ᠪᠦᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 19 ᠣᠳᠠᠭᠠᠨ ᠤ ᠲᠣᠬᠢᠷᠠᠭᠤᠯᠣᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-07-06
    6 ᠰᠠᠷ᠎ᠠ ᠶᠢᠨ 16 ᠤ ᠡᠳᠦᠷ᠂ ᠪᠦᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 19 ᠣᠳᠠᠭᠠᠨ ᠤ ᠲᠣᠬᠢᠷᠠᠭᠤᠯᠣᠯᠳᠠ ᠶᠢᠨ ᠬᠤᠷᠠᠯ ᠬᠤᠷᠠᠯᠳᠣᠭᠤᠯᠪᠠ᠃ ᠬᠤᠷᠠᠯ ᠠᠴᠠ ᠪᠦᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠰᠣᠨᠣᠰᠣᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠣᠨ ᠶᠠᠷᠢᠯᠴᠠᠵᠣ᠂ ᠲᠠᠷᠠᠭ᠎ᠠ ᠠᠯᠬᠤᠮ ᠤᠨ ᠭᠤᠣᠯᠳᠠᠯᠭᠠᠳᠦ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠪᠦᠷᠢᠨᠴᠢᠮᠡᠭ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃     ᠪᠦᠷᠢᠨᠴᠢᠮᠡᠭ᠂ ᠣᠶᠢᠷ᠎ᠠ ᠶᠢᠨ ᠡᠳᠦᠷ ᠪᠡᠭᠡᠵᠢᠩ ᠬᠤᠳᠠ ᠶᠢᠨ ᠣᠯᠠᠨ ᠭᠠᠵᠠᠷ ᠢᠶᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠨᠡᠷᠪᠡᠭᠳᠡᠭᠰᠡᠨ ᠣᠨᠣᠰᠢᠯᠠᠭᠰᠠᠨ ᠡᠪᠡᠳᠴᠢᠳᠡᠨ ᠦᠷᠭᠦᠯᠵᠢᠯᠡᠨ ᠨᠡᠮᠡᠭᠳᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠠᠬᠢᠨᠳᠠ ᠰᠡᠷᠡᠮᠵᠢᠯᠡᠭᠦᠯᠪᠡ᠃ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠬᠠᠮᠢᠶᠠᠷᠣᠯᠳᠠ ᠪᠠᠨ ᠴᠢᠩᠭᠠᠳᠬᠠᠨ ᠬᠦᠭᠭᠡᠪᠴᠢᠯᠡᠵᠣ ᠣᠭᠳᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠣᠯᠢᠶᠠᠨᠳᠦ ᠴᠢᠨᠠᠷ ᠪᠠ ᠣᠷᠳᠦ ᠬᠤᠭᠤᠴᠠᠭᠠᠳᠦ ᠴᠢᠨᠠᠷ  ᠢ ᠭᠦᠢᠴᠡᠳ ᠲᠠᠨᠢᠵᠣ᠂ ᠦᠷᠭᠦᠯᠵᠢᠯᠡᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠰᠠᠶᠢᠳᠦᠷ ᠡᠷᠴᠢᠮᠵᠢᠭᠦᠯᠬᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠪᠦᠷᠢᠨᠴᠢᠮᠡᠭ᠂ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠨ᠂ ᠵᠢᠯᠣᠭᠤᠳᠬᠤ ᠭᠠᠵᠠᠷ ᠤᠨ ᠡᠯ᠎ᠡ ᠲᠣᠰᠬᠠᠢ ᠲᠦᠷᠦᠯ ᠤᠨ ᠠᠵᠢᠯ ᠤᠨ ᠲᠣᠭᠤᠶᠢᠯᠠᠩ ᠵᠢᠴᠢ ᠡᠯ᠎ᠡ ᠬᠠᠮᠢᠶ᠎ᠠ ᠪᠦᠬᠦᠢ ᠭᠡᠰᠢᠭᠦᠨ ᠪᠠᠶᠢᠭᠤᠯᠭ᠎ᠠ ᠣᠳᠣᠷᠢᠳᠣᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠭᠠᠵᠠᠷ ᠣᠷᠣᠨ᠂ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ᠂ ᠬᠤᠪᠢ ᠬᠦᠮᠦᠨ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠬᠢᠵᠢᠭ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠂ ︽ᠭᠠᠳᠠᠨ᠎ᠠ ᠠᠴᠠ ᠬᠠᠯᠳᠠᠪᠦᠷᠢᠯᠠᠨ ᠣᠷᠣᠵᠣ ᠢᠷᠡᠭᠦ ᠶᠢ ᠰᠡᠷᠭᠡᠶᠢᠯᠡᠨ᠂ ᠲᠣᠳᠣᠭᠠᠳᠦ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠪᠠᠷᠢᠮᠳᠠᠯᠠᠵᠣ᠂ ᠡᠳᠦᠭᠡ ᠪᠠᠶᠢᠭ᠎ᠠ ᠵᠣᠬᠢᠶᠠᠨ ᠪᠠᠶᠢᠭᠤᠯᠣᠨ ᠣᠳᠣᠷᠢᠳᠬᠤ ᠰᠢᠰᠲ᠋ᠧᠮ ᠪᠠ ᠠᠵᠢᠯ ᠤᠨ ᠲᠣᠭᠳᠠᠴᠠ ᠶᠢ ᠬᠤᠪᠢᠷᠭᠠᠬᠤ ᠦᠭᠡᠢ᠂ ︽ᠬᠤᠯᠪᠣᠭᠠᠯᠠᠨ ᠰᠡᠷᠭᠡᠶᠢᠯᠡᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ︾ ᠱᠠᠭᠠᠷᠳᠠᠯᠭ᠎ᠠ ᠬᠤᠪᠢᠷᠠᠬᠤ ᠦᠭᠡᠢ ᠪᠠᠷ ᠪᠦᠬᠦ ᠬᠤᠰᠢᠭᠤᠨ ᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠣᠨ ᠤ ᠠᠮᠣᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠶᠢᠤ ᠵᠢᠶᠦ᠋ᠨ ᠪᠣᠣ᠂ ᠪᠠᠢ ᠲᠥᠩ᠂ ᠾᠧ ᠶᠥᠩ ᠳ᠋ᠦᠩ᠂ ᠰᠦᠨ ᠶᠧᠦ ᠵᠢᠶᠦ᠋ᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠣ ᠵᠢᠶᠠᠨ ᠪᠢᠩ ᠵᠢᠴᠢ ᠡᠯ᠎ᠡ ᠪᠠᠯᠭᠠᠰᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠶᠢ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号