12 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠤ ᠶᠦᠨ ᠣᠯᠵᠠᠴᠢ ᠪᠠᠯᠭᠠᠰᠤᠨ ᠤ ᠬᠤᠳᠠ ᠬᠦᠳᠡᠭᠡ ᠶᠢᠨ ᠠᠭᠤᠯᠵᠠᠷ | ᠭᠡᠰᠡᠭ᠂ ᠲᠠᠬᠢᠯᠲᠤ ᠨᠡᠶᠢᠭᠡᠮ ᠲᠤᠭᠤᠷᠢᠭ᠂ ᠢᠳᠡᠭᠡᠨ ᠡᠳ᠋ᠰᠢᠭᠦᠯᠬᠦ ᠪᠠᠷᠠᠭ᠎ᠠ ᠭᠦᠢᠯᠭᠡᠭᠡᠨ ᠤ ᠬᠦᠷᠢᠶᠡᠯᠡᠩ ᠵᠢᠴᠢ ᠯᠧ | ᠬᠤᠢ ᠳ᠋ᠦᠸᠧ ᠬᠡᠲᠦ ᠳᠡᠯᠭᠡᠭᠦᠷ ᠵᠡᠷᠭᠡ ᠭᠠᠵᠠᠷ ᠢᠶᠠᠷ ᠬᠦᠨᠵᠡᠭᠡᠶᠢᠷᠡᠨ ᠠᠷᠠᠳ ᠤᠨ ᠠᠮᠢᠳᠤᠷᠠᠯ ᠤᠨ ᠠᠵᠢᠯ ᠢ | ᠪᠠᠶᠢᠴᠠᠭᠠᠨ ᠰᠤᠳᠤᠯᠬᠤ ᠶᠢᠨ ᠬᠠᠮᠲᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ | ᠠᠵᠢᠯ ᠢ ᠬᠢᠨᠠᠨ ᠪᠠᠶᠢᠴᠠᠭᠠᠵᠤ ᠵᠢᠯᠣᠭᠤᠳᠪᠠ᠃ | ᠡᠤ ᠶᠦᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠠᠵᠢᠯ ᠢ | ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠬᠡᠷᠡᠭᠵᠢᠭᠦᠯᠬᠦ | ᠪᠣᠯ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠣᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠪᠠᠷᠢᠯ ᠪᠤᠯᠠᠬᠤ ᠲᠤᠯᠠ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠯ᠎ᠡ ᠲᠥᠷᠥᠯ ᠤᠨ ᠭᠤᠣᠯᠳᠠᠯᠭᠠᠲᠤ ᠠᠵᠢᠯ ᠢ ᠡᠷᠬᠡᠪᠰᠢ | ᠦᠨᠡᠨ ᠪᠣᠳᠠᠲᠠᠢ ᠵᠤᠬᠢᠶᠠᠨ ᠪᠠᠶᠢᠭᠤᠯᠤᠨ ᠨᠠᠶᠢᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠣᠯᠳᠠᠯᠭ᠎ᠠ ᠲᠠᠢ ᠭᠤᠭᠴᠤᠭ᠎ᠠ ᠳᠤ ᠢᠯᠡᠷᠡᠭᠦᠯᠦᠭᠰᠡᠨ ᠠᠰᠠᠭᠤᠳᠠᠯ ᠢ ᠳᠠᠷᠤᠢ ᠳᠤᠨᠢ ᠵᠠᠯᠠᠷᠠᠭᠤᠯᠤᠨ ᠰᠠᠶᠢᠵᠢᠷᠠᠭᠤᠯᠵᠤ᠂ | ᠪᠠᠶᠢᠩᠭᠤ ᠶᠢᠨ ᠳᠠᠭᠠᠭᠠᠮᠠᠭᠠᠢ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠂ ᠦᠷ᠎ᠡ ᠪᠥᠲᠥᠮᠵᠢ ᠪᠠᠨ ᠪᠠᠬᠢᠵᠢᠭᠦᠯᠵᠦ᠂ | ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ᠂ | ᠠᠶᠦᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠳᠥᠪᠰᠢᠨ᠂ ᠬᠡᠷᠡᠭᠯᠡᠭᠡ ᠪᠠᠷ ᠶᠠᠳᠠᠭᠤ ᠶᠢ ᠳᠡᠳᠭᠦᠭᠦ ᠵᠡᠷᠭᠡ | ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠲᠦᠮᠡᠨ ᠤ | ᠠᠮᠤᠷ ᠲᠠᠶᠢᠪᠤᠩ ᠠᠵᠤ ᠲᠥᠷᠥᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠶᠸᠦ ᠵᠢᠶᠦ᠋ᠨ ᠵᠢᠴᠢ ᠣᠯᠵᠠᠴᠢ | ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ ᠬᠠᠮᠲᠤ ᠪᠠᠶᠢᠴᠠᠭᠠᠨ ᠰᠤᠳᠤᠯᠪᠠ᠃ |