ᠣᠳᠤᠭ ᠤᠨ ᠡᠮᠦᠨᠡᠳᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠣ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠰᠠᠶᠢᠳᠣᠷ ᠬᠢᠵᠣ  ᠠᠷᠠᠳ ᠤᠨ ᠠᠰᠢᠭ ᠵᠢᠷᠭᠠᠯ ᠢ ᠨᠡᠮᠡᠭᠳᠡᠭᠦᠯᠵᠣ ᠪᠣᠢ
ᠨᠡᠶᠢᠲᠡᠯᠡᠭᠰᠡᠨ ᠴᠠᠭ᠄
2020-06-22
    2020 ᠣᠨ ᠳᠤ᠂ ᠱᠠᠩᠬᠠᠢ ᠶᠢᠨ ᠰᠦᠮ᠎ᠡ ᠪᠠᠯᠭᠠᠰᠣ ᠲᠦᠷᠦᠯ ᠵᠣᠶᠢᠯ ᠤᠨ ᠡᠯᠰᠡᠯᠳᠡ᠂ ᠲᠦᠷᠦᠯ ᠵᠣᠶᠢᠯ  ᠤᠨ ᠠᠩᠬᠠᠨ ᠤ ᠲᠣᠭᠳᠠᠭᠠᠯᠠᠳᠠ᠂ ᠲᠦᠷᠦᠯ ᠵᠣᠶᠢᠯ ᠤᠨ ᠬᠢᠨᠠᠨ ᠵᠦᠪᠯᠡᠯᠳᠡ ᠵᠡᠷᠬᠡ ᠡᠯ᠎ᠡ ᠵᠠᠩᠭᠢᠯᠠᠭ᠎ᠠ ᠶᠢᠨ ᠪᠣᠳᠠᠳᠠᠢ ᠱᠠᠭᠠᠷᠳᠠᠯᠭ᠎ᠠ ᠶᠣᠰᠣᠭᠠᠷ᠂ ᠪᠦᠬᠦ ᠲᠦᠯᠦᠭᠡᠯᠡᠭᠴᠢᠳ ᠢ ᠵᠣᠬᠢᠶᠠᠨ ᠪᠠᠶᠢᠭᠤᠯᠣᠨ ᠪᠢᠯᠧᠲ ᠦᠩᠬᠦ ᠠᠷᠭ᠎ᠠ ᠪᠠᠷ ᠰᠢᠯᠢᠷᠬᠡᠭ ᠣᠷᠣᠨ ᠤ ᠠᠶᠣᠯᠭᠦᠢ ᠣᠰᠣ ᠣᠮᠳᠠ ᠶᠢᠨ ᠢᠨᠵᠧᠨᠧᠷᠢᠩ᠂ ︽ᠲᠦᠷᠪᠡᠨ ᠲᠦᠷᠦᠯ ᠤᠨ ᠬᠦᠮᠦᠰ︾ ᠤᠨ ᠡᠷᠡᠭᠦᠯ ᠮᠡᠨᠳᠦ ᠶᠢᠨ ᠦᠨ᠎ᠡ ᠲᠦᠯᠦᠪᠦᠷᠢ ᠦᠭᠡᠢ ᠪᠠᠶᠢᠴᠠᠭᠠᠯᠳᠠ ᠪᠣᠯᠣᠨ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠵᠡᠷᠭᠡ ᠠᠷᠠᠳ ᠤᠨ ᠠᠮᠢᠳᠣᠷᠠᠯ  ᠤᠨ 3 ᠲᠦᠷᠦᠯ ᠵᠣᠶᠢᠯ ᠢ ᠲᠣᠭᠳᠠᠭᠠᠪᠠ᠃ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠲᠦᠷᠦᠯ ᠵᠣᠶᠢᠯ ᠢ ᠠᠮᠵᠢᠯᠳᠠᠳᠠᠢ ᠪᠡᠶᠡᠯᠡᠭᠦᠯᠬᠦ ᠶᠢ ᠪᠠᠳᠣᠯᠠᠬᠤ ᠶᠢᠨ ᠲᠦᠯᠦᠭᠡ᠂ ᠱᠠᠩᠬᠠᠢ ᠶᠢᠨ ᠰᠦᠮ᠎ᠡ ᠪᠠᠯᠭᠠᠰᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ ᠡᠷᠴᠢᠮᠳᠡᠢ ᠠᠬᠢᠭᠤᠯᠣᠨ᠂ ᠣᠯᠠᠨ ᠲᠦᠮᠡᠨ ᠳᠤ ᠵᠠᠩᠬᠢᠯᠠᠭ᠎ᠠ ᠶᠢᠨ ᠪᠣᠳᠠᠳᠦ ᠶᠠᠪᠣᠳᠠᠯ ᠪᠦᠳᠦᠭᠡᠨ᠂ ᠠᠷᠠᠳ ᠣᠯᠠᠨ ᠤ ᠠᠰᠢᠭ ᠵᠢᠷᠭᠠᠯ ᠪᠠ ᠬᠦᠷᠳᠡᠮᠵᠢ ᠬᠠᠨᠣᠮᠵᠢ ᠶᠢ ᠨᠡᠮᠡᠭᠳᠡᠭᠦᠯᠵᠣ ᠪᠣᠢ᠃     ᠨᠢᠭᠡ᠂ ᠠᠶᠣᠯᠭᠦᠢ ᠣᠰᠣ ᠣᠮᠳᠠ ᠪᠠᠷ ᠠᠷᠠᠳ ᠤᠨ ᠠᠮᠢᠳᠣᠷᠠᠯ ᠢ ᠬᠠᠷᠠᠭᠠᠯᠵᠠᠨ᠎ᠠ     ᠬᠦᠳᠡᠭᠡ ᠲᠣᠰᠬᠤᠨ ᠤ ᠣᠣᠭᠤᠬᠤ ᠣᠰᠣᠨ ᠤ ᠠᠰᠠᠭᠤᠳᠠᠯ ᠪᠣᠯ ᠮᠠᠯᠴᠢᠨ ᠲᠠᠷᠢᠶᠠᠴᠢᠳ ᠤᠨ ᠬᠠᠮᠤᠭ ᠠᠴᠠ ᠠᠩᠬᠠᠷᠴᠦ ᠪᠠᠶᠢᠭ᠎ᠠ ᠠᠰᠢᠭ ᠲᠣᠰᠠ ᠲᠠᠢ ᠰᠢᠭᠤᠳ ᠬᠤᠯᠪᠣᠭᠳᠠᠬᠤ ᠠᠰᠠᠭᠤᠳᠠᠯ ᠪᠣᠯᠣᠨ᠎ᠠ᠃ ᠬᠦᠳᠡᠭᠡ ᠲᠣᠰᠬᠤᠨ ᠤ ᠣᠣᠭᠤᠬᠤ ᠣᠰᠣᠨ ᠤ ᠠᠮᠣᠷ ᠲᠦᠪᠰᠢᠨ ᠨᠢ ᠮᠠᠯᠴᠢᠨ ᠲᠠᠷᠢᠶᠠᠴᠢᠨ ᠤ ᠡᠷᠡᠭᠦᠯ ᠮᠡᠨᠳᠦ᠂ ᠬᠦᠳᠡᠭᠡ ᠲᠣᠰᠬᠤᠨ ᠤ ᠬᠦᠭᠵᠢᠯ ᠮᠠᠨᠳᠣᠯ ᠠᠷᠠᠳ ᠤᠨ ᠠᠮᠢᠳᠣᠷᠠᠯ ᠤᠨ ᠠᠰᠢᠭ ᠵᠢᠷᠭᠠᠯ ᠲᠠᠢ ᠬᠤᠯᠪᠣᠭᠳᠠᠬᠤ ᠴᠢᠬᠤᠯᠠ ᠶᠠᠪᠣᠳᠠᠯ ᠪᠣᠯᠣᠨ᠎ᠠ᠃ ᠬᠦᠳᠡᠭᠡ ᠲᠣᠰᠬᠤᠨ ᠤ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ 2020 ᠣᠨ ᠳᠤ ᠱᠠᠩᠬᠠᠢ ᠶᠢᠨ ᠰᠦᠮ᠎ᠡ ᠪᠠᠯᠭᠠᠰᠦ 470 ᠲᠦᠮᠡᠨ ᠲᠦᠭᠦᠷᠢᠭ ᠤᠨ ᠪᠡᠯᠡ ᠣᠷᠣᠭᠤᠯᠣᠨ 10 ᠲᠣᠨ ᠤ ᠨᠦᠭᠡᠴᠡᠳᠦ ᠣᠰᠣᠨ ᠵᠣᠭᠤᠷᠢ ᠶᠢ 182 ᠪᠠᠶᠢᠭᠤᠯᠣᠨ᠂ 182 ᠡᠷᠦᠬᠡ ᠶᠢᠨ 558 ᠬᠦᠮᠦᠨ ᠤ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠬᠦ ᠪᠠᠷ ᠲᠦᠯᠦᠪᠯᠡᠵᠣ ᠪᠣᠢ᠃ ᠣᠳᠣᠬᠠᠨ ᠳᠤ᠂ ᠲᠣᠰ ᠲᠦᠷᠦᠯ ᠵᠣᠶᠢᠯ ᠤᠨ ᠳᠠᠭᠠᠭᠠᠴᠢᠯᠠᠯᠲᠠ ᠵᠠᠷᠯᠠᠵᠤ ᠬᠦᠯᠢᠶᠡᠬᠦ᠂ ᠲᠠᠩᠰᠠᠯᠠᠭᠤᠯᠣᠨ ᠴᠣᠬᠤᠯᠠᠪᠦᠷᠢᠯᠠᠭᠤᠯᠬᠤ ᠵᠡᠷᠭᠡ ᠡᠮᠦᠨ᠎ᠡ ᠬᠤᠭᠤᠴᠠᠭᠠᠨ ᠤ ᠠᠵᠢᠯ ᠢ ᠪᠦᠬᠦᠨ ᠢ ᠪᠡᠶᠡᠯᠡᠭᠦᠯᠵᠣ᠂ ᠲᠠᠭᠠᠭᠠᠴᠢᠯᠠᠯᠳᠠ ᠬᠦᠯᠢᠶᠡᠭᠰᠡᠨ ᠠᠵᠣ ᠠᠬᠤᠶᠢᠯᠠᠯ ᠨᠢᠭᠡᠨᠳᠡ ᠪᠠᠶᠢᠳᠦ ᠭᠠᠴᠠᠭᠠᠨ  ᠳᠤ ᠪᠠᠷᠢᠯᠭ᠎ᠠ ᠪᠠᠨ ᠡᠬᠢᠯᠡᠭᠦᠯᠵᠣ᠂ ᠵᠢᠱᠢᠯᠳᠡ ᠪᠠᠷ 7 ᠰᠠᠷ᠎ᠠ ᠶᠢᠨ ᠰᠡᠭᠦᠯᠴᠢ ᠪᠠᠷ ᠪᠦᠬᠦᠨ ᠢ ᠲᠠᠭᠤᠰᠬᠠᠬᠤ ᠪᠠᠷ ᠪᠣᠢ᠃     ᠬᠤᠶᠠᠷ᠂ ᠡᠷᠡᠭᠦᠯ ᠮᠡᠨᠳᠦ ᠶᠢᠨ ᠪᠠᠶᠢᠴᠠᠭᠠᠯᠳᠠ ᠪᠠᠷ ᠠᠷᠠᠳ ᠤᠨ ᠰᠡᠳᠬᠢᠯ ᠢ ᠲᠣᠯᠠᠭᠠᠴᠠᠭᠤᠯᠣᠨ᠎ᠠ     ᠠᠷᠠᠳ ᠤᠨ ᠠᠮᠢᠳᠣᠷᠠᠯ ᠢ ᠰᠠᠶᠢᠵᠢᠷᠠᠭᠤᠯᠣᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠢᠯᠠᠯᠳᠠ ᠶᠢ ᠣᠯᠵᠣ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠵᠢᠯ ᠢ ᠣᠯᠠᠮ ᠨᠢᠭᠡ ᠠᠯᠬᠤᠮ ᠰᠠᠶᠢᠳᠦᠷ ᠬᠢᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠷᠡᠭᠦᠯ ᠡᠩᠬᠡ ᠶᠢᠨ ᠲᠦᠪᠰᠢᠨ ᠢ ᠲᠡᠭᠡᠭᠰᠢᠯᠡᠭᠦᠯᠵᠣ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠬᠢᠨ ᠤ ᠡᠪᠡᠳᠴᠢᠨ ᠠᠴᠠ ᠪᠣᠯᠵᠣ ᠶᠠᠳᠠᠭᠤᠷᠠᠬᠤ᠂ ᠡᠪᠡᠳᠴᠢᠨ ᠠᠴᠠ ᠪᠣᠯᠵᠣ ᠲᠠᠬᠢᠨ ᠶᠠᠳᠠᠭᠤᠷᠠᠬᠤ ᠶᠢ ᠪᠦᠳᠦᠮᠵᠢᠳᠡᠢ ᠰᠡᠷᠭᠡᠶᠢᠯᠡᠬᠦ ᠶᠢᠨ ᠲᠦᠯᠦᠭᠡ᠂ 2020 ᠣᠨ ᠳᠤ ᠱᠠᠩᠬᠠᠢ ᠶᠢᠨ ᠰᠦᠮ᠎ᠡ ᠪᠠᠯᠭᠠᠰᠦ 35.68 ᠲᠦᠮᠡᠨ ᠲᠦᠬᠦᠷᠢᠭ ᠤᠨ ᠪᠡᠯᠡ ᠣᠷᠣᠭᠤᠯᠣᠨ ᠪᠦᠬᠦ ᠪᠠᠯᠭᠠᠰᠣᠨ ᠤ ᠲᠠᠩᠰᠠᠯᠠᠨ ᠪᠦᠷᠢᠳᠬᠡᠭᠰᠡᠨ ᠶᠠᠳᠠᠭᠤ ᠬᠦᠴᠢᠷᠳᠠᠯᠳᠠᠢ ᠡᠷᠤᠬᠡ᠂ ᠠᠮᠢᠳᠤᠷᠠᠯ ᠵᠦᠳᠡᠬᠦᠤ ᠡᠷᠤᠬᠡ᠂ ᠣᠨᠴᠠ ᠬᠦᠴᠢᠷᠳᠡᠯᠳᠡᠢ ᠬᠦᠮᠦᠰ ᠪᠠ ᠵᠡᠮᠳᠡᠭᠴᠣᠳ ᠲᠤ ᠦᠨ᠎ᠡ ᠲᠦᠯᠦᠪᠦᠷᠢ ᠦᠭᠡᠢ ᠡᠷᠡᠭᠦᠯ ᠡᠩᠬᠡ ᠶᠢᠨ ᠪᠠᠶᠢᠴᠠᠭᠠᠯᠳᠠ ᠬᠢᠬᠦ ᠪᠠᠷ ᠲᠦᠯᠦᠪᠯᠡᠵᠣ ᠪᠣᠢ᠃ ᠣᠳᠣᠬᠠᠨ ᠳᠤ᠂ ᠲᠣᠰ ᠲᠦᠷᠦᠯ ᠵᠣᠶᠢᠯ ᠤᠨ ᠲᠣᠬᠠᠢ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠲᠠᠢ ︽ᠱᠠᠩᠬᠠᠢ  ᠶᠢᠨ ᠰᠦᠮ᠎ᠡ ᠪᠠᠯᠭᠠᠰᠣᠨ ᠤ ᠶᠠᠳᠠᠭᠤ ᠬᠦᠴᠢᠷᠳᠡᠯᠳᠡᠢ ᠡᠷᠦᠬᠡ᠂ ᠵᠡᠮᠳᠡᠭᠴᠣᠳ ᠤᠨ ᠡᠷᠡᠭᠦᠯ ᠮᠡᠨᠳᠦ ᠶᠢᠨ ᠪᠠᠶᠢᠴᠠᠭᠠᠯᠳᠠ ᠶᠢᠨ ᠵᠦᠪᠳᠡᠯᠴᠡᠭᠡᠷ ᠤᠨ ᠪᠢᠴᠢᠭ︾ ᠲᠣᠭᠳᠠᠵᠣ᠂ ᠵᠢᠷᠭᠤᠳᠣᠭᠠᠷ ᠰᠠᠷ᠎ᠠ ᠶᠢᠨ ᠲᠣᠮᠳᠠᠴᠢ ᠪᠠᠷ ︽ᠲᠦᠷᠪᠡᠨ ᠲᠦᠷᠦᠯ ᠤᠨ ᠬᠦᠮᠦᠰ︾ ᠢ ᠵᠣᠬᠢᠶᠠᠨ ᠪᠠᠶᠢᠭᠤᠯᠣᠨ ᠡᠮᠬᠢ ᠲᠠᠢ ᠪᠠᠷ ᠡᠷᠡᠭᠦᠯ ᠮᠡᠨᠳᠦ ᠶᠢᠨ ᠪᠠᠶᠢᠴᠠᠭᠠᠯᠳᠠ ᠬᠢᠬᠦ ᠪᠠᠷ ᠪᠣᠢ᠃     ᠭᠤᠷᠪᠠ᠂ ᠴᠢᠮᠡᠭᠡ ᠬᠤᠯᠪᠣᠭᠠᠨ ᠤ ᠪᠠᠶᠢᠭᠤᠯᠣᠯᠳᠠ ᠪᠠᠷ ᠠᠷᠠᠳ ᠤᠨ ᠬᠠᠨᠣᠮᠵᠢ ᠶᠢ ᠲᠡᠭᠡᠭᠰᠢᠯᠡᠭᠦᠯᠦᠨ᠎ᠡ     ᠬᠦᠳᠡᠭᠡ ᠲᠣᠰᠬᠤᠨ ᠤ ︽ᠢᠨᠲ᠋ᠧᠷ ᠰᠦᠯᠵᠢᠶᠡᠨ︾ ᠤ ᠠᠬᠢᠴᠠ ᠶᠢ ᠣᠯᠠᠮ ᠲᠦᠷᠭᠡᠳᠬᠡᠨ᠂ ᠬᠦᠳᠡᠭᠡ ᠲᠣᠰᠬᠤᠨ ᠤ ᠵᠠᠩᠬᠢᠴᠢᠯᠠᠯᠳᠠ ᠶᠢᠨ ᠬᠦᠭᠵᠢᠯᠳᠡ ᠶᠢᠨ ᠣᠷᠴᠢᠨ᠂ ᠬᠦᠭᠵᠢᠯᠳᠡ ᠶᠢᠨ ᠲᠦᠪᠰᠢᠨ ᠢ ᠰᠢᠯᠢᠳᠡᠭᠵᠢᠭᠦᠯᠦᠨ ᠲᠡᠭᠡᠭᠰᠢᠯᠡᠭᠦᠯᠵᠣ᠂ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠣᠮᠵᠢ ᠶᠢᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠣᠨ᠂ ᠴᠢᠮᠡᠭᠡ ᠬᠤᠯᠪᠣᠭᠠᠨ ᠤ ᠰᠠᠭᠤᠷᠢ ᠪᠠᠳᠣᠯᠠᠭ᠎ᠠ ᠶᠢ ᠪᠠᠬᠢᠵᠢᠭᠦᠯᠵᠣ᠂ ᠮᠠᠯᠴᠢᠨ ᠲᠠᠷᠢᠶᠠᠴᠢᠨ ᠤ ᠴᠢᠮᠡᠭᠡ ᠬᠤᠯᠪᠣᠭ᠎ᠠ ᠪᠠ ᠣᠶᠢᠯᠠᠳᠪᠦᠷᠢ ᠠᠭᠤᠷᠬᠠᠢ ᠶᠢᠨ ᠠᠵᠣ ᠠᠬᠤᠶᠢᠯᠠᠯ ᠤᠨ ᠬᠦᠭᠵᠢᠯᠳᠡ ᠶᠢᠨ ᠬᠡᠷᠡᠭᠴᠡᠭᠡ ᠶᠢ ᠬᠠᠩᠭᠠᠬᠤ  ᠶᠢᠨ ᠲᠦᠯᠦᠭᠡ᠂ 2020 ᠣᠨ ᠳᠤ ᠱᠠᠩᠬᠠᠢ ᠶᠢᠨ ᠰᠦᠮ᠎ᠡ ᠪᠠᠯᠭᠠᠰᠦ 34 ᠲᠦᠮᠡᠨ ᠲᠦᠭᠦᠷᠢᠭ ᠤᠨ ᠪᠡᠯᠡ ᠣᠷᠣᠭᠤᠯᠣᠨ ᠨᠡᠭᠦᠳᠡᠯ ᠬᠤᠯᠪᠣᠭᠠᠨ ᠤ ᠰᠠᠭᠤᠷᠢ ᠦᠷᠳᠡᠭᠡ ᠶᠢ ᠰᠢᠨ᠎ᠡ ᠪᠠᠷ 5 ᠪᠠᠶᠢᠭᠤᠯᠵᠣ᠂ ᠲᠠᠷᠬᠠᠢ ᠪᠠᠶᠢᠷᠠᠰᠢᠭᠤᠯᠬᠤ ᠪᠠᠭᠳᠠᠭᠠᠮᠵᠢ ᠦᠷᠭᠡᠳᠬᠡᠭᠦᠷ ᠢ 60 ᠣᠭᠰᠠᠷᠠᠭᠤᠯᠬᠤ ᠪᠠᠷ ᠲᠦᠯᠦᠪᠯᠡᠵᠣ ᠪᠣᠢ᠃ ᠣᠳᠣᠬᠠᠨ ᠳᠤ᠂ ᠲᠣᠰ ᠲᠦᠷᠦᠯ ᠵᠣᠶᠢᠯ ᠢ ᠡᠬᠢᠯᠡᠭᠦᠯᠦᠨ ᠬᠦᠨ ᠣᠰᠣ ᠭᠠᠴᠠᠭᠠᠨ ᠳᠤ ᠨᠢᠭᠡᠨᠳᠡ 1 ᠨᠡᠭᠦᠳᠡᠯ ᠬᠤᠯᠪᠣᠭᠠᠨ ᠤ ᠰᠠᠭᠤᠷᠢ ᠰᠣᠪᠣᠷᠭ᠎ᠠ ᠪᠣᠰᠬᠠᠵᠣ᠂ ᠪᠣᠰᠣᠳ 4 ᠰᠠᠭᠤᠷᠢ ᠶᠢᠨ ᠲᠣᠬᠢᠶ᠎ᠠ ᠪᠠᠯᠠᠷ ᠣᠷᠣᠨ ᠢ ᠬᠠᠶᠢᠨ ᠬᠡᠮᠵᠢᠬᠦ᠂ ᠬᠠᠶᠢᠨ ᠰᠢᠨᠵᠢᠬᠦ ᠪᠠ ᠭᠠᠵᠠᠷ ᠰᠣᠩᠭᠤᠬᠤ ᠵᠡᠷᠭᠡ ᠡᠮᠦᠨ᠎ᠡ ᠬᠤᠭᠤᠴᠠᠭᠠᠨ ᠤ ᠪᠡᠯᠡᠳᠬᠡᠯ ᠠᠵᠢᠯ ᠢ ᠬᠢᠵᠣ᠂ ᠵᠢᠱᠢᠯᠳᠡ ᠪᠠᠷ 9 ᠰᠠᠷ᠎ᠠ  ᠶᠢᠨ ᠰᠠᠬᠦᠯᠴᠢ ᠪᠠᠷ ᠪᠦᠬᠦ ᠲᠠᠯ᠎ᠠ ᠪᠠᠷ ᠲᠠᠭᠤᠰᠬᠠᠬᠤ ᠪᠠᠷ ᠪᠣᠢ᠃     ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠪᠣᠯ ᠲᠠᠷᠣᠢ ᠪᠢᠳᠡ ᠤ ᠲᠡᠮᠡᠴᠡᠬᠦ ᠬᠠᠷᠠᠯᠳᠠ ᠪᠣᠯᠣᠨ᠎ᠠ᠃ 2020 ᠣᠨ ᠳᠤ ᠱᠠᠩᠬᠠᠢ ᠶᠢᠨ ᠰᠦᠮ᠎ᠡ ᠪᠠᠯᠭᠠᠰᠦ ᠠᠷᠠᠳ ᠲᠦᠮᠡᠨ ᠤ ᠠᠮᠢᠳᠣᠷᠠᠯ ᠤᠨ ᠰᠠᠶᠢᠨ ᠰᠠᠶᠢᠬᠠᠨ ᠢᠶᠠᠷ ᠲᠡᠮᠡᠴᠡᠬᠦ ᠬᠠᠷᠠᠯᠠᠳᠠ ᠪᠠᠨ ᠪᠣᠯᠭᠠᠵᠣ᠂ ᠵᠢᠯ ᠤᠨ ᠡᠬᠢᠨ ᠳᠤ ᠲᠣᠭᠳᠠᠭᠠᠭᠰᠠᠨ 3 ᠲᠦᠷᠦᠯ  ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠯᠠᠪᠳᠠᠭᠤᠨ ᠪᠠᠳᠣᠳᠠᠢ ᠠᠬᠢᠭᠤᠯᠣᠨ᠂ ᠪᠦᠬᠦᠨ ᠢ ᠭᠦᠢᠴᠡᠳᠬᠡᠬᠦ ᠶᠢ ᠪᠠᠳᠣᠯᠠᠵᠣ᠂ ᠠᠷᠠᠳ ᠲᠦᠮᠡᠨ ᠳᠤ ᠬᠦᠭᠵᠢᠯᠳᠡ ᠶᠢᠨ ᠦᠷ᠎ᠡ ᠪᠦᠳᠦᠮᠵᠢ ᠠᠰᠢᠭ ᠵᠢᠷᠭᠠᠯ ᠢ ᠦᠨᠡᠨ ᠬᠦ ᠡᠳ᠋ᠯᠡᠭᠦᠯᠦᠨ᠎ᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号