨ ᠣᠷᠣᠨ ᠪᠠ ᠪᠣᠬᠢᠷᠳᠣᠯ ᠦᠭᠡᠢ ᠠᠭᠤᠷᠬᠠᠢ ᠶᠢᠨ ᠣᠶᠢᠯᠠᠰ ᠤᠨ ᠬᠦᠭᠵᠢᠯᠳᠡ ᠶᠢᠨ ᠲᠠᠭᠤᠷᠢᠶᠠᠯ ᠣᠷᠣᠨ ᠢᠶᠠᠷ ᠲᠣᠬᠢᠷᠠᠭᠤᠯᠣᠨ᠎ᠠ᠃ ᠶᠡᠭᠡ | ᠲᠣᠮᠳᠠ ᠬᠡᠯᠪᠡᠷᠢ ᠶᠢᠨ ᠪᠣᠬᠢᠷᠳᠣᠯ ᠦᠭᠡᠢ ᠠᠭᠤᠷᠬᠠᠢ ᠶᠢᠨ ᠣᠷᠣᠨ ᠵᠦᠪᠯᠡᠯᠴᠡᠭᠡᠷ ᠤᠨ ᠠᠷᠭ᠎ᠠ ᠬᠡᠯᠪᠡᠷᠢ ᠪᠠᠷ ᠭᠦᠨ ᠬᠡᠰᠡᠭ ᠤᠨ ᠠᠭᠤᠷᠬᠠᠢ ᠶᠢᠨ ᠣᠶᠢᠯᠠᠰ ᠤᠨ ᠡᠷᠬᠡ | ᠶᠢ ᠰᠢᠯᠵᠢᠭᠦᠯᠦᠨ ᠦᠭᠬᠦ ᠶᠢ ᠵᠦᠪᠰᠢᠶᠡᠷᠡᠨ᠎ᠡ᠃ | 2. ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠳᠤ ᠭᠠᠵᠠᠷ ᠬᠡᠷᠡᠭᠯᠡᠭᠦ ᠲᠦᠷᠦ ᠶᠢᠨ ᠪᠣᠳᠣᠯᠭ᠎ᠠ ᠪᠠᠷ ᠲᠡᠮᠵᠢᠨ᠎ᠡ᠃ | ︵1︶ ᠭᠠᠵᠠᠷ ᠰᠢᠷᠣᠢ ᠶᠢᠨ ᠠᠰᠢᠭᠯᠠᠯᠳᠠ ᠶᠢᠨ ᠲᠦᠯᠦᠪᠵᠢᠭᠦᠯᠭᠡ ᠲᠦᠯᠦᠪᠯᠡᠭᠡ ᠶᠢ ᠪᠠᠳᠣᠯᠠᠨ᠎ᠠ᠃ ᠭᠠᠵᠠᠷ ᠰᠢᠷᠣᠢ ᠶᠢᠨ ᠠᠰᠢᠭᠯᠠᠯᠳᠠ ᠶᠢᠨ ᠶᠡᠷᠦᠩᠬᠡᠢ | ᠲᠦᠯᠦᠪᠵᠢᠭᠦᠯᠭᠡ ᠶᠢᠨ ᠲᠡᠭᠦᠯᠳᠡᠷᠵᠢᠭᠦᠯᠦᠯᠳᠡ ᠲᠣᠮᠳᠠ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠲᠦᠷᠦᠯ ᠵᠣᠶᠢᠯ ᠢ ᠲᠦᠯᠦᠪᠵᠢᠭᠦᠯᠭᠡ | ᠶᠢᠨ ᠭᠤᠣᠯᠳᠠᠯᠭᠠᠳᠦ ᠲᠦᠷᠦᠯ ᠵᠣᠶᠢᠯ ᠤᠨ ᠲᠨᠩᠰᠠᠨ ᠳᠤ ᠣᠷᠣᠭᠤᠯᠵᠣ᠂ ᠭᠠᠵᠠᠷ ᠰᠢᠷᠣᠢ ᠶᠢᠨ ᠠᠰᠢᠭᠯᠠᠯᠳᠠ ᠶᠢᠨ ᠵᠢᠯ ᠤᠨ ᠲᠦᠯᠦᠪᠯᠡᠭᠡ ᠳᠤ ᠡᠩ ᠲᠡᠷᠢᠭᠦᠨ ᠳᠤ | ᠰᠢᠨ᠎ᠡ ᠪᠠᠷ ᠪᠠᠶᠢᠭᠤᠯᠬᠤ᠂ ᠦᠷᠭᠡᠳᠬᠡᠨ ᠪᠠᠶᠢᠭᠤᠯᠬᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠵᠦᠢ ᠵᠣᠬᠢᠰᠳᠠᠢ ᠰᠢᠨ᠎ᠡ ᠪᠠᠷ ᠨᠡᠮᠡᠭᠳᠡᠭᠰᠡᠨ ᠪᠦᠳᠦᠭᠡᠨ | ᠪᠠᠶᠢᠭᠤᠯᠣᠯᠳᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠳᠣᠯᠠᠨ᠎ᠠ᠃ | ︵2︶ ᠭᠠᠵᠠᠷ ᠬᠡᠷᠡᠭᠯᠡᠭᠦ ᠦᠪᠡᠷ ᠤᠨ ᠦᠷᠳᠡᠭ ᠢ ᠪᠠᠭᠤᠷᠠᠭᠤᠯᠣᠨ᠎ᠠ᠃ ᠠᠭᠤᠷᠬᠠᠢ ᠮᠠᠯᠳᠠᠬᠤ ᠳᠤ ᠬᠡᠷᠡᠭᠯᠡᠭᠦ ᠭᠠᠵᠠᠷ ᠢ ᠬᠠᠣᠯᠢ ᠶᠣᠰᠣᠭᠠᠷ ᠪᠦᠳᠦᠭᠡᠨ | ᠪᠠᠶᠢᠭᠤᠯᠣᠯᠳᠠ ᠳᠤ ᠬᠡᠷᠡᠭᠯᠡᠭᠦ ᠭᠠᠵᠠᠷ ᠤᠨ ᠭᠠᠷ ᠭᠦᠢᠴᠡᠳᠬᠡᠯ ᠢ ᠬᠢᠭᠰᠡᠨ ᠤ ᠲᠠᠷᠠᠭ᠎ᠠ᠂ ᠵᠦᠪᠯᠡᠯᠴᠡᠭᠡᠷ ᠤᠨ ᠠᠷᠭ᠎ᠠ ᠬᠡᠯᠪᠡᠷᠢ ᠪᠠᠷ ᠰᠢᠯᠵᠢᠭᠦᠯᠦᠨ ᠦᠭᠬᠦ᠂ | ᠲᠦᠷᠢᠶᠡᠰᠦᠯᠡᠭᠦᠯᠬᠦ ᠪᠣᠶᠣ ᠣᠷᠢᠳᠠᠪᠡᠷ ᠲᠦᠷᠢᠶᠡᠰᠦᠯᠡᠭᠦᠯᠵᠣ ᠲᠠᠷᠠᠭ᠎ᠠ ᠨᠢ ᠰᠢᠯᠵᠢᠭᠦᠯᠦᠨ ᠦᠭᠴᠦ ᠪᠣᠯᠣᠨ᠎ᠠ︔ ᠠᠭᠤᠷᠬᠠᠢ ᠶᠢᠨ ᠣᠷᠣᠨ ᠤ ᠣᠶᠢᠯᠠᠳᠪᠦᠷᠢᠯᠠᠯ ᠤᠨ | ᠦᠶᠡᠯᠡᠯ ᠬᠤᠭᠤᠴᠠᠭ᠎ᠠ᠂ ᠨᠡᠭᠡᠭᠡᠨ ᠮᠠᠯᠳᠠᠬᠤ ᠵᠢᠯ ᠤᠨ ᠬᠢᠵᠠᠭᠠᠷᠯᠠᠯ ᠢ ᠦᠨᠳᠣᠰᠦᠯᠡᠨ᠂ ᠬᠠᠣᠯᠢ ᠳᠤ ᠲᠣᠭᠳᠠᠭᠠᠭᠰᠠᠨ ᠬᠠᠮᠤᠭ ᠣᠷᠳᠦ ᠬᠤᠭᠤᠴᠠᠭ᠎ᠠ ᠪᠠᠷ | ᠰᠢᠯᠵᠢᠭᠦᠯᠦᠨ ᠦᠭᠬᠦ ᠵᠢᠯ ᠤᠨ ᠬᠢᠵᠠᠭᠠᠷᠯᠠᠯ ᠲᠣᠳᠣᠷ᠎ᠠ᠂ ᠭᠠᠵᠠᠷ ᠰᠢᠷᠣᠢ ᠶᠢᠨ ᠬᠡᠷᠡᠭᠯᠡᠯᠳᠡ ᠶᠢᠨ ᠡᠷᠬᠡ ᠶᠢ ᠰᠢᠯᠵᠢᠭᠦᠯᠦᠨ ᠦᠭᠬᠦ ᠵᠢᠯ ᠬᠤᠭᠤᠴᠠᠭ᠎ᠠ ᠶᠢ ᠠᠮᠢᠳᠣᠯᠢᠭ | ᠢᠶᠠᠷ ᠰᠣᠩᠭᠤᠵᠣ᠂ ᠬᠠᠷᠢᠮᠬᠠᠢ ᠴᠢᠨᠠᠷ ᠤᠨ ᠰᠢᠯᠵᠢᠭᠦᠯᠦᠯᠳᠡ ᠶᠢ ᠬᠡᠷᠡᠭᠵᠢᠭᠦᠯᠦᠨ᠂ ᠭᠠᠵᠠᠷ ᠰᠢᠷᠣᠢ ᠰᠢᠯᠵᠢᠭᠦᠯᠦᠨ ᠦᠭᠬᠦ ᠭᠡᠷ᠎ᠡ ᠳᠤ ᠭᠠᠵᠠᠷ ᠰᠢᠷᠣᠢ | ᠰᠢᠯᠵᠢᠭᠦᠯᠦᠭᠰᠠᠨ ᠵᠣᠭᠤᠰ ᠢᠶᠠᠨ ᠬᠤᠭᠤᠴᠠᠭ᠎ᠠ ᠬᠤᠪᠢᠶᠠᠨ ᠲᠣᠰᠢᠶᠠᠬᠤ ᠪᠠᠷ ᠪᠣᠯᠵᠣᠨ ᠲᠣᠭᠳᠠᠭᠠᠵᠣ ᠪᠣᠯᠣᠨ᠎ᠠ᠃ | ︵3︶ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠠᠵᠣ ᠠᠬᠤᠶᠢᠯᠠᠯ ᠣᠶᠢᠯᠠᠳᠪᠦᠷᠢ ᠠᠭᠤᠷᠬᠠᠢ ᠳᠤ ᠬᠡᠷᠡᠭᠯᠡᠬᠦ ᠭᠠᠵᠠᠷ ᠤᠨ ᠬᠠᠳᠠᠭᠠᠯᠠᠭᠳᠠᠴᠠ ᠪᠠᠨ | ᠲᠠᠬᠢᠨ ᠬᠠᠭᠠᠯᠪᠦᠷᠢᠯᠠᠵᠣ ᠠᠮᠢᠳᠣᠯᠢᠭᠵᠢᠭᠤᠯᠣᠨ ᠬᠡᠷᠡᠭᠯᠡᠭᠦ ᠶᠢ ᠲᠡᠮᠵᠢᠨ᠎ᠡ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠣᠶᠢᠯᠠᠳᠪᠦᠷᠢ ᠠᠭᠤᠷᠬᠠᠢ ᠳᠤ ᠬᠡᠷᠡᠭᠯᠡᠬᠦ | ᠭᠠᠵᠠᠷ ᠤᠨ ᠬᠠᠳᠠᠭᠠᠯᠠᠭᠳᠠᠴᠠ ᠪᠠᠨ ᠲᠠᠬᠢᠨ ᠬᠠᠭᠠᠪᠦᠷᠢᠯᠠᠵᠣ ᠠᠮᠢᠳᠣᠯᠢᠭᠵᠢᠭᠤᠯᠣᠨ ᠬᠡᠷᠡᠭᠯᠡᠬᠦ ᠶᠢ ᠲᠡᠮᠵᠢᠨ᠂ ᠰᠢᠨ᠎ᠡ ᠪᠠᠷ ᠨᠡᠮᠡᠭᠳᠡᠭᠰᠡᠨ ᠪᠦᠳᠦᠭᠡᠨ ᠪᠠᠶᠢᠭᠤᠯᠣᠯᠳᠠ ᠳᠤ | ᠬᠡᠷᠡᠭᠯᠡᠭᠦ ᠭᠠᠵᠠᠷ ᠲᠠᠢ ᠬᠠᠷᠢᠯᠴᠠᠨ ᠬᠤᠯᠪᠣᠭᠳᠠᠭᠤᠯᠣᠨᠠ︔ ᠲᠦᠯᠦᠪᠵᠢᠭᠦᠯᠭᠡ ᠪᠠ ᠠᠮᠢ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠣᠷᠢᠳᠠᠯ ᠲᠣᠣᠷ᠎ᠠ᠂ ᠲᠡᠣᠬᠡᠨ | ᠠᠴᠠ ᠦᠯᠡᠳᠡᠭᠳᠡᠭᠰᠠᠨ ᠣᠶᠢᠯᠠᠳᠪᠦᠷᠢ ᠠᠭᠤᠷᠬᠠᠢ ᠶᠢᠨ ᠬᠠᠶᠠᠭᠳᠠᠯ ᠭᠠᠵᠠᠷ ᠢ ᠲᠠᠬᠢᠨ ᠬᠠᠭᠠᠯᠪᠦᠷᠢᠯᠠᠭᠠᠳ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠭᠰᠡᠨ ᠨᠦᠬᠦᠪᠦᠷᠢᠯᠡᠯ | ᠤᠨ ᠲᠡᠩᠴᠡᠭᠦᠷᠢᠰᠢᠯ ᠳᠤ ᠬᠡᠷᠡᠭᠯᠡᠵᠣ ᠪᠣᠯᠣᠨ᠎ᠠ︔ ᠠᠭᠤᠷᠬᠠᠢ ᠶᠢᠨ ᠣᠷᠣᠨ ᠬᠠᠣᠯᠢ ᠶᠣᠰᠣᠭᠠᠷ ᠨᠡᠭᠡᠭᠡᠨ ᠮᠠᠯᠳᠠᠭᠠᠳ ᠡᠪᠳᠡᠭᠳᠡᠭᠰᠡᠨ ᠲᠠᠷᠢᠶᠠᠨ ᠭᠠᠵᠠᠷ ᠪᠣᠶᠣ | ᠪᠣᠰᠣᠳ ᠭᠠᠵᠠᠷ ᠰᠢᠷᠣᠢ ᠶᠢ ᠰᠡᠷᠭᠦᠭᠡᠵᠣ ᠲᠡᠶᠢᠯᠭᠦ ᠦᠭᠡᠢ ᠪᠣᠯ ᠭᠠᠵᠠᠷ ᠰᠢᠷᠣᠢ ᠬᠤᠪᠢᠷᠭᠠᠬᠤ ᠪᠠᠶᠢᠴᠠᠭᠠᠯᠳᠠ ᠶᠢᠨ ᠠᠵᠢᠯ ᠤᠨ ᠱᠠᠭᠠᠷᠳᠠᠯᠭ᠎ᠠ ᠪᠣᠯᠣᠨ ᠶᠠᠪᠣᠴᠠ | ᠲᠠᠷᠠᠭᠠᠯᠠᠯ ᠢᠶᠠᠷ ᠲᠣᠬᠠᠢ ᠭᠠᠵᠠᠷ ᠳᠤ ᠨᠢ ᠪᠠᠶᠢᠴᠠᠭᠠᠯᠳᠠ ᠦᠷᠨᠢᠭᠦᠯᠵᠣ᠂ ᠲᠣᠰᠬᠠᠢ ᠮᠡᠳᠡᠭᠦᠯᠦᠨ ᠬᠢᠨᠠᠨ ᠪᠠᠶᠢᠴᠠᠭᠠᠯᠳᠠ ᠪᠠᠷ ᠲᠠᠮᠵᠢᠭᠰᠠᠨ ᠤ ᠲᠠᠷᠠᠭ᠎ᠠ ᠵᠢᠯ ᠤᠨ | ᠬᠤᠪᠢᠷᠠᠭᠠᠬᠤ ᠪᠠᠶᠢᠴᠠᠭᠠᠯᠳᠠ ᠳᠤ ᠣᠷᠣᠭᠤᠯᠣᠨ᠂ ᠲᠠᠷᠢᠶᠠᠨ ᠭᠠᠵᠠᠷ ᠲᠤ ᠬᠤᠯᠪᠣᠭᠳᠠᠭᠰᠠᠨ ᠪᠣᠯ ᠦᠨᠡᠨ ᠪᠣᠳᠠᠳᠠᠢ ᠪᠠᠷ ᠲᠠᠷᠢᠶᠠᠨ ᠭᠠᠵᠠᠷ ᠤᠨ ᠪᠠᠳᠣᠯᠠᠭ᠎ᠠ ᠶᠢᠨ | ᠬᠡᠮᠵᠢᠶ᠎ᠡ ᠠᠴᠠ ᠬᠠᠰᠣᠨ᠎ᠠ᠂ ᠭᠡᠪᠡᠴᠦ ᠡᠯ᠎ᠡ ᠭᠠᠵᠠᠷ ᠣᠷᠣᠨ ᠤ ᠲᠡᠭᠡᠳᠦ ᠬᠢᠵᠠᠭᠠᠷᠯᠠᠯ ᠠᠴᠠ ᠲᠠᠪᠠᠭᠤᠯᠵᠣ ᠪᠣᠯᠬᠤ ᠦᠭᠡᠢ᠂ ᠦᠨᠳᠦᠰᠣᠨ ᠲᠠᠷᠢᠶᠠᠨ ᠭᠠᠵᠠᠷ ᠲᠠᠢ | ᠬᠤᠯᠪᠣᠭᠳᠠᠭᠰᠠᠨ ᠪᠣᠯ ᠨᠦᠬᠦᠪᠦᠷᠢᠯᠠᠨ ᠦᠩᠭᠦ ᠬᠡᠷᠡᠭᠳᠡᠢ᠃ | 3. ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠪᠠᠷ ᠲᠡᠮᠵᠢᠨ᠎ᠡ᠃ ᠡᠳ᠋ ᠤᠨ ᠵᠠᠰᠠᠭ᠂ ᠪᠠᠶᠢᠭᠠᠯᠠᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ | ᠭᠠᠵᠠᠷ ᠰᠢᠨᠵᠢᠯᠡᠭᠡ ᠠᠭᠤᠷᠬᠠᠢ ᠶᠢᠨ ᠭᠠᠷᠣᠯᠳᠠ ᠶᠢᠨ ᠪᠠᠶᠢᠴᠠᠭᠠᠯᠳᠠ ᠦᠨᠡᠯᠡᠯᠳᠡ ᠶᠢᠨ ᠪᠡᠯᠡ ᠮᠦᠩᠭᠦ ᠶᠢ ᠲᠣᠭᠢᠷᠠᠭᠤᠯᠬᠤ ᠳᠤ ᠪᠠᠨ ᠣᠯᠣᠰ ᠤᠨ ᠬᠠᠮᠢᠶ᠎ᠠ ᠪᠦᠬᠦᠢ | ᠲᠣᠭᠳᠠᠭᠠᠯ ᠶᠣᠰᠣᠭᠠᠷ ᠪᠣᠬᠢᠷᠳᠣᠯ ᠦᠭᠡᠢ ᠠᠭᠤᠷᠬᠠᠢ ᠶᠢᠨ ᠣᠶᠢᠯᠠᠰ ᠤᠨ ᠬᠦᠭᠵᠢᠯᠳᠡ ᠶᠢᠨ ᠲᠠᠭᠤᠷᠢᠶᠠᠯ ᠣᠷᠣᠨ ᠤ ᠨᠦᠭᠦᠴᠡᠯ ᠳᠤ ᠨᠡᠶᠢᠴᠡᠭᠦ ᠲᠦᠷᠦᠯ ᠵᠣᠶᠢᠯ ᠳᠤ | ᠬᠡᠯᠪᠡᠶᠢᠯᠭᠡᠨ᠎ᠡ︔ ᠲᠦᠪ ᠤᠨ ᠪᠡᠯᠡ ᠮᠦᠩᠭᠦ ᠶᠢ ᠵᠣᠬᠢᠰᠳᠠᠢ ᠬᠡᠷᠡᠭᠯᠡᠭᠦ ᠶᠢᠨ ᠬᠠᠮᠳᠦ᠂ ᠣᠷᠣᠨ ᠨᠣᠳᠤᠭ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠣᠯᠳᠠ᠂ | ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠳᠠ᠂ ᠬᠦᠨᠳᠦ ᠲᠡᠮᠦᠷᠯᠢᠭ ᠤᠨ ᠪᠣᠬᠢᠷᠳᠣᠯ ᠤᠨ ᠵᠠᠰᠠᠯᠳᠠ᠂ ᠭᠠᠵᠠᠷ ᠰᠢᠷᠣᠢ ᠶᠢᠨ ᠲᠠᠬᠢᠨ | ᠬᠠᠭᠠᠯᠪᠦᠷᠢᠯᠠᠯᠳᠠ ᠵᠡᠷᠭᠡ ᠶᠢᠨ ᠡᠳ᠋ ᠤᠨ ᠵᠠᠰᠠᠭ ᠤᠨ ᠪᠡᠯᠡ ᠮᠦᠩᠭᠦ ᠶᠢ ᠨᠢᠭᠡᠳᠦᠯᠳᠡᠢ ᠲᠣᠬᠢᠷᠠᠭᠤᠯᠵᠣ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠬᠦᠭᠵᠢᠯᠳᠡ | ᠶᠢᠨ ᠲᠠᠭᠤᠷᠢᠶᠠᠯ ᠣᠷᠣᠨ ᠤ ᠨᠦᠭᠦᠴᠡᠯ ᠳᠤ ᠨᠡᠶᠢᠴᠡᠭᠰᠡᠨ ᠲᠦᠷᠦᠯ ᠵᠣᠶᠢᠯ ᠢ ᠡᠩ ᠲᠡᠷᠢᠭᠦᠨ ᠳᠤ ᠲᠡᠮᠵᠢᠨ᠎ᠡ᠃ ᠡᠳ᠋ ᠤᠨ ᠵᠠᠰᠠᠭ ᠤᠨ ᠪᠡᠯᠡ ᠮᠦᠩᠭᠦᠨ ᠤ | ᠬᠦᠬᠢᠭᠦᠯᠦᠯ ᠤᠨ ᠲᠦᠷᠢᠮ ᠲᠣᠭᠳᠠᠭᠠᠨ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠰᠢᠯᠢᠳᠡᠭ ᠠᠵᠣ ᠠᠬᠤᠶᠢᠯᠠᠯ ᠢ ᠬᠦᠬᠢᠭᠦᠯᠦᠨ ᠱᠠᠩᠨᠠᠨ᠎ᠠ᠃ ︽ᠣᠯᠣᠰ | ᠠᠴᠠ ᠭᠤᠣᠯᠳᠠᠯᠭᠠᠳᠠᠢ ᠲᠡᠮᠵᠢᠬᠦ ᠲᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭ᠎ᠠ︾ ᠶᠢᠨ ᠬᠡᠪᠴᠢᠶᠡᠨ ᠳᠤ᠂ ᠨᠦᠭᠦᠴᠡᠯ ᠳᠤ ᠨᠡᠶᠢᠴᠡᠭᠰᠡᠨ ᠮᠦᠷᠳᠡᠭᠡᠨ ᠲᠡᠭᠡᠳᠦ | ᠰᠢᠨ᠎ᠡ ᠮᠡᠷᠭᠡᠵᠢᠯ ᠤᠨ ᠠᠵᠣ ᠠᠬᠤᠶᠢᠯᠠᠯ ᠢᠶᠠᠷ ᠮᠡᠳᠡᠷᠡᠭᠳᠡᠭᠰᠡᠨ ᠪᠣᠯ ᠬᠠᠣᠯᠢ ᠶᠣᠰᠣᠭᠠᠷ ᠠᠵᠣ ᠠᠬᠤᠶᠢᠯᠠᠯ ᠤᠨ ᠣᠯᠵᠠᠪᠦᠷᠢ ᠶᠢᠨ ᠭᠠᠶᠢᠯᠠᠢ ᠶᠢ 15% ᠪᠠᠷ | ᠪᠠᠭᠠᠰᠬᠠᠨ ᠲᠠᠳᠠᠪᠦᠷᠢᠯᠠᠨᠠ᠃ | 4. ᠮᠦᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠪᠠᠷ ᠲᠡᠳᠬᠦᠨ ᠲᠡᠮᠵᠢᠨ᠎ᠡ᠃ ᠪᠠᠩᠬᠢ ᠮᠦᠩᠭᠦᠨ ᠭᠦᠢᠯᠭᠡᠭᠡᠨ ᠤ ᠪᠠᠶᠢᠭᠤᠯᠣᠮᠵᠢ ᠠᠴᠠ ᠪᠣᠬᠢᠷᠳᠣᠯ | ᠦᠭᠡᠢ ᠠᠭᠤᠷᠬᠠᠢ ᠶᠢᠨ ᠣᠷᠣᠨ ᠤ ᠣᠨᠴᠠᠯᠢᠭᠳᠦ ᠢᠳᠡᠭᠡᠮᠵᠢᠳᠦ ᠵᠢᠭᠡᠯᠡᠯᠭᠡ ᠶᠢᠨ ᠪᠦᠳᠦᠭᠡᠭᠳᠡᠭᠦᠨ ᠭᠠᠷᠭᠠᠬᠤ ᠶᠢ ᠵᠣᠷᠢᠭᠵᠢᠭᠤᠯᠣᠨ᠂ ᠪᠣᠬᠢᠷᠳᠣᠯ ᠦᠭᠡᠢ ᠠᠭᠤᠷᠬᠠᠢ | ᠶᠢᠨ ᠣᠷᠣᠨ ᠤ ᠪᠠᠶᠢᠭᠤᠯᠣᠯᠳᠠ ᠶᠢ ᠪᠡᠯᠡ ᠮᠦᠩᠭᠦ ᠪᠠᠷ ᠲᠡᠮᠵᠢᠬᠦ ᠬᠦᠴᠦᠯᠡᠴᠠ ᠪᠠᠨ ᠴᠢᠩᠭᠠᠳᠬᠠᠨ᠎ᠠ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢ | ᠵᠣᠷᠢᠭᠵᠢᠭᠤᠯᠣᠨ ᠢᠳᠡᠪᠬᠢᠳᠡᠢ ᠪᠠᠷ ᠠᠭᠤᠷᠬᠠᠢ ᠶᠢᠨ ᠣᠷᠣᠨ ᠤ ᠠᠵᠣ ᠠᠬᠤᠶᠢᠯᠠᠯ ᠳᠤ ᠮᠦᠩᠭᠦᠨ ᠭᠦᠢᠯᠭᠡᠭᠡᠨ ᠤ ᠣᠶᠢᠯᠡᠴᠢᠯᠡᠭᠡ ᠪᠣᠯᠣᠨ ᠪᠡᠯᠡ ᠬᠤᠷᠠᠮᠳᠣᠭᠤᠯᠬᠤ | ᠲᠡᠮᠵᠢᠯᠭᠡ ᠦᠵᠡᠭᠦᠯᠦᠨ᠎ᠡ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠢᠳᠡᠭᠡᠮᠵᠢᠳᠦ ᠵᠢᠭᠡᠯᠡᠯᠭᠡ ᠶᠢᠨ ᠲᠡᠮᠵᠢᠯᠭᠡ ᠶᠢ ᠴᠢᠩᠭᠠᠳᠬᠠᠨ᠎ᠠ᠃ | ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠮᠡᠳᠡᠭᠡ ᠵᠠᠩᠬᠢ ᠶᠢ ᠠᠵᠣ ᠠᠬᠤᠶᠢᠯᠠᠯ ᠤᠨ ᠢᠳᠡᠭᠡᠮᠵᠢ ᠶᠢᠨ ᠰᠢᠰᠲ᠋ᠧᠮ ᠳᠤ ᠣᠷᠣᠭᠤᠯᠣᠨ᠂ ᠪᠠᠩᠬᠢ ᠮᠦᠩᠭᠦᠨ | ᠭᠦᠢᠯᠭᠡᠭᠡᠨ ᠤ ᠪᠠᠶᠢᠭᠤᠯᠣᠮᠵᠢ ᠶᠢᠨ ᠢᠳᠡᠭᠡᠮᠵᠢᠳᠦ ᠵᠢᠭᠡᠯᠡᠯᠭᠡ ᠶᠢᠨ ᠠᠵᠢᠯ ᠪᠠ ᠪᠣᠰᠣᠳ ᠮᠦᠩᠭᠦᠨ ᠭᠦᠢᠯᠭᠡᠭᠡᠨ ᠤ ᠪᠠᠶᠢᠭᠤᠯᠣᠮᠵᠢ ᠠᠴᠠ ᠣᠶᠢᠯᠡᠴᠢᠯᠡᠭᠡ ᠬᠠᠩᠭᠠᠬᠤ | ᠴᠢᠬᠤᠯᠠ ᠭᠦᠢᠴᠡᠳᠬᠡᠯ ᠵᠢᠭᠠᠯᠳᠠ ᠶᠢᠨ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠳᠠᠢ ᠪᠠᠳᠣᠯᠠᠭ᠎ᠠ ᠶᠢᠨ ᠪᠠᠶᠢᠭᠤᠯᠣᠮᠵᠢ ᠠᠴᠠ ᠪᠣᠬᠢᠷᠳᠣᠯ ᠦᠭᠡᠢ | ᠠᠭᠤᠷᠬᠠᠢ ᠶᠢᠨ ᠣᠶᠢᠯᠠᠰ ᠤᠨ ᠪᠠᠳᠣᠯᠠᠭ᠎ᠠ ᠶᠢᠨ ᠰᠠᠭᠤᠷᠢ ᠮᠦᠩᠭᠦ ᠶᠢ ᠰᠦᠪᠡᠭᠴᠢᠯᠡᠨ ᠪᠠᠶᠢᠭᠤᠯᠬᠤ ᠶᠢ ᠲᠡᠮᠵᠢᠨ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠠᠵᠣ ᠠᠬᠤᠶᠢᠯᠠᠯ ᠪᠣᠯᠣᠨ ᠲᠦᠷᠦᠯ ᠵᠣᠶᠢᠯ ᠳᠤ ᠢᠳᠡᠭᠡᠮᠵᠢᠳᠦ ᠣᠶᠢᠯᠡᠴᠢᠯᠡᠭᠡ ᠬᠠᠩᠭᠠᠨ᠎ᠠ᠃ ᠨᠡᠶᠢᠭᠡᠮ ᠤᠨ ᠬᠢᠨ ᠪᠡᠯᠡ ᠭᠠᠷᠭᠠᠨ ᠪᠣᠬᠢᠷᠳᠣᠯ ᠦᠭᠡᠢ ᠠᠭᠤᠷᠬᠠᠢ ᠶᠢᠨ | ᠠᠵᠣ ᠣᠶᠢᠯᠠᠰ ᠤᠨ ᠰᠠᠭᠤᠷᠢ ᠮᠦᠩᠭᠦ ᠪᠠᠶᠢᠭᠤᠯᠬᠤ ᠶᠢ ᠵᠣᠷᠢᠭᠵᠢᠭᠤᠯᠣᠨ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠲᠦᠷᠦᠯ ᠵᠣᠶᠢᠯ ᠳᠤ ᠪᠡᠯᠡ ᠮᠦᠩᠭᠦᠨ ᠤ | ᠲᠡᠮᠵᠢᠯᠭᠡ ᠬᠠᠩᠭᠠᠨ᠎ᠠ᠃ ᠨᠦᠭᠦᠴᠡᠯ ᠳᠤ ᠨᠡᠶᠢᠴᠡᠭᠰᠡᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠠᠵᠣ ᠠᠬᠤᠶᠢᠯᠠᠯ ᠣᠯᠣᠰ ᠤᠨ ᠲᠣᠳᠣᠭᠠᠳᠣᠬᠢ ᠲᠣᠮᠳᠠ | ᠪᠠᠭ᠎ᠠ ᠰᠲ᠋ᠣᠺ ᠤᠨ ᠴᠣᠭᠯᠠᠷᠠᠯ᠂ ᠣᠶᠢᠯᠠᠰ ᠪᠣᠰᠬᠠᠬᠤ ᠰᠲ᠋ᠣᠺ ᠤᠨ ᠴᠣᠭᠯᠠᠷᠠᠯ ᠪᠣᠯᠣᠨ ᠭᠤᠣᠯ ᠰᠲ᠋ᠣᠺ ᠤᠨ ᠴᠣᠭᠯᠠᠷᠠᠯ᠂ ᠨᠡᠩ ᠴᠢᠨᠠᠭᠰᠢᠯᠠᠭᠠᠳ ︽ᠰᠢᠨ᠎ᠡ ᠭᠤᠷᠪᠠᠨ | ᠴᠣᠭᠯᠠᠷᠠᠯ︾ ᠪᠠ ᠣᠷᠣᠨ ᠬᠡᠪᠴᠢᠶᠡᠨ ᠤ ᠰᠲ᠋ᠣᠺ ᠶᠢᠨ ᠡᠷᠬᠡ ᠶᠢᠨ ᠵᠠᠬ᠎ᠠ ᠲᠡᠯᠭᠡᠭᠦᠷ ᠲᠤ ᠫᠠᠶᠢᠰᠠ ᠡᠯᠭᠦᠨ ᠪᠡᠯᠡ ᠮᠦᠩᠭᠦ ᠬᠤᠷᠠᠮᠳᠣᠭᠤᠯᠬᠤ ᠶᠢ ᠠᠬᠢᠭᠤᠯᠣᠨ᠎ᠠ᠃ | ︵ᠬᠤᠶᠠᠷ︶ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠵᠢᠷᠣᠮᠯᠠᠯ ᠢ ᠴᠢᠩᠭᠠᠳᠬᠠᠨ᠎ᠠ᠃ ᠠᠭᠤᠷᠬᠠᠢ ᠶᠢᠨ ᠣᠷᠣᠨ ᠤ ᠠᠵᠣ | ᠠᠬᠤᠶᠢᠯᠠᠯ ᠪᠣᠯ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ᠂ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠪᠠᠷᠢᠮᠵᠢᠶ᠎ᠡ ᠪᠠ ᠲᠦᠯᠦᠪᠵᠢᠭᠦᠯᠭᠡ ᠶᠣᠰᠣᠭᠠᠷ᠂ ᠰᠢᠨᠵᠢᠯᠡᠬᠦ ᠣᠬᠠᠭᠠᠨᠴᠢ ᠪᠠᠷ ᠪᠣᠬᠢᠷᠳᠣᠯ ᠦᠭᠡᠢ ᠠᠭᠤᠷᠬᠠᠢ ᠶᠢᠨ | ᠣᠷᠣᠨ ᠤ ᠪᠠᠶᠢᠭᠤᠯᠣᠯᠳᠠ ᠶᠢᠨ ᠲᠦᠰᠦᠯ ᠢ ᠲᠣᠭᠤᠷᠪᠢᠨ ᠨᠠᠶᠢᠷᠠᠭᠤᠯᠵᠣ᠂ ᠠᠭᠤᠷᠬᠠᠢ ᠶᠢᠨ ᠣᠷᠣᠨ ᠤ ᠲᠡᠰ ᠲᠠᠪᠰᠢᠬᠤ ᠦᠭᠡᠷᠡᠴᠢᠯᠡᠯᠳᠡ ᠶᠢ ᠬᠡᠷᠡᠭᠵᠢᠭᠦᠯᠦᠨ᠎ᠡ᠃ | ᠣᠯᠣᠰ ᠤᠨ ᠲᠡᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠢ ᠣᠯᠣᠰ ᠤᠨ ᠬᠤᠯᠪᠣᠭᠳᠠᠯ ᠪᠦᠬᠦᠢ ᠲᠣᠭᠳᠠᠭᠠᠯ ᠤᠨ ᠵᠢᠷᠣᠮᠯᠠᠯ ᠢᠶᠠᠷ ᠦᠨᠡᠯᠡᠨ ᠲᠣᠭᠳᠠᠭᠠᠨ᠎ᠠ᠃ | ᠦᠪᠡᠷᠳᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠢᠶᠠᠷ ᠦᠨᠡᠯᠡᠨ ᠲᠣᠭᠳᠠᠭᠠᠬᠤ ᠳᠤ᠄ ᠠᠵᠣ ᠠᠬᠤᠶᠢᠯᠠᠯ ᠠᠴᠠ ᠪᠣᠬᠢᠷᠳᠣᠯ | ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠡᠭᠦᠷᠭᠡ ᠪᠠᠨ ᠪᠡᠶᠡᠯᠡᠭᠦᠯᠦᠭᠰᠡᠨ ᠤ ᠲᠠᠷᠠᠭ᠎ᠠ᠂ ᠬᠤᠰᠢᠭᠤ᠂ ᠬᠤᠳᠠ᠂ ᠦᠪᠡᠷᠳᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠲᠤ ᠦᠪᠡᠷ ᠤᠨ ᠦᠨᠡᠯᠡᠯᠳᠡ ᠶᠢᠨ ᠮᠡᠳᠡᠭᠦᠯᠦᠯᠳᠡ ᠪᠠᠨ ᠲᠣᠰᠢᠶᠠᠵᠣ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠦᠴᠢᠷ ᠠᠴᠠ ᠠᠮᠢ ᠠᠬᠤᠢ ᠣᠷᠴᠢᠨ ᠲᠣᠭᠤᠷᠢᠨ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ | ᠮᠡᠷᠭᠡᠵᠢᠯ ᠤᠨ ᠰᠠᠯᠠᠭ᠎ᠠ ᠮᠦᠴᠢᠷ ᠲᠠᠢ ᠬᠠᠮᠳᠣᠷᠠᠨ᠂ ᠵᠠᠰᠠᠭ ᠤᠨ ᠣᠷᠳᠣᠨ ᠠᠴᠠ ᠣᠶᠢᠯᠡᠴᠢᠯᠡᠭᠡ ᠬᠤᠳᠠᠯᠳᠣᠨ ᠠᠪᠬᠤ ᠬᠡᠯᠪᠡᠷᠢ ᠪᠠᠷ ᠭᠤᠷᠪᠠᠳᠣᠭᠠᠷ ᠡᠳᠡᠭᠡᠳ ᠤᠨ | ᠪᠠᠶᠢᠭᠤᠯᠣᠮᠵᠢ ᠳᠤ ᠨᠠᠶᠢᠳᠠᠨ ᠠᠬᠤᠢ ᠲᠠᠯᠠᠪᠠᠢ ᠳᠤ ᠬᠢᠨᠠᠨ ᠪᠠᠶᠢᠴᠠᠭᠠᠵᠣ ᠦᠨᠡᠯᠡᠯᠳᠡ ᠬᠢᠯᠭᠡᠵᠣ᠂ ᠱᠠᠭᠠᠷᠳᠠᠯᠭ᠎ᠠ ᠳᠤ ᠨᠡᠶᠢᠴᠡᠭᠰᠡᠨ ᠢ ᠨᠢ᠂ ᠬᠤᠰᠢᠭᠤ ᠠᠷᠠᠳ ᠤᠨ | ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠨ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠮᠡᠳᠡᠭᠦᠯᠦᠨ ᠢᠯᠡ ᠨᠡᠶᠢᠳᠡᠯᠡᠭᠦᠯᠵᠣ᠂ ᠢᠯᠡ | ᠨᠡᠶᠢᠳᠡᠯᠡᠯ ᠳᠤ ᠣᠨᠳᠣᠣ ᠰᠠᠨᠠᠯ ᠦᠭᠡᠢ ᠪᠣᠯ ᠦᠪᠡᠷᠳᠡᠭᠡᠨ ᠵᠠᠰᠠᠬᠤ ᠣᠷᠣᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠡᠷᠡᠰ ᠲᠤ ᠣᠷᠣᠭᠤᠯᠣᠨ᠂ ᠨᠡᠶᠢᠭᠡᠮ | ᠤᠨ ᠬᠢᠨᠠᠯᠳᠠ ᠶᠢ ᠬᠦᠯᠢᠶᠡᠨ᠎ᠡ︔ ᠱᠠᠭᠠᠷᠳᠠᠯᠭ᠎ᠠ ᠳᠤ ᠨᠡᠶᠢᠴᠡᠭᠰᠡᠨ ᠦᠭᠡᠢ ᠶᠢ ᠨᠢ ᠦᠨᠡᠯᠡᠯᠳᠡ ᠶᠢᠨ ᠰᠠᠨᠠᠯ ᠳᠤ ᠲᠣᠷᠠᠳᠣᠭᠰᠠᠨ ᠠᠰᠠᠭᠤᠳᠠᠯ ᠢ ᠦᠨᠳᠦᠰᠦᠯᠡᠨ᠂ | ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠠᠵᠣ ᠠᠬᠤᠶᠢᠯᠠᠯ ᠳᠤ ᠴᠡᠭᠴᠡᠯᠡᠨ ᠵᠠᠰᠠᠬᠤ ᠰᠠᠨᠠᠯ ᠢᠶᠠᠨ ᠣᠯᠠᠮᠵᠢᠯᠠᠨ ᠪᠠᠭᠤᠯᠭᠠᠨ᠎ᠠ᠃ | ︵ᠭᠤᠷᠪᠠ︶ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠲᠣᠳᠣᠭᠠᠳᠦ ᠶᠢ ᠬᠠᠮᠠᠭᠠᠯᠠᠬᠤ᠂ ᠠᠮᠢ ᠠᠬᠤᠢ ᠣᠷᠴᠢᠨ | ᠲᠣᠭᠤᠷᠢᠨ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ᠂ ᠪᠠᠴᠢᠮ ᠢ ᠠᠷᠭᠠᠴᠠᠬᠤ ᠬᠠᠮᠢᠶᠠᠷᠣᠯᠳᠠ ᠵᠡᠷᠬᠡ ᠰᠠᠯᠠᠭ᠎ᠠ | ᠮᠦᠴᠢᠷ ᠢ ᠵᠣᠬᠢᠶᠠᠨ ᠪᠠᠶᠢᠭᠤᠯᠣᠨ ᠲᠣᠭᠳᠠᠭᠰᠠᠨ ᠬᠤᠭᠤᠴᠠᠭ᠎ᠠ ᠲᠠᠢ ᠪᠠᠷ ᠦᠨᠡᠯᠡᠯᠳᠡ ᠬᠢᠨ᠎ᠠ᠃ ᠲᠦᠯᠦᠪᠵᠢᠭᠦᠯᠭᠡ ᠶᠢᠨ ᠴᠠᠭ ᠬᠤᠭᠤᠴᠠᠭᠠᠨ ᠳᠤ ᠪᠠᠨ ᠪᠠᠶᠢᠬᠤ | ᠪᠣᠶᠣ ᠦᠨᠡᠯᠡᠯᠳᠡ ᠪᠠᠷ ᠲᠠᠮᠵᠢᠭᠤᠯᠣᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠴᠦ ᠲᠡᠶᠢᠯᠦᠭᠰᠡᠨ ᠦᠭᠡᠢ ᠠᠵᠣ | ᠠᠬᠤᠶᠢᠯᠠᠯ ᠢ ᠬᠠᠮᠢᠶ᠎ᠠ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠴᠡᠭᠴᠡᠯᠡᠭᠦᠯᠵᠣ᠂ ᠬᠠᠣᠯᠢ ᠲᠦᠷᠢᠮ | ᠵᠦᠷᠢᠴᠡᠭᠰᠡᠨ ᠢ ᠨᠢ ᠬᠠᠣᠯᠢ ᠶᠣᠰᠣᠭᠠᠷ ᠰᠢᠢᠳᠬᠡᠨ᠎ᠡ᠃ ᠬᠤᠭᠤᠴᠠᠭ᠎ᠠ ᠭᠦᠢᠴᠡᠭᠡᠳ ᠴᠡᠭᠴᠡᠯᠡᠯᠳᠡ ᠶᠢ ᠣᠷᠣᠨᠵᠢᠭᠤᠯᠣᠭᠰᠠᠨ ᠦᠭᠡᠢ ᠪᠣᠬᠢᠷᠳᠣᠯ ᠦᠭᠡᠢ ᠠᠭᠤᠷᠬᠠᠢ | ᠶᠢᠨ ᠣᠷᠣᠨ ᠢ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠡᠷᠡᠰ ᠠᠴᠠ ᠬᠠᠰᠣᠵᠣ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠦᠭᠡᠶᠢᠰᠬᠡᠨ ᠨᠡᠶᠢᠳᠡ ᠳᠤ | ᠵᠠᠷᠯᠠᠨ᠎ᠠ᠂ ᠡᠭᠦᠨ ᠳᠤ ᠴᠡᠭᠴᠡᠯᠡᠯᠳᠡ ᠶᠢ ᠣᠷᠣᠨᠵᠢᠭᠤᠯᠣᠭᠰᠠᠨ ᠦᠭᠡᠢ ᠣᠯᠣᠰ ᠤᠨ ᠲᠡᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠠᠵᠣ ᠠᠬᠤᠶᠢᠯᠠᠯ ᠨᠢ | ᠦᠪᠡᠷᠳᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠷᠢᠮᠵᠢᠶᠠᠨ ᠳᠤ ᠨᠡᠶᠢᠴᠡᠵᠣ ᠪᠠᠶᠢᠪᠠᠯ᠂ ᠦᠪᠡᠷᠳᠡᠭᠡᠨ ᠵᠠᠰᠠᠬᠤ ᠣᠷᠣᠨ ᠤ | ᠲᠡᠰ ᠤᠨ ᠪᠣᠬᠢᠷᠳᠣᠯ ᠦᠭᠡᠢ ᠠᠵᠣ ᠠᠬᠤᠶᠢᠯᠠᠯ ᠪᠣᠯᠭᠠᠨ ᠲᠡᠰ ᠪᠠᠭᠤᠷᠠᠭᠤᠯᠵᠣ ᠪᠣᠯᠣᠨ᠎ᠠ᠃ | ᠲᠠᠪᠤ᠂ ᠠᠵᠢᠯ ᠤᠨ ᠲᠣᠭᠳᠠᠴᠠ | ︵ᠨᠢᠭᠡ︶ ᠬᠢᠨᠠᠯᠳᠠ ᠬᠠᠮᠢᠶᠠᠷᠣᠯᠳᠠ ᠣᠶᠢᠯᠡᠴᠢᠯᠡᠭᠡᠨ ᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ ᠨᠡᠶᠢᠭᠡᠮ ᠤᠨ ᠬᠢᠨᠠᠯᠳᠠ᠂ ᠵᠠᠰᠠᠭ ᠤᠨ ᠣᠷᠳᠣᠨ ᠤ | ᠰᠣᠭᠤᠴᠠᠨ ᠪᠠᠶᠢᠴᠠᠭᠠᠯᠳᠠ ᠶᠢ ᠬᠦᠯᠢᠶᠡᠨ᠂ ᠢᠳᠡᠬᠡᠯ ᠢ ᠡᠷᠬᠢᠮᠯᠡᠭᠰᠡᠨ ᠢ ᠨᠢ ᠱᠠᠩᠨᠠᠵᠣ᠂ ᠢᠳᠡᠭᠡᠯ ᠠᠯᠳᠠᠭᠰᠠᠨ ᠢ ᠨᠢ ᠲᠣᠷᠭᠠᠭᠠᠬᠤ ᠬᠢᠨᠠᠯᠳᠠ ᠬᠠᠮᠢᠶᠠᠷᠣᠯᠳᠠ ᠶᠢᠨ | ᠲᠣᠭᠳᠠᠴᠠ ᠶᠢ ᠰᠦᠪᠡᠭᠴᠢᠯᠡᠨ ᠪᠠᠶᠢᠭᠤᠯᠣᠨ᠎ᠠ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠡᠷᠡᠰ ᠢ ᠴᠠᠭ ᠲᠣᠬᠠᠢ ᠳᠤ ᠨᠢ ᠨᠡᠶᠢᠳᠡᠯᠡᠨ᠂ ᠨᠡᠶᠢᠭᠡᠮ ᠣᠯᠠᠨ | ᠲᠦᠮᠡᠨ ᠤ ᠬᠢᠨᠠᠯᠳᠠ ᠶᠢ ᠬᠦᠯᠢᠶᠡᠨ᠎ᠡ᠃ ᠠᠭᠤᠷᠬᠠᠢ ᠮᠠᠯᠳᠠᠬᠤ ᠡᠷᠬᠡ ᠶᠢ ᠰᠢᠯᠵᠢᠭᠦᠯᠦᠨ ᠦᠭᠬᠦ ᠭᠡᠷ᠎ᠡ ᠳᠠᠬᠢ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠶᠢᠨ ᠡᠭᠦᠷᠭᠡ ᠪᠠᠨ ᠭᠦᠢᠴᠡᠳᠬᠡᠭᠰᠡᠨ ᠦᠭᠡᠢ ᠪᠣᠯ ᠭᠡᠷ᠎ᠡ ᠵᠦᠷᠢᠴᠡᠭᠰᠡᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃ | ︵ᠬᠤᠶᠠᠷ︶ ᠠᠭᠤᠷᠬᠠᠢ ᠶᠢᠨ ᠣᠷᠣᠨ ᠤ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ ᠨᠢᠭᠡ ᠳᠤ ᠠᠵᠣ | ᠠᠬᠤᠶᠢᠯᠠᠯ ᠤᠨ ᠰᠠᠨᠠᠭᠠᠴᠢᠯᠭ᠎ᠠ ᠠᠴᠠ ᠪᠠᠨ ᠡᠭᠦᠷᠭᠡᠯᠡᠨ ᠬᠠᠷᠢᠭᠤᠴᠠᠬᠤ ᠶᠢ ᠣᠳᠣᠷᠢᠳᠣᠨ ᠵᠢᠯᠣᠭᠤᠳᠴᠦ᠂ ᠪᠦᠳᠦᠭᠡᠨ ᠪᠠᠶᠢᠭᠤᠯᠣᠯᠳᠠ ᠶᠢ ᠨᠢ ᠠᠬᠢᠭᠤᠯᠣᠨ᠎ᠠ᠃ | ᠬᠤᠶᠠᠷ ᠲᠤ ᠢᠳᠡᠭᠡᠯ ᠢ ᠡᠷᠬᠢᠮᠯᠡᠨ᠂ ᠦᠪᠡᠷ ᠢ ᠪᠠᠨ ᠱᠠᠭᠠᠷᠳᠠᠬᠤ ᠶᠢ ᠨᠢ ᠴᠢᠩᠭᠠᠳᠬᠠᠨ᠎ᠠ᠃ ︽ᠣᠬᠢ ᠨᠡᠷᠡᠰ ᠤᠨ ᠪᠦᠷᠢᠳᠬᠡᠯ︾ ᠪᠠᠶᠢᠭᠤᠯᠣᠨ᠂ ᠠᠵᠣ ᠠᠬᠤᠶᠢᠯᠠᠯ | ᠤᠨ ᠢᠳᠡᠭᠡᠮᠵᠢ ᠶᠢᠨ ᠰᠢᠰᠲ᠋ᠧᠮ ᠳᠤ ᠣᠷᠣᠭᠤᠯᠵᠣ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠷᠢᠮᠵᠢᠶᠠᠨ ᠳᠤ ᠬᠦᠷᠦᠭᠰᠡᠳ ᠲᠤ ᠬᠠᠷᠠᠭᠠᠯᠵᠠᠭᠰᠠᠨ | ᠵᠣᠷᠢᠭᠵᠢᠭᠤᠯᠣᠯ ᠤᠨ ᠲᠦᠷᠦ ᠶᠢᠨ ᠪᠣᠳᠣᠯᠭ᠎ᠠ ᠶᠢ ᠬᠦᠷᠳᠡᠭᠡᠨ᠎ᠡ᠃ ᠭᠤᠷᠪᠠ ᠳᠤ ᠨᠡᠶᠢᠭᠡᠮ᠂ ᠣᠯᠠᠨ ᠲᠦᠮᠡᠨ᠂ ᠶᠡᠷᠢᠶ᠎ᠡ ᠬᠡᠯᠡᠯᠴᠡᠭᠡᠨ ᠤ ᠬᠢᠨᠠᠯᠳᠠ ᠶᠢ ᠬᠦᠯᠢᠶᠡᠨ᠂ | ᠰᠠᠨᠠᠭᠠᠴᠢᠯᠭ᠎ᠠ ᠠᠴᠠ ᠪᠠᠨ ᠢᠳᠡᠪᠬᠢᠳᠡᠢ ᠪᠠᠷ ᠬᠠᠷᠢᠭᠤ ᠦᠩᠭᠦᠨᠠ᠃ | ︵ᠭᠤᠷᠪᠠ︶ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠳᠠ ᠶᠢᠨ ᠭᠦᠨ ᠲᠠᠪᠬᠤᠷᠭ᠎ᠠ ᠶᠢᠨ ᠠᠰᠠᠭᠤᠳᠠᠯ ᠢ ᠡᠷᠴᠢᠮᠳᠠᠢ ᠰᠢᠢᠳᠪᠦᠷᠢᠯᠡᠨ᠎ᠡ᠃ | ᠨᠢᠭᠡ ᠳᠤ ᠣᠷᠴᠢᠨ ᠲᠣᠭᠤᠷᠢᠨ ᠤ ᠵᠠᠰᠠᠯᠳᠠ ᠪᠠᠷ ᠣᠷᠢᠳᠠᠯ ᠪᠣᠯᠭᠠᠨ᠂ ᠲᠡᠣᠬᠡᠨ ᠠᠴᠠ ᠦᠯᠡᠳᠡᠭᠳᠡᠭᠰᠡᠨ ᠠᠭᠤᠷᠬᠠᠢ ᠶᠢᠨ ᠣᠷᠣᠨ ᠤ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠠᠰᠠᠭᠤᠳᠠᠯ ᠢ ᠡᠷᠴᠢᠮᠳᠠᠢ ᠰᠢᠢᠳᠪᠦᠷᠢᠯᠡᠨ᠎ᠡ᠃ ᠬᠤᠶᠠᠷ ᠲᠤ ᠠᠭᠤᠷᠬᠠᠢ ᠶᠢᠨ ᠣᠷᠣᠨ ᠤ ᠬᠠᠣᠯᠢ ᠪᠣᠰᠣ ᠪᠠᠷ ᠭᠠᠵᠠᠷ | ᠬᠡᠷᠡᠭᠯᠡᠭᠰᠡᠨ ᠠᠰᠠᠭᠤᠳᠠᠯ ᠢ ᠡᠷᠴᠢᠮᠳᠡᠢ ᠰᠢᠢᠳᠪᠦᠷᠢᠯᠡᠨ᠎ᠡ᠃ ᠭᠤᠷᠪᠠ ᠳᠤ ᠨᠡᠭᠦᠷᠡᠰᠣᠨ ᠤ ᠪᠣᠰᠣ ᠵᠠᠳᠠᠭᠠᠢ ᠮᠡᠯᠳᠡᠯᠳᠡ ᠶᠢ ᠵᠠᠰᠠᠬᠤ ᠠᠰᠠᠭᠤᠳᠠᠯ ᠢ ᠡᠷᠴᠢᠮᠳᠠᠢ | ᠰᠢᠢᠳᠪᠦᠷᠢᠯᠡᠨ᠎ᠡ᠃ ᠲᠦᠷᠪᠡ ᠳᠤ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠰᠡᠷᠭᠦᠭᠡᠨ ᠵᠠᠰᠠᠯᠳᠠ ᠶᠢᠨ ᠣᠯᠠᠨ ᠲᠠᠯ᠎ᠠ ᠶᠢᠨ ᠬᠢᠨᠠᠯᠳᠠ ᠬᠠᠮᠢᠶᠠᠷᠣᠯᠳᠠ᠂ | ᠴᠢᠳᠠᠪᠬᠢ ᠰᠣᠯᠪᠢᠴᠠᠵᠣ ᠲᠠᠪᠬᠤᠴᠠᠭᠰᠠᠨ ᠠᠰᠠᠭᠤᠳᠠᠯ ᠢ ᠡᠷᠴᠢᠮᠳᠠᠢ ᠰᠢᠢᠳᠪᠦᠷᠢᠯᠡᠨ᠎ᠡ᠃ | ︵ᠲᠦᠷᠪᠡ︶ ᠭᠤᠷᠪᠠᠳᠣᠭᠠᠷ ᠡᠳᠡᠭᠡᠳ ᠤᠨ ᠵᠠᠰᠠᠯᠳᠠ ᠶᠢ ᠵᠣᠷᠢᠭᠵᠢᠭᠤᠯᠣᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠣᠨ᠂ ︽ᠬᠠᠷᠢᠭᠤᠴᠠᠯᠭ᠎ᠠ ᠶᠢᠨ | ᠡᠳᠡᠭᠡᠳ ᠵᠠᠷᠣᠳᠠᠯ ᠲᠣᠰᠢᠶᠠᠨ᠂ ᠲᠣᠰᠬᠠᠶᠢᠴᠢᠯᠠᠭᠰᠠᠨ ᠵᠠᠰᠠᠯᠳᠠ ᠬᠢᠬᠦ︾ ᠠᠷᠭ᠎ᠠ ᠬᠡᠯᠪᠡᠷᠢ ᠶᠢ ᠰᠦᠪᠡᠭᠴᠢᠯᠡᠨ ᠲᠣᠭᠳᠠᠭᠠᠵᠣ᠂ ᠵᠡᠷᠭᠡᠯᠡᠳᠡᠭᠡ ᠠᠭᠤᠷᠬᠠᠢ ᠶᠢᠨ ᠣᠷᠣᠨ | ᠤ ᠠᠵᠣ ᠠᠬᠤᠶᠢᠯᠠᠯ ᠪᠣᠯᠣᠨ ᠡᠵᠡᠨ ᠦᠭᠡᠢ ᠠᠭᠤᠷᠬᠠᠢ ᠶᠢᠨ ᠣᠷᠣᠨ ᠢ ᠲᠦᠪᠯᠡᠷᠡᠭᠦᠯᠦᠨ ᠵᠠᠰᠠᠬᠤ ᠶᠢ ᠵᠣᠷᠢᠭᠵᠢᠭᠤᠯᠣᠨ᠂ ᠵᠠᠰᠠᠯᠳᠠ ᠶᠢᠨ ᠪᠦᠳᠦᠮᠵᠢ ᠪᠣᠯᠣᠨ ᠶᠠᠰᠣ | ᠴᠢᠨᠠᠷ ᠢ ᠲᠡᠭᠡᠭᠰᠢᠯᠡᠭᠦᠯᠦᠨ᠎ᠡ᠃ | ︵ᠲᠠᠪᠤ︶ ᠠᠵᠢᠯ ᠤᠨ ᠲᠣᠭᠳᠠᠴᠠ ᠶᠢ ᠰᠢᠨᠡᠴᠢᠯᠡᠨ᠎ᠡ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠣᠯᠠᠮᠵᠢᠯᠠᠯᠳᠦ ᠬᠢᠨᠠᠨ | ᠲᠣᠭᠳᠠᠭᠠᠯᠳᠠ ᠶᠢᠨ ᠠᠷᠭ᠎ᠠ ᠶᠢ ᠦᠭᠡᠶᠢᠰᠬᠡᠨ᠂ ᠠᠭᠤᠷᠬᠠᠢ ᠶᠢᠨ ᠣᠷᠣᠨ ᠦᠪᠡᠷ ᠢᠶᠠᠨ ᠵᠠᠰᠠᠵᠣ ᠦᠪᠡᠷ ᠢ ᠪᠠᠨ ᠦᠨᠡᠯᠡᠬᠦ᠂ ᠭᠤᠷᠪᠠᠳᠣᠭᠠᠷ ᠡᠳᠡᠭᠡᠳ ᠢᠶᠠᠷ | ᠦᠨᠡᠯᠡᠯᠳᠡ ᠬᠢᠯᠭᠡᠬᠦ᠂ ᠨᠡᠷᠡᠰ ᠤᠨ ᠬᠠᠮᠢᠶᠠᠷᠣᠯᠳᠠ᠂ ᠪᠠᠷᠢᠮᠵᠢᠶᠠᠨ ᠳᠤ ᠬᠦᠷᠭᠡᠨ ᠬᠦᠮᠦᠷᠭᠡᠯᠡᠬᠦ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠠᠶᠠᠨᠳᠠᠭᠠᠨ | ᠡᠳ᠋ᠯᠡᠬᠦ ᠰᠢᠨ᠎ᠡ ᠲᠣᠭᠳᠠᠴᠠ ᠶᠢ ᠬᠡᠷᠡᠭᠯᠡᠨ᠎ᠡ᠃ | ᠵᠢᠷᠭᠤᠭ᠎ᠠ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠶᠢ ᠮᠠᠨ ᠤ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ ᠲᠡᠭᠦᠯᠳᠡᠷᠵᠢᠭᠦᠯᠬᠦ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ | ᠴᠢᠩᠭᠠᠳᠬᠠᠬᠤ ᠪᠠ ᠠᠵᠣ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠴᠢᠬᠤᠯᠠ ᠠᠵᠢᠯ ᠪᠣᠯᠭᠠᠨ᠂ ᠴᠢᠬᠤᠯᠠ ᠵᠦᠪᠯᠡᠬᠦ ᠵᠣᠶᠢᠯ ᠳᠤ ᠪᠠᠨ | ᠣᠷᠣᠭᠤᠯᠵᠣ᠂ ᠣᠳᠣᠷᠢᠳᠣᠯᠭ᠎ᠠ ᠪᠠᠨ ᠴᠢᠩᠭᠠᠳᠬᠠᠨ᠂ ᠵᠣᠬᠢᠶᠠᠨ ᠪᠠᠶᠢᠭᠤᠯᠣᠯᠳᠠ ᠪᠠᠨ ᠨᠠᠷᠢᠯᠢᠭᠵᠢᠭᠤᠯᠵᠣ᠂ ᠨᠠᠶᠢᠳᠠᠪᠦᠷᠢᠵᠢᠭᠤᠯᠣᠯᠳᠠ ᠶᠢ ᠴᠢᠬᠤᠯᠠᠴᠢᠯᠠᠨ᠂ ᠡᠯ᠎ᠡ | ᠲᠠᠯ᠎ᠠ ᠶᠢᠨ ᠬᠦᠴᠦᠨ ᠢ ᠲᠠᠶᠢᠴᠢᠯᠠᠵᠣ᠂ ᠠᠭᠤᠷᠬᠠᠢ ᠶᠢᠨ ᠭᠠᠷᠣᠯᠳᠠ ᠶᠢᠨ ᠡᠬᠢ ᠪᠠᠶᠠᠯᠢᠭ ᠤᠨ ᠨᠡᠭᠡᠭᠡᠯᠳᠡ ᠬᠠᠮᠢᠶᠠᠷᠣᠯᠳᠠ ᠪᠣᠯᠣᠨ ᠠᠭᠤᠷᠬᠠᠢ ᠶᠢᠨ ᠣᠷᠣᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠵᠠᠰᠠᠯᠳᠠ ᠶᠢᠨ ᠡᠷᠴᠢᠮ ᠢᠶᠠᠨ ᠴᠢᠨᠩᠭᠠᠳᠬᠠᠵᠣ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠪᠠ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠰᠡᠷᠭᠦᠭᠡᠨ ᠵᠠᠰᠠᠯᠳᠠ ᠶᠢᠨ ᠠᠬᠢᠴᠠ ᠶᠢ ᠲᠦᠷᠭᠡᠳᠬᠡᠨ᠎ᠡ᠃ ᠮᠠᠨ ᠤ ᠬᠤᠰᠢᠭᠤᠨ ᠤ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠶᠢᠨ ᠲᠣᠰᠠᠳᠠ᠂ ᠬᠤᠰᠢᠭᠤ ᠠᠷᠠᠳ ᠤᠨ ᠵᠠᠰᠠᠭ ᠤᠨ | ᠣᠷᠳᠣᠨ ᠠᠴᠠ ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ | ᠪᠠᠶᠢᠭᠤᠯᠣᠨ ︵ᠲᠣᠷᠣᠭᠰᠢ ᠣᠳᠣᠷᠢᠳᠬᠤ ᠲᠣᠭᠤᠶᠢᠯᠠᠩ ᠭᠡᠵᠣ ᠲᠦᠭᠦᠮᠴᠢᠯᠡᠨ᠎ᠡ︶᠂ ᠮᠠᠨ ᠤ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠶᠢᠨ ᠲᠦᠰᠦᠯ ᠢ ᠲᠣᠭᠳᠠᠭᠠᠵᠣ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠬᠠᠷᠠᠯᠳᠠ ᠡᠭᠦᠷᠭᠡ᠂ ᠠᠵᠢᠯ ᠤᠨ ᠠᠭᠤᠯᠭ᠎ᠠ᠂ | ᠬᠡᠷᠡᠭᠵᠢᠭᠦᠯᠬᠦ ᠠᠯᠬᠤᠮ ᠲᠠᠷᠠᠭ᠎ᠠ᠂ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ᠂ ᠲᠦᠭᠦᠷᠴᠢᠯᠡᠯᠳᠡ ᠶᠢᠨ ᠲᠦᠷᠦ ᠶᠢᠨ ᠪᠣᠳᠣᠯᠭ᠎ᠠ᠂ ᠬᠠᠷᠢᠭᠤᠴᠠᠯᠭ᠎ᠠ ᠶᠢᠨ | ᠬᠤᠪᠢᠶᠠᠷᠢᠯᠠᠯ ᠵᠡᠷᠭᠡ ᠶᠢ ᠨᠠᠷᠢᠯᠢᠭᠵᠢᠭᠤᠯᠣᠨ ᠪᠣᠳᠠᠳᠠᠶᠢᠵᠢᠭᠤᠯᠵᠣ᠂ ᠨᠠᠶᠢᠳᠠᠪᠦᠷᠢᠵᠢᠭᠤᠯᠣᠯᠳᠠ ᠪᠠ ᠬᠢᠨᠠᠯᠳᠠ ᠶᠢ ᠰᠠᠶᠢᠳᠦᠷ ᠠᠳᠬᠤᠨ᠎ᠠ᠃ | ︵ᠬᠤᠶᠠᠷ︶ ᠰᠠᠯᠠᠭ᠎ᠠ ᠮᠦᠴᠢᠷ ᠤᠨ ᠲᠣᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ | ᠶᠢᠨ ᠵᠦᠪᠯᠡᠯ᠂ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ ᠵᠡᠷᠭᠡ | ᠰᠠᠯᠠᠭ᠎ᠠ ᠮᠦᠴᠢᠷ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢ ᠪᠦᠬᠦ ᠬᠤᠰᠢᠭᠤᠨ ᠤ ᠣᠯᠣᠰ ᠠᠷᠠᠳ ᠤᠨ ᠠᠵᠣ ᠠᠬᠤᠢ ᠶᠢᠨ ᠬᠦᠭᠵᠢᠯᠳᠡ | ᠶᠢᠨ ᠲᠦᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠂ ᠠᠭᠤᠷᠬᠠᠢ ᠶᠢᠨ ᠣᠷᠣᠨ ᠤ ᠨᠡᠭᠡᠭᠡᠯᠳᠡ ᠶᠢᠨ ᠶᠡᠷᠦᠩᠬᠡᠢ ᠲᠦᠯᠦᠪᠵᠢᠭᠦᠯᠭᠡ ᠶᠢ ᠨᠠᠶᠢᠷᠠᠭᠤᠯᠣᠨ | ᠲᠣᠭᠤᠷᠪᠢᠬᠤ᠂ ᠮᠡᠳᠡᠭᠦᠯᠦᠨ ᠵᠦᠪᠰᠢᠶᠡᠷᠡᠭᠦᠯᠬᠦ ᠶᠢ ᠬᠠᠷᠢᠭᠤᠴᠠᠵᠣ᠂ ᠠᠭᠤᠷᠬᠠᠢ ᠶᠢᠨ ᠣᠷᠣᠨ ᠤ ᠨᠡᠭᠡᠭᠡᠯᠳᠡ ᠶᠢᠨ ᠲᠦᠷᠦᠯ ᠵᠣᠶᠢᠯ ᠢ ᠬᠢᠨᠠᠨ ᠵᠦᠪᠰᠢᠶᠡᠷᠡᠭᠦᠯᠬᠦ᠂ | ᠲᠠᠩᠰᠠᠯᠠᠬᠤ ᠠᠵᠢᠯ ᠢ ᠬᠠᠷᠢᠭᠤᠴᠠᠨ᠎ᠠ᠃ ᠬᠤᠰᠢᠭᠤ ᠡᠨᠧᠷᠬᠢ ᠶᠢᠨ ᠲᠣᠪᠴᠢᠶ᠎ᠠ ᠨᠡᠭᠦᠷᠡᠰᠣᠨ ᠤ ᠣᠶᠢᠯᠠᠰ ᠤᠨ ᠬᠦᠭᠵᠢᠯᠳᠡ ᠶᠢᠨ ᠲᠦᠯᠦᠪᠵᠢᠭᠦᠯᠭᠡ ᠶᠢ | ᠲᠡᠭᠦᠯᠳᠡᠷᠵᠢᠭᠦᠯᠣᠨ᠂ ᠨᠡᠭᠡᠭᠡᠨ ᠮᠠᠯᠳᠠᠬᠤ ᠲᠡᠷᠢᠭᠦᠨ ᠤ ᠮᠡᠷᠭᠡᠵᠢᠯ ᠢ ᠰᠣᠳᠣᠯᠣᠨ ᠲᠦᠭᠡᠮᠡᠯᠵᠢᠭᠦᠯᠦᠨ᠎ᠡ︔ ᠦᠯᠡᠳᠡᠭᠳᠡᠯ ᠬᠦᠳᠡᠷ ᠤᠨ ᠶᠡᠷᠦᠩᠬᠡᠶᠢᠯᠡᠭᠰᠡᠨ ᠠᠰᠢᠭᠯᠠᠯᠳᠠ | ᠶᠢᠨ ᠲᠦᠯᠦᠪᠵᠢᠭᠦᠯᠭᠡ ᠲᠣᠭᠳᠠᠭᠠᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠣᠳᠣᠯᠣᠨ ᠲᠣᠭᠳᠠᠭᠠᠨ᠎ᠠ᠃ ᠬᠤᠰᠢᠭᠤ ᠡᠳ᠋ ᠤᠨ ᠵᠠᠰᠠᠭ ᠤᠨ ᠲᠣᠪᠴᠢᠶ᠎ᠠ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ᠶᠢᠨ ᠲᠦᠰᠦᠭᠡᠯᠡᠯᠳᠡ ᠶᠢᠨ ᠪᠠᠷᠢᠮᠵᠢᠶ᠎ᠠ ᠶᠢ ᠲᠣᠬᠢᠷᠠᠭᠤᠯᠵᠣ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ | ᠵᠠᠰᠠᠯᠳᠠ᠂ ᠭᠤᠷᠪᠠᠳᠣᠭᠠᠷ ᠡᠳᠡᠭᠡᠳ ᠤᠨ ᠦᠨᠡᠯᠡᠯᠳᠡ᠂ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠬᠦᠬᠢᠬᠦᠯᠦᠯ ᠱᠠᠩᠨᠠᠯ ᠤᠨ ᠵᠠᠷᠣᠳᠠᠯ ᠢ ᠨᠠᠶᠢᠳᠠᠪᠦᠷᠢᠵᠢᠭᠤᠯᠵᠣ | ᠂ ᠠᠭᠤᠷᠬᠠᠢ ᠶᠢᠨ ᠣᠷᠣᠨ ᠤ ᠵᠠᠰᠠᠯᠳᠠ ᠣᠷᠴᠢᠨ ᠲᠣᠭᠤᠷᠢᠨ ᠤ ᠰᠡᠷᠭᠦᠭᠡᠯᠳᠡ ᠶᠢᠨ ᠰᠠᠭᠤᠷᠢ ᠮᠦᠩᠭᠦᠨ ᠤ ᠲᠦᠷᠢᠮ ᠪᠠ ᠪᠠᠳᠣᠯᠠᠭ᠎ᠠ ᠶᠢᠨ ᠮᠦᠩᠭᠦᠨ ᠤ ᠬᠡᠷᠡᠭᠯᠡᠯᠳᠡ | ᠶᠢᠨ ᠲᠦᠷᠦ ᠶᠢᠨ ᠪᠣᠳᠣᠯᠭ᠎ᠠ ᠲᠣᠭᠳᠠᠭᠠᠬᠤ ᠳᠤ ᠰᠠᠶᠢᠳᠦᠷ ᠬᠠᠮᠵᠢᠯᠴᠠᠨ᠎ᠠ᠃ ᠬᠤᠰᠢᠭᠤ ᠪᠠᠶᠢᠭᠠᠯᠠᠢ ᠶᠢᠨ ᠡᠬᠢ ᠪᠠᠶᠠᠯᠢᠭ ᠤᠨ ᠲᠣᠪᠴᠢᠶ᠎ᠠ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠡᠳᠦᠷ ᠲᠣᠳᠣᠮ ᠤᠨ ᠠᠵᠢᠯ᠂ ᠨᠡᠷᠡᠰ ᠤᠨ ᠲᠠᠩᠰᠠᠨ ᠬᠠᠮᠢᠶᠠᠷᠣᠯᠳᠠ ᠶᠢ ᠬᠠᠷᠢᠭᠤᠴᠠᠨ᠂ ᠮᠡᠷᠭᠡᠵᠢᠯ ᠤᠨ ᠪᠠᠷᠢᠮᠵᠢᠶ᠎ᠠ ᠲᠣᠭᠳᠠᠭᠠᠵᠣ᠂ | ᠪᠣᠬᠢᠷᠳᠣᠯ ᠦᠭᠡᠢ ᠠᠭᠤᠷᠬᠠᠢ ᠶᠢᠨ ᠣᠷᠣᠨ ᠵᠢᠴᠢ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢᠨ ᠬᠢᠨᠠᠯᠳᠠ ᠬᠠᠮᠢᠶᠠᠷᠣᠯᠳᠠ᠂ ︽ᠭᠤᠷᠪᠠᠨ ᠨᠣᠷᠮ᠎ᠠ︾ | ᠶᠢᠨ ᠭᠦᠢᠴᠡᠳᠬᠡᠯ ᠲᠤᠭ᠎ᠠ ᠶᠢᠨ ᠨᠠᠶᠢᠳᠠᠪᠦᠷᠢᠵᠢᠭᠤᠯᠣᠯᠳᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠪᠠ ᠰᠡᠷᠭᠦᠭᠡᠨ ᠵᠠᠰᠠᠯᠳᠠ ᠶᠢ ᠬᠠᠷᠢᠭᠤᠴᠠᠨ᠂ ᠠᠭᠤᠷᠬᠠᠢ ᠶᠢᠨ ᠣᠷᠣᠨ | ᠤ ︽ᠭᠤᠷᠪᠠᠨ ᠬᠠᠶᠠᠭᠳᠠᠮᠠᠯ︾ ᠤᠨ ᠵᠠᠰᠠᠯᠳᠠ ᠪᠣᠯᠣᠨ ᠪᠣᠬᠢᠷᠳᠣᠯ ᠤᠨ ᠵᠠᠰᠠᠯᠳᠠ ᠶᠢ ᠬᠢᠨᠠᠨ ᠬᠠᠮᠢᠶᠠᠷᠣᠨ᠎ᠠ᠃ ᠬᠤᠰᠢᠭᠤ ᠠᠵᠣ ᠣᠶᠢᠯᠠᠳᠪᠦᠷᠢ ᠮᠡᠳᠡᠭᠡ | ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠡᠬᠢ ᠪᠠᠶᠠᠯᠢᠭ ᠤᠨ ᠬᠤᠪᠢᠷᠠᠭᠠᠯᠳᠠ ᠶᠢᠨ ᠲᠦᠷᠦᠯ ᠵᠣᠶᠢᠯ ᠤᠨ ᠬᠢᠨᠠᠯᠳᠠ | ᠬᠠᠮᠢᠶᠠᠷᠣᠯᠳᠠ ᠪᠠᠨ ᠴᠢᠩᠭᠠᠳᠬᠠᠨ᠂ ᠲᠦᠷᠦᠯ ᠵᠣᠶᠢᠯ ᠤᠨ ᠪᠠᠷᠢᠯᠭ᠎ᠠ ᠡᠬᠢᠯᠡᠬᠦ ᠪᠠ ᠲᠠᠭᠤᠰᠬᠠᠬᠤ ᠪᠠᠳᠣᠯᠠᠨ᠎ᠠ᠃ ᠬᠤᠰᠢᠭᠤ ᠣᠰᠣᠨ ᠠᠰᠢᠭᠯᠠᠯᠳᠠ ᠶᠢᠨ ᠲᠣᠪᠴᠢᠶ᠎ᠠ | ᠠᠭᠤᠷᠬᠠᠢ ᠶᠢᠨ ᠣᠷᠣᠨ ᠤ ᠨᠡᠭᠡᠭᠡᠯᠳᠡ ᠶᠢᠨ ᠣᠰᠣ ᠬᠡᠷᠡᠭᠯᠡᠭᠦ ᠬᠠᠮᠢᠶᠠᠷᠣᠯᠳᠠ ᠪᠣᠯᠣᠨ ᠬᠦᠷᠦᠰᠦ ᠰᠢᠷᠣᠢ ᠶᠢᠨ ᠢᠳᠡᠭᠳᠡᠯ ᠢ ᠰᠡᠷᠭᠡᠶᠢᠯᠡᠬᠦ ᠠᠵᠢᠯ ᠢ ᠬᠢᠨᠠᠨ | ᠬᠠᠮᠢᠶᠠᠷᠣᠨ᠎ᠠ᠃ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠤᠨ ᠲᠣᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠪᠣᠬᠢᠷᠳᠣᠯ ᠦᠭᠡᠢ ᠠᠭᠤᠷᠬᠠᠢ ᠶᠢᠨ | ᠣᠷᠣᠨ ᠤ ᠪᠠᠶᠢᠭᠤᠯᠣᠯᠳᠠ ᠶᠢᠨ ᠱᠠᠭᠠᠷᠳᠠᠯᠭ᠎ᠠ ᠲᠠᠢ ᠣᠶᠠᠯᠳᠣᠭᠤᠯᠵᠣ᠂ ᠬᠤᠯᠪᠣᠭᠳᠠᠯ ᠪᠦᠬᠦᠢ ᠠᠵᠢᠯ ᠢ ᠰᠠᠶᠢᠳᠦᠷ ᠨᠠᠶᠢᠳᠠᠪᠦᠷᠵᠢᠭᠤᠯᠣᠨᠠ᠃ | ︵ᠭᠤᠷᠪᠠ︶ ᠰᠣᠨᠢᠨ ᠮᠡᠳᠡᠭᠡ ᠣᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠬᠦᠭᠵᠢᠯᠳᠡ ᠶᠢᠨ | ᠣᠶᠢᠯᠡᠴᠢᠯᠡᠭᠡᠨ ᠤ ᠲᠠᠪᠴᠠᠩ ᠵᠢᠴᠢ ᠲᠣᠣᠷ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠪᠣᠬᠢᠷᠳᠣᠯ ᠦᠭᠡᠢ | ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ ᠨᠡᠶᠢᠳᠡᠯᠢᠭ ᠲᠣᠷᠰᠢᠯᠭ᠎ᠠ ᠪᠠ ᠠᠬᠢᠴᠠ ᠪᠦᠳᠦᠮᠵᠢ ᠶᠢᠨ ᠣᠬᠠᠭᠤᠯᠭ᠎ᠠ ᠶᠢ ᠦᠷᠭᠡᠳᠬᠡᠵᠣ᠂ ᠶᠡᠷᠢᠶ᠎ᠠ ᠬᠡᠯᠡᠯᠴᠡᠭᠡᠨ ᠤ | ᠣᠬᠠᠭᠤᠯᠭ᠎ᠠ ᠪᠠᠨ ᠴᠢᠩᠭᠠᠳᠬᠠᠨ᠂ ᠪᠦᠬᠦ ᠨᠡᠶᠢᠭᠡᠮ ᠣᠨᠴᠠᠭᠠᠶᠢᠯᠠᠨ ᠠᠭᠤᠷᠬᠠᠢ ᠶᠢᠨ ᠣᠷᠣᠨ ᠤ ᠬᠢᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ | ᠪᠠᠶᠢᠭᠤᠯᠣᠯᠳᠠ ᠳᠤ ᠬᠢ ᠬᠠᠷᠢᠭᠤᠴᠠᠬᠤ ᠣᠬᠠᠮᠰᠠᠷ ᠪᠠ ᠣᠷᠣᠯᠴᠠᠬᠤ ᠣᠬᠠᠮᠰᠠᠷ ᠢ ᠲᠡᠭᠡᠭᠰᠢᠯᠡᠭᠦᠯᠵᠣ᠂ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠪᠣᠬᠢᠷᠳᠣᠯ | ᠦᠭᠡᠢ ᠠᠭᠤᠷᠬᠠᠢ ᠶᠢᠨ ᠣᠷᠣᠨ ᠢ ᠣᠶᠢᠯᠠᠭᠤᠯᠣᠨ ᠲᠠᠨᠢᠭᠤᠯᠣᠨᠠ᠃ | ᠲᠠᠭᠠᠯᠳᠣᠭᠤᠯᠣᠯ | ᠣᠳᠤᠭ ᠤᠨ ᠡᠮᠦᠨᠡᠳᠦ ᠬᠤᠰᠢᠭᠤᠨ ᠤ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠪᠠᠶᠢᠭᠤᠯᠣᠯᠳᠠ ᠶᠢᠨ | ᠠᠵᠢᠯ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ ᠤ ᠨᠡᠷᠡᠰ | ᠲᠣᠭᠤᠶᠢᠯᠠᠩ ᠤᠨ ᠲᠠᠷᠤᠭ᠎ᠠ᠄ ᠦ᠋ ᠶᠦᠨ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ | ᠲᠡᠳ᠋ ᠲᠣᠭᠤᠶᠢᠯᠠᠩ ᠤᠨ ᠲᠠᠷᠤᠭ᠎ᠠ᠄ ᠯᠢᠦᠢ ᠶᠣᠣ ᠹᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ᠭᠡᠰᠢᠭᠦᠳ᠄ ᠪᠦᠷᠢᠨᠪᠠᠶᠠᠷ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠵᠢᠶᠠ ᠰᠢᠶᠠᠩ ᠪᠢᠩ ᠬᠤᠰᠢᠭᠤ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ | ᠲᠠᠷᠤᠭ᠎ᠠ | ᠠᠶᠣᠰᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠠᠷᠤᠭ᠎ᠠ | ᠶᠠᠩ ᠬᠤᠪᠢᠰᠬᠠᠯᠳᠦ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶᠠᠨ ᠤ ᠲᠠᠷᠤᠭ᠎ᠠ | ᠸᠠᠩ ᠵᠢᠶᠠᠨ ᠫᠢᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠠᠷᠤᠭ᠎ᠠ | ᠰᠦᠨ ᠱᠦ ᠶᠤᠸᠠᠨ ᠬᠤᠰᠢᠭᠤ ᠪᠠᠴᠢᠮ ᠢ ᠠᠷᠭᠠᠴᠠᠬᠤ ᠬᠠᠮᠢᠶᠠᠷᠣᠯᠳᠠ ᠶᠢᠨ ᠲᠣᠪᠴᠢᠶᠠᠨ ᠤ ᠲᠠᠷᠤᠭ᠎ᠠ | ᠴᠢ ᠵᠢᠶᠦ᠋ᠨ ᠬᠤᠰᠢᠭᠤ ᠣᠰᠣᠨ ᠠᠰᠢᠭᠯᠠᠯᠳᠠ ᠶᠢᠨ ᠲᠣᠪᠴᠢᠶᠠᠨ ᠤ ᠲᠠᠷᠤᠭ᠎ᠠ | ᠠᠯᠳ᠋ᠬᠠᠭᠤᠯᠠ ᠬᠤᠰᠢᠭᠤ ᠡᠨᠧᠷᠬᠢ ᠶᠢᠨ ᠲᠣᠪᠴᠢᠶᠠᠨ ᠤ ᠲᠠᠷᠤᠭ᠎ᠠ | ᠰᠦ᠋ ᠵᠠᠨ ᠴᠢᠶᠠᠨ ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ ᠤ ᠲᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠠᠷᠤᠭ᠎ᠠ | ᠹᠦ᠋ ᠯᠠᠢ ᠪᠢᠨ ᠬᠤᠰᠢᠭᠤ ᠭᠠᠶᠢᠯᠠᠢ ᠶᠢᠨ ᠶᠠᠪᠣᠳᠠᠯ ᠤᠨ ᠲᠣᠪᠴᠢᠶᠠᠨ ᠤ ᠲᠠᠷᠤᠭ᠎ᠠ | ᠯᠢᠦ ᠰᠢᠶᠣᠣ ᠫᠢᠩ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠲᠡᠳ᠋ ᠲᠠᠷᠤᠭ᠎ᠠ | ᠴᠧᠨ ᠰᠢᠶᠣᠣ ᠬᠤᠢ ᠬᠤᠰᠢᠭᠤ ᠮᠦᠩᠭᠦᠨ ᠭᠦᠢᠯᠭᠡᠭᠡᠨ ᠤ ᠣᠶᠢᠯᠡᠴᠢᠯᠡᠭᠡᠨ ᠤ ᠲᠦᠪ ᠤᠨ ᠡᠷᠬᠢᠯᠡᠭᠴᠢ | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 9 ᠰᠠᠷ᠎ᠠ ᠶᠢᠨ 16 ᠤ ᠡᠳᠤᠷ ᠲᠠᠷᠤᠮᠠᠯᠯᠠᠨ ᠲᠠᠷᠬᠠᠭᠠᠪᠠ | | |