7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 118 | ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠣᠭᠤᠯᠵᠣ᠂ ᠨᠡᠭᠦᠷᠡᠰᠦᠨ ᠤ ᠡᠬᠢ ᠪᠠᠶᠠᠯᠢᠭ ᠤᠨ | ᠴᠡᠭᠴᠡᠯᠡᠨ ᠵᠠᠰᠠᠯᠲᠠ ᠲᠤᠭᠤᠷᠢᠨ ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠬᠡᠷᠡᠭ ᠢ ᠰᠣᠳᠣᠯᠪᠠ᠃ ᠬᠤᠰᠢᠭᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠦᠷᠢᠨᠴᠢᠮᠡᠭ ᠬᠤᠷᠠᠯ ᠢ ᠡᠷᠬᠢᠯᠡᠨ | ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠣᠳᠣᠷᠢᠳᠬᠤ ᠪᠠᠭ ᠤᠨ | ᠬᠡᠰᠢᠭᠦᠨ ᠬᠤᠷᠠᠯ ᠳᠤ ᠣᠷᠣᠯᠴᠠᠪᠠ᠃ | ᠪᠦᠷᠢᠨᠴᠢᠮᠡᠭ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠬᠡᠪᠴᠢᠶᠡᠨ | ᠳᠠᠬᠢ ᠬᠠᠤᠯᠢ ᠲᠦᠷᠢᠮ ᠵᠦᠷᠢᠴᠡᠭᠰᠡᠨ ᠠᠰᠠᠭᠤᠳᠠᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠠᠵᠢᠯ ᠢ | ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠲᠦ ᠬᠡᠮᠵᠢᠶᠠᠨ ᠤ ᠣᠯᠣᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ | ᠪᠠ ᠣᠯᠣᠰ ᠲᠦᠷᠦ ᠶᠢᠨ ᠬᠤᠷᠴᠠ ᠰᠣᠷᠭᠤᠭ ᠣᠪᠣᠷ ᠢᠶᠠᠷ ᠲᠤᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯ ᠢ | ᠡᠷᠡᠰ ᠰᠢᠭᠤᠷᠬᠠᠢ ᠡᠷᠴᠢᠮᠲᠠᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠲᠦᠰᠦᠯ ᠢ ᠤᠯᠠᠮ ᠨᠢᠭᠡ | ᠠᠯᠬᠤᠮ ᠬᠦᠨᠵᠡᠭᠡᠶᠢᠷᠡᠭᠦᠯᠦᠨ ᠨᠠᠷᠢᠯᠢᠭᠵᠢᠭᠤᠯᠵᠣ᠂ ᠳᠡᠭᠡᠲᠤ ᠱᠠᠲᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ | ᠲᠠᠢ ᠭᠦᠢᠴᠡᠳ ᠣᠶᠠᠯᠳᠣᠭᠤᠯᠣᠨ᠂ ᠮᠠᠨ ᠤ ᠬᠤᠰᠢᠭᠤᠨ ᠤ ᠠᠵᠢᠯ ᠤᠨ ᠪᠣᠳᠠᠲᠣ ᠪᠠᠶᠢᠳᠠᠯ ᠳᠤ ᠰᠠᠭᠤᠷᠢᠯᠠᠵᠣ᠂ | ᠬᠠᠨᠳᠣᠯᠭᠠᠲᠣ ᠴᠢᠨᠠᠷ ᠢᠶᠠᠷ ᠴᠢᠩᠭ᠎ᠠ᠂ ᠦᠨᠡᠨᠬᠦ ᠶᠠᠪᠣᠭᠳᠠᠭᠤᠰᠢᠲᠠᠢ᠂ ᠪᠣᠳᠠᠲᠠᠢ ᠪᠦᠲᠦᠮᠵᠢᠲᠠᠢ ᠴᠡᠭᠴᠡᠯᠡᠨ | ᠰᠠᠶᠢᠵᠢᠷᠠᠭᠤᠯᠬᠤ ᠲᠦᠰᠦᠯ ᠢ ᠰᠣᠳᠣᠯᠣᠨ ᠲᠣᠭᠲᠠᠭᠠᠬᠤ ᠬᠡᠷᠡᠭᠲᠡᠢ᠃ ︽ᠬᠡᠷᠡᠭ ᠪᠣᠯᠭᠠᠨ ᠢ ᠠᠰ ᠠᠰ ᠲᠤᠨᠢ | ᠵᠦᠪᠯᠡᠬᠦ᠂ ᠨᠢᠭᠡ ᠬᠡᠷᠭ ᠲᠤ ᠨᠢᠭᠡ ᠠᠪᠴᠠᠯ ᠠᠪᠬᠤ︾ ᠠᠵᠢᠯ ᠤᠨ ᠵᠠᠷᠴᠢᠮ ᠶᠣᠰᠣᠭᠠᠷ᠂ ᠨᠢᠭᠡᠨᠲᠡ | ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠢ ᠵᠣᠷᠪᠣᠰ ᠲᠦᠷᠦᠯ ᠳᠠᠷᠠᠭᠠᠯᠠᠨ ᠡᠮᠬᠢᠯᠡᠵᠦ᠂ ᠬᠠᠮᠲᠤᠷᠠᠨ | ᠬᠦᠳᠡᠯᠦᠯᠴᠡᠬᠦ ᠲᠤᠭᠲᠠᠴᠠ ᠶᠢ ᠡᠬᠢᠯᠡᠭᠦᠯᠦᠨ᠂ ᠰᠠᠯᠠᠭ᠎ᠠ ᠮᠦᠴᠢᠷ ᠤᠨ ᠬᠠᠮᠲᠣᠷᠠᠯᠴᠠᠭ᠎ᠠ ᠬᠠᠮᠵᠢᠯᠴᠠᠭ᠎ᠠ ᠶᠢ | ᠴᠢᠩᠭᠠᠳᠬᠠᠵᠣ᠂ ᠠᠰᠠᠭᠤᠳᠠᠯ ᠨᠢᠭᠡᠪᠦᠷᠢ ᠶᠢ ᠴᠦᠮ ᠲᠣᠣᠱᠲᠠᠢ ᠴᠡᠭᠴᠡᠯᠡᠬᠦ ᠶᠢ ᠪᠠᠲᠤᠯᠠᠨ᠂ ᠲᠤᠰᠬᠠᠢ ᠲᠦᠷᠦᠯ ᠤᠨ | ᠴᠡᠭᠴᠡᠯᠡᠨ ᠵᠠᠰᠠᠬᠤ ᠠᠵᠢᠯ ᠪᠣᠳᠠᠲᠣ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢᠦ ᠶᠤᠸᠠᠨ᠂ ᠭᠤᠣ ᠷᠦᠩ ᠲᠠᠩ ᠵᠢᠴᠢ ᠵᠠᠰᠠᠭ ᠤᠨ ᠣᠷᠳᠣᠨ ᠤ ᠪᠠᠭ ᠤᠨ ᠪᠦᠷᠢᠯᠳᠣᠬᠦᠨ᠂ ᠬᠤᠰᠢᠭᠤ | ᠰᠢᠬᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠰᠢᠭᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ | ᠬᠡᠪᠴᠢᠶᠡᠨ ᠳᠠᠬᠢ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠠᠵᠢᠯ ᠤᠨ ᠣᠳᠣᠷᠢᠳᠬᠤ ᠳᠣᠭᠤᠶᠢᠯᠠᠩ ᠤᠨ | ᠭᠤᠤᠯ ᠴᠤᠭᠴᠠ ᠶᠢᠨ ᠠᠯᠪᠠᠨ ᠭᠡᠷ᠂ ᠬᠢᠨᠠᠯᠲᠠ ᠲᠠᠯᠪᠢᠬᠤ ᠠᠯᠪᠠᠨ ᠭᠡᠷ ᠤᠨ ᠡᠯ᠎ᠡ ᠳᠣᠭᠤᠶᠢᠯᠠᠩ ᠤᠨ ᠳᠠᠷᠤᠭ᠎ᠠ | ᠬᠤᠷᠠᠯ ᠳᠤ ᠰᠣᠯᠠ ᠣᠷᠣᠯᠴᠠᠪᠠ᠃ |