ᠪᠣᠷᠣᠪᠠᠯᠭᠠᠰᠣ ᠪᠠᠯᠭᠠᠰᠣᠨ ᠤ ᠲᠣᠶᠢᠮᠣ
ᠨᠡᠶᠢᠲᠡᠯᠡᠭᠰᠡᠨ ᠴᠠᠭ᠄
2020/12/3
    ᠪᠣᠷᠣᠪᠠᠯᠭᠠᠰᠣ ᠪᠠᠯᠭᠠᠰᠣ ᠣᠷᠳᠣᠰ ᠬᠤᠳᠠ ᠶᠢᠨ ᠪᠠᠷᠠᠭᠤᠨ ᠡᠮᠦᠨᠡᠳᠦ ᠬᠡᠰᠡᠭ ᠳᠠᠬᠢ ᠦᠪᠦᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠣᠵᠢ ︵ᠣᠷᠣᠨ︶ ᠤ ᠠᠭᠤᠯᠵᠠᠷ᠂ ᠰᠢᠷᠬᠤᠰᠣᠨ ᠭᠤᠣᠯ ᠤᠨ ᠲᠡᠭᠡᠳᠦ ᠣᠷᠣᠰᠬᠠᠯ  ᠳᠤ ᠪᠠᠶᠢᠷᠢᠯᠠᠵᠣ᠂ ᠵᠡᠭᠦᠨᠰᠢ ᠪᠠᠨ ᠦᠣᠰᠢᠨ ᠬᠤᠰᠢᠭᠤᠨ ᠤ ᠰᠢᠷᠬᠤᠰᠣᠨ ᠪᠠᠯᠭᠠᠰᠣ ᠲᠠᠢ ᠬᠦᠷᠰᠢᠯᠡᠵᠣ᠂ ᠡᠮᠦᠨᠡᠰᠢ  ᠪᠠᠨ ᠱᠠᠨᠰᠢ ᠮᠣᠵᠢ ᠶᠢᠨ ᠪᠣᠷᠣ ᠬᠤᠳᠠ ᠰᠢᠶᠠᠨ ᠤ ᠰᠣᠬᠠᠢ ᠶᠢᠨ ᠪᠠᠶᠢᠰᠢᠩ ᠪᠠᠯᠭᠠᠰᠦ᠂ ᠵᠡᠬᠦᠨ ᠪᠠᠶᠠᠨ ᠲᠦᠬᠦᠮ ᠪᠠᠯᠭᠠᠰᠣ᠂ ᠶᠡᠭᠡ ᠮᠠᠰᠢᠩ ᠰᠢᠶᠠᠨ ᠤ ᠪᠡᠢ ᠶᠢᠨ ᠰᠢᠯᠢ ᠰᠢᠶᠠᠩ᠂ ᠪᠠᠶᠠᠨ ᠲᠦᠬᠦᠮ ᠪᠠᠯᠭᠠᠰᠦ ᠲᠠᠢ ᠵᠠᠯᠭᠠᠯᠳᠣᠵᠣ᠂ ᠪᠠᠷᠠᠭᠤᠰᠢ ᠪᠠᠨ ᠨᠢᠩᠰᠢᠶᠠ ᠶᠢᠨ ᠲᠡᠷᠬᠡ ᠰᠢᠶᠠᠨ ᠲᠠᠢ ᠰᠠᠪᠠᠯᠠᠵᠣ᠂ ᠣᠮᠠᠷᠠᠰᠢ ᠪᠠᠨ ᠣᠯᠵᠠᠴᠢ ᠪᠠᠯᠭᠠᠰᠣ᠂ ᠨᠠᠩᠰᠣ ᠪᠠᠯᠭᠠᠰᠦ ᠲᠠᠢ ᠲᠦᠰᠢᠯᠴᠡᠵᠣ᠂ ᠦᠪᠡᠷᠳᠡᠭᠡᠨ ᠵᠠᠰᠠᠬᠤ ᠣᠷᠣᠨ ᠤ ︽ᠡᠮᠦᠨ᠎ᠡ ᠬᠠᠭᠠᠯᠭ᠎ᠠ︾ ᠬᠡᠮᠡᠬᠦ ᠨᠡᠷᠡᠶᠢᠳᠦᠯ ᠲᠠᠢ᠃ ᠲᠠᠩ ᠣᠯᠣᠰ ᠤᠨ ᠦᠶ᠎ᠡ ᠶᠢᠨ ᠶᠢᠣᠵᠸᠣ ᠬᠤᠳᠠ ᠶᠢᠨ ᠪᠠᠭᠤᠷᠢ ᠶᠢᠨ ᠠᠳᠡ ᠪᠠᠶᠢᠬᠤ ᠮᠦᠷᠳᠡᠭᠡᠨ ᠬᠤᠶᠠᠷ ᠱᠣᠷᠣᠯᠵᠢᠨ ᠡᠯᠡᠰᠣᠨ ᠤ ᠲᠣᠮᠳᠠ ᠪᠠᠶᠢᠷᠢᠰᠢᠳᠠᠭ ᠠᠴᠠ ᠪᠣᠷᠣᠪᠠᠯᠭᠠᠰᠣ ᠭᠡᠳᠡᠭ᠃ ᠪᠣᠷᠣᠪᠠᠯᠭᠠᠰᠣ ᠪᠠᠯᠭᠠᠰᠦ ᠦᠨᠢ ᠣᠳᠠᠭᠠᠨ ᠲᠡᠣᠬᠡ ᠲᠠᠢ᠂ ᠣᠷᠣᠨ ᠪᠠᠶᠢᠷᠢ ᠶᠢᠨ ᠲᠠᠪᠠᠭᠤᠯᠢᠭ ᠢᠶᠠᠷ ᠢᠯᠡᠳᠳᠡ᠂ ᠡᠳ᠋ ᠠᠭᠤᠷᠠᠰᠣᠨ ᠡᠯᠪᠡᠭ ᠲᠡᠯᠪᠡᠭ᠂ ᠰᠣᠶᠣᠯ ᠤᠨ ᠰᠠᠭᠤᠷᠢ ᠵᠣᠵᠠᠭᠠᠨ᠂ ᠡᠷᠳᠡᠨ ᠤ ︽ᠪᠣᠷᠣᠲᠣᠬᠤᠢ ᠬᠦᠮᠦᠨ︾ ᠤ ᠪᠣᠯᠪᠠᠰᠣᠨ ᠠᠳᠡ ᠠᠴᠠ ᠡᠭᠦᠰᠦᠯᠳᠡᠢ᠂ ᠬᠠᠨ ᠣᠯᠣᠰ ᠲᠠᠩ ᠣᠯᠣᠰ ᠤᠨ ᠰᠣᠶᠣᠯ ᠤᠨ ᠴᠡᠴᠡᠭᠯᠡᠯᠳᠡ ᠶᠢᠨ ᠭᠠᠵᠠᠷ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠮᠤᠭ ᠤᠨ ᠠᠩᠬᠠᠨ ᠤ ᠬᠤᠪᠢᠰᠬᠠᠯ ᠤᠨ ᠰᠠᠭᠤᠷᠢᠨ ᠭᠠᠵᠠᠷ ᠤᠨ ᠨᠢᠭᠡ ᠨᠢ ᠪᠣᠯᠣᠨ᠎ᠠ᠂ ᠪᠠᠶᠢᠭᠠᠯᠢ ᠶᠢᠨ ᠦᠵᠡᠮᠵᠢ ᠭᠤᠶᠢᠳᠠ ᠰᠠᠶᠢᠬᠠᠨ᠂ ᠵᠢᠭᠤᠯᠴᠢᠯᠠᠯ ᠤᠨ ᠡᠬᠢ ᠪᠠᠶᠠᠯᠢᠭ ᠦᠪᠡᠷᠮᠢᠴᠡ᠂ ᠦᠪᠦᠷ ᠮᠣᠩᠭᠤᠯ ᠱᠠᠨᠰᠢ ᠨᠢᠩᠰᠢᠶᠠ ᠭᠤᠷᠪᠠᠨ ᠮᠣᠵᠢ ᠣᠷᠣᠨ ᠤ ᠠᠭᠤᠯᠵᠠᠷ ᠲᠠᠬᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠶᠢᠷ᠎ᠠ ᠬᠠᠪᠢ ᠳᠠᠭᠠᠨ ᠨᠦᠯᠦᠭᠡ ᠲᠠᠢ ᠪᠣᠳᠠᠰ ᠤᠨ ᠰᠣᠯᠢᠯᠴᠠᠭᠠᠨ ᠤ ᠲᠦᠪ ᠪᠣᠯᠣᠨ᠎ᠠ᠃     2000 ᠣᠨ ᠤ 7 ᠰᠠᠷ᠎ᠠ ᠳᠤ ᠰᠣᠮᠣ ᠶᠢ ᠦᠭᠡᠶᠢᠰᠬᠡᠨ ᠪᠠᠯᠭᠠᠰᠦ ᠪᠣᠯᠭᠠᠵᠣ᠂ ᠪᠣᠷᠣᠪᠠᠯᠭᠠᠰᠦ ᠰᠣᠮᠣ ᠶᠢ ᠪᠣᠷᠣᠪᠠᠯᠭᠠᠰᠣ ᠪᠠᠯᠭᠠᠰᠣ ᠪᠣᠯᠭᠠᠨ ᠦᠭᠡᠷᠡᠴᠢᠯᠡᠵᠣ᠂ 2005 ᠣᠨ ᠤ 10 ᠰᠠᠷ᠎ᠠ ᠳᠤ ᠰᠣᠮᠣ ᠶᠢ ᠦᠭᠡᠶᠢᠰᠢᠬᠡᠨ ᠪᠠᠯᠭᠠᠰᠦ ᠶᠢ ᠨᠡᠶᠢᠯᠡᠭᠦᠯᠵᠣ᠂ ᠣᠣᠯ ᠤᠨ ᠪᠣᠷᠣᠪᠠᠯᠭᠠᠰᠣ᠂ ᠢᠮᠠᠭᠠᠯᠠᠢ ᠰᠢᠶᠡᠩ᠂ ᠵᠣᠤᠬ᠎ᠠ ᠰᠣᠮᠣ ᠶᠢ ᠬᠠᠮᠳᠣᠳᠬᠠᠨ ᠪᠣᠷᠣᠪᠠᠯᠭᠠᠰᠦ ᠪᠠᠯᠭᠠᠰᠣ ᠪᠣᠯᠭᠠᠨ ᠪᠠᠶᠢᠭᠤᠯᠣᠭᠰᠠᠨ ᠠᠴᠠ ᠵᠡᠭᠦᠨᠰᠢ ᠪᠠᠷᠠᠭᠤᠰᠢ ᠪᠠᠨ 140 ᠺᠢᠯᠣᠮᠧᠲᠷ ᠣᠷᠳᠦ᠂ ᠣᠷᠣᠭᠰᠢ ᠬᠤᠶᠢᠰᠢ ᠪᠠᠨ 75 ᠺᠢᠯᠣᠮᠧᠲᠷ ᠦᠷᠭᠡᠨ ᠪᠣᠯᠵᠣ᠂ ᠭᠠᠵᠠᠷ ᠰᠢᠷᠣᠢ ᠶᠢᠨ ᠪᠦᠬᠦ ᠲᠠᠯᠠᠪᠠᠢ 2418 ᠲᠡᠭᠰᠢ ᠲᠦᠷᠪᠡᠯᠵᠢᠨ ᠺᠢᠯᠣᠮᠧᠲᠷ ᠬᠦᠷᠪᠡ᠃ ᠬᠠᠷᠢᠶᠠᠨ ᠳᠤᠨᠢ 3 ᠨᠡᠶᠢᠭᠡᠮ ᠲᠣᠭᠤᠷᠢᠭ᠂ 29 ᠭᠠᠴᠠᠭ᠎ᠠ ᠲᠣᠰᠬᠤᠨ᠂ 126 ᠲᠠᠷᠢᠶᠠᠯᠠᠩ ᠮᠠᠯ ᠠᠵᠣ ᠠᠬᠤᠢ ᠶᠢᠨ ᠬᠤᠷᠰᠢᠶ᠎ᠠ ᠲᠠᠢ᠂ ᠨᠡᠶᠢᠳᠡ 8415 ᠡᠷᠦᠬᠡ 24448 ᠬᠦᠮᠦᠨ ᠬᠦᠮᠦᠨ ᠠᠮᠠ ᠲᠠᠢ᠂ ᠬᠢᠳᠠᠳ ᠦᠨᠳᠦᠰᠦᠳᠡᠨ ᠣᠯᠠᠩᠬᠢ ᠲᠤᠭ᠎ᠠ ᠶᠢ ᠡᠵᠡᠯᠡᠭᠰᠡᠨ ᠴᠦᠭᠡᠨ ᠲᠣᠭᠠᠳᠦ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠣᠷᠣᠨ ᠪᠣᠯᠣᠨ᠎ᠠ᠃ ᠪᠦᠬᠦ ᠪᠠᠯᠭᠠᠰᠣᠨ ᠤ ᠲᠠᠷᠢᠶᠠᠨ ᠭᠠᠵᠠᠷ ᠤᠨ ᠲᠠᠯᠠᠪᠠᠢ 45 ᠲᠦᠮᠡᠨ ᠮᠣ᠋᠂ ᠣᠢ ᠶᠢᠨ ᠭᠠᠵᠠᠷ ᠤᠨ ᠲᠠᠯᠠᠪᠠᠢ 165 ᠲᠦᠮᠡᠨ ᠮᠣ᠋᠂ ᠨᠣᠳᠤᠭ ᠪᠡᠯᠴᠢᠭᠡᠷ ᠤᠨ ᠲᠠᠯᠠᠪᠠᠢ 163 ᠲᠦᠮᠡᠨ ᠮᠣ᠋᠂ ᠣᠰᠣᠨ ᠤ ᠡᠬᠢ ᠰᠣᠷᠪᠣᠯᠵᠢ 7804 ᠲᠦᠮᠡᠨ ᠪᠣᠰᠤᠭ᠎ᠠ ᠲᠦᠷᠪᠡᠯᠵᠢᠨ ᠮᠧᠲᠷ᠂ ᠣᠷᠭᠤᠮᠠᠯ ᠤᠨ ᠪᠦᠷᠬᠦᠴᠡ ᠶᠢᠨ ᠨᠣᠷᠮ᠎ᠠ 90% ᠳᠤ ᠬᠦᠷᠴᠦ᠂ ᠵᠢᠯ ᠤᠨ ᠮᠠᠯ ᠤᠨ ᠲᠤᠭ᠎ᠠ ᠲᠣᠯᠣᠭᠠᠢ 75 ᠲᠦᠮᠡᠨ ᠳᠤ ᠬᠦᠷᠦᠭᠰᠡᠨ ᠨᠡᠶᠢᠳᠡᠯᠢᠭ ᠮᠠᠯ ᠲᠠᠷᠢᠶᠠᠯᠠᠩ ᠤᠨ ᠠᠵᠣ ᠠᠬᠤᠢ ᠶᠢᠨ ᠶᠡᠭᠡ ᠪᠠᠯᠭᠠᠰᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号