ᠣᠲᠤᠭ ᠤᠨ ᠡᠮᠦᠨᠡᠲᠦ ᠬᠤᠰᠢᠭᠤ ᠳᠦᠷᠪᠡᠳᠦᠭᠡᠷ ᠪᠦᠯᠦᠭ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2020/12/7
    11 ᠰᠠᠷ᠎ᠠ ᠶᠢᠨ 30 ᠤ ᠡᠳᠦᠷ᠂ ︽2018—2019 ᠣᠨ ᠤ ᠨᠤᠮᠢᠨ ᠨᠤᠭᠤᠭᠠᠨ ᠳᠣᠮᠳᠠᠳᠣ ᠣᠯᠣᠰ ᠤᠨ ᠰᠣᠳᠣᠴᠣᠣᠯ︾᠂ ᠳᠦᠷᠪᠡᠳᠦᠭᠡᠷ ᠪᠦᠯᠦᠭ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠡᠨ ᠪᠠ ︽ᠣᠩᠭᠤᠨ ᠲᠠᠷᠬᠠᠨ ᠪᠠᠶᠢᠭᠠᠯᠢ ᠪᠣᠯ ᠦᠨᠡᠯᠡᠰᠢ ᠦᠭᠡᠢ ᠦᠪ ᠡᠷᠳᠡᠨᠢ︾ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠦᠬᠢᠭᠦᠯᠦᠨ ᠰᠠᠶᠢᠰᠢᠶᠠᠵᠦ ᠢᠯᠡᠷᠬᠡᠶᠢᠯᠡᠯ ᠣᠯᠭᠤᠬᠤ ᠠᠵᠢᠯᠯᠠᠭ᠎ᠠ ᠪᠡᠭᠡᠵᠢᠩ ᠳᠤ ᠶᠠᠪᠣᠭᠳᠠᠪᠠ᠃ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ ᠳᠦᠷᠪᠡᠳᠦᠭᠡᠷ ᠪᠦᠯᠦᠭ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠨᠡᠷᠡᠶᠢᠳᠦᠭᠳᠡᠪᠡ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠪᠦᠷᠢᠨᠴᠢᠮᠡᠭ ᠠᠵᠢᠯᠯᠠᠭ᠎ᠠ ᠳᠤ ᠣᠷᠣᠯᠴᠠᠵᠣ᠂ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢᠨ ᠱᠠᠩᠨᠠᠯ ᠲᠤᠰᠪᠠ᠃     ᠣᠶᠢᠷ᠎ᠠ ᠶᠢᠨ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠣᠷᠠᠳᠣᠭᠰᠠᠨ ᠠᠮᠢ ᠠᠬᠤᠢ ᠶᠢᠨ ᠪᠣᠯᠪᠠᠰᠣᠨ ᠤ ᠳᠦᠷᠢᠮ ᠤᠨ ᠪᠠᠶᠢᠭᠤᠯᠣᠯᠲᠠ ᠦᠭᠡᠷᠡᠴᠢᠯᠡᠯᠲᠡ ᠶᠢᠨ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠲᠣᠷᠰᠢᠬᠤ ᠬᠡᠷᠡᠭᠲᠡᠢ ᠭᠡᠰᠡᠨ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠲᠠᠪᠤᠷᠢᠵᠢᠭᠤᠯᠵᠣ᠂ ᠣᠷᠳᠣᠰ ᠬᠤᠲᠠ ᠶᠢᠨ ᠨᠠᠮ ᠤᠨ ᠬᠤᠷᠢᠶ᠎ᠠ ᠠᠴᠠ ᠳᠣᠷᠠᠳᠣᠭᠰᠠᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠣᠷᠣᠨ ᠤ ᠴᠤᠭᠴᠠᠯᠠᠯᠲᠠ ᠶᠢᠨ ᠠᠵᠢᠯ ᠢ ᠦᠷᠨᠢᠭᠦᠯᠬᠦ ᠲᠣᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠡᠷᠡᠰ ᠨᠠᠶᠢᠲᠠᠪᠤᠷᠢᠵᠢᠭᠤᠯᠪᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠬᠦᠰᠦᠨᠦᠭᠲᠦ ᠶᠢᠨ ᠲᠣᠭᠤᠷᠪᠢᠯ ᠢᠶᠠᠷ ᠭᠤᠣᠯ ᠪᠣᠯᠭᠠᠭᠰᠠᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ     ︽7116︾ ᠠᠵᠢᠯ ᠤᠨ ᠲᠣᠭᠲᠠᠴᠠ ᠶᠢ ᠪᠠᠶᠢᠭᠤᠯᠵᠣ᠂ ᠠᠮᠢ ᠠᠬᠤᠢ ᠶᠢᠨ ᠳᠦᠷᠢᠮ ᠲᠤᠭᠲᠠᠴᠠ ᠶᠢ ᠦᠨᠳᠦᠰᠦᠨ  ᠳᠡᠭᠡᠨ ᠪᠦᠷᠢᠯᠳᠦᠭᠦᠯᠦᠭᠰᠡᠨ ᠠᠴᠠ᠂ ᠠᠮᠢ ᠠᠬᠤᠢ ᠶᠢᠨ ᠵᠢᠭᠠᠯᠲᠠ ᠬᠦᠢᠴᠡᠳᠭᠡᠯ ᠦᠷᠭᠦᠯᠵᠢᠯᠡᠨ ᠰᠢᠯᠢᠳᠡᠭᠵᠢᠨ ᠰᠠᠶᠢᠵᠢᠷᠠᠵᠣ᠂ ᠠᠮᠢ ᠠᠬᠤᠢ ᠶᠢᠨ ᠳᠦᠪᠰᠢᠨ ᠤ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠂ ᠬᠤᠲᠠ ᠬᠦᠳᠡᠭᠡ ᠶᠢᠨ ᠰᠠᠭᠤᠷᠢᠰᠢᠬᠤ ᠣᠷᠴᠢᠨ ᠲᠣᠭᠤᠷᠢᠨ ᠲᠠᠰᠣᠷᠠᠯᠲᠠ ᠦᠭᠡᠢ ᠰᠢᠯᠢᠳᠡᠭᠵᠢᠵᠦ᠂ ᠲᠦᠪᠯᠡᠷᠡᠩᠬᠦᠢ ᠮᠠᠶ᠋ᠢᠭ ᠤᠨ ᠤᠮᠳᠠ ᠣᠰᠣᠨ ᠤ ᠰᠣᠷᠪᠣᠯᠵᠢ ᠶᠢᠨ ᠣᠰᠣᠨ ᠤ ᠴᠡᠪᠡᠷᠴᠡ ᠶᠢᠨ ᠬᠠᠷᠢᠴᠠᠯ 100% ᠳᠤ ᠬᠦᠷᠴᠦ᠂ ᠭᠠᠴᠠᠭ᠎ᠠ ᠪᠠᠯᠭᠠᠰᠣᠨ ᠤ ᠣᠮᠳᠠ ᠣᠰᠣᠨ ᠤ ᠠᠷᠢᠭᠤᠨ ᠴᠡᠪᠡᠷ ᠤᠨ ᠬᠢᠷᠢ ᠲᠡᠩᠴᠡᠭᠰᠡᠨ ᠨᠣᠷᠮ᠎ᠠ 100% ᠳᠤ ᠬᠦᠷᠦᠭᠡᠳ᠂ ᠭᠤᠷᠪᠠᠨ ᠵᠢᠯ ᠳᠠᠷᠠᠭᠠᠯᠠᠨ ᠤᠮᠳᠠ ᠣᠰᠣᠨ ᠤ ᠪᠣᠬᠢᠷᠳᠣᠯ ᠤᠨ ᠠᠳᠡᠯ ᠡᠭᠦᠰᠦᠭᠰᠡᠨ ᠦᠭᠡᠢ᠃     ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ ᠳᠤ᠂ ᠮᠣᠣᠠᠣᠰᠣ ᠶᠢᠨ ᠡᠯᠡᠰᠦᠷᠭᠡᠭ ᠭᠠᠵᠠᠷ ᠶᠢᠨ ᠨᠤᠴᠢᠲᠠᠢ ᠪᠠ ᠬᠦᠨᠳᠦ ᠨᠣᠴᠢᠲᠠᠢ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ 628.2 ᠲᠦᠮᠡᠨ ᠮᠣ᠋ ᠪᠠᠭᠠᠰᠬᠠᠵᠣ᠂ 438 ᠲᠦᠮᠡᠨ ᠮᠣ᠋ ᠬᠠᠯᠬᠠᠪᠴᠢ ᠣᠢ ᠶᠢᠨ ᠰᠢᠰᠲ᠋ᠧᠮ ᠢ ᠪᠠᠶᠢᠭᠤᠯᠣᠨ᠂ 654 ᠲᠦᠮᠡᠨ ᠮᠣ᠋ ᠠᠮᠢ ᠠᠬᠤᠢ ᠶᠢᠨ ᠰᠡᠷᠭᠦᠯᠲᠡ ᠶᠢᠨ ᠣᠷᠣᠨ ᠢ ᠪᠠᠶᠢᠭᠤᠯᠪᠠ᠃ 2000 ᠣᠨ ᠠᠴᠠ ᠨᠠᠭᠠᠰᠢ᠂ ᠨᠡᠶᠢᠲᠡ 268 ᠲᠦᠮᠡᠨ ᠮᠣ᠋ ᠣᠶᠢᠵᠢᠭᠤᠯᠣᠯᠲᠠ ᠶᠢᠨ ᠡᠭᠦᠷᠭᠡ ᠶᠢ ᠪᠠᠶᠠᠯᠠᠭᠦᠯᠵᠦ᠂ ᠪᠦᠬᠦ ᠬᠤᠰᠢᠭᠤᠨ ᠤ ᠣᠢ ᠶᠢᠨ ᠪᠦᠷᠬᠦᠴᠡ ᠶᠢᠨ ᠨᠣᠷᠮ᠎ᠠ 7% ᠠᠴᠠ ᠠᠴᠠ 23.9 % ᠪᠣᠯᠵᠣ᠂ ᠬᠠᠷᠢᠶ᠎ᠠ 4 ᠪᠠᠯᠭᠠᠰᠣᠨ ᠲᠣᠲᠣᠷ᠎ᠠ ᠠᠴᠠ ᠣᠯᠵᠠᠴᠢ ᠪᠠᠯᠭᠠᠰᠦ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠡᠷᠢᠬᠦᠨ ᠤ ᠪᠠᠯᠭᠠᠰᠣ︾ ᠶᠢᠨ ᠢᠷᠠᠭᠤ ᠠᠯᠳᠠᠷ ᠢ ᠣᠯᠵᠣ᠂ ᠱᠠᠩᠬᠠᠢ ᠶᠢᠨ ᠰᠦᠮ᠎ᠡ ᠪᠠᠯᠭᠠᠰᠣ ︽ᠣᠯᠣᠰ ᠤᠨ ᠡᠷᠡᠭᠦᠯ ᠬᠠᠮᠠᠭᠠᠯᠠᠯ ᠤᠨ ᠪᠠᠯᠭᠠᠰᠣ︾᠂      ︽ᠦᠪᠡᠷᠲᠡᠭᠡᠨ ᠵᠠᠰᠠᠬᠤ ᠣᠷᠣᠨ ᠤ  ᠴᠡᠴᠡᠷᠯᠢᠭᠵᠢᠭᠦᠯᠭᠡ ᠶᠢᠨ ᠵᠢᠱᠢᠶ᠎ᠡ ᠦᠵᠡᠭᠦᠯᠬᠦ ᠬᠤᠲᠠ ᠪᠠᠯᠭᠠᠰᠣ︾ ᠪᠠᠷ ᠦᠨᠡᠯᠡᠭᠳᠡᠨ᠂ ᠨᠠᠩᠰᠣ ᠪᠠᠯᠭᠠᠰᠣ ︽ᠳᠣᠮᠳᠠᠳᠣ ᠣᠯᠣᠰ ᠤᠨ ᠨᠣᠮᠢᠨ ᠨᠣᠭᠤᠭᠠᠨ ᠨᠡᠷᠡᠲᠦ ᠪᠠᠯᠭᠠᠰᠣ︾ ᠶᠢᠨ ᠴᠣᠯᠠ ᠬᠦᠷᠲᠡᠪᠡ᠃ 2017 ᠣᠨ ᠳᠤ ᠣᠲᠤᠭ ᠤᠨ ᠡᠮᠦᠨᠡᠲᠦ ᠬᠤᠰᠢᠭᠤ ︽ᠣᠯᠣᠰ ᠤᠨ ᠴᠡᠴᠡᠷᠯᠢᠭᠵᠢᠭᠦᠯᠭᠡ ᠶᠢᠨ ᠰᠢᠶᠡᠨ ᠬᠤᠲᠠ︾ ᠪᠠᠷ ᠴᠤᠯᠠᠯᠠᠭᠳᠠᠵᠠᠢ᠃     ᠣᠲᠤᠭ ᠤᠨ ᠡᠮᠦᠨᠡᠲᠦ ᠬᠤᠰᠢᠭᠤ ᠠᠮᠢ ᠠᠬᠤᠢ ᠶᠢᠨ  ᠪᠣᠯᠪᠠᠰᠣᠨ ᠤ ᠪᠠᠶᠢᠭᠤᠯᠣᠯᠲᠠ ᠶᠢᠨ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠣᠬᠠᠭᠤᠯᠬᠤ ᠠᠷᠭ᠎ᠠ ᠪᠠᠷᠢᠯ ᠪᠠ ᠬᠡᠯᠪᠡᠷᠢ ᠪᠠᠨ ᠰᠢᠨᠡᠴᠢᠯᠡᠵᠦ᠂ ᠨᠡᠶᠢᠬᠡᠮ ᠤᠨ  ᠬᠢᠨ ᠳᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠣᠯᠠᠨ ᠠᠷᠭ᠎ᠠ ᠵᠠᠮ ᠢᠶᠠᠷ ᠣᠬᠠᠭᠤᠯᠣᠨ᠂ ᠣᠯᠠᠨ ᠲᠦᠮᠡᠨ ᠤ ᠣᠶᠣᠨ ᠣᠬᠠᠭᠠᠨ ᠢ ᠭᠦᠭᠵᠢᠭᠡᠵᠦ᠂ ᠣᠷᠮ᠎ᠡ ᠵᠣᠷᠢᠭ ᠢ ᠳᠠᠶᠢᠴᠢᠯᠡᠨ᠂ ᠣᠯᠠᠨ ᠲᠦᠮᠡᠨ ᠤ ᠣᠷᠣᠯᠴᠠᠯᠭ᠎ᠠ ᠶᠢ ᠢᠳᠡᠪᠬᠢᠲᠡᠢ ᠠᠬᠢᠭᠤᠯᠪᠠ᠃ ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠡᠨ ᠤ ᠵᠢᠭᠠᠯᠲᠠ ᠬᠦᠢᠴᠡᠳᠭᠡᠯ ᠤᠨ ᠱᠠᠭᠠᠷᠳᠠᠯᠭ᠎ᠠ ᠯᠤᠭ᠎ᠠ ᠬᠠᠷᠢᠴᠠᠭᠤᠯᠵᠣ᠂ ᠨᠢᠭᠡᠨᠲᠡ ᠪᠠᠷᠢᠮᠵᠢᠶ᠎ᠠ ᠳᠤ ᠬᠦᠷᠦᠭᠰᠡᠨ ᠵᠢᠭᠠᠯᠲᠠ ᠭᠦᠢᠴᠡᠳᠭᠡᠯ ᠳᠤ ᠪᠦᠲᠦᠮᠵᠢᠲᠡᠢ ᠠᠷᠭ᠎ᠠ ᠠᠪᠴᠠᠯ ᠠᠪᠴᠤ ᠨᠡᠩ ᠦᠨᠳᠦᠷ ᠳᠦᠪᠰᠢᠨ ᠳᠤ ᠬᠦᠷᠭᠡᠨ᠂ ᠣᠯᠣᠰ ᠤᠨ ᠲᠡᠰ ᠤᠨ ᠵᠢᠭᠠᠯᠲᠠ ᠬᠦᠢᠴᠡᠳᠭᠡᠯ ᠳᠤ ᠬᠦᠷᠦᠭᠡᠳᠦᠢ ᠳᠤᠨᠢ ᠪᠠᠷᠢᠮᠵᠢᠶ᠎ᠠ ᠳᠤ ᠬᠦᠷᠭᠡᠬᠦ ᠶᠠᠪᠣᠭᠳᠠᠭᠤᠰᠢᠲᠠᠢ ᠠᠷᠭ᠎ᠠ ᠠᠪᠴᠠᠯ ᠳᠣᠷᠠᠳᠴᠣ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ᠂ ᠠᠷᠭ᠎ᠠ ᠠᠪᠴᠠᠯ ᠤᠨ ᠬᠡᠷᠡᠭᠵᠢᠭᠦᠯᠦᠯᠲᠡ ᠶᠢ ᠦᠨᠡᠨ ᠬᠦ ᠣᠷᠣᠨᠵᠢᠭᠤᠯᠬᠤ ᠶᠢ ᠪᠠᠲᠣᠯᠠᠭᠰᠠᠨ ᠪᠠᠶᠢᠨ᠎ᠠ᠃     ᠭᠤᠣᠯᠳᠠᠯᠭᠠᠲᠣ ᠣᠷᠣᠨ ᠢ ᠳᠣᠪᠣᠶᠢᠯᠭᠠᠵᠣ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠳᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠂ ᠣᠲᠤᠭ ᠤᠨ ᠡᠮᠦᠨᠡᠲᠦ ᠬᠤᠰᠢᠭᠤ ︽ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠡᠨ︾ ᠤ ᠴᠤᠭᠴᠠᠯᠠᠯᠲᠠ ᠪᠠᠷ ᠠᠵᠠ ᠲᠤᠬᠢᠶᠠᠯ ᠪᠣᠯᠭᠠᠵᠣ᠂ ᠠᠭᠠᠷ ᠮᠠᠨᠳᠠᠯ ᠤᠨ ᠪᠣᠬᠢᠷᠳᠣᠯ ᠢ ᠡᠷᠴᠢᠮᠲᠠᠢ ᠵᠠᠰᠠᠵᠣ᠂ ᠴᠡᠯᠮᠡᠭ ᠲᠡᠭᠷᠢ ᠴᠡᠪᠡᠷ ᠠᠭᠠᠷ ᠢᠶᠠᠨ ᠬᠠᠮᠠᠭᠠᠯᠠᠨ᠂ ᠦᠵᠡᠰᠬᠦᠯᠡᠩᠲᠦ ᠰᠠᠶᠢᠬᠠᠨ ᠣᠲᠤᠭ ᠤᠨ ᠡᠮᠦᠨᠡᠲᠦ ᠬᠤᠰᠢᠭᠤ ᠪᠠᠨ ᠴᠤᠭᠴᠠᠯᠠᠭᠰᠠᠨ ᠪᠠᠶᠢᠨ᠎ᠠ᠃ ᠣᠷᠴᠢᠨ ᠲᠣᠭᠤᠷᠢᠨ ᠤ ᠵᠦᠪᠰᠢᠶᠡᠷᠡᠯ ᠢ ᠴᠢᠩᠭ᠎ᠠ ᠠᠳᠬᠤᠵᠣ᠂ ᠪᠣᠬᠢᠷᠳᠦᠯ ᠶᠡᠬᠡᠲᠡᠢ᠂ ᠭᠠᠳᠠᠭᠰᠢᠯᠠᠭᠤᠯᠣᠯᠲᠠ ᠶᠢᠨ ᠬᠢᠵᠠᠭᠠᠷᠯᠠᠯ ᠲᠠᠢ ᠠᠵᠣ ᠠᠬᠤᠶᠢᠯᠠᠯ ᠢ ᠣᠷᠣᠭᠤᠯᠬᠤ ᠶᠢ ᠡᠷᠡᠰ ᠳᠡᠪᠴᠢᠨ᠂ ᠪᠦᠬᠦ ᠬᠤᠰᠢᠭᠤᠨ ᠳᠤ ︽ᠭᠤᠷᠪᠠᠨ ᠦᠨᠳᠦᠷ︾ ᠦᠭᠡᠢ ᠶᠢ ᠪᠡᠶᠡᠯᠡᠭᠦᠯᠵᠦ᠂ ᠪᠦᠬᠦ ᠵᠢᠯ ᠤᠨ ᠠᠭᠠᠷ ᠤᠨ ᠴᠡᠪᠡᠷᠴᠡ ᠶᠢᠨ ᠣᠬᠢ ᠨᠣᠷᠮ᠎ᠠ 93% ᠠᠴᠠ ᠳᠡᠭᠡᠭᠰᠢ ᠳᠤ ᠬᠦᠷᠴᠦ᠂  PM2.5 ᠶᠢ ᠵᠢᠯ ᠲᠣᠷᠰᠢ 22ug/m3 ᠤᠨ ᠳᠦᠪᠰᠢᠨ ᠳᠤ ᠪᠠᠶᠢᠯᠭᠠᠬᠤ ᠶᠢ ᠪᠠᠲᠤᠯᠠᠪᠠ᠃  ︽ᠠᠮᠢ ᠠᠬᠤᠶᠢᠴᠢ ᠬᠦᠳᠡᠭᠡ ᠲᠣᠰᠬᠤᠨ᠂ ᠰᠠᠭᠤᠷᠢᠰᠢᠬᠤ ᠳᠤ ᠲᠤᠬᠢᠷᠠᠮᠵᠢᠲᠠᠢ ᠬᠦᠳᠡᠭᠡ ᠲᠣᠰᠬᠤᠨ᠂ ᠵᠣᠯ ᠵᠢᠷᠭᠠᠯᠲᠣ ᠬᠦᠳᠡᠭᠡ ᠲᠣᠰᠬᠤᠨ︾ ᠤ ᠠᠵᠢᠯᠯᠠᠭ᠎ᠠ ᠶᠢ ᠦᠷᠨᠢᠭᠦᠯᠵᠦ᠂ ᠬᠦᠳᠡᠭᠡ ᠲᠣᠰᠬᠤᠨ ᠤ ᠨᠣᠷᠠᠬᠤ ᠠᠶᠣᠯᠲᠠᠢ ᠭᠡᠷ ᠪᠠᠶᠢᠰᠢᠩ ᠤᠨ ᠦᠭᠡᠷᠡᠴᠢᠯᠡᠯᠲᠡ᠂ ᠳᠦᠷᠢ ᠳᠦᠷᠬᠦ ᠶᠢᠨ ᠦᠭᠡᠷᠡᠴᠢᠯᠡᠨ ᠰᠢᠨᠡᠳᠭᠡᠯᠲᠡ᠂ ᠬᠦᠳᠡᠭᠡ ᠲᠤᠰᠬᠤᠨ ᠤ ᠠᠮᠢᠳᠣᠷᠠᠯ ᠤᠨ ᠬᠤᠭ ᠨᠣᠪᠰᠢ ᠪᠠ ᠠᠮᠢᠳᠣᠷᠠᠯ ᠤᠨ ᠪᠣᠬᠢᠷ ᠣᠰᠣᠨ ᠤ ᠰᠢᠢᠳᠪᠦᠷᠢᠯᠡᠯᠲᠡ᠂ ᠬᠦᠳᠡᠭᠡ ᠲᠤᠰᠬᠤᠨ ᠤ ᠣᠰᠣ ᠣᠮᠳᠠ ᠶᠢᠨ ᠠᠮᠣᠷ ᠳᠦᠪᠰᠢᠨ᠂ ᠵᠠᠮ ᠤᠨ ᠬᠠᠲᠠᠭᠤᠵᠢᠭᠤᠯᠭ᠎ᠠ᠂ ᠠᠶᠢᠯ ᠲᠣᠰᠬᠤᠨ ᠤ ᠨᠣᠭᠤᠭᠠᠵᠢᠭᠤᠯᠣᠯᠲᠠ ᠵᠡᠷᠭᠡ ᠢᠨᠵᠧᠨᠧᠷᠢᠩ ᠢᠶᠠᠷ ᠭᠠᠷᠳᠠᠴᠠ ᠪᠣᠯᠭᠠᠨ᠂ ᠬᠦᠳᠡᠭᠡ ᠲᠤᠰᠬᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠣ᠂ ᠠᠷᠠᠳ ᠣᠯᠠᠨ ᠳᠤ ᠨᠡᠩ ᠰᠢᠯᠢᠳᠡᠭ ᠰᠠᠶᠢᠬᠠᠨ᠂ ᠰᠠᠭᠤᠷᠢᠰᠢᠬᠤ ᠳᠤ ᠲᠣᠬᠢᠷᠠᠮᠵᠢᠲᠠᠢ᠂ ᠡᠶ᠎ᠡ ᠨᠠᠶᠢᠷᠠᠮᠳᠠᠭᠤ ᠠᠮᠢ ᠠᠬᠤᠢ ᠶᠢᠨ ᠣᠷᠴᠢᠨ ᠲᠣᠭᠤᠷᠢᠨ ᠢ ᠡᠭᠦᠳᠦᠭᠰᠡᠨ ᠪᠠᠶᠢᠨ᠎ᠠ᠃     ᠣᠲᠤᠭ ᠤᠨ ᠡᠮᠦᠨᠡᠲᠦ ᠬᠤᠰᠢᠭᠤ ᠦᠵᠡᠰᠭᠦᠯᠡᠩᠲᠦ ᠰᠠᠶᠢᠬᠠᠨ ᠬᠦᠳᠡᠭᠡ ᠲᠣᠰᠬᠤᠨ ᠤ ᠪᠠᠶᠢᠭᠤᠯᠣᠯᠲᠠ ᠪᠠᠷ ᠴᠢᠬᠤᠯᠠ ᠭᠠᠷᠳᠠᠴᠠ ᠪᠣᠯᠭᠠᠵᠣ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ ᠪᠠ ᠨᠡᠶᠢᠲᠡ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠪᠦᠬᠦ ᠲᠠᠯ᠎ᠠ ᠪᠠᠷ ᠠᠬᠢᠭᠤᠯᠣᠨ᠂ ᠴᠤᠭᠴᠠᠯᠠᠯᠲᠠ ᠶᠢᠨ ᠲᠤᠭᠲᠠᠴᠠ ᠶᠢᠨ ᠬᠠᠷᠠᠯᠲᠠᠲᠣ ᠬᠠᠷᠢᠭᠤᠴᠠᠯᠭ᠎ᠠ ᠶᠢᠨ ᠳᠦᠷᠢᠮ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠠᠰᠣᠷᠠᠯᠲᠠ ᠦᠭᠡᠢ ᠲᠡᠭᠦᠯᠳᠡᠷᠵᠢᠭᠦᠯᠦᠨ᠂ ᠴᠤᠭᠴᠠᠯᠠᠯᠲᠠ ᠶᠢᠨ ᠠᠵᠢᠯ ᠤᠨ ᠲᠤᠷᠰᠢᠯᠭ᠎ᠠ ᠪᠠᠨ ᠨᠢᠮᠪᠠᠢ ᠳ᠋ᠦᠩᠨᠡᠵᠦ᠂ ᠣᠷᠣᠰᠢᠵᠣ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠣᠰᠣᠳᠴᠢ ᠪᠠᠷ ᠵᠠᠳᠠᠯᠣᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠠᠵᠢᠯ ᠢ ᠪᠠᠶᠢᠩᠭᠤᠵᠢᠭᠰᠠᠨ᠂ ᠳᠦᠷᠢᠮᠵᠢᠭᠰᠡᠨ ᠵᠠᠮ ᠳᠤ ᠣᠷᠣᠭᠤᠯᠣᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号