ᠬᠤᠰᠢᠭᠤ ᠵᠠᠰᠠᠭ ᠤᠨ ᠣᠷᠳᠣᠨ ᠤ 2020 ᠣᠨ ᠤ ᠳᠣᠯᠣᠳᠣᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/9/1
    8 ᠰᠠᠷ᠎ᠠ ᠶᠢᠨ 21 ᠤ ᠡᠳᠦᠷ᠂ ᠬᠤᠰᠢᠭᠤ ᠵᠠᠰᠠᠭ ᠤᠨ ᠣᠷᠳᠣᠨ ᠤ 2020 ᠣᠨ ᠤ ᠳᠣᠯᠣᠳᠣᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳᠣᠷᠠᠰᠬᠠᠯ ᠬᠤᠷᠠᠯ ᠡᠷᠬᠢᠯᠡᠵᠦ ᠶᠠᠷᠢᠶ᠎ᠠ ᠲᠠᠯᠪᠢᠪᠠ᠃     ᠬᠤᠷᠠᠯ ᠠᠴᠠ ᠬᠦᠳᠡᠭᠡ ᠶᠢᠨ ᠡᠮᠴᠢ ᠶᠢᠨ ᠨᠠᠰᠤᠵᠢᠯ ᠤᠨ ᠨᠦᠬᠦᠪᠦᠷᠢ ᠮᠦᠩᠭᠦ᠂ ᠨᠡᠭᠦᠷᠡᠰᠦᠨ ᠤ ᠡᠬᠢ ᠪᠠᠶᠠᠯᠢᠭ  ᠤᠨ ᠬᠡᠪᠴᠢᠶᠡᠨ ᠳᠤ ᠬᠤᠯᠪᠤᠭᠳᠠᠬᠤ ᠳᠦᠷᠢᠮᠵᠢᠯ ᠤᠨ ᠴᠢᠨᠠᠷᠲᠠᠢ ᠪᠢᠴᠢᠭ ᠮᠡᠲ᠋ᠧᠷᠢᠶᠡᠯ ᠢ ᠬᠦᠴᠦᠨ ᠦᠭᠡᠢ ᠪᠣᠯᠭᠠᠬᠤ᠂ ᠤᠯᠵᠠᠴᠢ ᠪᠠᠯᠭᠠᠰᠤᠨ ᠤ ᠬᠡᠰᠡᠭ ᠰᠠᠭᠤᠭᠠᠯᠢ  ᠲᠤᠭᠤᠷᠢᠭ ᠤᠨ ᠵᠠᠰᠠᠮᠠᠯ ᠵᠠᠮ ᠵᠢᠴᠢ ᠣᠷᠴᠢᠨ ᠬᠠᠮᠠᠭᠠᠯᠠᠬᠤ ᠲᠤᠭᠤᠰᠬ᠎ᠠ ᠶᠢ ᠰᠢᠨᠡᠳᠬᠡᠨ ᠳᠡᠪᠢᠰᠬᠦ᠂ 2020 ᠣᠨ ᠤ ᠪᠦᠬᠦ ᠤᠯᠤᠰ ᠤᠨ ᠰᠢᠶᠡᠨ ᠤ ᠲᠡᠰ ᠤᠨ ᠪᠣᠯᠪᠠᠰᠣᠨ ᠬᠤᠲᠠ ᠶᠢᠨ ᠴᠤᠭᠴᠠᠯᠠᠯᠲᠠ ᠶᠢ ᠦᠷᠭᠡᠳᠬᠡᠨ ᠪᠠᠬᠢᠵᠢᠬᠦᠯᠬᠦ ᠲᠦᠷᠦᠯ ᠵᠦᠢᠯ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ  ᠢ ᠰᠣᠲᠣᠯᠣᠨ ᠶᠠᠷᠢᠯᠴᠠᠪᠠ᠃     ᠬᠤᠷᠠᠯ ᠠᠴᠠ ᠮᠠᠨ ᠤᠨ ᠬᠤᠰᠢᠭᠤᠨ ᠤ ᠪᠦᠬᠦ ᠤᠯᠤᠰ ᠤᠨ ᠪᠣᠯᠪᠠᠰᠤᠨ ᠬᠤᠲᠠ ᠶᠢᠨ ᠴᠤᠭᠴᠠᠯᠠᠯᠲᠠ ᠡᠳᠦᠭᠡ ᠶᠠᠭ ᠰᠢᠪᠲᠤᠯᠤᠯᠲᠠ ᠶᠢᠨ ᠱᠠᠲᠤᠨ ᠳᠤ ᠣᠷᠣᠭᠰᠠᠨ ᠪᠣᠯᠬᠤᠷ ᠪᠦᠬᠦ ᠬᠤᠰᠢᠭᠤ ᠪᠠᠷ ᠢᠶᠠᠨ ᠡᠷᠬᠡᠪᠰᠢ ᠴᠠᠭ ᠢ ᠵᠠᠪᠳᠣᠨ᠂ ᠪᠠᠷᠢᠮᠵᠢᠶ᠎ᠠ ᠲᠠᠢ ᠨᠠᠷᠢᠯᠢᠭ ᠠᠪᠴᠠᠯᠳᠣᠭᠤᠯᠵᠣ᠂ ᠪᠠᠭᠤᠷᠠᠢ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠲᠤᠲᠠᠭᠤᠳᠠᠯ ᠢ ᠨᠦᠬᠦᠪᠦᠷᠢᠯᠡᠡᠵᠦ᠂ ᠪᠦᠬᠦ ᠬᠦᠴᠦᠨ ᠢᠶᠠᠷ ᠰᠢᠪᠲᠤᠯᠤᠯᠲᠠ ᠬᠢᠵᠦ᠂ ᠪᠣᠯᠪᠠᠰᠤᠨ ᠬᠤᠲᠠ ᠶᠢᠨ ᠴᠤᠭᠴᠠᠯᠠᠯᠲᠠ ᠶᠢᠨ ᠡᠯ᠎ᠡ ᠲᠦᠷᠦᠯ ᠤᠨ ᠠᠵᠢᠯ ᠣᠷᠣᠨᠵᠢᠬᠤ ᠪᠣᠲᠠᠲᠠᠶᠢᠵᠢᠬᠤ ᠨᠠᠷᠢᠯᠢᠭᠵᠢᠬᠤ ᠶᠢ ᠪᠠᠲᠤᠯᠠᠵᠤ᠂ ᠪᠣᠯᠪᠠᠰᠤᠨ ᠬᠤᠲᠠ ᠶᠢᠨ ᠴᠤᠭᠴᠠᠯᠠᠯᠲᠠ ᠶᠢᠨ ᠢᠯᠠᠯᠲᠠ ᠶᠢ ᠤᠯᠬᠤ ᠪᠠᠷ ᠪᠦᠬᠦ ᠬᠦᠴᠦᠨ ᠢᠶᠠᠷ ᠵᠢᠳᠬᠦᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠪᠣᠰᠣᠳ ᠣᠴᠢᠷ ᠶᠠᠪᠤᠳᠠᠯ ᠢ ᠰᠣᠳᠣᠯᠪᠠ᠃     ᠪᠠᠢ ᠲᠦᠩ᠂ ᠮᠠ ᠵᠢᠶᠠ ᠰᠢᠨ᠂  ᠯᠢᠣᠢ ᠶᠤᠤ ᠹᠧᠩ᠂ ᠪᠠᠶᠠᠰᠬᠤᠯᠠᠩ ᠬᠤᠷᠠᠯ ᠳᠤ ᠣᠷᠣᠯᠴᠠᠪᠠ᠃ ᠵᠠᠩ ᠬᠤᠩ ᠵᠢᠶᠦ᠋ᠨ᠂ ᠠᠯᠲᠠᠨᠪᠤᠤ᠂ ᠲᠤᠶᠠᠭ᠎ᠠ᠂ ᠱᠢ ᠵᠢᠶᠦ᠋ᠨ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠬᠦᠭᠵᠢᠬᠦᠯᠦᠯᠲᠠ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠣᠳᠣᠬᠤ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠬᠠᠤᠯᠢ ᠶᠢᠨ ᠶᠠᠪᠤᠳᠠᠯ ᠤᠨ ᠲᠦᠪ ᠤᠨ ᠭᠤᠤᠯ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号