ᠭᠠᠴᠠᠭ᠎ᠠ ᠲᠤᠰᠬᠤᠨ ᠤ ᠬᠠᠮᠲᠤ ᠶᠢᠨ ᠠᠵᠣ ᠠᠬᠤᠢ ᠶᠢ ᠬᠦᠭᠵᠢᠭᠦᠯᠬᠦ ᠪᠣᠯ ᠨᠠᠮ ᠤᠨ ᠮᠠᠯᠵᠢᠬᠤ ᠲᠠᠷᠢᠶᠠᠯᠠᠬᠤ | ᠣᠷᠣᠨ ᠳᠤ ᠲᠦᠷᠦ ᠪᠠᠷᠢᠬᠤ ᠰᠠᠭᠤᠷᠢ ᠪᠠ ᠲᠦᠷᠦ ᠪᠠᠷᠢᠬᠤ ᠪᠠᠶᠢᠷᠢ ᠰᠠᠭᠤᠷᠢ ᠲᠠᠢ ᠬᠤᠯᠪᠣᠭᠳᠠᠬᠤ ᠴᠢᠬᠤᠯᠠ ᠶᠡᠭᠡ | ᠣᠯᠣᠰ ᠲᠦᠷᠦ ᠶᠢᠨ ᠠᠰᠠᠭᠤᠳᠠᠯ᠂ ᠭᠠᠴᠠᠭ᠎ᠠ ᠲᠣᠰᠬᠤᠨ ᠤ ᠵᠤᠬᠢᠶᠠᠨ ᠪᠠᠶᠢᠭᠤᠯᠣᠯᠲᠠ ᠶᠢᠨ ᠠᠷᠠᠳ ᠲᠤ | ᠦᠢᠯᠡᠴᠢᠯᠡᠬᠦ ᠴᠢᠳᠠᠪᠣᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠠᠪᠴᠠᠯ ᠪᠣᠯᠣᠨ᠎ᠠ᠃ ᠣᠶᠢᠷ᠎ᠠ ᠶᠢᠨ ᠵᠢᠯ ᠠᠴᠠ ᠨᠠᠰᠢ᠂ | ᠤᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠣ ᠪᠠᠯᠭᠠᠰᠣ ᠭᠠᠴᠠᠭ᠎ᠠ ᠲᠤᠰᠬᠤᠨ ᠤ ᠬᠠᠮᠲᠤ ᠶᠢᠨ ᠠᠵᠤ | ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠬᠤ ᠶᠢ ᠢᠮᠠᠭᠲᠠ ᠦᠨᠳᠦᠰᠦᠨ ᠱᠠᠲᠤᠨ ᠤ ᠵᠤᠬᠢᠶᠠᠨ ᠪᠠᠶᠢᠭᠤᠯᠣᠯᠲᠠ ᠶᠢᠨ | ᠴᠤᠭᠴᠠᠯᠠᠯᠲᠠ ᠶᠢᠨ ᠨᠢᠭᠡᠨ ᠴᠢᠬᠤᠯᠠ ᠡᠭᠦᠷᠭᠡ ᠪᠣᠯᠭᠠᠵᠣ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ | ᠬᠦᠭᠵᠢᠭᠦᠯᠦᠨ ᠪᠣᠵᠠᠭᠠᠶᠢᠷᠠᠭᠤᠯᠬᠤ ᠪᠦᠲᠦᠮᠵᠢᠲᠠᠢ ᠠᠷᠭ᠎ᠠ ᠪᠠ ᠪᠠᠶᠠᠯᠠᠭᠦᠯᠬᠦ ᠬᠡᠯᠪᠡᠷᠢ ᠶᠢ ᠢᠳᠡᠪᠬᠢᠲᠡᠢ ᠰᠦᠪᠡᠭᠴᠢᠯᠡᠨ᠂ | ᠨᠠᠮ ᠤᠨ ᠪᠠᠶᠢᠭᠤᠯᠤᠯᠲᠠ ᠶᠢᠨ ᠳᠠᠶᠢᠴᠢᠯᠠᠯ᠂ ᠡᠬᠢ ᠪᠠᠶᠠᠯᠢᠭ ᠤᠨ ᠡᠮᠬᠢᠯᠡᠯ᠂ ᠮᠠᠯᠴᠢᠨ ᠲᠠᠷᠢᠶᠠᠴᠢᠨ ᠤ | ᠣᠷᠣᠯᠴᠠᠯᠭ᠎ᠠ ᠶᠢ ᠠᠭᠤᠰᠣᠯᠴᠠᠭᠤᠯᠣᠭᠰᠠᠨ ᠬᠦᠭᠵᠢᠯ ᠪᠣᠵᠠᠭᠠᠶᠢᠷᠠᠭᠤᠯᠣᠯᠲᠠ ᠶᠢᠨ ᠵᠠᠮ ᠢ ᠨᠡᠭᠡᠭᠡᠭᠰᠡᠨ ᠪᠠᠶᠢᠨ᠎ᠠ ᠃ | ᠨᠠᠮ ᠤᠨ ᠪᠠᠶᠢᠭᠤᠯᠣᠯᠲᠠ ᠶᠢᠨ ᠳᠠᠶᠢᠴᠢᠯᠠᠯ ᠢᠶᠠᠷ ᠬᠠᠮᠲᠤ ᠶᠢᠨ ᠠᠵᠣ ᠠᠬᠤᠢ ︽ᠰᠦᠨᠡᠰᠦ︾ ᠲᠠᠢ ᠪᠣᠯᠪᠠ᠃ | ᠪᠣᠷᠣᠪᠠᠯᠭᠠᠰᠣ ᠪᠠᠯᠭᠠᠰᠣ ᠭᠠᠴᠠᠭ᠎ᠠ ᠲᠤᠰᠬᠤᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠳᠠᠪᠠᠭᠤᠯᠢᠭ ᠢ | ᠪᠠᠳᠠᠷᠠᠭᠤᠯᠣᠨ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠪᠠᠭ ᠢ ᠰᠣᠩᠭᠤᠨ ᠰᠢᠯᠢᠳᠡᠭᠵᠢᠭᠦᠯᠵᠦ᠂ | ︽ᠡᠩᠨᠡᠭᠡ ᠰᠣᠯᠠ︾ ᠠᠰᠠᠭᠤᠳᠠᠯ ᠢ ᠰᠢᠢᠳᠪᠦᠷᠢᠯᠡᠪᠡ᠃ 2018 ᠣᠨ ᠳᠤ ᠭᠠᠴᠠᠭ᠎ᠠ ᠲᠣᠰᠬᠤᠨ ᠤ ︽ᠬᠤᠶᠠᠷ | ᠵᠦᠪᠯᠡᠯ︾ ᠬᠤᠭᠤᠴᠠᠭ᠎ᠠ ᠰᠣᠯᠢᠭᠰᠠᠨ ᠠᠴᠠ ᠨᠠᠰᠢ᠂ ᠭᠠᠳᠠᠭᠰᠢ ᠭᠠᠷᠴᠣ ᠠᠵᠢᠯ ᠬᠢᠵᠦ ᠪᠠᠶᠢᠭᠠᠳ ᠨᠤᠲᠤᠭ ᠲᠠᠭᠠᠨ | ᠪᠤᠴᠠᠭᠰᠠᠨ ᠵᠠᠯᠠᠭᠤᠴᠣᠳ᠂ ᠪᠠᠶᠠᠵᠢᠯ ᠤᠨ ᠲᠤᠯᠤᠭᠠᠶᠢᠯᠠᠭᠴᠢ ᠵᠡᠷᠭᠡ ᠰᠢᠯᠢᠳᠡᠭ ᠴᠢᠳᠠᠪᠣᠷᠢᠲᠠᠨ ᠢ ᠪᠡᠯᠡᠳᠭᠡᠯ ᠺᠠᠳ᠋ᠷ ᠤᠨ | ᠬᠦᠮᠦᠷᠭᠡ ᠳᠤ ᠣᠷᠣᠭᠤᠯᠪᠠ︔ ᠣᠯᠠᠷᠢᠯ ᠪᠣᠯᠭᠠᠨ ᠭᠠᠴᠠᠭ᠎ᠠ ᠲᠣᠰᠬᠤᠨ ᠤ ︽ᠬᠤᠶᠠᠷ ᠵᠦᠪᠯᠡᠯ︾ ᠤᠨ ᠺᠠᠳ᠋ᠷ ᠲᠤ | ᠪᠣᠯᠪᠠᠰᠣᠷᠠᠯ ᠬᠦᠷᠲᠡᠭᠡᠭᠰᠡᠨ ᠪᠦᠭᠡᠳ ᠭᠠᠴᠠᠭ᠎ᠠ ᠲᠤᠰᠬᠤᠨ ᠤ ᠺᠠᠳ᠋ᠷ ᠤᠨ ᠳᠠᠬᠢᠨ ᠰᠣᠷᠣᠯᠴᠠᠬᠤ᠂ ᠳᠠᠬᠢᠨ | ᠪᠣᠯᠪᠠᠰᠣᠷᠠᠬᠤ ᠶᠢ ᠵᠣᠷᠢᠭᠵᠢᠭᠤᠯᠪᠠ᠃ ᠲᠣᠮᠢᠯᠠᠵᠣ ᠰᠠᠭᠤᠯᠭᠠᠭᠰᠠᠨ ᠨᠢᠭᠡᠳᠦᠭᠡᠷ ᠱᠦᠵᠢ ᠪᠠ ᠭᠠᠴᠠᠭ᠎ᠠ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠰᠢᠭᠦᠳ ᠤᠨ ᠳᠠᠪᠠᠭᠤᠯᠢᠭ ᠲᠠᠯ᠎ᠡ ᠶᠢ ᠬᠦᠢᠴᠡᠳ ᠪᠠᠳᠠᠷᠠᠭᠤᠯᠵᠣ᠂ | ︽ᠬᠦᠴᠦᠨ ᠪᠠᠭᠤᠷᠠᠢ︾ ᠠᠰᠠᠭᠤᠳᠠᠯ ᠢ ᠰᠢᠢᠳᠪᠦᠷᠢᠯᠡᠪᠡ᠃ ᠬᠤᠰᠢᠭᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠬᠡᠯᠲᠡᠰ ᠠᠴᠠ ᠮᠠᠯᠵᠢᠬᠤ ᠲᠠᠷᠢᠶᠠᠯᠠᠬᠤ ᠣᠷᠣᠨ ᠤ ᠠᠵᠢᠯ ᠳᠤ ᠳᠠᠳᠮᠠᠭᠠᠢ᠂ ᠦᠨᠳᠦᠰᠦᠨ ᠱᠠᠲᠤᠨ ᠤ | ᠠᠵᠢᠯ ᠤᠨ ᠲᠤᠷᠰᠢᠯᠭ᠎ᠠ ᠲᠠᠢ᠂ ᠣᠯᠠᠨ ᠲᠦᠮᠠᠨ ᠤ ᠠᠵᠢᠯ ᠳᠤ ᠴᠢᠳᠠᠮᠠᠭᠠᠢ ᠠᠵᠢᠯᠲᠠᠨ ᠢ ᠨᠢᠭᠡᠳᠦᠭᠡᠷ ᠱᠦᠵᠢ ᠪᠠ | ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠳᠠᠷᠤᠭ᠎ᠠ ᠪᠠᠷ ᠰᠣᠩᠭᠤᠨ ᠲᠣᠮᠢᠯᠠᠵᠣ᠂ ᠬᠡᠪ | ᠪᠣᠯᠪᠠᠰᠣᠷᠠᠯ ᠰᠠᠶᠢᠲᠠᠢ ᠵᠠᠯᠠᠭᠤ ᠪᠡᠯᠡᠳᠭᠡᠯ ᠺᠠᠳ᠋ᠷ ᠢ ᠭᠠᠴᠠᠭ᠎ᠠ ᠲᠤᠰᠬᠤᠨ ᠳᠤ ᠰᠠᠭᠤᠭ᠎ᠠ ᠠᠵᠢᠯ ᠤᠨ ᠠᠩᠭᠢ ᠶᠢᠨ | ᠬᠡᠰᠢᠭᠦᠨ ᠢᠶᠠᠷ ᠰᠣᠩᠭᠤᠨ ᠲᠤᠮᠢᠯᠠᠭᠰᠠᠨ ᠶᠣᠮ᠃ ᠨᠠᠮ ᠤᠨ ᠬᠡᠰᠢᠭᠦᠨ ᠤ ᠤᠯᠠᠮᠵᠢᠯᠠᠬᠤ ᠬᠠᠪᠰᠣᠷᠬᠤ ᠳᠠᠶᠢᠴᠢᠯᠠᠬᠤ | ᠦᠢᠯᠡᠳᠦᠯ ᠢ ᠪᠠᠳᠠᠷᠠᠭᠤᠯᠣᠨ᠂ ︽ᠬᠦᠭᠵᠢᠯᠲᠡ ᠣᠳᠠᠭᠠᠨ︾ ᠠᠰᠠᠭᠤᠳᠠᠯ ᠢ ᠰᠢᠢᠳᠪᠦᠷᠢᠯᠡᠪᠡ᠃ ᠨᠠᠮ ᠤᠨ | ᠬᠡᠰᠢᠭᠦᠨ ᠠᠴᠠ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠣᠷᠣᠨ ᠬᠤᠪᠢ ᠣᠷᠣᠭᠤᠯᠬᠤ ᠪᠣᠶᠣ ᠠᠵᠢᠯ | ᠣᠯᠭᠤᠯᠲᠠ ᠪᠠᠷ ᠣᠷᠣᠯᠭ᠎ᠠ ᠣᠯᠬᠤ᠂ ᠭᠠᠳᠠᠭᠰᠢ ᠭᠠᠷᠴᠤ ᠠᠵᠢᠯ ᠬᠢᠭᠰᠡᠳ ᠪᠠ ᠪᠠᠶᠠᠵᠢᠯ ᠤᠨ ᠴᠢᠳᠠᠪᠣᠷᠢᠲᠠᠨ | ᠨᠤᠲᠤᠭ ᠲᠠᠭᠠᠨ ᠪᠣᠴᠠᠵᠣ ᠦᠢᠯᠡᠰ ᠪᠦᠲᠦᠭᠡᠬᠦ ᠶᠢ ᠵᠤᠷᠢᠭᠵᠢᠭᠤᠯᠬᠤ ᠪᠠᠷ ᠳᠠᠮᠵᠢᠭᠤᠯᠣᠨ᠂ ᠭᠠᠴᠠᠭ᠎ᠠ ᠲᠤᠰᠬᠤᠨ ᠤ | ᠬᠠᠮᠲᠤ ᠶᠢᠨ ᠠᠵᠤ ᠠᠬᠤᠢ ᠶᠢᠨ ᠬᠦᠭᠵᠢᠯᠲᠡ ᠳᠤ ︽ᠰᠢᠨ᠎ᠡ ᠬᠦᠴᠦᠨ︾ ᠨᠡᠮᠡᠷᠢᠯᠡᠪᠡ᠃ | ᠡᠬᠢ ᠪᠠᠶᠠᠯᠢᠭ ᠤᠨ ᠡᠮᠬᠢᠯᠡᠯ ᠢᠶᠠᠷ ᠬᠠᠮᠲᠤ ᠶᠢᠨ ᠠᠵᠤ ᠠᠬᠤᠢ ᠳᠤ ︽ᠵᠠᠮ︾ ᠨᠡᠭᠡᠭᠡᠪᠡ᠃ ᠠᠰᠠᠭᠤᠳᠠᠯ ᠢᠶᠠᠷ | ᠣᠳᠣᠷᠢᠳᠣᠮᠵᠢ ᠪᠣᠯᠭᠠᠬᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠶᠢ ᠪᠠᠷᠢᠮᠲᠠᠯᠠᠵᠣ᠂ ᠳᠠᠪᠠᠭᠤᠯᠢᠭ ᠢᠶᠠᠨ | ᠪᠠᠳᠠᠷᠠᠭᠤᠯᠵᠣ ᠣᠨᠴᠠᠯᠢᠭ ᠢᠶᠠᠨ ᠠᠮᠢᠳᠣᠯᠢᠭᠵᠢᠭᠤᠯᠤᠨ᠂ ᠭᠠᠴᠠᠭ᠎ᠠ ᠲᠤᠰᠬᠤᠨ ᠤ ᠬᠠᠮᠲᠣ ᠶᠢᠨ ᠠᠵᠣ ᠠᠬᠤᠢ ᠶᠢ | ᠬᠦᠭᠵᠢᠭᠦᠯᠦᠨ ᠪᠣᠵᠠᠭᠠᠶᠢᠷᠠᠭᠤᠯᠬᠤ ᠣᠯᠠᠨ ᠡᠰᠢᠲᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃ ᠡᠬᠢ ᠪᠠᠶᠠᠯᠢᠭ ᠢ | ᠨᠡᠭᠡᠭᠡᠨ ᠠᠰᠢᠭᠯᠠᠬᠤ ᠬᠡᠯᠪᠡᠷᠢ᠂ ᠬᠦᠷᠦᠩᠭᠡ ᠶᠢᠨ ᠡᠵᠡᠩᠨᠡᠯᠲᠡ ᠶᠢᠨ ᠬᠡᠯᠪᠡᠷᠢ᠂ ᠬᠤᠯᠢᠮᠠᠭ ᠡᠵᠡᠩᠨᠡᠯᠲᠡ ᠶᠢᠨ ᠬᠡᠯᠪᠡᠷᠢ᠂ | ᠠᠵᠣ ᠦᠢᠯᠡᠰ ᠢᠶᠠᠷ ᠳᠠᠶᠢᠴᠢᠯᠠᠬᠤ ᠬᠡᠯᠪᠡᠷᠢ ᠵᠡᠷᠭᠡ ᠬᠠᠮᠲᠤ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠬᠤ | ᠬᠡᠯᠪᠡᠷᠢ ᠶᠢ ᠠᠭᠤᠰᠣᠯᠴᠠᠭᠤᠯᠣᠨ ᠠᠰᠢᠭᠯᠠᠵᠣ᠂ ᠬᠠᠮᠲᠤ ᠶᠢᠨ ᠠᠵᠣ ᠠᠬᠤᠢ ᠶᠢᠨ ᠬᠦᠭᠵᠢᠯᠲᠡ ᠶᠢᠨ ᠵᠠᠮ ᠢ ᠨᠡᠩ | ᠦᠷᠭᠡᠳᠭᠡᠪᠡ᠃ ᠬᠦᠭᠡᠪᠦᠷ ᠭᠠᠴᠠᠭ᠎ᠠ 3000 ᠮᠤ᠋ ᠨᠠᠶᠢᠲᠡ ᠶᠢᠨ ᠪᠡᠯᠴᠢᠭᠡᠷ ᠢᠶᠠᠨ ᠠᠰᠢᠭᠯᠠᠵᠤ᠂ ᠠᠯᠠᠰᠢᠨ ᠦᠬᠡᠷ | ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠪᠠᠶᠢᠭᠤᠯᠣᠭᠠᠳ᠂ ᠬᠠᠮᠲᠤ ᠶᠢᠨ ᠠᠵᠤ ᠠᠬᠤᠢ ᠶᠢᠨ ᠣᠷᠣᠯᠭ᠎ᠠ 5 | ᠲᠦᠮᠡᠨ ᠲᠦᠭᠦᠷᠢᠭ ᠢ ᠳᠠᠪᠠᠵᠠᠢ᠃ ᠪᠣᠷᠣᠪᠠᠯᠭᠠᠰᠣ ᠭᠠᠴᠠᠭ᠎ᠠ ᠬᠤᠪᠢ ᠣᠷᠣᠭᠤᠯᠬᠤ ᠠᠷᠭ᠎ᠠ ᠪᠠᠷ 12 ᠬᠦᠷᠦᠭᠡᠨ | ᠬᠠᠳᠠᠭᠠᠯᠠᠬᠤ ᠬᠦᠮᠦᠷᠭᠡ ᠶᠢ ᠡᠬᠢᠯᠡᠨ ᠪᠠᠶᠢᠭᠤᠯᠵᠣ᠂ ᠬᠦᠷᠦᠭᠡᠨ ᠬᠠᠳᠠᠭᠠᠯᠠᠬᠤ ᠬᠦᠮᠦᠷᠭᠡ ᠶᠢ ᠭᠠᠳᠠᠭᠰᠢ | ᠳᠦᠷᠢᠶᠡᠰᠦᠯᠡᠬᠦ ᠪᠠᠷ ᠳᠠᠮᠵᠢᠨ ᠠᠰᠢᠭ ᠣᠯᠵᠠᠪᠣᠷᠢ ᠬᠤᠪᠢᠶᠠᠷᠢᠯᠠᠵᠠᠢ᠃ ᠵᠡᠭᠡᠷᠭᠡᠨᠡᠲᠦ ᠲᠣᠰᠬᠤᠨ ᠤ ᠣᠷᠣᠭᠤᠯᠵᠣ | ᠠᠪᠴᠢᠷᠠᠭᠰᠠᠨ ᠵᠦᠩ ᠴᠣᠸᠠᠨ ᠰᠠᠨ ᠡᠾᠧ᠂ ᠬᠤᠢ ᠹᠧᠩ ᠶᠣᠸᠠᠨ ᠵᠡᠷᠭᠡ ᠲᠠᠷᠢᠶᠠᠯᠠᠩ ᠤᠨ ᠠᠵᠣ ᠠᠬᠤᠶᠢᠯᠠᠯ ᠨᠢ | ᠳ᠋ᠠ ᠯᠢ ᠶᠣᠸᠠᠨ ᠵᠡᠷᠭᠡ ᠣᠯᠣᠰ ᠤᠨ ᠲᠤᠲᠤᠭᠠᠳᠣ ᠭᠠᠳᠠᠭᠠᠳᠣ ᠶᠢᠨ ᠨᠡᠷᠡᠲᠦ ᠠᠵᠣ ᠠᠬᠤᠶᠢᠯᠠᠯ ᠲᠠᠢ ᠬᠦᠴᠦᠷᠬᠡᠭ | ᠬᠤᠯᠪᠣᠭᠠᠯᠠᠯ ᠤᠨ ᠳᠡᠪᠠᠭᠤᠯᠢᠭ ᠢ ᠪᠦᠷᠢᠯᠳᠦᠭᠦᠯᠦᠨ᠂ ᠲᠦᠮᠦᠰᠦ ᠲᠠᠷᠢᠬᠤ ᠰᠠᠭᠤᠷᠢᠨ ᠭᠠᠵᠠᠷ ᠢ ᠪᠠᠶᠢᠭᠤᠯᠪᠠ᠃ | ᠮᠠᠯᠴᠢᠨ ᠲᠠᠷᠢᠶᠠᠴᠢᠨ ᠤ ᠣᠷᠣᠯᠴᠠᠯᠭ᠎ᠠ ᠪᠠᠷ ᠬᠠᠮᠲᠤ ᠶᠢᠨ ᠠᠵᠤ ᠠᠬᠤᠢ ᠶᠢ ︽ᠦᠨᠳᠦᠰᠦ︾ ᠲᠠᠢ ᠪᠣᠯᠭᠠᠪᠠ᠃ | ᠪᠣᠷᠣᠪᠠᠯᠭᠠᠰᠣ ᠪᠠᠯᠭᠠᠰᠣ ᠬᠠᠮᠲᠤ ᠶᠢᠨ ᠠᠵᠣ ᠠᠬᠤᠢ ᠶᠢ ᠪᠣᠵᠠᠭᠠᠶᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ | ᠰᠢᠪᠲᠤᠯᠣᠯᠲᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠵᠡᠷᠭᠡ ᠠᠵᠢᠯ ᠢ ᠣᠷᠭᠠᠨᠢᠭ ᠢᠶᠠᠷ | ᠣᠶᠠᠯᠳᠣᠭᠤᠯᠵᠣ᠂ ᠠᠰᠢᠭ ᠲᠤᠰᠠ ᠶᠢᠨ ᠬᠤᠯᠪᠣᠭᠠᠲᠣ ᠲᠣᠭᠲᠠᠴᠠ ᠶᠢ ᠪᠦᠷᠢᠨᠰᠢᠬᠦᠯᠦᠨ᠂ ᠰᠢᠨ᠎ᠡ ᠬᠡᠯᠪᠡᠷᠢ ᠶᠢᠨ | ᠭᠤᠣᠯ ᠴᠤᠭᠴᠠ ᠬᠢᠭᠡᠳ ᠮᠠᠯᠴᠢᠨ ᠲᠠᠷᠢᠶᠠᠴᠢᠨ ᠡᠷᠦᠬᠡ ᠬᠤᠯᠪᠣᠭᠠᠯᠠᠨ ︽ᠭᠠᠵᠠᠷ ᠰᠢᠷᠣᠢ ᠶᠢᠨ ᠳᠦᠷᠢᠶᠡᠰᠦᠨ | ᠮᠦᠩᠭᠦ ᠶᠢ ᠪᠠᠲᠣᠯᠠᠬᠤ ᠂ ᠮᠠᠯᠴᠢᠨ ᠲᠠᠷᠢᠶᠠᠴᠢᠨ ᠡᠷᠦᠬᠡ ᠶᠢᠨ ᠬᠢᠨ ᠤᠶᠢᠷ᠎ᠡ ᠬᠠᠪᠢ ᠳᠤ ᠪᠠᠨ ᠠᠵᠢᠯᠯᠠᠬᠤ ᠶᠢ | ᠪᠠᠲᠤᠯᠠᠬᠤ᠂ ᠶᠡᠳᠡᠭᠤ ᠬᠦᠴᠢᠷᠳᠡᠯᠲᠡᠢ ᠡᠷᠦᠬᠡᠣᠷᠣᠭᠤᠯᠣᠯᠲᠠ ᠦᠭᠡᠢ ᠪᠠᠷ ᠦᠢᠯᠡᠰ ᠪᠣᠰᠠᠬᠬᠤ ᠶᠢ ᠪᠠᠲᠤᠯᠠᠬᠤ᠂ | ᠦᠢᠯᠡᠳᠭᠦᠨ ᠢ ᠵᠠᠬᠢᠶᠠᠯᠠᠭ᠎ᠠ ᠪᠠᠷ ᠬᠤᠳᠠᠯᠳᠣᠨ ᠠᠪᠬᠤ ᠪᠠ ᠮᠠᠯᠴᠢᠨ ᠲᠠᠷᠢᠶᠠᠴᠢᠨ ᠡᠷᠦᠬᠡ ᠶᠢᠨ ᠭᠠᠵᠠᠷ ᠰᠢᠷᠣᠢ ᠶᠢ | ᠪᠠᠲᠤᠯᠠᠬᠤ︾ ᠵᠡᠷᠭᠡ ᠠᠰᠢᠭ ᠲᠤᠰᠠ ᠶᠢᠨ ᠬᠤᠯᠪᠣᠭᠠᠲᠣ ᠲᠤᠭᠲᠠᠴᠠ ᠪᠠᠶᠢᠭᠤᠯᠬᠤ ᠶᠢ ᠢᠳᠡᠪᠬᠢᠲᠡᠢ ᠰᠦᠪᠡᠭᠴᠢᠯᠡᠵᠦ᠂ | ᠮᠠᠯᠴᠢᠨ ᠲᠠᠷᠢᠶᠠᠴᠢᠨ ᠡᠷᠦᠬᠡ ᠪᠠ ᠭᠠᠴᠠᠭ᠎ᠠ ᠲᠤᠰᠬᠤᠨ ᠤ ᠱᠠᠲᠣᠨ ᠤ ᠬᠠᠮᠲᠤ ᠶᠢᠨ ᠠᠵᠤ ᠠᠬᠤᠢ ᠶᠢᠨ | ᠭᠦᠭᠵᠢᠯᠲᠡ ᠶᠢᠨ ᠣᠷᠭᠠᠨᠢᠭ ᠠᠪᠴᠠᠯᠳᠣᠯ ᠢ ᠪᠡᠶᠡᠯᠡᠭᠦᠯᠪᠡ᠃ ᠡᠭᠦᠨ ᠤ ᠬᠠᠮᠲᠤ᠂ ᠬᠠᠮᠲᠤ ᠶᠢᠨ ᠪᠡᠯᠡ ᠮᠦᠩᠭᠦᠨ ᠤ | ᠬᠡᠷᠡᠭᠯᠡᠯᠲᠡ᠂ ᠠᠰᠢᠭ ᠣᠯᠵᠠᠪᠣᠷᠢ᠂ ᠬᠤᠪᠢᠶᠠᠷᠢᠯᠠᠯᠲᠠ ᠶᠢᠨ ᠲᠡᠯ᠎ᠡ ᠪᠠᠷ ᠮᠠᠯᠴᠢᠨ ᠲᠠᠷᠢᠶᠠᠴᠢᠨ ᠤ ᠮᠡᠳᠡᠬᠦ ᠡᠷᠬᠡ᠂ | ᠣᠷᠣᠯᠴᠠᠬᠤ ᠡᠷᠬᠡ᠂ ᠰᠢᠢᠳᠪᠦᠷᠢ ᠲᠤᠭᠲᠠᠭᠠᠬᠤ ᠡᠷᠬᠡ ᠪᠠ ᠬᠢᠨᠠᠯᠲᠠ ᠲᠠᠯᠪᠢᠬᠤ ᠡᠷᠬᠡ ᠪᠠᠨ ᠭᠦᠢᠴᠡᠳ ᠡᠳ᠋ᠯᠡᠬᠦ ᠶᠢ | ᠪᠠᠲᠤᠯᠠᠪᠠ ᠃ |