ᠵᠠᠰᠠᠭ ᠵᠠᠬᠢᠷᠭᠠᠨ ᠤ ᠤᠷᠤᠨ ᠪᠠᠶᠢᠷᠢᠰᠢᠯ ᠤᠳᠤᠭ ᠤᠨ ᠡᠮᠤᠨᠡᠳᠤ ᠬᠤᠰᠢᠭᠤ 1980 ᠤᠨ ᠳᠤ ᠤᠳᠤᠭ | ᠬᠤᠰᠢᠭᠤᠨ ᠠᠴᠠ ᠰᠠᠯᠤᠩᠬᠢᠷᠠᠨ ᠪᠠᠶᠢᠭᠤᠯᠤᠭᠳᠠᠵᠤ᠂ ᠤᠷᠳᠤᠰ ᠬᠤᠳᠠ ᠶᠢᠨ ᠪᠠᠷᠠᠭᠤᠨ ᠡᠮᠤᠨᠡᠳᠤ ᠬᠡᠰᠡᠭ ᠲᠤ | ᠪᠠᠶᠢᠷᠢᠯᠠᠨ᠂ ᠦᠪᠤᠷ ᠮᠤᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠤᠷᠤᠨ ᠤ ᠠᠭᠤᠯᠵᠠᠷ ᠲᠤ ᠪᠠᠶᠢᠷᠢᠰᠢᠵᠤ᠂ | ᠦᠪᠤᠷ ᠮᠤᠩᠭᠤᠯ ᠤᠨ ᠪᠠᠷᠠᠭᠤᠨ ᠡᠮᠤᠨᠡᠬᠢ ᠨᠡᠬᠡᠬᠡᠯᠳᠠ ᠶᠢᠨ ᠡᠮᠤᠨ᠎ᠡ ᠹᠷᠤᠨᠲ ᠪᠤᠯᠤᠨ᠎ᠠ᠃ ᠪᠦᠬᠦ ᠬᠤᠰᠢᠭᠤᠨ ᠤ | ᠭᠠᠵᠠᠷ ᠰᠢᠷᠤᠢ ᠶᠢᠨ ᠶᠡᠷᠤᠩᠬᠡᠢ ᠳᠠᠯᠠᠪᠠᠢ 1.222 ᠲᠦᠮᠡᠨ ᠳᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠤᠨᠢ 4 | ᠪᠠᠯᠭᠠᠰᠤ᠂ 1 ᠦᠪᠡᠷᠳᠡᠬᠡᠨ ᠵᠠᠰᠠᠬᠤ ᠤᠷᠤᠨ ᠤ ᠭᠤᠤᠯᠳᠠᠯᠭᠠᠳᠤ ᠠᠵᠤ ᠤᠶᠢᠯᠡᠤᠨᠪᠤᠷᠢ ᠶᠢᠨ ᠬᠦᠷᠢᠶᠡᠯᠡᠩ᠂ 68 | ᠭᠠᠴᠠᠭ᠎ᠠ ᠳᠤᠰᠬᠤᠨ᠂ 16 ᠨᠠᠶᠢᠬᠡᠮ ᠳᠤᠭᠤᠷᠢᠭ ᠲᠠᠢ᠂ ᠶᠡᠷᠤᠩᠬᠡᠢ ᠬᠦᠮᠤᠨ ᠠᠮᠠ 8.09 ᠲᠦᠮᠡ᠂ ᠡᠬᠦᠨ ᠳᠤ | ᠮᠤᠩᠭᠤᠯ ᠦᠨᠳᠤᠰᠤᠳᠠᠨ ᠤ ᠬᠦᠮᠤᠨ ᠠᠮᠠ ᠪᠠᠷᠤᠭ ᠶᠡᠷᠤᠩᠬᠡᠢ ᠬᠦᠮᠤᠨ ᠠᠮᠠ ᠶᠢᠨ 30% ᠶᠢ ᠡᠵᠡᠯᠡᠨ᠎ᠡ᠃ | ᠪᠠᠶᠢᠭᠠᠯᠢ ᠶᠢᠨ ᠡᠬᠢ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠡᠯᠪᠡᠭ᠂ ᠬᠠᠶᠢᠨ ᠳᠤᠳᠤᠯᠠᠭᠰᠡᠨ | ᠨᠡᠬᠦᠷᠡᠰᠤᠨ ᠬᠠᠳᠠᠭᠠᠯᠠᠭᠳᠠᠴᠠ 142 ᠳ᠋ᠦᠩᠰᠢᠭᠤᠷ ᠳᠤᠨ᠂ ᠠᠯᠤᠰ ᠤᠨ ᠲᠦᠰᠤᠪᠯᠡᠭᠰᠡᠨ ᠬᠠᠳᠠᠭᠠᠯᠠᠭᠳᠠᠴᠠ 500 | ᠳ᠋ᠦᠩᠰᠢᠭᠤᠷ ᠳᠤᠨ ᠠᠴᠠ ᠳᠡᠬᠡᠭᠰᠢ᠂ ᠨᠡᠬᠦᠷᠡᠰᠤᠨ ᠤ ᠵᠢᠯ ᠤᠨ ᠭᠠᠷᠤᠯᠳᠠ 1400 ᠲᠦᠮᠡᠨ ᠳᠤᠨ︔ ᠪᠠᠶᠢᠭᠠᠯᠢ | ᠶᠢᠨ ᠰᠢᠳᠠᠮᠠᠬᠠᠢ ᠬᠡᠢ ᠶᠢᠨ ᠨᠢᠬᠡᠨᠳᠠ ᠬᠠᠶᠢᠨ ᠳᠤᠳᠤᠯᠠᠭᠰᠡᠨ ᠬᠠᠳᠠᠭᠠᠯᠠᠭᠳᠠᠴᠠ 7000 ᠳ᠋ᠦᠩᠰᠢᠭᠤᠷ ᠬᠦᠪ ᠮᠧᠲᠷ᠂ | ᠵᠢᠯ ᠤᠨ ᠭᠠᠷᠤᠯᠳᠠ ᠶᠢᠨ ᠬᠡᠮᠵᠢᠶ᠎ᠠ 50 ᠳ᠋ᠦᠩᠰᠢᠭᠤᠷ ᠺᠦᠪ ᠮᠧᠲᠷ︔ ᠴᠢᠯᠠᠭᠤᠨ ᠳᠤᠰᠤᠨ ᠤ ᠳᠠᠷᠬᠠᠯᠳᠠ ᠶᠢᠨ | ᠳᠠᠯᠠᠪᠠᠢ 2800 ᠳᠡᠭᠰᠢ ᠲᠦᠷᠪᠡᠯᠵᠢᠨ ᠺᠢᠯᠤᠮᠧᠲᠷ᠂ ᠵᠢᠯ ᠤᠨ ᠭᠠᠷᠤᠯᠳᠠ ᠶᠢᠨ ᠬᠡᠮᠵᠢᠶ᠎ᠠ 1 ᠲᠦᠮᠡᠨ ᠳᠤᠨ︔ | ᠳᠠᠪᠤᠰᠤ᠂ ᠴᠠᠰᠤᠨ ᠴᠠᠭᠠᠨ ᠬᠤᠵᠢᠷ᠂ ᠵᠤᠭᠠᠩ᠂ ᠪᠤᠴᠠᠯᠭᠠᠭᠤᠷ ᠴᠢᠯᠠᠭᠤ᠂ ᠴᠢᠨᠠᠷᠯᠢᠭ ᠪᠤᠷᠤ ᠸᠠᠭᠠᠷ ᠤᠨ ᠰᠢᠷᠤᠢ | ᠵᠡᠷᠬᠡ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ᠃ | ᠤᠷᠤᠨ ᠪᠠᠶᠢᠷᠢᠰᠢᠯ ᠤᠨ ᠳᠠᠪᠠᠭᠤᠯᠢᠭ ᠤᠷᠤᠨ ᠪᠠᠶᠢᠷᠢᠰᠢᠯ ᠤᠨ ᠨᠦᠬᠦᠴᠡᠯ ᠳᠠᠪᠠᠭᠤᠯᠢᠭ᠂ ᠵᠠᠬ᠎ᠠ ᠰᠠᠪᠠ | ᠶᠢᠨ ᠱᠤᠭᠤᠮ ᠠᠴᠠ ᠨᠢᠩᠰᠢᠶᠠ ᠶᠢᠨ ᠾᠧ ᠳ᠋ᠦᠩ ᠤᠯᠠᠨ ᠤᠯᠤᠰ ᠤᠨ ᠨᠢᠰᠬᠡᠯ ᠤᠨ ᠪᠠᠭᠤᠳᠠᠯ ᠬᠦᠷᠳᠡᠯ᠎ᠡ 20 | ᠺᠢᠯᠤᠮᠧᠲᠷ ᠵᠠᠶᠢᠳᠠᠢ᠂ ᠪᠡᠬᠡᠵᠢᠩ ᠠᠴᠠ ᠲᠦᠪᠡᠤᠨ ᠬᠦᠷᠬᠦ ᠲᠦᠷᠬᠡᠨ ᠤ ᠵᠠᠮ ᠠᠴᠠ 35 ᠺᠢᠯᠤᠮᠧᠲᠷ᠂ ᠴᠢᠩᠳᠤᠤ | ᠠᠴᠠ ᠢᠷᠭᠠᠢ ᠬᠦᠷᠬᠦ ᠲᠦᠷᠬᠡᠨ ᠤ ᠵᠠᠮ ᠠᠴᠠ 5 ᠺᠢᠯᠤᠮᠧᠲᠷ ᠵᠠᠶᠢᠳᠠᠢ᠂ ᠢᠷᠭᠠᠢ ᠶᠢᠨ ᠪᠢᠨ ᠾᠧ ᠶᠡᠭᠡ ᠬᠦᠬᠦᠷᠬᠡ | ᠪᠠᠷ 10 ᠮᠢᠨᠦ᠋ᠲ ᠳᠠᠪᠬᠢᠪᠠᠯ ᠰᠢᠭᠤᠤᠨ ᠢᠷᠭᠠᠢ ᠬᠤᠳᠠ ᠶᠢᠨ ᠲᠦᠪ ᠬᠦᠷᠳᠡᠭ᠃ ᠬᠦᠬᠡᠬᠤᠳᠠ᠂ ᠪᠤᠭᠤᠳᠤ᠂ | ᠤᠷᠳᠤᠰ᠂ ᠢᠷᠭᠠᠢ ᠶᠢᠨ ᠠᠵᠤ ᠠᠬᠤᠢ ᠶᠢᠨ ᠪᠦᠰᠠ ᠪᠠ ᠦᠪᠤᠷ ᠮᠤᠩᠭᠤᠯ᠂ ᠱᠠᠨᠰᠢ᠂ ᠨᠢᠩᠰᠢᠶᠠ ᠶᠢᠨ ᠡᠨᠧᠷᠬᠢ | ᠬᠢᠮᠢ ᠶᠢᠨ ᠠᠵᠤ ᠤᠶᠢᠯᠡᠤᠨᠪᠤᠷᠢ ᠶᠢᠨ ︽ᠠᠯᠳᠠᠨ ᠭᠤᠷᠪᠠᠯᠵᠢᠨ ᠬᠤᠶᠢᠭ︾ ᠤᠨ ᠴᠢᠬᠤᠯᠠ ᠪᠦᠷᠢᠯᠳᠤᠬᠦᠨ ᠬᠡᠰᠡᠭ᠂ | ᠨᠢᠩ ᠳ᠋ᠦᠩ ᠤᠨ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠲᠠᠢ ᠬᠦᠷᠰᠢᠯᠡᠵᠤ᠂᠂ ᠮᠠᠨ ᠤ | ᠤᠯᠤᠰ ᠤᠨ ᠪᠠᠷᠠᠭᠤᠨᠳᠠᠬᠢ ᠨᠡᠬᠦᠷᠡᠰᠤ ᠶᠢ ᠵᠡᠬᠦᠨᠰᠢ ᠳᠡᠬᠡᠬᠡᠪᠤᠷᠢᠯᠡᠬᠦ᠂ ᠤᠮᠠᠷᠠᠳᠠᠬᠢ ᠨᠡᠬᠦᠷᠡᠰᠤ ᠶᠢ ᠡᠮᠤᠨᠡᠰᠢ | ᠳᠡᠬᠡᠬᠡᠪᠤᠷᠢᠯᠡᠬᠦ ᠤᠶᠠᠯᠳᠤᠯ ᠬᠡᠰᠡᠭ ᠲᠤ ᠪᠠᠶᠢᠷᠢᠯᠠᠵᠤ ᠪᠤᠢ᠃ | ᠰᠤᠶᠤᠯ ᠵᠢᠭᠤᠯᠴᠢᠯᠠᠯ ᠰᠤᠶᠤᠯ ᠵᠢᠭᠤᠯᠴᠢᠯᠠᠯ ᠤᠨ ᠡᠬᠢ ᠪᠠᠶᠠᠯᠢᠭ ᠦᠪᠡᠷᠮᠢᠴᠠ᠂ ᠳᠠᠯ᠎ᠠ ᠨᠤᠳᠤᠭ᠂ | ᠨᠤᠭᠤ ᠭᠠᠵᠠᠷ᠂ ᠡᠯᠡᠰᠤ ᠮᠠᠩᠬ᠎ᠠ᠂ ᠭᠤᠤᠯ ᠤᠨ ᠬᠦᠨᠳᠠᠢ᠂ ᠡᠷᠳᠠᠨ ᠤ ᠪᠠᠭᠤᠷᠢ ᠵᠡᠷᠬᠡ ᠵᠢᠭᠤᠯᠴᠢᠯᠠᠯ ᠤᠨ ᠡᠬᠢ | ᠪᠠᠶᠠᠯᠢᠭ ᠡᠯᠪᠡᠭ᠂ ᠡᠷᠳᠡᠨ ᠤ ᠪᠤᠷᠤᠳᠤᠬᠤᠢ ᠬᠦᠮᠤᠨ ᠤ ᠪᠠᠭᠤᠷᠢ᠂ ᠶᠸᠤᠵᠸᠤ ᠶᠢᠨ ᠡᠷᠳᠠᠨ ᠤ ᠬᠤᠳᠠ᠂ ᠮᠢᠩ | ᠤᠯᠤᠰ ᠤᠨ ᠴᠠᠭᠠᠨ ᠬᠡᠷᠡᠮ ᠵᠡᠷᠬᠡ ᠳᠡᠤᠬᠡ ᠶᠢᠨ ᠳᠤᠷᠠᠰᠬᠠᠯᠳᠤ ᠵᠤᠶᠢᠯᠡᠰ ᠪᠠ ᠳᠠᠬᠢᠯᠳᠤ ᠶᠢᠨ ᠠᠵᠢᠯᠯᠠᠬᠤ ᠬᠤᠷᠢᠶ᠎ᠠ᠂ | ᠸᠠᠩ ᠵᠧᠨ ᠤ ᠬᠤᠤᠨᠳᠤᠭ᠂ ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠵᠡᠷᠬᠡ ᠬᠤᠪᠢᠰᠬᠠᠯᠳᠤ ᠳᠡᠤᠬᠡ | ᠶᠢᠨ ᠤᠯᠪᠠᠭ᠎ᠠ ᠲᠠᠢ᠂ ︽ᠳᠤᠮᠳᠠᠳᠤ ᠤᠯᠤᠰ ᠤᠨ ᠤᠷᠳᠤᠰ ᠠᠳᠤᠭᠤᠨ ᠰᠤᠶᠤᠯ ᠤᠨ ᠬᠠᠮᠠᠭᠠᠯᠠᠯᠳᠠ ᠶᠢᠨ ᠰᠠᠭᠤᠷᠢᠨ | ᠭᠠᠵᠠᠷ︾᠂ ︽ᠳᠤᠮᠳᠠᠳᠤ ᠤᠯᠤᠰ ᠤᠨ ᠤᠷᠳᠤᠰ ᠬᠤᠷᠢᠮ ᠤᠨ ᠰᠤᠶᠤᠯ ᠤᠯᠠᠮᠵᠢᠯᠠᠯ ᠤᠨ ᠰᠠᠭᠤᠷᠢᠨ ᠭᠠᠵᠠᠷ︾᠂ | ︽ᠳᠤᠮᠳᠠᠳᠤ ᠤᠯᠤᠰ ᠤᠨ ᠤᠷᠳᠤᠰ ᠪᠦᠬᠡ ᠶᠢᠨ ᠰᠤᠶᠤᠯ ᠤᠨ ᠦᠯᠤᠬᠡᠢ︾᠂ ︽ᠳᠤᠮᠳᠠᠳᠤ ᠤᠯᠤᠰ ᠤᠨ ᠬᠠᠮᠤᠭ | ᠰᠤᠳᠤᠨ ᠰᠡᠯᠡᠬᠦᠴᠡᠯ ᠵᠢᠭᠤᠯᠴᠢᠯᠠᠯ ᠤᠨ ᠬᠠᠷᠠᠯᠳᠠᠳᠤ ᠭᠠᠵᠠᠷ︾᠂ ︽ᠠᠷᠠᠤᠨ ᠤᠨ ᠭᠠᠯ ᠳᠠᠬᠢᠯᠭ᠎ᠠ ᠶᠢᠨ ᠰᠤᠶᠤᠯ ᠤᠨ | ᠦᠯᠤᠬᠡᠢ︾᠂ ︽ᠦᠪᠤᠷ ᠮᠤᠩᠭᠤᠯ ᠤᠨ ᠬᠤᠪᠢᠰᠬᠠᠯᠳᠤ ᠰᠤᠶᠤᠯ ᠤᠨ ᠦᠯᠤᠬᠡᠢ︾ ᠵᠡᠷᠬᠡ 10 ᠭᠠᠷᠤᠢ ᠰᠤᠶᠤᠯ | ᠤᠨ ᠨᠡᠷᠡᠳᠤ ᠳᠡᠮᠳᠡᠭ ᠲᠠᠢ᠂ ᠤᠷᠳᠤᠰ ᠬᠤᠷᠢᠮ ᠤᠨ ᠰᠤᠶᠤᠯ ᠤᠨ ᠤᠯᠠᠮᠵᠢᠯᠠᠭᠴᠢ ᠰᠤᠨᠤᠮ᠂ ᠤᠷᠳᠤᠰ ᠠᠷᠠᠤᠨ ᠤᠨ | ᠳᠠᠭᠤᠨ ᠤ ᠤᠯᠠᠮᠵᠢᠯᠠᠭᠴᠢ ᠬᠠᠯᠵᠠᠨ ᠪᠤᠳᠠᠰ ᠤᠨ ᠪᠤᠰᠤ ᠰᠤᠶᠤᠯ ᠤᠨ ᠦᠪ ᠤᠨ ᠤᠯᠤᠰ ᠤᠨ ᠳᠡᠰ ᠤᠨ | ᠲᠦᠯᠤᠬᠡᠯᠡᠭᠴᠢ ᠴᠢᠨᠠᠷ ᠲᠠᠢ ᠤᠯᠠᠮᠵᠢᠯᠠᠭᠴᠢ ᠪᠠᠷ ᠰᠤᠩᠭᠤᠭᠳᠠᠨ᠂ ᠤᠯᠤᠰ ᠤᠨ 4A ᠳᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠢ 4᠂ ᠦᠪᠡᠷᠳᠡᠬᠡᠨ ᠵᠠᠰᠠᠬᠤ ᠤᠷᠤᠨ ᠤ 3A ᠳᠡᠰ ᠤᠨ ᠵᠢᠭᠤᠯᠴᠢᠯᠠᠯ ᠤᠨ ᠦᠵᠡᠮᠵᠢ ᠶᠢᠨ | ᠤᠷᠤᠨ ᠢ 2 ᠪᠠᠶᠢᠭᠤᠯᠪᠠ᠃ | | ᠠᠵᠤ ᠠᠬᠤᠢ ᠨᠠᠶᠢᠬᠡᠮ ᠤᠶᠢᠷ᠎ᠠ ᠶᠢᠨ ᠵᠢᠯ ᠳᠤ᠂ ᠤᠳᠤᠭ ᠤᠨ ᠡᠮᠤᠨᠡᠳᠤ ᠬᠤᠰᠢᠭᠤ ᠶᠡᠷᠤᠩᠬᠡᠢ ᠱᠦᠵᠢ | ᠰᠢ ᠶᠢᠨ ᠫᠢᠩ ᠤᠨ ︽ᠭᠤᠷᠪᠠᠨ ᠪᠠᠳᠤᠳᠠᠢ︾ ᠴᠢᠬᠤᠯᠠ ᠵᠢᠭᠠᠪᠤᠷᠢ ᠶᠢ ᠪᠦᠬᠦ ᠳᠠᠯ᠎ᠠ ᠪᠠᠷ ᠳᠤᠤᠱᠯᠠᠭᠤᠯᠤᠨ | ᠬᠡᠷᠡᠭᠵᠢᠬᠦᠯᠵᠤ᠂ ᠡᠬᠢ ᠪᠠᠶᠠᠯᠢᠭ ᠤᠨ ᠳᠠᠪᠠᠭᠤᠯᠢᠭ ᠪᠠ ᠤᠷᠤᠨ ᠪᠠᠶᠢᠷᠢᠰᠢᠯ ᠤᠨ ᠳᠠᠪᠠᠭᠤᠯᠢᠭ ᠢᠶᠠᠨ ᠬᠦᠢᠴᠡᠤᠨ | ᠪᠠᠳᠠᠷᠠᠭᠤᠯᠤᠨ᠂ ᠠᠵᠤ ᠠᠬᠤᠢ ᠶᠢᠨ ᠪᠦᠳᠤᠴᠠ ᠶᠢᠨ ᠴᠢᠨᠠᠷᠳᠤ ᠦᠰᠤᠯᠳᠠ ᠶᠢ ᠲᠦᠷᠬᠡᠤᠨᠬᠡᠭᠰᠡᠨ ᠠᠴᠠ ᠬᠤᠳᠠ | ᠬᠦᠳᠡᠭᠡ ᠶᠢᠨ ᠦᠩᠬᠡ ᠲᠦᠷᠬᠦ ᠳᠤ ᠢᠯᠡᠤᠨᠳᠠ ᠬᠤᠪᠢᠷᠠᠯᠳᠠ ᠭᠠᠷᠪᠠ᠃ ᠬᠤᠰᠢᠭᠤ ᠳᠠᠶᠠᠭᠠᠷ ᠳᠡᠬᠡᠳᠤ ᠱᠠᠳᠤᠨ ᠤ | ᠰᠢᠢᠤᠨᠪᠤᠷᠢ ᠳᠤᠬᠢᠷᠠᠭᠤᠯᠭ᠎ᠠ ᠶᠢᠨ ᠳᠤᠭᠤᠷᠢᠨ ᠳᠤ ᠬᠤᠰᠢᠭᠤᠨ ᠤ ᠪᠤᠳᠠᠳᠤ ᠪᠠᠶᠢᠳᠠᠯ ᠳᠤ ᠰᠠᠭᠤᠷᠢᠯᠠᠨ᠂ | ︽︿ᠭᠤᠷᠪᠠᠨ ᠲᠦᠪ﹀ ᠢ ᠪᠠᠶᠢᠭᠤᠯᠤᠨ᠂ ︿ᠭᠤᠷᠪᠠᠨ ᠶᠡᠭᠡ ᠰᠠᠭᠤᠷᠢᠨ﹀ ᠢ ᠴᠤᠭᠴᠠᠯᠠᠬᠤ︾ ᠬᠦᠭᠵᠢᠯᠳᠠ ᠶᠢᠨ | ᠦᠵᠡᠯᠳᠠ ᠶᠢ ᠳᠤᠷᠠᠤᠨᠴᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠪᠦᠬᠦ ᠳᠠᠯ᠎ᠠ ᠶᠢᠨ ᠴᠢᠨᠠᠷᠯᠢᠭ | ᠬᠦᠭᠵᠢᠯᠳᠠ ᠶᠢ ᠠᠬᠢᠭᠤᠯᠪᠠ᠃ ᠬᠦᠳᠡᠭᠡ ᠳᠤᠰᠬᠤᠨ ᠤ ᠬᠦᠴᠤᠷᠬᠡᠭᠵᠢᠯᠳᠠ᠂ ᠪᠦᠬᠦ ᠴᠠᠷᠠᠭᠠᠨ ᠤ ᠵᠢᠭᠤᠯᠴᠢᠯᠠᠯ᠂ | ᠤᠶᠤᠨᠴᠢ ᠡᠮᠤᠨᠡᠳᠤ ᠤᠳᠤᠭ᠂ ᠠᠮᠢ ᠠᠬᠤᠢ ᠶᠢᠨ ᠪᠤᠯᠪᠠᠰᠤᠨ ᠵᠡᠷᠬᠡ ᠬᠦᠷᠢᠶ᠎ᠡ ᠬᠡᠪᠴᠢᠶᠡᠨ ᠳᠤ ᠦᠯᠠᠮᠵᠢ ᠠᠮᠵᠢᠯᠳᠠ | ᠤᠯᠵᠤ᠂ ᠴᠢᠬᠤᠯᠠ ᠶᠡᠭᠡ ᠲᠦᠷᠤᠯ ᠵᠦᠢᠯ ᠤᠨ ᠪᠠᠶᠢᠭᠤᠯᠤᠯᠳᠠ᠂ ᠬᠤᠪᠢᠰᠬᠠᠯᠳᠤ ᠬᠦᠮᠤᠵᠢᠯ ᠪᠤᠯᠪᠠᠰᠤᠷᠠᠯ ᠵᠡᠷᠬᠡ | ᠭᠤᠤᠯᠳᠠᠯᠭᠠᠳᠤ ᠠᠵᠢᠯ ᠳᠡᠬᠡᠷ᠎ᠡ ᠤᠷᠢᠤᠨ ᠭᠠᠷᠤᠭ᠎ᠠ ᠦᠬᠡᠢ ᠰᠢᠪᠳᠤᠯᠤᠯᠳᠠ ᠲᠠᠢ ᠪᠤᠯᠵᠤ᠂ ᠠᠵᠤ ᠠᠬᠤᠢ ᠶᠢᠨ | ᠯᠠᠪᠳᠠᠭᠤᠨ ᠲᠦᠷᠬᠡᠨ ᠢᠶᠠᠷ ᠬᠦᠭᠵᠢᠬᠦ ᠬᠠᠨᠳᠤᠰᠢ ᠶᠢ ᠢᠮᠠᠭᠳᠠ ᠪᠠᠳᠤᠯᠠᠭᠰᠡᠨ ᠠᠴᠠ ᠠᠵᠤ ᠠᠬᠤᠢ ᠶᠢᠨ ᠭᠤᠤᠯ | ᠬᠦᠢᠴᠡᠤᠨᠬᠡᠯ ᠳᠤᠭ᠎ᠠ ᠶᠢᠨ ᠨᠡᠮᠡᠭᠳᠡᠯ ᠦᠷᠬᠦᠯᠵᠢᠯᠡᠨ ᠪᠦᠬᠦ ᠬᠤᠳᠠ ᠳᠠᠬᠢ ᠳᠡᠷᠢᠬᠦᠨ ᠪᠠᠶᠢᠷᠢ ᠪᠠᠨ ᠪᠠᠳᠤᠯᠠᠪᠠ᠃ | 2018 ᠤᠨ ᠳᠤ᠂ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 135.36 | ᠳ᠋ᠦᠩᠰᠢᠭᠤᠷ ᠲᠦᠬᠦᠷᠢᠭ ᠪᠡᠶᠡᠯᠡᠬᠦᠯᠤᠨ᠂ 5% ᠨᠡᠮᠡᠭᠳᠡᠪᠡ︔ ᠬᠡᠪᠴᠢᠶᠡᠵᠢᠯ ᠠᠴᠠ ᠳᠡᠬᠡᠭᠰᠢᠬᠢ ᠠᠵᠤ | ᠤᠶᠢᠯᠡᠤᠨᠪᠤᠷᠢ ᠶᠢᠨ ᠨᠡᠮᠡᠭᠳᠡᠯ ᠦᠷᠳᠡᠭ 4.9% ᠨᠡᠮᠡᠭᠳᠡᠪᠡ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ | ᠪᠤᠷᠤᠯᠠᠭᠤᠯᠤᠭᠰᠡᠨ ᠶᠡᠷᠤᠩᠬᠡᠢ ᠦᠷᠳᠡᠭ ᠢ 24.28 ᠳ᠋ᠦᠩᠰᠢᠭᠤᠷ ᠲᠦᠬᠦᠷᠢᠭ ᠪᠡᠶᠡᠯᠡᠬᠦᠯᠵᠤ᠂ 6.6% ᠨᠡᠮᠡᠭᠳᠡᠪᠡ︔ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 10.56 ᠳ᠋ᠦᠩᠰᠢᠭᠤᠷ ᠲᠦᠬᠦᠷᠢᠭ | ᠪᠡᠶᠡᠯᠡᠬᠦᠯᠵᠤ᠂ ᠠᠳᠠᠯᠢ ᠪᠠᠷᠢᠮᠵᠢᠶ᠎ᠠ ᠠᠴᠠ 31.91% ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠤᠨ | ᠤᠨ ᠬᠦᠮᠤᠨ ᠳᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ ᠳᠤᠰᠪᠤᠷᠢ 44818 ᠲᠦᠬᠦᠷᠢᠭ ᠪᠠ 18529 | ᠲᠦᠬᠦᠷᠢᠭ ᠬᠦᠷᠴᠤ᠂ 7.9% ᠪᠠ 9.5% ᠨᠡᠮᠡᠭᠳᠡᠪᠡ᠃ | 2019 ᠤᠨ ᠳᠤ᠂ ᠵᠢᠱᠢᠯᠳᠠ ᠪᠠᠷ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ 5% | ᠤᠷᠴᠢᠮ᠂ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 13.5% ᠤᠷᠴᠢᠮ᠂ ᠳᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ 15% ᠤᠷᠴᠢᠮ᠂ ᠬᠡᠪᠴᠢᠶᠡᠵᠢᠯ ᠠᠴᠠ ᠳᠡᠬᠡᠭᠰᠢᠬᠢ ᠠᠵᠤ ᠤᠶᠢᠯᠡᠤᠨᠪᠤᠷᠢ | ᠶᠢᠨ ᠨᠡᠮᠡᠭᠳᠡᠯ ᠦᠷᠳᠡᠭ 6% ᠤᠷᠴᠢᠮ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ | ᠦᠷᠳᠡᠭ 7% ᠤᠷᠴᠢᠮ᠂ ᠬᠤᠳᠠ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠠᠵᠤ ᠪᠤᠯᠬᠤ | ᠤᠷᠤᠯᠭ᠎ᠠ 7.5% ᠤᠷᠴᠢᠮ᠂ ᠮᠠᠯᠵᠢᠬᠤ ᠳᠠᠷᠢᠶᠠᠯᠠᠬᠤ ᠤᠷᠤᠨ ᠤ ᠰᠠᠭᠤᠭᠠᠯᠢ ᠠᠷᠠᠤᠨ ᠤᠨ ᠬᠦᠮᠤᠨ ᠳᠤᠮᠳᠠᠴᠢ | ᠶᠢᠨ ᠡᠵᠡᠮᠳᠠᠵᠤ ᠪᠤᠯᠬᠤ ᠤᠷᠤᠯᠭ᠎ᠠ 8% ᠤᠷᠴᠢᠮ ᠨᠡᠮᠡᠭᠳᠡᠵᠤ᠂ ᠬᠤᠳᠠ ᠪᠠᠯᠭᠠᠰᠤ ᠶᠢᠨ ᠳᠠᠩᠰᠠᠯᠠᠭᠰᠡᠨ ᠠᠵᠢᠯ | ᠠᠯᠳᠠᠯᠳᠠ ᠶᠢᠨ ᠨᠤᠷᠮ᠎ᠠ ᠦᠷᠬᠦᠯᠵᠢᠯᠡᠨ ᠪᠠᠭᠤᠷᠠᠵᠤ᠂ ᠡᠨᠧᠷᠬᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠶᠢ | ᠪᠠᠭᠠᠰᠬᠠᠬᠤ ᠬᠠᠷᠠᠯᠳᠠ ᠡᠬᠦᠷᠬᠡ ᠪᠠᠨ ᠪᠡᠶᠡᠯᠡᠬᠦᠯᠵᠤ᠂ ᠡᠳ᠋ ᠤᠨ ᠵᠠᠰᠠᠭ ᠮᠦᠩᠬᠦᠨ ᠬᠦᠢᠯᠬᠡᠬᠡᠨ ᠤ ᠲᠦᠭᠰᠢᠬᠦᠷᠢ ᠶᠢ | ᠪᠦᠳᠤᠮᠵᠢᠳᠠᠢ ᠰᠡᠷᠬᠡᠶᠢᠯᠡᠨ᠂ ᠵᠢᠯ ᠤᠨ ᠦᠷᠢ ᠦᠭᠴᠡᠬᠡᠨ ᠤ ᠡᠬᠦᠷᠬᠡ ᠪᠠᠨ ᠪᠡᠶᠡᠯᠡᠬᠦᠯᠵᠤ ᠴᠢᠳᠠᠨ᠎ᠠ᠃ | |