ᠡᠣ ᠶᠦᠨ ᠪᠦᠬᠦ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2020/12/30
    12 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠣ ᠶᠦᠨ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠳᠤ ᠬᠦᠨᠵᠡᠭᠡᠶᠢᠷᠡᠨ᠂ ᠡᠩᠨᠡᠭᠡᠨ ᠤ ᠪᠠᠶᠢᠭᠤᠯᠣᠯᠲᠠ᠂ ᠵᠠᠬᠢᠳᠠᠯ ᠰᠣᠷᠪᠣᠯᠵᠢᠯᠠᠭ᠎ᠠ‌ᠠᠮᠣᠷ ᠲᠣᠭᠲᠠᠭᠤᠨ᠂ ᠵᠠᠩᠬᠢᠴᠢᠯᠠᠯᠲᠠ ᠶᠢᠨ ᠪᠠᠶᠢᠭᠤᠯᠣᠯᠲᠠ ᠵᠡᠷᠭᠡ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃     ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠤᠪᠴᠢᠶᠠᠨ ᠳᠤ᠂ ᠡᠣ ᠶᠦᠨ ᠡᠯ᠎ᠡ ᠴᠢᠳᠠᠮᠵᠢ ᠶᠢᠨ ᠲᠣᠭᠤᠷᠢᠭ ᠤᠨ ᠪᠠᠶᠢᠭᠤᠯᠣᠯᠲᠠ ᠬᠡᠷᠡᠭᠯᠡᠭᠡᠨ ᠤ ᠪᠠᠶᠢᠳᠠᠯ ᠢ ᠪᠠᠶᠢᠴᠠᠭᠠᠨ ᠦᠵᠡᠵᠦ᠂ ᠦᠭᠡᠷᠡᠴᠢᠯᠡᠯᠲᠡ ᠬᠢᠭᠰᠡᠨ ᠪᠦᠲᠦᠮᠵᠢ᠂ ᠵᠠᠬᠢᠳᠠᠯ ᠰᠣᠷᠪᠣᠯᠵᠢᠯᠠᠭ᠎ᠠ ᠠᠮᠣᠷ ᠲᠣᠭᠲᠠᠭᠤᠨ᠂ ᠴᠠᠭᠳᠠᠭᠠᠨ ᠤ ᠶᠠᠪᠣᠳᠠᠯ ᠤᠨ ᠬᠠᠮᠲᠣᠷᠠᠯᠴᠠᠭ᠎ᠠ᠂ ᠰᠢᠨᠵᠢᠯᠡᠭᠡ ᠮᠡᠷᠭᠡᠵᠢᠯ ᠢᠶᠠᠷ ᠴᠠᠭᠳᠠᠭᠠᠨ ᠤ ᠠᠵᠢᠯ ᠢ ᠭᠦᠭᠵᠢᠬᠦᠯᠭᠦ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢᠮᠪᠠᠢ ᠰᠣᠨᠣᠰᠪᠠ᠃ ᠲᠣᠲᠣᠭᠠᠳᠣ ᠶᠢ ᠬᠠᠮᠠᠭᠠᠯᠠᠬᠤ ᠡᠩᠨᠡᠭᠡᠨ ᠤ ᠪᠠᠶᠢᠭᠤᠯᠣᠯᠲᠠ᠂ ᠵᠠᠩᠬᠢᠴᠢᠯᠠᠯᠲᠠ ᠶᠢᠨ ᠪᠠᠶᠢᠭᠤᠯᠣᠯᠲᠠ᠂ ᠬᠠᠣᠯᠢ ᠶᠢ ᠬᠡᠷᠡᠭᠵᠢᠭᠦᠯᠦᠨ ᠬᠡᠷᠡᠭ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠠᠰᠠᠭᠤᠪᠠ᠃ ᠡᠣ ᠶᠦᠨ᠂ ᠲᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠪᠣᠯ ᠲᠣᠬᠠᠢ ᠶᠢᠨ ᠭᠠᠵᠠᠷ ᠤᠨ ᠣᠯᠣᠰ ᠲᠣᠷᠦ ᠶᠢᠨ ᠲᠣᠭᠲᠠᠭᠤᠨ᠂ ᠨᠡᠶᠢᠬᠡᠮ ᠤᠨ ᠠᠮᠣᠷ ᠲᠣᠭᠲᠠᠭᠤᠨ ᠢ ᠬᠠᠮᠠᠭᠠᠯᠠᠬᠤ ᠴᠢᠬᠤᠯᠠ ᠬᠦᠴᠦᠨ ᠪᠣᠯᠣᠨ᠎ᠠ᠂ ᠣᠶᠢᠷ᠎ᠠ ᠶᠢᠨ ᠵᠢᠯ ᠠᠴᠠ ᠨᠠᠭᠠᠰᠢ᠂ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠣᠪᠴᠢᠶ᠎ᠠ ︽ᠨᠠᠮ ᠳᠤ ᠪᠠᠨ ᠦᠨᠡᠨᠴᠢ ᠰᠢᠳᠣᠷᠭᠤ᠂ ᠠᠷᠠᠳ ᠲᠦᠮᠡᠨ ᠳᠤ ᠦᠢᠯᠡᠴᠢᠯᠡᠬᠦ᠂ ᠲᠦᠪ ᠭᠤᠣᠯᠴᠢ ᠪᠠᠷ ᠬᠠᠣᠯᠢ ᠬᠡᠷᠡᠭᠵᠢᠭᠦᠯᠬᠦ᠂ ᠰᠠᠬᠢᠯᠭ᠎ᠠ ᠪᠠᠲᠣ ᠴᠢᠩᠭ᠎ᠠ︾ ᠶᠠᠷᠦᠩᠬᠡᠢ ᠱᠠᠭᠠᠷᠳᠠᠯᠭ᠎ᠠ ᠶᠢ ᠪᠠᠲᠣ ᠡᠵᠡᠮᠳᠡᠨ᠂ ︽ᠲᠣᠮᠣ ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ ᠤᠨ ᠳᠦᠷᠢᠮ ᠤᠨ ᠦᠭᠡᠷᠡᠴᠢᠯᠡᠯᠲᠡ ᠦᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠵᠣ᠂ ᠮᠠᠨ ᠤ ᠬᠤᠰᠢᠭᠤᠨ ᠤ ᠨᠡᠶᠢᠬᠡᠮ ᠤᠨ ᠠᠮᠣᠷ ᠲᠣᠭᠲᠠᠭᠤᠨ᠂ ᠠᠷᠠᠳ ᠲᠦᠮᠡᠨ ᠤ ᠡᠩᠬᠡ ᠵᠢᠷᠭᠠᠯᠲᠣ ᠠᠮᠢᠳᠣᠷᠠᠯ ᠢ ᠪᠠᠲᠣᠯᠠᠬᠤ ᠳᠤ ᠢᠳᠡᠪᠬᠢᠲᠡᠢ ᠵᠢᠳᠭᠦᠯ ᠨᠡᠮᠡᠷᠢᠯᠡᠨ᠂ ᠰᠠᠭᠤᠭᠠᠯᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ ᠭᠡᠵᠦ ᠵᠢᠭᠠᠪᠠ᠃     ᠡᠣ ᠶᠦᠨ᠂ ᠲᠣᠮᠣ ᠳ᠋ᠠᠶᠢᠲ᠋ᠠ ᠶᠢᠨ ᠴᠠᠭ ᠦᠶ᠎ᠡ ᠳᠤ᠂ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠣᠪᠴᠢᠶ᠎ᠠ ᠦᠭᠡᠷᠡᠴᠢᠯᠡᠯᠲᠡ ᠪᠠᠷ ᠴᠠᠭᠳᠠᠭᠠᠨ ᠤ ᠠᠵᠢᠯ ᠢ ᠬᠦᠴᠦᠷᠭᠡᠭᠵᠢᠬᠦᠯᠬᠦ᠂ ᠰᠢᠨᠵᠢᠯᠡᠭᠡ ᠮᠡᠷᠭᠡᠵᠢᠯ ᠢᠶᠠᠷ ᠴᠠᠭᠳᠠᠭᠠᠨ ᠤ ᠠᠵᠢᠯ ᠢ ᠭᠦᠭᠵᠢᠭᠦᠯᠬᠦ ᠶᠢ ᠪᠠᠷᠢᠮᠲᠠᠯᠠᠵᠣ᠂ ᠣᠳᠣᠬᠢᠴᠢᠯᠠᠭᠰᠠᠨ ᠮᠡᠳᠡᠭᠡ ᠵᠠᠩᠬᠢ ᠶᠢᠨ ᠠᠷᠭ᠎ᠠ ᠪᠠᠷᠢᠯ ᠢᠶᠠᠷ ᠬᠠᠣᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠦᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠨᠡᠶᠢᠳᠭᠡᠯ ᠬᠡᠷᠡᠭᠯᠡᠯᠲᠡ ᠶᠢ ᠴᠢᠩᠭᠠᠳᠬᠠᠵᠣ᠂ ᠲᠣᠲᠣᠭᠠᠳᠣ ᠶᠢ ᠬᠠᠮᠠᠭᠠᠯᠠᠬᠤ ᠠᠵᠢᠯ ᠤᠨ ᠣᠶᠣᠨᠴᠢ ᠪᠠᠶᠢᠭᠤᠯᠣᠯᠲᠠ ᠶᠢ ᠠᠬᠢᠭᠤᠯᠣᠨ᠂ ᠬᠠᠣᠯᠢ ᠵᠦᠷᠢᠴᠡᠨ ᠶᠠᠯ᠎ᠠ ᠬᠢᠭᠰᠡᠳ ᠲᠤ ᠴᠣᠬᠢᠯᠲᠠ ᠦᠭᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠮᠣᠷ ᠳᠦᠪᠰᠢᠨ ᠤ ᠬᠠᠨᠣᠮᠵᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ ᠡᠩᠨᠡᠬᠡᠨ ᠤ ᠪᠠᠶᠢᠭᠤᠯᠣᠯᠲᠠ ᠶᠢ ᠰᠠᠶᠢᠲᠣᠷ ᠠᠳᠬᠤᠵᠣ᠂ ᠬᠠᠷᠢᠶᠠᠲᠣ ᠣᠷᠣᠨ ᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠤᠨ ᠴᠠᠭᠳᠠᠭᠠᠨ ᠤ ᠴᠢᠳᠠᠪᠣᠷᠢ ᠬᠡᠪ ᠴᠢᠨᠠᠷ ᠢ ᠲᠠᠰᠣᠷᠠᠯᠲᠠ ᠦᠭᠡᠢ ᠳᠡᠭᠡᠭᠰᠢᠯᠡᠭᠦᠯᠦᠨ᠂ ᠬᠠᠣᠯᠢ ᠭᠡᠷᠡᠭᠵᠢᠭᠦᠯᠬᠦ ᠦᠢᠯᠡ ᠠᠵᠢᠯᠯᠠᠭ᠎ᠠ ᠪᠠᠨ ᠳᠦᠷᠢᠮᠵᠢᠭᠦᠯᠵᠦ᠂ ᠠᠷᠠᠳ ᠤᠨ ᠴᠠᠭᠳᠠᠭᠠᠨ ᠤ ᠲᠡᠰ ᠳᠠᠪᠰᠢᠬᠦ ᠵᠠᠮ ᠢ ᠦᠷᠭᠡᠳᠭᠡᠨ᠂ ᠡᠩᠨᠡᠭᠡᠨ ᠤ ᠠᠮᠢᠵᠢᠷᠠᠯ ᠤᠨ ᠬᠦᠴᠦᠨ ᠢ ᠪᠦᠲᠦᠮᠵᠢᠲᠡᠢ ᠭᠦᠭᠵᠢᠭᠡᠵᠦ᠂ ᠠᠮᠣᠷ ᠢ ᠬᠠᠮᠠᠭᠠᠯᠠᠬᠤ ᠶᠡᠭᠡ ᠲᠠᠯ᠎ᠠ ᠶᠢᠨ ᠦᠷᠭᠦᠯᠵᠢᠯᠠᠬᠦᠶᠢᠴᠡ ᠲᠣᠭᠲᠠᠭᠤᠨ ᠢ ᠪᠠᠲᠣᠯᠠᠵᠣ᠂ ᠣᠯᠠᠨ ᠲᠦᠮᠡᠨ ᠤ ᠬᠦᠷᠲᠡᠮᠵᠢ ᠬᠠᠨᠤᠮᠵᠢ ᠶᠢ ᠴᠢᠷᠮᠡᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠡᠤ ᠶᠦᠨ ᠪᠠᠰᠠ ᠬᠤᠰᠢᠭᠤᠨ ᠤ ᠪᠣᠳᠠᠰ ᠤᠨ ᠬᠦᠢᠯᠭᠡᠭᠡᠨ ᠤ ᠲᠦᠷᠭᠡᠨ ᠬᠦᠷᠭᠡᠯᠲᠡ ᠶᠢᠨ ᠠᠶᠣᠯᠬᠦᠢ ᠶᠢ ᠪᠠᠶᠢᠴᠠᠭᠠᠬᠤ ᠲᠦᠪ ᠲᠤ ᠬᠢᠵᠢᠭ ᠢ ᠰᠡᠷᠭᠡᠶᠢᠯᠡᠨ ᠡᠵᠡᠮᠳᠡᠬᠦ᠂ ᠬᠠᠮᠲᠣ ᠪᠠᠷ ᠰᠡᠷᠭᠡᠶᠢᠯᠡᠨ ᠨᠡᠶᠢᠲᠡ ᠳᠤᠨᠢ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠲᠠ ᠬᠢᠵᠦ᠂ ᠶᠢᠨ ᠰᠢᠤ ᠯᠢ ᠳ᠋ᠣᠣ ᠰᠠᠭᠤᠭᠠᠯᠢ ᠲᠣᠭᠤᠷᠢᠭ ᠤᠨ ᠵᠠᠮ ᠬᠠᠷᠢᠯᠴᠠᠭᠠᠨ ᠤ ᠢᠳᠬᠠᠨ ᠣᠬᠠᠭᠤᠯᠬᠤ ᠦᠷᠲᠡᠭᠡᠨ ᠳᠤ ᠬᠦᠷᠴᠦ᠂ ︽ᠣᠶᠣᠨᠴᠢ ᠵᠠᠮ ᠬᠠᠷᠢᠯᠴᠠᠭᠠᠨ ᠤ ᠴᠠᠭᠳᠠᠭ᠎ᠠ︾ ᠶᠢᠨ ᠠᠵᠢᠯ ᠢ  ᠵᠢᠭᠠᠨ ᠵᠢᠯᠣᠭᠤᠳᠪᠠ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠡᠾᠧ ᠶᠦᠩ ᠳ᠋ᠦᠩ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠣ ᠵᠢᠶᠠᠨ ᠪᠢᠩ ᠵᠢᠴᠢ ᠬᠠᠮᠢᠶ᠎ᠠ ᠪᠦᠬᠦᠢ ᠬᠦᠮᠦᠰ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号