7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ | ᠳᠣᠭᠤᠶᠢᠯᠠᠩ ᠤᠨ 2020 ᠣᠨ ᠤ ᠳᠣᠯᠣᠳᠣᠭᠠᠷ ᠤᠳᠠᠭᠠᠨ ᠤ ᠲᠦᠪᠯᠡᠷᠡᠩᠭᠦᠢ ᠰᠣᠷᠣᠯᠴᠠᠯᠭ᠎ᠠ ᠶᠢᠨ ᠬᠤᠷᠠᠯ | ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠮᠠ ᠵᠢᠶᠠ ᠰᠢᠨ ᠬᠤᠷᠠᠯ ᠡᠷᠬᠢᠯᠡᠪᠡ᠃ | ᠬᠤᠷᠠᠯ ᠠᠴᠠ ᠥᠪᠦᠷ ᠮᠣᠩᠭᠤᠯ ᠤᠨ ᠨᠠᠮ ᠤᠨ ᠰᠣᠷᠭᠠᠭᠤᠯᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ | ᠳᠡᠭᠡᠳᠦ ᠰᠣᠷᠭᠠᠭᠤᠯᠢ ᠶᠢᠨ ᠬᠠᠤᠯᠢ ᠶᠢᠨ ᠤᠬᠠᠭᠠᠨ ᠤ ᠬᠡᠯᠲᠡᠰ ᠤᠨ ᠡᠷᠬᠢᠯᠡᠭᠴᠢ ᠬᠤᠸᠠᠩ ᠸᠧᠢ ᠫᠷᠦᠹᠧᠰᠰᠦᠷ ᠢ | ᠣᠷᠢᠨ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ᠂ ︽ᠢᠷᠭᠡᠨ ᠤ ᠬᠠᠤᠯᠢ ᠤᠨ ᠪᠢᠴᠢᠭ︾ ᠢ | ᠨᠡᠶᠢᠲᠡᠯᠡᠭᠰᠡᠨ ᠴᠢᠬᠤᠯᠠ ᠠᠴᠢ ᠬᠤᠯᠪᠤᠭᠳᠠᠯ᠂ ᠭᠤᠤᠯ ᠠᠭᠤᠯᠭ᠎ᠠ ᠶᠢᠨ ᠲᠤᠬᠠᠢ ᠨᠠᠷᠢᠯᠢᠭ ᠭᠦᠨᠵᠡᠭᠡᠢ ᠲᠠᠶᠢᠯᠪᠤᠷᠢ | ᠬᠢᠯᠭᠡᠵᠡᠢ᠃ | ᠬᠤᠷᠠᠯ ᠠᠴᠠ ︽ᠢᠷᠭᠡᠨ ᠤ ᠬᠠᠤᠯᠢ ᠶᠢᠨ ᠪᠢᠴᠢᠭ︾ ᠪᠣᠯ ᠰᠢᠨ᠎ᠡ ᠳᠣᠮᠳᠠᠳᠣ ᠤᠯᠤᠰ ᠪᠠᠶᠢᠭᠤᠯᠤᠭᠳᠠᠭᠰᠠᠨ | ᠠᠴᠠ ᠨᠠᠰᠢᠬᠢ ᠠᠩᠬᠠᠳᠠᠭᠴᠢ ︽ᠬᠠᠤᠯᠢ ᠶᠢᠨ ᠪᠢᠴᠢᠭ︾ ᠢᠶᠠᠷ ᠨᠠᠷᠡᠶᠢᠳᠦᠭᠰᠡᠨ ᠬᠠᠤᠯᠢ ᠴᠠᠭᠠᠵᠠ᠂ ᠰᠢᠨ᠎ᠡ ᠴᠠᠭ | ᠦᠶ᠎ᠡ ᠶᠢᠨ ᠮᠠᠨ ᠤ ᠤᠯᠤᠰ ᠤᠨ ᠨᠡᠶᠢᠬᠡᠮ ᠵᠢᠷᠣᠮᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠶᠡᠭᠡ | ᠦᠷ᠎ᠡ ᠪᠦᠲᠦᠮᠵᠢ ᠪᠣᠯᠣᠨ᠎ᠠ᠃ ᠡᠯ᠎ᠡ ᠱᠠᠲᠤᠨ ᠤ ᠨᠠᠮ ᠤᠨ ᠭᠡᠰᠢᠭᠦᠨ ᠣᠳᠣᠷᠢᠳᠬᠤ ᠺᠳ᠋ᠷᠴᠣᠳ ︽ᠢᠷᠭᠡᠨ ᠤ | ᠬᠠᠤᠯᠢ ᠶᠢᠨ ᠪᠢᠴᠢᠭ︾ ᠢ ᠨᠡᠶᠢᠲᠡᠯᠡᠨ ᠬᠡᠷᠡᠭᠵᠢᠭᠦᠯᠦᠭᠰᠡᠨ ᠴᠢᠬᠤᠯᠠ ᠶᠡᠭᠡ ᠠᠴᠢ ᠬᠤᠯᠪᠤᠭᠳᠠᠯ ᠪᠠ ᠨᠦᠯᠦᠭᠡ ᠶᠢ | ᠬᠦᠨᠵᠡᠭᠡᠢ ᠣᠶᠢᠯᠭᠠᠬᠤ ᠬᠡᠷᠡᠭᠲᠡᠢ᠃ ︽ᠢᠷᠭᠡᠨ ᠤ ᠬᠠᠤᠯᠢ ᠶᠢᠨ ᠪᠢᠴᠢᠭ︾ ᠤᠨ ᠦᠨᠳᠦᠰᠤᠨ ᠱᠠᠭᠠᠷᠳᠠᠯᠭ᠎ᠠ ᠶᠢ | ᠰᠢᠨᠵᠢᠯᠡᠬᠦ ᠤᠬᠠᠭᠠᠨᠴᠢ ᠪᠠᠷ ᠲᠤᠤᠱᠯᠠᠭᠤᠯᠤᠨ ᠬᠡᠷᠡᠭᠵᠢᠭᠦᠯᠵᠦ᠂ ᠮᠠᠨ ᠤ ᠬᠤᠰᠢᠭᠤᠨ ᠤ ᠬᠠᠤᠯᠢ ᠪᠠᠷ ᠵᠠᠰᠠᠬᠤ | ᠨᠡᠶᠢᠬᠡᠮ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠬᠢᠷᠢ | ᠳᠦᠪᠰᠢᠨ ᠳᠤ ᠬᠦᠷᠭᠡᠬᠦ ᠶᠢ ᠦᠨᠡᠨ ᠬᠦ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠪᠦᠬᠦ ᠬᠤᠰᠢᠭᠤᠨ ᠤ ᠳᠡᠳ᠋ ᠰᠢᠶᠡᠨ ᠤ ᠲᠡᠰ ᠠᠴᠠ ᠳᠡᠭᠡᠭᠰᠢᠬᠢ ᠬᠤᠰᠢᠭᠤᠨ ᠳᠤ ᠪᠠᠨ ᠪᠠᠶᠢᠭ᠎ᠠ ᠣᠳᠣᠷᠢᠳᠬᠤ | ᠺᠠᠳ᠋ᠷ᠂ ᠡᠯ᠎ᠡ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ ᠤᠨ | ᠬᠠᠷᠢᠭᠤᠴᠠᠯᠭᠠᠲᠠᠳ ᠰᠣᠷᠣᠯᠴᠠᠯᠭ᠎ᠠ ᠳᠤ ᠣᠷᠣᠯᠴᠠᠪᠠ᠃ |