ᠪᠦᠷᠢᠨᠴᠢᠮᠡᠭ ᠲᠤᠭᠲᠠᠮᠠᠯ ᠬᠦᠷᠦᠩᠬᠡ ᠶᠢᠨ ᠪᠡᠯᠡ ᠣᠷᠣᠭᠤᠯᠣᠯᠲᠠ ᠪᠠ ᠠᠵᠤ ᠦᠢᠯᠡᠳᠪᠦᠷᠢ ᠶᠢᠨ ᠭᠤᠣᠯᠳᠠᠯᠭᠠᠲᠣ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠳᠤ ᠪᠠᠶᠢᠴᠠᠭᠠᠨ ᠰᠣᠳᠣᠯᠣᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020/8/20
    7 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠪᠦᠷᠢᠨᠴᠢᠮᠡᠭ ᠨᠦᠬᠦᠷ ᠬᠤᠰᠢᠭᠤ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ ᠳᠠᠭᠠᠭᠤᠯᠣᠨ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠣᠷ ᠲᠤ ᠪᠠᠶᠢᠴᠠᠭᠠᠨ ᠦᠵᠡᠬᠦ  ᠪᠠ ᠶᠠᠷᠢᠯᠴᠠᠨ ᠰᠠᠨᠠᠯ ᠰᠣᠯᠢᠯᠴᠠᠬᠤ ᠶᠢ ᠣᠶᠠᠯᠳᠣᠭᠤᠯᠬᠤ ᠠᠷᠭ᠎ᠠ ᠮᠠᠶ᠋ᠢᠭ ᠢᠶᠠᠷ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠪᠠ ᠭᠤᠣᠯᠳᠠᠯᠭᠠᠲᠣ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠲᠤᠬᠢᠷᠠᠭᠤᠯᠣᠯᠲᠠ ᠬᠢᠪᠡ᠃     ᠲᠦᠷᠦᠯ ᠵᠦᠢᠯ ᠤᠨ ᠠᠬᠤᠢ ᠲᠠᠯᠠᠪᠣᠷ ᠲᠤ᠂ ᠪᠦᠷᠢᠨᠴᠢᠮᠡᠭ ᠭᠤᠣᠯᠳᠠᠯᠭᠠᠲᠤ ᠲᠦᠷᠦᠯ ᠵᠦᠢᠯ ᠤᠨ ᠪᠡᠯᠡ ᠣᠷᠣᠭᠤᠯᠣᠯᠲᠠ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠨᠠᠷᠢᠨ ᠣᠶᠢᠯᠠᠭᠠᠵᠣ᠂ ᠠᠵᠤ ᠠᠬᠤᠶᠢᠯᠠᠯ ᠢ ᠠᠮᠣᠷ ᠳᠦᠪᠰᠢᠨ᠂ ᠶᠠᠰᠣ ᠴᠢᠨᠠᠷ ᠢ ᠪᠠᠲᠤᠯᠠᠭᠰᠠᠨ ᠣᠷᠢᠳᠠᠯ ᠳᠣᠣᠷ᠎ᠠ᠂ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠵᠦ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠪᠦᠬᠦ ᠬᠦᠴᠦᠨ ᠢᠶᠠᠷ ᠲᠦᠷᠭᠡᠳᠭᠡᠵᠦ᠂ ᠵᠢᠱᠢᠭᠰᠡᠨ ᠠᠬᠢᠴᠠ ᠪᠠᠨ ᠬᠦᠢᠴᠡᠬᠦ ᠶᠢ ᠦᠨᠡᠨᠬᠦ ᠪᠠᠲᠣᠯᠠᠨ ᠪᠡᠯᠡ ᠣᠷᠣᠭᠤᠯᠣᠯᠲᠠ ᠶᠢᠨ ᠲᠦᠯᠦᠪᠯᠡᠯᠭᠡ ᠪᠠᠨ  ᠪᠡᠶᠡᠯᠡᠭᠦᠯᠬᠦ ᠶᠢ ᠱᠠᠭᠠᠷᠳᠠᠭᠰᠠᠨ ᠪᠠᠶᠢᠨ᠎ᠠ  ᠃     ᠦᠳᠡᠰᠢ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠵᠢᠴᠢ ᠠᠵᠣ ᠦᠢᠯᠡᠳᠪᠦᠷᠢ ᠶᠢᠨ ᠭᠤᠣᠯᠳᠠᠯᠭᠠᠲᠣ ᠲᠦᠷᠦᠯ ᠵᠦᠢᠯ ᠤᠨ ᠲᠤᠬᠢᠷᠠᠭᠤᠯᠣᠯᠲᠠ ᠶᠢᠨ ᠬᠤᠷᠠᠯ ᠢ ᠬᠤᠷᠠᠯᠳᠣᠭᠤᠯᠪᠠ᠃ ᠲᠤᠬᠢᠷᠠᠭᠤᠯᠣᠯᠲᠠ ᠶᠢᠨ ᠬᠤᠷᠠᠯ ᠳᠡᠭᠡᠷ᠎ᠡ᠂ ᠪᠦᠷᠢᠨᠴᠢᠮᠡᠭ ᠶᠠᠭᠠᠤᠨ ᠤ ᠡᠮᠦᠨ᠎ᠡ ᠱᠢ ᠲᠠᠢ ᠹᠧᠩ ᠱᠦᠵᠢ ᠶᠢᠨ ᠣᠷᠳᠣᠰ ᠲᠤ ᠪᠠᠶᠢᠴᠠᠭᠠᠨ ᠰᠣᠳᠣᠯᠣᠯᠲᠠ ᠬᠢᠭᠰᠡᠨ ᠵᠢᠭᠠᠪᠣᠷᠢ ᠶᠢᠨ ᠵᠣᠷᠢᠭ ᠰᠠᠨᠠᠭ᠎ᠠ ᠪᠠ ᠨᠢᠤ ᠵᠢᠶᠦ᠋ᠨ ᠶᠠᠨ ᠱᠦᠵᠢ ᠶᠢᠨ ᠴᠣᠬᠤᠯᠠᠪᠣᠷᠢ ᠶᠢᠨ ᠱᠠᠭᠠᠷᠳᠠᠯᠭ᠎ᠠ ᠶᠢ ᠣᠯᠠᠮᠵᠢᠯᠠᠨ᠂ ᠣᠳᠣᠬᠠᠨ ᠤ ᠪᠠᠶᠢᠳᠠᠯ ᠢ ᠪᠦᠬᠦ ᠲᠠᠯ᠎ᠠ ᠪᠠᠷ ᠵᠠᠳᠠᠯᠣᠨ ᠮᠠᠭᠠᠳᠯᠠᠵᠣ ᠲᠦᠷᠦᠯ ᠵᠦᠢᠯ ᠤᠨ ᠪᠡᠯᠡ ᠣᠷᠣᠭᠤᠯᠣᠯᠲᠠ ᠶᠢᠨ ᠪᠠᠶᠢᠳᠠᠯ ᠪᠠ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠪᠡᠯᠡ ᠣᠷᠣᠭᠤᠯᠣᠯᠲᠠ ᠪᠦᠲᠦᠭᠡᠨ ᠪᠠᠶᠢᠭᠤᠯᠤᠯᠲᠠ ᠶᠢᠨ ᠳᠣᠮᠳᠠ ᠣᠷᠣᠰᠢᠵᠣ ᠪᠠᠶᠢᠭ᠎ᠠ ᠬᠦᠴᠢᠷᠳᠡᠯ ᠪᠠ ᠠᠰᠠᠭᠤᠳᠠᠯ ᠢ ᠳᠠᠷᠠᠭᠠᠯᠠᠨ ᠰᠣᠨᠣᠰᠣᠭᠰᠠᠨ ᠪᠦᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠤᠬᠠᠢ ᠶᠢᠨ ᠲᠠᠯᠠᠪᠣᠷ ᠲᠤᠨᠢ ᠲᠠᠶᠢᠯᠪᠣᠷᠢ ᠬᠢᠨ᠂ ᠣᠪᠣᠷ ᠢᠶᠠᠨ ᠢᠯᠡᠳᠭᠡᠵᠦ᠂ ᠪᠣᠳᠠᠲᠠᠢ ᠨᠠᠶᠢᠲᠠᠪᠣᠷᠢᠵᠢᠭᠤᠯᠣᠨ᠂ ᠠᠵᠤ ᠠᠬᠤᠶᠢᠯᠡᠯ ᠢ ᠬᠠᠪᠰᠣᠷᠣᠨ ᠠᠰᠠᠭᠤᠳᠠᠯ ᠢ ᠦᠨᠡᠨ ᠬᠦ  ᠰᠢᠢᠳᠪᠦᠷᠢᠯᠡᠨ ᠦᠭᠴᠦ᠂ ᠠᠵᠤ ᠠᠬᠤᠶᠢᠯᠡᠯ ᠤᠨ ᠪᠡᠯᠡ ᠣᠷᠣᠭᠤᠯᠣᠯᠲᠠ ᠶᠢᠨ ᠢᠲᠡᠭᠡᠯ ᠪᠠ ᠬᠦᠴᠦᠯᠡᠴᠡ ᠶᠢ ᠨᠡᠮᠡᠭᠳᠡᠭᠦᠯᠦᠭᠰᠡᠨ ᠪᠠᠶᠢᠨ᠎ᠠ᠃ ᠪᠦᠷᠢᠨᠴᠢᠮᠡᠭ᠂ ᠴᠢᠬᠤᠯᠠ ᠶᠡᠭᠡ ᠲᠦᠷᠦᠯ ᠵᠦᠢᠯ ᠪᠣᠯ ᠬᠤᠰᠢᠭᠤᠨ ᠤ ᠴᠢᠨᠠᠷᠯᠢᠭ ᠬᠦᠭᠵᠢᠯᠲᠡ ᠶᠢ ᠠᠬᠢᠭᠤᠯᠬᠤ ᠴᠢᠬᠤᠯᠠ ᠬᠦᠳᠡᠯᠭᠡᠭᠦᠷ ᠪᠠ ᠭᠠᠷᠳᠠᠴᠠ ᠪᠤᠯᠬᠤᠷ ᠠᠵᠣ ᠠᠬᠤᠢ ᠨᠡᠶᠢᠬᠡᠮ ᠤᠨ ᠬᠦᠭᠵᠢᠯᠲᠡ ᠳᠣᠮᠳᠠ ᠪᠠᠶᠢᠯᠳᠣᠬᠤ ᠪᠣᠳᠣᠯᠭ᠎ᠠ ᠶᠢᠨ ᠵᠢᠯᠣᠭᠤᠳᠣᠯᠭ᠎ᠠ ᠪᠠ ᠳᠠᠶᠢᠴᠢᠯᠠᠯᠲᠠ ᠶᠢᠨ ᠦᠢᠯᠡᠳᠦᠯ ᠲᠠᠢ᠂ ᠬᠦᠴᠢᠷᠳᠡᠯ ᠤᠨ ᠵᠠᠩᠭᠢᠯᠠᠭ᠎ᠠ ᠶᠢᠨ ᠴᠠᠭ ᠮᠦᠴᠡ ᠳᠤ᠂ ᠲᠦᠷᠦᠯ ᠵᠦᠢᠯ ᠤᠨ ᠪᠡᠯᠡ ᠣᠷᠣᠭᠤᠯᠣᠯᠲᠠ  ᠪᠦᠲᠦᠭᠡᠨ ᠪᠠᠶᠢᠭᠤᠯᠣᠯᠲᠠ ᠶᠢ ᠣᠯᠠᠮ ᠰᠠᠶᠢᠲᠣᠷ ᠠᠳᠬᠤᠵᠣ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠡᠭᠦᠷᠭᠡ ᠪᠠᠨ ᠤᠯᠠᠮ ᠨᠢᠭᠡ ᠠᠯᠬᠤᠮ ᠲᠤᠲᠤᠷᠬᠠᠶᠢᠯᠠᠨ᠂ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠨ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠲᠤᠰᠬᠠᠢ ᠪᠠᠭ ᠪᠠᠶᠢᠭᠤᠯᠤᠨ ᠠᠵᠤ ᠠᠬᠤᠶᠢᠯᠠᠯ ᠳᠤ ᠦᠢᠯᠡᠴᠢᠯᠡᠬᠦ ᠪᠠᠨ ᠪᠠᠲᠤᠯᠠᠨ᠂ ᠭᠤᠣᠯᠳᠠᠯᠭᠠᠲᠣ ᠲᠦᠷᠦᠯ ᠵᠦᠢᠯ ᠤᠨ ᠪᠡᠯᠡ ᠣᠷᠣᠭᠤᠯᠣᠯᠲᠠ  ᠪᠦᠲᠦᠭᠡᠨ ᠪᠠᠶᠢᠭᠤᠯᠣᠯᠲᠠ ᠶᠢ ᠲᠦᠷᠭᠡᠳᠭᠡᠵᠦ᠂ 8 ᠳ᠋ᠣᠭᠠᠷ ᠰᠠᠷ᠎ᠠ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠪᠠ ᠡᠳ᠋ ᠤᠨ ᠵᠠᠰᠠᠭ ᠤᠨ ᠣᠷᠣᠯᠭ᠎ᠠ ᠵᠡᠷᠭᠡ ᠭᠦᠢᠴᠡᠳᠭᠡᠯ ᠲᠤᠭ᠎ᠠ ᠰᠦᠭᠡᠷᠬᠦ ᠠᠴᠠ ᠪᠠᠨ ᠡᠶᠡᠷᠬᠦ ᠪᠣᠯᠬᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号