ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤ ᠨᠣᠲᠤᠭ ᠪᠡᠯᠴᠢᠭᠡᠷ ᠤᠨ ᠬᠤᠪᠢᠷᠠᠯᠲᠠ ᠶᠢᠨ ᠲᠣᠯᠪᠣᠲᠣ ᠵᠢᠷᠤᠭ ᠤᠨ ᠴᠡᠭᠴᠡᠯᠡᠯᠲᠡ ᠶᠢᠨ ︽ᠲᠠᠪᠲᠠᠨ ᠬᠢᠨᠠᠬᠤ︾ ᠠᠵᠢᠯ ᠢ ᠪᠦᠬᠦ ᠲᠠᠯ᠎ᠠ ᠪᠠᠷ ᠦᠷᠨᠢᠭᠦᠯᠵᠦ ᠪᠣᠢ
ᠨᠡᠶᠢᠲᠡᠯᠡᠭᠰᠡᠨ ᠴᠠᠭ᠄
2020-06-04
    ᠨᠣᠲᠤᠭ ᠪᠡᠯᠴᠢᠭᠡᠷ ᠤᠨ ᠬᠤᠪᠢᠷᠠᠯᠲᠠ ᠶᠢᠨ ᠲᠤᠯᠪᠤᠲᠤ ᠵᠢᠷᠤᠭ ᠤᠨ ᠴᠡᠭᠴᠡᠯᠡᠯᠲᠡ ᠶᠢᠨ ᠠᠵᠢᠯ ᠢ ᠪᠦᠬᠦ ᠲᠠᠯ᠎ᠠ  ᠪᠠᠷ ᠪᠦᠲᠦᠮᠵᠢᠲᠡᠢ ᠨᠠᠶᠢᠲᠠᠪᠤᠷᠢᠵᠢᠭᠤᠯᠬᠤ ᠶᠢᠨ ᠲᠦᠯᠦᠭᠡ᠂ ᠱᠠᠩᠬᠠᠢ ᠶᠢᠨ ᠰᠦᠮ᠎ᠡ ᠪᠠᠯᠭᠠᠰᠤ ᠨᠣᠲᠤᠭ ᠪᠡᠯᠴᠢᠭᠡᠷ  ᠤᠨ ᠬᠤᠪᠢᠷᠠᠯᠲᠠ ᠶᠢᠨ ᠲᠣᠯᠪᠣᠲᠣ ᠵᠢᠷᠤᠭ ᠤᠨ ᠴᠡᠭᠴᠡᠯᠡᠯᠲᠡ ᠶᠢᠨ ︽ᠲᠠᠪᠲᠠᠨ ᠬᠢᠨᠠᠬᠤ︾ ᠠᠵᠢᠯ ᠢ ᠪᠦᠬᠦ ᠲᠠᠯ᠎ᠠ  ᠪᠠᠷ ᠦᠷᠨᠢᠭᠦᠯᠦᠨ᠂ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠬᠤ ᠠᠵᠢᠯᠯᠠᠭ᠎ᠠ ᠳᠤ ᠡᠷᠡᠰ ᠴᠤᠬᠢᠯᠲᠠ ᠦᠭᠴᠦ᠂ ᠨᠣᠮᠢᠨ ᠨᠣᠭᠤᠭᠠᠨ ᠨᠣᠲᠤᠭ ᠣᠰᠣ ᠪᠠᠨ ᠰᠠᠬᠢᠨ ᠬᠠᠮᠠᠭᠠᠯᠠᠵᠤ ᠪᠤᠢ᠃     ᠬᠤᠰᠢᠭᠤ ᠣᠢ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶᠠᠨ ᠠᠴᠠ ᠱᠠᠩᠬᠠᠢ ᠶᠢᠨ ᠰᠦᠮ᠎ᠡ ᠪᠠᠯᠭᠠᠰᠤᠨ  ᠤ ᠨᠣᠲᠤᠭ ᠪᠡᠯᠴᠢᠭᠡᠷ ᠤᠨ ᠬᠤᠪᠢᠷᠠᠯᠲᠠ ᠶᠢᠨ ᠲᠤᠯᠪᠤᠲᠤ ᠵᠢᠷᠤᠭ ᠢ ᠲᠠᠷᠬᠠᠭᠠᠭᠰᠠᠨ ᠤ ᠳᠠᠷᠠᠭ᠎ᠠ᠂ ᠱᠠᠩᠬᠠᠢ ᠶᠢᠨ ᠰᠦᠮ᠎ᠡ ᠪᠠᠯᠭᠠᠰᠤ ᠡᠩ ᠲᠡᠷᠢᠭᠦᠨ ᠳᠤ ᠨᠣᠲᠤᠭ ᠪᠡᠯᠴᠢᠭᠡᠷ ᠤᠨ ᠬᠤᠪᠢᠷᠠᠯᠲᠠ ᠶᠢᠨ ᠲᠤᠯᠪᠤᠲᠤ ᠵᠢᠷᠤᠭ ᠤᠨ ᠴᠡᠭᠴᠡᠯᠡᠯᠲᠡ ᠶᠢᠨ ᠠᠵᠢᠯ ᠢ ᠨᠠᠶᠢᠲᠠᠪᠤᠷᠢᠵᠢᠭᠤᠯᠤᠨ᠂ ᠳᠠᠷᠣᠢ ᠳᠤᠨᠢ ᠴᠡᠭᠴᠡᠯᠡᠨ ᠪᠡᠶᠡᠯᠡᠭᠦᠯᠵᠦ᠂ ᠴᠡᠭᠴᠡᠯᠡᠯᠲᠡ ᠶᠢᠨ ︽ᠲᠠᠪᠲᠠᠨ ᠬᠢᠨᠠᠬᠤ︾ ᠠᠵᠢᠯ ᠢ ᠦᠷᠨᠢᠭᠦᠯᠦᠨ᠂ ᠳᠠᠬᠢᠬᠤ ᠦᠵᠡᠭᠳᠡᠯ ᠭᠠᠷᠬᠤ ᠶᠢ ᠰᠡᠷᠭᠡᠶᠢᠯᠡᠭᠰᠡᠨ ᠪᠠᠶᠢᠨ᠎ᠠ᠃     ᠨᠢᠭᠡ ᠳᠤ᠂ ᠣᠬᠠᠭᠤᠯᠭ᠎ᠠ ᠶᠢ ᠴᠢᠩᠭᠠᠳᠬᠠᠨ᠂ ︽ᠣᠩᠭᠤᠨ ᠲᠠᠷᠬᠠᠨ ᠪᠠᠶᠢᠭᠠᠯᠢ ᠪᠤᠯ ᠦᠨᠡᠯᠡᠰᠢ ᠦᠭᠡᠢ ᠦᠪ ᠡᠷᠳᠡᠨᠢ︾ ᠭᠡᠬᠦ ᠠᠮᠢ ᠠᠬᠤᠢ ᠶᠢᠨ ᠦᠵᠡᠯᠲᠡ ᠶᠢ ᠪᠠᠲᠤ ᠱᠤᠭᠤᠪᠠ᠃ ᠲᠤᠯᠪᠤᠲᠤ ᠵᠢᠷᠤᠭ ᠤᠨ ᠴᠡᠭᠴᠡᠯᠡᠯᠲᠡ ᠶᠢᠨ ᠠᠵᠢᠯ ᠤᠨ ᠴᠢᠬᠤᠯᠠ ᠴᠢᠨᠠᠷ ᠢ ᠡᠷᠦᠬᠡ ᠳᠤ ᠭᠦᠨᠵᠡᠭᠡᠶᠢᠷᠡᠨ ᠤᠬᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠣᠯᠣᠰ ᠤᠨ ᠡᠯ᠎ᠡ ᠭᠠᠵᠠᠷ ᠢᠶᠠᠷ ᠲᠣᠭᠤᠷᠢᠨ ᠪᠠᠶᠢᠴᠠᠭᠠᠬᠤ ᠳᠤ ᠪᠠᠨ ᠴᠢᠬᠤᠯᠠᠴᠢᠯᠠᠭᠰᠠᠨ ᠬᠦᠮᠦᠨ ᠪᠦᠬᠦᠨ ᠠᠮᠢ ᠠᠬᠤᠢ ᠶᠢ ᠬᠠᠮᠠᠭᠠᠯᠠᠬᠤ ᠬᠠᠷᠢᠭᠤᠴᠠᠯᠭ᠎ᠠ ᠲᠠᠢ᠂ ᠠᠮᠢ ᠠᠬᠤᠢ ᠶᠢ ᠠᠯᠠᠭ ᠨᠢᠳᠣᠨ ᠤ ᠴᠡᠴᠡᠬᠡᠢ ᠪᠠᠨ ᠰᠢᠭ ᠬᠠᠶᠢᠷᠠᠯᠠᠨ ᠬᠠᠮᠠᠭᠠᠯᠠᠨ᠎ᠠ᠂ ᠣᠩᠭᠤᠨ ᠲᠠᠷᠬᠠᠨ ᠪᠠᠶᠢᠭᠠᠯᠢ ᠪᠤᠯ ᠦᠨᠡᠯᠡᠰᠢ ᠦᠭᠡᠢ ᠦᠪ ᠡᠷᠳᠡᠨᠢ ᠭᠡᠬᠦ ᠠᠮᠢ ᠠᠬᠤᠢ   ᠶᠢᠨ ᠪᠣᠯᠪᠠᠰᠤᠨ ᠢ ᠳᠡᠭᠡᠳᠦᠯᠡᠬᠦ ᠦᠵᠡᠯᠲᠡ ᠶᠢ ᠰᠣᠷᠲᠠᠯᠴᠢᠯᠠᠨ᠂ ᠣᠯᠠᠨ ᠲᠦᠮᠡᠨ ᠳᠤ ᠬᠦᠮᠦᠵᠢᠯ ᠬᠦᠷᠲᠡᠭᠡᠵᠦ᠂ ᠣᠰᠤᠨ ᠰᠣᠷᠪᠣᠯᠵᠢ ᠶᠢᠨ ᠬᠢᠵᠠᠭᠠᠷᠯᠠᠯ ᠱᠤᠭᠤᠮ ᠢ ᠰᠠᠬᠢᠵᠣ᠂ ᠠᠯᠤᠰ ᠬᠡᠲᠦ ᠶᠢᠨ ᠬᠦᠭᠵᠢᠯᠲᠡ ᠶᠢ ᠪᠣᠳᠣᠯᠬᠢᠯᠠᠨ᠂ ᠣᠮᠠᠷᠠᠲᠣ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠤ ᠴᠤᠭᠴᠠᠯᠠᠯᠲᠠ ᠳᠤ ᠵᠢᠳᠬᠦᠯ ᠨᠡᠮᠡᠷᠢᠯᠡᠬᠦ ᠶᠢ ᠤᠷᠢᠶᠠᠯᠠᠭᠰᠠᠨ ᠪᠠᠶᠢᠨ᠎ᠠ᠃     ᠬᠤᠶᠠᠷ ᠲᠤ᠂ ᠲᠤᠭᠤᠷᠢᠨ ᠪᠠᠶᠢᠴᠠᠭᠠᠯᠲᠠ ᠶᠢᠨ ᠡᠷᠴᠢᠮ ᠢ ᠴᠢᠩᠭᠠᠳᠬᠠᠨ᠂ ᠬᠠᠤᠯᠢ ᠪᠤᠰᠤ ᠪᠠᠷ ᠬᠠᠭᠠᠯᠪᠤᠷᠢᠯᠠᠬᠤ ᠶᠢ ᠪᠦᠬᠦ ᠲᠠᠯ᠎ᠠ ᠪᠠᠷ ᠪᠠᠶᠢᠴᠠᠭᠠᠪᠠ᠃ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ  ᠤᠨ ᠲᠦᠭᠡᠮᠡᠯᠵᠢᠭᠦᠯᠦᠯᠲᠡ ᠶᠢᠨ ᠲᠦᠪ ᠠᠵᠢᠯᠲᠠᠨ ᠢᠶᠠᠨ ᠵᠤᠬᠢᠶᠠᠨ ᠪᠠᠶᠢᠭᠤᠯᠤᠨ ᠭᠠᠴᠠᠭ᠎ᠠ ᠲᠣᠰᠬᠤᠨ ᠢ ᠳᠠᠶᠢᠴᠢᠯᠠᠵᠤ᠂ ᠪᠠᠯᠭᠠᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠤᠪᠴᠢᠶ᠎ᠠ ᠲᠠᠢ ᠬᠠᠮᠲᠤᠷᠠᠨ᠂ ᠪᠦᠬᠦ ᠪᠠᠯᠭᠠᠰᠤᠨ ᠳᠤ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠠᠵᠢᠯ ᠢ ᠶᠠᠪᠤᠭᠳᠠᠭᠤᠯᠵᠤ᠂ ᠪᠠᠶᠢᠴᠠᠭᠠᠬᠤ ᠬᠦᠴᠦᠯᠡᠴᠡ  ᠪᠠᠨ ᠴᠢᠩᠭᠠᠳᠬᠠᠨ᠂ ᠠᠵᠢᠯ ᠤᠨ ᠪᠣᠲᠠᠲᠠᠶᠢᠵᠢᠯ ᠢ ᠪᠠᠲᠤᠯᠠᠪᠠ᠃ ᠣᠳᠣᠬᠠᠨ ᠪᠣᠯᠲᠠᠯ᠎ᠠ ᠲᠡᠷᠭᠡ ᠮᠠᠰᠢᠨ 150 ᠭᠠᠷᠣᠢ ᠣᠳᠠᠭ᠎ᠠ᠂ ᠠᠵᠢᠯᠲᠠᠨ 400 ᠭᠠᠷᠤᠢ ᠣᠳᠠᠭ᠎ᠠ ᠬᠦᠳᠡᠯᠦᠯᠴᠡᠵᠦ᠂ ᠬᠤᠶᠠᠷ ᠱᠠᠲᠤᠨ ᠤ ᠠᠵᠢᠯᠲᠠᠨ ᠰᠢᠷᠭᠠᠭᠤ ᠬᠠᠲᠠᠭᠤᠵᠢᠯᠲᠠᠢ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠠᠶᠡᠯᠡᠭᠦᠯᠦᠭᠰᠡᠨ ᠪᠠᠶᠢᠨ᠎ᠠ᠃     ᠭᠤᠷᠪᠠ ᠳᠤ᠂ ᠡᠷᠡᠰ ᠴᠢᠩᠭ᠎ᠠ ᠴᠤᠬᠢᠯᠲᠠ ᠦᠭᠴᠦ᠂ ᠰᠡᠷᠡᠮᠵᠢᠯᠡᠭᠦᠯᠦᠯ ᠤᠨ ᠦᠢᠯᠡᠳᠦᠯ ᠢ ᠪᠠᠳᠠᠷᠠᠭᠤᠯᠪᠠ᠃ ᠬᠠᠤᠯᠢ ᠪᠤᠰᠤ ᠪᠠᠷ ᠬᠠᠭᠠᠯᠪᠤᠷᠢᠯᠠᠬᠤ ᠠᠵᠢᠯᠯᠠᠭ᠎ᠠ ᠳᠤ ᠴᠤᠬᠢᠯᠲᠠ ᠦᠭᠴᠦ᠂ ᠨᠢᠭᠡ ᠢᠯᠡᠷᠡᠪᠡᠯ ᠳᠠᠷᠤᠢ ᠳᠤᠨᠢ ᠪᠠᠯᠭᠠᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶᠠᠨ ᠳᠤ ᠲᠤᠰᠢᠶᠠᠨ ᠦᠭᠴᠦ᠂ ᠣᠳᠣᠬᠠᠨ ᠪᠣᠯᠲᠠᠯ᠎ᠠ ᠬᠠᠣᠯᠢ ᠪᠣᠰᠣ ᠪᠠᠷ 332.5 ᠮᠣ᠋ ᠨᠣᠲᠤᠭ ᠪᠡᠯᠴᠢᠭᠡᠷ ᠬᠠᠭᠠᠯᠪᠤᠷᠢᠯᠠᠭᠰᠠᠨ 3 ᠬᠡᠷᠡᠭ ᠢ ᠢᠯᠡᠷᠡᠭᠦᠯᠦᠨ᠂ ᠪᠦᠬᠦᠨ ᠢ ᠪᠠᠯᠭᠠᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶᠠᠨ  ᠳᠤ ᠲᠤᠰᠢᠶᠠᠨ᠂ ᠬᠠᠮᠢᠶ᠎ᠠ ᠪᠦᠬᠦᠢ ᠬᠠᠤᠯᠢ ᠳᠦᠷᠢᠮ ᠶᠣᠰᠣᠭᠠᠷ ᠰᠢᠢᠳᠪᠦᠷᠢᠯᠡᠨ᠂ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号