ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠤᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠭᠡ᠂ ᠨᠠᠩᠰᠣ | ᠪᠠᠯᠭᠠᠰᠣ ︽ᠵᠤᠷᠯᠣᠩ ᠤᠨ ᠦᠭᠡᠷᠡᠴᠢᠯᠡᠯᠲᠡ︾ ᠶᠢ ᠪᠦᠬᠦ ᠬᠦᠴᠦᠨ ᠢᠶᠠᠷ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠤᠣᠷ ᠬᠦᠨᠦᠭᠡᠯ ᠦᠭᠡᠢ ᠠᠷᠢᠭᠤᠨ ᠴᠡᠪᠡᠷ ᠵᠣᠷᠯᠣᠩ ᠤᠨ | ᠦᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠣᠢ ᠃ | ᠨᠢᠭᠡ ᠳᠤ ᠣᠬᠠᠭᠤᠯᠣᠨ ᠳᠠᠶᠢᠴᠢᠯᠠᠬᠤ ᠶᠢ ᠴᠢᠩᠭᠠᠳᠬᠠᠵᠣ᠂ ᠡᠷᠦᠭᠡ ᠪᠣᠯᠭᠠᠨ ᠳᠤ ᠮᠡᠳᠡᠭᠳᠡᠪᠡ᠃ | ᠪᠠᠯᠭᠠᠰᠣᠨ ᠠᠴᠠ ᠳᠠᠶᠢᠴᠢᠯᠠᠯᠲᠠ ᠶᠢᠨ ᠬᠤᠷᠠᠯ ᠬᠢᠵᠦ᠂ ᠭᠠᠴᠠᠭᠠᠨ ᠤ ᠬᠢᠨ ᠸᠢᠴᠠᠲ ᠠᠵᠢᠯ ᠤᠨ ᠬᠤᠯᠪᠣᠭ᠎ᠠ ᠶᠢ | ᠬᠦᠢᠴᠠᠳ ᠠᠰᠢᠭᠯᠠᠨ᠂ ᠮᠠᠯᠴᠢᠨ ᠲᠠᠷᠢᠶᠠᠴᠢᠨ ᠡᠷᠦᠬᠡ ᠶᠢᠨ ᠵᠤᠷᠯᠤᠩ ᠤᠨ ᠦᠭᠡᠷᠡᠴᠢᠯᠡᠯᠲᠡ ᠶᠢᠨ ᠴᠢᠬᠤᠯᠠ ᠠᠴᠢ | ᠬᠤᠯᠪᠣᠭᠳᠠᠯ ᠢ ᠶᠡᠬᠡᠪᠡᠷ ᠣᠬᠠᠭᠤᠯᠵᠣ᠂ ᠮᠠᠯᠴᠢᠨ ᠲᠠᠷᠢᠶᠠᠴᠢᠳ ᠤᠨ ᠮᠡᠳᠡᠬᠦ ᠤᠷᠣᠯᠴᠠᠬᠤ ᠨᠣᠷᠮ᠎ᠠ ᠶᠢ | ᠳᠡᠭᠡᠭᠰᠢᠯᠡᠭᠦᠯᠵᠦ᠂ ᠭᠡᠷ ᠬᠦᠷᠢᠶᠠᠨ ᠤ ᠣᠷᠴᠢᠨ ᠲᠤᠭᠤᠷᠢᠨ ᠢ ᠰᠠᠶᠢᠵᠢᠷᠠᠭᠤᠯᠬᠤ᠂ ᠨᠡᠶᠢᠲᠠ ᠶᠢᠨ ᠡᠷᠡᠭᠦᠯ | ᠬᠠᠮᠠᠭᠠᠯᠠᠯ ᠤᠨ ᠣᠷᠴᠢᠨ ᠲᠤᠭᠤᠷᠢᠨ ᠢ ᠬᠠᠮᠠᠭᠠᠯᠠᠬᠤ ᠣᠬᠠᠮᠰᠠᠷ ᠢ ᠨᠡᠮᠡᠭᠳᠡᠭᠦᠯᠦᠨ᠂ ᠤᠯᠠᠨ ᠲᠦᠮᠡᠨ ᠤ | ᠰᠠᠨᠠᠭᠠᠴᠢᠯᠠᠭ᠎ᠠ ᠲᠠᠢ ᠣᠷᠣᠯᠴᠠᠯᠭ᠎ᠠ ᠶᠢ ᠳᠠᠶᠢᠴᠢᠯᠠᠪᠠ᠃ | ᠬᠤᠶᠠᠷ ᠲᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠰᠠᠭᠤᠷᠢ ᠲᠤᠭ᠎ᠠ ᠪᠠᠨ ᠲᠤᠲᠤᠷᠬᠠᠶᠢᠯᠠᠪᠠ᠃ ᠡᠯ᠎ᠡ | ᠭᠠᠴᠠᠭ᠎ᠠ ᠶᠢ ᠱᠠᠭᠠᠷᠳᠠᠨ ᠵᠣᠷᠯᠣᠩ ᠤᠨ ᠣᠳᠣᠬᠢ ᠪᠠᠶᠢᠳᠠᠯ᠂ ᠵᠣᠷᠯᠣᠩ ᠢ ᠦᠭᠡᠷᠡᠴᠢᠯᠡᠬᠦ ᠬᠡᠯᠪᠡᠷᠢ ᠵᠢᠴᠢ | ᠬᠡᠷᠡᠭᠴᠡᠭᠡ ᠶᠢ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ ᠬᠠᠷᠠᠭᠠᠯᠵᠠᠭᠰᠠᠨ ᠬᠦᠰᠦᠨᠦᠭᠲᠦ ᠵᠤᠬᠢᠶᠠᠨ᠂ ᠡᠯ᠎ᠡ | ᠵᠦᠢᠯ ᠤᠨ ᠵᠣᠷᠯᠣᠩ ᠢ ᠦᠭᠡᠷᠡᠴᠢᠯᠡᠬᠦ ᠪᠦᠷᠢᠳᠭᠡᠯ ᠬᠢᠵᠦ᠂ ᠰᠠᠭᠤᠷᠢ ᠲᠤᠭ᠎ᠠ ᠲᠤᠲᠤᠷᠬᠠᠢ᠂ ᠦᠨᠳᠦᠰᠦᠨ ᠪᠠᠶᠢᠳᠠᠯ | ᠲᠣᠳᠣ ᠪᠠᠶᠢᠬᠤ ᠶᠢ ᠪᠠᠲᠤᠯᠠᠨ᠂ ᠪᠠᠷᠢᠯᠭᠠᠣᠷᠣᠭᠰᠢᠲᠠᠢ ᠶᠠᠪᠣᠭᠳᠠᠬᠤ ᠳᠤ ᠰᠠᠭᠤᠷᠢ ᠲᠠᠯᠪᠢᠪᠠ᠃ | ᠭᠤᠷᠪᠠ ᠳᠤ ᠲᠠᠨᠢᠯᠲᠠ ᠪᠠᠨ ᠲᠠᠬᠢᠨ ᠳᠡᠭᠡᠭᠰᠢᠯᠡᠭᠦᠯᠪᠡ᠃ ᠪᠠᠯᠭᠠᠰᠣ᠂ ᠭᠠᠴᠠᠭ᠎ᠠ ᠬᠤᠶᠠᠷ ᠱᠠᠲᠣ ᠪᠠᠷ ᠢᠶᠠᠨ | ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠦᠭᠡᠷᠡᠴᠢᠯᠡᠯᠲᠡ︾ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠣ᠂ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠦᠭᠡᠷᠡᠴᠢᠯᠡᠬᠦ ᠠᠵᠢᠯ ᠢ ᠦᠨᠦ ᠵᠢᠯ ᠤᠨ ᠠᠷᠠᠳ ᠤᠨ | ᠠᠮᠢᠳᠣᠷᠠᠯ ᠤᠨ ᠪᠣᠳᠠᠲᠣ ᠶᠠᠪᠣᠳᠠᠯ ᠤᠨ ᠨᠢᠭᠡ ᠪᠣᠯᠭᠠᠨ᠂ ᠣᠯᠣᠰ ᠲᠦᠷᠦ ᠶᠢᠨ ᠲᠠᠨᠢᠯᠲᠠ ᠪᠠᠨ ᠳᠡᠭᠡᠭᠰᠢᠯᠡᠭᠦᠯᠵᠦ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠢᠭᠡᠳᠦᠭᠡᠷ | ᠬᠠᠷᠢᠭᠤᠴᠠᠯᠭᠠᠲᠠᠨ ᠪᠣᠯᠵᠣ᠂ ᠪᠡᠶ᠎ᠡ ᠪᠠᠷ ᠢᠶᠠᠨ ᠣᠷᠣᠯᠴᠠᠨ ᠬᠢᠨᠠᠨ ᠵᠢᠯᠣᠭᠤᠳᠣᠯᠭ᠎ᠠ ᠪᠠᠨ ᠴᠢᠩᠭᠠᠳᠬᠠᠵᠤ᠂ ᠭᠠᠴᠠᠭ᠎ᠠ | ᠱᠠᠲᠤᠨ ᠤ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ ᠪᠣᠳᠠᠲᠠᠢ ᠬᠠᠷᠢᠭᠤᠴᠠᠭᠴᠢ ᠲᠤᠬᠢᠷᠠᠭᠤᠯᠣᠨ᠂ ᠴᠠᠭ | ᠬᠤᠭᠤᠴᠠᠭ᠎ᠠ ᠶᠣᠰᠣᠭᠠᠷ ᠠᠵᠢᠯ ᠢᠶᠠᠨ ᠠᠬᠢᠭᠤᠯᠵᠤ᠂ ᠲᠤᠭᠲᠠᠭᠰᠠᠨ ᠴᠠᠭ ᠲᠤ ᠦᠨᠳᠦᠷ ᠪᠦᠲᠦᠮᠵᠢᠲᠡᠢ ᠪᠠᠷ ᠮᠠᠯᠵᠢᠬᠤ | ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠦᠭᠡᠷᠡᠴᠢᠯᠡᠬᠦ ᠡᠭᠦᠷᠭᠡ ᠪᠠᠨ ᠪᠠᠶᠠᠯᠡᠭᠦᠯᠬᠦ ᠳᠤ ᠪᠠᠲᠤᠯᠠᠭ᠎ᠠ | ᠬᠠᠩᠭᠠᠪᠠ ᠃ | ᠣᠳᠣᠬᠠᠨ ᠳᠤ᠂ ᠡᠷᠦᠬᠡ ᠶᠢᠨ ᠵᠣᠷᠯᠣᠩ ᠤᠨ ᠦᠭᠡᠷᠡᠴᠢᠯᠡᠯᠲᠡ ᠶᠢᠨ ᠨᠣᠷᠮ᠎ᠠ 85 % ᠶᠢ ᠳᠠᠪᠠᠵᠣ᠂ | ᠦᠯᠡᠳᠡᠭᠰᠡᠨ ᠡᠯ᠎ᠡ ᠭᠠᠴᠠᠭᠠᠨ ᠤ ᠬᠢᠨ ᠪᠠᠶᠢᠴᠠᠭᠠᠯᠲᠠ ᠪᠠᠨ ᠨᠢᠭᠡᠨᠲᠡ ᠪᠦᠬᠦᠨ ᠢ ᠳᠠᠭᠤᠰᠬᠠᠵᠣ᠂ ᠶᠠᠭ ᠪᠠᠷᠢᠯᠭ᠎ᠠ ᠶᠢᠨ | ᠠᠩᠬᠢ ᠲᠠᠢ ᠢᠳᠡᠪᠬᠢᠲᠡᠢ ᠬᠠᠷᠢᠯᠴᠠᠨ᠂ ᠵᠣᠷᠯᠣᠩ ᠦᠭᠡᠷᠡᠴᠢᠯᠡᠬᠦ ᠪᠠᠷᠢᠯᠭ᠎ᠠ ᠶᠢ ᠡᠬᠢᠯᠡᠭᠦᠯᠬᠦ ᠪᠠᠷ ᠪᠣᠢ᠃ |