ᠪᠣᠷᠣᠪᠠᠯᠭᠠᠰᠤ ᠪᠠᠯᠭᠠᠰᠤ ᠬᠦᠳᠡᠯᠭᠡᠭᠦᠷ ᠢ ᠢᠳᠡᠪᠬᠢᠵᠬᠦᠯᠵᠦ ︽ᠲᠠᠪᠤᠨ ᠬᠦᠴᠦᠨ︾ ᠢ ᠬᠤᠷᠠᠮᠳᠣᠭᠤᠯᠣᠨ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠪᠡᠷᠬᠡ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2020/8/21
    ᠣᠶᠢᠷ᠎ᠠ ᠶᠢᠨ ᠵᠢᠯ ᠳᠤ᠂ ᠪᠣᠷᠣᠪᠠᠯᠭᠠᠰᠤ ᠪᠠᠯᠭᠠᠰᠤ ᠭᠠᠴᠠᠭ᠎ᠠ ᠲᠤᠰᠬᠤᠨ ᠤ ᠠᠮᠢᠳᠣᠯᠢᠭ ᠬᠦᠴᠦᠨ ᠢ ᠢᠳᠡᠪᠬᠢᠵᠢᠭᠦᠯᠦᠨ ᠬᠦᠭᠵᠢᠨ ᠴᠢᠨᠡᠭᠡᠯᠢᠭᠵᠢᠬᠦ ᠰᠢᠨ᠎ᠡ ᠬᠦᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ︽ᠠᠵᠤ ᠦᠢᠯᠡᠰ ᠢ ᠬᠦᠭᠵᠢᠬᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ︾ ᠶᠠᠳᠠᠭᠤ ᠶᠢ ᠳᠡᠳᠬᠦᠬᠦ ᠱᠠᠭᠠᠷᠳᠠᠯᠭ᠎ᠠ ᠶᠤᠰᠤᠭᠠᠷ᠂ ᠪᠠᠶᠢᠳᠠᠯ ᠤᠨ ᠬᠤᠪᠢᠷᠠᠯᠲᠠ ᠳᠤ ᠰᠠᠨᠠᠭᠠᠴᠢᠯᠠᠭ᠎ᠠ ᠲᠠᠢ ᠪᠠᠷ ᠵᠣᠬᠢᠴᠠᠨ᠂ ᠮᠠᠯᠵᠢᠬᠤ ᠲᠠᠷᠢᠶᠠᠯᠠᠬᠤ ᠣᠷᠣᠨ  ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠡᠮᠬᠢᠲᠡᠢ ᠠᠬᠢᠭᠤᠯᠵᠤ᠂ ︽ᠲᠠᠪᠤᠨ ᠬᠦᠴᠦᠨ︾ ᠢ  ᠬᠤᠷᠠᠮᠳᠣᠭᠤᠯᠵᠣ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠶᠢ ᠪᠣᠵᠠᠭᠠᠶᠢᠷᠠᠭᠤᠯᠬᠤ ᠪᠠᠷ ᠳᠠᠮᠵᠢᠭᠤᠯᠤᠨ᠂ ᠬᠦᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠢᠳᠪᠦᠷᠢᠯᠡᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠨ᠂ ᠬᠠᠮᠲᠤ ᠶᠢᠨ ᠠᠵᠤ ᠠᠬᠤᠢ ᠶᠢᠨ ᠬᠦᠭᠵᠢᠯᠲᠠ ᠶᠢᠨ ︽ᠬᠤᠷᠳᠣᠴᠠ︾ ᠶᠢ ᠨᠡᠮᠡᠭᠳᠡᠭᠦᠯᠪᠡ᠃     ᠣᠷᠢᠳ ᠢᠶᠠᠷ ᠪᠠᠶᠢᠷᠢᠯᠠᠭᠤᠯᠤᠯᠲᠠ ᠶᠢ ᠰᠦᠪᠡᠭᠴᠢᠯᠡᠵᠦ᠂ ᠬᠦᠭᠵᠢᠯᠲᠡ ᠶᠢᠨ ᠠᠮᠢᠳᠣᠯᠢᠭ ᠬᠦᠴᠦᠨ ᠢ ᠢᠳᠡᠪᠬᠢᠵᠢᠭᠦᠯᠪᠡ᠃ ᠪᠦᠬᠦ ᠪᠠᠯᠭᠠᠰᠤᠨ ᠤ ︽ᠨᠢᠭᠡ ᠪᠦᠰᠡ ᠭᠤᠷᠪᠠᠨ ᠲᠤᠭᠤᠷᠢᠭ︾ ᠤᠨ ᠠᠵᠤ ᠦᠢᠯᠡᠰ ᠤᠨ ᠭᠦᠭᠵᠢᠬᠦᠯᠦᠯᠲᠡ ᠪᠠᠷ ᠭᠤᠤᠯ ᠪᠣᠯᠭᠠᠨ᠂ ᠬᠤᠪᠢᠰᠬᠠᠯᠲᠤ ᠬᠦᠮᠦᠵᠢᠯ ᠤᠨ ᠵᠢᠭᠤᠯᠴᠢᠯᠠᠯ ᠪᠠ ᠣᠨᠴᠠᠯᠢᠭᠲᠤ ᠲᠠᠷᠢᠶᠠᠯᠠᠩ  ᠤᠨ ᠦᠢᠯᠡᠰ ᠤᠨ ᠣᠷᠣᠨ ᠪᠠᠶᠢᠷᠢᠰᠢᠯ ᠤᠨ ᠳᠠᠪᠠᠭᠤᠯᠢᠭ ᠲᠤ ᠰᠠᠭᠤᠷᠢᠯᠠᠵᠤ᠂ ᠤᠷᠤᠨ ᠨᠤᠲᠤᠭ ᠤᠨ ᠤᠨᠴᠠᠯᠢᠭᠲᠤ ᠰᠤᠶᠤᠯ ᠤᠨ ᠡᠬᠢ ᠰᠤᠷᠪᠤᠯᠵᠢ ᠶᠢ ᠠᠭᠤᠳᠠᠯᠠᠨ᠂ ᠠᠮᠢ ᠠᠬᠤᠢ ᠶᠢᠨ ᠵᠢᠭᠤᠯᠴᠢᠯᠠᠯ ᠤᠨ ᠬᠦᠯᠢᠶᠡᠨ ᠵᠤᠴᠢᠯᠠᠬᠤ ᠠᠵᠤ ᠦᠢᠯᠡᠰ ᠤᠨ ᠬᠦᠭᠵᠢᠬᠦᠯᠦᠯᠲᠡ ᠶᠢ ᠳᠡᠮᠵᠢᠵᠦ᠂ ᠴᠢᠨᠠᠷ ᠰᠠᠶᠢᠲᠠᠢ ᠵᠢᠮᠢᠰ ᠢᠳᠡᠰᠢᠨ ᠨᠣᠭᠤᠭᠠᠨ ᠤ ᠬᠠᠩᠭᠠᠯᠭ᠎ᠠ ᠶᠢ ᠴᠢᠩᠭᠠᠳᠬᠠᠨ᠂ ᠣᠨᠴᠠᠭᠠᠶᠢᠯᠠᠨ ᠠᠵᠤ ᠠᠬᠤᠢ ᠶᠢᠨ ᠲᠠᠷᠢᠮᠠᠯ ᠢ ᠬᠦᠭᠵᠢᠬᠦᠯᠬᠦ ᠲᠠᠯ᠎ᠠ ᠪᠠᠷ ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠣᠨ ᠠᠪᠴᠢᠷᠠᠭᠰᠠᠨ ᠰᠠᠭᠤᠷᠢᠨ ᠳᠡᠭᠡᠷ᠎ᠡ᠂  ᠬᠦᠷᠦᠭᠡᠨ ᠳᠠᠮᠵᠢᠭᠤᠯᠬᠤ ᠬᠦᠢᠯᠬᠡᠬᠡ ᠪᠠ ᠪᠦᠲᠦᠭᠡᠭᠳᠡᠭᠦᠨ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠭᠦᠨᠵᠡᠭᠡᠢ ᠬᠦᠭᠵᠢᠬᠦᠯᠵᠦ᠂ ᠵᠡᠭᠡᠷᠭᠡᠨᠡᠲᠦ ᠶᠢᠨ ᠴᠠᠷᠳᠠᠭᠤᠯ ᠪᠣᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ ᠪᠣᠷᠣᠪᠠᠯᠭᠠᠰᠤ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠭᠦᠷᠴᠢᠯᠡᠭᠰᠡᠨ ᠰᠠᠭᠤᠷᠢ ᠳᠦᠬᠦᠭᠡᠷᠦᠮᠵᠢ ᠢ ᠲᠡᠭᠦᠯᠳᠡᠷᠵᠢᠬᠦᠯᠵᠦ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ᠂ ᠳᠣᠬᠢᠷᠠᠭᠤᠯᠤᠨ ᠬᠦᠷᠭᠡᠬᠦ ᠦᠢᠯᠡᠴᠢᠯᠡᠭᠡ ᠵᠡᠷᠭᠡ ᠶᠢ ᠰᠢᠯᠢᠳᠡᠭᠵᠢᠬᠦᠯᠦᠨ᠂ ᠮᠠᠯ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠡᠯ ᠢ ᠲᠠᠰᠤᠷᠠᠯᠲᠠ ᠦᠭᠡᠢ ᠣᠷᠲᠣᠳᠬᠠᠵᠤ᠂ ᠮᠠᠯ ᠲᠠᠷᠢᠶᠠᠯᠠᠩ ᠤᠨ ᠠᠵᠤ ᠦᠢᠯᠡᠰ ᠤᠨ ᠬᠡᠪᠴᠢᠶᠡᠵᠢᠭᠰᠡᠨ᠂ ᠦᠢᠯᠡᠰᠵᠢᠭᠰᠡᠨ᠂ ᠪᠠᠷᠢᠮᠵᠢᠶᠠᠵᠢᠭᠰᠡᠨ᠂ ᠨᠠᠷᠢᠯᠢᠭᠵᠢᠭᠰᠡᠨ ᠬᠦᠭᠵᠢᠯᠲᠡ ᠶᠢ ᠠᠬᠢᠭᠤᠯᠤᠨ᠂ ᠮᠠᠯ ᠲᠠᠷᠢᠶᠠᠯᠠᠩ ᠤᠨ ᠠᠵᠤ ᠦᠢᠯᠡᠰ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠪᠠ᠃     ᠪᠠᠭ ᠢ ᠰᠢᠯᠢᠳᠡᠭᠵᠢᠭᠦᠯᠦᠨ ᠬᠦᠴᠦᠷᠬᠡᠭᠵᠢᠬᠦᠯᠵᠦ᠂ ᠭᠦᠭᠵᠢᠯᠲᠡ ᠶᠢᠨ ᠲᠤᠲᠤᠭᠠᠲᠤ ᠬᠦᠴᠦᠨ ᠢ ᠬᠤᠷᠠᠮᠳᠣᠭᠤᠯᠪᠠ᠃ ᠨᠢᠭᠡ ᠰᠠᠯᠠᠭ᠎ᠠ ᠲᠤᠰᠬᠠᠢ ᠮᠡᠷᠭᠡᠵᠢᠭᠰᠡᠨ ᠦᠨᠳᠦᠷ ᠬᠡᠪ ᠪᠣᠯᠪᠠᠰᠣᠷᠠᠯ ᠲᠠᠢ ᠦᠨᠳᠦᠰᠦᠨ ᠱᠠᠲᠤᠨ  ᠤ ᠵᠣᠬᠢᠶᠠᠨ ᠪᠠᠶᠢᠭᠤᠯᠤᠯᠲᠠ ᠶᠢᠨ ᠲᠤᠯᠤᠭᠠᠶᠢᠯᠠᠭᠴᠢᠳ ᠤᠨ ᠡᠩᠨᠡᠭᠡ ᠶᠢᠨ ᠴᠤᠭᠴᠠᠯᠠᠯᠲᠠ ᠶᠢ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠬᠦᠯᠬᠦ ᠵᠠᠩᠭᠢᠯᠠᠭ᠎ᠠ ᠪᠤᠯᠭᠠᠨ ᠪᠠᠷᠢᠮᠲᠠᠯᠠᠪᠠ᠃ ᠪᠣᠲᠠᠲᠠᠢ ᠪᠠᠶᠢᠳᠠᠯ ᠳᠤ ᠲᠤᠬᠢᠷᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠦᠮᠴᠢᠯᠡᠯ ᠤᠨ ᠠᠵᠤ ᠠᠬᠤᠢ ᠶᠢᠨ ᠪᠦᠲᠦᠮᠵᠢᠲᠡᠢ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂  ᠡᠵᠡᠩᠨᠡᠯᠲᠡ ᠶᠢᠨ ᠠᠷᠭ᠎ᠠ ᠮᠠᠶ᠋ᠢᠭ ᠪᠠ ᠬᠦᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ 29 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ 21 ᠭᠠᠴᠠᠭ᠎ᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠤᠨ ᠱᠦᠵᠢ ᠪᠠᠷ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠬᠠᠪᠰᠣᠷᠭᠠᠨ ᠬᠠᠷᠢᠭᠤᠴᠠᠭᠤᠯᠵᠤ᠂ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠭᠠᠴᠠᠭ᠎ᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠳᠣᠣᠷ᠎ᠠ ᠬᠠᠤᠯᠢ ᠶᠤᠰᠤᠭᠠᠷ ᠦᠮᠴᠢᠯᠡᠬᠦ ᠡᠷᠬᠡ ᠪᠠᠨ ᠬᠡᠷᠡᠭᠵᠢᠭᠦᠯᠬᠦ ᠪᠠ ᠬᠠᠮᠲᠤ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠡᠵᠡᠩᠨᠡᠯᠲᠡ ᠶᠢᠨ ᠡᠭᠦᠷᠬᠡ ᠲᠤᠰᠢᠶᠠᠯ ᠢᠶᠠᠨ ᠬᠦᠢᠴᠡᠳᠬᠡᠬᠦ ᠶᠢ ᠠᠬᠢᠭᠤᠯᠣᠨ᠂  ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ︽ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ︾ ᠠᠵᠢᠯᠯᠠᠭᠠᠨ ᠤ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠵᠣᠬᠢᠶᠠᠨ ᠪᠠᠶᠢᠭᠤᠯᠤᠯᠲᠠ  ᠶᠢᠨ ᠴᠣᠭᠴᠠᠯᠠᠯᠲᠠ ᠪᠠ ᠠᠵᠤ ᠠᠬᠤᠢ ᠶᠢᠨ ᠬᠦᠭᠵᠢᠯᠲᠡ ᠠᠭᠤᠰᠤᠯᠴᠠᠨ ᠬᠠᠮᠲᠤ ᠪᠠᠷ ᠳᠠᠪᠰᠢᠬᠤ ᠶᠢ ᠪᠡᠶᠡᠯᠡᠭᠦᠯᠪᠡ᠃     ᠲᠠᠷᠢᠶᠠᠯᠠᠩ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠦᠭᠵᠢᠯᠲᠡ ᠶᠢᠨ ᠬᠠᠮ ᠬᠦᠴᠦᠨ  ᠢ ᠪᠦᠷᠢᠯᠳᠦᠬᠦᠯᠪᠡ᠃ ᠬᠤᠳᠠᠯᠳᠣᠭᠠᠴᠢᠨ ᠣᠷᠢᠵᠦ ᠪᠡᠯᠡ ᠣᠷᠣᠭᠤᠯᠬᠤ ᠶᠢ ᠡᠷᠴᠢᠮᠵᠢᠬᠦᠯᠦᠨ᠂ ᠲᠤᠯᠤᠭᠠᠶᠢᠯᠠᠭᠴᠢ ᠠᠵᠤ ᠠᠬᠤᠶᠢᠯᠠᠯ ᠤᠨ ᠲᠦᠷᠦᠯ ᠵᠦᠢᠯ ᠤᠨ ᠣᠷᠣᠨᠵᠢᠯ ᠢ ᠳᠡᠮᠵᠢᠵᠦ᠂ ᠬᠤᠯᠪᠤᠭᠠᠯᠠᠨ ᠡᠵᠡᠩᠨᠡᠬᠦ ᠪᠤᠶᠤ ᠲᠦᠷᠢᠶᠡᠰᠦᠯᠡᠬᠦᠯᠦᠨ ᠳᠠᠭᠠᠭᠠᠴᠢᠯᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠲᠡ ᠶᠢᠨ ᠡᠳ᠋ ᠬᠦᠷᠦᠩᠭᠡ ᠶᠢᠨ ᠡᠬᠢ ᠪᠠᠶᠠᠯᠢᠭ ᠢ ᠠᠮᠢᠳᠣᠯᠢᠭᠵᠢᠭᠤᠯᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠬᠦᠯᠪᠡ᠃ ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠲᠤᠰᠬᠠᠠᠢ ᠬᠠᠮᠲᠤᠷᠠᠯ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠤᠨ᠂ ︽ᠨᠠᠮ ᠤᠨ ᠡᠭᠦᠷ+ ᠬᠠᠮᠲᠤᠷᠠᠯ ᠬᠤᠷᠰᠢᠶ᠎ᠠ+ ᠮᠠᠯᠴᠢᠨ ᠲᠠᠷᠢᠶᠠᠴᠢᠨ ᠡᠷᠦᠬᠡ︾᠂ ︽ᠨᠠᠮ  ᠤᠨ ᠡᠭᠦᠷ+ ᠬᠠᠮᠲᠤᠷᠠᠯ ᠬᠤᠷᠰᠢᠶ᠎ᠠ+ ᠡᠯᠧᠺᠲᠷᠦᠨ ᠬᠤᠳᠠᠯᠳᠤᠭ᠎ᠠ︾᠂ ︽ᠨᠠᠮ ᠤᠨ ᠡᠭᠦᠷ+ ᠠᠵᠤ ᠠᠬᠤᠶᠢᠯᠠᠯ+ ᠰᠠᠭᠤᠷᠢᠨ ᠭᠠᠵᠠᠷ︾ ᠵᠡᠷᠭᠡ ᠵᠠᠭᠪᠤᠷ ᠢ ᠳᠡᠯᠭᠡᠷᠡᠭᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠠᠵᠢᠯ ᠤᠨ ᠲᠤᠭᠤᠷᠢᠨ ᠳᠤ ᠬᠠᠪᠰᠤᠷᠤᠨ ᠳᠡᠳᠬᠦᠬᠦ ᠪᠡᠯᠡ ᠮᠦᠩᠭᠦ ᠶᠢᠨ ᠣᠷᠣᠭᠤᠯᠣᠯᠲᠠ ᠪᠠ ᠲᠦᠷᠦ  ᠶᠢᠨ ᠪᠣᠳᠣᠯᠭ᠎ᠠ ᠶᠢᠨ ᠳᠡᠮᠵᠢᠯᠭᠡ ᠶᠢ ᠠᠮᠢᠳᠣᠯᠢᠭ ᠰᠡᠶᠢᠲᠤᠷ ᠬᠡᠷᠡᠭᠯᠡᠵᠦ᠂ ︽ᠦᠪᠡᠷ ᠢᠶᠠᠨ ᠳᠡᠭᠵᠢᠷᠡᠬᠦ︾ ᠴᠢᠳᠠᠮᠵᠢ  ᠶᠢ ᠲᠠᠰᠣᠷᠠᠯᠲᠠ ᠦᠭᠡᠢ ᠴᠢᠩᠭᠠᠳᠬᠠᠪᠠ᠃ ᠵᠡᠭᠡᠷᠭᠡᠨᠡᠲᠦ ᠲᠤᠰᠬᠤᠨ ︽ᠨᠠᠮ ᠤᠨ ᠡᠭᠦᠷ + ᠰᠠᠭᠤᠷᠢᠨ ᠭᠠᠵᠠᠷ+ ᠠᠵᠤ ᠠᠬᠤᠶᠢᠯᠠᠯ+ ᠬᠠᠮᠲᠤᠷᠠᠯ ᠬᠤᠷᠰᠢᠶ᠎ᠠ+ ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠵᠢᠬᠦᠯᠦᠭᠡᠳ᠂ ᠵᠢᠯ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ 30 ᠭᠠᠷᠤᠢ ᠲᠦᠮᠡᠨ ᠲᠦᠬᠦᠷᠢᠭ ᠬᠦᠷᠦᠨ᠂ ︽ᠨᠠᠮ ᠤᠨ ᠡᠭᠦᠷ ᠠᠴᠠ ᠳᠠᠶᠢᠴᠢᠯᠠᠨ ᠠᠵᠤ ᠦᠢᠯᠡᠰ ᠢ ᠪᠤᠵᠠᠭᠠᠷᠠᠭᠤᠯᠵᠤ᠂ ᠰᠠᠭᠤᠷᠢᠨ ᠭᠠᠵᠠᠷ ᠠᠴᠠ ᠠᠬᠢᠭᠤᠯᠤᠨ ᠣᠷᠣᠯᠭ᠎ᠠ ᠶᠢ ᠨᠡᠮᠡᠭᠳᠡᠬᠦᠯᠬᠦ︾ ᠶᠢ ᠪᠡᠶᠡᠯᠡᠬᠦᠯᠪᠡ᠃     ᠣᠨᠴᠠᠯᠢᠭᠲᠤ ᠨᠡᠷᠡᠲᠤ ᠲᠡᠮᠲᠡᠭ ᠢ ᠰᠢᠯᠢᠳᠡᠭᠵᠢᠬᠦᠯᠵᠦ᠂ ᠬᠦᠭᠵᠢᠯᠲᠡ ᠶᠢᠨ ᠳᠦᠯᠬᠢᠴᠡ ᠬᠦᠴᠦᠨ ᠢ ᠴᠢᠩᠭᠠᠳᠬᠠᠪᠠ᠃ ᠨᠡᠷᠡᠲᠤ ᠲᠡᠮᠲᠡᠭ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠷᠡᠲᠤ ᠲᠡᠮᠲᠡᠭ ᠤᠨ ᠳᠠᠪᠠᠭᠤᠯᠢᠭ ᠢ ᠪᠦᠷᠢᠯᠳᠦᠬᠦᠯᠬᠦ ᠪᠠᠷ ᠴᠢᠷᠮᠠᠶᠢᠨ᠂ ᠪᠠᠯᠭᠠᠰᠤ᠂ ᠵᠠᠮ ᠬᠠᠪᠢ ᠶᠢᠨ ᠡᠬᠢ ᠰᠣᠷᠪᠣᠯᠵᠢ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠪᠣᠳᠠᠰ ᠤᠨ ᠭᠦᠢᠯᠭᠡᠭᠡ᠂ ᠢᠳᠡᠭᠡᠨ ᠤᠮᠳᠠᠭᠠᠨ᠂ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠪᠠᠷ ᠭᠤᠤᠯᠯᠠᠭᠰᠠᠨ ︽ ᠵᠠᠮ ᠳᠠᠭᠠᠤ ᠶᠢᠨ ᠠᠵᠤ ᠠᠬᠤᠢ︾ ᠶᠢ ᠡᠷᠴᠢᠮᠲᠡᠢ ᠬᠦᠭᠵᠢᠬᠦᠯᠵᠦ᠂ ᠨᠡᠷᠡᠲᠤ ᠲᠡᠮᠲᠡᠭ ᠢᠶᠠᠷ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠪᠡ᠃ ᠨᠡᠷᠡᠲᠤ ᠲᠡᠮᠲᠡᠭ᠂ ᠦᠪᠡᠷᠮᠢᠴᠡ ᠤᠨᠴᠠᠯᠢᠭ ᠢ ᠠᠳᠬᠤᠬᠤ ᠶᠢ ᠭᠤᠤᠯᠳᠠᠯᠭ᠎ᠠ ᠪᠣᠯᠭᠠᠵᠤ ᠪᠠᠷᠢᠮᠲᠠᠯᠠᠨ᠂ ᠬᠤᠪᠢᠰᠬᠠᠯᠲᠤ ᠬᠦᠮᠦᠵᠢᠯ ᠤᠨ ᠲᠠᠷᠢᠶᠠᠴᠢᠨ ᠠᠶᠢᠯ ᠤᠨ ᠵᠤᠴᠢᠯᠠᠯᠲᠠ ᠶᠢᠨ ᠴᠡᠭ᠂ ᠮᠠᠯᠴᠢᠨ ᠠᠶᠢᠯ ᠤᠨ  ᠪᠠᠶᠠᠰᠤᠯ᠂ ᠵᠢᠭᠠᠰᠤᠴᠢᠨ ᠠᠶᠢᠯ ᠤᠨ ᠵᠤᠭᠠᠴᠠᠯ ᠵᠡᠷᠬᠡ  ᠶᠢ ᠶᠡᠭᠡ ᠪᠠᠷ ᠴᠤᠭᠴᠠᠯᠠᠵᠤ᠂ ᠨᠡᠷᠡᠲᠤ ᠲᠡᠮᠲᠡᠭ ᠤᠨ ᠳᠠᠶᠢᠴᠢᠯᠠᠬᠤ ᠬᠦᠴᠦᠨ ᠢ ᠳᠠᠰᠣᠷᠠᠯᠲᠠ ᠦᠭᠡᠢ ᠴᠢᠩᠭᠠᠳᠬᠠᠨ᠂ ᠰᠢᠨ᠎ᠡ ᠳᠠᠪᠠᠭᠤᠯᠢᠭ ᠢ ᠴᠢᠷᠮᠠᠶᠢᠨ ᠪᠦᠷᠢᠯᠳᠣᠬᠦᠯᠪᠡ᠃ ᠡᠯᠧᠺᠲᠷᠦᠨ ᠬᠤᠳᠠᠯᠳᠣᠭᠠᠨ ᠤ ᠦᠢᠯᠡᠴᠢᠯᠡᠭᠡᠨ ᠤ ᠦᠷᠲᠡᠭᠡ  ᠶᠢ ᠪᠠᠶᠢᠭᠤᠯᠤᠨ᠂ ᠲᠠᠷᠢᠶᠠᠯᠠᠩ ᠤᠨ ᠤᠨᠴᠠ ᠪᠦᠲᠦᠭᠡᠭᠳᠡᠬᠦᠨ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠰᠦᠯᠵᠢᠶᠡᠨ ᠳᠡᠭᠡᠷ᠎ᠡ ᠪᠤᠷᠤᠯᠠᠭᠤᠯᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠦᠷᠭᠡᠳᠬᠡᠪᠡ᠃     ᠪᠡᠯᠡ ᠮᠦᠩᠭᠦᠨ ᠤ ᠳᠡᠮᠵᠢᠯᠭᠡ ᠶᠢ ᠴᠢᠷᠮᠠᠶᠢᠨ ᠤᠯᠵᠤ᠂ ᠬᠦᠭᠵᠢᠯᠲᠡ ᠶᠢᠨ ᠬᠦᠳᠡᠯᠭᠡᠬᠦ ᠬᠦᠴᠦᠨ ᠢ ᠨᠡᠮᠡᠭᠳᠡᠬᠦᠯᠪᠡ᠃ ᠨᠠᠮ ᠤᠨ ᠪᠠᠶᠢᠭᠤᠯᠤᠯᠲᠠ ᠶᠢᠨ ︽ᠱᠦᠵᠢ ᠶᠢᠨ ᠲᠦᠷᠦᠯ ᠵᠦᠢᠯ︾ ᠢ ᠦᠷᠬᠦᠯᠵᠢᠯᠡᠨ ᠬᠦᠨᠵᠡᠭᠡᠶᠢᠷᠡᠬᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠡᠷᠢᠬᠦᠨ ᠬᠠᠷᠢᠭᠤᠴᠠᠯᠭ᠎ᠠ︾ ᠶᠢ ᠠᠳᠬᠤᠨ᠂ ᠪᠠᠶᠢᠷᠢᠰᠢᠯ ᠤᠨ ᠨᠦᠬᠦᠴᠡᠯ ᠬᠠᠷᠢᠴᠠᠩᠭᠤᠢ ᠪᠠᠷ ᠰᠠᠶᠢᠨ᠂ ᠬᠦᠭᠵᠢᠯᠲᠡ ᠶᠢᠨ ᠳᠠᠯᠲᠠ ᠬᠦᠴᠦᠨ ᠲᠠᠢ ᠭᠠᠴᠠᠭ᠎ᠠ ᠲᠤᠰᠬᠤᠨ ᠢ ᠰᠤᠩᠭᠤᠵᠤ᠂ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠲᠦᠷᠦᠯ ᠵᠦᠢᠯ ᠤᠨ ᠪᠡᠯᠡ ᠮᠦᠩᠭᠦᠨ ᠤ ᠤᠷᠤᠭᠤᠯᠤᠯᠲᠠ ᠶᠢ ᠬᠡᠯᠪᠡᠶᠢᠯᠭᠡᠨ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠡᠯᠡ ᠮᠦᠩᠭᠦ᠂ ᠶᠠᠳᠠᠭᠤ ᠶᠢ ᠳᠡᠳᠬᠦᠵᠦ ᠬᠠᠷᠢᠯᠴᠠᠨ ᠬᠠᠪᠰᠣᠷᠬᠤ ᠪᠡᠯᠡ ᠮᠦᠩᠭᠦ ᠶᠢ ᠨᠢᠭᠡᠳᠦᠯᠲᠡᠢ ᠲᠦᠯᠦᠪᠵᠢᠬᠦᠯᠦᠨ ᠬᠡᠷᠡᠭᠯᠡᠬᠦ ᠶᠢ ᠠᠩᠬᠠᠷᠤᠨ ᠴᠢᠬᠤᠯᠠᠴᠢᠯᠠᠵᠤ᠂ ᠡᠳ᠋ ᠤᠨ ᠵᠠᠰᠠᠭ ᠤᠨ ᠪᠡᠯᠡ ᠮᠦᠩᠭᠦᠨ ᠤ ᠬᠦᠰᠢᠭᠦᠷᠬᠡ ᠶᠢᠨ ᠦᠢᠯᠡᠳᠦᠯ ᠢ ᠶᠡᠬᠡᠳᠬᠡᠪᠡ᠃ ᠵᠤᠬᠢᠶᠠᠨ ᠪᠠᠶᠢᠭᠤᠯᠤᠯᠲᠠ ᠠᠴᠠ ᠵᠢᠯᠤᠭᠤᠳᠬᠤ᠂ ᠠᠵᠤ ᠠᠬᠤᠶᠢᠯᠠᠯ ᠢᠶᠠᠷ ᠳᠠᠶᠢᠴᠢᠯᠠᠬᠤ᠂ ᠠᠵᠤ ᠦᠢᠯᠡᠰ ᠢᠶᠠᠷ ᠬᠦᠳᠡᠯᠭᠡᠬᠦ ᠬᠦᠴᠦᠨ ᠪᠣᠯᠭᠠᠬᠤ᠂ ᠦᠢᠯᠡᠴᠢᠯᠡᠭᠡ ᠪᠠᠷ ᠠᠬᠢᠭᠤᠯᠬᠤ ᠵᠡᠷᠭᠡ ᠠᠵᠢᠯ ᠤᠨ ᠠᠷᠭ᠎ᠠ ᠠᠪᠴᠠᠯ  ᠢᠶᠠᠷ ᠳᠠᠮᠵᠢᠭᠤᠯᠤᠨ᠂ ᠪᠤᠷᠤᠪᠠᠯᠭᠠᠰᠤ ᠪᠠᠯᠭᠠᠰᠤᠨ ᠤ 29 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠴᠦᠮ 5 ᠲᠦᠮᠡᠨ ᠲᠦᠭᠦᠷᠢᠭ ᠠᠴᠠ ᠲᠠᠪᠠᠭᠤᠯᠵᠣ᠂ 17 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠨᠠᠶᠢᠲᠠᠪᠤᠷᠢᠵᠢᠭᠤᠯᠤᠨ᠂ 600 ᠶᠠᠳᠠᠭᠤ ᠬᠦᠴᠢᠷᠳᠡᠯᠲᠡᠢ ᠡᠷᠦᠬᠡ ᠪᠠ ᠮᠠᠯᠴᠢᠨ ᠲᠠᠷᠢᠶᠠᠴᠢᠨ ᠢ ᠬᠤᠯᠪᠤᠭᠠᠯᠠᠭᠤᠯᠵᠤ᠂ 18 ᠭᠠᠴᠠᠭ᠎ᠠ ᠲᠤᠰᠬᠤᠨ ᠤ ᠬᠠᠮᠲᠤ  ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号