12 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 128 | ᠣᠳᠠᠭᠠᠨ ᠤ ᠪᠠᠶᠢᠩᠭᠤ ᠶᠢᠨ ᠬᠤᠷᠠᠯ ᠵᠢᠴᠢ ᠠᠮᠤᠭᠤᠯᠠᠩ ᠣᠲᠤᠭ ᠤᠨ ᠡᠮᠦᠨᠡᠲᠦ ᠬᠤᠰᠢᠭᠤᠨ ᠤ ᠴᠤᠭᠴᠠᠯᠠᠯᠲᠠ ᠶᠢᠨ | ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠬᠤᠷᠠᠯᠳᠣᠪᠠ᠃ ᠬᠤᠰᠢᠭᠤ ᠨᠠᠮ ᠤᠨ | ᠬᠤᠷᠢᠶᠠᠨ ᠤ ᠱᠦᠵᠢ ᠪᠦᠷᠢᠨᠴᠢᠮᠡᠭ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠤ ᠶᠦᠨ ᠬᠤᠷᠠᠯ ᠳᠤ ᠣᠷᠣᠯᠴᠠᠪᠠ᠃ | ᠬᠤᠷᠠᠯ ᠠᠴᠠ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠦᠪ ᠬᠤᠷᠢᠶᠠᠨ ᠤ ᠪᠦᠬᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠠᠮᠤᠷ | ᠠᠮᠤᠭᠤᠯᠠᠩ ᠳᠣᠮᠳᠠᠳᠣ ᠤᠯᠤᠰ ᠢ ᠴᠤᠭᠴᠠᠯᠠᠬᠤ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ | ᠰᠣᠷᠣᠯᠴᠠᠵᠤ᠂ ︽ᠠᠮᠤᠭᠤᠯᠠᠩ ᠣᠲᠤᠭ ᠤᠨ ᠡᠮᠦᠨᠡᠲᠦ ᠬᠤᠰᠢᠭᠤᠨ ᠤ ᠴᠤᠭᠴᠠᠯᠠᠯᠲᠠ ᠶᠢᠨ ᠠᠵᠢᠯ ᠤᠨ | ᠣᠳᠣᠷᠢᠳᠬᠤ ᠳᠣᠭᠤᠶᠢᠯᠠᠩ ᠤᠨ ᠠᠵᠢᠯ ᠤᠨ ᠳᠦᠷᠢᠮ︾ ᠢ ᠰᠣᠳᠣᠯᠣᠨ᠂ ᠠᠮᠤᠭᠤᠯᠠᠩ ᠣᠲᠤᠭ ᠤᠨ ᠡᠮᠦᠨᠡᠲᠦ | ᠬᠤᠰᠢᠭᠤᠨ ᠤ ᠴᠤᠭᠴᠠᠯᠠᠯᠲᠠ ᠶᠢᠨ ᠠᠵᠢᠯ ᠪᠠ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠤᠨ ᠣᠳᠣᠷᠢᠳᠬᠤ ᠳᠣᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ | ᠰᠢᠨ᠎ᠡ ᠪᠠᠶᠢᠳᠠᠯ ᠤᠨ ᠳᠣᠣᠷ᠎ᠠ᠂ ᠠᠮᠤᠭᠤᠯᠠᠩ ᠡᠮᠦᠨᠡᠲᠦ ᠣᠲᠤᠭ ᠢ ᠴᠤᠭᠴᠠᠯᠠᠬᠤ ᠠᠵᠢᠯ ᠢ ᠦᠷᠨᠢᠭᠦᠯᠬᠦ᠂ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠠᠬᠢᠭᠤᠯᠬᠤ ᠶᠢᠨ ᠴᠢᠬᠤᠯᠠ ᠴᠢᠨᠠᠷ ᠪᠠ | ᠲᠤᠯᠭᠠᠮ᠎ᠠ ᠴᠢᠨᠠᠷ ᠢ ᠬᠦᠨᠵᠡᠭᠡᠢ ᠲᠠᠨᠢᠵᠦ᠂ ᠡᠯ᠎ᠡ ᠲᠦᠷᠦᠯ ᠤᠨ ᠨᠣᠴᠢᠲᠠᠢ ᠳᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠬᠦᠯᠦᠨ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ | ᠪᠡᠶᠡᠯᠡᠬᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠲᠦᠮᠵᠢ ᠶᠢ | ᠪᠠᠲᠤᠳᠬᠠᠨ᠂ ᠮᠠᠨ ᠤ ᠬᠤᠰᠢᠭᠤᠨ ᠤ ᠡᠶ᠎ᠡ ᠵᠤᠬᠢᠴᠠᠯ ᠠᠮᠣᠷ ᠲᠣᠭᠲᠠᠭᠤᠨ᠂ ᠡᠷᠡᠭᠦᠯ ᠬᠦᠭᠵᠢᠯᠲᠠ ᠶᠢ ᠨᠡᠩ ᠦᠷᠭᠡᠨ | ᠬᠦᠷᠢᠶ᠎ᠡ ᠴᠠᠷᠠᠭ᠎ᠠ᠂ ᠨᠡᠩ ᠦᠨᠳᠦᠷ ᠲᠡᠰ ᠳᠠᠪᠬᠤᠷᠭ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ | ᠬᠤᠷᠠᠯ ᠠᠴᠠ ᠱᠢ ᠲᠠᠢ ᠹᠧᠩ ᠱᠦᠵᠢ ᠶᠢᠨ ᠪᠦᠬᠦ ᠣᠷᠣᠨ ᠤ ᠣᠳᠣᠷᠢᠳᠬᠤ ᠺᠠᠳ᠋ᠷᠴᠣᠳ ᠤᠨ ᠦᠨᠳᠦᠰᠦᠲᠡᠨ | ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠤ ᠰᠣᠳᠣᠯᠣᠨ ᠰᠣᠷᠣᠯᠴᠠᠬᠤ ᠠᠩᠬᠢ ᠶᠢᠨ | ᠰᠣᠷᠣᠯᠭ᠎ᠠ ᠡᠬᠢᠯᠡᠬᠦ ᠶᠤᠰᠤᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ | ᠠᠴᠠ᠂ ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢᠶᠠᠨ ᠪᠠᠬᠢᠵᠢᠬᠦᠯᠬᠦ ᠪᠠᠷ ᠭᠤᠤᠯ | ᠰᠢᠵᠢᠮ ᠪᠣᠯᠭᠠᠨ᠂ ᠣᠯᠣᠰ ᠲᠦᠷᠦ ᠶᠢᠨ ᠴᠢᠭᠯᠡᠯ ᠢᠶᠠᠨ ᠣᠯᠠᠮ ᠨᠢᠭᠡ ᠠᠯᠬᠤᠮ ᠪᠠᠲᠤ ᠡᠵᠡᠮᠳᠡᠵᠦ᠂ ᠣᠯᠣᠰ ᠲᠦᠷᠦ | ᠶᠢᠨ ᠵᠤᠭᠰᠤᠯᠲᠠ ᠪᠠᠨ ᠪᠠᠲᠤᠳᠬᠠᠨ᠂ ᠡᠶ᠎ᠡ ᠨᠠᠶᠢᠷᠠᠮᠳᠠᠭᠤ ᠬᠠᠮᠲᠤ ᠪᠠᠷ ᠣᠷᠣᠰᠢᠬᠤ ᠦᠨᠳᠦᠰᠦᠲᠡᠨ ᠤ ᠬᠠᠷᠢᠴᠠᠭ᠎ᠠ | ᠪᠠᠨ ᠪᠦᠬᠦ ᠬᠦᠴᠦᠨ ᠢᠶᠠᠷ ᠴᠤᠭᠴᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠲᠤᠰᠠ ᠶᠢ | ᠦᠨᠡᠨ ᠬᠦ ᠰᠠᠶᠢᠲᠤᠷ ᠬᠠᠮᠠᠭᠠᠯᠠᠨ᠂ ᠰᠠᠶᠢᠲᠤᠷ ᠪᠡᠶᠡᠯᠡᠬᠦᠯᠵᠦ᠂ ᠰᠠᠶᠢᠲᠤᠷ ᠬᠦᠭᠵᠢᠬᠦᠯᠦᠨ᠂ ᠦᠨᠳᠦᠰᠦᠲᠡᠨ ᠤ ᠠᠵᠢᠯ | ᠢ ᠭᠦᠨᠵᠡᠭᠡᠶᠢᠷᠡᠭᠦᠯᠵᠦ ᠪᠣᠲᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ | ᠪᠠᠶᠢᠨ᠎ᠠ᠃ | ᠬᠤᠷᠠᠯ ᠠᠴᠠ ᠦᠪᠡᠷᠲᠡᠭᠡᠨ ᠵᠠᠰᠠᠬᠤ ᠣᠷᠣᠨ ᠤ ᠲᠤᠰᠢᠶᠠᠨ ᠦᠭᠭᠦᠭᠰᠡᠨ ᠲᠦᠪ ᠬᠤᠷᠢᠶᠠᠨ ᠤ ᠲᠤᠭᠤᠷᠢᠨ | ᠪᠠᠶᠢᠴᠠᠭᠠᠬᠤ ᠳᠤᠭᠤᠶᠢᠯᠠᠩ ᠠᠴᠠ ᠰᠢᠯᠵᠢᠬᠦᠯᠦᠨ ᠲᠤᠰᠢᠶᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ | ᠰᠢᠢᠳᠪᠦᠷᠢᠯᠡᠬᠦ ᠠᠵᠢᠯ ᠢ ᠰᠣᠳᠣᠯᠪᠠ᠃ ᠬᠤᠷᠠᠯ ᠠᠴᠠ᠂ ᠦᠯᠡᠳᠡᠭᠰᠡᠨ ᠬᠡᠷᠡᠭ ᠢ ᠰᠢᠢᠳᠪᠦᠷᠢᠯᠡᠬᠦ ᠡᠷᠴᠢᠮ ᠢᠶᠠᠨ ᠪᠦᠬᠦ | ᠬᠦᠴᠦᠨ ᠢᠶᠠᠷ ᠴᠢᠩᠭᠠᠳᠬᠠᠵᠤ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠳᠠᠬᠢᠨ ᠨᠡᠮᠡᠭᠳᠡᠬᠦ ᠶᠢ ᠪᠦᠬᠦ ᠬᠦᠴᠦᠨ ᠢᠶᠠᠷ | ᠰᠡᠷᠭᠡᠶᠢᠯᠡᠨ᠂ ᠦᠪᠡᠷ ᠦᠪᠡᠷ ᠤᠨ ᠰᠢᠢᠳᠪᠦᠷᠢᠯᠡᠬᠦ ᠬᠠᠷᠢᠭᠤᠴᠠᠯᠭ᠎ᠠ ᠪᠠᠨ ᠡᠷᠡᠰ ᠴᠢᠩᠭ᠎ᠠ ᠡᠭᠦᠷᠭᠡᠯᠡᠵᠦ᠂ ᠠᠯᠢᠪᠠ | ᠵᠠᠬᠢᠳᠠᠯ ᠰᠣᠷᠪᠣᠯᠵᠢᠯᠠᠭ᠎ᠠ ᠶᠢ ᠲᠤᠬᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | | ᠬᠤᠷᠠᠯ ᠠᠴᠠ ᠪᠠᠰᠠ ᠬᠤᠰᠢᠭᠤᠨ ᠤ 2020 ᠣᠨ ᠤ ᠬᠦᠳᠡᠯᠮᠦᠷᠢ ᠶᠢᠨ ᠵᠢᠱᠢᠶᠡᠴᠢ ᠪᠠ ᠲᠡᠷᠢᠬᠦᠨ ᠤ | ᠠᠵᠢᠯᠲᠠᠨ ᠢ ᠰᠢᠯᠭᠠᠷᠠᠭᠤᠯᠬᠤ ᠠᠵᠢᠯ ᠢ ᠰᠣᠳᠣᠯᠪᠠ᠃ | ᠬᠤᠰᠢᠭᠤᠨ ᠤ ᠣᠳᠣᠷᠢᠳᠣᠯᠭ᠎ᠠ ᠯᠢᠦ ᠶᠤᠸᠡᠨ᠂ ᠭᠤᠤ ᠷᠦᠩ ᠲᠠᠩ ᠵᠢᠴᠢ ᠪᠦᠬᠦ ᠬᠤᠰᠢᠭᠤᠨ ᠤ ᠳᠡᠳ᠋ | ᠰᠢᠶᠡᠨ ᠤ ᠲᠡᠰ ᠠᠴᠠ ᠳᠡᠭᠡᠭᠰᠢᠬᠢ ᠬᠠᠮᠢᠶ᠎ᠠ ᠪᠦᠬᠦᠢ ᠣᠳᠣᠷᠢᠳᠣᠯᠭ᠎ᠠ᠂ ᠠᠮᠤᠭᠤᠯᠠᠩ ᠣᠲᠤᠭ ᠤᠨ ᠡᠮᠦᠨᠡᠲᠦ | ᠬᠤᠰᠢᠭᠤᠨ ᠤ ᠴᠤᠭᠴᠠᠯᠠᠯᠲᠠ ᠶᠢᠨ ᠠᠵᠢᠯ ᠤᠨ ᠣᠳᠣᠷᠢᠳᠬᠤ ᠳᠣᠭᠤᠶᠢᠯᠠᠩ᠂ ᠬᠠᠷ᠎ᠠ ᠪᠦᠯᠦᠭᠲᠡᠨ ᠬᠠᠷᠬᠢᠰ ᠬᠦᠴᠦᠨ | ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃ |